ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠤᠯᠳᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/9/22
     8 ᠰᠠᠷ᠎ᠠ ᠶᠢᠨ 21 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠦ᠂ ᠦᠪᠠᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠦᠭᠡᠷᠡᠴᠢᠯᠡᠵᠦ ᠨᠠᠶᠢᠳᠠᠪᠦᠷᠢᠵᠢᠭᠤᠯᠬᠤ ᠶᠢ ᠦᠨᠡᠨᠬᠦ ᠲᠦᠯᠬᠢᠨ ᠠᠬᠢᠭᠤᠯᠬᠤ ᠶᠢᠨ ᠰᠠᠭᠤᠷᠢᠨ ᠲᠡᠭᠡᠷ᠎ᠠ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠬᠤ ᠠᠵᠢᠯ ᠳᠤ ᠲᠠᠬᠢᠨᠳᠠ  ᠪᠠᠶᠢᠷᠢᠯᠠᠭᠤᠯᠤᠯᠳᠠ ᠬᠢᠵᠦ᠂ ᠲᠠᠬᠢᠨᠳᠠ ᠱᠠᠭᠠᠷᠳᠠᠯᠭ᠎ᠠ ᠲᠤᠷᠠᠳᠤᠨ᠂ ᠲᠠᠬᠢᠨᠳᠠ ᠲᠦᠯᠬᠢᠨ ᠠᠬᠢᠭᠤᠯᠬᠤ ᠠᠵᠢᠯ ᠬᠢᠪᠡ᠃ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ  ᠪᠠᠬᠢᠯᠠᠯᠳᠠ ᠰᠢᠪᠳᠤᠯᠤᠯᠳᠠ ᠶᠢᠨ ᠵᠢᠯᠤᠭᠤᠳᠬᠤ  ᠭᠠᠵᠠᠷ ᠤᠨ  ᠪᠠᠶᠢᠩᠭᠤ ᠶᠢᠨ ᠲᠡᠳ᠋ ᠵᠢᠯᠤᠭᠤᠳᠤᠭᠴᠢ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠸᠠᠩ ᠴᠦᠨ ᠴᠢ ᠬᠤᠷᠠᠯ ᠡᠷᠬᠢᠯᠡᠵᠦ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠵᠢᠯᠤᠭᠤᠳᠬᠤ ᠭᠠᠵᠠᠷ ᠤᠨ ᠪᠠᠶᠢᠩᠭᠤ ᠶᠢᠨ ᠲᠡᠳ᠋ ᠵᠢᠯᠤᠭᠤᠳᠤᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ᠂ 8 ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠳ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ᠂ ᠠᠵᠢᠯ ᠤᠨ ᠲᠠᠩᠰᠠ ᠡᠪᠭᠡᠮᠡᠯ ᠵᠢᠴᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠵᠢᠯᠤᠭᠤᠳᠤᠬᠤ ᠭᠠᠵᠠᠷ ᠤᠨ ᠲᠦᠯᠬᠢᠨ ᠠᠬᠢᠭᠤᠯᠬᠤ ᠲᠤᠭᠤᠶᠢᠯᠠᠩ  ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠳᠤ ︽ᠦᠪᠠᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠳᠠᠬᠢ ᠴᠡᠭᠴᠡᠯᠡᠨ ᠦᠭᠡᠷᠡᠴᠢᠯᠡᠭᠦᠯᠬᠦ ᠠᠷᠭ᠎ᠠ ᠭᠡᠮᠵᠢᠶ᠎ᠠ ᠶᠢ ᠬᠢᠨᠠᠮᠠᠭᠠᠢ ᠨᠠᠶᠢᠳᠠᠪᠦᠷᠢᠵᠢᠭᠤᠯᠬᠤ ᠲᠤᠬᠠᠢ ᠮᠡᠳᠡᠭᠳᠡᠯ  ︾ ᠪᠠ ︽ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ  ᠤᠨ ᠲᠠᠩᠰᠠ ᠡᠪᠭᠡᠮᠡᠯ ᠵᠢᠴᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠲᠡᠭᠦᠯᠳᠡᠷᠵᠢᠭᠦᠯᠬᠦ ᠲᠤᠬᠠᠢ ᠮᠡᠳᠡᠭᠳᠡᠯ︾  ᠢ ᠤᠯᠠᠮᠵᠢᠯᠠᠪᠠ  ︔ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠲᠦ᠋ ᠯᠢ ᠪᠢᠨ ᠶᠠᠳᠠᠭᠤ  ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢ ᠪᠠᠶᠢᠴᠠᠭᠠᠬᠤ  ᠦᠨᠡᠯᠡᠨ ᠵᠢᠱᠢᠬᠦ ᠰᠢᠯᠭᠠᠨ ᠠᠪᠬᠤ ᠠᠷᠭ᠎ᠠ ᠭᠡᠯᠪᠡᠢ᠂ ᠠᠵᠢᠯ   ᠤᠨ ᠲᠠᠩᠰᠠ ᠡᠪᠭᠡᠮᠡᠯ ᠪᠠᠶᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠵᠢᠴᠢ ᠠᠩᠬᠠᠷᠬᠤ ᠴᠢᠬᠤᠯᠠᠳᠠᠢ ᠵᠦᠢᠯ ᠤᠳ ᠢ ᠲᠤᠳᠤᠷᠬᠠᠶᠢᠯᠠᠪᠠ︔ ᠬᠤᠷᠠᠯ ᠳᠤ ᠤᠷᠤᠯᠴᠠᠭᠰᠠᠨ ᠰᠤᠮᠤ ᠰᠢᠶᠠᠩ ᠪᠠᠯᠭᠠᠰᠤ ᠪᠠ ᠬᠤᠯᠪᠤᠭᠳᠠᠯ ᠪᠦᠬᠦᠢ ᠲᠦᠯᠬᠢᠨ ᠠᠬᠢᠭᠤᠯᠬᠤ ᠲᠤᠭᠤᠶᠢᠯᠠᠩ ᠤᠨ ᠬᠠᠪᠰᠤᠷᠤᠨ ᠲᠡᠳᠬᠦᠬᠦ ᠺᠠᠳ᠋ᠷᠴᠤᠤᠨ ᠡᠷᠦᠭᠡ  ᠳᠤ ᠤᠷᠤᠵᠦ ︽ᠲᠠᠩᠰᠠᠯᠠᠬᠤ ᠲᠡᠪᠳᠡᠷ︾ ᠪᠠ ︽ᠲᠤᠳᠤᠷᠬᠠᠢ ᠺᠠᠷᠲ  ︾ ᠢ ᠲᠠᠭᠯᠨᠨ ᠪᠢᠴᠢᠬᠦ ᠵᠠᠷᠭᠡ ᠠᠭᠤᠯᠭ᠎ᠠ ᠶᠢᠨ ᠲᠤᠬᠠᠢ ᠰᠠᠨᠠᠯ ᠢᠶᠠᠨ ᠰᠤᠯᠢᠯᠴᠠᠪᠠ᠃      ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ ᠲᠠᠷᠠᠭᠠᠴᠢ ᠶᠢᠨ ᠠᠵᠢᠯ ᠳᠤ ᠴᠢᠭᠯᠡᠭᠦᠯᠦᠨ᠂ ᠲᠤᠤᠷᠠᠬᠢ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠪᠠ᠄      ᠨᠢᠭᠡ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢᠨ ᠵᠢᠯᠤᠭᠤᠳᠬᠤ ᠭᠠᠵᠠᠷ ᠤᠨ ᠶᠠᠷᠢᠯᠴᠠᠭᠰᠠᠨ ᠢᠶᠠᠷ᠂ 8 ᠪᠠ 9 ᠰᠠᠷ᠎ᠠ ᠶᠢ ︽ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠤᠯᠳᠠ ᠶᠢᠨ ᠰᠠᠷ᠎ᠠ︾ ᠪᠠᠷ ᠲᠤᠭᠳᠠᠭᠠᠵᠦ᠂ ᠪᠦᠬᠦ ᠬᠤᠰᠢᠭᠤ ᠲᠠᠶᠠᠭᠠᠷ ᠢᠶᠠᠨ 50 ᠡᠳᠦᠷ ᠠᠷᠠᠢ ᠬᠦᠷᠬᠦ ᠦᠭᠡᠢ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠠᠵᠢᠯ ᠤᠨ ᠰᠢᠢᠳᠪᠦᠷᠢᠳᠤ ᠲᠠᠶᠢᠯᠠᠯᠳᠤᠭᠠᠨ ᠤ ᠰᠢᠪᠳᠤᠯᠤᠯᠳᠠ ᠶᠢᠨ ᠱᠠᠳᠤᠨ ᠤ ᠠᠵᠢᠯ ᠢ ᠦᠨᠳᠦᠷ ᠲᠦᠪᠰᠢᠨ ᠳᠤ ᠭᠦᠷᠦᠭᠦᠯᠬᠦ ᠪᠠᠷ ᠴᠢᠷᠮᠠᠶᠢᠬᠤ ᠭᠡᠷᠡᠭᠳᠡᠢ᠃ ᠡᠯ᠎ᠠ ᠲᠠᠶᠢᠯᠠᠯᠳᠤᠭᠠᠨ ᠤ ᠲᠤᠭᠤᠷᠢᠭ ᠤᠨ ᠵᠢᠯᠤᠭᠤᠳᠬᠤ ᠭᠠᠵᠠᠷ ᠪᠠ ᠠᠵᠢᠯ ᠢ ᠲᠦᠯᠬᠢᠨ ᠠᠬᠢᠭᠤᠯᠬᠤ ᠲᠤᠭᠤᠶᠢᠯᠠᠩ ᠤᠳ ︽ᠲᠦᠷᠪᠡᠨ ᠤᠬᠠᠮᠰᠠᠷ︾ ᠢ ᠦᠨᠡᠨᠬᠦ ᠴᠢᠩᠭᠠᠷᠠᠭᠤᠯᠵᠦ᠂ ᠤᠯᠤᠰ ᠲᠦᠷᠦ ᠶᠢᠨ ᠵᠤᠭᠰᠤᠴᠠ  ᠪᠠᠨ ᠲᠠᠰᠤᠷᠠᠯᠳᠠ ᠦᠭᠡᠢ  ᠦᠨᠳᠦᠷ ᠪᠤᠯᠭᠠᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠦ᠂ ᠦᠵᠡᠯ ᠰᠠᠨᠠᠭ᠎ᠠ ᠲᠠᠨᠢᠯᠳᠠ ᠶᠢᠨ ᠲᠠᠯ᠎ᠠ ᠪᠠ ᠤᠬᠠᠮᠰᠠᠷ ᠠᠴᠠ ᠪᠠᠨ ᠠᠵᠢᠯᠯᠠᠬᠤ ᠲᠡᠯ᠎ᠠ ᠪᠠᠷ ᠲᠦᠪ ᠬᠤᠷᠢᠶ᠎ᠠ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ  ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠠ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ᠂ ᠠᠵᠢᠯ ᠤᠨ ᠱᠠᠭᠠᠷᠳᠠᠯᠭ᠎ᠠ ᠲᠡᠭᠡᠷ᠎ᠠ ᠲᠡᠭᠡᠳᠦ ᠭᠡᠮᠵᠢᠶ᠎ᠠ ᠪᠠᠷ ᠨᠢᠭᠡᠳᠭᠡᠵᠦ᠂ ᠦᠷᠯᠦᠭᠡ ᠦᠳᠡᠰᠢ ᠲᠠᠮᠠᠴᠠᠨ᠂ ᠴᠠᠭ ᠮᠦᠴᠠ ᠶᠢ ᠬᠦᠯᠢᠶᠠᠵᠦ ᠰᠠᠭᠤᠬᠤ ᠦᠭᠡᠢ ᠪᠠᠶᠢᠬᠤ ᠬᠠᠷᠢᠭᠤᠴᠠᠯᠭᠠᠳᠤ ᠰᠠᠳᠬᠢᠯᠭᠡ ᠪᠠ ᠡᠭᠦᠷᠭᠡᠳᠤ ᠰᠠᠳᠬᠢᠯᠭᠡ ᠪᠠᠷ ᠠᠵᠢᠯ ᠤᠨ ᠬᠦᠴᠦᠯᠡᠴᠠ ᠪᠠᠨ ᠠᠯᠬᠤᠮ ᠴᠢᠨᠠᠭᠰᠢᠳᠠ ᠴᠢᠩᠭᠠᠳᠬᠠᠵᠦ᠂ ᠤᠨᠢᠨ ᠲᠡᠭᠡᠷ᠎ᠠ ᠨᠢ ᠬᠦᠴᠦᠯᠡᠵᠦ᠂ ᠦᠷᠬᠦᠯᠵᠢᠯᠡᠨ ᠭᠦᠴᠦᠯᠡᠨ ᠴᠢᠷᠮᠠᠶᠢᠵᠦ᠂ ᠦᠨᠡᠨᠬᠦ ᠠᠳᠬᠤᠵᠦ ᠪᠤᠳᠠᠳᠠᠢ ᠠᠵᠢᠯᠯᠠᠨ᠂ ᠭᠡᠪ ᠤᠨ ᠵᠤᠷᠰᠢᠯ ᠠᠴᠠ ᠭᠡᠳᠦᠶᠢᠳᠦᠭᠰᠡᠨ ᠠᠷᠭ᠎ᠠ ᠠᠪᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠠᠮᠡᠴᠠᠨ ᠤᠯᠵᠦ᠂ ᠡᠯ᠎ᠠ ᠵᠦᠢᠯ ᠤᠨ ᠠᠵᠢᠯ ᠤᠨ ᠬᠠᠷᠠᠯᠳᠠ ᠪᠠᠨ ᠲᠡᠬᠦᠰ ᠠᠮᠵᠢᠯᠳᠠ ᠲᠠᠢ ᠪᠠᠶᠠᠯᠡᠭᠦᠯᠬᠦ ᠶᠢ ᠯᠠᠪᠳᠠᠢ ᠪᠠᠳᠤᠯᠬᠤ ᠭᠡᠷᠡᠭᠳᠡᠢ᠃      ᠬᠤᠶᠠᠷ᠂ ᠡᠯ᠎ᠠ ᠰᠤᠮᠤ ᠰᠢᠶᠠᠩ ᠪᠠᠯᠭᠠᠰᠤ ᠶᠢᠨ ᠲᠠᠶᠢᠯᠠᠯᠳᠤᠭᠠᠨ ᠤ ᠲᠤᠭᠤᠷᠢᠭ ᠤᠨ ᠵᠢᠯᠤᠭᠤᠳᠬᠤ ᠭᠠᠵᠠᠷ  ᠤᠳ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ  ᠂ ᠬᠠᠪᠰᠤᠷᠤᠨ ᠲᠡᠳᠬᠦᠬᠦ ᠺᠠᠳ᠋ᠷᠴᠤᠤᠨ ᠤᠨ ᠢᠳᠡᠪᠬᠢᠵᠢᠯ  ᠢ ᠬᠦᠢᠴᠠᠳ ᠲᠠᠶᠢᠴᠢᠯᠠᠵᠦ᠂ ᠲᠠᠳᠠᠨᠤᠰ ᠢ ᠶᠠᠳᠠᠭᠤ ᠬᠦᠴᠢᠷᠳᠠᠯᠳᠠᠢ ᠡᠷᠦᠭᠡ ᠳᠤ ᠬᠦᠨᠵᠡᠭᠡᠶᠢᠷᠡᠭᠦᠯᠵᠦ᠂ ᠡᠯ᠎ᠠ ᠵᠦᠢᠯ  ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠶᠢᠳᠠᠪᠦᠷᠢᠵᠢᠭᠤᠯᠤᠨ ᠭᠡᠷᠡᠭᠵᠢᠭᠦᠯᠦᠭᠰᠡᠨ ᠪᠠᠶᠢᠳᠠᠯ ᠢ ᠵᠦᠢᠯ ᠵᠤᠷᠪᠤᠰ ᠲᠠᠷᠠᠭᠠᠯᠠᠨ ᠡᠮᠬᠢᠯᠡᠬᠦ ᠪᠠ ᠪᠠᠶᠢᠴᠠᠭᠠᠵᠦ᠂ ᠶᠠᠳᠠᠭᠤ ᠬᠦᠴᠢᠷᠳᠠᠯᠳᠠᠢ ᠠᠷᠠᠳ ᠤᠯᠠᠨ ᠤ ᠰᠠᠳᠬᠢᠯ ᠬᠠᠨᠤᠮᠵᠢ  ᠶᠢᠨ ᠭᠡᠮᠵᠢᠶ᠎ᠠ ᠪᠠ ᠵᠦᠪᠰᠢᠶᠠᠷᠠᠨ ᠮᠡᠳᠡᠷᠡᠬᠦ ᠭᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠡᠢ  ︔ ᠬᠤᠰᠢᠭᠤᠨ ᠤ ᠰᠢᠭᠤᠤᠨ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠶᠢᠨ ᠨᠠᠪᠠᠷᠠᠯᠴᠠᠯ ᠵᠤᠬᠢᠴᠠᠯᠳᠤᠯ  ᠢᠶᠠᠨ ᠦᠷᠭᠦᠯᠵᠢᠯᠨᠨ ᠴᠢᠩᠭᠠᠷᠠᠭᠤᠯᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ᠂ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠳᠠ ᠪᠠ ᠤᠰᠤ᠂ ᠴᠠᠬᠢᠯᠭᠠᠨ᠂  ᠴᠢᠮᠡᠭᠡ ᠨᠡᠪᠳᠡᠷᠡᠯᠭᠡ ᠵᠠᠷᠭᠡ ᠰᠠᠭᠤᠷᠢ ᠲᠦᠭᠦᠭᠡᠷᠦᠮᠢ ᠶᠢᠨ ᠪᠦᠳᠦᠭᠡᠨ ᠪᠠᠶᠢᠭᠤᠯᠤᠯᠳᠠ᠂ ᠮᠦᠩᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠭᠠᠴᠠᠭ᠎ᠠ  ᠶᠢᠨ ᠬᠠᠮᠳᠤ ᠶᠢᠨ ᠠᠵᠦ ᠠᠬᠤᠢ ᠶᠢᠨ ᠪᠦᠳᠦᠭᠡᠨ ᠪᠠᠶᠢᠭᠤᠯᠤᠯᠳᠠ ᠵᠠᠷᠭᠡ ᠲᠦᠷᠦᠯ ᠵᠦᠢᠯ ᠢ ᠲᠦᠷᠭᠡᠳᠭᠡᠨ ᠲᠦᠯᠬᠢᠨ ᠠᠬᠢᠭᠤᠯᠬᠤ ᠭᠡᠷᠡᠭᠳᠡᠢ  ︔ ᠲᠤᠰᠬᠤᠨ ᠳᠤ ᠰᠠᠭᠤᠭ᠎ᠠ ᠺᠠᠳ᠋ᠷᠴᠤᠤᠨ ᠤᠨ ᠶᠠᠳᠠᠭᠤ ᠬᠦᠴᠢᠷᠳᠠᠯᠳᠠᠢ ᠡᠷᠦᠭᠡ ᠶᠢᠨ ᠤᠷᠤᠯᠭ᠎ᠠ ᠶᠢᠨ ᠪᠠᠶᠢᠳᠠᠯ ᠢ ᠨᠢᠮᠪᠡᠢ ᠲᠦᠰᠦᠪᠯᠡᠨ ᠪᠦᠷᠢᠳᠭᠡᠬᠦ ᠶᠢ ᠰᠠᠶᠢᠳᠦᠷ ᠵᠤᠬᠢᠶᠠᠨ ᠪᠠᠶᠢᠭᠤᠯᠵᠦ  ᠂ ᠲᠤᠮᠤ ᠳ᠋ᠠᠶᠢᠲᠨ ᠶᠢᠨ ᠵᠢᠯᠤᠭᠤᠳᠬᠤ ᠲᠠᠪᠴᠠᠩ ᠳᠤ ᠲᠤᠭ᠎ᠠ ᠪᠠᠷᠢᠮᠳᠠ ᠶᠢ ᠰᠢᠩᠬᠡᠬᠡᠨ ᠲᠤ ᠤᠷᠤᠭᠤᠯᠬᠤ ᠠᠵᠢᠯ ᠢ ᠵᠠᠷᠭᠡᠪᠡᠷ ᠲᠦᠯᠬᠢᠨ ᠠᠬᠢᠭᠤᠯᠬᠤ ᠭᠡᠷᠡᠭᠳᠡᠢ᠃      ᠭᠤᠷᠪᠠ᠂ ᠰᠤᠮᠤ ᠰᠢᠶᠠᠩ ᠪᠠᠯᠭᠠᠰᠤ᠂ ᠲᠤᠰᠬᠠᠢ ᠲᠦᠯᠬᠢᠨ ᠠᠬᠢᠭᠤᠯᠬᠤ ᠲᠤᠭᠤᠶᠢᠯᠠᠩ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ   ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠠᠳᠭᠡᠵᠦ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ  ᠰᠢᠪᠳᠤᠯᠬᠤ ᠠᠵᠢᠯ ᠢ ᠲᠡᠷᠢᠭᠦᠨ ᠴᠢᠬᠤᠯᠨ ᠲᠤᠮᠤ ᠶᠠᠪᠤᠳᠠᠯ ᠪᠤᠯᠭᠠᠨ ᠦᠨᠡᠨᠬᠦ ᠪᠤᠳᠠᠳᠠᠢ ᠠᠳᠬᠤᠵᠦ ᠰᠠᠶᠢᠳᠦᠷ ᠠᠳᠬᠤᠬᠤ ᠭᠡᠷᠡᠭᠳᠡᠢ᠃ ᠬᠤᠰᠢᠭᠤᠨ ᠤ ᠨᠠᠮ ᠤᠨ ᠬᠤᠷᠢᠶ᠎ᠠ  ᠬᠤᠶᠠᠷ ᠵᠦᠢᠯ ᠤᠨ ᠠᠭᠤᠯᠭ᠎ᠠ ᠶᠢ ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠬᠡᠷᠡᠭᠲᠡᠢ᠂ ᠨᠢᠭᠡ ᠳᠤ ᠬᠠᠪᠰᠤᠷᠤᠨ ᠲᠡᠳᠬᠦᠬᠦ ᠺᠠᠳ᠋ᠷ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ  ᠂ ᠨᠢᠭᠡᠳᠦᠭᠡᠷ ᠱᠦᠵᠢ ᠨᠢ ᠦᠨᠳᠦᠰᠦᠨ ᠱᠠᠳᠤᠨ ᠳᠤ ᠬᠦᠨᠵᠡᠭᠡᠶᠢᠷᠡᠨ ᠠᠵᠢᠯ ᠢᠶᠠᠨ ᠯᠠᠪᠳᠠᠭᠤᠨ ᠢᠶᠠᠷ ᠦᠷᠨᠢᠭᠦᠯᠵᠦ ᠪᠠᠶᠢᠬᠤ ᠡᠰᠡᠬᠦ ᠶᠢ ᠪᠠᠶᠢᠴᠠᠭᠠᠨ᠎ᠠ︔ ᠬᠤᠶᠠᠷ ᠲᠤ ᠠᠵᠢᠯ ᠤᠨ ᠦᠷ᠎ᠠ ᠪᠦᠳᠦᠮᠵᠢ ᠶᠢ ᠪᠠᠶᠢᠴᠠᠭᠠᠨ᠎ᠠ︔᠂ ᠵᠦᠪᠭᠡᠨ ᠦᠨᠳᠦᠰᠦᠨ ᠱᠠᠳᠤᠨ ᠳᠤ ᠪᠠᠭᠤᠭᠠᠳ ᠠᠵᠢᠯ ᠢᠶᠠᠨ ᠦᠷᠨᠢᠭᠦᠯᠬᠦ ᠦᠭᠡᠢ ᠪᠠᠶᠢᠵᠦ ᠪᠤᠯᠬᠤ ᠦᠭᠡᠢ᠂ ᠠᠵᠢᠯ ᠤᠨ ᠪᠤᠳᠠᠳᠤ ᠦᠷ᠎ᠠ ᠪᠦᠳᠦᠮᠵᠢ ᠨᠢ ᠶᠠᠮᠠᠷ ᠪᠠᠶᠢᠬᠤ᠂ ᠶᠠᠳᠠᠭᠤ ᠠᠴᠠ ᠠᠩᠬᠢᠵᠢᠷᠠᠭᠤᠯᠵᠦ ᠶᠠᠳᠠᠭᠤ ᠬᠤᠭᠤᠰᠤᠨ ᠭᠡᠰᠡᠨ ᠮᠠᠯᠠᠭᠠᠢ ᠶᠢ ᠠᠪᠴᠤ ᠬᠠᠶᠠᠬᠤ ᠪᠠᠷ ᠬᠠᠷᠠᠯᠳᠠ ᠪᠤᠯᠭᠠᠵᠦ ᠪᠠᠶᠢᠭᠠᠳ ᠠᠵᠢᠯ ᠤᠨ ᠠᠮᠵᠢᠯᠳᠠ ᠪᠦᠳᠦᠮᠵᠢ ᠶᠢ ᠨᠢ ᠪᠠᠶᠢᠴᠠᠭᠠᠵᠦ᠂ ᠶᠠᠳᠠᠭᠤ ᠬᠦᠴᠢᠷᠳᠠᠯᠳᠠᠢ ᠡᠷᠦᠭᠡ ᠤᠳ ᠢ ᠡᠳᠡᠭᠡᠷ ᠠᠷᠭ᠎ᠠ ᠠᠪᠴᠠᠯ ᠢᠶᠠᠷ ᠲᠠᠮᠵᠢᠭᠤᠯᠤᠨ ᠦᠨᠡᠨᠬᠦ ᠶᠠᠳᠠᠭᠤ ᠠᠴᠠ ᠠᠩᠬᠢᠵᠢᠷᠠᠭᠤᠯᠬᠤ ᠶᠢ ᠪᠠᠶᠡᠯᠡᠭᠦᠯᠵᠦ ᠴᠢᠳᠠᠬᠤ ᠡᠰᠡᠬᠦ ᠶᠢ ᠨᠢ ᠪᠠᠶᠢᠴᠠᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号