ᠰᠤᠷᠭᠠᠨ ᠬᠥᠮᠤᠵᠢᠯ ᠤᠨ ᠶᠠᠮᠤᠨ ᠰᠠᠨᠠᠯ ᠲᠠᠷᠤᠮᠠᠯᠯᠠᠨ ᠲᠠᠷᠬᠠᠭᠠᠵᠤ ᠵᠡᠬᠦᠨ ᠬᠡᠰᠡᠭ ᠤᠨ ᠲᠡᠭᠡᠳᠤ ᠰᠤᠷᠭᠠᠭᠤᠯᠢ  ᠶᠢᠨ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠲᠡᠭᠡᠳᠤ ᠰᠤᠷᠭᠠᠭᠤᠯᠢ ᠠᠴᠠ ᠴᠢᠳᠠᠪᠤᠷᠢᠳᠠᠨ ᠤᠷᠤᠭᠤᠯᠬᠤ ᠶᠢ ᠵᠤᠷᠢᠬᠵᠢᠭᠤᠯᠬᠤ ᠦᠭᠡᠢ ᠭᠡᠵᠠᠢ
ᠨᠡᠶᠢᠲᠡᠯᠡᠭᠰᠡᠨ ᠴᠠᠭ᠄
2017/9/26
   ᠲᠦᠷᠤᠬᠦᠭᠡᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠤᠷᠭᠠᠨ ᠬᠥᠮᠤᠵᠢᠯ ᠤᠨ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ《ᠰᠢᠭᠤᠳ ᠬᠠᠷᠢᠶ᠎ᠠ ᠲᠡᠭᠡᠳᠤ ᠰᠤᠷᠭᠠᠭᠤᠯᠢ ᠶᠢᠨ ᠲᠡᠭᠡᠳᠤ ᠲᠡᠰ ᠲᠠᠪᠬᠤᠷᠭ᠎ᠠ ᠶᠢᠨ ᠴᠢᠳᠠᠪᠤᠷᠢᠳᠠᠨ ᠤ ᠬᠥᠭᠵᠢᠯᠳᠡ ᠶᠢ ᠲᠦᠷᠭᠡᠳᠭᠡᠬᠦ ᠲᠤᠬᠠᠢ ᠵᠢᠯᠤᠭᠤᠳᠬᠤ ᠰᠠᠨᠠᠯ》 ︵ᠲᠤᠷᠤᠬᠰᠢ《ᠰᠠᠨᠠᠯ》ᠭᠡᠵᠤ ᠲᠤᠪᠴᠢᠯᠠᠨ᠎ᠠ︶ ᠲᠠᠷᠤᠮᠠᠯᠯᠠᠨ ᠲᠠᠷᠬᠠᠭᠠᠵᠤ᠂ ᠲᠡᠭᠡᠳᠤ ᠲᠡᠰ ᠲᠠᠪᠬᠤᠷᠭ᠎ᠠ ᠶᠢᠨ ᠴᠢᠳᠠᠪᠤᠷᠢᠳᠠᠨ ᠤ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠲᠡᠭᠡᠳᠤ ᠰᠤᠷᠭᠠᠭᠤᠯᠢ ᠳᠤ ᠤᠴᠢᠵᠤ ᠠᠵᠢᠯᠯᠠᠬᠤ ᠶᠢ ᠵᠤᠷᠢᠬᠵᠢᠭᠤᠯᠤᠨ᠂ ᠵᠡᠬᠦᠨ ᠭᠡᠰᠡᠭ ᠤᠨ ᠲᠡᠭᠡᠳᠤ  ᠰᠤᠷᠭᠠᠭᠤᠯᠢ ᠶᠢᠨ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠲᠡᠭᠡᠳᠤ ᠰᠤᠷᠭᠠᠭᠤᠯᠢ ᠠᠴᠠ ᠴᠢᠳᠠᠪᠤᠷᠢᠳᠠᠨ ᠤᠷᠤᠭᠤᠯᠬᠤ ᠶᠢ ᠵᠤᠷᠢᠬᠵᠢᠭᠤᠯᠬᠤ ᠦᠭᠡᠢ᠂ ᠵᠡᠬᠦᠨ ᠭᠡᠰᠡᠭ ᠤᠨ ᠲᠡᠭᠡᠳᠤ ᠰᠤᠷᠭᠠᠭᠤᠯᠢ ᠶᠢᠨ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠲᠡᠭᠡᠳᠤ ᠰᠤᠷᠭᠠᠭᠤᠯᠢ ᠳᠤ ᠴᠢᠳᠠᠪᠤᠷᠢᠳᠠᠨ ᠬᠥᠷᠭᠡᠬᠦ ᠶᠢ ᠲᠡᠮᠵᠢᠵᠤ᠂ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠭᠠᠵᠠᠷ ᠤᠷᠤᠨ ᠳᠤ ᠴᠢᠳᠠᠪᠤᠷᠢᠳᠠᠨ ᠤᠷᠤᠭᠤᠯᠵᠤ ᠴᠢᠳᠠᠪᠤᠷᠢᠳᠠᠨ ᠬᠥᠮᠤᠵᠢᠬᠦᠯᠬᠦ ᠳᠤ ᠬᠠᠪᠰᠤᠷᠤᠯᠭ᠎ᠠ ᠦᠵᠡᠬᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃      《ᠮᠡᠳᠡᠭᠳᠡᠯ》 ᠳᠤ᠂ ᠴᠢᠳᠠᠪᠤᠷᠢᠳᠠᠨ ᠤ ᠰᠢᠯᠵᠢᠨ ᠶᠠᠪᠤᠬᠤ ᠵᠦᠪ ᠤᠳᠤᠷᠢᠳᠤᠮᠵᠢ   ᠶᠢ  ᠪᠠᠷᠢᠮᠳᠠᠯᠠᠨ᠂ ᠬᠥᠯᠤᠰᠤ ᠤᠯᠭᠤᠮᠵᠢ᠂ ᠲᠤᠰᠢᠶᠠᠯ᠂ ᠮᠡᠷᠭᠡᠵᠢᠯ ᠤᠨ ᠴᠤᠯᠠ ᠲᠡᠪᠰᠢᠬᠦ ᠵᠡᠷᠭᠡ ᠲᠠᠯ᠎ᠠ ᠪᠠᠷ ᠭᠡᠯᠪᠡᠶᠢᠯᠭᠡᠬᠦ ᠲᠦᠷᠤ ᠶᠢᠨ ᠪᠤᠳᠤᠯᠭ᠎ᠠ ᠠᠪᠴᠤ᠂ ᠲᠡᠭᠡᠳᠤ ᠲᠡᠰ ᠲᠠᠪᠬᠤᠷᠭ᠎ᠠ ᠶᠢᠨ ᠴᠢᠳᠠᠪᠤᠷᠢᠳᠠᠨ ᠤ ᠲᠤᠮᠳᠠ ᠪᠠᠷᠠᠭᠤᠨ ᠬᠡᠰᠡᠭ ᠪᠠ ᠵᠡᠬᠦᠨ ᠬᠤᠶᠢᠳᠤ ᠶᠢᠨ ᠲᠡᠭᠡᠳᠤ ᠰᠤᠷᠭᠠᠭᠤᠯᠢ ᠲᠡᠰᠢ ᠰᠢᠯᠵᠢᠬᠦ ᠶᠢ ᠬᠥᠳᠤᠯᠤᠨ ᠵᠢᠯᠤᠭᠤᠳᠬᠤ ᠬᠡᠷᠡᠭᠳᠠᠢ ᠭᠡᠵᠤ ᠵᠢᠭᠠᠵᠤ ᠭᠠᠷᠭᠠᠪᠠ᠃      《ᠰᠠᠨᠠᠯ》 ᠳᠤ᠂ 2020 ᠤᠨ ᠪᠤᠯᠬᠤ ᠳᠤ ᠲᠡᠭᠡᠳᠤ ᠲᠡᠰ ᠲᠠᠪᠬᠤᠷᠭ᠎ᠠ ᠶᠢᠨ ᠴᠢᠳᠠᠪᠤᠷᠢᠳᠠᠨ ᠤ ᠡᠩᠨᠡᠭᠡ ᠶᠢᠨ ᠬᠡᠪᠴᠢᠶ᠎ᠡ᠂ ᠪᠦᠳᠤᠴᠡ ᠪᠠ ᠶᠠᠰᠤ ᠴᠢᠨᠠᠷ ᠢ ᠠᠵᠢᠯ ᠦᠢᠯᠡᠰ ᠤᠨ ᠬᠥᠭᠵᠢᠯᠳᠡ ᠶᠢᠨ ᠬᠡᠷᠡᠭᠴᠭᠡ ᠳᠤ ᠵᠤᠬᠢᠴᠠᠭᠤᠯᠵᠤ᠂ ᠰᠢᠨ᠎ᠠ ᠶᠢ ᠡᠬᠦᠳᠬᠦ ᠪᠠᠷ ᠬᠥᠭᠵᠢᠯᠳᠡ ᠶᠢᠨ ᠬᠥᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠪᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠳᠡ ᠶᠢ ᠠᠬᠢᠭᠤᠯᠬᠤ ᠶᠢᠨ ᠵᠢᠱᠢᠶ᠎ᠡ ᠦᠵᠡᠬᠦᠯᠵᠤ ᠬᠥᠳᠤᠯᠤᠨ ᠲᠠᠭᠠᠭᠤᠯᠬᠤ ᠦᠢᠯᠡᠳᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠪᠠ ᠲᠡᠯᠡᠭᠡᠢ ᠲᠡᠭᠡᠷ᠎ᠡ ᠦᠷᠢᠰᠤᠯᠳᠤᠬᠦ ᠬᠥᠴᠤᠨ ᠲᠠᠢ ᠲᠡᠭᠡᠳᠤ ᠰᠤᠷᠭᠠᠭᠤᠯᠢ ᠶᠢᠨ ᠴᠢᠳᠠᠪᠤᠷᠢᠳᠠᠨ ᠤ ᠲᠦᠷᠢᠮ ᠤᠨ ᠰᠢᠰᠲ᠋ᠧᠮ ᠪᠠ ᠬᠥᠭᠵᠢᠯᠳᠡ ᠶᠢᠨ ᠤᠷᠴᠢᠨ ᠨᠦᠬᠦᠴᠡᠯ   ᠢ  ᠪᠤᠢ ᠪᠤᠯᠭᠠᠬᠤ ᠶᠢ ᠲᠦᠯᠬᠢᠨ ᠠᠬᠢᠭᠤᠯᠬᠤ ᠬᠡᠷᠡᠭᠳᠠᠢ ᠭᠡᠵᠤ ᠲᠤᠷᠠᠳᠪᠠ᠃              《ᠰᠠᠨᠠᠯ》 ᠳᠤ ᠪᠠᠰᠠ᠂ ᠬᠤᠶᠢᠰᠢᠳᠡ ᠰᠢᠭᠤᠳ ᠬᠠᠷᠢᠶ᠎ᠠ ᠲᠡᠭᠡᠳᠤ ᠰᠤᠷᠭᠠᠭᠤᠯᠢ ᠤᠯᠤᠰ ᠤᠨ ᠭᠠᠳᠠᠭᠠᠳᠤ ᠠᠴᠠ ᠴᠢᠳᠠᠪᠤᠷᠢᠳᠠᠨ ᠤᠷᠤᠭᠤᠯᠵᠤ ᠠᠪᠴᠢᠷᠠᠬᠤ ᠳᠠᠭᠠᠨ《ᠲᠡᠭᠡᠳᠤ  ᠲᠡᠰ ᠴᠠᠭᠠᠷᠠᠭᠰᠠᠨ ᠤᠷᠤᠶᠢᠯᠠᠭᠰᠠᠨ ᠲᠤᠳᠠᠮᠠᠭ》ᠭᠡᠬᠦ ᠤᠳᠤᠷᠢᠳᠤᠮᠵᠢ ᠶᠢ ᠲᠤᠪᠤᠶᠢᠯᠭᠠᠨ᠂ ᠲᠡᠷᠢᠬᠦᠨ ᠤ ᠶᠡᠭᠡ ᠰᠤᠷᠭᠠᠭᠤᠯᠢ ᠪᠠ ᠲᠡᠷᠢᠬᠦᠨ ᠤ ᠰᠢᠨᠵᠢᠯᠡᠭᠡᠨ ᠤ ᠰᠠᠯᠠᠭ᠎ᠠ》 ᠶᠢᠨ ᠪᠠᠶᠢᠭᠤᠯᠤᠯᠳᠡ ᠲᠠᠢ ᠤᠶᠠᠯᠳᠤᠭᠤᠯᠵᠤ᠂ ᠲᠡᠯᠡᠭᠡᠢ ᠶᠢᠨ ᠡᠷᠳᠡᠮ ᠰᠢᠨᠵᠢᠯᠡᠭᠡᠨ ᠤ ᠡᠮᠤᠨ᠎ᠡ ᠵᠠᠬ᠎ᠠ ᠳᠤ ᠭᠠᠪᠰᠢᠭᠠᠶᠢᠯᠠᠵᠤ ᠪᠠᠶᠢᠭ᠎ᠠ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢ ᠬᠠᠩᠭᠠᠵᠤ ᠴᠢᠳᠠᠬᠤ ᠲᠡᠷᠢᠬᠦᠨ ᠤ ᠰᠢᠨᠵᠢᠯᠡᠬᠦ ᠤᠬᠠᠭᠠᠨᠳᠠᠨ᠂ ᠡᠷᠳᠡᠮ ᠰᠢᠨᠵᠢᠯᠡᠭᠡᠨ ᠤ ᠲᠠᠭᠠᠭᠤᠯᠤᠭᠴᠢ ᠪᠠ ᠰᠢᠨ᠎ᠠ ᠶᠢ ᠡᠬᠦᠳᠬᠦ ᠪᠦᠯᠬᠦᠮ᠂ ᠲᠡᠭᠡᠳᠤ ᠲᠡᠰ ᠲᠠᠪᠬᠤᠷᠭ᠎ᠠ   ᠶᠢᠨ ᠵᠠᠯᠠᠭᠤ ᠴᠢᠳᠠᠪᠤᠷᠢᠳᠠᠨ ᠪᠠ ᠪᠠᠴᠢᠮ ᠬᠡᠷᠡᠭᠴᠡᠭᠡ ᠲᠠᠢ ᠲᠤᠳᠠᠭᠳᠠᠵᠤ ᠪᠠᠶᠢᠭ᠎ᠠ ᠵᠠᠯᠠᠭᠤ ᠲᠤᠰᠬᠠᠢ ᠴᠢᠳᠠᠪᠤᠷᠢᠳᠠᠨ ᠢ  ᠭᠤᠤᠯᠳᠠᠯᠭ᠎ᠠ ᠲᠠᠢ ᠤᠷᠤᠭᠤᠯᠵᠤ ᠠᠪᠴᠢᠷᠠᠬᠤ ᠬᠡᠷᠡᠭᠳᠠᠢ ᠭᠡᠵᠤ ᠱᠠᠭᠠᠷᠳᠠᠪᠠ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号