ᠮᠠᠨ ᠤ ᠬᠤᠰᠢᠭᠤ 2017 ᠤᠨ ᠤ ᠰᠢᠨ᠎ᠡ ᠴᠡᠷᠢᠭ ᠢ ᠦᠳᠡᠬᠦ ᠶᠤᠰᠤᠯᠠᠯ ᠬᠢᠪᠡ
ᠨᠡᠶᠢᠲᠡᠯᠡᠭᠰᠡᠨ ᠴᠠᠭ᠄
2017/9/26
    9 ᠰᠠᠷ᠎ᠠ ᠶᠢᠨ 12 ᠤ ᠡᠳᠦᠷ᠂ ᠮᠠᠨ ᠤ ᠬᠤᠰᠢᠭᠤ 2017 ᠣᠨ ᠤ ᠰᠢᠨ᠎ᠡ ᠴᠡᠷᠢᠭ ᠢ ᠦᠳᠡᠬᠦ ᠶᠣᠰᠣᠯᠠᠯ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠤᠰᠢᠭᠤᠨ ᠤ ᠵᠠᠰᠠᠭ ᠤᠨ ᠣᠷᠳᠣᠨ  ᠤ ᠪᠠᠶᠢᠩᠭᠤ ᠶᠢᠨ ᠳᠡᠳ᠋ ᠳᠠᠷᠤᠭ᠎ᠠ ᠯᠢᠶᠠᠩ ᠶᠦᠩ ᠰᠠᠨ ᠬᠤᠷᠠᠯ ᠳᠤ ᠣᠷᠣᠯᠴᠠᠪᠠ᠃     ᠦᠳᠡᠬᠦ ᠶᠣᠰᠣᠯᠠᠯ ᠳᠡᠭᠡᠷ᠎ᠡ᠂ ᠯᠢᠶᠠᠩ ᠶᠥᠩ ᠰᠠᠨ ᠳᠡᠰ ᠳᠡᠰ ᠢᠶᠠᠷ ᠰᠣᠩᠭᠤᠨ ᠭᠠᠷᠭᠠᠭᠰᠠᠨ 34 ᠨᠡᠷᠡᠰ ᠰᠢᠨ᠎ᠡ ᠴᠡᠷᠢᠭ ᠲᠤ ᠪᠠᠶᠠᠷ ᠬᠦᠷᠬᠡᠬᠦ ᠶᠢᠨ ᠬᠠᠮᠳᠣ᠂ ᠰᠢᠨ᠎ᠡ ᠴᠡᠷᠢᠭ ᠤᠳ ᠢ ᠬᠦᠴᠢᠷ ᠠᠴᠠ ᠠᠶᠣᠬᠤ ᠦᠭᠡᠢ᠂ ᠶᠠᠳᠠᠷᠠᠬᠤ ᠠᠴᠠ ᠵᠢᠷᠦᠬᠡᠰᠢᠶᠡᠬᠦ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠵᠣ᠂ ᠨᠡᠶᠢᠭᠡᠮ ᠤᠨ ᠵᠠᠯᠠᠭᠤᠴᠣᠳ ᠪᠠᠶᠢᠭᠰᠠᠨ ᠠᠴᠠ ᠪᠠᠨ ᠡᠷᠳᠡ ᠨᠢᠭᠡᠨ ᠡᠳᠦᠷ ᠨᠢᠭᠡᠨ ᠬᠢᠷᠢ ᠲᠡᠩᠴᠡᠭᠰᠡᠨ ᠴᠡᠷᠢᠭ ᠬᠦᠮᠦᠨ ᠪᠣᠯᠵᠣ᠂ ᠴᠡᠷᠢᠭ ᠬᠦᠮᠦᠨ  ᠤ ᠡᠭᠦᠷᠭᠡ ᠬᠠᠷᠢᠭᠤᠴᠠᠯᠭ᠎ᠠ᠂ ᠴᠡᠷᠢᠭ ᠬᠦᠮᠦᠨ ᠤ ᠢᠷᠠᠭᠤ ᠠᠯᠳᠠᠷ ᠢᠶᠠᠨ ᠪᠠᠳᠣ ᠴᠡᠭᠡᠵᠢᠯᠡᠵᠦ᠂ ᠣᠷᠭᠢᠯᠣᠮ᠎ᠠ ᠬᠠᠯᠠᠭᠤᠨ ᠰᠡᠳᠬᠢᠯᠭᠡ ᠪᠠᠷ ᠴᠡᠷᠢᠭ ᠤᠨ ᠬᠤᠸᠠᠷᠠᠨ ᠤ ᠠᠮᠢᠳᠣᠷᠠᠯ ᠢᠶᠠᠨ ᠬᠢᠵᠦ᠂ ᠵᠢᠯᠣᠭᠤᠳᠣᠯᠭ᠎ᠠ ᠶᠢ ᠳᠠᠭᠠᠵᠣ᠂ ᠰᠢᠷᠭᠠᠭᠤ ᠬᠠᠳᠠᠭᠤᠵᠢᠯᠳᠠᠢ ᠪᠣᠯᠪᠠᠰᠣᠷᠠᠵᠣ᠂ ᠪᠣᠳᠠᠳᠠᠢ ᠦᠢᠯᠡ ᠠᠵᠢᠯᠯᠠᠭ᠎ᠠ ᠪᠠᠷ ᠢᠶᠠᠨ ᠭᠡᠷ ᠣᠷᠣᠨ ᠳᠠᠭᠠᠨ ᠦᠩᠭᠡ ᠭᠡᠷᠡᠯ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号