8 ᠰᠠᠷ᠎ᠠ ᠶᠢᠨ 21 ᠤ ᠡᠳᠦᠷ᠂ ᠢᠮᠢᠨ ᠰᠣᠮᠣ ᠨᠢᠭᠡ ᠡᠳᠦᠷ ᠤᠨ ᠬᠤᠭᠤᠴᠠᠭ᠎ᠠ ᠲᠠᠢ ᠣᠷᠭᠠᠨᠢᠭ ᠰᠠᠪᠣᠩ | ᠬᠢᠬᠦ ᠮᠡᠷᠭᠡᠵᠢᠯ ᠤᠨ ᠪᠣᠯᠪᠠᠰᠣᠷᠠᠯ ᠤᠨ ᠠᠩᠬᠢ ᠡᠷᠬᠢᠯᠡᠵᠦ᠂ ᠰᠣᠮᠣ ᠶᠢᠨ ᠣᠨᠢᠨ ᠳᠡᠭᠡᠷ᠎ᠡ ᠨᠢ ᠶᠠᠳᠠᠭᠤ ᠠᠴᠠ | ᠠᠩᠬᠢᠵᠢᠷᠠᠭᠤᠯᠬᠤ ᠡᠳᠡᠭᠡᠳ ᠵᠢᠴᠢ ᠬᠡᠰᠡᠭ ᠮᠠᠯᠴᠢᠳ ᠪᠣᠯᠪᠠᠰᠣᠷᠠᠯ ᠳᠤ ᠣᠷᠣᠯᠴᠠᠵᠣ᠂ ᠰᠣᠮᠣ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ ᠮᠦᠳᠠᠨ ᠪᠣᠯᠪᠠᠰᠣᠷᠠᠯ ᠢ ᠡᠷᠭᠢᠯᠡᠪᠡ᠃ | ᠪᠣᠯᠪᠠᠰᠣᠷᠠᠭᠤᠯᠣᠯ ᠤᠨ ᠠᠩᠬᠢ ᠳᠠᠭᠠᠨ ᠮᠣᠩᠭᠤᠯ ᠣᠯᠣᠰ ᠤᠨ ᠪᠠᠭᠰᠢ ᠶᠢ ᠣᠷᠢᠵᠣ ᠲᠣᠬᠠᠢ ᠶᠢᠨ ᠲᠠᠯᠠᠪᠣᠷ | ᠲᠤ ᠰᠠᠪᠣᠩ ᠬᠢᠬᠦ ᠠᠷᠭ᠎ᠠ ᠶᠢ ᠣᠯᠠᠮᠵᠢᠯᠠᠭᠤᠯᠣᠭᠰᠠᠨ ᠪᠦᠭᠡᠳ ᠬᠢᠴᠢᠶᠡᠯ ᠰᠣᠨᠣᠰᠴᠣ ᠪᠠᠶᠢᠭ᠎ᠠ ᠶᠠᠳᠠᠭᠤ | ᠬᠦᠴᠢᠷᠳᠡᠯᠳᠡᠢ ᠡᠷᠦᠬᠡ ᠪᠣᠯᠣᠨ ᠮᠠᠯᠴᠢᠳ ᠤᠨ ᠳᠣᠷᠠᠳᠣᠭᠰᠠᠨ ᠠᠰᠠᠭᠤᠳᠠᠯ ᠳᠤ ᠴᠢᠭᠯᠡᠭᠦᠯᠦᠨ ᠶᠠᠷᠢᠯᠴᠠᠭ᠎ᠠ | ᠰᠣᠯᠢᠯᠴᠠᠭ᠎ᠠ ᠬᠢᠵᠡᠭᠡᠪᠡ᠃ | ᠲᠣᠰ ᠣᠳᠠᠭᠠᠨ ᠤ ᠪᠣᠯᠪᠠᠰᠣᠷᠠᠯ ᠨᠢ ᠶᠠᠳᠠᠭᠤ ᠬᠦᠴᠢᠷᠳᠡᠯᠳᠡᠢ ᠡᠷᠦᠬᠡ ᠶᠢᠨ ᠠᠵᠢᠯ ᠤᠯᠵᠦ ᠦᠢᠯᠡᠰ ᠪᠣᠰᠬᠠᠬᠤ | ᠴᠢᠳᠠᠪᠣᠷᠢ ᠶᠢ ᠨᠢ ᠳᠡᠭᠡᠭᠰᠢᠯᠡᠬᠦᠯᠵᠦ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠬᠡᠰᠢᠬᠦᠨ ᠳᠣᠳᠣᠷᠠᠬᠢ ᠠᠳᠠᠭ ᠪᠠᠭ᠎ᠠ | ᠳᠠᠭᠠᠨ ᠨᠢᠭᠡ ᠬᠦᠮᠦᠨ ᠳᠤᠨᠢ ᠦᠢᠯᠡᠰ ᠪᠣᠰᠬᠠᠬᠤ ᠨᠢᠭᠡ ᠵᠦᠢᠯ ᠤᠨ ᠣᠷ᠎ᠠ ᠮᠡᠷᠭᠡᠵᠢᠯ ᠢ ᠡᠵᠡᠮᠰᠢᠭᠦᠯᠵᠦ᠂ ᠳᠠᠩᠰᠠ | ᠺᠠᠷᠲ ᠪᠠᠶᠢᠭᠤᠯᠣᠭᠰᠠᠨ ᠶᠠᠳᠠᠭᠤ ᠬᠦᠴᠢᠷᠳᠡᠯᠳᠡᠢ ᠬᠦᠮᠦᠨ ᠤ ᠠᠵᠢᠯ ᠣᠯᠵᠣ ᠦᠢᠯᠡᠰ ᠪᠤᠰᠬᠠᠬᠤ᠂ ᠪᠦᠬᠦ ᠲᠠᠯ᠎ᠠ ᠪᠠᠷ | ᠶᠠᠳᠠᠭᠤ ᠠᠴᠠ ᠠᠩᠬᠢᠵᠢᠷᠠᠭᠤᠯᠬᠤ ᠶᠢ ᠠᠯᠬᠤᠮ ᠴᠢᠨᠠᠭᠰᠢᠲᠠ ᠠᠬᠢᠭᠤᠯᠪᠠ᠃ |