︽  ᠡᠸ᠋ᠨᠩᠬᠢ ᠬᠤᠰᠢᠭᠤᠨ ᠤ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠳᠦᠷᠢᠮ ᠤᠨ ᠬᠡᠷᠡᠭᠵᠢᠬᠦᠯᠦᠯᠲᠡ  ᠶᠢᠨ  ᠲᠦᠰᠦᠯ ︾  ᠢ  ᠳᠠᠷᠣᠮᠠᠯᠯᠠᠨ    ᠲᠠᠷᠬᠠᠭᠠᠬᠤ  ᠲᠣᠬᠠᠢ  ᠮᠡᠳᠡᠭᠳᠡᠯ
ᠨᠡᠶᠢᠲᠡᠯᠡᠭᠰᠡᠨ ᠴᠠᠭ᠄
2018/1/23
                           ᠡᠸ᠋ᠨᠩᠬᠢ ᠵᠠᠰᠠᠭ ᠠᠯᠪᠠᠨ ᠦᠰᠦᠭᠲᠦ ﹇2017﹈ 216 ᠳ᠋ᠣᠭᠠᠷ ᠲᠣᠭᠠᠳᠣᠡᠯ᠎ᠡ ᠬᠤᠯᠪᠣᠭᠳᠠᠯ ᠪᠦᠬᠦᠢ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄      ᠡᠳᠦᠭᠡ ︽ ᠡᠸ᠋ᠨᠩᠬᠢ ᠬᠤᠰᠢᠭᠤᠨ ᠤ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠳᠦᠷᠢᠮ ᠤᠨ ᠬᠡᠷᠡᠭᠵᠢᠬᠦᠯᠦᠯᠲᠡ ᠶᠢᠨ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠨᠢᠮᠪᠠᠢ ᠲᠣᠣᠱᠯᠠᠭᠤᠯᠣᠨ ᠬᠡᠷᠡᠭᠵᠢᠬᠦᠯᠳᠦᠭᠡᠢ᠃      ᠡᠬᠦᠨ ᠤ ᠲᠣᠯᠠ ᠮᠡᠳᠡᠭᠳᠡᠪᠡ                             2017 ᠣᠨ ᠤ 11 ᠰᠠᠷ᠎ᠠ ᠶᠢᠨ 6 ᠤ ᠡᠳᠦᠷ ︵ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶              ᠡᠸ᠋ᠨᠩᠬᠢ ᠬᠤᠰᠢᠭᠤᠨ ᠤ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ              ᠦᠭᠬᠦ   ᠳᠦᠷᠢᠮ   ᠤᠨ    ᠬᠡᠷᠡᠭᠵᠢᠬᠦᠯᠦᠯᠲᠡ   ᠶᠢᠨ    ᠲᠦᠰᠦᠯ       ᠬᠦᠯᠦᠨ ᠪᠣᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠦᠭᠵᠢᠬᠦᠯᠦᠯᠲᠡ ᠬᠢᠬᠡᠳ ᠦᠭᠡᠷᠡᠴᠢᠯᠡᠯᠲᠡ  ᠶᠢᠨ ᠵᠦᠪᠯᠡᠯ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠶᠢᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠡᠷᠳᠡᠨᠢ ᠰᠢᠰᠢ ᠪᠠ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠭᠦ ᠲᠦᠷᠦ ᠶᠢᠨ ᠪᠣᠳᠣᠯᠭ᠎ᠠ ᠶᠢ ᠲᠣᠭᠢᠷᠠᠭᠤᠯᠣᠨ ᠲᠡᠭᠦᠯᠳᠡᠷᠵᠢᠬᠦᠯᠬᠦ︾ ᠲᠣᠬᠠᠢ ᠮᠡᠳᠡᠭᠳᠡᠯ ︵ᠬᠦᠯᠦᠨ ᠡᠳ᠋ ᠠᠷᠠᠯᠵᠢᠶ᠎ᠠ ﹇2017﹈ 802 ᠳ᠋ᠣᠭᠠᠷ ᠲᠣᠭᠠᠳᠣ︶ ᠢ ᠣᠯᠠᠮᠵᠢᠯᠠᠨ ᠲᠠᠷᠬᠠᠭᠠᠬᠤ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠳᠣ ᠪᠠᠶᠢᠳᠠᠯ ᠲᠠᠢ  ᠢᠶᠠᠨ ᠣᠶᠠᠯᠳᠣᠭᠤᠯᠣᠨ᠂ ᠲᠣᠰ ᠬᠡᠷᠡᠭᠵᠢᠬᠦᠯᠦᠯᠲᠡ ᠶᠢᠨ ᠲᠦᠰᠦᠯ ᠢ ᠲᠣᠭᠲᠠᠭᠠᠪᠠ᠃      ᠨᠢᠬᠡ᠂ ᠶᠡᠷᠥᠩᠬᠡᠢ ᠴᠣᠭᠴᠠ ᠶᠢᠨ ᠱᠠᠭᠠᠷᠳᠠᠯᠭ᠎ᠠ      ︵ ᠨᠢᠬᠡ︶ ᠶᠡᠷᠥᠩᠬᠡᠢ ᠴᠣᠭᠴᠠ ᠶᠢᠨ ᠰᠡᠳᠬᠢᠴᠡ     ᠡᠷᠳᠡᠨᠢ ᠰᠢᠰᠢ ᠲᠠᠷᠢᠭᠰᠠᠳ ᠲᠤ ᠨᠦᠬᠦᠪᠦᠷᠢ ᠦᠭᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠬᠦᠯᠵᠦ᠂ 2017 ᠣᠨ   ᠠᠴᠠ ᠡᠬᠢᠯᠡᠨ ᠣᠣᠯ ᠤᠨ ᠰᠢᠷ᠎ᠠ ᠪᠣᠷᠴᠠᠭ ᠤᠨ ᠬᠠᠷᠠᠯᠳᠠᠳᠣ ᠦᠨ᠎ᠡ ᠶᠢᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠲᠣᠬᠢᠷᠠᠭᠤᠯᠣᠨ ᠰᠢᠷ᠎ᠠ ᠪᠣᠷᠴᠠᠭ ᠢ ᠵᠠᠬ᠎ᠠ ᠳᠡᠯᠭᠡᠭᠦᠷᠴᠢᠯᠡᠨ ᠬᠤᠳᠠᠯᠳᠣᠨ ᠠᠪᠬᠤ ᠶᠢ ᠬᠡᠷᠡᠭᠵᠢᠬᠦᠯᠵᠦ᠂ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠳᠦᠷᠢᠮ ᠢ ᠪᠠᠶᠢᠭᠤᠯᠵᠣ᠂ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠶᠢᠨ ᠬᠠᠮᠳᠣ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠲᠠᠷᠬᠠᠭᠠᠬᠤ ᠶᠢ ᠡᠷᠳᠡᠨᠢ ᠰᠢᠰᠢ ᠲᠠᠷᠢᠭᠰᠠᠳ ᠲᠤ ᠨᠦᠬᠦᠪᠦᠷᠢ ᠲᠠᠷᠬᠠᠭᠠᠬᠤ ᠠᠷᠭ᠎ᠠ ᠵᠠᠮ ᠳᠤ ᠣᠷᠣᠭᠤᠯᠵᠣ᠂ ᠨᠦᠬᠦᠪᠦᠷᠢᠯᠡᠬᠦ ᠲᠣᠭᠲᠠᠴᠠ ᠶᠢ ᠬᠠᠷᠢᠯᠴᠠᠨ ᠵᠣᠯᠭᠤᠯᠳᠣᠭᠤᠯᠬᠤ ᠶᠢ ᠪᠡᠶᠡᠯᠡᠬᠦᠯᠦᠨ᠎ᠡ᠃      ︵ ᠬᠤᠶᠠᠷ︶ ᠦᠨᠳᠦᠰᠦᠨ ᠵᠠᠷᠴᠢᠮ     ᠵᠠᠬ᠎ᠠ ᠳᠡᠯᠭᠡᠭᠦᠷ ᠤᠨ ᠲᠣᠬᠢᠷᠠᠭᠤᠯᠣᠯᠲᠠ ᠪᠠᠷ ᠰᠢᠷ᠎ᠠ ᠪᠣᠷᠴᠠᠭ ᠤᠨ ᠦᠨ᠎ᠡ ᠬᠠᠩᠰᠢ ᠶᠢ ᠲᠣᠭᠲᠠᠭᠠᠵᠣ᠂ ᠦᠨ᠎ᠡ ᠬᠠᠩᠰᠢ ᠪᠠ ᠡᠳ᠋ ᠤᠨ ᠵᠠᠰᠠᠭ ᠤᠨ ᠨᠦᠬᠦᠪᠦᠷᠢ ᠶᠢᠨ ᠦᠢᠯᠡᠳᠪᠦᠷᠢᠯᠡᠯ ᠤᠨ ᠲᠣᠬᠢᠷᠠᠭᠤᠯᠣᠯᠲᠠ ᠳᠤ ᠬᠦᠲᠦᠴᠢ ᠦᠵᠡᠬᠦᠯᠬᠦ ᠦᠢᠯᠡᠳᠦᠯ ᠢ ᠬᠦᠢᠴᠡᠳ ᠪᠠᠳᠠᠷᠠᠭᠤᠯᠵᠣ᠂ ᠴᠢᠨᠠᠷ ᠰᠠᠶᠢᠲᠠᠢ ᠦᠨ᠎ᠡ ᠬᠠᠩᠰᠢ ᠨᠢ ᠲᠣᠬᠢᠷᠠᠮᠵᠢᠲᠠᠢ ᠪᠠᠶᠢᠬᠤ  ᠶᠢ ᠬᠠᠷᠠᠭᠤᠯᠣᠨ᠎ᠠ᠃ ᠲᠠᠷᠢᠭᠰᠠᠨ ᠲᠠᠯᠠᠪᠠᠢ ᠪᠠ ᠤᠨᠠᠯᠲᠠ ᠶᠢ ᠶᠡᠷᠥᠩᠬᠡᠶᠢᠯᠡᠨ ᠪᠣᠳᠣᠯᠬᠢᠯᠠᠵᠣ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠬᠢᠬᠦ ᠶᠢ ᠲᠦᠯᠬᠢᠨ ᠠᠬᠢᠭᠤᠯᠣᠨ᠎ᠠ᠃ ᠨᠦᠬᠦᠪᠦᠷᠢᠯᠡᠬᠦ ᠳᠤ ᠪᠠᠷᠢᠮᠵᠢᠶ᠎ᠠ ᠨᠢ ᠲᠣᠳᠣᠷᠬᠠᠢ᠂ ᠠᠵᠢᠯᠯᠠᠬᠤ ᠴᠣᠪᠣᠷᠠᠯ ᠨᠢ ᠵᠢᠷᠣᠮᠵᠢᠭᠰᠠᠨ᠂ ᠬᠡᠷᠡᠭᠵᠢᠬᠦᠯᠬᠦ ᠳᠡᠰ ᠳᠠᠷᠠᠭᠠᠯᠠᠯ ᠨᠢ ᠢᠯᠡ ᠲᠣᠳᠣ ᠪᠠᠶᠢᠬᠤ ᠶᠢ ᠪᠡᠶᠡᠯᠡᠬᠦᠯᠵᠦ᠂ ︽ ᠨᠢᠬᠡ ᠺᠠᠷᠲ ᠢᠶᠠᠷ ᠦᠭᠬᠦ︾ ᠰᠢᠰᠲ᠋ᠧᠮ ᠢ ᠬᠦᠢᠴᠡᠳ ᠠᠰᠢᠭᠯᠠᠵᠣ᠂ ᠨᠡᠶᠢᠬᠡᠮ ᠤᠨ ᠬᠢᠨᠠᠯᠲᠠ ᠲᠠᠯᠪᠢᠯᠲᠠ ᠶᠢ ᠣᠬᠠᠮᠰᠠᠷ ᠠᠴᠠ ᠪᠠᠨ ᠬᠦᠯᠢᠶᠡᠨ ᠠᠪᠬᠤ ᠪᠣᠯᠣᠨ᠎ᠠ᠃    ᠬᠤᠶᠠᠷ᠂ ᠭᠤᠣᠯ ᠠᠭᠤᠯᠭ᠎ᠠ    ︵ ᠨᠢᠬᠡ︶ ᠨᠦᠬᠦᠪᠦᠷᠢᠯᠡᠬᠦ ᠬᠡᠪᠴᠢᠶ᠎ᠡ᠂ ᠡᠳᠡᠭᠡᠳ ᠵᠢᠴᠢ ᠡᠰᠢ ᠪᠠᠷᠢᠮᠳᠠ    1. ᠨᠦᠬᠦᠪᠦᠷᠢᠯᠡᠬᠦ ᠬᠡᠪᠴᠢᠶ᠎ᠡ᠃ ᠪᠦᠬᠦ ᠬᠤᠰᠢᠭᠤᠨ ᠤ ᠰᠢᠷ᠎ᠠ ᠪᠣᠷᠴᠠᠭ ᠲᠠᠷᠢᠭᠰᠠᠳ ᠲᠤ︔    2. ᠨᠦᠬᠦᠪᠦᠷᠢᠯᠡᠬᠦ ᠡᠳᠡᠭᠡᠳ᠃ ᠬᠠᠣᠯᠢ ᠶᠣᠰᠣᠨ ᠤ ᠲᠠᠷᠢᠶᠠᠨ ᠭᠠᠵᠠᠷ ︵ᠳᠠᠷᠣᠢ ᠬᠠᠣᠯᠢ ᠶᠣᠰᠣᠨ ᠤ ᠳᠡᠰ ᠳᠠᠷᠠᠭᠠᠯᠠᠯ ᠢᠶᠠᠷ ᠬᠠᠣᠯᠢ ᠶᠣᠰᠣᠭᠠᠷ ᠡᠵᠡᠩᠨᠡᠬᠦ ᠡᠷᠭᠡ ᠶᠢ ᠣᠯᠣᠭᠰᠠᠳ︶ ᠲᠤ ᠰᠢᠷ᠎ᠠ ᠪᠣᠷᠴᠠᠭ ᠲᠠᠷᠢᠭᠰᠠᠳ ︵ᠲᠣᠰ ᠭᠠᠵᠠᠷ ᠤᠨ ᠲᠠᠷᠢᠶᠠᠴᠢᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠲᠣᠰᠬᠠᠢ ᠬᠤᠷᠰᠢᠶᠠᠵᠢᠯ᠂ ᠭᠠᠳᠠᠨ᠎ᠠ ᠠᠴᠠ ᠢᠷᠡᠵᠦ ᠬᠠᠣᠯᠢ ᠶᠣᠰᠣᠭᠠᠷ ᠭᠠᠵᠠᠷ ᠲᠦᠷᠢᠶᠡᠰᠦᠯᠡᠨ ᠰᠢᠷ᠎ᠠ ᠪᠣᠷᠴᠠᠭ ᠲᠠᠷᠢᠭᠴᠢ ᠵᠡᠷᠭᠡ ᠶᠢ ᠪᠠᠭᠳᠠᠭᠠᠨ᠎ᠠ︶᠃ ᠭᠠᠵᠠᠷ ᠰᠢᠷᠣᠢ ᠶᠢᠨ ᠦᠮᠴᠢᠯᠡᠯ ᠤᠨ ᠡᠷᠬᠡ ᠪᠠᠨ  ᠡᠷᠭᠢᠯᠳᠦᠭᠦᠯᠦᠭᠰᠡᠳ ᠤᠨ ᠨᠦᠬᠦᠪᠦᠷᠢ ᠶᠢᠨ ᠪᠡᠯᠡ ᠮᠦᠩᠬᠦ ᠶᠢ ᠪᠣᠳᠠᠳᠠᠢ ᠰᠢᠷ᠎ᠠ ᠪᠣᠷᠴᠠᠭ ᠲᠠᠷᠢᠭᠰᠠᠳ ᠲᠤᠨᠢ ᠲᠠᠷᠬᠠᠭᠠᠨ ᠦᠭᠬᠦᠨ᠎ᠡ᠂ ᠬᠡᠷᠪᠡ ᠭᠠᠵᠠᠷ ᠰᠢᠷᠣᠢ ᠳᠠᠭᠠᠭᠠᠴᠢᠯᠠᠭᠴᠢ ᠨᠢ ᠨᠦᠬᠦᠪᠦᠷᠢ ᠶᠢᠨ ᠪᠡᠯᠡ ᠮᠦᠩᠬᠦ ᠶᠢ ᠠᠪᠬᠤ ᠳᠤ ᠬᠦᠷᠪᠡᠯ᠂ ᠬᠤᠯᠪᠣᠭᠳᠠᠯ ᠪᠦᠬᠦᠢ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠴᠢ ᠶᠢ ᠬᠦᠲᠦᠯᠦᠨ ᠵᠢᠯᠣᠭᠤᠳᠴᠣ ᠪᠠᠶᠢᠭᠠᠳ ᠭᠠᠵᠠᠷ ᠰᠢᠷᠣᠢ ᠶᠢᠨ ᠦᠮᠴᠢᠯᠡᠯ ᠤᠨ ᠡᠷᠬᠡ ᠶᠢ ᠡᠷᠬᠢᠯᠳᠦᠬᠦᠯᠵᠦ ᠪᠠᠶᠢᠭ᠎ᠠ ᠵᠠᠷᠣᠳᠠᠯ ᠢ ᠨᠢ ᠵᠣᠬᠢᠰᠲᠠᠢ ᠪᠠᠷ ᠪᠠᠭᠠᠰᠬᠠᠵᠣ᠂ ᠰᠢᠷ᠎ᠠ ᠪᠣᠷᠴᠠᠭ ᠲᠠᠷᠢᠭᠰᠠᠳ ᠲᠤ ᠦᠨᠡᠨᠬᠦ ᠠᠰᠢᠭ ᠬᠦᠷᠳᠡᠭᠡᠬᠦ ᠪᠣᠯᠣᠨ᠎ᠠ᠃    3. ᠨᠦᠬᠦᠪᠦᠷᠢᠯᠡᠬᠦ ᠡᠰᠢ ᠪᠠᠷᠢᠮᠳᠠ᠃ ᠲᠠᠷᠢᠭᠰᠠᠳ ᠤᠨ ᠵᠦᠢ ᠶᠣᠰᠣᠨ ᠤ ᠲᠠᠷᠢᠶᠠᠨ ᠭᠠᠵᠠᠷ ᠲᠤ ᠰᠢᠷ᠎ᠠ ᠪᠣᠷᠴᠠᠭ ᠲᠠᠷᠢᠭᠰᠠᠨ ᠪᠣᠳᠠᠳᠠᠢ ᠲᠠᠯᠠᠪᠠᠢ᠂ ᠣᠯᠣᠰ ᠵᠢᠴᠢ ᠦᠪᠡᠷᠳᠡᠭᠡᠨ ᠵᠠᠰᠠᠬᠤ ᠣᠷᠣᠨ ᠠᠴᠠ ᠲᠠᠷᠢᠶᠠᠯᠠᠬᠤ ᠶᠢ ᠵᠣᠭᠰᠣᠭᠠᠭᠰᠠᠨ ᠭᠠᠵᠠᠷ᠂ ᠵᠦᠪᠰᠢᠶᠡᠷᠡᠯ ᠣᠯᠣᠭᠠᠳᠣᠢ ᠪᠠᠷ ᠬᠠᠭᠠᠯᠪᠣᠷᠢᠯᠠᠭᠰᠠᠨ ᠭᠠᠵᠠᠷ ᠪᠣᠶᠣ ᠠᠳᠠᠷ ᠬᠠᠭᠠᠯᠪᠣᠷᠢᠯᠠᠬᠤ  ᠶᠢ ᠴᠠᠭᠠᠵᠢᠯᠠᠭᠰᠠᠨ ᠭᠠᠵᠠᠷ ᠲᠤ ᠲᠠᠷᠢᠭᠰᠠᠨ ᠲᠠᠯᠠᠪᠠᠢ ᠶᠢ ᠪᠠᠭᠳᠠᠭᠠᠬᠤ ᠦᠭᠡᠢ᠂ ᠨᠢᠬᠡᠨᠳᠡ ᠵᠠᠰᠠᠭ ᠤᠨ ᠣᠷᠳᠣᠨ ᠳᠤ ᠲᠠᠲᠠᠪᠣᠷᠢᠯᠠᠨ ᠬᠡᠷᠡᠭᠯᠡᠭᠳᠡᠭᠰᠡᠨ ᠪᠦᠭᠡᠳ ᠨᠦᠬᠦᠪᠦᠷᠢ ᠪᠡᠯᠡ ᠮᠦᠩᠬᠦ ᠶᠢ ᠣᠯᠣᠭᠰᠠᠳ᠂ ᠲᠦᠷ ᠨᠡᠬᠡᠬᠡᠨ ᠠᠰᠢᠭᠯᠠᠵᠣ ᠬᠡᠷᠡᠭᠯᠡᠬᠡᠳᠦᠢ ᠲᠠᠷᠢᠶᠠᠨ ᠭᠠᠵᠠᠷ ᠲᠤ ᠲᠠᠷᠢᠭᠰᠠᠨ ᠲᠠᠯᠠᠪᠠᠢ ᠶᠢ ᠪᠠᠭᠳᠠᠭᠠᠬᠤ ᠦᠭᠡᠢ᠃    ︵ᠬᠤᠶᠠᠷ︶ ᠨᠦᠬᠦᠪᠦᠷᠢ ᠶᠢᠨ ᠪᠡᠯᠡ ᠮᠦᠩᠬᠦ ᠶᠢᠨ ᠬᠠᠮᠢᠶᠠᠷᠣᠯᠲᠠ     ᠨᠦᠬᠦᠪᠦᠷᠢ ᠶᠢᠨ ᠪᠡᠯᠡ ᠮᠦᠩᠬᠦ ᠶᠢ ᠰᠢᠷ᠎ᠠ ᠪᠣᠷᠴᠠᠭ ᠲᠠᠷᠢᠭᠰᠠᠳ ᠲᠤ ︽ᠨᠢᠬᠡ ᠺᠠᠷᠲ ᠪᠠᠷ ᠦᠭᠬᠦ︾ ᠬᠡᠯᠪᠡᠷᠢ  ᠪᠠᠷ ᠴᠠᠭ ᠲᠣᠬᠠᠢ ᠳᠤᠨᠢ ᠬᠦᠢᠴᠡᠳ ᠲᠤᠭ᠎ᠠ ᠪᠠᠷ ᠲᠡᠷᠬᠠᠭᠠᠨ᠎ᠠ᠃     ᠭᠤᠷᠪᠠ᠂ ᠵᠣᠬᠢᠶᠠᠨ ᠪᠠᠶᠢᠭᠤᠯᠣᠨ ᠬᠡᠷᠡᠭᠵᠢᠬᠦᠯᠬᠦ    ︵ᠨᠢᠭᠡ︶ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠬᠤ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠡᠸ᠋ᠨᠩᠬᠢ ᠬᠤᠰᠢᠭᠤᠨ ᠤ ᠰᠢᠷ᠎ᠠ ᠪᠣᠷᠴᠠᠭ   ᠲᠠᠷᠢᠭᠰᠠᠳ ᠲᠤ ᠨᠦᠬᠦᠪᠦᠷᠢ ᠦᠭᠬᠦ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠨᠢ ᠳᠣᠣᠷᠠᠬᠢ ᠮᠡᠳᠦ᠄     ᠳᠣᠭᠤᠶᠢᠯᠠᠩ ᠤᠨ ᠳᠠᠷᠤᠭ᠎ᠠ᠄ ᠯᠢᠶᠠᠩ ᠶᠦᠩ ᠰᠠᠨ       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ     ᠳᠣᠭᠤᠶᠢᠯᠠᠩ ᠤᠨ ᠳᠡᠳ᠋ ᠳᠠᠷᠤᠭ᠎ᠠ᠄ ᠳ᠋ᠦᠩ ᠱᠧᠩ       ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠳᠡᠳ᠋ ᠳᠠᠷᠤᠭ᠎ᠠ     ᠪᠦᠷᠢᠯᠳᠦᠬᠦᠨ᠄ ᠬᠤᠸᠠ ᠶᠢᠩ      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ     ᠸᠧᠢ ᠵᠢᠶᠠᠨ ᠬᠤᠸᠠ            ᠬᠤᠰᠢᠭᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠶᠢᠨ ᠳᠠᠷᠤᠭ᠎ᠠ     ᠡᠾᠧ ᠱᠣ᠋ ᠬᠤᠢ            ᠬᠤᠰᠢᠭᠤᠨ ᠤ ᠠᠵᠣ ᠠᠬᠤᠢ ᠮᠡᠳᠡᠭᠡ ᠵᠠᠩᠬᠢᠵᠢᠯᠲᠠ ᠶᠢᠨ ᠲᠣᠪᠴᠢᠶ᠎ᠠ ᠶᠢᠨ ᠳᠠᠷᠤᠭ᠎ᠠ     ᠪᠦᠬᠡ          ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠶᠢᠨ ᠳᠠᠷᠤᠭ᠎ᠠ     ᠵᠠᠩ ᠬᠠᠢ ᠹᠧᠩ         ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ     ᠣᠣ ᠯᠢ ᠫᠢᠩ         ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ     ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠤ ᠲᠣᠬᠢᠷᠠᠭᠤᠯᠪᠠ᠂ ᠠᠯᠪᠠᠨ ᠭᠡᠷ ᠤᠨ ᠡᠷᠬᠢᠯᠡᠭᠴᠢ ᠶᠢᠨ ᠠᠵᠢᠯ ᠢ ᠣᠣ ᠯᠢ ᠫᠢᠩ ᠬᠠᠪᠰᠣᠷᠭᠠᠨ ᠬᠠᠷᠢᠭᠤᠴᠠᠵᠣ᠂ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠠᠵᠢᠯ ᠤᠨ ᠬᠠᠮᠢᠶ᠎ᠠ ᠪᠦᠬᠦᠢ ᠠᠰᠠᠭᠤᠳᠠᠯ ᠢ ᠰᠣᠳᠣᠯᠣᠨ ᠰᠢᠢᠳᠪᠦᠷᠢᠯᠡᠬᠦ ᠶᠢ ᠬᠠᠷᠢᠭᠤᠴᠠᠵᠣ᠂ ᠨᠢᠬᠡᠳᠦᠯᠳᠡᠢ ᠲᠦᠯᠦᠪᠯᠡᠨ ᠵᠣᠬᠢᠴᠠᠭᠤᠯᠵᠣ᠂ ᠬᠠᠷᠢᠯᠴᠠᠨ ᠬᠠᠮᠵᠢᠯᠴᠠᠵᠣ᠂ ᠮᠠᠨ  ᠤ ᠬᠤᠰᠢᠭᠤᠨ ᠤ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠦᠭᠬᠦ ᠠᠵᠢᠯ ᠢ ᠣᠷᠣᠭᠰᠢᠲᠠᠢ ᠲᠦᠯᠬᠢᠨ ᠠᠬᠢᠭᠤᠯᠣᠨ᠎ᠠ᠃     ︵ ᠬᠤᠶᠠᠷ︶ ᠨᠦᠬᠦᠪᠦᠷᠢᠯᠡᠬᠦ ᠲᠠᠯᠠᠪᠠᠢ᠂ ᠪᠡᠯᠡ ᠮᠦᠩᠬᠦ ᠶᠢ ᠨᠡᠶᠢᠲᠡᠯᠡᠬᠦ ᠪᠠ ᠮᠡᠳᠡᠭᠡ ᠵᠠᠩᠬᠢ ᠳᠠᠩᠰᠠ ᠡᠪᠬᠡᠮᠡᠯ  ᠤᠨ ᠬᠠᠮᠢᠶᠠᠷᠣᠯᠲᠠ ᠶᠢᠨ ᠳᠦᠷᠢᠮ ᠢ ᠪᠠᠶᠢᠭᠤᠯᠣᠨ᠎ᠠ︔  ᠲᠠᠷᠢᠭᠰᠠᠨ ᠲᠠᠯᠠᠪᠠᠢ ᠶᠢ ᠬᠢᠨᠠᠨ ᠬᠠᠷᠭᠤᠭᠤᠯᠬᠤ ᠳᠤ ᠳᠣᠣᠷᠠᠬᠢ ᠳᠡᠰ ᠳᠠᠷᠠᠭᠠᠯᠠᠯ ᠢᠶᠠᠷ ᠶᠠᠪᠣᠭᠳᠠᠭᠤᠯᠣᠨ᠎ᠠ᠄    1. ᠭᠤᠶᠣᠴᠢᠯᠠᠨ ᠮᠡᠳᠡᠭᠦᠯᠬᠦ᠂ ᠳᠡᠪᠲᠡᠷᠯᠡᠬᠦ᠃ ᠰᠢᠷ᠎ᠠ ᠪᠣᠷᠴᠠᠭ ᠴᠢᠬᠢᠯᠡᠭᠰᠡᠨ ᠤ ᠳᠠᠷᠠᠭ᠎ᠠ᠂ ᠰᠢᠷ᠎ᠠ ᠪᠣᠷᠴᠠᠭ ᠲᠠᠷᠢᠭᠴᠢ ᠨᠢ ᠪᠠᠶᠢᠭ᠎ᠠ ᠭᠠᠴᠠᠭ᠎ᠠ ᠶᠢᠨ ᠵᠦᠪᠯᠡᠯ ᠳᠡᠭᠡᠨ ᠰᠢᠷ᠎ᠠ ᠪᠣᠷᠴᠠᠭ ᠳᠠᠷᠢᠭᠰᠠᠨ ᠲᠠᠯᠠᠪᠠᠢ ᠪᠠᠨ ᠮᠡᠳᠡᠭᠦᠯᠦᠨ᠎ᠡ᠂ ᠭᠠᠴᠠᠭ᠎ᠠ ᠶᠢᠨ ᠵᠦᠪᠯᠡᠯ ᠠᠴᠠ ᠰᠢᠷ᠎ᠠ ᠪᠣᠷᠴᠠᠭ ᠲᠠᠷᠢᠭᠴᠢ ᠶᠢ ᠬᠢᠨᠠᠨ ᠬᠠᠷᠭᠤᠭᠤᠯᠵᠣ ᠨᠡᠷᠡᠰ ᠤᠨ ᠪᠦᠷᠢᠳᠬᠡᠯ ᠬᠢᠨ᠎ᠡ᠂ ᠳᠠᠬᠢᠨ ᠲᠣᠰ ᠨᠡᠷᠡᠰ ᠤᠨ ᠪᠦᠷᠢᠳᠬᠡᠯ ᠢᠶᠠᠨ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠨᠡᠷᠡᠰ ᠤᠨ ᠪᠦᠷᠢᠳᠬᠡᠯ ᠳᠤ ᠰᠢᠷ᠎ᠠ ᠪᠣᠷᠴᠠᠭ  ᠲᠠᠷᠢᠭᠰᠠᠳ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ᠂ ᠭᠠᠵᠠᠷ ᠰᠢᠷᠣᠢ ᠳᠠᠭᠠᠴᠢᠯᠠᠭᠰᠠᠨ ᠬᠡᠷᠡᠴᠢ ᠪᠠᠷᠢᠮᠳᠠ ︵ᠪᠣᠶᠣ ᠭᠠᠵᠠᠷ ᠰᠢᠷᠣᠢ ᠶᠢᠨ ᠡᠷᠬᠡ ᠶᠢ ᠰᠢᠯᠵᠢᠬᠦᠯᠦᠨ ᠡᠷᠭᠢᠯᠳᠦᠭᠦᠯᠬᠦ ᠬᠡᠷ᠎ᠡ︶᠂  ︽ᠨᠢᠬᠡ ᠺᠠᠷᠲ ᠪᠠᠷ ᠦᠭᠬᠦ  ︾ ᠺᠠᠷᠲ ᠶᠢᠨ ᠨᠣᠮᠧᠷ᠂ ᠵᠦᠢ ᠶᠣᠰᠣ ᠪᠠᠷ ᠰᠢᠷ᠎ᠠ ᠪᠣᠷᠴᠠᠭ ᠳᠠᠷᠢᠭᠰᠠᠨ ᠪᠣᠳᠠᠳᠠᠢ ᠲᠠᠯᠠᠪᠠᠢ ᠵᠡᠷᠭᠡ ᠠᠭᠤᠯᠭ᠎ᠠ ᠪᠠᠭᠳᠠᠨ᠎ᠠ᠃     2. ᠪᠠᠶᠢᠴᠠᠭᠠᠨ ᠰᠣᠳᠣᠯᠬᠤ᠂ ᠨᠡᠶᠢᠳᠡᠯᠡᠬᠦ᠃ ᠰᠢᠶᠠᠩ ᠰᠣᠮᠣ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠠᠬᠢ ᠭᠠᠴᠠᠭ᠎ᠠ ᠶᠢᠨ ᠰᠢᠷ᠎ᠠ ᠪᠣᠷᠴᠠᠭ ᠲᠠᠷᠢᠭᠰᠠᠨ ᠡᠷᠦᠬᠡ ᠶᠢᠨ ᠨᠡᠷᠡᠰ ᠤᠨ ᠪᠦᠷᠢᠳᠬᠡᠯ ᠢ ᠬᠢᠨᠠᠨ ᠬᠠᠷᠭᠤᠭᠤᠯᠵᠣ ᠡᠮᠬᠢᠳᠬᠡᠬᠡᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠠᠴᠠ ᠰᠢᠷ᠎ᠠ ᠪᠣᠷᠴᠠᠭ ᠲᠠᠷᠢᠭᠰᠠᠨ ᠡᠷᠦᠬᠡ ᠶᠢᠨ ᠭᠤᠶᠣᠴᠢᠯᠠᠨ ᠮᠡᠳᠡᠭᠦᠯᠦᠭᠰᠡᠨ ᠲᠠᠷᠢᠭᠰᠠᠨ ᠲᠠᠯᠠᠪᠠᠢ ᠶᠢ ᠡᠷᠦᠬᠡ ᠳᠤ ᠣᠷᠣᠵᠣ ᠪᠠᠶᠢᠴᠠᠭᠠᠬᠤ ᠪᠠ ᠭᠠᠵᠠᠷ ᠬᠡᠰᠡᠭ ᠢ ᠬᠢᠨᠠᠨ ᠬᠠᠷᠭᠤᠭᠤᠯᠬᠤ ᠶᠢᠨ ᠬᠠᠮᠳᠣ ᠬᠢᠨᠠᠨ ᠬᠠᠷᠭᠤᠭᠤᠯᠣᠭᠰᠠᠨ ᠨᠡᠷᠡᠰ ᠤᠨ ᠪᠦᠷᠢᠳᠬᠡᠯ ᠢ ᠭᠠᠴᠠᠭᠠᠨ ᠳᠤ ᠢᠯᠡ ᠪᠠᠷ ᠨᠡᠶᠢᠳᠡᠯᠡᠨ᠎ᠡ᠂ ᠢᠯᠡ ᠪᠠᠷ ᠨᠡᠶᠢᠲᠡᠯᠡᠬᠦ ᠡᠳᠦᠷ ᠢ 7 ᠡᠳᠦᠷ ᠠᠴᠠ ᠴᠦᠬᠡᠨ ᠪᠠᠶᠢᠯᠭᠠᠵᠣ ᠪᠣᠯᠬᠤ ᠦᠭᠡᠢ᠃ ᠢᠯᠡ ᠨᠡᠶᠢᠲᠡᠯᠡᠭᠡᠳ ᠬᠤᠷᠢᠶᠠᠩᠭᠤᠶᠢᠯᠠᠨ ᠡᠮᠬᠢᠳᠬᠡᠭᠰᠡᠨ ᠰᠢᠷ᠎ᠠ ᠪᠣᠷᠴᠠᠭ ᠲᠠᠷᠢᠭᠰᠠᠨ ᠲᠠᠯᠠᠪᠠᠢ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠣᠲᠠᠯᠠᠨ ᠲᠣᠭᠲᠠᠭᠠᠭᠰᠠᠨ ᠤ ᠳᠠᠷᠠᠭ᠎ᠠ ᠬᠤᠲᠠ  ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠳᠤ ᠮᠡᠳᠡᠬᠦᠯᠬᠦ ᠶᠢᠨ ᠵᠡᠷᠭᠡᠪᠡᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠭᠤᠯᠣᠨ ᠬᠦᠷᠭᠡᠨ᠎ᠡ᠃     3᠂ ᠨᠦᠬᠦᠪᠦᠷᠢ ᠶᠢᠨ ᠪᠡᠯᠡ ᠮᠦᠩᠬᠦ ᠲᠠᠷᠬᠠᠭᠠᠬᠤ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠦᠯᠦᠨ ᠪᠣᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ  ᠪᠠᠭᠤᠯᠭᠠᠭᠰᠠᠨ ᠨᠦᠬᠦᠪᠦᠷᠢ ᠶᠢᠨ ᠪᠡᠯᠡ ᠮᠦᠩᠬᠦ ᠶᠢ ᠬᠤᠷᠢᠶᠠᠵᠣ ᠠᠪᠣᠭᠰᠠᠨ ᠤ ᠪᠠᠨ ᠳᠠᠷᠠᠭ᠎ᠠ᠂ ᠬᠤᠰᠢᠭᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠠᠵᠣ ᠠᠬᠤᠢ ᠮᠡᠳᠡᠭᠡ ᠵᠠᠩᠬᠢᠵᠢᠯᠲᠠ ᠶᠢᠨ ᠲᠣᠪᠴᠢᠶ᠎ᠠ ᠲᠠᠢ ᠬᠠᠮᠳᠣᠪᠡᠷ ᠨᠦᠬᠦᠪᠦᠷᠢᠯᠡᠬᠦ ᠪᠠᠷᠢᠮᠵᠢᠶ᠎ᠠ ᠶᠢ ᠵᠦᠪᠳᠡᠯᠴᠡᠨ ᠲᠣᠭᠲᠠᠭᠠᠵᠣ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠨ᠎ᠡ᠃ ᠨᠦᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠶᠢᠨ ᠮᠡᠳᠡᠭᠦᠯᠦᠨ ᠬᠦᠷᠭᠡᠭᠰᠡᠨ ︽ ᠰᠢᠷ᠎ᠠ ᠪᠣᠷᠴᠠᠭ ᠲᠠᠷᠢᠭᠰᠠᠨ ᠡᠷᠦᠬᠡ ᠶᠢᠨ ᠨᠡᠷᠡᠰ ᠤᠨ ᠪᠦᠷᠢᠳᠬᠡᠯ︾ ᠢ ᠦᠨᠳᠦᠰᠦᠯᠡᠨ᠂ ︽ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠲᠠᠷᠬᠠᠭᠠᠬᠤ ᠨᠡᠷᠡᠰ ᠤᠨ ᠪᠦᠷᠢᠳᠬᠡᠯ︾ ᠢ ᠡᠮᠬᠢᠳᠬᠡᠵᠦ᠂ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠲᠠᠷᠬᠠᠭᠠᠬᠤ ᠮᠡᠳᠡᠭᠡ ᠵᠠᠩᠬᠢ ᠶᠢ ᠭᠠᠴᠠᠭᠠᠨ ᠳᠤ ᠨᠡᠶᠢᠲᠡᠯᠡᠨ᠎ᠡ᠂ ᠨᠡᠶᠢᠳᠡᠯᠡᠬᠦ ᠬᠤᠭᠤᠴᠠᠭ᠎ᠠ ᠶᠢ 7 ᠡᠳᠦᠷ ᠠᠴᠠ ᠴᠦᠬᠡᠨ ᠪᠠᠶᠢᠯᠭᠠᠵᠣ ᠪᠣᠯᠬᠤ ᠦᠭᠡᠢ᠃ ᠢᠯᠡ ᠪᠠᠷ ᠨᠡᠶᠢᠳᠡᠯᠡᠭᠰᠡᠨ ᠵᠠᠷ ᠲᠤ ᠣᠨᠳᠣᠣ ᠰᠠᠨᠠᠯ ᠦᠭᠡᠢ ᠪᠣᠯ ᠰᠣᠮᠣ ᠰᠢᠶᠠᠩ ᠪᠠᠯᠭᠠᠰᠣ ᠶᠢᠨ ᠡᠳ᠋ ᠤᠨ ᠵᠠᠰᠠᠭ ᠤᠨ ᠭᠠᠵᠠᠷ ᠨᠢ ︽ ᠰᠢᠷ᠎ᠠ ᠪᠣᠷᠴᠠᠭ ᠲᠠᠷᠢᠭᠰᠠᠳ ᠲᠤ ᠨᠦᠬᠦᠪᠦᠷᠢ ᠮᠦᠩᠬᠦ ᠲᠠᠷᠬᠠᠭᠠᠬᠤ ᠨᠡᠷᠡᠰ ᠤᠨ ᠪᠦᠷᠢᠳᠬᠡᠯ︾ ᠢ ︽ᠨᠢᠬᠡ ᠺᠠᠷᠲ ᠪᠠᠷ ᠦᠭᠬᠦ︾ ᠺᠠᠷᠲ ᠳᠤ ᠰᠢᠩᠬᠡᠨ ᠣᠷᠣᠭᠤᠯᠵᠣ᠂ ᠲᠣᠰ ᠺᠠᠷᠲ ᠪᠠᠷ ᠳᠠᠮᠵᠢᠭᠤᠯᠣᠨ ᠨᠦᠬᠦᠪᠦᠷᠢ ᠪᠡᠯᠡ ᠮᠦᠩᠬᠦ ᠶᠢ ᠲᠠᠷᠬᠠᠭᠠᠨ᠎ᠠ᠃      ︵ ᠭᠤᠷᠪᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢ ᠶᠢ ᠲᠣᠳᠣᠷᠬᠠᠶᠢᠯᠠᠬᠤ᠃ ᠬᠤᠰᠢᠭᠤᠨ  ᠤ ᠡᠳ᠋ ᠤᠨ ᠵᠠᠰᠠᠭ ᠤᠨ ᠲᠣᠪᠴᠢᠶ᠎ᠠ ᠠᠴᠠ ᠨᠦᠬᠦᠪᠦᠷᠢ ᠶᠢᠨ ᠪᠡᠯᠡ ᠮᠦᠩᠬᠦ ᠶᠢ ᠲᠦᠰᠦᠭᠯᠡᠨ ᠪᠣᠳᠣᠵᠣ᠂ ᠪᠡᠯᠡ ᠮᠦᠩᠬᠦ ᠰᠠᠯᠭᠠᠨ ᠦᠭᠬᠦ ᠪᠠ ᠲᠠᠷᠬᠠᠭᠠᠬᠤ ᠳᠤ ᠬᠢᠨᠠᠯᠲᠠ ᠲᠠᠯᠪᠢᠵᠣ ᠵᠢᠭᠠᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠰᠢᠷ᠎ᠠ ᠪᠣᠷᠴᠠᠭ ᠲᠠᠷᠢᠬᠤ ᠦᠪᠡᠷ ᠤᠨ ᠦᠷᠳᠡᠭ ᠤᠨ ᠠᠰᠢᠭ ᠣᠷᠣᠯᠭ᠎ᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠬᠡᠮᠵᠢᠬᠦ ᠠᠵᠢᠯ  ᠢ ᠬᠠᠷᠢᠭᠤᠴᠠᠨ᠎ᠠ᠃ ᠬᠤᠰᠢᠭᠤᠨ ᠤ ᠠᠵᠣ ᠠᠬᠤᠢ ᠮᠡᠳᠡᠭᠡ ᠵᠠᠩᠬᠢᠵᠢᠯᠲᠠ ᠶᠢᠨ ᠲᠣᠪᠴᠢᠶ᠎ᠠ ᠲᠦᠷᠦ ᠶᠢᠨ ᠪᠣᠳᠣᠯᠭ᠎ᠠ  ᠶᠢ ᠣᠬᠠᠭᠤᠯᠬᠤ᠂ ᠣᠯᠠᠨ ᠡᠰᠢᠵᠢᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠲᠦᠯᠦᠨ ᠵᠢᠯᠣᠭᠤᠳᠴᠣ ᠵᠠᠬ᠎ᠠ ᠳᠡᠯᠭᠡᠭᠦᠷ ᠠᠴᠠ ᠰᠢᠷ᠎ᠠ ᠪᠣᠷᠴᠠᠭ ᠬᠤᠳᠠᠯᠳᠣᠨ ᠠᠪᠣᠭᠤᠯᠵᠣ᠂ ︽ᠠᠮᠣ ᠪᠣᠳᠠᠭ᠎ᠠ ᠮᠠᠭᠤᠳᠠᠬᠤ︾ ᠪᠠ ︽ ᠠᠮᠣ ᠪᠣᠳᠠᠭ᠎ᠠ ᠬᠤᠳᠠᠯᠳᠣᠬᠤ ᠳᠤ ᠬᠦᠴᠢᠷ︾ ᠠᠰᠠᠭᠤᠳᠠᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠢᠶ᠎ᠠ ᠪᠦᠬᠦᠢ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠰᠢᠷ᠎ᠠ ᠪᠣᠷᠴᠠᠭ ᠲᠠᠷᠢᠭᠰᠠᠨ ᠪᠣᠳᠠᠳᠠᠢ ᠲᠠᠯᠠᠪᠠᠢ  ᠶᠢ ᠪᠦᠷᠢᠳᠬᠡᠨ ᠪᠠᠶᠢᠴᠠᠭᠠᠬᠤ ᠵᠢᠴᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃      ︵ ᠳᠦᠷᠪᠡ︶ ᠬᠢᠨᠠᠯᠲᠠ ᠲᠠᠯᠪᠢᠵᠣ ᠪᠠᠶᠢᠴᠠᠭᠠᠬᠤ ᠶᠢ ᠴᠢᠩᠳᠠᠯᠠᠬᠤ᠃ ᠵᠢᠯ ᠪᠦᠷᠢ ᠨᠦᠬᠦᠪᠦᠷᠢ ᠶᠢᠨ ᠪᠡᠯᠡ ᠮᠦᠩᠬᠦ ᠶᠢ ᠲᠠᠷᠬᠠᠭᠠᠵᠣ ᠳᠠᠭᠤᠰᠬᠠᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠠᠴᠠ ᠨᠦᠬᠦᠪᠦᠷᠢᠯᠡᠬᠦ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠪᠠᠶᠢᠳᠠᠯ ᠳᠤ ᠰᠣᠭᠤᠴᠠᠨ ᠪᠠᠶᠢᠴᠠᠭᠠᠯᠲᠠ ᠬᠢᠵᠦ᠂ ᠣᠯᠵᠣ ᠮᠡᠳᠡᠭᠰᠡᠨ ᠠᠰᠠᠭᠤᠳᠠᠯ ᠢ ᠴᠠᠭ ᠲᠣᠬᠠᠢ ᠳᠤᠨᠢ ᠴᠡᠭᠴᠡᠯᠡᠨ ᠦᠭᠡᠷᠡᠴᠢᠯᠡᠬᠦᠯᠦᠨ᠎ᠡ᠃ ᠨᠦᠬᠦᠪᠦᠷᠢ ᠶᠢᠨ ᠪᠡᠯᠡ ᠮᠦᠩᠬᠦ ᠶᠢ ᠠᠪᠬᠤ  ᠶᠢᠨ ᠲᠦᠯᠦᠭᠡ᠂ ᠬᠤᠳᠠᠯ ᠬᠡᠯᠡᠵᠦ ᠬᠤᠯᠣ ᠲᠠᠷᠢᠬᠤ᠂ ᠠᠯᠪᠠ ᠪᠠᠷ ᠡᠵᠡᠯᠡᠨ ᠠᠪᠬᠤ᠂ ᠲᠠᠰᠣᠳᠠᠨ ᠦᠯᠡᠳᠡᠬᠡᠬᠦ᠂ ᠰᠢᠯᠵᠢᠬᠦᠯᠦᠨ ᠬᠡᠷᠡᠭᠯᠡᠬᠦ ᠪᠠ ᠬᠠᠣᠯᠢ ᠪᠣᠰᠣ ᠪᠠᠷ ᠠᠪᠬᠤ ᠵᠡᠷᠭᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠲᠦᠪ ᠴᠢᠩᠭ᠎ᠠ ᠪᠠᠷ ᠰᠢᠢᠳᠪᠦᠷᠢᠯᠡᠨ᠎ᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号