︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠰᠠᠬᠤ ᠬᠤᠰᠢᠭᠤᠨ ᠤ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠢ ᠵᠠᠰᠠᠬᠤ ᠲᠦᠰᠦᠯ︾ ᠢ  ᠳᠠᠷᠣᠮᠠᠯᠯᠠᠨ  ᠲᠠᠷᠬᠠᠭᠠᠬᠤ  ᠲᠣᠬᠠᠢ  ᠮᠡᠳᠡᠭᠳᠡᠯ
ᠨᠡᠶᠢᠲᠡᠯᠡᠭᠰᠡᠨ ᠴᠠᠭ᠄
2018/1/23
                       ᠡᠸ᠋ᠨᠩᠬᠢ ᠵᠠᠰᠠᠭ ᠠᠯᠪᠠᠨ ᠦᠰᠦᠭᠲᠦ ﹇2017﹈ 222 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠬᠡᠴᠡ ᠳᠤ᠄    ᠮᠠᠨ ᠤ ᠬᠤᠰᠢᠭᠤᠨ ᠤ ᠴᠠᠭ ᠠᠭᠤᠷ ᠤᠨ ᠦᠷᠳᠡᠭᠡ ᠶᠢᠨ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ  ᠢ ᠨᠡᠩ ᠰᠠᠶᠢᠨ ᠢᠶᠠᠷ ᠬᠠᠮᠠᠭᠠᠯᠠᠨ ᠰᠠᠶᠢᠵᠢᠷᠠᠭᠤᠯᠵᠣ᠂ ᠬᠠᠣᠯᠢ  ᠬᠡᠷᠡᠭᠵᠢᠬᠦᠯᠬᠦ᠂ ᠣᠬᠠᠭᠤᠯᠭ᠎ᠠ ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠣᠨ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠢ ᠨᠦᠯᠦᠭᠡᠯᠡᠵᠦ ᠪᠠᠶᠢᠬᠤ ᠬᠠᠷᠰᠢ ᠰᠠᠭᠠᠳ ᠢ ᠠᠷᠢᠯᠭᠠᠵᠣ᠂ ᠴᠠᠭ ᠠᠭᠤᠷ ᠢ ᠬᠠᠶᠢᠨ ᠬᠡᠮᠵᠢᠯᠲᠡ ᠶᠢᠨ ᠳᠡᠮᠳᠡᠭᠯᠡᠯ ᠤᠨ ᠲᠦᠯᠦᠭᠡᠯᠡᠬᠦ ᠴᠢᠨᠠᠷ᠂ ᠵᠦᠪ ᠣᠨᠣᠪᠴᠢᠲᠣ ᠴᠢᠨᠠᠷ᠂ ᠵᠢᠱᠢᠯᠲᠦ ᠴᠢᠨᠠᠷ ᠢ ᠪᠠᠲᠣᠯᠠᠬᠤ ᠶᠢᠨ ᠲᠦᠯᠦᠭᠡ᠂ ᠣᠳᠣ ᠮᠠᠨ ᠤ ᠬᠤᠰᠢᠭᠤᠨ ᠤ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠲᠦᠯᠦᠪᠵᠢᠬᠦᠯᠭᠡ ᠵᠢᠴᠢ ᠬᠤᠰᠢᠭᠤᠨ ᠤ ᠪᠠᠨ ᠪᠣᠳᠠᠳᠠᠢ ᠪᠠᠶᠢᠳᠠᠯ ᠲᠠᠢ ᠣᠶᠠᠯᠳᠣᠭᠤᠯᠣᠨ᠂ ︽ ᠡᠸ᠋ᠨᠩᠬᠢ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤᠨ ᠤ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠢ ᠵᠠᠰᠠᠬᠤ ᠲᠦᠰᠦᠯ︾ ᠢ ᠣᠨᠴᠠᠯᠠᠨ ᠲᠣᠭᠲᠠᠭᠠᠵᠣ᠂ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠡᠯ᠎ᠡ ᠨᠢᠬᠡᠴᠡ ᠤᠳ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠬᠤ ᠬᠡᠷᠡᠭᠲᠡᠢ᠃           ᠡᠬᠦᠨ ᠤ ᠲᠣᠯᠠ ᠮᠡᠳᠡᠭᠳᠡᠪᠡ                                                                                                                      2017 ᠣᠨ ᠤ 11 ᠰᠠᠷ᠎ᠠ ᠶᠢᠨ 28 ᠤ ᠡᠳᠦᠷ     ︵ᠰᠠᠨᠠᠭᠠᠴᠢᠯᠠᠭ᠎ᠠ ᠲᠠᠢ ᠢᠯᠡ ᠪᠣᠯᠭᠠᠬᠤ︶                     ᠡᠸ᠋ᠨᠩᠬᠢ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤᠨ ᠤ ᠴᠠᠭ               ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ   ᠢ  ᠵᠠᠰᠠᠬᠤ  ᠲᠦᠰᠦᠯ      ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠬᠡᠳᠡᠭ ᠨᠢ ᠡᠯ᠎ᠡ ᠵᠦᠢᠯ ᠤᠨ ᠬᠠᠷᠰᠢᠯᠠᠯ  ᠠᠴᠠ ᠵᠠᠶᠢᠯᠠᠰᠬᠢᠵᠣ ᠬᠠᠶᠢᠨ ᠬᠡᠮᠵᠢᠬᠦ ᠲᠦᠭᠦᠭᠡᠷᠦᠮᠵᠢ ᠶᠢᠨ ᠵᠦᠪ ᠣᠨᠣᠪᠴᠢᠲᠠᠢ ᠪᠠᠷ ᠴᠠᠭ ᠠᠭᠤᠷ ᠤᠨ ᠮᠡᠳᠡᠭᠡ ᠵᠠᠩᠬᠢ ᠶᠢ ᠣᠯᠬᠤ ᠳᠤ ᠱᠠᠭᠠᠷᠳᠠᠭᠳᠠᠬᠤ ᠬᠠᠮᠤᠭ ᠪᠠᠭ᠎ᠠ ᠵᠠᠶᠢᠳᠣ ᠣᠷᠴᠢᠨ ᠲᠣᠭᠤᠷᠢᠨ ᠤ ᠣᠷᠣᠨ ᠵᠠᠢ ᠪᠣᠯᠣᠨ᠎ᠠ᠃ ᠴᠠᠭ ᠠᠭᠤᠷ ᠢ ᠬᠠᠶᠢᠨ ᠬᠡᠮᠵᠢᠬᠦ ᠰᠠᠭᠠᠳ ᠦᠬᠡᠢ ᠣᠷᠴᠢᠨ ᠲᠣᠭᠤᠷᠢᠨ ᠬᠡᠳᠡᠭ ᠨᠢ ᠴᠠᠭ ᠠᠭᠤᠷ ᠢ ᠬᠠᠶᠢᠨ ᠬᠡᠮᠵᠢᠬᠡᠳ ᠵᠦᠪ ᠣᠨᠣᠪᠴᠢᠲᠠᠢ ᠮᠡᠳᠡᠭᠡ ᠵᠠᠩᠬᠢ ᠶᠢ ᠣᠯᠬᠤ ᠶᠢᠨ ᠣᠷᠢᠳᠠᠯ ᠨᠦᠬᠦᠴᠡᠯ ᠮᠦᠨ᠂ ᠴᠠᠭ ᠠᠭᠤᠷ ᠤᠨ ᠬᠠᠶᠢᠨ ᠬᠡᠮᠵᠢᠯᠲᠡ ᠶᠢᠨ ᠴᠢᠨᠠᠷᠯᠢᠭ ᠮᠡᠳᠡᠭᠡ ᠵᠠᠩᠬᠢ ᠪᠣᠯ ᠴᠠᠭ ᠠᠭᠤᠷ ᠤᠨ ᠣᠷᠢᠳᠴᠢᠯᠠᠭᠰᠠᠨ ᠮᠡᠳᠡᠭᠡ ᠶᠢᠨ ᠵᠦᠪ ᠣᠨᠣᠪᠴᠢ ᠶᠢᠨ ᠬᠡᠮᠵᠢᠶ᠎ᠡ ᠪᠠ ᠴᠠᠭ ᠠᠭᠤᠷ ᠤᠨ ᠲᠣᠬᠠᠢ ᠦᠢᠯᠡᠴᠢᠯᠡᠬᠡᠨ ᠤ ᠲᠦᠪᠰᠢᠨ ᠢ ᠳᠡᠭᠡᠭᠰᠢᠯᠡᠬᠦᠯᠬᠦ ᠶᠢᠨ ᠪᠠᠲᠣ ᠪᠠᠬᠢ ᠰᠠᠭᠤᠷᠢ ᠮᠦᠨ᠂ ᠮᠦᠨᠴᠦ ᠭᠠᠮᠰᠢᠭ ᠢ ᠰᠡᠷᠭᠡᠶᠢᠯᠡᠨ ᠭᠠᠮᠰᠢᠭᠳᠠᠯ ᠢ ᠪᠠᠭᠠᠰᠬᠠᠬᠤ ᠬᠢᠬᠡᠳ ᠠᠭᠤᠷ ᠠᠮᠢᠰᠬᠤᠯ  ᠤᠨ ᠬᠤᠪᠢᠷᠠᠯᠲᠠ ᠶᠢ ᠠᠷᠭᠠᠴᠠᠬᠤ ᠬᠢᠨᠠᠨ ᠬᠡᠮᠵᠢᠬᠦ ᠴᠢᠳᠠᠪᠣᠷᠢ ᠶᠢ ᠳᠡᠭᠡᠭᠰᠢᠯᠡᠬᠦᠯᠬᠦ ᠶᠢᠨ ᠨᠠᠶᠢᠳᠠᠪᠣᠷᠢ ᠲᠠᠢ ᠪᠠᠲᠣᠯᠠᠭ᠎ᠠ ᠮᠦᠨ᠃ ᠣᠶᠢᠷ᠎ᠠ ᠶᠢᠨ ᠬᠡᠳᠦᠨ ᠠᠷᠪᠠᠨ ᠵᠢᠯ ᠤᠨ ᠲᠣᠷᠰᠢ᠂ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠬᠤᠲᠠ ᠪᠠᠯᠭᠠᠰᠣᠵᠢᠯᠠᠬᠤ ᠠᠬᠢᠴᠠ ᠶᠢᠨ ᠲᠦᠷᠬᠡᠳᠬᠦ ᠶᠢ ᠳᠠᠭᠠᠯᠳᠣᠨ᠂ ᠬᠤᠲᠠ ᠶᠢᠨ  ᠪᠠᠷᠢᠯᠭ᠎ᠠ ᠪᠠᠶᠢᠭᠤᠯᠣᠭᠰᠠᠨ ᠣᠷᠣᠨ ᠪᠠ ᠬᠤᠲᠠ ᠶᠢᠨ ᠪᠦᠲᠦᠭᠡᠨ ᠪᠠᠶᠢᠭᠤᠯᠣᠯᠲᠠ ᠳᠤ ᠬᠡᠷᠡᠭᠰᠡᠬᠦ ᠭᠠᠵᠠᠷ ᠤᠨ ᠲᠠᠯᠠᠪᠠᠢ ᠨᠢ ᠦᠳᠲᠦᠷ ᠲᠦᠷᠭᠡᠨ ᠨᠡᠮᠡᠭᠳᠡᠵᠦ᠂ ᠴᠠᠭ ᠠᠭᠤᠷ ᠤᠨ ᠬᠠᠶᠢᠨ ᠬᠡᠮᠵᠢᠯᠲᠡ ᠶᠢᠨ ᠳᠡᠮᠳᠡᠭᠯᠡᠯ ᠤᠨ ᠵᠦᠪ ᠣᠨᠣᠪᠴᠢᠲᠦ ᠴᠢᠨᠠᠷ ᠪᠠ ᠲᠦᠯᠦᠭᠡᠯᠡᠬᠦ ᠴᠢᠨᠠᠷ᠂ ᠵᠢᠱᠢᠯᠲᠦ ᠶᠢᠨ ᠴᠢᠨᠠᠷ ᠢ ᠬᠦᠨᠳᠦ ᠨᠣᠴᠢᠲᠠᠢ ᠨᠦᠯᠦᠭᠡᠯᠡᠵᠦ ᠪᠠᠶᠢᠨ᠎ᠠ᠃ ᠡᠸ᠋ᠨᠩᠬᠢ ᠦᠨᠳᠦᠰᠦᠲᠡᠨ ᠤ ᠦᠪᠡᠷᠲᠡᠬᠡᠨ ᠵᠠᠰᠠᠬᠤ ᠬᠤᠰᠢᠭᠤᠨ ᠤ ᠣᠯᠣᠰ ᠤᠨ ᠡᠩ ᠤᠨ ᠴᠠᠭ ᠠᠭᠤᠷ ᠤᠨ ᠦᠷᠳᠡᠭᠡ ᠶᠢᠨ ᠬᠠᠶᠢᠨ ᠬᠡᠮᠵᠢᠬᠦ ᠣᠷᠴᠢᠨ ᠢ ᠨᠡᠩ ᠰᠠᠶᠢᠨ ᠢᠶᠠᠷ ᠬᠠᠮᠠᠭᠠᠯᠠᠬᠤ ᠶᠢᠨ ᠲᠦᠯᠦᠬᠡ᠂  ᠡᠳᠦᠭᠡ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠲᠣᠰᠬᠠᠢ ᠲᠦᠯᠦᠪᠵᠢᠬᠦᠯᠭᠡ︾ ᠵᠢᠴᠢ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ ᠬᠠᠣᠯᠢ ᠬᠡᠷᠡᠭᠵᠢᠬᠦᠯᠬᠦ᠂ ᠵᠣᠬᠢᠴᠠᠭᠤᠯᠬᠤ ᠵᠡᠷᠭᠡ ᠣᠯᠠᠨ ᠠᠷᠭ᠎ᠠ ᠬᠡᠯᠪᠡᠷᠢ ᠪᠠᠷ ᠳᠠᠮᠵᠢᠭᠤᠯᠣᠨ ᠡᠷᠬᠢᠨ ᠲᠣᠭᠤᠷᠢᠨ ᠤ ᠨᠦᠯᠦᠬᠡᠯᠡᠯ ᠢᠶᠠᠷ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠳᠤ ᠬᠠᠷᠰᠢᠯᠠᠯ ᠪᠣᠯᠵᠣ ᠪᠠᠶᠢᠭ᠎ᠠ ᠵᠦᠢᠯ ᠤᠳ ᠢ ᠴᠡᠭᠴᠡᠯᠡᠨ ᠵᠠᠰᠠᠵᠣ᠂ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠮᠡᠳᠡᠭᠳᠡᠭᠦᠶᠢᠴᠡ ᠰᠠᠶᠢᠵᠢᠷᠠᠭᠤᠯᠬᠤ ᠪᠠᠷ ᠲᠣᠰ ᠵᠠᠰᠠᠯᠲᠠ ᠶᠢᠨ ᠲᠦᠰᠦᠯ ᠢ  ᠣᠨᠴᠠᠭᠠᠶᠢᠯᠠᠨ ᠲᠣᠭᠲᠠᠭᠠᠪᠠ᠃     ᠨᠢᠬᠡ᠂ ᠠᠵᠢᠭᠯᠠᠨ ᠬᠡᠮᠵᠢᠬᠦ ᠲᠠᠯᠠᠪᠣᠷ ᠤᠨ ᠡᠷᠬᠢᠨ ᠲᠣᠭᠤᠷᠢᠨ ᠤ ᠮᠣᠳᠣ ᠶᠢ ᠰᠢᠯᠵᠢᠬᠦᠯᠬᠦ ᠪᠣᠶᠣ ᠵᠠᠰᠠᠬᠤ     ᠡᠪᠦᠯ ᠣᠷᠣᠬᠤ ᠠᠴᠠ ᠡᠮᠦᠨ᠎ᠡ ᠠᠵᠢᠭᠯᠠᠨ ᠬᠡᠮᠵᠢᠬᠦ ᠲᠠᠯᠠᠪᠣᠷ ᠤᠨ ᠡᠷᠬᠢᠨ ᠲᠣᠭᠤᠷᠢᠨ ᠤ 50 ᠮᠧᠲᠷ ᠤᠨ ᠬᠡᠪᠴᠢᠶᠡᠨ ᠳᠣᠳᠣᠷᠠᠬᠢ ᠦᠨᠳᠦᠷ ᠨᠢ 1 ᠮᠧᠲᠷ ᠢ ᠳᠠᠪᠠᠭᠰᠠᠨ ᠮᠣᠳᠣ ᠶᠢ ᠰᠢᠯᠵᠢᠬᠦᠯᠦᠨ ᠭᠠᠷᠭᠠᠬᠤ ᠪᠣᠶᠣ ᠵᠠᠰᠠᠵᠣ ᠪᠣᠭᠤᠨᠢ ᠪᠣᠯᠭᠠᠬᠤ ᠬᠡᠷᠡᠭᠲᠡᠢ᠃     ᠬᠤᠶᠠᠷ᠂ ᠠᠵᠢᠭᠯᠠᠨ ᠬᠡᠮᠵᠢᠬᠦ ᠲᠠᠯᠠᠪᠣᠷ ᠤᠨ ᠡᠷᠬᠢᠨ ᠲᠣᠭᠤᠷᠢᠨ ᠤ ᠠᠵᠢᠭᠯᠠᠨ ᠬᠡᠮᠵᠢᠬᠦ ᠲᠤᠭ᠎ᠠ ᠬᠡᠮᠵᠢᠶ᠎ᠡ ᠶᠢ ᠨᠦᠯᠦᠬᠡᠯᠡᠵᠦ ᠪᠠᠶᠢᠬᠤ ᠪᠠᠷᠢᠯᠭ᠎ᠠ ᠶᠢᠨ ᠳᠠᠭᠠᠯᠲᠠ ᠪᠡᠯᠡᠳᠬᠡᠮᠵᠢ ᠲᠦᠭᠦᠭᠡᠷᠦᠮᠵᠢ ᠶᠢ ᠴᠡᠭᠴᠡᠯᠡᠨ ᠵᠠᠰᠠᠬᠤ ᠬᠡᠷᠡᠭᠲᠡᠢ     ᠠᠵᠢᠭᠯᠠᠨ ᠬᠡᠮᠵᠢᠬᠦ ᠲᠠᠯᠠᠪᠣᠷ ᠠᠴᠠ ᠪᠠᠷᠠᠭᠤᠨ ᠬᠤᠶᠢᠰᠢ 100 ᠮᠧᠲᠷ ᠤᠨ ᠭᠠᠵᠠᠷ ᠲᠤ ᠪᠠᠶᠢᠬᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠠᠯᠪᠠᠨ ᠠᠰᠠᠷ ᠤᠨ ᠣᠷᠣᠢ ᠳᠡᠭᠡᠷᠡᠬᠢ ᠮᠣᠩᠭᠤᠯ ᠭᠡᠷ ᠬᠡᠯᠪᠡᠷᠢᠲᠦ ᠵᠠᠰᠠᠯ ᠴᠢᠮᠡᠭᠯᠡᠯ ᠨᠢ ᠦᠳᠡ ᠶᠢᠨ ᠬᠤᠶᠢᠨᠠᠬᠢ ᠨᠠᠷᠠᠨ ᠤ ᠲᠣᠰᠣᠯᠲᠠ ᠶᠢ ᠨᠦᠯᠦᠬᠡᠯᠡᠵᠦ ᠪᠠᠶᠢᠬᠤ ᠲᠣᠯᠠ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢ ᠵᠣᠬᠢᠴᠠᠭᠤᠯᠵᠣ ᠪᠠᠶᠢᠭᠠᠳ ᠳᠠᠷᠠᠭ᠎ᠠ ᠵᠢᠯ ᠤᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠠᠪᠴᠣ ᠬᠠᠶᠠᠬᠤ ᠬᠡᠷᠡᠭᠲᠡᠢ᠃     ᠭᠤᠷᠪᠠ᠂ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠲᠣᠬᠠᠢ ᠬᠠᠮᠢᠶ᠎ᠠ ᠪᠦᠬᠦᠢ ᠬᠠᠣᠯᠢ ᠴᠠᠭᠠᠵᠠ ᠪᠠ ᠬᠠᠣᠯᠢ ᠳᠦᠷᠢᠮ ᠤᠨ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠢ     ᠵᠠᠭᠤᠴᠢᠯᠠᠭᠤᠷ᠂ ᠣᠬᠠᠭᠤᠯᠭ᠎ᠠ ᠶᠢᠨ ᠮᠠᠲ᠋ᠧᠷᠢᠶᠠᠯ ᠵᠡᠷᠭᠡ ᠣᠯᠠᠨ ᠠᠷᠭ᠎ᠠ ᠬᠡᠯᠪᠡᠷᠢ ᠶᠢ ᠬᠦᠢᠴᠡᠳ ᠠᠰᠢᠭᠯᠠᠨ᠂ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠣᠬᠠᠭᠤᠯᠭ᠎ᠠ ᠶᠢᠨ ᠬᠦᠴᠦᠯᠡᠴᠡ  ᠪᠠᠨ ᠨᠡᠮᠡᠭᠳᠡᠬᠦᠯᠵᠦ᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠴᠠᠭ ᠠᠭᠤᠷ ᠤᠨ ᠬᠠᠣᠯᠢ︾᠂ ︽ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠪᠠ ᠲᠦᠭᠦᠭᠡᠷᠦᠮᠵᠢ ᠶᠢ ᠬᠠᠮᠠᠭᠠᠯᠠᠬᠤ ᠠᠷᠭ᠎ᠠ︾ ᠵᠢᠴᠢ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠳᠦᠷᠢᠮ ᠢ ᠪᠦᠬᠦ ᠨᠡᠶᠢᠭᠡᠮ ᠳᠤ ᠶᠡᠬᠡᠪᠡᠷ᠂  ᠣᠬᠠᠭᠤᠯᠵᠣ᠂ ᠴᠠᠭ ᠠᠭᠤᠷ  ᠢ ᠬᠠᠶᠢᠨ ᠬᠡᠮᠵᠢᠬᠦ ᠣᠷᠴᠢᠨ ᠲᠣᠭᠤᠷᠢᠨ ᠪᠠ ᠲᠦᠭᠦᠭᠡᠷᠦᠮᠵᠢ ᠶᠢ ᠬᠠᠮᠠᠭᠠᠯᠠᠬᠤ ᠬᠦᠷᠢᠶ᠎ᠡ ᠬᠡᠪᠴᠢᠶ᠎ᠡ ᠵᠢᠴᠢ ᠪᠠᠷᠢᠮᠵᠢᠶ᠎ᠠ  ᠶᠢ ᠴᠠᠭ ᠲᠣᠬᠠᠢ ᠳᠤᠨᠢ ᠨᠡᠶᠢᠳᠡᠯᠡᠬᠦ ᠪᠠ ᠣᠬᠠᠭᠤᠯᠬᠤ ᠬᠡᠷᠡᠭᠲᠡᠢ᠃ ᠲᠣᠪᠴᠢᠶ᠎ᠠ ᠶᠢᠨ ᠣᠷᠣᠨ ᠨᠣᠲᠤᠭ ᠤᠨ ᠣᠳᠣᠷᠢᠳᠬᠤ ᠺᠠᠳ᠋ᠷᠴᠣᠳ ᠪᠠ ᠡᠷᠬᠢᠨ ᠲᠣᠭᠤᠷᠢᠨ ᠤ ᠪᠠᠶᠢᠭᠤᠯᠭ᠎ᠠ ᠨᠢᠬᠡᠴᠡ᠂ ᠠᠷᠠᠳ ᠣᠯᠠᠨ ᠳᠤ  ᠬᠠᠨᠳᠣᠯᠭ᠎ᠠ  ᠲᠠᠢ ᠣᠬᠠᠭᠤᠯᠭ᠎ᠠ ᠬᠢᠬᠦ ᠪᠠᠨ ᠴᠢᠩᠭᠠᠳᠬᠠᠵᠣ᠂ ᠣᠷᠣᠨ ᠨᠣᠲᠤᠭ ᠤᠨ ᠣᠳᠣᠷᠢᠳᠬᠤ ᠺᠠᠳ᠋ᠷᠴᠣᠳ ᠪᠠ ᠡᠷᠬᠢᠨ ᠲᠣᠭᠤᠷᠢᠨ ᠤ ᠠᠷᠠᠳ ᠣᠯᠠᠨ ᠳᠤ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ  ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠣ᠂ ᠣᠷᠣᠨ ᠨᠣᠲᠤᠭ ᠤᠨ ᠵᠠᠰᠠᠭ ᠤᠨ ᠣᠷᠳᠣᠨ ᠤ ᠳᠡᠮᠵᠢᠯᠭᠡ ᠪᠠ ᠡᠷᠬᠢᠨ ᠲᠣᠭᠤᠷᠢᠨ ᠤ ᠠᠷᠠᠳ ᠣᠯᠠᠨ ᠤ ᠣᠶᠢᠯᠠᠭᠠᠯᠲᠠ ᠶᠢ ᠣᠯᠬᠤ ᠪᠠᠷ ᠴᠢᠷᠮᠠᠶᠢᠬᠤ ᠬᠡᠷᠡᠭᠲᠡᠢ᠃      ᠳᠦᠷᠪᠡ᠂ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠬᠤ      ︵ ᠨᠢᠬᠡ︶ ᠴᠠᠭᠳᠠᠨ ᠪᠠᠶᠢᠴᠠᠭᠠᠵᠣ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ      1. ᠬᠤᠰᠢᠭᠤᠨ ᠤ ᠵᠠᠰᠠᠭ ᠤᠨ ᠣᠷᠳᠣᠨ ᠠᠵᠢᠯᠳᠠᠨ ᠢᠶᠠᠨ ᠵᠣᠬᠢᠶᠠᠨ ᠪᠠᠶᠢᠭᠤᠯᠵᠣ᠂ ᠣᠯᠠᠷᠢᠯ ᠪᠦᠷᠢ ᠳᠤ ᠰᠡᠷᠡᠮᠵᠢᠯᠡᠬᠦᠯᠬᠦ ᠪᠠᠷᠢᠯᠭ᠎ᠠ᠂ ᠠᠶᠣᠯᠲᠠᠢ ᠪᠠᠷᠢᠯᠭ᠎ᠠ ᠪᠠ ᠭᠠᠵᠠᠷ ᠲᠠᠯᠠᠪᠣᠷ ᠤᠳ ᠢᠶᠠᠷ ᠨᠢᠬᠡ ᠣᠳᠠᠭ᠎ᠠ ᠴᠠᠭᠳᠠᠨ ᠪᠠᠶᠢᠴᠠᠭᠠᠯᠲᠠ ᠬᠢᠨ᠎ᠡ᠃      2. ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠵᠢᠵᠢᠭᠦᠷᠯᠡᠭᠴᠢ ᠠᠴᠠ ᠴᠠᠭ ᠠᠭᠤᠷ ᠤᠨ ᠦᠷᠳᠡᠭᠡ  ᠶᠢᠨ ᠡᠷᠬᠢᠨ ᠲᠣᠭᠤᠷᠢᠨ ᠤ 800 ᠮᠧᠲᠷ ᠤᠨ ᠬᠡᠪᠴᠢᠶᠡᠨ ᠲᠣᠳᠣᠷᠠᠬᠢ ᠪᠠᠷᠢᠯᠭ᠎ᠠ ᠶᠢ ᠨᠢᠬᠳᠠ ᠠᠵᠢᠭᠯᠠᠵᠣ᠂ ᠴᠠᠭ ᠠᠭᠤᠷ ᠤᠨ ᠬᠠᠶᠢᠨ ᠬᠡᠮᠵᠢᠬᠦ ᠣᠷᠴᠢᠨ ᠲᠣᠭᠤᠷᠢᠨ ᠢ ᠨᠦᠯᠦᠭᠡᠯᠡᠵᠦ ᠮᠡᠳᠡᠬᠦ ᠪᠠᠶᠢᠳᠠᠯ ᠢ ᠣᠯᠵᠣ ᠮᠡᠳᠡᠮᠡᠭᠴᠡ ᠪᠠᠨ ᠲᠡᠷᠡ ᠳᠠᠷᠣᠢ ᠳᠤᠨᠢ ᠪᠠᠶᠢᠭᠤᠯᠭ᠎ᠠ ᠨᠢᠬᠡᠴᠡ ᠶᠢᠨ ᠣᠳᠣᠷᠢᠳᠣᠯᠭ᠎ᠠ ᠳᠠᠭᠠᠨ ᠮᠡᠳᠡᠭᠳᠡᠵᠦ᠂ ᠴᠢᠬᠤᠯᠠᠲᠠᠢ ᠦᠶᠡᠰ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠢᠳᠡᠪᠬᠢᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠣ ᠪᠠᠶᠢᠭᠠᠳ ︽ᠡᠷᠳᠡ ᠣᠯᠵᠣ ᠮᠡᠳᠡᠬᠦ᠂ ᠡᠷᠳᠡ ᠮᠡᠳᠡᠭᠦᠯᠬᠦ᠂ ᠡᠷᠳᠡᠬᠡᠨ ᠰᠢᠢᠳᠪᠦᠷᠢᠯᠡᠬᠦ︾ ᠶᠢ ᠪᠡᠶᠡᠯᠡᠬᠦᠯᠬᠦ ᠬᠡᠷᠡᠭᠲᠡᠢ᠃      3. ᠰᠡᠷᠡᠮᠵᠢᠯᠡᠬᠦᠯᠬᠦ ᠪᠠᠷᠢᠯᠭ᠎ᠠ᠂ ᠠᠶᠣᠯᠲᠠᠢ ᠪᠠᠷᠢᠯᠭ᠎ᠠ᠂ ᠠᠶᠣᠯᠭᠦᠢ ᠶᠢᠨ ᠲᠦᠷᠦᠯ ᠤᠨ ᠪᠠᠷᠢᠯᠭ᠎ᠠ ᠶᠢᠨ ᠣᠶᠢᠷ᠎ᠠ ᠣᠷᠴᠢᠮ ᠳᠤ ᠬᠠᠮᠠᠭᠠᠯᠠᠬᠤ ᠪᠠᠭᠠᠨ᠎ᠠ ᠪᠣᠰᠬᠠᠵᠣ᠂ ᠦᠷᠳᠡᠭᠡ ᠶᠢᠨ ᠬᠦᠷᠢᠶᠡᠨ ᠤ ᠭᠠᠳᠠᠨᠠᠬᠢ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠨ ᠳᠤ ᠠᠯᠪᠠᠨ ᠵᠠᠷ ᠤᠨ ᠫᠠᠶᠢᠰᠠ ᠲᠣᠬᠢᠷᠠᠭᠤᠯᠬᠤ ᠬᠡᠷᠡᠭᠲᠡᠢ᠃      ︵ ᠬᠤᠶᠠᠷ︶ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠦᠪᠯᠡᠯ ᠤᠨ ᠪᠦᠷᠢᠯᠳᠦᠬᠦᠨ ᠨᠢᠬᠡᠴᠡ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ    ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠦᠪᠯᠡᠯ ᠤᠨ ᠪᠦᠷᠢᠯᠳᠦᠬᠦᠨ ᠨᠢᠬᠡᠴᠡ ᠪᠣᠯᠣᠭᠰᠠᠨ ᠤ ᠬᠤᠪᠢ  ᠳᠤ᠂ ᠡᠸ᠋ᠨᠩᠬᠢ ᠦᠨᠳᠦᠰᠦᠲᠡᠨ ᠤ ᠦᠪᠡᠷᠳᠡᠭᠡᠨ ᠵᠠᠰᠠᠬᠤ ᠬᠤᠰᠢᠭᠤᠨ ᠤ ᠬᠤᠲᠠ ᠬᠦᠳᠡᠭᠡ ᠶᠢᠨ ᠲᠦᠯᠦᠪᠵᠢᠬᠦᠯᠭᠡ  ᠶᠢᠨ ᠬᠤᠯᠪᠣᠭᠳᠠᠯ ᠪᠦᠬᠦᠢ ᠬᠤᠷᠠᠯ ᠵᠢᠴᠢ ᠠᠵᠢᠯᠯᠠᠭ᠎ᠠ ᠳᠤ ᠢᠳᠡᠪᠭᠢᠲᠡᠢ ᠣᠷᠣᠯᠴᠠᠵᠣ᠂ ᠴᠠᠭ ᠠᠭᠤᠷ ᠤᠨ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠬᠦᠷᠢᠶ᠎ᠡ ᠬᠡᠪᠴᠢᠶᠡᠨ ᠳᠣᠳᠣᠷᠠᠬᠢ ᠪᠠᠷᠢᠯᠭ᠎ᠠ ᠶᠢᠨ ᠵᠠᠢ ᠵᠢᠴᠢ ᠦᠨᠳᠦᠷ ᠤᠨ ᠬᠡᠮᠵᠢᠶ᠎ᠡ ᠶᠢ ᠬᠢᠨᠠᠨ ᠪᠠᠶᠢᠴᠠᠭᠠᠵᠣ᠂ ᠴᠠᠭ ᠠᠭᠤᠷ ᠤᠨ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠵᠦᠢᠯ ᠤᠳ ᠢ ᠡᠷᠳᠡ ᠢᠯᠡᠷᠡᠭᠦᠯᠦᠨ᠂ ᠣᠷᠢᠳᠴᠢᠯᠠᠨ ᠵᠠᠯᠠᠷᠠᠭᠤᠯᠵᠣ᠂ ᠲᠡᠷᠡ ᠳᠠᠷᠣᠢ ᠳᠤᠨᠢ ᠬᠤᠷᠢᠭᠯᠠᠨ ᠵᠣᠭᠰᠣᠭᠠᠬᠤ ᠬᠡᠷᠡᠭᠲᠡᠢ᠃ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠲᠦᠯᠬᠢᠨ ᠠᠬᠢᠭᠤᠯᠬᠤ ᠶᠢ ᠪᠡᠶᠡᠯᠡᠬᠦᠯᠬᠦ ᠬᠡᠷᠡᠭᠲᠡᠢ᠃     ︵ ᠭᠤᠷᠪᠠ︶ ᠰᠠᠯᠠᠭ᠎ᠠ ᠮᠦᠴᠢᠷ ᠤᠳ ᠤᠨ ᠬᠠᠮᠵᠢᠯᠴᠠᠨ ᠠᠵᠢᠯᠯᠠᠬᠤ ᠲᠤᠭᠲᠠᠴᠠ ᠶᠢ ᠴᠢᠩᠭᠠᠳᠬᠠᠬᠤ     ᠬᠤᠰᠢᠭᠤᠨ ᠤ ᠴᠠᠭ ᠠᠭᠤᠷ ᠤᠨ ᠲᠣᠪᠴᠢᠶ᠎ᠠ ᠠᠴᠠ ᠣᠯᠣᠰ ᠤᠨ ᠭᠠᠵᠠᠷ ᠰᠢᠷᠣᠢ᠂ ᠪᠦᠲᠦᠭᠡᠨ ᠪᠠᠶᠢᠭᠤᠯᠣᠯᠲᠠ  ᠶᠢᠨ ᠲᠣᠪᠴᠢᠶ᠎ᠠ᠂ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠨᠡᠪᠳᠡᠷᠡᠯᠴᠡᠨ ᠵᠣᠬᠢᠴᠠᠯᠳᠣᠵᠣ᠂ ᠣᠷᠳᠣ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠬᠠᠮᠵᠢᠨ ᠠᠵᠢᠯᠯᠠᠬᠤ ᠲᠣᠭᠲᠠᠴᠠ ᠪᠠᠶᠢᠭᠤᠯᠵᠣ᠂ ᠴᠠᠭ ᠠᠭᠤᠷ ᠢ ᠬᠠᠶᠢᠨ ᠬᠡᠮᠵᠢᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠨᠠᠨ ᠬᠠᠷᠭᠤᠭᠤᠯᠬᠤ ᠮᠠᠲ᠋ᠧᠷᠢᠶᠠᠯ ᠢ ᠲᠦᠷᠦᠯ ᠵᠦᠢᠯ ᠢ ᠬᠢᠨᠠᠨ ᠵᠦᠪᠰᠢᠶᠡᠷᠡᠬᠦ ᠶᠢᠨ ᠴᠢᠬᠤᠯᠠ ᠨᠦᠬᠦᠴᠡᠯ ᠪᠣᠯᠭᠠᠵᠣ᠂ ᠭᠠᠵᠠᠷ ᠬᠡᠷᠡᠭᠯᠡᠬᠦ ᠶᠢ ᠬᠢᠨᠠᠨ ᠵᠦᠪᠰᠢᠶᠡᠷᠡᠬᠦ ᠬᠡᠷᠡᠴᠢ ᠪᠠ ᠪᠠᠷᠢᠯᠭ᠎ᠠ ᠪᠠᠷᠢᠬᠤ ᠶᠢ ᠬᠢᠨᠠᠨ ᠵᠦᠪᠰᠢᠶᠡᠷᠡᠬᠦ ᠬᠡᠷᠡᠴᠢ ᠶᠢ ᠭᠠᠷᠭᠠᠵᠣ ᠦᠭᠬᠦ ᠠᠴᠠ ᠡᠮᠦᠨᠡᠬᠢ ᠴᠠᠭ ᠠᠭᠤᠷ ᠤᠨ ᠬᠠᠶᠢᠨ ᠬᠡᠮᠵᠢᠬᠦ ᠣᠷᠴᠢᠨ ᠲᠣᠭᠤᠷᠢᠨ ᠢ ᠬᠠᠮᠠᠭᠠᠯᠠᠬᠤ ᠪᠣᠭᠤᠮᠳᠠ  ᠶᠢ ᠴᠢᠩᠭ᠎ᠠ ᠠᠳᠬᠤᠬᠤ ᠬᠡᠷᠡᠭᠲᠡᠢ᠃      ︵ ᠳᠦᠷᠪᠡ︶ ᠴᠠᠭ ᠠᠭᠤᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ ᠶᠢ ᠪᠣᠯᠪᠠᠰᠣᠷᠠᠭᠤᠯᠬᠤ ᠬᠦᠴᠦᠯᠡᠴᠡ ᠪᠠᠨ ᠴᠢᠩᠭᠠᠳᠬᠠᠬᠤ    ᠬᠤᠰᠢᠭᠤᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ  ᠶᠢ ᠪᠣᠯᠪᠠᠰᠣᠷᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠣᠷᠠᠯ ᠬᠦᠷᠳᠡᠬᠡᠬᠦ ᠬᠢᠬᠡᠳ ᠦᠪᠡᠰᠦᠪᠡᠨ ᠰᠣᠷᠬᠤ ᠶᠢ ᠬᠠᠷᠢᠯᠴᠠᠨ ᠣᠶᠠᠯᠳᠣᠭᠤᠯᠬᠤ ᠠᠷᠭ᠎ᠠ ᠪᠠᠷ ᠴᠠᠭ ᠠᠭᠤᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ ᠶᠢᠨ ᠬᠠᠣᠯᠢ ᠴᠠᠭᠠᠵᠠ ᠶᠢᠨ ᠮᠡᠳᠡᠯᠬᠡ ᠪᠠ ᠣᠨᠣᠯ ᠤᠨ ᠲᠦᠪᠰᠢᠨ ᠢ ᠨᠢ ᠳᠡᠭᠡᠭᠰᠢᠯᠡᠬᠦᠯᠵᠦ᠂ ᠬᠠᠣᠯᠢ ᠴᠠᠭᠠᠵᠠ ᠶᠢᠨ ᠵᠦᠢᠯ ᠵᠣᠷᠪᠣᠰ ᠲᠤ ᠳᠣᠷᠠᠳᠣᠭᠰᠠᠨ ᠠᠭᠤᠯᠭ᠎ᠠ ᠤᠳ ᠢ ᠪᠦᠬᠦ ᠲᠠᠯ᠎ᠠ ᠪᠠᠷ ᠵᠦᠪ ᠣᠨᠣᠪᠴᠢᠲᠠᠢ ᠣᠶᠢᠯᠠᠭᠠᠭᠤᠯᠵᠣ᠂ ᠬᠠᠣᠯᠢ ᠬᠡᠷᠡᠭᠵᠢᠬᠦᠯᠬᠦ ᠳᠡᠰ ᠳᠠᠷᠠᠭ᠎ᠠ ᠶᠢ ᠪᠣᠯᠪᠠᠰᠣᠷᠠᠩᠭᠤᠢ ᠡᠵᠡᠮᠰᠢᠬᠦᠯᠵᠦ᠂ ᠡᠬᠦᠪᠡᠷ ᠬᠠᠷᠠᠭᠠᠯᠵᠠᠭᠰᠠᠨ ᠬᠠᠣᠯᠢ ᠴᠠᠭᠠᠵᠠ ᠬᠠᠣᠯᠢ ᠳᠦᠷᠢᠮ ᠢ ᠬᠡᠷᠡᠭᠵᠢᠬᠦᠯᠵᠦ ᠠᠰᠠᠭᠤᠳᠠᠯ ᠢ ᠰᠢᠢᠳᠪᠦᠷᠢᠯᠡᠬᠦ ᠴᠢᠳᠠᠪᠣᠷᠢ ᠵᠢᠴᠢ ᠴᠠᠭ ᠠᠭᠤᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠲᠦᠪᠰᠢᠨ ᠪᠠ ᠬᠡᠷᠡᠭ ᠰᠢᠢᠳᠪᠦᠷᠢᠯᠡᠬᠦ ᠦᠷ᠎ᠡ ᠠᠰᠢᠭ ᠢ ᠨᠢ ᠳᠡᠭᠡᠭᠰᠢᠯᠡᠬᠦᠯᠦᠨ᠎ᠡ᠃        
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号