ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2017/9/22
    ᠡᠸ᠋ᠨᠩᠬᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 1958 ᠤᠨ ᠳᠤ ᠪᠠᠶᠢᠭᠤᠯᠤᠭᠳᠠᠵᠦ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠤᠯᠠᠨ ᠤ  ᠡᠮᠨᠡᠬᠦᠯᠦᠨ ᠵᠠᠰᠠᠭᠤᠯᠬᠤ᠂ ᠤᠷᠢᠳᠴᠢᠯᠠᠨ ᠰᠠᠷᠭᠡᠶᠢᠯᠡᠬᠦ ᠡᠷᠡᠭᠦᠯ ᠢ ᠬᠠᠮᠠᠭᠠᠯᠠᠬᠤ ᠠᠵᠢᠯ ᠢ ᠡᠭᠦᠷᠭᠡᠯᠡᠵᠦ ᠪᠤᠢ᠃ ᠨᠠᠶᠢᠭᠡᠮ ᠤᠨ ᠬᠦᠭᠵᠢᠯᠳᠠ ᠶᠢ ᠲᠠᠭᠠᠯᠳᠤᠨ᠂ ᠠᠷᠠᠳ ᠤᠯᠠᠨ ᠤ ᠡᠮᠨᠡᠭᠦᠯᠬᠦ ᠭᠡᠷᠡᠭᠴᠡᠭᠡ ᠱᠠᠭᠠᠷᠳᠠᠯᠭ᠎ᠠ ᠲᠠᠰᠤᠷᠠᠯᠳᠠ ᠦᠭᠡᠢ ᠲᠡᠭᠡᠭᠰᠢᠯᠡᠬᠦ᠂ ᠡᠮᠨᠡᠯᠭᠡ ᠶᠢᠨ ᠬᠤᠷᠢᠶᠠᠨ  ᠳᠤ ᠮᠠᠷᠭᠡᠵᠢᠯ ᠤᠨ ᠠᠵᠢᠯᠴᠢᠨ ᠲᠤᠳᠠᠭᠳᠠᠵᠦ᠂ ᠪᠡᠯᠡᠳᠭᠡᠮᠵᠢ ᠲᠦᠭᠦᠭᠡᠷᠦᠮᠵᠢ ᠬᠠᠭᠤᠴᠢᠷᠠᠭᠰᠠᠨ᠂ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠦᠷᠨᠢᠭᠳᠡᠬᠦ ᠨᠢ ᠤᠳᠠᠭᠠᠯᠢᠭ   ᠠᠴᠠ ᠪᠤᠯᠵᠦ ᠠᠷᠠᠳ ᠤᠯᠠᠨ ᠤ ᠰᠠᠳᠬᠢᠯ ᠬᠠᠨᠤᠮᠵᠢ ᠶᠢᠨ ᠭᠡᠮᠵᠢᠶ᠎ᠠ ᠲᠤᠤᠷ᠎ᠠ ᠪᠠᠶᠢᠵᠦ᠂ ᠨᠠᠶᠢᠭᠡᠮ ᠤᠨ ᠦᠷ᠎ᠠ ᠠᠰᠢᠭ ᠡᠳᠦᠷ ᠢᠷᠡᠭᠦᠶ᠎ᠠ ᠲᠤᠷᠤᠭᠰᠢᠯᠠᠪᠠ᠃ ᠲᠦᠪ ᠤᠨ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠡᠸ᠋ᠨᠩᠬᠢ ᠬᠤᠰᠢᠭᠤᠨ ᠤ ᠠᠷᠠᠳ ᠤᠯᠠᠨ ᠤ ᠤᠯᠠᠨ ᠲᠠᠰ ᠲᠠᠪᠬᠤᠷᠭᠠᠳᠤ ᠡᠮᠨᠡᠭᠦᠯᠬᠦ ᠭᠡᠷᠡᠭᠴᠡᠭᠡ ᠶᠢ ᠨᠠᠩ ᠰᠠᠶᠢᠨ ᠢᠶᠠᠷ ᠬᠠᠩᠭᠠᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ ᠬᠦᠴᠦᠳᠠᠢ ᠲᠡᠮᠵᠢᠯᠭᠡ ᠲᠤᠤᠷ᠎ᠠ᠂ 2009 ᠤᠨ ᠳᠤ ᠬᠤᠶᠠᠳᠤᠠᠭᠠᠷ ᠳᠡᠰ ᠤᠨ ᠬᠦᠭᠡ ᠵᠠᠷᠭᠡ ᠶᠢᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠳᠦᠭᠡᠨ ᠪᠠᠶᠢᠭᠤᠯᠵᠦ ᠡᠬᠢᠯᠡᠪᠡ᠃ ᠰᠢᠨ᠎ᠠ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠳᠠ ᠨᠢ ᠲᠦᠪ ᠤᠨ ᠲᠦᠰᠦᠪ ᠤᠨ ᠲᠤᠳᠤᠷᠠᠬᠢ ᠪᠡᠯᠨ ᠤᠷᠤᠭᠤᠯᠤᠯᠳᠠ ᠶᠢᠨ ᠲᠦᠯᠦᠪᠯᠡᠭᠡ ᠶᠢᠨ ᠲᠦᠷᠦᠯ ᠵᠦᠢᠯ ᠤᠨ ᠨᠢᠭᠡ ᠪᠤᠯᠤᠨ᠎ᠠ᠃ ᠲᠦᠷᠦᠯ ᠵᠦᠢᠯ ᠤᠨ ᠶᠠᠷᠦᠩᠭᠡᠢ ᠪᠡᠯᠨ ᠤᠷᠤᠭᠤᠯᠤᠯᠳᠠ ᠨᠢ 6281 ᠲᠦᠮᠡᠨ ᠲᠦᠭᠦᠷᠢᠭ᠂ ᠡᠭᠦᠨ ᠳᠤ ᠲᠦᠪ ᠠᠴᠠ 1180 ᠲᠦᠮᠡᠨ ᠲᠦᠭᠦᠷᠢᠭ ᠪᠡᠯᠨ ᠤᠷᠤᠭᠤᠯᠵᠦ᠂ ᠬᠤᠰᠢᠭᠤᠨ ᠤ ᠵᠠᠰᠠᠭ ᠤᠨ ᠤᠷᠳᠤᠨ 5101 ᠲᠦᠮᠡᠨ ᠲᠦᠭᠦᠷᠢᠭ ᠪᠡᠯᠨ ᠤᠷᠤᠭᠤᠯᠵᠦ᠂ ᠭᠠᠵᠠᠷ ᠡᠵᠡᠯᠡᠭᠰᠡᠨ ᠲᠠᠯᠠᠪᠠᠢ ᠨᠢ 30621 ᠬᠠᠪᠳᠠᠭᠠᠢ ᠲᠦᠷᠪᠡᠯᠵᠢᠨ ᠮᠧᠲᠷ᠂ ᠪᠠᠷᠢᠯᠭ᠎ᠠ ᠶᠢᠨ ᠶᠠᠷᠦᠩᠭᠡᠢ ᠲᠠᠯᠠᠪᠠᠢ ᠨᠢ 16805 ᠲᠡᠭᠰᠢ ᠲᠦᠷᠪᠡᠯᠵᠢᠨ ᠮᠧᠲᠷ ᠪᠤᠢ᠂ ᠡᠭᠦᠨ ᠳᠤ ᠡᠭᠦᠳᠡᠨ ᠡᠮᠨᠡᠯᠭᠡ  ᠶᠢᠨ ᠠᠰᠠᠷ ᠨᠢ 7678 ᠲᠡᠭᠰᠢ ᠲᠦᠷᠪᠡᠯᠵᠢᠨ ᠮᠧᠲᠷ᠂ ᠡᠪᠠᠳᠴᠢᠳᠠᠨ ᠤ ᠦᠷᠦᠬᠡ ᠶᠢᠨ ᠠᠰᠠᠷ ᠨᠢ 8233 ᠲᠡᠭᠰᠢ ᠲᠦᠷᠪᠡᠯᠵᠢᠨ ᠮᠧᠲᠷ᠂ ᠲᠠᠭᠠᠯᠳᠠ ᠭᠡᠷᠡᠭᠯᠡᠭᠡᠨ ᠤ ᠭᠡᠷ 894 ᠲᠡᠭᠰᠢ ᠲᠦᠷᠪᠡᠯᠵᠢᠨ ᠮᠧᠲᠷ ᠪᠤᠢ᠃ 2011 ᠤᠨ ᠤ 6 ᠰᠠᠷ᠎ᠠ ᠶᠢᠨ 15 ᠤ ᠡᠳᠦᠷ ᠡᠮᠨᠡᠯᠭᠡ ᠶᠢᠨ ᠬᠤᠷᠢᠶ᠎ᠠ ᠰᠢᠨ᠎ᠠ ᠠᠰᠠᠷ ᠲᠠᠭᠠᠨ ᠨᠠᠬᠦᠵᠦ ᠣᠷᠣᠵᠣ᠂ ᠲᠤᠰ ᠵᠢᠯ ᠤᠨ 10 ᠰᠠᠷ᠎ᠠ ᠶᠢᠨ 27   ᠤ ᠡᠳᠦᠷ ᠵᠢᠩᠬᠢᠨᠢ   ᠪᠠᠷ ᠠᠰᠢᠭᠯᠠᠯᠳᠠ ᠳᠤ ᠤᠷᠤᠭᠤᠯᠤᠨ ᠭᠡᠷᠡᠭᠯᠡᠬᠦᠯᠪᠡ᠃     ᠠᠵᠢᠯᠳᠠᠨ ᠠᠵᠢᠯᠴᠢᠨ ᠵᠢᠴᠢ ᠡᠪᠳᠴᠢᠳᠠᠨ ᠤ ᠤᠷᠤ ᠶᠢᠨ ᠪᠠᠶᠢᠳᠠᠯ᠄ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠠᠵᠢᠯᠴᠢᠨ 258 ᠬᠦᠮᠦᠨ ᠪᠤᠢ᠂ ᠡᠭᠦᠨ ᠳᠤ ᠤᠷᠤᠨ ᠲᠤᠭ᠎ᠠ ᠲᠠᠢ ᠠᠵᠢᠯᠳᠠᠨ ᠠᠵᠢᠯᠴᠢᠨ 126 ᠬᠦᠮᠦᠨ ᠪᠤᠢ᠂ ᠡᠭᠦᠨ ᠳᠤ ᠵᠢᠩᠬᠢᠨᠢ ᠦᠨᠳᠦᠷ ᠵᠠᠷᠭᠡ ᠶᠢᠨ ᠮᠠᠷᠭᠡᠵᠢᠯ ᠤᠨ ᠴᠤᠯᠨ ᠲᠠᠢ ᠨᠢ10 ᠬᠦᠮᠦᠨ᠂ ᠲᠡᠳ᠋ ᠦᠨᠳᠦᠷ ᠵᠠᠷᠭᠡ ᠶᠢᠨ ᠮᠠᠷᠭᠡᠵᠢᠯ ᠤᠨ ᠴᠤᠯᠨ ᠲᠠᠢ ᠨᠢ 25 ᠬᠦᠮᠦᠨ᠂ ᠭᠡᠷᠡᠳᠦ ᠲᠦᠷᠢᠮ ᠤᠨ ᠠᠵᠢᠯᠴᠢᠨ ᠨᠢ 39 ᠬᠦᠮᠦᠨ᠂ ᠦᠪᠠᠷ ᠢᠶᠠᠨ ᠤᠷᠢᠭᠰᠠᠨ ᠠᠵᠢᠯᠴᠢᠨ 92 ᠬᠦᠮᠦᠨ᠂ ᠭᠤᠷᠪᠡ ᠶᠢ ᠲᠠᠳᠬᠦᠨ ᠨᠢᠭᠡ  ᠶᠢ ᠲᠠᠮᠵᠢᠬᠦ 1 ᠬᠦᠮᠦᠨ ᠪᠤᠢ  ︔ ᠡᠷᠡᠭᠦᠯ ᠢ ᠬᠠᠮᠠᠭᠠᠯᠠᠬᠤ ᠮᠠᠷᠭᠡᠵᠢᠯᠳᠠᠨ ᠨᠢ ᠪᠦᠬᠦ ᠬᠤᠷᠢᠶᠠᠨ ᠤ ᠶᠠᠷᠦᠩᠭᠡᠢ ᠬᠦᠮᠦᠨ  ᠤ ᠲᠤᠭ᠎ᠠ ᠶᠢᠨ 76% ᠶᠢ ᠡᠵᠡᠯᠵᠦ ᠪᠤᠢ  ︔ ᠤᠷᠤᠨ ᠲᠤᠭᠠᠨ ᠳᠤ ᠪᠠᠶᠢᠬᠤ ᠡᠪᠳᠴᠢᠳᠠᠨ ᠤ ᠤᠷᠤ 200 ᠪᠠᠶᠢᠵᠦ᠂ ᠪᠤᠳᠠᠳᠠᠢ ᠭᠡᠷᠡᠭᠯᠡᠵᠦ ᠪᠦᠬᠦᠢ ᠤᠷᠤ ᠨᠢ 140 ᠪᠤᠢ᠃     ᠰᠠᠯᠠᠭ᠎ᠠ ᠲᠠᠰᠤᠭ ᠤᠨ ᠲᠤᠬᠢᠷᠠᠭᠤᠯᠤᠯᠳᠠ᠄ ᠪᠦᠬᠦ ᠡᠮᠨᠡᠯᠭᠡ ᠶᠢᠨ ᠬᠤᠷᠢᠶᠠᠨ ᠳᠤ ᠡᠭᠦᠳᠡᠨ ᠡᠮᠨᠡᠯᠭᠡ᠂ ᠡᠪᠳᠴᠢᠳᠠᠨ ᠤ ᠦᠷᠦᠭᠡ᠂ ᠵᠠᠰᠠᠭ ᠵᠠᠬᠢᠷᠭᠠᠨ᠂ ᠠᠷᠤ ᠲᠠᠯ᠎ᠠ ᠶᠢᠨ ᠠᠵᠢᠯ ᠤᠨ ᠳᠦᠷᠪᠡᠨ ᠲᠤᠭᠤᠷᠢᠭ ᠲᠤᠬᠢᠷᠠᠭᠤᠯᠵᠦ ᠂ ᠲᠤᠳᠤᠭᠠᠳᠤ ᠳᠤᠨᠢ ᠲᠤᠬᠢᠷᠠᠭᠤᠯᠤᠭᠰᠠᠨ ᠪᠠᠶᠢᠭᠤᠯᠤᠮᠵᠢ ᠳᠤᠨᠢ ᠪᠠᠴᠢᠮ ᠡᠮᠨᠡᠨ ᠠᠪᠤᠷᠠᠬᠤ ᠰᠠᠯᠠᠭ᠎ᠠ᠂ ᠵᠢᠷᠦᠭᠡᠨ ᠤ ᠳᠣᠳᠣᠷ ᠰᠠᠯᠠᠭ᠎ᠠ᠂ ᠠᠮᠢᠰᠬᠤᠯ ᠤᠨ ᠰᠢᠰᠲ᠋ᠧᠮ ᠤᠨ ᠬᠦᠨᠳᠦ ᠡᠪᠠᠳᠴᠢᠨ ᠤ ᠠᠨᠠᠭᠠᠬᠤ ᠤᠬᠠᠭᠠᠨ ᠤ ᠰᠠᠯᠠᠭ᠎ᠠ᠂ ᠪᠦᠭᠡᠷ᠎ᠠ ᠶᠢᠨ ᠲᠤᠳᠤᠷ ᠰᠠᠯᠠᠭ᠎ᠠ᠂ ᠰᠢᠩᠭᠡᠭᠡᠯᠳᠠ ᠶᠢᠨ ᠲᠤᠳᠤᠷ ᠰᠠᠯᠠᠭ᠎ᠠ᠂ ᠡᠩ ᠤᠨ ᠭᠠᠳᠠᠷ ᠰᠠᠯᠠᠭ᠎ᠠ᠂ ᠶᠠᠰᠤᠨ ᠤ ᠭᠠᠳᠠᠷ ᠰᠠᠯᠠᠭ᠎ᠠ᠂ ᠡᠮᠡᠭᠳᠡᠢ ᠶᠢᠨ ᠡᠪᠡᠳᠴᠢᠨ ᠪᠠ ᠬᠦᠩᠭᠡᠵᠢᠭᠦᠯᠬᠦ ᠰᠠᠯᠠᠭ᠎ᠠ᠂ ᠭᠡᠤᠭᠡᠤᠨ ᠤᠨ ᠰᠠᠯᠠᠭ᠎ᠠ᠂ ᠴᠢᠬᠢᠨ ᠤ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ᠂ ᠠᠮᠨᠨ ᠬᠦᠨᠳᠡᠢ ᠶᠢᠨ ᠰᠠᠯᠠᠭ᠎ᠠ᠂ ᠮᠢᠨᠴᠦᠬᠦᠷᠡᠭᠦᠯᠬᠦ ᠰᠠᠯᠠᠭ᠎ᠠ᠂ ᠡᠪᠡᠳᠬᠦ ᠶᠢ ᠡᠮᠨᠡᠬᠦ ᠰᠠᠯᠠᠭ᠎ᠠ᠂ ᠬᠢᠳᠠᠳ ᠡᠸᠦ᠋ᠷᠦᠹᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠰᠠᠯᠠᠭ᠎ᠠ᠂ ᠮᠤᠩᠭᠤᠯ ᠠᠨᠠᠭᠠᠬᠤ ᠤᠬᠠᠭᠠᠨ ᠤ ᠰᠠᠯᠠᠭ᠎ᠠ᠂ ᠬᠠᠯᠳᠠᠪᠦᠷᠢᠳᠤ ᠡᠪᠠᠳᠴᠢᠨ ᠭᠡᠮ ᠤᠨ ᠰᠠᠯᠠᠭ᠎ᠠ᠂ ᠴᠢᠰᠦᠨ ᠰᠢᠩᠭᠡᠨ ᠢ ᠨᠡᠪᠴᠢᠬᠦᠯᠦᠨ ᠢᠯᠭᠠᠷᠠᠭᠤᠯᠬᠤ ᠰᠠᠯᠠᠭ᠎ᠠ᠂ ᠹᠢᠽᠢᠺ ᠵᠠᠰᠠᠯ ᠢᠶᠠᠷ ᠡᠷᠡᠭᠦᠯᠵᠢᠭᠦᠯᠬᠦ ᠰᠠᠯᠠᠭ᠎ᠠ᠂ ᠪᠠᠶ᠎ᠠ ᠮᠠᠬᠠᠪᠣᠳ ᠤᠨ ᠪᠠᠶᠢᠴᠠᠭᠠᠯᠲᠠ ᠶᠢᠨ ᠲᠦᠪ᠂ ᠤᠷᠢᠳᠴᠢᠯᠠᠨ ᠰᠠᠷᠭᠡᠶᠢᠯᠡᠬᠦ ᠡᠷᠡᠭᠦᠯ ᠢ ᠬᠠᠮᠠᠭᠠᠯᠠᠬᠤ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ  ︵ᠡᠪᠠᠳᠴᠢᠨ ᠤ ᠵᠦᠢ ᠶᠢᠨ ᠰᠠᠯᠠᠭ᠎ᠠ︶᠂ B ᠭᠡᠳᠦ ᠲᠤᠯᠬᠢᠶᠠᠨ ᠤ ᠲᠠᠰᠤᠭ᠂ ᠵᠢᠷᠦᠭᠡᠨ ᠤ ᠴᠢᠳᠠᠪᠬᠢ  ᠶᠢᠨ ᠰᠠᠯᠠᠭ᠎ᠠ᠂ ᠰᠠᠴᠤᠷᠠᠭ ᠤᠨ ᠰᠠᠯᠠᠭ᠎ᠠ ︵CT ᠲᠠᠰᠤᠭ︶  ᠂ ᠬᠤᠳᠤᠭᠤᠳᠤ ᠭᠡᠳᠡᠰᠤ ᠶᠢ ᠲᠤᠷᠠᠨᠳᠤᠨ ᠪᠠᠶᠢᠴᠠᠭᠠᠬᠤ ᠰᠠᠯᠠᠭ᠎ᠠ᠂ ᠴᠢᠰᠤ ᠶᠡᠬᠦᠯᠡᠬᠦ ᠲᠠᠰᠤᠭ᠂ ᠰᠢᠮ᠎ᠠ ᠲᠡᠵᠢᠭᠡᠯ ᠤᠨ ᠲᠠᠰᠤᠭ ᠵᠠᠷᠭᠡ ᠪᠤᠢ᠃ ᠴᠢᠳᠠᠪᠬᠢᠳᠤ ᠰᠠᠯᠠᠭ᠎ᠠ ᠲᠠᠰᠤᠭ᠄ ᠡᠮᠨᠡᠯᠭᠡ ᠶᠢᠨ ᠠᠵᠢᠯ ᠤᠨ ᠰᠠᠯᠠᠭ᠎ᠠ᠂ ᠰᠤᠪᠢᠯᠠᠬᠤ ᠭᠠᠵᠷ᠂ ᠴᠢᠨᠠᠷ ᠢ ᠡᠷᠭᠡᠰᠢᠶᠠᠬᠦ ᠰᠠᠯᠠᠭ᠎ᠠ᠂ ᠬᠠᠯᠳᠠᠪᠣᠷᠢᠯᠠᠬᠤ ᠶᠢ ᠬᠢᠵᠠᠭᠠᠷᠯᠠᠬᠤ ᠰᠠᠯᠠᠭ᠎ᠠ᠂ ᠡᠮ ᠨᠠᠶᠢᠷᠠᠯᠭ᠎ᠠ ᠶᠢᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠶᠡᠷᠥᠩᠬᠡᠢ ᠠᠯᠪᠠᠨ ᠭᠡᠷ᠂ ᠲᠤᠨᠤᠭ ᠲᠦᠭᠦᠭᠡᠷᠦᠮᠵᠢ ᠶᠢᠨ ᠰᠠᠯᠠᠭ᠎ᠠ᠂ ᠮᠡᠳᠡᠭᠡ ᠵᠠᠩᠬᠢ ᠶᠢᠨ ᠰᠠᠯᠠᠭ᠎ᠠ᠂ ᠶᠡᠷᠥᠩᠬᠡᠢ ᠶᠠᠪᠤᠳᠠᠯ ᠤᠨ ᠰᠠᠯᠠᠭ᠎ᠠ᠂ ᠭᠠᠯ ᠤᠨᠳᠠᠷᠠᠭᠠᠯᠳᠠ ᠶᠢᠨ ᠠᠮᠤᠷ ᠲᠦᠪᠰᠢᠨ ᠢ ᠬᠠᠮᠭᠠᠯᠠᠬᠤ ᠰᠠᠯᠭ᠎ᠠ ᠵᠠᠷᠭᠡ ᠪᠤᠢ᠃ ᠡᠭᠦᠨ  ᠤ ᠳᠣᠳᠣᠷᠠᠬᠢ ᠪᠦᠭᠡᠷ᠎ᠠ ᠶᠢᠨ ᠲᠤᠳᠤᠷ ᠰᠠᠯᠠᠭ᠎ᠠ ᠨᠢ ᠬᠦᠯᠦᠨ ᠪᠤᠶᠢᠷ ᠬᠤᠳᠠ ᠶᠢᠨ ᠭᠤᠤᠯᠳᠠᠯᠭ᠎ᠠ ᠲᠠᠢ ᠰᠢᠨᠵᠢᠯᠡᠭᠡᠨ  ᠢᠶᠠᠷ ᠦᠨᠡᠯᠡᠭᠳᠡᠪᠡ᠃     ᠡᠮᠨᠡᠯᠭᠡ ᠶᠢᠨ ᠬᠤᠷᠢᠶᠠᠨ ᠤ ᠪᠠᠶᠢᠴᠠᠭᠠᠬᠤ ᠠᠷᠭ᠎ᠠ ᠪᠠᠷᠢᠯ ᠨᠢ ᠪᠦᠷᠢᠨ ᠲᠦᠭᠦᠷ᠂ ᠡᠮᠴᠢᠯᠡᠭᠡᠨ ᠤ ᠪᠡᠯᠡᠳᠭᠡᠮᠵᠢ ᠲᠦᠭᠦᠭᠡᠷᠦᠮᠵᠢ ᠨᠢ ᠲᠡᠷᠢᠭᠦᠨ ᠤ ᠪᠣᠯᠪᠠ᠃ CT ᠡᠮᠴᠢᠯᠡᠭᠡᠨ ᠤ ᠤᠨᠤᠰᠢᠯᠳᠠ ᠬᠢᠬᠦ X ᠰᠠᠴᠤᠷᠠᠭ ᠤᠨ ᠪᠠᠶᠢᠴᠠᠭᠠᠯᠳᠠ ᠬᠢᠬᠦ ᠰᠠᠬᠦᠳᠡᠷᠯᠡᠬᠦ ᠰᠢᠰᠲ᠋ᠧᠮ᠂ C ᠭᠡᠯᠪᠠᠷᠢ ᠶᠢᠨ ᠮᠦᠷᠦᠲᠦ X ᠭᠡᠷᠡᠯ ᠤᠨ ᠮᠠᠰᠢᠨ᠂ ᠬᠦᠬᠦᠨ ᠪᠤᠯᠴᠢᠷᠬᠠᠢ ᠶᠢᠨ X ᠰᠠᠴᠤᠷᠠᠭ ᠤᠨ ᠮᠠᠰᠢᠨ᠂ ᠢᠲ᠋ᠠᠯᠢ ᠠᠴᠠ ᠤᠷᠤᠭᠤᠯᠤᠭᠰᠠᠨ ᠪᠤᠳᠤᠭᠳᠤ ᠭᠡᠳᠦ ᠳᠠᠭᠤᠨ ᠲᠤᠯᠬᠢᠶᠠᠨ ᠤ ᠪᠠᠶᠢᠴᠠᠭᠠᠯᠲᠠ᠂ ᠪᠦᠷᠢᠨ ᠠᠦ᠋ᠲ᠋ᠤ᠋ ᠠᠮᠢᠳᠣ ᠪᠣᠳᠠᠰ ᠬᠢᠮᠢ ᠶᠢᠨ ᠵᠠᠳᠠᠯᠬᠤ ᠮᠠᠰᠢᠨ᠂ ᠬᠦᠳᠡᠯᠦᠩᠭᠦᠢ ᠵᠢᠷᠦᠭᠡᠨ ᠤ ᠴᠠᠬᠢᠯᠭᠠᠨ ᠵᠢᠷᠤᠭ ᠢ ᠵᠠᠳᠠᠯᠬᠤ ᠰᠢᠰᠲ᠋ᠧᠮ᠂ ᠲᠦᠪᠯᠡᠭᠰᠡᠨ ᠬᠢᠨᠠᠨ ᠪᠠᠶᠢᠴᠠᠭᠠᠬᠤ ᠰᠢᠰᠲ᠋ᠧᠮ᠂ ᠭᠡᠪᠡᠯᠢ ᠶᠢᠨ ᠬᠦᠨᠳᠡᠢ ᠶᠢᠨ ᠲᠤᠷᠠᠨ᠂ ᠦᠶ᠎ᠠ ᠭᠡᠰᠢᠭᠦᠦ ᠶᠢᠨ ᠲᠤᠷᠠᠨ᠂ ᠬᠤᠳᠤᠭᠤᠳᠤ ᠭᠡᠳᠡᠰᠤ ᠶᠢᠨ ᠲᠤᠷᠠᠨ᠂ ᠴᠢᠰᠣᠨ ᠰᠢᠩᠭᠡᠭᠡᠨ  ᠢ ᠨᠠᠪᠴᠢᠭᠦᠯᠦᠨ ᠢᠯᠭᠠᠷᠠᠭᠤᠯᠬᠤ ᠮᠠᠰᠢᠨ᠂ ᠬᠠᠮᠠᠷ ᠬᠤᠭᠤᠯᠠᠢ ᠶᠢᠨ ᠰᠢᠷᠭᠡᠭᠯᠢᠭ ᠲᠤᠷᠠᠨ᠂ ᠰᠠᠮᠠᠯᠳᠠᠭ ᠢ ᠲᠤᠷᠠᠨᠳᠠᠬᠤ ᠰᠢᠰᠲ᠋ᠧᠮ᠂ ᠲᠦᠪᠦᠩᠬᠢ ᠶᠢᠨ ᠲᠣᠯᠢ᠂ ᠡᠰᠡ ᠬᠦᠷᠦᠯᠴᠡᠬᠦ ᠨᠢᠳᠤᠨ ᠤ ᠲᠠᠷᠤᠯᠳᠠ ᠶᠢᠨ ᠭᠡᠮᠵᠢᠭᠦᠷ᠂ ᠠᠮᠢᠰᠬᠤᠯᠭᠠᠬᠤ ᠮᠠᠰᠢᠨ᠂ ᠤᠯᠠᠨ ᠴᠢᠳᠠᠪᠬᠢᠳᠤ ᠮᠢᠨᠴᠤᠬᠦᠷᠠᠭᠦᠯᠬᠦ ᠮᠠᠰᠢᠨ᠂ ᠬᠦᠬᠦᠨ ᠪᠤᠯᠴᠢᠷᠬᠠᠢ ᠶᠢᠨ ᠡᠪᠠᠳᠴᠢᠨ ᠢ ᠡᠮᠨᠡᠬᠦ ᠪᠠᠭᠠᠵᠢ ᠵᠠᠷᠭᠡ 100 ᠭᠠᠷᠤᠢ ᠰᠠᠤᠷᠢ ᠲᠤᠮᠤ ᠲᠤᠮᠳᠠ ᠭᠡᠯᠪᠠᠷᠢ ᠶᠢᠨ ᠡᠮᠴᠢᠯᠡᠭᠡᠨ ᠤ ᠲᠤᠨᠤᠭ ᠲᠦᠭᠦᠭᠡᠷᠦᠮᠵᠢ ᠲᠠᠢ᠃ ᠡᠳᠡᠭᠡᠷ ᠲᠤᠨᠤᠭ ᠲᠦᠭᠦᠭᠡᠷᠦᠮᠵᠢ ᠶᠢ ᠠᠰᠢᠭᠯᠠᠯᠳᠠ ᠳᠤ ᠤᠷᠤᠭᠤᠯᠤᠨ ᠭᠡᠷᠡᠭᠯᠡᠭᠰᠡᠨ ᠨᠢ ᠡᠮᠨᠡᠯᠭᠡ ᠶᠢᠨ ᠬᠤᠷᠢᠶᠠᠨ ᠤ ᠰᠢᠨᠵᠢᠯᠡᠭᠡ ᠮᠠᠷᠭᠡᠵᠢᠯ ᠤᠨ ᠪᠤᠳᠠᠳᠤ ᠬᠦᠴᠦᠨ ᠢ ᠴᠢᠩᠭᠠᠷᠠᠭᠤᠯᠵᠦ᠂ ᠠᠷᠠᠳ ᠤᠯᠠᠨ ᠤ ᠡᠪᠠᠳᠴᠢᠨ ᠡᠮᠨᠡᠭᠦᠯᠬᠦ ᠳᠤ ᠴᠢᠨᠠᠷᠯᠢᠭ᠂ ᠠᠮᠤᠷ ᠲᠦᠪᠰᠢᠨ᠂ ᠨᠠᠶᠢᠳᠠᠪᠦᠷᠢᠳᠠᠢ  ᠮᠠᠷᠭᠡᠵᠢᠯ ᠤᠨ ᠪᠠᠳᠤᠯᠠᠭ᠎ᠠ ᠬᠠᠩᠭᠠᠪᠠ᠃     ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠰᠢᠰᠲ᠋ᠧᠮ ᠤᠨ ᠬᠤᠭᠤᠷᠤᠨᠳᠤ ᠪᠠᠨ ᠲᠤᠰᠠᠯᠠᠯᠴᠠᠬᠤ ᠪᠠᠷ ᠲᠤᠬᠢᠶᠠᠯ ᠪᠤᠯᠭᠠᠵᠦ᠂ ᠲᠤᠮᠳᠠᠳᠤ ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠠᠷᠪᠢᠨ ᠤ ᠡᠮᠨᠡᠯᠭᠡ ᠶᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠦᠯᠦᠨ  ᠪᠤᠶᠢᠷ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠤᠯᠠᠨ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠯᠤᠭ᠎ᠠ ᠮᠠᠷᠭᠡᠵᠢᠯ ᠤᠨ ᠰᠤᠯᠢᠯᠴᠠᠭ᠎ᠠ ᠬᠢᠭᠡᠳ ᠬᠤᠷᠰᠢᠯᠴᠠᠯ ᠢᠶᠠᠨ ᠴᠢᠩᠭᠠᠳᠬᠠᠵᠦ᠂ ᠭᠠᠳᠠᠨᠠᠬᠢ ᠬᠦᠴᠦ ᠶᠢ ᠠᠰᠢᠭᠯᠠᠨ ᠲᠤᠳᠤᠭᠠᠳᠤ ᠶᠢᠨ ᠬᠦᠴᠦ ᠪᠠᠨ ᠴᠢᠩᠭᠠᠷᠠᠭᠤᠯᠤᠭᠰᠠᠨ ᠢᠶᠠᠷ ᠡᠮᠨᠡᠯᠭᠡ ᠶᠢᠨ ᠬᠤᠷᠢᠶ᠎ᠠ ᠶᠢᠨ ᠮᠠᠷᠭᠡᠵᠢᠯ ᠪᠠ ᠦᠢᠯᠡᠴᠢᠯᠡᠭᠡᠨ ᠤ ᠴᠢᠳᠠᠪᠦᠷᠢ ᠨᠢ ᠦᠳᠲᠦᠷ ᠲᠦᠷᠭᠡᠨ ᠲᠡᠭᠡᠭᠰᠢᠯᠡᠪᠡ᠃     ᠡᠮᠨᠡᠯᠭᠡ ᠶᠢᠨ ᠬᠤᠷᠢᠶ᠎ᠠ ᠨᠢ ᠬᠠᠶᠢᠯᠠᠷ ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠬᠦᠯᠦᠨ ᠪᠤᠶᠢᠷ ᠬᠤᠳᠠ ᠶᠢᠨ ᠷᠧᠨ ᠠᠢ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠵᠠᠷᠭᠡ ᠲᠠᠢ ᠡᠮᠴᠢᠯᠡᠭᠡᠨ ᠤ ᠡᠬᠢ ᠪᠠᠶᠠᠯᠢᠭ ᠢ ᠬᠠᠮᠳᠤᠪᠠᠷ ᠡᠳ᠋ᠯᠡᠬᠦ ᠵᠦᠪᠳᠡᠯᠴᠡᠭᠡᠷ ᠲᠤᠭᠳᠠᠵᠦ᠂ ᠭᠡᠰᠡᠭ ᠭᠠᠵᠠᠷ᠂ ᠤᠷᠤᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠠᠶᠢᠳᠭᠡᠬᠦ ᠪᠠᠷ ᠲᠠᠮᠵᠢᠭᠠᠳ᠂ ᠡᠬᠢ ᠪᠠᠶᠠᠯᠢᠭ ᠢ ᠠᠰᠢᠭᠯᠠᠬᠤ ᠦᠷ᠎ᠠ ᠠᠰᠢᠭ ᠪᠠ ᠦᠢᠯᠡᠴᠢᠯᠡᠭᠡᠨ  ᠤ ᠴᠢᠨᠠᠷ ᠴᠢᠨᠰᠠᠭ᠎ᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠪᠡ᠃     2014 ᠤᠨ ᠳᠤ ᠡᠮᠨᠡᠯᠭᠡ ᠶᠢᠨ ᠬᠤᠷᠢᠶ᠎ᠠ ᠬᠢᠭᠡᠳ ᠲᠤᠮᠳᠠᠳᠤ ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ  ᠶᠢᠨ ᠬᠤᠭᠤᠷᠤᠨᠳᠤᠬᠢ ᠠᠯᠤᠰ ᠠᠴᠠ ᠡᠮᠴᠢᠯᠡᠭᠡᠨ ᠤ ᠬᠠᠮᠳᠤᠷᠠᠨ ᠤᠨᠤᠰᠢᠯᠠᠯᠳᠠ ᠬᠢᠬᠦ ᠪᠠ ᠠᠯᠤᠰ ᠠᠴᠠ ᠠᠨᠠᠭᠠᠬᠤ ᠤᠬᠠᠭᠠᠨ ᠤ ᠰᠤᠷᠭᠠᠨ ᠬᠦᠮᠦᠵᠢᠯ ᠬᠢᠬᠦ ᠶᠢ ᠡᠬᠢᠯᠡᠭᠦᠯᠪᠡ᠃ ᠲᠤᠮᠳᠠᠳᠤ ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ ᠠᠴᠠ ᠠᠯᠤᠰ ᠠᠴᠠ ᠠᠨᠠᠭᠠᠬᠤ ᠤᠬᠠᠭᠠᠨ ᠤ ᠰᠣᠷᠭᠠᠨ ᠬᠦᠮᠦᠵᠢᠯ ᠬᠢᠬᠦ ᠪᠠᠷ ᠲᠠᠮᠵᠢᠭᠠᠳ ᠡᠮᠨᠡᠯᠭᠡ ᠶᠢᠨ ᠬᠤᠷᠢᠶᠠᠨ ᠤ ᠲᠤᠰᠬᠠᠢ ᠮᠠᠷᠭᠡᠵᠢᠯ ᠤᠨ ᠠᠵᠢᠯᠳᠠᠨ ᠲᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠦᠷᠳᠡᠭᠡᠵᠦ᠂ ᠮᠠᠨ  ᠤ ᠬᠤᠷᠢᠶᠠᠨ ᠤ ᠲᠤᠰᠬᠠᠢ ᠮᠠᠷᠭᠡᠵᠢᠯ ᠤᠨ ᠲᠦᠪᠰᠢᠨ ᠢ ᠲᠡᠭᠡᠭᠰᠢᠯᠡᠭᠦᠯᠪᠡ  ︔ ᠠᠯᠤᠰ ᠠᠴᠠ ᠬᠠᠮᠳᠤᠷᠠᠨ ᠤᠨᠤᠰᠢᠯᠠᠬᠤ  ᠪᠠᠷ ᠲᠠᠮᠵᠢᠭᠠᠳ ᠡᠮᠨᠡᠯᠭᠡ ᠶᠢᠨ ᠮᠠᠷᠭᠡᠵᠢᠯ ᠤᠨ ᠲᠠᠯ᠎ᠠ ᠪᠠᠷ ᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠪᠡᠭ ᠪᠤᠳᠤᠯᠢᠶᠠᠨᠳᠠᠢ ᠡᠪᠠᠳᠴᠢᠨ ᠭᠡᠮ ᠢ ᠤᠨᠤᠰᠢᠯᠠᠨ ᠡᠮᠨᠡᠬᠦ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠦᠷ ᠶᠢ ᠨᠢ ᠲᠡᠭᠡᠭᠰᠢᠯᠡᠭᠦᠯᠵᠦ᠂ ᠡᠮᠨᠡᠭᠦᠯᠬᠦ  ᠪᠠᠷ ᠢᠷᠡᠭᠰᠡᠳ ᠲᠤ ᠶᠡᠭᠡ ᠭᠡᠮᠵᠢᠶᠠᠨ ᠤ ᠡᠮᠨᠡᠭᠦᠯᠬᠦ ᠴᠠᠭ ᠢ ᠠᠷᠪᠢᠯᠡᠨ ᠦᠭᠴᠦ᠂ ᠡᠮᠨᠡᠭᠦᠯᠬᠦ ᠦᠪᠠᠷ ᠤᠨ ᠦᠷᠳᠡᠭ ᠢ  ᠨᠢ ᠠᠷᠪᠢᠯᠡᠨ ᠦᠭᠴᠦ᠂ ᠰᠢᠯᠵᠢᠭᠦᠯᠦᠨ ᠡᠮᠨᠡᠭᠦᠯᠬᠦ ᠨᠤᠷᠮ᠎ᠠ ᠶᠢ ᠪᠠᠭᠤᠷᠠᠭᠤᠯᠪᠠ᠃     2016 ᠤᠨ ᠳᠤ ᠡᠮᠨᠡᠯᠭᠡ ᠶᠢᠨ ᠬᠤᠷᠢᠶ᠎ᠠ ᠨᠢ ᠤᠷᠢᠳ ᠬᠤᠵᠢᠳ ᠬᠦᠯᠦᠨ ᠪᠤᠶᠢᠷ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠬᠤᠷᠢᠶᠠᠨ ᠤ ᠪᠦᠯᠦᠭᠯᠡᠯ᠂ ᠦᠪᠤᠷ ᠮᠤᠩᠭᠤᠯ ᠤᠨ ᠤᠢ ᠰᠢᠭᠤᠢ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠤᠭᠠᠳᠤ ᠴᠤᠭᠴᠠ᠂ ᠲᠤᠮᠳᠠᠳᠤ ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠤᠨ ᠡᠪᠡᠳᠴᠢᠨ ᠤ ᠲᠣᠰᠬᠠᠢ ᠰᠠᠯᠠᠭ᠎ᠠ ᠶᠢᠨ ᠬᠤᠯᠪᠣᠭᠠᠳᠣ ᠴᠣᠭᠴᠠ᠂ ᠳᠣᠮᠳᠠᠳᠣ ᠶᠠᠫᠣᠨ ᠤ ᠨᠢᠬᠦᠷᠰᠡᠭ ᠡᠮᠨᠡᠯᠭᠡ ᠶᠢᠨ ᠬᠤᠷᠢᠶᠠᠨ ᠤ ᠡᠪᠡᠳᠬᠦ ᠶᠢ ᠵᠠᠰᠠᠬᠤ ᠲᠣᠰᠬᠠᠢ ᠰᠠᠯᠠᠭ᠎ᠠ ᠶᠢᠨ ᠡᠮᠨᠡᠯᠭᠡ  ᠶᠢᠨ ᠬᠤᠯᠪᠣᠭᠠᠳᠣ ᠴᠣᠭᠴᠠ᠂ ᠳᠣᠮᠳᠠᠳᠣ ᠶᠠᠫᠣᠨ ᠤ ᠨᠢᠬᠦᠷᠰᠡᠭ ᠡᠮᠨᠡᠯᠭᠡ ᠶᠢᠨ ᠬᠤᠷᠢᠶᠠᠨ ᠤ ᠬᠢᠳᠠᠳ ᠡᠸᠦ᠋ᠷᠦᠹᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠬᠤᠤᠷᠳᠤ ᠬᠠᠪᠤᠳᠠᠷ ᠤᠨ ᠲᠤᠰᠬᠠᠢ ᠰᠠᠯᠠᠭ᠎ᠠ ᠶᠢᠨ ᠡᠮᠴᠢᠯᠡᠭᠡᠨ ᠤ ᠬᠤᠯᠪᠤᠭᠠᠳᠤ ᠴᠤᠭᠴᠠ ᠳᠤ ᠤᠷᠤᠪᠠ᠃ ᠡᠮᠴᠢᠯᠡᠭᠡᠨ ᠤ ᠬᠤᠯᠪᠤᠠᠳᠤ ᠴᠤᠭᠴᠠ ᠶᠢ ᠬᠠᠮᠳᠤᠪᠠᠷ ᠢᠶᠠᠷ ᠴᠤᠭᠴᠠᠯᠠᠬᠤ  ᠪᠠᠷ ᠲᠠᠮᠵᠢᠭᠠᠳ᠂ ᠰᠢᠶᠠᠨ ᠤ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠤᠨ ᠲᠡᠭᠡᠷ᠎ᠠ ᠠᠴᠠ ᠲᠤᠷᠤᠭᠰᠢ᠂ ᠵᠡᠭᠦᠨ  ᠠᠴᠠ ᠪᠠᠷᠠᠭᠤᠨᠰᠢ ᠰᠢᠯᠵᠢᠬᠦ ᠶᠢ ᠲᠦᠯᠬᠢᠨ ᠠᠬᠢᠭᠤᠯᠵᠦ᠂ ︽ᠦᠨᠳᠦᠰᠦᠨ ᠱᠠᠳᠤᠨ ᠳᠤ ᠠᠩᠬᠠᠨ ᠤ ᠤᠨᠤᠰᠢᠯᠠᠨ ᠡᠮᠨᠡᠬᠦ᠂ ᠱᠠᠳᠤ ᠬᠤᠪᠢᠶᠠᠨ ᠤᠨᠤᠰᠢᠯᠠᠨ ᠵᠠᠰᠠᠬᠤ᠂ ᠲᠦᠷᠭᠡᠨ ᠴᠢᠨᠠᠷᠳᠠᠢ ᠤᠳᠠᠭᠠᠨ ᠴᠢᠨᠠᠷᠳᠠᠢ ᠡᠪᠠᠳᠴᠢᠨ ᠢ ᠬᠤᠪᠢᠶᠠᠨ ᠡᠮᠨᠡᠨ ᠵᠠᠰᠠᠬᠤ᠂ ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠨ ᠡᠮᠨᠡᠬᠦ  ︾ ᠡᠮᠨᠡᠭᠦᠯᠬᠦ ᠰᠢᠨ᠎ᠠ ᠵᠠᠭᠪᠤᠷ  ᠢ ᠠᠭᠠᠵᠢᠮ ᠢᠶᠠᠷ ᠪᠦᠷᠢᠯᠳᠦᠭᠦᠯᠵᠦ᠂ ᠤᠷᠤᠨ ᠪᠦᠰᠠ ᠶᠢᠨ ᠲᠤᠳᠤᠷᠠᠬᠢ ᠡᠮᠴᠢᠯᠡᠭᠡᠨ ᠤ ᠡᠬᠢ ᠪᠠᠶᠠᠯᠢᠭ ᠢ ᠬᠠᠮᠳᠤᠪᠠᠷ ᠡᠳ᠋ᠯᠡᠬᠦ᠂ ᠳᠡᠭᠡᠳᠦ ᠳᠡᠰ ᠤᠨ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠳᠤᠨ ᠳᠤ ᠠᠪᠴᠢᠷᠠᠬᠤ ᠶᠢ ᠪᠡᠶᠡᠯᠡᠭᠦᠯᠪᠡ᠃     ᠬᠠᠶ᠋ᠢᠭ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠦᠯᠦᠨ ᠪᠤᠶᠢᠷ ᠬᠤᠳᠠ ᠶᠢᠨ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠪᠠᠶᠠᠨᠳᠤᠬᠤᠢ ᠪᠠᠯᠭᠠᠰᠤ ᠶᠢᠨ ᠬᠤᠶᠢᠭᠤᠯ ᠵᠠᠮ ᠤᠨ ᠢ ᠴᠢ ᠰᠠᠨ ᠡᠯ ᠵᠡᠭᠡᠯᠢ᠃
 
ᠢᠷᠡᠯᠲᠡ᠄ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号