ᠡᠸ᠋ᠨᠩᠬᠢ ᠬᠤᠰᠢᠭᠤᠨ ᠤ ᠡᠷᠡᠭᠦᠯ ᠮᠡᠨᠳᠦ  ᠶᠢ ᠠᠬᠢᠭᠤᠯᠬᠤ  ᠰᠠᠷ᠎ᠠ  ᠶᠢᠨᠠᠵᠢᠯᠯᠠᠭ᠎ᠠ ᠶᠢᠨ ᠲᠦᠰᠦᠯ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡ᠊
ᠨᠡᠶᠢᠲᠡᠯᠡᠭᠰᠡᠨ ᠴᠠᠭ᠄
2018-01-23
                        ᠡᠸ᠋ᠨᠩᠬᠢ ᠵᠠᠰᠠᠭ ᠠᠯᠪᠠᠨ ᠦᠰᠦᠭᠲᠦ ﹇2017﹈ 224 ᠳ᠋ᠣᠭᠡᠷ ᠲᠣᠭᠠᠲᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠬᠡᠴᠡ ᠳᠤ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠡᠳᠦᠭᠡ ︽ ᠡᠸ᠋ᠨᠩᠬᠢ ᠬᠤᠰᠢᠭᠤᠨ ᠤ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠪᠣᠳᠠᠳᠠᠢ ᠲᠠᠢ ᠪᠠᠨ ᠣᠶᠠᠯᠳᠣᠭᠤᠯᠣᠨ᠂ ᠨᠢᠮᠪᠠᠢ ᠲᠣᠣᠱᠯᠠᠭᠤᠯᠣᠨ ᠨᠠᠶᠢᠳᠠᠪᠣᠷᠢᠵᠢᠭᠤᠯᠣᠭᠠᠷᠠᠢ᠃       ᠡᠬᠦᠨ ᠤ ᠲᠣᠯᠠ ᠮᠡᠳᠡᠭᠳᠡᠪᠡ                                  2017 ᠣᠨ ᠤ 11 ᠰᠠᠷ᠎ᠠ ᠶᠢᠨ 15 ᠤ ᠡᠳᠦᠷ      ︵ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶                       ᠡᠸ᠋ᠨᠩᠬᠢ  ᠬᠤᠰᠢᠭᠤᠨ   ᠤ  ᠡᠷᠡᠭᠦᠯ   ᠮᠡᠨᠳᠦ   ᠶᠢ                       ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠲᠦᠰᠦᠯ    ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠢᠮᠪᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ ᠡᠷᠡᠭᠦᠯ ᠡᠩᠬᠡ ᠳᠣᠮᠳᠠᠳᠣ ᠣᠯᠣᠰ︾ ᠤᠨ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠬᠦᠯᠵᠦ᠂ ︽ ᠡᠷᠡᠭᠦᠯ ᠡᠩᠬᠡ ᠦᠪᠦᠷ ᠮᠣᠩᠭᠤᠯ 2030 ᠶᠢᠨ ᠬᠡᠷᠡᠭᠵᠢᠬᠦᠯᠦᠯᠲᠡ ᠶᠢᠨ ᠰᠠᠨᠠᠯ︾ ᠪᠠ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠲᠦᠪᠰᠢᠨ ᠢ ᠦᠨᠡᠨᠬᠦ ᠳᠡᠭᠡᠭᠰᠢᠯᠡᠬᠦᠯᠵᠦ᠂ ᠪᠦᠬᠦ ᠨᠡᠶᠢᠭᠡᠮ ᠢᠶᠠᠷ ᠢᠶᠠᠨ ᠬᠦᠮᠦᠨ ᠪᠣᠯᠭᠠᠨ ᠬᠠᠯᠠᠮᠵᠢᠯᠠᠬᠤ᠂ ᠬᠦᠮᠦᠨ ᠪᠦᠬᠦᠨ ᠣᠷᠣᠯᠴᠠᠬᠤ᠂ ᠬᠦᠮᠦᠨ ᠪᠦᠬᠦᠨ ᠡᠷᠡᠭᠦᠯ ᠮᠡᠨᠳᠦ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠶᠢᠨ ᠲᠦᠯᠦᠭᠡ᠂ ᠦᠪᠡᠷᠳᠡᠬᠡᠨ ᠵᠠᠰᠠᠬᠤ ᠣᠷᠣᠨ ᠤ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠦᠪᠯᠡᠯ ᠠᠴᠠ ᠵᠢᠯ ᠪᠦᠷᠢ ᠶᠢᠨ 11 ᠰᠠᠷ᠎ᠠ ᠶᠢ ᠡᠷᠡᠭᠦᠯ ᠮᠡᠨᠳᠦ ᠶᠢ ᠠᠬᠢᠭᠤᠯᠬᠤ ᠰᠠᠷ᠎ᠠ ᠪᠠᠷ ᠲᠣᠭᠲᠠᠭᠠᠪᠠ᠃ ᠦᠪᠡᠷᠳᠡᠭᠡᠨ ᠵᠠᠰᠠᠬᠤ ᠬᠤᠰᠢᠭᠤᠨ ᠤ ᠪᠣᠳᠠᠳᠣ ᠪᠠᠶᠢᠳᠠᠯ ᠲᠠᠢ ᠣᠶᠠᠯᠳᠣᠭᠤᠯᠣᠨ᠂ ᠠᠵᠢᠯᠯᠠᠭᠠᠨ ᠤ ᠲᠦᠰᠦᠯ ᠢ ᠣᠨᠴᠠᠯᠠᠨ ᠲᠣᠭᠲᠠᠪᠠ᠃      ᠨᠢᠬᠡ᠂ ᠠᠵᠢᠯᠯᠠᠭᠠᠨ ᠤ ᠭᠤᠣᠯ ᠰᠡᠳᠦᠪ      ᠡᠷᠡᠭᠦᠯ ᠮᠡᠨᠳᠦ ᠶᠢ ᠠᠬᠢᠭᠤᠯᠬᠤ ᠶᠢ ᠴᠢᠩᠭᠠᠳᠬᠠᠵᠣ᠂ ᠡᠷᠡᠭᠦᠯ ᠮᠡᠨᠳᠦ ᠶᠢᠨ ᠬᠡᠪ ᠪᠣᠯᠪᠠᠰᠣᠷᠠᠯ ᠢ ᠳᠡᠭᠡᠭᠰᠢᠯᠡᠬᠦᠯᠦᠨ᠎ᠡ      ᠬᠤᠶᠠᠷ᠂ ᠶᠡᠷᠥᠩᠬᠡᠢ ᠴᠣᠭᠴᠠ ᠶᠢᠨ ᠱᠠᠭᠠᠷᠳᠠᠯᠭ᠎ᠠ      ︵ ᠨᠢᠬᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠬᠢᠬᠡᠳ ᠡᠷᠡᠭᠦᠯ ᠮᠡᠨᠳᠦ  ᠶᠢᠨ ᠠᠵᠢᠯ ᠤᠨ ᠴᠢᠭᠯᠡᠯᠲᠡ ᠶᠢ ᠨᠢᠮᠪᠡᠢ ᠨᠠᠶᠢᠳᠠᠪᠣᠷᠢᠵᠢᠭᠤᠯᠣᠨ᠎ᠠ᠃ ᠦᠨᠳᠦᠰᠦᠨ ᠱᠠᠲᠣ ᠪᠠᠷ ᠭᠤᠣᠯᠳᠠᠯᠭ᠎ᠠ ᠪᠣᠯᠭᠠᠵᠣ ᠂ ᠠᠷᠠᠳ ᠣᠯᠠᠨ ᠢ ᠡᠷᠡᠭᠦᠯ ᠮᠡᠨᠳᠦ ᠪᠠᠶᠢᠯᠭᠠᠬᠤ ᠪᠠᠷ ᠭᠤᠣᠯ ᠪᠣᠯᠭᠠᠵᠣ᠂ ᠠᠷᠠᠳ ᠣᠯᠠᠨ ᠤ ᠡᠷᠡᠭᠦᠯ ᠮᠡᠨᠳᠦ ᠶᠢᠨ ᠲᠤᠬᠠᠢ ᠬᠦᠰᠡᠯ ᠱᠠᠭᠠᠷᠳᠠᠯᠭ᠎ᠠ ᠶᠢ ᠪᠡᠶᠡᠯᠡᠬᠦᠯᠬᠦ ᠪᠠᠷ ᠣᠳᠣᠷᠢᠳᠣᠮᠵᠢ ᠪᠣᠯᠭᠠᠵᠣ᠂ ︽ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ᠂ ᠣᠯᠣᠰ ᠤᠨ ᠣᠳᠠᠭᠠᠨ ᠴᠢᠨᠠᠷᠲᠠᠢ ᠡᠪᠡᠳᠴᠢᠨ ᠢ ᠶᠡᠷᠥᠩᠬᠡᠶᠢᠯᠡᠨ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠬᠦᠯᠬᠦ ᠣᠷᠣᠨ︾ ᠢ ᠡᠬᠦᠳᠦᠨ ᠪᠠᠶᠢᠭᠤᠯᠬᠤ ᠪᠠ ᠠᠷᠠᠳ ᠣᠯᠠᠨ ᠤ ᠡᠷᠡᠭᠦᠯ ᠮᠡᠨᠳᠦ ᠶᠢᠨ ᠲᠣᠬᠠᠢ ᠬᠡᠪ ᠪᠣᠯᠪᠠᠰᠣᠷᠠᠯ ᠤᠨ ᠲᠦᠪᠰᠢᠨ ᠢ ᠳᠡᠭᠡᠭᠰᠢᠯᠡᠬᠦᠯᠬᠦ ᠪᠠᠷ ᠭᠠᠷᠳᠠᠴᠠ ᠪᠣᠯᠭᠠᠵᠣ᠂ ᠡᠷᠡᠭᠦᠯ ᠮᠡᠨᠳᠦ ᠶᠢ ᠰᠠᠨᠠᠭᠠᠴᠢᠯᠠᠬᠤ ᠣᠷᠴᠢᠨ ᠨᠦᠬᠦᠴᠡᠯ ᠢ ᠬᠦᠴᠦᠯᠡᠨ ᠡᠭᠦᠳᠴᠦ᠂ ᠡᠷᠡᠭᠦᠯ ᠡᠩᠬᠡ ᠠᠮᠢᠳᠣᠷᠠᠬᠤ ᠠᠷᠭ᠎ᠠ ᠬᠡᠯᠪᠡᠷᠢ ᠶᠢ ᠰᠠᠨᠠᠭᠠᠴᠢᠯᠠᠵᠣ᠂ ᠡᠪᠡᠳᠴᠢᠨ ᠵᠠᠰᠠᠬᠤ ᠪᠠᠷ ᠭᠤᠣᠯᠯᠠᠭᠤᠯᠬᠤ ᠪᠠᠶᠢᠭᠰᠠᠨ ᠢ ᠡᠷᠡᠭᠦᠯ ᠮᠡᠨᠳᠦ ᠪᠠᠷ ᠭᠤᠣᠯᠯᠠᠭᠤᠯᠬᠤ ᠪᠣᠯᠭᠠᠨ ᠬᠤᠪᠢᠷᠠᠭᠤᠯᠬᠤ ᠶᠢ ᠪᠡᠶᠡᠯᠡᠬᠦᠯᠵᠦ᠂ ᠪᠦᠬᠦ ᠠᠷᠠᠳ ᠤᠨ ᠡᠷᠡᠭᠦᠯ ᠮᠡᠨᠳᠦ ᠪᠠ ᠡᠷᠡᠭᠦᠯ ᠮᠡᠨᠳᠦ ᠶᠢᠨ ᠡᠷᠬᠡ ᠲᠡᠭᠰᠢ ᠪᠠᠶᠢᠬᠤ ᠶᠢ ᠠᠬᠢᠭᠤᠯᠵᠣ᠂ ᠡᠷᠡᠭᠦᠯ ᠡᠩᠬᠡ ᠡᠸ᠋ᠨᠩᠬᠢ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃      ︵ ᠬᠤᠶᠠᠷ︶ ᠭᠤᠣᠯ ᠪᠣᠯᠬᠤ ᠬᠦᠢᠴᠡᠳᠬᠡᠯ ᠲᠤᠭ᠎ᠠ᠃ ᠨᠢᠬᠡ ᠰᠠᠷ᠎ᠠ ᠶᠢᠨ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠲᠦᠪᠯᠡᠷᠡᠭᠦᠯᠦᠨ ᠦᠷᠨᠢᠬᠦᠯᠬᠦ ᠪᠠᠷ ᠳᠠᠮᠵᠢᠭᠤᠯᠣᠨ᠂ ᠳᠣᠮᠳᠠᠳᠣ ᠣᠯᠣᠰ ᠤᠨ ᠡᠷᠬᠡᠲᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠦᠨᠳᠦᠰᠦᠨ ᠮᠡᠳᠡᠯᠭᠡ ᠪᠠ ᠣᠷ᠎ᠠ ᠮᠡᠷᠭᠡᠵᠢᠯ ᠢ ᠢᠯᠡᠳᠲᠡ ᠳᠡᠭᠡᠭᠰᠢᠯᠡᠬᠦᠯᠦᠨ᠎ᠡ︔ ︽ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠ ᠣᠯᠣᠰ ᠤᠨ ᠣᠳᠠᠭᠠᠨ ᠴᠢᠨᠠᠷᠲᠠᠢ ᠡᠪᠡᠳᠴᠢᠨ ᠢ ᠶᠡᠷᠥᠩᠬᠡᠶᠢᠯᠡᠨ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠬᠢᠴᠠ ᠶᠢ ᠲᠦᠷᠬᠡᠳᠬᠡᠨ ᠠᠬᠢᠭᠤᠯᠣᠨ᠎ᠠ︔ ᠡᠷᠡᠭᠦᠯ ᠮᠡᠨᠳᠦ ᠶᠢ ᠠᠬᠢᠭᠤᠯᠬᠤ ᠰᠣᠷᠭᠠᠭᠤᠯᠢ᠂ ᠪᠠᠶᠢᠭᠤᠯᠣᠯᠭ᠎ᠠ᠂ ᠠᠵᠣ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠡᠷᠡᠭᠦᠯ ᠡᠩᠬᠡ ᠨᠡᠶᠢᠬᠡᠮ ᠲᠣᠭᠤᠷᠢᠭ ᠪᠠ ᠡᠷᠡᠭᠦᠯ ᠡᠩᠬᠡ ᠬᠡᠷ ᠪᠦᠯᠢ ᠶᠢᠨ ᠪᠦᠲᠦᠭᠡᠨ ᠪᠠᠶᠢᠭᠤᠯᠣᠯᠲᠠ ᠶᠢ ᠮᠡᠳᠡᠭᠳᠡᠮ᠎ᠡ ᠦᠷ᠎ᠡ ᠪᠦᠲᠦᠮᠵᠢ ᠲᠠᠢ ᠪᠣᠯᠭᠠᠨ᠎ᠠ︔ ︽ᠡᠷᠡᠭᠦᠯ ᠡᠩᠬᠡ ᠶᠢ ᠪᠣᠢ ᠪᠦᠬᠦᠢ ᠲᠦᠷᠦ ᠶᠢᠨ ᠪᠣᠳᠣᠯᠭ᠎ᠠ ᠳᠤ ᠠᠭᠤᠰᠣᠯᠴᠠᠭᠤᠯᠬᠤ︾ ᠶᠢ ᠨᠢᠮᠪᠠᠢ ᠯᠠᠪᠳᠠᠭᠤᠨ ᠢᠶᠠᠷ ᠨᠠᠶᠢᠳᠠᠪᠣᠷᠢᠵᠢᠭᠤᠯᠬᠤ ᠶᠢᠨ ᠬᠠᠮᠳᠣ ᠪᠦᠬᠦ ᠨᠡᠶᠢᠬᠡᠮ ᠤᠨ ᠦᠷᠬᠡᠨ ᠳᠡᠯᠭᠡᠷ ᠴᠢᠬᠤᠯᠠᠴᠢᠯᠠᠯᠲᠠ ᠶᠢ ᠣᠯᠬᠤ ᠪᠣᠯᠭᠠᠨ᠎ᠠ︔ ᠪᠦᠬᠦ ᠬᠤᠰᠢᠭᠤᠨ ᠤ ᠠᠷᠠᠳ ᠣᠯᠠᠨ ᠤ ᠡᠪᠡᠳᠴᠢᠨ ᠬᠡᠮ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠡᠵᠡᠮᠰᠢᠬᠦ ᠨᠣᠷᠮ᠎ᠠ ᠶᠢ ᠦᠳᠲᠦᠷ ᠲᠦᠷᠬᠡᠨ ᠳᠡᠭᠡᠭᠰᠢᠯᠡᠬᠦᠯᠦᠨ᠎ᠡ︔ ᠡᠷᠡᠭᠦᠯ ᠡᠩᠬᠡ ᠠᠮᠢᠳᠣᠷᠠᠬᠤ ᠠᠷᠭ᠎ᠠ ᠬᠡᠯᠪᠡᠷᠢ ᠪᠠ ᠦᠢᠯᠡ ᠠᠵᠢᠯᠯᠠᠭ᠎ᠠ ᠶᠢ ᠪᠦᠲᠦᠮᠵᠢᠲᠡᠢ ᠲᠦᠬᠡᠮᠡᠯᠵᠢᠬᠦᠯᠦᠨ᠎ᠡ︔ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠲᠦᠪᠰᠢᠨ ᠢ 12% ᠲᠤ ᠬᠦᠷᠭᠡᠬᠦ ᠪᠠᠷ ᠴᠢᠷᠮᠠᠶᠢᠨ᠎ᠠ᠃      ᠭᠤᠷᠪᠠ᠂ ᠠᠵᠢᠯᠯᠠᠭ᠎ᠠ ᠶᠢᠨ ᠠᠭᠤᠯᠭ᠎ᠠ     ︵ ᠨᠢᠬᠡ︶ ᠲᠦᠪᠯᠡᠷᠡᠭᠦᠯᠦᠨ ᠳᠠᠶᠢᠴᠢᠯᠠᠵᠣ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠬᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠣ᠂ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠣᠷᠳᠣ ᠬᠤᠭᠤᠴᠠᠭᠠᠨ  ᠤ ᠪᠦᠲᠦᠮᠵᠢᠲᠦ ᠲᠣᠭᠲᠠᠴᠠ ᠶᠢᠨ ᠠᠵᠢᠯ ᠤᠨ ᠬᠡᠪ ᠵᠠᠬᠪᠣᠷ ᠢ ᠪᠠᠶᠢᠭᠤᠯᠵᠣ᠂ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠣ᠂ ᠡᠷᠡᠭᠦᠯ ᠮᠡᠨᠳᠣ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠳᠠᠬᠢᠨᠳᠠ ᠲᠦᠪᠯᠡᠷᠡᠭᠦᠯᠦᠨ ᠳᠠᠶᠢᠴᠢᠯᠠᠵᠣ᠂ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠣᠭᠤᠯᠵᠣ᠂ ᠰᠠᠯᠠᠭ᠎ᠠ ᠮᠦᠴᠢᠷ ᠠᠯᠣᠰᠯᠠᠨ ᠡᠷᠡᠬᠦᠯ ᠮᠡᠨᠳᠦ ᠶᠢ ᠠᠬᠢᠭᠤᠯᠬᠤ ᠠᠵᠢᠯᠯᠠᠭ᠎ᠠ ᠦᠷᠨᠢᠬᠦᠯᠦᠨ᠎ᠡ᠃ ᠬᠤᠰᠢᠭᠤᠨ ᠤ ᠡᠪᠡᠳᠴᠢᠨ ᠬᠡᠮ ᠢ ᠬᠢᠵᠠᠭᠠᠷᠯᠠᠬᠤ ᠲᠦᠪ ᠠᠴᠠ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠢᠳᠡᠪᠬᠢᠲᠡᠢ ᠦᠷᠨᠢᠬᠦᠯᠵᠦ᠂ ᠨᠡᠶᠢᠬᠡᠮ᠂ ᠠᠵᠣ ᠠᠬᠤᠢ᠂ ᠣᠷᠴᠢᠨ ᠲᠣᠭᠤᠷᠢᠨ᠂ ᠠᠮᠢᠳᠣᠷᠠᠯ ᠤᠨ ᠬᠡᠯᠪᠡᠷᠢ ᠪᠠ ᠦᠢᠯᠡ ᠠᠵᠢᠯᠯᠠᠭ᠎ᠠ ᠵᠡᠷᠭᠡ ᠬᠦᠴᠦᠨ ᠵᠦᠢᠯ ᠤᠨ ᠬᠦᠮᠦᠰ ᠤᠨ ᠡᠷᠡᠭᠦᠯ ᠮᠡᠨᠳᠦ ᠳᠤ ᠠᠬᠢᠭᠤᠯᠬᠤ ᠦᠢᠯᠡᠳᠦᠯ ᠦᠵᠡᠬᠦᠯᠬᠦ ᠶᠢ ᠵᠠᠳᠠᠯᠣᠨ ᠰᠣᠳᠣᠯᠣᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠤᠳ ᠣᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠶᠢᠨ ᠠᠷᠠᠳ ᠣᠯᠠᠨ ᠤ ᠡᠷᠡᠭᠦᠯ ᠮᠡᠨᠳᠦ ᠳᠤ ᠦᠵᠡᠬᠦᠯᠬᠦ ᠴᠢᠬᠤᠯᠠ ᠨᠦᠯᠦᠬᠡᠯᠡᠯ ᠤᠨ ᠦᠢᠯᠡᠳᠦᠯ ᠢ ᠦᠷᠭᠡᠨ ᠢᠶᠠᠷ ᠣᠬᠠᠭᠤᠯᠵᠣ᠂ ︽ ᠡᠷᠡᠬᠦᠯ ᠮᠡᠨᠳᠦ ᠶᠢ ᠪᠣᠢ ᠪᠦᠬᠦᠢ ᠲᠦᠷᠦ ᠶᠢᠨ ᠪᠣᠳᠣᠯᠭ᠎ᠠ ᠳᠤ ᠠᠭᠤᠰᠣᠯᠴᠠᠭᠤᠯᠬᠤ︾ ᠠᠷᠭ᠎ᠠ ᠪᠣᠳᠣᠯᠭ᠎ᠠ ᠶᠢ ᠠᠬᠢᠭᠤᠯᠵᠣ᠂ ᠡᠯ᠎ᠡ ᠰᠠᠯᠠᠭ᠎ᠠ ᠮᠦᠴᠢᠷ ᠤᠳ ᠲᠦᠷᠦ ᠶᠢᠨ ᠪᠣᠳᠣᠯᠭ᠎ᠠ  ᠶᠢᠨ ᠨᠡᠬᠡᠬᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠡᠷᠡᠭᠦᠯ ᠮᠡᠨᠳᠦ ᠳᠤ ᠠᠰᠢᠭᠲᠠᠢ ᠬᠦᠴᠦᠨ ᠵᠦᠢᠯ ᠤᠨ ᠵᠠᠮᠴᠢᠯᠠᠯ ᠤᠨ ᠶᠣᠰᠣᠭᠠᠷ᠂ ᠡᠯ᠎ᠡ ᠰᠠᠯᠠᠭ᠎ᠠ ᠮᠦᠴᠢᠷ ᠠᠴᠠ ᠲᠦᠷᠦ ᠶᠢᠨ ᠪᠣᠳᠣᠯᠭ᠎ᠠ ᠶᠢ ᠵᠣᠷᠪᠣᠰᠴᠢᠯᠠᠨ ᠲᠠᠶᠢᠯᠪᠣᠷᠢᠯᠠᠵᠣ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠬᠤ ᠶᠢ ᠪᠠᠲᠣᠯᠠᠵᠣ᠂ ᠡᠯ᠎ᠡ ᠰᠠᠯᠠᠭ᠎ᠠ ᠮᠦᠴᠢᠷ ᠤᠨ ᠠᠷᠠᠳ ᠣᠯᠠᠨ ᠤ ᠡᠷᠡᠭᠦᠯ ᠮᠡᠨᠳᠦ ᠳᠤ ᠠᠰᠢᠭ ᠲᠠᠢ ᠲᠦᠷᠦ ᠶᠢᠨ ᠪᠣᠳᠣᠯᠭ᠎ᠠ ᠭᠠᠷᠭᠠᠬᠤ ᠶᠢ ᠲᠦᠯᠬᠢᠨ ᠠᠬᠢᠭᠤᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢᠨ ᠠᠵᠢᠯ ᠤᠨ ᠲᠦᠯᠦᠪᠵᠢᠬᠦᠯᠬᠡ᠂ ᠲᠦᠰᠦᠯ ᠪᠠ ᠭᠤᠣᠯᠳᠠᠯᠭ᠎ᠠ ᠲᠠᠢ ᠡᠭᠦᠷᠭᠡ ᠶᠢᠨ ᠱᠠᠭᠠᠷᠳᠠᠯᠭ᠎ᠠ ᠶᠢ ᠨᠢᠮᠪᠠᠢ ᠨᠠᠶᠢᠳᠠᠪᠣᠷᠢᠵᠢᠭᠤᠯᠵᠣ ᠂ ᠡᠷᠡᠭᠦᠯ ᠮᠡᠨᠳᠦ ᠶᠢ ᠲᠦᠯᠬᠢᠨ ᠠᠬᠢᠭᠤᠯᠬᠤ ᠵᠣᠬᠢᠶᠠᠨ ᠪᠠᠶᠢᠭᠤᠯᠣᠯᠲᠠ ᠶᠢᠨ ᠬᠠᠮᠢᠶᠠᠷᠣᠯᠲᠠ᠂ ᠠᠵᠢᠯ ᠤᠨ ᠲᠣᠭᠲᠠᠴᠠ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠬᠤ ᠶᠠᠪᠣᠴᠠ ᠳᠣᠮᠳᠠ  ᠳᠣᠬᠢᠶᠠᠯᠳᠣᠭᠰᠠᠨ ᠬᠦᠴᠢᠷᠳᠡᠯ ᠪᠠ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠨ᠎ᠡ᠃ ᠡᠬᠦᠨ  ᠠᠴᠠ ᠭᠠᠳᠠᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠠᠷᠠᠳ ᠢᠷᠬᠡᠳ ᠤᠨ ᠡᠷᠡᠭᠦᠯ ᠮᠡᠨᠳᠦ ᠳᠤ ᠠᠰᠢᠭᠲᠠᠢ ᠬᠡᠪ ᠪᠣᠯᠪᠠᠰᠣᠷᠠᠯ ᠤᠨ 66 ᠵᠣᠷᠪᠣᠰ ᠦᠨᠳᠦᠰᠦᠨ ᠮᠡᠳᠡᠯᠭᠡ ᠪᠠ ᠣᠷ᠎ᠠ ᠴᠢᠳᠠᠪᠣᠷᠢ ᠢᠶᠠᠷ ᠭᠤᠣᠯ ᠠᠭᠤᠯᠭ᠎ᠠ ᠪᠣᠯᠭᠠᠭᠰᠠᠨ ᠬᠡᠪ ᠪᠣᠯᠪᠠᠰᠣᠷᠠᠯ ᠢ ᠨᠡᠶᠢᠬᠡᠮ ᠲᠣᠭᠤᠷᠢᠭ ᠪᠠ ᠭᠡᠷ ᠪᠦᠯᠢ ᠳᠤ ᠣᠷᠣᠭᠤᠯᠬᠤ᠂ ᠭᠠᠴᠠᠭ᠎ᠠ ᠪᠠ ᠮᠠᠯᠴᠢᠨ ᠠᠶᠢᠯ ᠳᠤ ᠣᠷᠣᠭᠤᠯᠬᠤ ᠶᠢ ᠲᠦᠪᠯᠡᠷᠡᠭᠦᠯᠦᠨ ᠶᠡᠬᠡᠪᠡᠷ ᠣᠬᠠᠭᠤᠯᠵᠣ᠂ ᠠᠷᠠᠳ ᠣᠯᠠᠨ ᠢ ᠳᠠᠶᠢᠴᠢᠯᠠᠨ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠣ᠂ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ 66 ᠵᠣᠷᠪᠣᠰ ᠠᠭᠤᠯᠭ᠎ᠠ ᠶᠢ ᠪᠦᠬᠦ ᠠᠷᠠᠳ ᠢᠶᠠᠷ ᠢᠶᠠᠨ ᠰᠣᠷᠣᠯᠴᠠᠵᠣ᠂ ᠪᠦᠬᠦ ᠠᠷᠠᠳ ᠢᠶᠠᠷ  ᠢᠶᠠᠨ ᠡᠵᠡᠮᠰᠢᠬᠦ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃      ︵ ᠬᠤᠶᠠᠷ︶ ᠲᠦᠪᠯᠡᠷᠡᠭᠦᠯᠦᠨ ᠣᠬᠠᠭᠤᠯᠣᠨ ᠬᠦᠮᠦᠵᠢᠬᠦᠯᠵᠦ᠂ ︽ ᠡᠷᠡᠭᠦᠯ ᠮᠡᠨᠳᠦ ᠶᠢᠨ ᠬᠡᠪ ᠪᠣᠯᠪᠠᠰᠣᠷᠠᠯ  ᠤᠨ 66 ᠵᠣᠷᠪᠣᠰ︾ ᠠᠭᠤᠯᠭ᠎ᠠ ᠶᠢ ᠲᠦᠬᠡᠮᠡᠯᠵᠢᠬᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠡᠷᠡᠭᠦᠯ ᠮᠡᠨᠳᠦ ᠶᠢᠨ ᠬᠦᠮᠦᠵᠢᠯ᠂ ᠡᠷᠡᠭᠦᠯ ᠡᠩᠬᠡ ᠳᠣᠮᠳᠠᠳᠣ ᠶᠢᠨ ᠠᠶᠠᠯᠠᠯ᠂ ᠡᠷᠡᠭᠦᠯ ᠮᠡᠨᠳᠦ ᠪᠠᠷ ᠣᠷᠣᠭᠯᠠᠵᠣ ᠬᠦᠩᠬᠡᠵᠢᠬᠦ ᠲᠣᠬᠠᠢ ᠦᠨᠳᠦᠰᠦᠨ ᠮᠡᠳᠡᠯᠭᠡ ᠶᠢ ᠲᠦᠮᠡᠨ ᠡᠷᠦᠬᠡ ᠳᠤ ᠣᠷᠣᠭᠤᠯᠬᠤ᠂ ᠡᠷᠡᠭᠦᠯ ᠬᠠᠮᠠᠭᠠᠯᠠᠯ ᠤᠨ ᠪᠠᠴᠢᠮ  ᠠᠷᠭᠠᠴᠠᠯᠲᠠ ︽ᠲᠠᠪᠤ ᠶᠢ ᠣᠷᠣᠭᠤᠯᠬᠤ︾ ᠪᠠ ︽ ᠳᠣᠮᠳᠠᠳᠣ ᠣᠯᠣᠰ ᠤᠨ ᠠᠷᠠᠳ ᠢᠷᠬᠡᠳ ᠤᠨ ᠡᠷᠡᠭᠦᠯ ᠮᠡᠨᠳᠦ ᠶᠢᠨ ᠬᠡᠪ ᠪᠣᠯᠪᠠᠰᠣᠷᠠᠯ — ᠦᠨᠳᠦᠰᠦᠨ ᠮᠡᠳᠡᠯᠭᠡ ᠪᠠ ᠣᠷ᠎ᠠ ᠴᠢᠳᠠᠪᠣᠷᠢ︾ ᠶᠢᠨ 66 ᠵᠣᠷᠪᠣᠰ ᠠᠭᠤᠯᠭ᠎ᠠ ᠪᠠᠷ ᠭᠤᠣᠯ ᠪᠣᠯᠭᠠᠭᠰᠠᠨ ᠡᠷᠡᠭᠦᠯ ᠮᠡᠨᠳᠦ   ᠶᠢᠨ ᠲᠣᠬᠠᠢ ᠣᠬᠠᠭᠤᠯᠣᠨ ᠲᠠᠶᠢᠯᠪᠣᠷᠢᠯᠠᠬᠤ ᠶᠢ ᠵᠣᠬᠢᠶᠠᠨ ᠪᠠᠶᠢᠭᠤᠯᠣᠨ ᠦᠷᠨᠢᠬᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠦᠨᠳᠦᠰᠦᠨ ᠮᠡᠳᠡᠯᠭᠡ ᠪᠠ ᠣᠷ᠎ᠠ ᠴᠢᠳᠠᠪᠣᠷᠢ ᠶᠢ ᠲᠦᠬᠡᠮᠡᠯᠵᠢᠬᠦᠯᠵᠦ᠂ ᠡᠷᠡᠭᠦᠯ ᠡᠩᠬᠡ ᠠᠮᠢᠳᠣᠷᠠᠬᠤ ᠠᠷᠭ᠎ᠠ ᠬᠡᠯᠪᠡᠷᠢ ᠶᠢ ᠪᠦᠷᠢᠯᠳᠦᠬᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠣᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠪᠠ ᠡᠮᠨᠡᠯᠬᠡ ᠶᠢᠨ ᠠᠵᠢᠯᠳᠠᠨ ᠢᠶᠠᠷ ᠣᠬᠠᠭᠤᠯᠣᠨ ᠲᠠᠶᠢᠯᠪᠣᠷᠢᠯᠠᠬᠤ ᠭᠤᠣᠯᠯᠠᠬᠤ ᠬᠦᠴᠦᠨ ᠪᠣᠯᠭᠠᠵᠣ᠂ ᠨᠡᠶᠢᠬᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠂ ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠡᠯ᠎ᠡ ᠱᠠᠲᠣᠨ ᠤ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠦᠢᠯᠡᠴᠢᠯᠡᠬᠡᠨ ᠤ ᠪᠠᠶᠢᠭᠤᠯᠣᠮᠵᠢ ᠪᠠᠷ ᠦᠨᠳᠦᠰᠦᠨ ᠱᠠᠲᠣᠨ ᠤ ᠭᠤᠣᠯ ᠵᠢᠬᠰᠠᠭᠠᠯ ᠤᠨ ᠭᠠᠵᠠᠷ ᠪᠣᠯᠭᠠᠵᠣ᠂ ᠪᠠᠭᠰᠢ ᠪᠣᠯᠣᠨ ᠠᠯᠪᠠᠳᠠᠨ ᠠᠴᠠ ᠵᠢᠱᠢᠶᠡᠴᠢ ᠪᠠ ᠳᠠᠭᠠᠭᠤᠯᠣᠭᠴᠢ ᠶᠢᠨ ᠦᠢᠯᠡᠳᠦᠯ ᠭᠠᠷᠭᠠᠬᠤ ᠬᠡᠷᠡᠭᠲᠡᠢ᠃ ᠲᠧᠯᠸᠢᠰ᠂ ᠷᠠᠳᠢᠣ᠋᠂ ᠰᠣᠨᠢᠨ᠂ ᠲᠣᠣᠷ ᠰᠦᠯᠵᠢᠶ᠎ᠡ᠂ ᠭᠠᠷ ᠣᠳᠠᠰᠣ ᠶᠢᠨ ᠰᠢᠯᠵᠢᠶ᠎ᠡ ᠵᠡᠷᠭᠡ ᠳᠠᠮᠵᠢᠭᠤᠯᠬᠤ ᠵᠠᠭᠤᠴᠢᠯᠠᠭᠤᠷ ᠢ ᠬᠦᠢᠴᠡᠳ ᠠᠰᠢᠭᠯᠠᠨ᠂ ᠶᠡᠭᠡ ᠬᠡᠪᠴᠢᠶ᠎ᠡ ᠪᠠᠷ᠂ ᠣᠯᠠᠨ ᠠᠷᠭ᠎ᠠ ᠬᠡᠯᠪᠡᠷᠢ ᠪᠠᠷ᠂ ︵ ᠪᠡᠶᠡᠲᠦ︶ ᠰᠣᠨᠢᠨ ᠮᠡᠳᠡᠭᠡ ᠪᠠᠷ ᠡᠷᠡᠭᠦᠯ ᠮᠡᠨᠳᠦ ᠶᠢ ᠠᠬᠢᠭᠤᠯᠬᠤ ᠣᠬᠠᠭᠤᠯᠣᠨ ᠲᠠᠶᠢᠯᠪᠣᠷᠢᠯᠠᠬᠤ ᠠᠵᠢᠯᠯᠠᠭ᠎ᠠ ᠦᠷᠨᠢᠬᠦᠯᠦᠨ᠎ᠡ᠃ ᠬᠤᠲᠠ ᠬᠦᠳᠡᠭᠡ ᠶᠢᠨ ᠨᠡᠶᠢᠬᠡᠮ ᠲᠣᠭᠤᠷᠢᠭ ᠤᠨ ︽ ᠡᠷᠡᠭᠦᠯ ᠮᠡᠨᠳᠦ ᠶᠢᠨ ᠲᠣᠮᠣ ᠶᠠᠷᠢᠶᠠᠨ ᠤ ᠲᠠᠩᠬᠢᠮ︾ ᠪᠠ ᠪᠠᠶᠢᠭᠤᠯᠣᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠠᠵᠢᠯᠳᠠᠨ᠂ ᠲᠠᠷᠢᠶᠠᠴᠢᠨ ᠮᠠᠯᠴᠢᠨ᠂ ᠪᠣᠰᠣᠳ ᠭᠠᠵᠠᠷ ᠠᠴᠠ ᠢᠷᠡᠭᠰᠡᠨ ᠬᠦᠯᠦᠰᠦᠨ ᠠᠵᠢᠯᠴᠢᠨ ᠵᠡᠷᠭᠡ ᠳᠤ ᠬᠠᠨᠳᠣᠭᠤᠯᠣᠨ ᠡᠷᠡᠭᠦᠯ ᠮᠡᠨᠳᠦ ᠶᠢᠨ ᠲᠣᠬᠠᠢ ᠣᠬᠠᠭᠤᠯᠣᠨ ᠲᠠᠶᠢᠯᠪᠣᠷᠢᠯᠠᠨ᠎ᠠ᠃ ᠡᠮᠡᠭᠳᠡᠶᠢᠴᠣᠳ᠂ ᠵᠠᠯᠠᠭᠤᠴᠣᠳ ᠪᠠᠭᠠᠴᠣᠳ᠂ ᠨᠠᠰᠣᠲᠠᠶᠢᠴᠣᠳ᠂ ᠵᠡᠮᠳᠡᠭᠴᠣᠳ᠂ ᠨᠡᠭᠦᠳᠡᠯ ᠬᠦᠮᠦᠨ ᠠᠮᠠ᠂ ᠶᠠᠳᠠᠭᠤ ᠬᠦᠴᠢᠷᠳᠡᠯᠳᠡᠢ ᠬᠦᠮᠦᠨ ᠠᠮᠠ ᠵᠡᠷᠭᠡ ᠭᠤᠣᠯᠳᠠᠯᠭ᠎ᠠ ᠲᠠᠢ ᠬᠦᠮᠦᠰ ᠤᠨ ᠣᠨᠴᠠᠯᠢᠭ ᠲᠤᠨᠢ ᠲᠣᠬᠢᠷᠠᠭᠰᠠᠨ ᠣᠬᠠᠭᠤᠯᠣᠨ ᠲᠠᠶᠢᠯᠪᠣᠷᠢᠯᠠᠬᠤ ᠠᠵᠢᠯᠯᠠᠭ᠎ᠠ ᠦᠷᠨᠢᠬᠦᠯᠦᠨ᠎ᠡ᠃ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠦᠴᠢᠷ ᠤᠳ ᠠᠳᠠᠯᠢ ᠪᠣᠰᠣ ᠬᠦᠮᠦᠰ ᠲᠤ ᠠᠳᠠᠯᠢ ᠪᠣᠰᠣ ᠶᠢᠨ ᠠᠭᠤᠯᠭ᠎ᠠ ᠲᠠᠢ ᠡᠷᠡᠭᠦᠯ ᠮᠡᠨᠳᠦ  ᠶᠢᠨ ᠲᠣᠬᠠᠢ ᠣᠬᠠᠭᠤᠯᠭ᠎ᠠ ᠶᠢ ᠠᠳᠠᠭ ᠪᠠᠭ᠎ᠠ ᠳᠠᠭᠠᠨ 3 ᠣᠳᠠᠭ᠎ᠠ ᠲᠠᠶᠢᠯᠪᠣᠷᠢᠯᠠᠬᠤ ᠠᠵᠢᠯᠯᠠᠭ᠎ᠠ ᠦᠷᠨᠢᠬᠦᠯᠬᠦ ᠬᠡᠷᠡᠭᠲᠡᠢ᠃ ᠡᠷᠡᠭᠦᠯ ᠮᠡᠨᠳᠦ ᠶᠢ ᠣᠬᠠᠭᠤᠯᠣᠨ ᠲᠠᠶᠢᠯᠪᠣᠷᠢᠯᠠᠬᠤ ᠪᠠᠷ ᠳᠠᠮᠵᠢᠭᠤᠯᠣᠨ ︽ ᠬᠦᠮᠦᠨ ᠪᠦᠷᠢ ᠴᠦᠮ ᠬᠤᠪᠢ ᠪᠡᠶ᠎ᠡ ᠶᠢᠨ ᠢᠶᠠᠨ ᠡᠷᠡᠭᠦᠯ ᠮᠡᠨᠳᠦ ᠶᠢᠨ ᠨᠢᠬᠡᠳᠦᠭᠡᠷ ᠬᠠᠷᠢᠭᠤᠴᠠᠯᠭᠠᠳᠠᠨ ᠮᠦᠨ︾ ᠬᠡᠬᠦ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠰᠠᠨᠠᠭᠠᠴᠢᠯᠠᠨ ᠰᠡᠳᠦᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠢᠨᠵᠢᠯᠡᠬᠦ ᠣᠬᠠᠭᠠᠨᠴᠢ ᠡᠷᠡᠬᠦᠯ ᠮᠡᠨᠳᠦ ᠶᠢᠨ ᠦᠵᠡᠯᠲᠡ᠂ ᠬᠠᠯᠳᠠᠪᠣᠷᠢᠳᠣ ᠡᠪᠡᠳᠴᠢᠨ ᠢ ᠰᠡᠷᠭᠡᠶᠢᠯᠡᠨ ᠵᠠᠰᠠᠬᠤ᠂ ᠣᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ᠂ ᠠᠮᠣᠷ ᠲᠦᠪᠰᠢᠨ ᠬᠢᠬᠡᠳ ᠪᠠᠴᠢᠮ ᠠᠪᠣᠷᠠᠯᠲᠠ᠂ ᠦᠨᠳᠦᠰᠦᠨ ᠡᠮᠨᠡᠯᠬᠡ᠂ ᠡᠷᠡᠭᠦᠯ ᠮᠡᠨᠳᠦ ᠶᠢᠨ ᠮᠡᠳᠡᠭᠡ ᠵᠠᠩᠬᠢ ᠶᠢ ᠣᠯᠬᠤ ᠲᠠᠯ᠎ᠠ ᠪᠠᠷ ᠬᠢ ᠬᠡᠪ ᠪᠣᠯᠪᠠᠰᠣᠷᠠᠯ ᠤᠨ ᠲᠦᠪᠰᠢᠨ ᠢ ᠳᠡᠭᠡᠭᠰᠢᠯᠡᠬᠦᠯᠦᠨ᠎ᠡ᠃      ︵ ᠭᠤᠷᠪᠠ︶ ᠡᠷᠡᠭᠦᠯ ᠮᠡᠨᠳᠦ ᠡᠮᠨᠡᠯᠬᠡ ᠶᠢᠨ ᠬᠤᠷᠢᠶ᠎ᠠ ᠶᠢ ᠪᠦᠲᠦᠭᠡᠨ ᠪᠠᠶᠢᠭᠤᠯᠬᠤ ᠶᠢ ᠢᠳᠡᠪᠬᠢᠲᠡᠢ ᠦᠷᠨᠢᠬᠦᠯᠦᠨ᠎ᠡ᠃ ᠡᠯ᠎ᠡ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠤᠳ ᠲᠣᠰ ᠣᠳᠠᠭᠠᠨ ᠤ ᠡᠷᠡᠭᠦᠯ ᠮᠡᠨᠳᠦ  ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠳᠣᠮᠳᠠ ᠡᠷᠡᠭᠦᠯ ᠮᠡᠨᠳᠦ ᠡᠮᠨᠡᠯᠬᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠣᠯᠲᠠ ᠶᠢᠨ ᠬᠠᠮᠢᠶ᠎ᠠ ᠪᠦᠬᠦᠢ ᠠᠵᠢᠯ ᠢ ᠪᠦᠬᠦ ᠲᠠᠯ᠎ᠠ ᠪᠠᠷ ᠡᠬᠢᠯᠡᠬᠦᠯᠬᠦ ᠬᠡᠷᠡᠭᠲᠡᠢ᠃      ︵ ᠳᠦᠷᠪᠡ︶ ᠡᠷᠡᠭᠦᠯ ᠮᠡᠨᠳᠦ ᠶᠢᠨ ᠣᠷᠴᠢᠨ ᠨᠦᠬᠦᠴᠡᠯ ᠢ ᠬᠦᠴᠦᠯᠡᠨ ᠡᠭᠦᠳᠴᠦ᠂ ᠡᠷᠡᠭᠦᠯ ᠮᠡᠨᠳᠦ ᠶᠢᠨ ᠡᠰ ᠤᠨ ᠢᠨᠵᠧᠨᠧᠷᠢᠩ ᠢ ᠪᠠᠶᠢᠭᠤᠯᠣᠨ᠎ᠠ᠃ ᠬᠦᠮᠦᠰ ᠤᠨ ᠣᠷᠣᠰᠢᠨ ᠰᠠᠭᠤᠷᠢᠰᠢᠵᠣ ᠪᠠᠶᠢᠭ᠎ᠠ ᠣᠷᠴᠢᠨ ᠲᠣᠭᠤᠷᠢᠨ  ᠨᠢ ᠬᠤᠪᠢ ᠬᠦᠮᠦᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠰᠢᠢᠳᠪᠦᠷᠢᠲᠦ ᠴᠢᠨᠠᠷᠲᠠᠢ ᠨᠦᠯᠦᠬᠡᠯᠡᠬᠦ ᠦᠢᠯᠡᠳᠦᠯ  ᠲᠠᠢ ᠪᠠᠶᠢᠳᠠᠭ᠃ ᠮᠠᠯᠵᠢᠬᠤ ᠣᠷᠣᠨ ᠤ ᠦᠷᠬᠡᠨ ᠣᠯᠠᠨ ᠮᠠᠯᠴᠢᠳ ᠤᠨ ᠡᠷᠡᠭᠦᠯ ᠮᠡᠨᠳᠦ ᠶᠢᠨ ᠲᠣᠬᠠᠢ ᠬᠦᠰᠡᠯ ᠱᠠᠭᠠᠷᠳᠠᠯᠭ᠎ᠠ ᠳᠤ ᠵᠣᠷᠢᠭᠤᠯᠣᠨ᠂ ᠮᠠᠯᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠣᠷᠠᠯ ᠤᠨ ᠦᠨᠳᠦᠰᠦᠨ ᠮᠡᠳᠡᠯᠭᠡ ᠪᠠ ᠣᠷ᠎ᠠ ᠴᠢᠳᠠᠪᠣᠷᠢ ᠶᠢ ᠦᠷᠬᠡᠨ ᠢᠶᠠᠷ ᠣᠬᠠᠭᠤᠯᠵᠣ᠂ ᠣᠳᠠᠭᠠᠨ ᠴᠢᠨᠠᠷᠲᠠᠢ ᠡᠪᠡᠳᠴᠢᠨ᠂ ᠬᠠᠯᠳᠠᠪᠣᠷᠢᠳᠣ ᠡᠪᠡᠳᠴᠢᠨ᠂ ᠣᠷᠣᠨ ᠨᠣᠲᠤᠭ ᠤᠨ ᠡᠪᠡᠳᠴᠢᠨ ᠤ ᠲᠣᠬᠠᠢ ᠣᠬᠠᠭᠤᠯᠭ᠎ᠠ ᠪᠠ ᠰᠡᠷᠭᠡᠶᠢᠯᠡᠨ ᠬᠢᠵᠠᠭᠠᠷᠯᠠᠬᠤ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠬᠦ ᠬᠡᠷᠡᠭᠲᠡᠢ᠃ ᠡᠷᠡᠭᠦᠯ ᠮᠡᠨᠳᠦ ᠲᠣᠰᠬᠤᠨ ᠪᠠᠯᠭᠠᠰᠣ ᠶᠢ ᠪᠦᠲᠦᠭᠡᠨ ᠪᠠᠶᠢᠭᠤᠯᠬᠤ ᠶᠢ ᠢᠳᠡᠪᠭᠢᠲᠡᠢ ᠲᠦᠯᠬᠢᠨ ᠠᠬᠢᠭᠤᠯᠵᠣ᠂ ᠮᠠᠯᠵᠢᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠠᠷᠢᠭᠤᠨ ᠴᠡᠪᠡᠷ ᠲᠡᠭᠰᠢ ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ︽ᠵᠣᠷᠯᠣᠩ ᠤᠨ ᠬᠤᠪᠢᠰᠬᠠᠯ︾ ᠯᠤᠭ᠎ᠠ ᠣᠶᠠᠯᠳᠣᠭᠤᠯᠣᠨ ᠡᠷᠡᠭᠦᠯ ᠢ ᠬᠠᠮᠠᠭᠠᠯᠠᠬᠤ ᠵᠣᠷᠯᠣᠩ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠵᠦ ᠂ ᠣᠰᠣ ᠣᠮᠳᠠ ᠶᠢᠨ ᠠᠮᠣᠷ ᠲᠦᠪᠰᠢᠨ ᠢ ᠪᠠᠳᠣᠳᠬᠠᠬᠤ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠮᠠᠯᠵᠢᠬᠤ ᠣᠷᠣᠨ ᠤ ᠪᠣᠬᠢᠷ ᠣᠰᠣ ᠬᠤᠭ ᠨᠣᠪᠰᠢ ᠰᠢᠢᠳᠪᠦᠷᠢᠯᠡᠬᠦ ᠶᠢ ᠠᠬᠢᠭᠤᠯᠣᠨ᠎ᠠ᠃ ᠬᠤᠲᠠ ᠪᠠᠯᠭᠠᠰᠣᠨ ᠳᠤ ᠡᠷᠡᠭᠦᠯ ᠮᠡᠨᠳᠦ ᠶᠢ ᠠᠬᠢᠭᠤᠯᠬᠤ ᠰᠣᠷᠭᠠᠭᠤᠯᠢ᠂ ᠡᠮᠨᠡᠯᠬᠡ ᠶᠢᠨ ᠬᠤᠷᠢᠶ᠎ᠠ᠂ ᠪᠠᠶᠢᠭᠤᠯᠭ᠎ᠠ᠂ ᠠᠵᠣ ᠠᠬᠤᠶᠢᠯᠠᠯ᠂ ᠡᠷᠡᠭᠦᠯ ᠡᠩᠬᠡ ᠨᠡᠶᠢᠬᠡᠮ ᠲᠣᠭᠤᠷᠢᠭ ᠪᠠ ᠡᠷᠡᠭᠦᠯ ᠡᠩᠬᠡ ᠭᠡᠷ ᠪᠦᠯᠢ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠣᠷ ᠢ ᠡᠬᠦᠳᠦᠨ ᠪᠠᠶᠢᠭᠤᠯᠬᠤ ᠠᠵᠢᠯᠯᠠᠭ᠎ᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠦᠪᠡᠷᠳᠡᠬᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ 6 ᠲᠣᠮᠣ ᠭᠠᠵᠠᠷ ᠲᠠᠯᠠᠪᠣᠷ ᠢ ᠡᠭᠦᠳᠦᠨ ᠪᠠᠶᠢᠭᠤᠯᠬᠤ ᠪᠠᠷᠢᠮᠵᠢᠶ᠎ᠠ ᠶᠣᠰᠣᠭᠠᠷ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠪᠯᠡᠷᠡᠭᠦᠯᠦᠨ ᠡᠬᠢᠯᠡᠬᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ  ᠡᠬᠦᠳᠦᠨ ᠪᠠᠶᠢᠭᠤᠯᠬᠤ ᠠᠵᠢᠯ ᠢ ᠶᠡᠬᠡᠪᠡᠷ᠂ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠡᠷᠡᠭᠦᠯ ᠡᠩᠬᠡ ᠬᠤᠰᠢᠭᠤ ᠰᠢᠶᠠᠨ ᠪᠣᠯᠣᠨ ᠡᠷᠡᠭᠦᠯ ᠡᠩᠬᠡ ᠬᠦᠯᠦᠨ ᠪᠣᠶᠢᠷ ᠤᠨ ᠬᠤᠮᠠᠬᠢ ᠰᠠᠭᠤᠷᠢ ᠶᠢ ᠰᠠᠶᠢᠳᠣᠷ ᠪᠦᠲᠦᠬᠡᠨ ᠪᠠᠶᠢᠭᠤᠯᠣᠨ᠎ᠠ᠃      ︵ ᠲᠠᠪᠤ︶ ᠡᠷᠡᠭᠦᠯ ᠮᠡᠨᠳᠦ ᠠᠮᠢᠳᠣᠷᠠᠬᠤ ᠠᠷᠭ᠎ᠠ ᠬᠡᠯᠪᠡᠷᠢ ᠶᠢ ᠢᠳᠡᠪᠬᠢᠲᠡᠢ ᠰᠠᠨᠠᠭᠠᠴᠢᠯᠠᠵᠣ᠂ ᠣᠯᠣᠰ ᠤᠨ ᠣᠳᠠᠭᠠᠨ ᠴᠢᠨᠠᠷᠲᠠᠢ ᠡᠪᠡᠳᠴᠢᠨ ᠢ ᠶᠡᠷᠥᠩᠬᠡᠶᠢᠯᠡᠨ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠭᠦᠯᠬᠦ ᠣᠷᠣᠨ ᠢ ᠡᠬᠦᠳᠦᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠦᠬᠦ ᠠᠷᠠᠳ ᠤᠨ ᠡᠷᠡᠭᠦᠯ ᠮᠡᠨᠳᠦ ᠠᠮᠢᠳᠣᠷᠠᠯ ᠤᠨ ᠠᠷᠭ᠎ᠠ ᠬᠡᠯᠪᠡᠷᠢ ᠶᠢᠨ ᠠᠵᠢᠯᠯᠠᠭ᠎ᠠ ᠯᠤᠭ᠎ᠠ ᠣᠶᠠᠯᠳᠣᠭᠤᠯᠣᠨ᠂ ︽ᠭᠤᠷᠪᠠ ᠶᠢ ᠪᠠᠭᠤᠷᠠᠭᠤᠯᠵᠣ᠂ ᠭᠤᠷᠪᠠ ᠶᠢ ᠡᠷᠡᠭᠦᠯ ᠪᠣᠯᠭᠠᠬᠤ᠂ ᠡᠷᠡᠭᠦᠯ ᠮᠡᠨᠳᠦᠴᠢᠯᠡᠬᠦ︾ ᠠᠵᠢᠯᠯᠠᠭ᠎ᠠ ᠶᠢ ᠦᠷᠨᠢᠬᠦᠯᠦᠨ᠎ᠡ᠃ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ᠂ ︽ ᠭᠤᠷᠪᠠ ᠶᠢ ᠪᠠᠭᠤᠷᠠᠭᠤᠯᠵᠣ ᠭᠤᠷᠪᠠ ᠶᠢ ᠡᠷᠡᠭᠦᠯ ᠪᠣᠯᠭᠠᠬᠤ︾ ᠲᠣᠬᠠᠢ ᠣᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠣᠬᠠᠭᠤᠯᠭ᠎ᠠ ᠶᠢᠨ ᠬᠦᠨᠳᠡᠯᠡᠨ ᠪᠢᠴᠢᠭᠡᠰᠦ ᠡᠯᠬᠦᠬᠦ᠂ ᠠᠷᠠᠳ ᠣᠯᠠᠨ ᠤ ᠯᠠᠪᠯᠠᠯᠭ᠎ᠠ ᠶᠢ ᠬᠦᠯᠢᠶᠡᠨ ᠠᠪᠬᠤ᠂ ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠣᠨ᠂ ᠰᠢᠨ᠎ᠡ ᠵᠠᠭᠤᠴᠢᠯᠠᠭᠤᠷ ᠲᠠᠢ ᠣᠶᠠᠯᠳᠣᠭᠤᠯᠵᠣ ᠪᠠᠶᠢᠭᠠᠳ᠂ ᠠᠷᠠᠳ ᠣᠯᠠᠨ ᠳᠤ ︽ ᠭᠤᠷᠪᠠ ᠶᠢ ᠪᠠᠭᠤᠷᠠᠭᠤᠯᠬᠤ ᠭᠤᠷᠪᠠ ᠶᠢ ᠡᠷᠡᠭᠦᠯ ᠪᠣᠯᠭᠠᠬᠤ︾ ᠤᠨ ᠲᠣᠬᠠᠢ ᠶᠡᠷᠦ ᠶᠢᠨ ᠮᠡᠳᠡᠯᠭᠡ ᠵᠢᠴᠢ ᠴᠢᠰᠣᠨ ᠳᠠᠷᠣᠯᠲᠠ ᠦᠨᠳᠦᠷ᠂ ᠰᠢᠬᠢᠷ ᠰᠢᠵᠢᠩ ᠡᠪᠡᠳᠴᠢᠨ ᠵᠡᠷᠭᠡ ᠭᠤᠣᠯᠳᠠᠯᠭ᠎ᠠ ᠲᠠᠢ ᠣᠳᠠᠭᠠᠨ ᠴᠢᠨᠠᠷᠲᠠᠢ ᠡᠪᠡᠳᠴᠢᠨ ᠲᠠᠢ ᠬᠦᠮᠦᠰ ᠤᠨ ᠪᠡᠶ᠎ᠡ ᠳᠠᠬᠢ ᠬᠤᠣᠷ ᠬᠦᠨᠦᠭᠡᠯ ᠢ ᠠᠷᠠᠳ ᠣᠯᠠᠨ ᠳᠤ ᠣᠬᠠᠭᠤᠯᠣᠨ ᠲᠦᠭᠡᠮᠡᠯᠵᠢᠬᠦᠯᠬᠦ  ᠪᠠᠷ ᠳᠠᠮᠵᠢᠭᠠᠳ᠂ ᠳᠡᠳᠡᠨᠠᠷ ᠲᠤ ᠣᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠦᠷᠬᠡᠨ  ᠢᠶᠠᠷ ᠣᠬᠠᠭᠤᠯᠵᠣ᠂ ᠣᠳᠠᠭᠠᠨ ᠴᠢᠨᠠᠷᠲᠠᠢ ᠡᠪᠡᠳᠴᠢᠨ ᠤ ᠲᠣᠬᠠᠢ ᠲᠠᠨᠢᠯᠳᠠ ᠪᠠ ᠰᠡᠷᠭᠡᠶᠢᠯᠡᠬᠦ ᠣᠷ᠎ᠠ ᠴᠢᠳᠠᠪᠣᠷᠢ ᠶᠢ ᠲᠦᠬᠡᠮᠡᠯᠵᠢᠭᠦᠯᠵᠦ᠂ ᠠᠷᠠᠳ ᠣᠯᠠᠨ ᠤ ᠣᠳᠠᠭᠠᠨ ᠴᠢᠨᠠᠷᠲᠠᠢ ᠡᠪᠡᠳᠴᠢᠨ ᠤ ᠲᠣᠬᠠᠢ ᠮᠡᠳᠡᠯᠬᠡ ᠶᠢ ᠣᠶᠢᠯᠠᠭᠠᠬᠤ ᠨᠣᠷᠮ᠎ᠠ ᠶᠢ ᠨᠢ ᠳᠡᠭᠡᠭᠰᠢᠯᠡᠬᠦᠯᠵᠦ᠂ ᠨᠡᠶᠢᠬᠡᠮ ᠤᠨ ᠣᠳᠠᠭᠠᠨ ᠴᠢᠨᠠᠷᠲᠠᠢ ᠡᠪᠡᠳᠴᠢᠨ ᠢ ᠰᠡᠷᠬᠡᠶᠢᠯᠡᠨ ᠵᠠᠰᠠᠬᠤ ᠲᠠᠯ᠎ᠠ  ᠪᠠᠷ ᠢᠯᠡᠬᠦᠬᠡᠨ ᠠᠩᠬᠠᠷᠣᠯ ᠲᠠᠯᠪᠢᠬᠤ ᠶᠢ ᠬᠦᠲᠦᠯᠦᠨ ᠵᠢᠯᠣᠭᠤᠳᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠣᠳᠠᠳᠠᠢ ᠲᠠᠢ ᠪᠠᠨ ᠣᠶᠠᠯᠳᠣᠭᠤᠯᠣᠨ᠂ ᠡᠷᠡᠭᠦᠯ ᠮᠠᠨᠳᠣ ᠶᠢᠨ ᠲᠣᠰᠬᠠᠢ ᠰᠡᠳᠦᠪᠲᠦ ᠴᠡᠴᠡᠷᠯᠢᠭ᠂ ᠡᠷᠡᠭᠦᠯ ᠶᠠᠪᠠᠭᠠᠨ ᠵᠠᠮ᠂ ᠡᠷᠡᠭᠦᠯ ᠮᠡᠨᠳᠦ ᠵᠢᠵᠢᠭ ᠦᠷᠦᠬᠡ᠂ ᠡᠷᠡᠭᠦᠯ ᠡᠩᠬᠡ ᠵᠡᠬᠡᠯᠢ ᠵᠡᠷᠭᠡ ᠡᠷᠡᠭᠦᠯ ᠮᠡᠨᠳᠦ ᠶᠢ ᠰᠠᠨᠠᠭᠠᠴᠢᠯᠠᠬᠤ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠣᠨ᠎ᠠ᠃ ᠵᠦᠢ ᠵᠣᠬᠢᠰᠲᠠᠢ ᠢᠳᠡᠬᠡᠨ ᠣᠮᠳᠠᠭᠠᠨ᠂ ᠵᠣᠬᠢᠰᠲᠠᠢ ᠬᠦᠳᠡᠯᠭᠡᠭᠡᠨ ᠬᠢᠬᠦ᠂ ᠠᠷᠢᠬᠢ ᠲᠠᠮᠠᠬᠢ ᠶᠢ ᠬᠢᠵᠠᠭᠠᠷᠯᠠᠬᠤ᠂ ᠰᠡᠳᠬᠢᠴᠡ ᠶᠢᠨ ᠲᠠᠯ᠎ᠠ ᠪᠠᠷ ᠡᠷᠡᠭᠦᠯ᠂ ᠬᠢᠳᠠᠳ ᠡᠮ ᠡᠮᠨᠡᠯᠬᠡ ᠪᠠᠷ ᠡᠷᠡᠬᠦᠯ ᠮᠡᠨᠳᠦ ᠶᠢᠨ ᠰᠣᠪᠢᠯᠠᠯᠲᠠ ᠬᠢᠬᠦ ᠵᠡᠷᠭᠡ ᠡᠷᠡᠭᠦᠯ  ᠠᠮᠢᠳᠣᠷᠠᠬᠤ ᠠᠷᠭ᠎ᠠ ᠬᠡᠯᠪᠡᠷᠢ  ᠶᠢ ᠠᠭᠠᠵᠢᠮ ᠢᠶᠠᠷ ᠰᠠᠨᠠᠭᠠᠴᠢᠯᠠᠵᠣ᠂ ᠣᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠱᠢᠶ᠎ᠡ ᠦᠵᠡᠬᠦᠯᠬᠦ ᠲᠣᠭᠤᠷᠢᠭ ᠢ ᠡᠬᠦᠳᠦᠨ ᠪᠠᠶᠢᠭᠤᠯᠬᠤ ᠠᠵᠢᠯ ᠢ ᠬᠦᠴᠦᠲᠡᠢ ᠲᠦᠯᠬᠢᠨ ᠠᠬᠢᠭᠤᠯᠣᠨ᠎ᠠ᠃      ︵ ᠵᠢᠷᠭᠤᠭ᠎ᠠ︶ ᠡᠷᠡᠭᠦᠯ ᠮᠡᠨᠳᠦ ᠶᠢᠨ ᠲᠣᠬᠠᠢ ᠲᠣᠭᠤᠷᠢᠨ ᠲᠠᠶᠢᠯᠪᠣᠷᠢᠯᠠᠬᠤ ᠠᠵᠢᠯᠯᠠᠭ᠎ᠠ ᠶᠢ ᠢᠳᠡᠪᠬᠢᠲᠡᠢ ᠦᠷᠨᠢᠬᠦᠯᠦᠨ᠎ᠡ᠃ ᠬᠤᠰᠢᠭᠤᠨ ᠤ ᠡᠬᠡ ᠣᠷᠣᠨᠴᠢ ᠡᠷᠡᠭᠦᠯ ᠬᠠᠮᠠᠭᠠᠯᠠᠯ ᠤᠨ ᠠᠯᠪᠠᠨ ᠭᠡᠷ ᠠᠴᠠ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯᠳᠡᠨ ᠢ ᠵᠣᠬᠢᠶᠠᠨ ᠪᠠᠶᠢᠭᠤᠯᠣᠨ᠂ ᠪᠦᠬᠦ ᠬᠤᠰᠢᠭᠤᠨ ᠤ ᠬᠡᠪᠴᠢᠶᠡᠨ ᠳᠤ ᠡᠷᠡᠭᠦᠯ ᠮᠡᠨᠳᠦ ᠶᠢᠨ ᠲᠣᠬᠠᠢ ᠲᠣᠭᠤᠷᠢᠨ ᠲᠠᠶᠢᠯᠪᠣᠷᠢᠯᠠᠬᠤ ᠠᠵᠢᠯᠯᠠᠭ᠎ᠠ ᠦᠷᠨᠢᠬᠦᠯᠦᠨ᠎ᠡ᠃ ᠲᠣᠭᠤᠷᠢᠨ ᠲᠠᠶᠢᠯᠪᠣᠷᠢᠯᠠᠬᠤ ᠠᠭᠤᠯᠭ᠎ᠠ ᠨᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠡᠷᠡᠭᠦᠯ ᠮᠡᠨᠳᠦ ᠶᠢᠨ ᠬᠦᠮᠦᠵᠢᠯ᠂ ᠡᠷᠡᠭᠦᠯ ᠡᠩᠬᠡ ᠳᠣᠮᠳᠠᠳᠣ ᠶᠢᠨ ᠠᠶᠠᠯᠠᠯ᠂ ᠡᠷᠡᠭᠦᠯ ᠡᠩᠬᠡ ᠣᠷᠣᠭᠯᠠᠬᠤ ᠬᠦᠩᠭᠡᠵᠢᠬᠦ ᠶᠢ ᠲᠦᠮᠡᠨ ᠡᠷᠦᠬᠡ ᠳᠤ ᠣᠷᠣᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠠᠷᠭᠠᠴᠠᠯᠲᠠ ︽ ᠲᠠᠪᠤ ᠶᠢ ᠣᠷᠣᠭᠤᠯᠬᠤ︾ ᠪᠠ ︽ ᠳᠣᠮᠳᠠᠳᠣ ᠣᠯᠣᠰ ᠤᠨ ᠡᠷᠬᠡᠲᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠣᠷᠠᠯ — ᠦᠨᠳᠦᠰᠦᠨ ᠮᠡᠳᠡᠯᠭᠡ ᠪᠠ ᠣᠷ᠎ᠠ ᠴᠢᠳᠠᠪᠣᠷᠢ︾ ᠶᠢᠨ 66 ᠵᠣᠷᠪᠣᠰ ᠢᠶᠠᠷ ᠭᠤᠣᠯ ᠠᠭᠤᠯᠭ᠎ᠠ ᠪᠣᠯᠭᠠᠨ᠎ᠠ᠃      ᠳᠦᠷᠪᠡ᠂ ᠠᠵᠢᠯᠯᠠᠭ᠎ᠠ ᠶᠢᠨ ᠱᠠᠭᠠᠷᠳᠠᠯᠭ᠎ᠠ     ︵ ᠨᠢᠬᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢ ᠠᠷᠠᠳ ᠣᠯᠠᠨ  ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠬᠦᠯᠬᠦ ᠦᠨᠳᠦᠷᠴᠡ ᠠᠴᠠ ᠴᠢᠬᠤᠯᠠᠴᠢᠯᠠᠵᠣ᠂ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠶᠢ ᠦᠨᠡᠨᠬᠦ ᠴᠢᠩᠭᠠᠳᠬᠠᠵᠣ᠂ ᠵᠠᠰᠠᠭ ᠤᠨ ᠣᠷᠳᠣᠨ ᠠᠴᠠ ᠣᠷᠢᠶᠠᠯᠠᠨ᠂ ᠰᠠᠯᠠᠭ᠎ᠠ ᠮᠦᠴᠢᠷ ᠠᠴᠠ ᠬᠦᠳᠡᠯᠦᠯᠴᠡᠬᠦ ᠪᠠᠷ ᠳᠠᠮᠵᠢᠭᠤᠯᠣᠨ᠂ ᠠᠷᠠᠳ ᠣᠯᠠᠨ ᠣᠷᠣᠯᠴᠠᠬᠤ᠂ ᠲᠦᠪᠯᠡᠷᠡᠭᠦᠯᠦᠨ ᠳᠠᠶᠢᠴᠢᠯᠠᠨ ᠣᠬᠠᠭᠤᠯᠬᠤ᠂ ᠣᠬᠠᠭᠤᠯᠬᠤ ᠰᠦᠷ ᠳᠠᠯᠠᠶᠢᠴᠠ ᠪᠠᠷ ᠣᠬᠠᠭᠤᠯᠬᠤ ᠪᠠᠶᠢᠳᠠᠯ ᠢ ᠪᠣᠢ ᠪᠣᠯᠭᠠᠵᠣ᠂ ᠳᠠᠭᠠᠭᠤᠯᠣᠨ ᠲᠠᠶᠢᠴᠢᠯᠠᠬᠤ ᠦᠢᠯᠡᠳᠦᠯ ᠭᠠᠷᠭᠠᠨ᠎ᠠ᠃ ᠬᠤᠰᠢᠭᠤᠨ ᠤ ᠡᠬᠡ ᠣᠷᠣᠨᠴᠢ ᠡᠷᠡᠭᠦᠯ ᠬᠠᠮᠠᠭᠠᠯᠠᠯ ᠤᠨ ᠬᠤᠷᠠᠯ ᠠᠴᠠ ᠵᠣᠬᠢᠶᠠᠨ ᠪᠠᠶᠢᠭᠤᠯᠣᠨ ᠵᠣᠬᠢᠴᠠᠭᠤᠯᠬᠤ᠂ ᠬᠢᠨᠠᠯᠲᠠ ᠲᠠᠯᠪᠢᠨ ᠪᠠᠶᠢᠴᠠᠭᠠᠬᠤ ᠴᠢᠳᠠᠪᠬᠢ ᠪᠠᠨ ᠬᠦᠢᠴᠡᠳ ᠪᠠᠳᠠᠷᠠᠭᠤᠯᠵᠣ᠂ ᠲᠦᠪᠯᠡᠷᠡᠭᠦᠯᠦᠨ ᠨᠢᠬᠡᠳᠦᠯᠳᠡᠢ ᠲᠦᠯᠦᠪᠯᠡᠵᠦ᠂ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠦᠷᠨᠢᠭᠳᠡᠬᠦ ᠶᠢ ᠲᠦᠯᠬᠢᠨ ᠠᠬᠢᠭᠤᠯᠬᠤ ᠬᠡᠷᠡᠭᠲᠡᠢ᠃       ︵ ᠬᠤᠶᠠᠷ︶ ᠱᠠᠭᠠᠷᠳᠠᠨ ᠪᠠᠶᠢᠴᠠᠭᠠᠯᠲᠠ ᠶᠢ ᠴᠢᠩᠭᠠᠷᠠᠭᠤᠯᠵᠣ᠂ ᠨᠠᠶᠢᠳᠠᠪᠣᠷᠢᠵᠢᠭᠤᠯᠣᠯᠲᠠ ᠶᠢ ᠴᠢᠩᠭ᠎ᠠ ᠠᠳᠬᠤᠨ᠎ᠠ᠃ ᠡᠯ᠎ᠡ ᠰᠠᠯᠠᠭ᠎ᠠ ᠮᠦᠴᠢᠷ ᠤᠳ ᠬᠤᠰᠢᠭᠤᠨ ᠤ ᠵᠠᠰᠠᠭ ᠤᠨ ᠣᠷᠳᠣᠨ ᠠᠴᠠ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢ ᠨᠢᠬᠡᠳᠦᠯᠳᠦᠢ ᠪᠠᠶᠢᠷᠢᠯᠠᠭᠤᠯᠬᠤ ᠱᠠᠭᠠᠷᠳᠠᠯᠭ᠎ᠠ ᠶᠣᠰᠣᠭᠠᠷ᠂ ᠪᠣᠳᠠᠳᠠᠢ ᠲᠠᠢ  ᠪᠠᠨ ᠣᠶᠠᠯᠳᠣᠭᠤᠯᠵᠣ᠂ ᠦᠨᠡᠨᠬᠦ ᠪᠣᠯᠣᠮᠵᠢᠲᠠᠢ ᠠᠵᠢᠯᠯᠠᠭ᠎ᠠ ᠶᠢᠨ ᠲᠦᠰᠦᠯ ᠲᠣᠭᠲᠠᠭᠠᠵᠣ᠂ ᠠᠵᠢᠯᠯᠠᠭ᠎ᠠ ᠦᠷᠨᠢᠬᠦᠯᠬᠦ ᠮᠡᠳᠡᠭᠳᠡᠯ ᠢ ᠴᠠᠭ ᠲᠣᠬᠠᠢ ᠳᠤᠨᠢ ᠪᠠᠭᠤᠯᠭᠠᠵᠣ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢ ᠡᠬᠢᠯᠡᠬᠦᠯᠬᠦ ᠬᠡᠷᠡᠭᠲᠡᠢ᠃ ᠵᠢᠯ ᠤᠨ ᠳᠣᠳᠣᠷ᠎ᠠ ᠬᠤᠰᠢᠭᠤᠨ ᠤ ᠡᠬᠡ ᠣᠷᠣᠨᠴᠢ ᠡᠷᠡᠬᠦᠯ ᠬᠠᠮᠠᠭᠠᠯᠠᠯ ᠤᠨ ᠠᠯᠪᠠᠨ ᠬᠡᠷ  ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠠᠬᠢᠴᠠ᠂ ᠦᠷ᠎ᠡ ᠳ᠋ᠦᠩ ᠪᠣᠯᠣᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ ᠳᠠᠬᠢᠨ ᠬᠢᠨᠠᠨ ᠪᠠᠶᠢᠴᠠᠭᠠᠬᠤ ᠴᠡᠭᠴᠡᠯᠡᠨ ᠦᠭᠡᠷᠡᠴᠢᠯᠡᠬᠦ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠵᠦ᠂ ᠠᠵᠢᠯ ᠨᠢ ᠬᠦᠴᠦᠨ ᠦᠭᠡᠢ᠂ ᠨᠠᠶᠢᠳᠠᠪᠣᠷᠢᠵᠢᠯᠲᠠ ᠨᠢ ᠪᠣᠳᠠᠳᠠᠶᠢᠵᠢᠭᠰᠠᠨ ᠦᠭᠡᠢ ᠪᠠᠶᠢᠭᠤᠯᠭ᠎ᠠ ᠵᠢᠴᠢ ᠬᠠᠷᠢᠭᠤᠴᠠᠯᠭᠠᠳᠠᠨ ᠢ ᠪᠠᠶᠢᠳᠠᠯ ᠢ ᠨᠢ ᠦᠵᠡᠵᠦ ᠮᠡᠳᠡᠭᠡᠯᠡᠨ ᠰᠢᠬᠦᠮᠵᠢᠯᠡᠬᠦ ᠪᠣᠶᠣ ᠬᠠᠷᠢᠭᠤᠴᠠᠯᠭ᠎ᠠ ᠲᠣᠯᠭᠠᠨ ᠰᠢᠢᠳᠪᠦᠷᠢᠯᠡᠨ᠎ᠡ᠃      ︵ ᠭᠤᠷᠪᠠ︶ ᠠᠰᠠᠭᠤᠳᠠᠯ ᠢᠶᠠᠷ ᠣᠳᠣᠷᠢᠳᠣᠮᠵᠢ ᠪᠣᠯᠭᠠᠵᠣ᠂ ᠪᠣᠳᠠᠳᠣ ᠦᠷ᠎ᠡ ᠠᠰᠢᠭ ᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠳᠣᠮᠳᠠ᠂ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠠᠬᠢᠴᠠ ᠳᠣᠮᠳᠠ ᠣᠷᠣᠰᠢᠵᠣ ᠪᠠᠶᠢᠭ᠎ᠠ ᠭᠤᠣᠯ ᠠᠰᠠᠭᠤᠳᠠᠯ᠂ ᠠᠷᠠᠳ ᠣᠯᠠᠨ ᠤ ᠡᠷᠡᠭᠦᠯ ᠮᠡᠨᠳᠦ ᠶᠢ ᠨᠦᠯᠦᠬᠡᠯᠡᠵᠦ ᠪᠠᠶᠢᠬᠤ ᠡᠷᠡᠭᠦᠯ ᠬᠠᠮᠠᠭᠠᠯᠠᠯ ᠤᠨ ᠲᠣᠬᠠᠢ ᠳᠣᠪᠣᠶᠢᠮ᠎ᠠ ᠠᠰᠠᠭᠤᠳᠠᠯ ᠢᠶᠠᠷ ᠣᠳᠣᠷᠢᠳᠣᠮᠵᠢ ᠪᠣᠯᠭᠠᠵᠣ᠂ ᠰᠢᠢᠳᠪᠦᠷᠢᠯᠡᠬᠦ ᠠᠷᠭ᠎ᠠ ᠬᠡᠮᠵᠢᠶ᠎ᠡ  ᠶᠢ ᠨᠢᠮᠪᠠᠢ ᠰᠣᠳᠣᠯᠵᠣ᠂ ᠬᠦᠴᠦᠨ ᠴᠢᠳᠠᠯ ᠪᠠ ᠣᠶᠣᠨ ᠣᠬᠠᠭᠠᠨ ᠢᠶᠠᠨ ᠲᠦᠪᠯᠡᠷᠡᠭᠦᠯᠦᠨ ᠰᠢᠪᠳᠣᠯᠣᠯᠲᠠ ᠬᠢᠵᠦ᠂ ᠲᠦᠪᠯᠡᠷᠡᠭᠦᠯᠦᠨ  ᠲᠦᠯᠬᠢᠨ ᠠᠬᠢᠭᠤᠯᠬᠤ ᠰᠠᠷ᠎ᠠ ᠶᠢᠨ ᠠᠵᠢᠯᠯᠠᠭ᠎ᠠ ᠪᠠᠷ ᠳᠠᠮᠵᠢᠭᠠᠳ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠪᠠ ᠣᠳᠠᠭᠠᠨ ᠴᠢᠨᠠᠷᠲᠠᠢ ᠡᠪᠡᠳᠴᠢᠨ ᠢ ᠬᠢᠵᠠᠭᠠᠷᠯᠠᠬᠤ ᠵᠢᠱᠢᠶ᠎ᠡ ᠦᠵᠡᠬᠦᠯᠬᠦ ᠲᠣᠭᠤᠷᠢᠭ ᠢ ᠪᠦᠲᠦᠭᠡᠨ ᠪᠠᠶᠢᠭᠤᠯᠬᠤ ᠠᠬᠢᠴᠠ ᠶᠢ ᠲᠦᠷᠬᠡᠳᠬᠡᠬᠦ ᠬᠡᠷᠡᠭᠲᠡᠢ᠃ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠪᠠᠷ ᠳᠣᠬᠢᠶᠠᠯ ᠪᠣᠯᠭᠠᠵᠣ᠂ 66 ᠵᠣᠷᠪᠣᠰ ᠭᠤᠣᠯ ᠮᠡᠳᠡᠭᠡ ᠵᠠᠩᠬᠢ ᠶᠢ ᠶᠡᠬᠡᠪᠡᠷ ᠣᠬᠠᠭᠤᠯᠵᠣ ᠂ ᠡᠷᠡᠭᠦᠯ ᠮᠡᠨᠳᠦ ᠶᠢ ᠠᠬᠢᠭᠤᠯᠬᠤ ᠭᠠᠵᠠᠷ ᠲᠠᠯᠠᠪᠣᠷ ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠣ᠂ ᠠᠵᠢᠯ  ᠤᠨ ᠴᠢᠳᠠᠪᠣᠷᠢ ᠪᠣᠯᠣᠨ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠡᠢ᠃ ᠲᠦᠯᠬᠢᠨ ᠠᠬᠢᠭᠤᠯᠬᠤ ᠰᠠᠷ᠎ᠠ ᠶᠢᠨ ᠠᠵᠢᠯᠯᠠᠭ᠎ᠠ ᠪᠠᠷ ᠳᠠᠮᠵᠢᠭᠠᠳ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠠᠷᠠᠳ ᠣᠯᠠᠨ ᠤ ᠡᠷᠡᠭᠦᠯ ᠮᠡᠨᠳᠦ  ᠳᠤ ᠣᠷᠣᠰᠢᠵᠣ ᠪᠠᠶᠢᠭ᠎ᠠ ᠳᠣᠪᠣᠶᠢᠮ᠎ᠠ ᠠᠰᠠᠭᠤᠳᠠᠯ ᠤᠳ ᠢ ᠦᠨᠡᠨᠬᠦ ᠰᠠᠶᠢᠳᠣᠷ ᠰᠢᠢᠳᠪᠦᠷᠢᠯᠡᠵᠦ᠂ ᠰᠠᠷ᠎ᠠ ᠶᠢᠨ ᠠᠵᠢᠯᠯᠠᠭ᠎ᠠ ᠶᠢᠨ ᠪᠣᠳᠠᠳᠣ ᠦᠷ᠎ᠡ ᠪᠦᠲᠦᠮᠵᠢ ᠶᠢ ᠣᠯᠬᠤ ᠬᠡᠷᠡᠭᠲᠡᠢ᠃      ︵ ᠳᠦᠷᠪᠡ︶ ᠦᠷᠭᠡᠨ ᠢᠶᠠᠷ ᠣᠬᠠᠭᠤᠯᠵᠣ᠂ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠷᠡᠭᠦᠯ ᠮᠡᠨᠳᠦ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠦᠷᠨᠢᠬᠦᠯᠬᠦ ᠳᠡᠭᠡᠨ ᠂ ᠪᠣᠳᠠᠳᠠᠢ ᠲᠠᠢ ᠣᠶᠠᠯᠳᠣᠭᠤᠯᠵᠣ᠂ ᠠᠵᠢᠯ ᠤᠨ ᠰᠡᠳᠬᠢᠴᠡ ᠪᠠ ᠠᠷᠭ᠎ᠠ ᠪᠠᠨ ᠰᠢᠨᠡᠳᠬᠡᠵᠦ᠂ ᠠᠷᠠᠳ ᠣᠯᠠᠨ ᠢ ᠦᠷᠭᠡᠨ ᠢᠶᠠᠷ ᠳᠠᠶᠢᠴᠢᠯᠠᠨ᠂ ᠠᠮᠵᠢᠯᠲᠠ ᠲᠠᠢ  ᠲᠣᠷᠰᠢᠯᠭ᠎ᠠ ᠪᠠᠨ ᠴᠠᠭ ᠲᠣᠬᠠᠢ ᠳᠠᠭᠠᠨ ᠳ᠋ᠦᠩᠨᠡᠵᠦ᠂ ᠳᠡᠷᠢᠬᠦᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠷᠡᠭᠦᠯᠵᠦ᠂ ᠴᠠᠭ ᠲᠣᠬᠠᠢ ᠳᠤᠨᠢ ᠮᠡᠳᠡᠬᠡᠯᠡᠨ᠂ ᠦᠷᠭᠡᠨ ᠢᠶᠠᠷ ᠣᠬᠠᠭᠤᠯᠵᠣ᠂ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠠᠵᠢᠯᠯᠠᠭᠠᠨ ᠤ ᠰᠠᠷ᠎ᠠ ᠳᠤ ᠴᠣᠯᠭᠤᠷᠠᠨ ᠭᠠᠷᠣᠭᠰᠠᠨ ᠠᠮᠵᠢᠯᠲᠠ ᠲᠠᠢ ᠲᠣᠷᠰᠢᠯᠭ᠎ᠠ᠂ ᠰᠠᠶᠢᠨ ᠠᠷᠭ᠎ᠠ ᠬᠢᠳᠡᠯ᠂ ᠲᠡᠷᠢᠬᠦᠨ ᠤ ᠬᠦᠮᠦᠨ᠂ ᠨᠡᠶᠢᠲᠡᠯᠢᠭ ᠦᠢᠯᠡ ᠠᠵᠢᠯᠯᠠᠭ᠎ᠠ ᠶᠢ ᠴᠠᠭ ᠲᠣᠬᠠᠢ ᠳᠤᠨᠢ ᠬᠤᠰᠢᠭᠤᠨ ᠤ ᠡᠬᠡ ᠣᠷᠣᠨᠴᠢ ᠡᠷᠡᠭᠦᠯ ᠬᠠᠮᠠᠭᠠᠯᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃      ᠬᠠᠷᠢᠯᠴᠠᠭᠴᠢ᠄ ᠰᠢ ᠸᠧᠢ ᠳ᠋ᠦᠩ      ᠬᠠᠷᠢᠯᠴᠠᠬᠤ ᠣᠳᠠᠰᠣ᠄ 8816898      
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号