ᠢᠮᠢᠨ ᠰᠣᠮᠣ ᠣᠷᠭᠠᠨᠢᠭ ᠰᠠᠪᠣᠩ ᠬᠢᠬᠦ ᠮᠡᠷᠭᠡᠵᠢᠯ ᠤᠨ ᠪᠣᠯᠪᠠᠰᠣᠷᠠᠯ ᠤᠨ ᠠᠩᠬᠢ ᠡᠷᠬᠢᠯᠡᠵᠦ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠳᠤ ᠬᠦᠴᠦ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2017/9/22
     8 ᠰᠠᠷ᠎ᠠ ᠶᠢᠨ 21 ᠤ ᠡᠳᠦᠷ᠂ ᠢᠮᠢᠨ ᠰᠣᠮᠣ ᠨᠢᠭᠡ ᠡᠳᠦᠷ ᠤᠨ ᠬᠤᠭᠤᠴᠠᠭ᠎ᠠ ᠲᠠᠢ ᠣᠷᠭᠠᠨᠢᠭ ᠰᠠᠪᠣᠩ ᠬᠢᠬᠦ ᠮᠡᠷᠭᠡᠵᠢᠯ ᠤᠨ ᠪᠣᠯᠪᠠᠰᠣᠷᠠᠯ ᠤᠨ ᠠᠩᠬᠢ ᠡᠷᠬᠢᠯᠡᠵᠦ᠂ ᠰᠣᠮᠣ ᠶᠢᠨ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠡᠳᠡᠭᠡᠳ ᠵᠢᠴᠢ ᠬᠡᠰᠡᠭ ᠮᠠᠯᠴᠢᠳ ᠪᠣᠯᠪᠠᠰᠣᠷᠠᠯ ᠳᠤ ᠣᠷᠣᠯᠴᠠᠵᠣ᠂ ᠰᠣᠮᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠮᠦᠳᠠᠨ ᠪᠣᠯᠪᠠᠰᠣᠷᠠᠯ ᠢ ᠡᠷᠭᠢᠯᠡᠪᠡ᠃      ᠪᠣᠯᠪᠠᠰᠣᠷᠠᠭᠤᠯᠣᠯ ᠤᠨ ᠠᠩᠬᠢ ᠳᠠᠭᠠᠨ ᠮᠣᠩᠭᠤᠯ ᠣᠯᠣᠰ ᠤᠨ ᠪᠠᠭᠰᠢ ᠶᠢ ᠣᠷᠢᠵᠣ ᠲᠣᠬᠠᠢ ᠶᠢᠨ ᠲᠠᠯᠠᠪᠣᠷ  ᠲᠤ ᠰᠠᠪᠣᠩ ᠬᠢᠬᠦ ᠠᠷᠭ᠎ᠠ ᠶᠢ ᠣᠯᠠᠮᠵᠢᠯᠠᠭᠤᠯᠣᠭᠰᠠᠨ ᠪᠦᠭᠡᠳ ᠬᠢᠴᠢᠶᠡᠯ ᠰᠣᠨᠣᠰᠴᠣ ᠪᠠᠶᠢᠭ᠎ᠠ ᠶᠠᠳᠠᠭᠤ ᠬᠦᠴᠢᠷᠳᠡᠯᠳᠡᠢ ᠡᠷᠦᠬᠡ ᠪᠣᠯᠣᠨ ᠮᠠᠯᠴᠢᠳ ᠤᠨ ᠳᠣᠷᠠᠳᠣᠭᠰᠠᠨ ᠠᠰᠠᠭᠤᠳᠠᠯ ᠳᠤ ᠴᠢᠭᠯᠡᠭᠦᠯᠦᠨ ᠶᠠᠷᠢᠯᠴᠠᠭ᠎ᠠ ᠰᠣᠯᠢᠯᠴᠠᠭ᠎ᠠ ᠬᠢᠵᠡᠭᠡᠪᠡ᠃     ᠲᠣᠰ ᠣᠳᠠᠭᠠᠨ ᠤ ᠪᠣᠯᠪᠠᠰᠣᠷᠠᠯ ᠨᠢ ᠶᠠᠳᠠᠭᠤ ᠬᠦᠴᠢᠷᠳᠡᠯᠳᠡᠢ ᠡᠷᠦᠬᠡ ᠶᠢᠨ ᠠᠵᠢᠯ ᠤᠯᠵᠦ ᠦᠢᠯᠡᠰ ᠪᠣᠰᠬᠠᠬᠤ ᠴᠢᠳᠠᠪᠣᠷᠢ ᠶᠢ ᠨᠢ ᠳᠡᠭᠡᠭᠰᠢᠯᠡᠬᠦᠯᠵᠦ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠬᠡᠰᠢᠬᠦᠨ ᠳᠣᠳᠣᠷᠠᠬᠢ ᠠᠳᠠᠭ ᠪᠠᠭ᠎ᠠ ᠳᠠᠭᠠᠨ ᠨᠢᠭᠡ ᠬᠦᠮᠦᠨ ᠳᠤᠨᠢ ᠦᠢᠯᠡᠰ ᠪᠣᠰᠬᠠᠬᠤ ᠨᠢᠭᠡ ᠵᠦᠢᠯ ᠤᠨ ᠣᠷ᠎ᠠ ᠮᠡᠷᠭᠡᠵᠢᠯ ᠢ ᠡᠵᠡᠮᠰᠢᠭᠦᠯᠵᠦ ᠂ ᠳᠠᠩᠰᠠ ᠺᠠᠷᠲ ᠪᠠᠶᠢᠭᠤᠯᠣᠭᠰᠠᠨ ᠶᠠᠳᠠᠭᠤ ᠬᠦᠴᠢᠷᠳᠡᠯᠳᠡᠢ ᠬᠦᠮᠦᠨ ᠤ ᠠᠵᠢᠯ ᠣᠯᠵᠣ ᠦᠢᠯᠡᠰ ᠪᠤᠰᠬᠠᠬᠤ᠂  ᠪᠦᠬᠦ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠠᠯᠬᠤᠮ ᠴᠢᠨᠠᠭᠰᠢᠲᠠ ᠠᠬᠢᠭᠤᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号