8 ᠰᠠᠷ᠎ᠠ ᠶᠢᠨ 21 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ | ᠰᠢᠪᠳᠤᠯᠬᠤ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠦ᠂ ᠦᠪᠠᠷᠳᠡᠭᠡᠨ ᠵᠠᠰᠠᠬᠤ ᠤᠷᠤᠨ ᠤ ᠶᠠᠳᠠᠭᠤ ᠶᠢ | ᠲᠡᠳᠬᠦᠬᠦ ᠠᠯᠪᠠᠨ ᠭᠡᠷ ᠤᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠦᠭᠡᠷᠡᠴᠢᠯᠡᠵᠦ ᠨᠠᠶᠢᠳᠠᠪᠦᠷᠢᠵᠢᠭᠤᠯᠬᠤ ᠶᠢ ᠦᠨᠡᠨᠬᠦ ᠲᠦᠯᠬᠢᠨ ᠠᠬᠢᠭᠤᠯᠬᠤ ᠶᠢᠨ ᠰᠠᠭᠤᠷᠢᠨ ᠲᠡᠭᠡᠷ᠎ᠠ᠂ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠠ ᠰᠢᠪᠳᠤᠯᠬᠤ ᠠᠵᠢᠯ ᠳᠤ ᠲᠠᠬᠢᠨᠳᠠ ᠪᠠᠶᠢᠷᠢᠯᠠᠭᠤᠯᠤᠯᠳᠠ ᠬᠢᠵᠦ᠂ ᠲᠠᠬᠢᠨᠳᠠ | ᠱᠠᠭᠠᠷᠳᠠᠯᠭ᠎ᠠ ᠲᠤᠷᠠᠳᠤᠨ᠂ ᠲᠠᠬᠢᠨᠳᠠ ᠲᠦᠯᠬᠢᠨ ᠠᠬᠢᠭᠤᠯᠬᠤ ᠠᠵᠢᠯ ᠬᠢᠪᠡ᠃ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠬᠤ ᠪᠠᠬᠢᠯᠠᠯᠳᠠ ᠰᠢᠪᠳᠤᠯᠤᠯᠳᠠ ᠶᠢᠨ ᠵᠢᠯᠤᠭᠤᠳᠬᠤ ᠭᠠᠵᠠᠷ ᠤᠨ ᠪᠠᠶᠢᠩᠭᠤ ᠶᠢᠨ ᠲᠡᠳ᠋ | ᠵᠢᠯᠤᠭᠤᠳᠤᠭᠴᠢ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠸᠠᠩ ᠴᠦᠨ ᠴᠢ ᠬᠤᠷᠠᠯ ᠡᠷᠬᠢᠯᠡᠵᠦ᠂ | ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠵᠢᠯᠤᠭᠤᠳᠬᠤ ᠭᠠᠵᠠᠷ ᠤᠨ | ᠪᠠᠶᠢᠩᠭᠤ ᠶᠢᠨ ᠲᠡᠳ᠋ ᠵᠢᠯᠤᠭᠤᠳᠤᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ᠂ 8 ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠳ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠶᠠᠳᠠᠭᠤ ᠶᠢ | ᠲᠡᠳᠬᠦᠬᠦ ᠠᠯᠪᠠᠨ ᠭᠡᠷ ᠤᠨ ᠡᠷᠬᠢᠯᠡᠭᠴᠢ᠂ ᠠᠵᠢᠯ ᠤᠨ ᠲᠠᠩᠰᠠ ᠡᠪᠭᠡᠮᠡᠯ ᠵᠢᠴᠢ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠵᠢᠯᠤᠭᠤᠳᠤᠬᠤ ᠭᠠᠵᠠᠷ ᠤᠨ ᠲᠦᠯᠬᠢᠨ ᠠᠬᠢᠭᠤᠯᠬᠤ ᠲᠤᠭᠤᠶᠢᠯᠠᠩ | ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠳᠤ ︽ᠦᠪᠠᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠪᠠᠶᠢᠴᠠᠭᠠᠬᠤ | ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠳᠠᠬᠢ ᠴᠡᠭᠴᠡᠯᠡᠨ ᠦᠭᠡᠷᠡᠴᠢᠯᠡᠭᠦᠯᠬᠦ ᠠᠷᠭ᠎ᠠ ᠭᠡᠮᠵᠢᠶ᠎ᠠ ᠶᠢ ᠬᠢᠨᠠᠮᠠᠭᠠᠢ | ᠨᠠᠶᠢᠳᠠᠪᠦᠷᠢᠵᠢᠭᠤᠯᠬᠤ ᠲᠤᠬᠠᠢ ᠮᠡᠳᠡᠭᠳᠡᠯ ︾ ᠪᠠ ︽ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠲᠠᠩᠰᠠ | ᠡᠪᠭᠡᠮᠡᠯ ᠵᠢᠴᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠲᠡᠭᠦᠯᠳᠡᠷᠵᠢᠭᠦᠯᠬᠦ ᠲᠤᠬᠠᠢ ᠮᠡᠳᠡᠭᠳᠡᠯ︾ ᠢ | ᠤᠯᠠᠮᠵᠢᠯᠠᠪᠠ ︔ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠲᠦ᠋ ᠯᠢ ᠪᠢᠨ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠪᠠᠶᠢᠴᠠᠭᠠᠬᠤ ᠦᠨᠡᠯᠡᠨ ᠵᠢᠱᠢᠬᠦ ᠰᠢᠯᠭᠠᠨ ᠠᠪᠬᠤ ᠠᠷᠭ᠎ᠠ ᠭᠡᠯᠪᠡᠢ᠂ | ᠠᠵᠢᠯ ᠤᠨ ᠲᠠᠩᠰᠠ ᠡᠪᠭᠡᠮᠡᠯ ᠪᠠᠶᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠵᠢᠴᠢ ᠠᠩᠬᠠᠷᠬᠤ | ᠴᠢᠬᠤᠯᠠᠳᠠᠢ ᠵᠦᠢᠯ ᠤᠳ ᠢ ᠲᠤᠳᠤᠷᠬᠠᠶᠢᠯᠠᠪᠠ︔ ᠬᠤᠷᠠᠯ ᠳᠤ ᠤᠷᠤᠯᠴᠠᠭᠰᠠᠨ ᠰᠤᠮᠤ ᠰᠢᠶᠠᠩ ᠪᠠᠯᠭᠠᠰᠤ ᠪᠠ | ᠬᠤᠯᠪᠤᠭᠳᠠᠯ ᠪᠦᠬᠦᠢ ᠲᠦᠯᠬᠢᠨ ᠠᠬᠢᠭᠤᠯᠬᠤ ᠲᠤᠭᠤᠶᠢᠯᠠᠩ ᠤᠨ ᠬᠠᠪᠰᠤᠷᠤᠨ ᠲᠡᠳᠬᠦᠬᠦ ᠺᠠᠳ᠋ᠷᠴᠤᠤᠨ ᠡᠷᠦᠭᠡ ᠳᠤ | ᠤᠷᠤᠵᠦ ︽ᠲᠠᠩᠰᠠᠯᠠᠬᠤ ᠲᠡᠪᠳᠡᠷ︾ ᠪᠠ ︽ᠲᠤᠳᠤᠷᠬᠠᠢ ᠺᠠᠷᠲ ︾ ᠢ ᠲᠠᠭᠯᠨᠨ ᠪᠢᠴᠢᠬᠦ ᠵᠠᠷᠭᠡ ᠠᠭᠤᠯᠭ᠎ᠠ ᠶᠢᠨ | ᠲᠤᠬᠠᠢ ᠰᠠᠨᠠᠯ ᠢᠶᠠᠨ ᠰᠤᠯᠢᠯᠴᠠᠪᠠ᠃ | ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ ᠲᠠᠷᠠᠭᠠᠴᠢ ᠶᠢᠨ ᠠᠵᠢᠯ ᠳᠤ ᠴᠢᠭᠯᠡᠭᠦᠯᠦᠨ᠂ | ᠲᠤᠤᠷᠠᠬᠢ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠪᠠ᠄ | ᠨᠢᠭᠡ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢᠨ ᠵᠢᠯᠤᠭᠤᠳᠬᠤ | ᠭᠠᠵᠠᠷ ᠤᠨ ᠶᠠᠷᠢᠯᠴᠠᠭᠰᠠᠨ ᠢᠶᠠᠷ᠂ 8 ᠪᠠ 9 ᠰᠠᠷ᠎ᠠ ᠶᠢ ︽ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ | ᠰᠢᠪᠳᠤᠯᠤᠯᠳᠠ ᠶᠢᠨ ᠰᠠᠷ᠎ᠠ︾ ᠪᠠᠷ ᠲᠤᠭᠳᠠᠭᠠᠵᠦ᠂ ᠪᠦᠬᠦ ᠬᠤᠰᠢᠭᠤ ᠲᠠᠶᠠᠭᠠᠷ ᠢᠶᠠᠨ 50 ᠡᠳᠦᠷ ᠠᠷᠠᠢ ᠬᠦᠷᠬᠦ | ᠦᠭᠡᠢ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠠᠵᠢᠯ ᠤᠨ ᠰᠢᠢᠳᠪᠦᠷᠢᠳᠤ | ᠲᠠᠶᠢᠯᠠᠯᠳᠤᠭᠠᠨ ᠤ ᠰᠢᠪᠳᠤᠯᠤᠯᠳᠠ ᠶᠢᠨ ᠱᠠᠳᠤᠨ ᠤ ᠠᠵᠢᠯ ᠢ ᠦᠨᠳᠦᠷ ᠲᠦᠪᠰᠢᠨ ᠳᠤ ᠭᠦᠷᠦᠭᠦᠯᠬᠦ ᠪᠠᠷ ᠴᠢᠷᠮᠠᠶᠢᠬᠤ | ᠭᠡᠷᠡᠭᠳᠡᠢ᠃ ᠡᠯ᠎ᠠ ᠲᠠᠶᠢᠯᠠᠯᠳᠤᠭᠠᠨ ᠤ ᠲᠤᠭᠤᠷᠢᠭ ᠤᠨ ᠵᠢᠯᠤᠭᠤᠳᠬᠤ ᠭᠠᠵᠠᠷ ᠪᠠ ᠠᠵᠢᠯ ᠢ ᠲᠦᠯᠬᠢᠨ ᠠᠬᠢᠭᠤᠯᠬᠤ | ᠲᠤᠭᠤᠶᠢᠯᠠᠩ ᠤᠳ ︽ᠲᠦᠷᠪᠡᠨ ᠤᠬᠠᠮᠰᠠᠷ︾ ᠢ ᠦᠨᠡᠨᠬᠦ ᠴᠢᠩᠭᠠᠷᠠᠭᠤᠯᠵᠦ᠂ ᠤᠯᠤᠰ ᠲᠦᠷᠦ ᠶᠢᠨ ᠵᠤᠭᠰᠤᠴᠠ ᠪᠠᠨ | ᠲᠠᠰᠤᠷᠠᠯᠳᠠ ᠦᠭᠡᠢ ᠦᠨᠳᠦᠷ ᠪᠤᠯᠭᠠᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠦ᠂ ᠦᠵᠡᠯ ᠰᠠᠨᠠᠭ᠎ᠠ | ᠲᠠᠨᠢᠯᠳᠠ ᠶᠢᠨ ᠲᠠᠯ᠎ᠠ ᠪᠠ ᠤᠬᠠᠮᠰᠠᠷ ᠠᠴᠠ ᠪᠠᠨ ᠠᠵᠢᠯᠯᠠᠬᠤ ᠲᠡᠯ᠎ᠠ ᠪᠠᠷ ᠲᠦᠪ ᠬᠤᠷᠢᠶ᠎ᠠ᠂ ᠦᠪᠠᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ | ᠬᠤᠷᠢᠶ᠎ᠠ ᠶᠢᠨ ᠡᠯ᠎ᠠ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ᠂ ᠠᠵᠢᠯ ᠤᠨ ᠱᠠᠭᠠᠷᠳᠠᠯᠭ᠎ᠠ ᠲᠡᠭᠡᠷ᠎ᠠ ᠲᠡᠭᠡᠳᠦ | ᠭᠡᠮᠵᠢᠶ᠎ᠠ ᠪᠠᠷ ᠨᠢᠭᠡᠳᠭᠡᠵᠦ᠂ ᠦᠷᠯᠦᠭᠡ ᠦᠳᠡᠰᠢ ᠲᠠᠮᠠᠴᠠᠨ᠂ ᠴᠠᠭ ᠮᠦᠴᠠ ᠶᠢ ᠬᠦᠯᠢᠶᠠᠵᠦ ᠰᠠᠭᠤᠬᠤ ᠦᠭᠡᠢ | ᠪᠠᠶᠢᠬᠤ ᠬᠠᠷᠢᠭᠤᠴᠠᠯᠭᠠᠳᠤ ᠰᠠᠳᠬᠢᠯᠭᠡ ᠪᠠ ᠡᠭᠦᠷᠭᠡᠳᠤ ᠰᠠᠳᠬᠢᠯᠭᠡ ᠪᠠᠷ ᠠᠵᠢᠯ ᠤᠨ ᠬᠦᠴᠦᠯᠡᠴᠠ ᠪᠠᠨ ᠠᠯᠬᠤᠮ | ᠴᠢᠨᠠᠭᠰᠢᠳᠠ ᠴᠢᠩᠭᠠᠳᠬᠠᠵᠦ᠂ ᠤᠨᠢᠨ ᠲᠡᠭᠡᠷ᠎ᠠ ᠨᠢ ᠬᠦᠴᠦᠯᠡᠵᠦ᠂ ᠦᠷᠬᠦᠯᠵᠢᠯᠡᠨ ᠭᠦᠴᠦᠯᠡᠨ ᠴᠢᠷᠮᠠᠶᠢᠵᠦ᠂ ᠦᠨᠡᠨᠬᠦ | ᠠᠳᠬᠤᠵᠦ ᠪᠤᠳᠠᠳᠠᠢ ᠠᠵᠢᠯᠯᠠᠨ᠂ ᠭᠡᠪ ᠤᠨ ᠵᠤᠷᠰᠢᠯ ᠠᠴᠠ ᠭᠡᠳᠦᠶᠢᠳᠦᠭᠰᠡᠨ ᠠᠷᠭ᠎ᠠ ᠠᠪᠴᠠᠯ ᠢᠶᠠᠷ ᠶᠠᠳᠠᠭᠤ ᠠᠴᠠ | ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠠᠮᠡᠴᠠᠨ ᠤᠯᠵᠦ᠂ ᠡᠯ᠎ᠠ ᠵᠦᠢᠯ ᠤᠨ | ᠠᠵᠢᠯ ᠤᠨ ᠬᠠᠷᠠᠯᠳᠠ ᠪᠠᠨ ᠲᠡᠬᠦᠰ ᠠᠮᠵᠢᠯᠳᠠ ᠲᠠᠢ ᠪᠠᠶᠠᠯᠡᠭᠦᠯᠬᠦ ᠶᠢ ᠯᠠᠪᠳᠠᠢ ᠪᠠᠳᠤᠯᠬᠤ ᠭᠡᠷᠡᠭᠳᠡᠢ᠃ | ᠬᠤᠶᠠᠷ᠂ ᠡᠯ᠎ᠠ ᠰᠤᠮᠤ ᠰᠢᠶᠠᠩ ᠪᠠᠯᠭᠠᠰᠤ ᠶᠢᠨ ᠲᠠᠶᠢᠯᠠᠯᠳᠤᠭᠠᠨ ᠤ ᠲᠤᠭᠤᠷᠢᠭ ᠤᠨ ᠵᠢᠯᠤᠭᠤᠳᠬᠤ ᠭᠠᠵᠠᠷ | ᠤᠳ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠂ ᠬᠠᠪᠰᠤᠷᠤᠨ ᠲᠡᠳᠬᠦᠬᠦ ᠺᠠᠳ᠋ᠷᠴᠤᠤᠨ ᠤᠨ ᠢᠳᠡᠪᠬᠢᠵᠢᠯ | ᠢ ᠬᠦᠢᠴᠠᠳ ᠲᠠᠶᠢᠴᠢᠯᠠᠵᠦ᠂ ᠲᠠᠳᠠᠨᠤᠰ ᠢ ᠶᠠᠳᠠᠭᠤ ᠬᠦᠴᠢᠷᠳᠠᠯᠳᠠᠢ ᠡᠷᠦᠭᠡ ᠳᠤ ᠬᠦᠨᠵᠡᠭᠡᠶᠢᠷᠡᠭᠦᠯᠵᠦ᠂ ᠡᠯ᠎ᠠ ᠵᠦᠢᠯ | ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠶᠢᠳᠠᠪᠦᠷᠢᠵᠢᠭᠤᠯᠤᠨ ᠭᠡᠷᠡᠭᠵᠢᠭᠦᠯᠦᠭᠰᠡᠨ ᠪᠠᠶᠢᠳᠠᠯ ᠢ ᠵᠦᠢᠯ | ᠵᠤᠷᠪᠤᠰ ᠲᠠᠷᠠᠭᠠᠯᠠᠨ ᠡᠮᠬᠢᠯᠡᠬᠦ ᠪᠠ ᠪᠠᠶᠢᠴᠠᠭᠠᠵᠦ᠂ ᠶᠠᠳᠠᠭᠤ ᠬᠦᠴᠢᠷᠳᠠᠯᠳᠠᠢ ᠠᠷᠠᠳ ᠤᠯᠠᠨ ᠤ ᠰᠠᠳᠬᠢᠯ ᠬᠠᠨᠤᠮᠵᠢ | ᠶᠢᠨ ᠭᠡᠮᠵᠢᠶ᠎ᠠ ᠪᠠ ᠵᠦᠪᠰᠢᠶᠠᠷᠠᠨ ᠮᠡᠳᠡᠷᠡᠬᠦ ᠭᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠡᠢ ︔ | ᠬᠤᠰᠢᠭᠤᠨ ᠤ ᠰᠢᠭᠤᠤᠨ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠶᠢᠨ ᠨᠠᠪᠠᠷᠠᠯᠴᠠᠯ ᠵᠤᠬᠢᠴᠠᠯᠳᠤᠯ | ᠢᠶᠠᠨ ᠦᠷᠭᠦᠯᠵᠢᠯᠨᠨ ᠴᠢᠩᠭᠠᠷᠠᠭᠤᠯᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ᠂ ᠭᠡᠷ | ᠪᠠᠶᠢᠰᠢᠩ ᠤᠨ ᠪᠦᠳᠦᠭᠡᠨ ᠪᠠᠶᠢᠭᠤᠯᠤᠯᠳᠠ ᠪᠠ ᠤᠰᠤ᠂ ᠴᠠᠬᠢᠯᠭᠠᠨ᠂ ᠴᠢᠮᠡᠭᠡ ᠨᠡᠪᠳᠡᠷᠡᠯᠭᠡ ᠵᠠᠷᠭᠡ ᠰᠠᠭᠤᠷᠢ | ᠲᠦᠭᠦᠭᠡᠷᠦᠮᠢ ᠶᠢᠨ ᠪᠦᠳᠦᠭᠡᠨ ᠪᠠᠶᠢᠭᠤᠯᠤᠯᠳᠠ᠂ ᠮᠦᠩᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠭᠠᠴᠠᠭ᠎ᠠ | ᠶᠢᠨ ᠬᠠᠮᠳᠤ ᠶᠢᠨ ᠠᠵᠦ ᠠᠬᠤᠢ ᠶᠢᠨ ᠪᠦᠳᠦᠭᠡᠨ ᠪᠠᠶᠢᠭᠤᠯᠤᠯᠳᠠ ᠵᠠᠷᠭᠡ ᠲᠦᠷᠦᠯ ᠵᠦᠢᠯ ᠢ ᠲᠦᠷᠭᠡᠳᠭᠡᠨ ᠲᠦᠯᠬᠢᠨ | ᠠᠬᠢᠭᠤᠯᠬᠤ ᠭᠡᠷᠡᠭᠳᠡᠢ ︔ ᠲᠤᠰᠬᠤᠨ ᠳᠤ ᠰᠠᠭᠤᠭ᠎ᠠ ᠺᠠᠳ᠋ᠷᠴᠤᠤᠨ ᠤᠨ ᠶᠠᠳᠠᠭᠤ ᠬᠦᠴᠢᠷᠳᠠᠯᠳᠠᠢ ᠡᠷᠦᠭᠡ ᠶᠢᠨ | ᠤᠷᠤᠯᠭ᠎ᠠ ᠶᠢᠨ ᠪᠠᠶᠢᠳᠠᠯ ᠢ ᠨᠢᠮᠪᠡᠢ ᠲᠦᠰᠦᠪᠯᠡᠨ ᠪᠦᠷᠢᠳᠭᠡᠬᠦ ᠶᠢ ᠰᠠᠶᠢᠳᠦᠷ ᠵᠤᠬᠢᠶᠠᠨ ᠪᠠᠶᠢᠭᠤᠯᠵᠦ ᠂ ᠲᠤᠮᠤ | ᠳ᠋ᠠᠶᠢᠲᠨ ᠶᠢᠨ ᠵᠢᠯᠤᠭᠤᠳᠬᠤ ᠲᠠᠪᠴᠠᠩ ᠳᠤ ᠲᠤᠭ᠎ᠠ ᠪᠠᠷᠢᠮᠳᠠ ᠶᠢ ᠰᠢᠩᠬᠡᠬᠡᠨ ᠲᠤ ᠤᠷᠤᠭᠤᠯᠬᠤ ᠠᠵᠢᠯ ᠢ ᠵᠠᠷᠭᠡᠪᠡᠷ | ᠲᠦᠯᠬᠢᠨ ᠠᠬᠢᠭᠤᠯᠬᠤ ᠭᠡᠷᠡᠭᠳᠡᠢ᠃ | ᠭᠤᠷᠪᠠ᠂ ᠰᠤᠮᠤ ᠰᠢᠶᠠᠩ ᠪᠠᠯᠭᠠᠰᠤ᠂ ᠲᠤᠰᠬᠠᠢ ᠲᠦᠯᠬᠢᠨ ᠠᠬᠢᠭᠤᠯᠬᠤ ᠲᠤᠭᠤᠶᠢᠯᠠᠩ᠂ ᠲᠤᠰᠬᠤᠨ ᠳᠤ | ᠰᠠᠭᠤᠭ᠎ᠠ ᠠᠵᠢᠯᠯᠠᠬᠤ ᠲᠤᠭᠤᠶᠢᠯᠠᠩ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠠᠳᠭᠡᠵᠦ᠂ | ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠬᠤ ᠠᠵᠢᠯ ᠢ ᠲᠡᠷᠢᠭᠦᠨ ᠴᠢᠬᠤᠯᠨ ᠲᠤᠮᠤ ᠶᠠᠪᠤᠳᠠᠯ ᠪᠤᠯᠭᠠᠨ | ᠦᠨᠡᠨᠬᠦ ᠪᠤᠳᠠᠳᠠᠢ ᠠᠳᠬᠤᠵᠦ ᠰᠠᠶᠢᠳᠦᠷ ᠠᠳᠬᠤᠬᠤ ᠭᠡᠷᠡᠭᠳᠡᠢ᠃ ᠬᠤᠰᠢᠭᠤᠨ ᠤ ᠨᠠᠮ ᠤᠨ ᠬᠤᠷᠢᠶ᠎ᠠ ᠬᠤᠶᠠᠷ | ᠵᠦᠢᠯ ᠤᠨ ᠠᠭᠤᠯᠭ᠎ᠠ ᠶᠢ ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠬᠡᠷᠡᠭᠲᠡᠢ᠂ ᠨᠢᠭᠡ ᠳᠤ ᠬᠠᠪᠰᠤᠷᠤᠨ | ᠲᠡᠳᠬᠦᠬᠦ ᠺᠠᠳ᠋ᠷ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠂ ᠨᠢᠭᠡᠳᠦᠭᠡᠷ ᠱᠦᠵᠢ ᠨᠢ ᠦᠨᠳᠦᠰᠦᠨ | ᠱᠠᠳᠤᠨ ᠳᠤ ᠬᠦᠨᠵᠡᠭᠡᠶᠢᠷᠡᠨ ᠠᠵᠢᠯ ᠢᠶᠠᠨ ᠯᠠᠪᠳᠠᠭᠤᠨ ᠢᠶᠠᠷ ᠦᠷᠨᠢᠭᠦᠯᠵᠦ ᠪᠠᠶᠢᠬᠤ ᠡᠰᠡᠬᠦ ᠶᠢ ᠪᠠᠶᠢᠴᠠᠭᠠᠨ᠎ᠠ︔ | ᠬᠤᠶᠠᠷ ᠲᠤ ᠠᠵᠢᠯ ᠤᠨ ᠦᠷ᠎ᠠ ᠪᠦᠳᠦᠮᠵᠢ ᠶᠢ ᠪᠠᠶᠢᠴᠠᠭᠠᠨ᠎ᠠ︔᠂ ᠵᠦᠪᠭᠡᠨ ᠦᠨᠳᠦᠰᠦᠨ ᠱᠠᠳᠤᠨ ᠳᠤ ᠪᠠᠭᠤᠭᠠᠳ | ᠠᠵᠢᠯ ᠢᠶᠠᠨ ᠦᠷᠨᠢᠭᠦᠯᠬᠦ ᠦᠭᠡᠢ ᠪᠠᠶᠢᠵᠦ ᠪᠤᠯᠬᠤ ᠦᠭᠡᠢ᠂ ᠠᠵᠢᠯ ᠤᠨ ᠪᠤᠳᠠᠳᠤ ᠦᠷ᠎ᠠ ᠪᠦᠳᠦᠮᠵᠢ ᠨᠢ ᠶᠠᠮᠠᠷ | ᠪᠠᠶᠢᠬᠤ᠂ ᠶᠠᠳᠠᠭᠤ ᠠᠴᠠ ᠠᠩᠬᠢᠵᠢᠷᠠᠭᠤᠯᠵᠦ ᠶᠠᠳᠠᠭᠤ ᠬᠤᠭᠤᠰᠤᠨ ᠭᠡᠰᠡᠨ ᠮᠠᠯᠠᠭᠠᠢ ᠶᠢ ᠠᠪᠴᠤ ᠬᠠᠶᠠᠬᠤ ᠪᠠᠷ | ᠬᠠᠷᠠᠯᠳᠠ ᠪᠤᠯᠭᠠᠵᠦ ᠪᠠᠶᠢᠭᠠᠳ ᠠᠵᠢᠯ ᠤᠨ ᠠᠮᠵᠢᠯᠳᠠ ᠪᠦᠳᠦᠮᠵᠢ ᠶᠢ ᠨᠢ ᠪᠠᠶᠢᠴᠠᠭᠠᠵᠦ᠂ ᠶᠠᠳᠠᠭᠤ ᠬᠦᠴᠢᠷᠳᠠᠯᠳᠠᠢ | ᠡᠷᠦᠭᠡ ᠤᠳ ᠢ ᠡᠳᠡᠭᠡᠷ ᠠᠷᠭ᠎ᠠ ᠠᠪᠴᠠᠯ ᠢᠶᠠᠷ ᠲᠠᠮᠵᠢᠭᠤᠯᠤᠨ ᠦᠨᠡᠨᠬᠦ ᠶᠠᠳᠠᠭᠤ ᠠᠴᠠ ᠠᠩᠬᠢᠵᠢᠷᠠᠭᠤᠯᠬᠤ ᠶᠢ | ᠪᠠᠶᠡᠯᠡᠭᠦᠯᠵᠦ ᠴᠢᠳᠠᠬᠤ ᠡᠰᠡᠬᠦ ᠶᠢ ᠨᠢ ᠪᠠᠶᠢᠴᠠᠭᠠᠨ᠎ᠠ᠃ |