︽2017 ᠣᠨ ᠤ ᠪᠦᠬᠦ ᠬᠤᠰᠢᠭᠤᠨ ᠤ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ  ᠠᠵᠢᠯ  ᠤᠨ  ᠲᠦᠰᠦᠯ ︾  ᠢ  ᠳᠠᠷᠣᠮᠠᠯᠯᠠᠨ  ᠲᠠᠷᠬᠠᠭᠠᠬᠤ  ᠲᠣᠬᠠᠢ  ᠮᠡᠳᠡᠭᠳᠡᠯ
ᠨᠡᠶᠢᠲᠡᠯᠡᠭᠰᠡᠨ ᠴᠠᠭ᠄
2018-01-23
                         ᠡᠸ᠋ᠨᠩᠬᠢ ᠵᠠᠰᠠᠭ ᠠᠯᠪᠠᠨ ᠦᠰᠦᠭᠲᠦ ﹇2017﹈ 225 ᠳ᠋ᠣᠭᠠᠷ ᠲᠣᠭᠠᠳᠣᠬᠤᠰᠢᠭᠤᠨ ᠤ ᠭᠠᠯ ᠢ ᠰᠡᠷᠭᠡᠶᠢᠯᠡᠬᠦ ᠠᠶᠣᠯᠭᠦᠢ ᠶᠢᠨ ᠵᠦᠪᠯᠡᠯ ᠤᠨ ᠪᠦᠷᠢᠯᠳᠦᠬᠦᠨ ᠨᠢᠬᠡᠴᠡ ᠳᠤ᠄      ᠣᠳᠣ ︽2017 ᠣᠨ ᠤ ᠪᠦᠬᠦ ᠬᠤᠰᠢᠭᠤᠨ ᠤ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠪᠣᠳᠠᠳᠠᠢ ᠲᠠᠢ ᠪᠠᠨ ᠣᠶᠠᠯᠳᠣᠭᠤᠯᠣᠨ ᠬᠢᠨᠠᠮᠠᠭᠠᠢ ᠲᠣᠣᠱᠯᠠᠭᠤᠯᠣᠨ ᠬᠡᠷᠡᠭᠵᠢᠬᠦᠯᠲᠦᠭᠡᠢ᠃      ᠡᠬᠦᠨ ᠤ ᠲᠣᠯᠠ ᠮᠡᠳᠡᠭᠳᠡᠪᠡ                                    2017 ᠣᠨ ᠤ 12 ᠰᠠᠷ᠎ᠠ ᠶᠢᠨ 4 ᠤ ᠡᠳᠦᠷ ︵ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶          2017 ᠣᠨ ᠤ ᠪᠦᠬᠦ ᠬᠤᠰᠢᠭᠤᠨ ᠤ ᠡᠪᠦᠯ ᠬᠠᠪᠣᠷ ᠤᠨ ᠭᠠᠯ ᠤᠨ           ᠭᠠᠮᠰᠢᠭ   ᠢ  ᠰᠡᠷᠭᠡᠶᠢᠯᠡᠨ   ᠡᠵᠡᠮᠳᠡᠬᠦ  ᠠᠵᠢᠯ   ᠤᠨ  ᠲᠦᠰᠦᠯ    ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠭᠯᠡᠭᠦᠯᠦᠯᠲᠦ ᠴᠢᠨᠠᠷ ᠲᠠᠢ ᠠᠷᠭ᠎ᠠ ᠬᠡᠮᠵᠢᠶ᠎ᠡ ᠶᠢ ᠴᠢᠩᠭᠠᠳᠬᠠᠵᠣ᠂ ᠪᠦᠬᠦ ᠬᠤᠰᠢᠭᠤᠨ ᠤ ᠭᠠᠯ ᠰᠡᠷᠭᠡᠶᠢᠯᠡᠬᠦ ᠠᠶᠣᠯᠭᠦᠢ ᠶᠢᠨ ᠪᠠᠶᠢᠳᠠᠯ ᠤᠨ ᠲᠣᠭᠲᠠᠭᠤᠨ ᠢ ᠬᠠᠮᠠᠭᠠᠯᠠᠬᠤ ᠶᠢᠨ ᠲᠦᠯᠦᠭᠡ ᠂ ᠡᠸ᠋ᠨᠨᠩᠬᠢ ᠬᠤᠰᠢᠭᠤᠨ ᠤ ᠭᠠᠯ ᠰᠡᠷᠭᠡᠶᠢᠯᠡᠬᠦ ᠠᠶᠣᠯᠭᠦᠢ ᠶᠢᠨ ᠵᠦᠪᠯᠡᠯ 2017 ᠣᠨ ᠤ 11 ᠰᠠᠷ᠎ᠠ ᠶᠢᠨ 20 ᠤ ᠡᠳᠦᠷ ᠠᠴᠠ 2018 ᠣᠨ ᠤ 3 ᠰᠠᠷ᠎ᠠ ᠶᠢᠨ 31 ᠤ ᠡᠳᠦᠷ ᠬᠦᠷᠳᠡᠯ᠎ᠡ᠂ ᠪᠦᠬᠦ ᠬᠤᠰᠢᠭᠤᠨ ᠤ ᠬᠡᠪᠴᠢᠶᠡᠨ ᠳᠤ ᠡᠨᠡ ᠵᠢᠯ ᠤᠨ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠲᠦᠪᠯᠡᠷᠡᠭᠦᠯᠦᠨ ᠦᠷᠨᠢᠬᠦᠯᠬᠦ ᠪᠠᠷ ᠲᠣᠰ ᠲᠦᠰᠦᠯ ᠢ ᠣᠨᠴᠠᠭᠠᠶᠢᠯᠠᠨ ᠲᠣᠭᠲᠠᠭᠠᠪᠠ᠃    ᠨᠢᠬᠡ᠂ ᠠᠵᠢᠯ ᠤᠨ ᠬᠠᠷᠠᠯᠲᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠥᠩᠬᠡᠢ ᠱᠦᠵᠢ ᠰᠢ ᠶᠢᠨ ᠫᠢᠩ ᠤᠨ ᠣᠯᠠᠨ ᠨᠡᠶᠢᠲᠡ ᠶᠢᠨ ᠠᠮᠣᠷ ᠲᠦᠪᠰᠢᠨ ᠢ ᠪᠠᠳᠣᠯᠠᠨ ᠴᠢᠩᠭᠠᠳᠬᠠᠬᠤ ᠲᠣᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠪᠦᠬᠦ ᠣᠯᠣᠰ ᠤᠨ ᠡᠪᠦᠯ ᠬᠠᠪᠣᠷ ᠤᠨ ᠭᠠᠯ  ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠣᠯᠲᠠ ᠶᠢᠨ ᠱᠠᠭᠠᠷᠳᠠᠯᠭ᠎ᠠ ᠶᠣᠰᠣᠭᠠᠷ᠂ ᠭᠠᠯ ᠰᠡᠷᠭᠡᠶᠢᠯᠡᠯᠲᠡ ᠶᠢᠨ ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠵᠣ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭᠠᠳᠣ ᠰᠠᠯᠠᠭ᠎ᠠ ᠮᠦᠴᠢᠷ ᠪᠠ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠲᠣᠰ ᠠᠵᠢᠯ ᠢ ᠬᠠᠮᠢᠶᠠᠷᠴᠣ ᠪᠠᠶᠢᠭ᠎ᠠ ᠬᠤᠯᠪᠣᠭᠳᠠᠯ ᠪᠦᠬᠦᠢ ᠴᠠᠭᠳᠠᠭ᠎ᠠ ᠶᠢ ᠵᠣᠬᠢᠶᠠᠨ ᠪᠠᠶᠢᠭᠤᠯᠵᠣ᠂ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠦᠴᠦᠨ ᠢ ᠳᠠᠶᠢᠴᠢᠯᠠᠨ᠂ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠬᠦᠮᠦᠨ ᠬᠠᠷ᠎ᠠ ᠶᠢ ᠦᠬᠦᠬᠦᠯᠵᠦ ᠰᠢᠷᠬᠠᠳᠣᠭᠤᠯᠬᠤ ᠨᠡᠯᠢᠶᠡᠳ ᠶᠡᠭᠡ ᠭᠠᠯ ᠤᠨ ᠠᠶᠣᠯ ᠭᠠᠷᠬᠤ ᠶᠢ ᠣᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠪᠠᠷ ᠴᠢᠷᠮᠠᠶᠢᠵᠣ᠂ ᠬᠦᠨᠳᠦ ᠣᠨᠴᠠ ᠶᠡᠭᠡ ᠨᠡᠩ ᠢᠯᠠᠩᠭᠤᠶ᠎ᠠ ᠬᠠᠮᠳᠣᠯᠢᠭ  ᠢᠶᠠᠷ ᠦᠬᠦᠵᠦ ᠰᠢᠷᠬᠠᠳᠣᠬᠤ ᠭᠠᠯ ᠤᠨ ᠠᠶᠣᠯ ᠤᠨ ᠠᠳᠡᠯ ᠭᠠᠷᠬᠤ ᠶᠢ ᠡᠷᠡᠰ ᠬᠤᠷᠢᠭᠯᠠᠵᠣ᠂ ᠪᠦᠬᠦ ᠬᠤᠰᠢᠭᠤᠨ ᠤ ᠭᠠᠯ ᠤᠨ ᠭᠠᠮᠰᠢᠭ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠣᠯᠠᠨ᠎ᠠ᠃     ᠬᠤᠶᠠᠷ᠂ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠮᠵᠢ     ᠡᠨᠡ ᠡᠪᠦᠯ ᠢᠷᠡᠬᠦ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠣᠷᠣᠭᠰᠢᠲᠠᠢ ᠦᠷᠨᠢᠭᠳᠡᠬᠦ ᠶᠢ ᠠᠬᠢᠭᠤᠯᠬᠤ ᠶᠢᠨ ᠲᠦᠯᠦᠭᠡ᠂ ᠡᠨᠡ ᠡᠪᠦᠯ ᠢᠷᠡᠬᠦ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠳᠡᠳ᠋ ᠳᠠᠷᠤᠭ᠎ᠠ᠂ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠣᠣ ᠪᠦᠸᠧ ᠮᠢᠨ  ᠢᠶᠠᠷ ᠳᠣᠭᠤᠶᠢᠯᠠᠩ ᠤᠨ ᠳᠠᠷᠤᠭ᠎ᠠ ᠪᠣᠯᠭᠠᠵᠣ᠂ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠰᠣᠶᠣᠯᠳᠣ ᠪᠠᠷ ᠳᠣᠭᠤᠶᠢᠯᠠᠩ ᠤᠨ ᠳᠡᠳ᠋ ᠳᠠᠷᠤᠭ᠎ᠠ᠂ ᠬᠤᠰᠢᠭᠤᠨ ᠤ ᠭᠠᠯ ᠰᠡᠷᠭᠡᠶᠢᠯᠡᠬᠦ ᠵᠦᠪᠯᠡᠯ ᠤᠨ ᠪᠦᠷᠢᠯᠳᠦᠬᠦᠨ ᠨᠢᠬᠡᠴᠡ ᠪᠠᠷ ᠳᠣᠭᠤᠶᠢᠯᠠᠩ ᠤᠨ ᠬᠡᠰᠢᠬᠦᠨ ᠪᠣᠯᠭᠠᠨ᠎ᠠ᠃ ᠣᠳᠣᠷᠢᠳᠬᠤ ᠳᠣᠭᠤᠶᠢᠯᠠᠩ ᠨᠢ ᠠᠯᠪᠠᠨ ᠭᠡᠷ ᠲᠣᠬᠢᠷᠠᠭᠤᠯᠵᠣ ︵ ᠠᠯᠪᠠᠨ ᠭᠡᠷ ᠢ ᠭᠠᠯ ᠣᠨᠳᠠᠷᠭᠠᠬᠤ ᠶᠡᠭᠡ ᠠᠩᠬᠢ ᠳᠤ ᠲᠣᠬᠢᠷᠠᠭᠤᠯᠪᠠ︶᠂ ᠠᠯᠪᠠᠨ ᠭᠡᠷ ᠤᠨ ᠡᠷᠬᠢᠯᠡᠭᠴᠢ ᠶᠢ ᠭᠠᠯ ᠣᠨᠳᠠᠷᠭᠠᠬᠤ ᠶᠡᠭᠡ ᠠᠩᠬᠢ ᠶᠢᠨ ᠳᠠᠷᠤᠭ᠎ᠠ ᠭᠦᠸᠧ ᠬᠤᠩ ᠬᠠᠪᠰᠣᠷᠭᠠᠨ ᠬᠠᠷᠢᠭᠤᠴᠠᠵᠣ᠂ ᠡᠳᠦᠷ ᠳᠣᠳᠣᠮ ᠤᠨ ᠠᠵᠢᠯ ᠢ ᠪᠣᠳᠠᠳᠠᠢ ᠬᠠᠷᠢᠭᠤᠴᠠᠨ᠎ᠠ᠃     ᠭᠤᠷᠪᠠ᠂ ᠠᠵᠢᠯ ᠤᠨ ᠡᠭᠦᠷᠭᠡ ᠵᠢᠴᠢ ᠠᠷᠭ᠎ᠠ ᠬᠡᠮᠵᠢᠶ᠎ᠡ     ︵ ᠨᠢᠬᠡ︶ ᠭᠤᠣᠯᠳᠠᠯᠭ᠎ᠠ ᠲᠠᠢ ᠬᠦᠷᠢᠶᠡᠨ ᠤ ᠰᠡᠷᠭᠡᠶᠢᠯᠡᠨ ᠡᠵᠡᠮᠳᠡᠬᠦ ᠠᠵᠢᠯ ᠢ ᠳᠣᠪᠣᠶᠢᠯᠭᠠᠨ᠎ᠠ     ᠡᠯ᠎ᠡ ᠰᠠᠯᠠᠭ᠎ᠠ ᠮᠦᠴᠢᠷ ᠤᠳ ᠬᠦᠮᠦᠨ ᠬᠠᠷ᠎ᠠ ᠨᠢᠬᠳᠠ ᠬᠤᠷᠠᠵᠣ ᠴᠣᠭᠯᠠᠷᠠᠳᠠᠭ ᠭᠠᠵᠠᠷ ᠲᠠᠯᠠᠪᠣᠷ᠂ ᠨᠣᠴᠣᠮᠠᠳᠠᠭᠠᠢ ᠳᠡᠯᠪᠡᠷᠡᠮᠡᠳᠡᠬᠡᠢ ᠡᠳ᠋ ᠢ ᠲᠠᠯᠪᠢᠵᠣ ᠪᠠᠶᠢᠬᠤ ᠭᠠᠵᠠᠷ᠂ ︽ ᠭᠤᠷᠪᠠ ᠶᠢ ᠨᠢᠬᠡᠳᠬᠡᠭᠰᠡᠨ︾ ᠭᠠᠵᠠᠷ ᠲᠠᠯᠠᠪᠣᠷ᠂ ᠨᠣᠷᠠᠬᠤ ᠠᠶᠣᠯᠲᠠᠢ ᠬᠡᠷ ᠪᠠᠶᠢᠰᠢᠩ᠂ ᠦᠨᠳᠦᠷ ᠠᠰᠠᠷ ᠳᠠᠬᠳᠣ ᠪᠠ ᠮᠠᠯᠵᠢᠬᠤ ᠣᠷᠣᠨ ᠵᠡᠷᠭᠡ ᠭᠠᠯ ᠤᠨ ᠭᠠᠮᠰᠢᠭ ᠠᠮᠠᠷᠬᠠᠨ ᠡᠭᠦᠰᠬᠦ ᠳᠣᠯᠣᠭᠠᠨ ᠲᠦᠷᠦᠯ ᠤᠨ ᠭᠠᠵᠠᠷ ᠲᠠᠯᠠᠪᠣᠷ ᠨᠢᠬᠡᠴᠡ ᠶᠢ ᠳᠣᠪᠣᠶᠢᠯᠭᠠᠨ ᠴᠢᠩᠭ᠎ᠠ ᠰᠡᠷᠭᠡᠶᠢᠯᠡᠵᠦ ᠴᠢᠩᠭ᠎ᠠ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠬᠡᠷᠡᠭᠲᠡᠢ᠃     1. ᠪᠦᠬᠦ ᠲᠠᠯ᠎ᠠ ᠪᠠᠷ ᠵᠢᠬᠰᠠᠭᠠᠨ ᠪᠠᠶᠢᠴᠠᠭᠠᠵᠣ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ᠃ ᠡᠯ᠎ᠡ ᠪᠦᠷᠢᠯᠳᠦᠬᠦᠨ ᠨᠢᠬᠡᠴᠡ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ᠂ ᠠᠵᠢᠯ ᠲᠦᠷᠦᠯ᠂ ᠣᠷᠣᠨ ᠪᠦᠰᠡ᠂ ᠭᠠᠵᠠᠷ ᠲᠠᠯᠠᠪᠣᠷ ᠤᠳ ᠢ ᠨᠢᠬᠡᠳ ᠨᠢᠬᠡ ᠪᠠᠷ ᠵᠢᠬᠰᠠᠭᠠᠨ ᠪᠠᠶᠢᠴᠠᠭᠠᠵᠣ᠂ ᠳᠣᠯᠣᠭᠠᠨ ᠲᠦᠷᠦᠯ ᠤᠨ ᠭᠠᠵᠠᠷ ᠲᠠᠯᠠᠪᠣᠷ ᠨᠢᠬᠡᠴᠡ ᠶᠢᠨ ᠲᠤᠭ᠎ᠠ ᠬᠡᠮᠵᠢᠶ᠎ᠡ᠂ ᠦᠢᠯᠡᠳᠪᠦᠷᠢᠯᠡᠨ ᠡᠵᠡᠩᠨᠡᠬᠦ ᠬᠡᠪᠴᠢᠶ᠎ᠡ᠂ ᠪᠠᠷᠢᠯᠭ᠎ᠠ ᠶᠢᠨ ᠭᠠᠯ ᠣᠨᠲᠠᠷᠭᠠᠬᠤ ᠪᠡᠯᠡᠳᠬᠡᠮᠵᠢ ᠵᠢᠴᠢ ᠭᠠᠯ ᠰᠡᠷᠭᠡᠶᠢᠯᠡᠬᠦ ᠠᠶᠣᠯᠭᠦᠢ ᠶᠢᠨ ᠬᠠᠮᠢᠶᠠᠷᠣᠯᠲᠠ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠪᠠᠶᠢᠬᠤ ᠪᠠᠶᠢᠳᠠᠯ ᠢ ᠲᠣᠰ ᠲᠣᠰ ᠳᠣᠳᠣᠷᠬᠠᠢ ᠣᠶᠢᠯᠠᠭᠠᠵᠣ᠂ ᠭᠠᠵᠠᠷ ᠲᠠᠯᠠᠪᠣᠷ ᠨᠢᠬᠡᠴᠡ ᠤᠳ ᠢ ᠨᠢᠬᠡᠳ ᠨᠢᠬᠡ ᠪᠠᠷ ᠨᠠᠷᠢᠯᠢᠭ ᠳᠡᠮᠳᠡᠭᠯᠡᠨ ᠳᠠᠩᠰᠠᠯᠠᠵᠣ᠂ ᠡᠬᠡ ᠳᠠᠩᠰᠠ ᠪᠠᠶᠢᠭᠤᠯᠣᠨ᠂ ᠭᠠᠯ ᠰᠡᠷᠭᠡᠶᠢᠯᠡᠯᠲᠡ ᠶᠢᠨ ᠠᠶᠣᠯᠬᠦᠢ ᠶᠢᠨ ᠭᠤᠣᠯᠳᠠᠯᠭ᠎ᠠ ᠲᠠᠢ ᠨᠢᠬᠡᠴᠡ ᠳᠤ ᠬᠠᠷᠢᠶᠠᠯᠠᠭᠳᠠᠬᠤ  ᠶᠢ ᠨᠢ ᠪᠦᠬᠦᠨ ᠢ ᠭᠠᠯ ᠰᠡᠷᠭᠡᠶᠢᠯᠡᠯᠲᠡ ᠶᠢᠨ ᠠᠶᠣᠯᠭᠦᠢ ᠶᠢᠨ ᠡᠷᠦᠬᠡ ᠠᠮᠠ ᠶᠢᠨ ᠳᠠᠩᠰᠠ ᠶᠢᠨ ᠬᠠᠮᠢᠶᠠᠷᠣᠯᠲᠠ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠪᠦᠬᠦ ᠣᠯᠣᠰ ᠤᠨ ︽ ᠬᠤᠶᠠᠷ ᠬᠤᠷᠠᠯ︾ ᠠᠴᠠ ᠡᠮᠦᠨ᠎ᠡ᠂ ᠬᠦᠮᠦᠨ ᠬᠠᠷ᠎ᠠ ᠬᠤᠷᠠᠵᠣ ᠴᠣᠭᠯᠠᠷᠠᠳᠠᠭ ᠭᠠᠵᠠᠷ ᠲᠠᠯᠠᠪᠣᠷ᠂ ᠣᠯᠠᠨ ᠢᠶᠠᠷ ᠢᠶᠠᠨ ᠳᠦᠷᠢᠶᠡᠰᠦᠯᠡᠨ ᠰᠠᠭᠤᠬᠤ ᠬᠡᠷ ᠵᠡᠷᠭᠡ ᠬᠤᠶᠠᠷ ᠲᠦᠷᠦᠯ ᠤᠨ ᠭᠠᠵᠠᠷ ᠲᠠᠯᠠᠪᠣᠷ ᠢ ᠵᠢᠬᠰᠠᠭᠠᠨ ᠪᠠᠶᠢᠴᠠᠭᠠᠬᠤ ᠪᠠ ᠰᠢᠰᠲ᠋ᠧᠮ ᠳᠤ ᠰᠢᠩᠬᠡᠬᠡᠨ ᠣᠷᠣᠭᠤᠯᠬᠤ ᠨᠠᠭᠠᠳᠣ ᠵᠠᠬ᠎ᠠ ᠶᠢᠨ ᠬᠤᠶᠠᠷ ᠵᠦᠢᠯ ᠤᠨ ᠠᠵᠢᠯ ᠢ ᠳᠠᠭᠤᠰᠬᠠᠬᠤ ᠬᠡᠷᠡᠭᠲᠡᠢ᠃    2. ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠣ ᠳᠠᠷᠠᠭᠠᠯᠠᠨ ᠪᠣᠳᠠᠳᠠᠶᠢᠵᠢᠭᠤᠯᠬᠤ᠃ ᠪᠠᠶᠢᠴᠠᠭᠠᠵᠣ ᠭᠠᠷᠭᠠᠭᠰᠠᠨ ᠲᠣᠯᠣᠭᠠᠨ ᠲᠦᠷᠦᠯ ᠤᠨ ᠭᠠᠵᠠᠷ ᠲᠠᠯᠠᠪᠣᠷ ᠨᠢᠬᠡᠴᠡ ᠶᠢᠨ ᠬᠡᠪᠴᠢᠶ᠎ᠡ᠂ ᠠᠵᠢᠯ ᠲᠦᠷᠦᠯ᠂ ᠣᠷᠣᠨ ᠪᠦᠰᠡ ᠵᠡᠷᠭᠡ ᠣᠨᠴᠠᠯᠢᠭ ᠢ ᠦᠨᠳᠦᠰᠦᠯᠡᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠢ ᠨᠢᠬᠡᠳ ᠨᠢᠬᠡ ᠪᠠᠷ ᠲᠣᠳᠣᠷᠬᠠᠶᠢᠯᠠᠬᠤ ᠶᠢᠨ ᠬᠠᠮᠳᠣ ᠨᠠᠶᠢᠳᠠᠪᠣᠷᠢᠵᠢᠭᠤᠯᠬᠤ ᠬᠡᠷᠡᠭᠲᠡᠢ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠪᠠᠶᠢᠪᠠᠯ ︽ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠣᠯᠬᠦᠢ ᠪᠠᠶᠢᠬᠤ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠢ ᠳᠣᠳᠣᠷᠬᠠᠶᠢᠯᠠᠭᠠᠳ ᠵᠢᠵᠢᠭ ᠨᠢᠬᠡᠴᠡ᠂ ᠭᠠᠵᠠᠷ ᠲᠠᠯᠠᠪᠣᠷ ᠲᠤ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠶᠠᠳᠣ ᠣᠷᠣᠨ ᠤ ᠳᠣᠳᠣᠭᠠᠳᠣ ᠶᠢ ᠬᠠᠮᠠᠭᠠᠯᠠᠬᠤ ᠳᠣᠮᠢᠯᠠᠭᠰᠠᠨ ᠰᠠᠯᠪᠣᠷᠢ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠢ ᠳᠣᠳᠣᠷᠬᠠᠶᠢᠯᠠᠬᠤ ᠬᠡᠷᠡᠭᠲᠡᠢ︔ ︽ ᠭᠤᠷᠪᠠ ᠶᠢ ᠨᠢᠬᠡᠳᠬᠡᠭᠰᠡᠨ ᠭᠠᠵᠠᠷ ᠲᠠᠯᠠᠪᠣᠷ ︾᠂ ᠳᠦᠷᠢᠶᠡᠰᠦᠨ ᠭᠡᠷ᠂ ᠬᠠᠭᠤᠴᠢᠨ ᠬᠡᠷ ᠪᠠᠶᠢᠰᠢᠩ ᠪᠠ ᠮᠠᠯᠵᠢᠬᠤ ᠣᠷᠣᠨ ᠳᠤ ᠰᠣᠮᠣ ᠰᠢᠶᠠᠩ ᠪᠠᠯᠭᠠᠰᠣ ᠶᠢᠨ ᠬᠠᠷᠢᠶᠠᠳᠣ ᠣᠷᠣᠨ ᠳᠤᠨᠢ ᠲᠣᠣᠷᠵᠢᠭᠤᠯᠣᠭᠰᠠᠨ ᠬᠠᠮᠢᠶᠠᠷᠣᠯᠲᠠ ᠬᠢᠬᠦ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ     3. ᠬᠦᠮᠦᠨ ᠤ ᠬᠦᠴᠦ ᠪᠠᠷ ᠰᠡᠷᠭᠡᠶᠢᠯᠡᠬᠦ ᠪᠣᠳᠠᠰ ᠤᠨ ᠬᠦᠴᠦ ᠪᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠬᠡᠳ ᠨᠢᠬᠡ ᠪᠠᠷ ᠨᠠᠶᠢᠳᠠᠪᠣᠷᠢᠵᠢᠭᠤᠯᠬᠤ︔ ᠡᠯ᠎ᠡ ᠨᠢᠬᠡᠴᠡ ᠤᠳ ᠬᠦᠮᠦᠨ ᠬᠠᠷ᠎ᠠ ᠬᠤᠷᠠᠵᠣ ᠴᠣᠭᠯᠠᠷᠠᠳᠠᠭ ᠭᠠᠵᠠᠷ ᠲᠠᠯᠠᠪᠣᠷ ᠨᠢᠬᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ᠂ ᠲᠣᠰᠬᠠᠢ ᠲᠣᠰᠢᠶᠠᠯ ᠲᠠᠢ ᠬᠠᠷᠢᠭᠤᠴᠠᠭᠴᠢ ᠶᠢᠨ ᠳᠦᠷᠢᠮ ᠢ ᠨᠠᠶᠢᠳᠠᠪᠣᠷᠢᠵᠢᠭᠤᠯᠬᠤ ᠶᠢ ᠱᠠᠭᠠᠷᠳᠠᠵᠣ᠂ ᠭᠠᠯ ᠰᠡᠷᠭᠡᠶᠢᠯᠡᠬᠦ ᠠᠮᠣᠷ ᠲᠦᠪᠰᠢᠨ ᠤ ᠬᠠᠷᠢᠭᠤᠴᠠᠭᠴᠢ᠂ ᠬᠠᠮᠢᠶᠠᠷᠣᠭᠴᠢ ᠶᠢᠨ ᠡᠭᠦᠷᠭᠡ ᠬᠠᠷᠢᠭᠤᠴᠠᠯᠭ᠎ᠠ ᠶᠢ ᠠᠯᠬᠤᠮ ᠴᠢᠨᠠᠭᠰᠢᠲᠠ ᠲᠣᠳᠣᠷᠬᠠᠶᠢᠯᠠᠵᠣ᠂ ᠡᠳᠦᠷ ᠳᠣᠳᠣᠮ ᠤᠨ ᠴᠠᠭᠳᠠᠨ ᠪᠠᠶᠢᠴᠠᠭᠠᠬᠤ ᠶᠢ ᠴᠢᠩᠭᠠᠳᠬᠠᠵᠣ᠂ ᠭᠠᠯ ᠤᠨ ᠭᠠᠮᠰᠢᠭ ᠤᠨ ᠬᠡᠮ ᠰᠣᠭᠤᠭ ᠢ ᠴᠠᠭ ᠲᠣᠬᠠᠢ ᠳᠤᠨᠢ ᠠᠷᠢᠯᠭᠠᠬᠤ ᠬᠡᠷᠡᠭᠲᠡᠢ᠃ ᠪᠦᠷᠢᠯᠳᠦᠬᠦᠨ ᠨᠢᠬᠡᠴᠡ ᠤᠳ ᠴᠠᠭ ᠵᠦᠷᠢᠭᠦᠯᠡᠨ ᠰᠦᠨᠢ ᠪᠠᠷ ᠪᠠᠶᠢᠴᠠᠭᠠᠯᠲᠠ ᠬᠢᠬᠦ ᠬᠦᠴᠦᠯᠡᠴᠡ ᠪᠠᠨ ᠦᠨᠡᠨᠬᠦ ᠨᠡᠮᠡᠭᠳᠡᠬᠦᠯᠵᠦ᠂ ᠲᠣᠬᠠᠢ ᠶᠢᠨ ᠭᠠᠵᠠᠷ  ᠲᠤᠨᠢ ᠵᠣᠷᠰᠢᠯ ᠤᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠪᠢᠴᠢᠯ ᠮᠡᠳᠡᠬᠡᠨ ᠤ ᠬᠠᠷᠠᠭᠠᠨ ᠳᠠᠪᠳᠠᠮᠵᠢ ᠪᠠ ᠣᠳᠠᠰᠣ ᠪᠠᠷ ᠯᠠᠪᠯᠠᠬᠤ ᠠᠷᠭ᠎ᠠ ᠪᠠᠷ ᠰᠦᠨᠢᠵᠢᠨ ᠡᠵᠡᠩᠨᠡᠯᠲᠡ ᠬᠢᠬᠦ ᠭᠤᠣᠯᠳᠠᠯᠭ᠎ᠠ ᠲᠠᠢ ᠨᠢᠬᠡᠴᠡ ᠶᠢᠨ ᠵᠢᠵᠢᠭᠦᠷᠯᠡᠵᠦ ᠪᠠᠶᠢᠬᠤ ᠪᠠᠶᠢᠳᠠᠯ ᠢ ᠠᠯᠣᠰ ᠠᠴᠠ ᠪᠠᠶᠢᠴᠠᠭᠠᠬᠤ ᠬᠡᠷᠡᠭᠲᠡᠢ᠃ ᠠᠦ᠋ᠲ᠋ᠦ᠋ ᠭᠠᠯ ᠣᠨᠳᠠᠷᠭᠠᠭᠤᠷ ᠲᠣᠬᠢᠷᠠᠭᠤᠯᠣᠭᠰᠠᠨ ᠬᠦᠮᠦᠨ ᠬᠠᠷ᠎ᠠ ᠬᠤᠷᠠᠵᠣ ᠴᠣᠭᠯᠠᠷᠠᠳᠠᠭ ᠭᠠᠵᠠᠷ ᠲᠠᠯᠠᠪᠣᠷ ᠪᠠ ᠭᠠᠯ ᠤᠨ ᠠᠶᠣᠯ ᠤᠨ ᠬᠡᠮ ᠰᠣᠭᠤᠭ ᠲᠠᠢ ᠨᠢᠬᠡᠴᠡ  ᠳᠠᠬᠢ ᠪᠠᠶᠢᠴᠠᠭᠠᠯᠲᠠ ᠪᠠᠨ ᠴᠢᠩᠭᠠᠳᠬᠠᠵᠣ᠂ ᠭᠠᠯ ᠰᠡᠷᠭᠡᠶᠢᠯᠡᠯᠲᠡ ᠶᠢ ᠡᠳ᠋ ᠪᠠᠷᠠᠭᠠᠨ ᠤ ᠮᠡᠳᠡᠭᠡ ᠵᠠᠩᠬᠢ ᠶᠢᠨ ᠰᠦᠯᠵᠢᠶ᠎ᠡ ᠶᠢᠨ ᠠᠯᠣᠰ ᠡᠵᠡᠮᠰᠢᠯᠲᠦ ᠰᠢᠰᠲ᠋ᠧᠮ ᠳᠤ ᠣᠷᠣᠭᠤᠯᠬᠤ ᠬᠡᠷᠡᠭᠲᠡᠢ᠃ ᠢᠯᠴᠢ ᠶᠢᠨ ᠳᠦᠷᠰᠦ ᠪᠦᠲᠦᠭᠡᠯᠲᠡ ᠂ ᠴᠠᠬᠢᠯᠭᠠᠨ ᠨᠣᠮᠣ ᠪᠠᠷ ᠪᠠᠶᠢᠴᠠᠭᠠᠨ ᠦᠵᠡᠬᠦ᠂ ᠣᠶᠣᠨᠴᠢ ᠪᠠᠷ ᠴᠠᠬᠢᠯᠭᠠᠨ ᠬᠡᠷᠡᠭᠯᠡᠬᠦ ᠵᠡᠷᠭᠡ ᠲᠡᠷᠢᠬᠦᠨ ᠤ ᠮᠡᠷᠭᠡᠵᠢᠯ  ᠤᠨ ᠠᠷᠭ᠎ᠠ ᠪᠠᠷᠢᠯ ᠢ ᠢᠳᠡᠪᠬᠢᠲᠡᠢ ᠳᠡᠯᠭᠡᠷᠡᠬᠦᠯᠦᠨ ᠬᠡᠷᠡᠭᠯᠡᠵᠦ᠂ ᠭᠠᠯ ᠤᠨ ᠭᠠᠮᠰᠢᠭ ᠡᠭᠦᠰᠬᠦ ᠲᠠᠢ ᠵᠡᠷᠭᠡ ᠬᠢᠨᠠᠨ ᠪᠠᠶᠢᠴᠠᠭᠠᠬᠤ ᠪᠠ ᠴᠠᠬᠢᠯᠭᠠᠨ ᠭᠤᠶᠣᠳᠠᠯ ᠠᠴᠠ ᠡᠬᠦᠰᠦᠭᠰᠡᠨ ᠭᠠᠯ ᠤᠨ ᠭᠠᠮᠰᠢᠭ ᠢ ᠣᠶᠣᠨᠴᠢ ᠪᠠᠷ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠬᠠᠭᠤᠴᠢᠨ ᠬᠡᠷ ᠪᠠᠶᠢᠰᠢᠩ᠂ ᠣᠯᠠᠨ ᠢᠶᠠᠷ ᠢᠶᠠᠨ ᠲᠦᠷᠢᠶᠡᠰᠦᠯᠡᠵᠦ ᠪᠠᠶᠢᠭ᠎ᠠ ᠭᠡᠷ᠂ ︽ᠭᠤᠷᠪᠠ ᠶᠢ ᠨᠢᠬᠡᠳᠬᠡᠭᠰᠡᠨ︾ ᠭᠠᠵᠠᠷ ᠲᠠᠯᠠᠪᠣᠷ ᠲᠤ ᠪᠠᠴᠢᠮ ᠪᠠᠶᠢᠳᠠᠯ ᠢ ᠠᠷᠭᠠᠴᠠᠬᠤ  ᠷᠠᠳᠢᠤ᠋᠂ ᠭᠠᠯ ᠤᠨ ᠭᠠᠮᠰᠢᠭ ᠢ ᠲᠣᠰᠠᠭᠠᠷ ᠬᠠᠶᠢᠬᠤ ᠳᠣᠬᠢᠶᠠᠨ ᠮᠠᠰᠢᠨ᠂ ᠳᠦᠭᠦᠮ ᠰᠦᠷᠴᠢᠬᠦᠷ ᠵᠡᠷᠭᠡ ᠲᠦᠭᠦᠭᠡᠷᠦᠮᠵᠢ ᠲᠣᠬᠢᠷᠠᠭᠤᠯᠬᠤ ᠶᠢ ᠲᠦᠯᠬᠢᠨ ᠠᠬᠢᠭᠤᠯᠵᠣ᠂ ᠰᠠᠭᠤᠭᠠᠯᠢ ᠠᠷᠠᠳ᠂ ᠠᠵᠢᠯᠴᠢᠳ ᠢ ᠵᠣᠬᠢᠶᠠᠨ ᠪᠠᠶᠢᠭᠤᠯᠣᠨ ᠠᠮᠢ ᠵᠢᠭᠤᠳᠠᠵᠣ ᠦᠪᠡᠷ ᠢ ᠪᠠᠨ ᠠᠪᠣᠷᠠᠬᠤ ᠰᠣᠷᠢᠯᠲᠠ ᠬᠢᠯᠭᠡᠬᠦ ᠬᠡᠷᠡᠭᠲᠡᠢ᠃ ᠪᠦᠬᠦ ᠣᠯᠣᠰ ᠤᠨ ︽ᠬᠤᠶᠠᠷ ᠬᠤᠷᠠᠯ︾ ᠠᠴᠠ ᠡᠮᠦᠨ᠎ᠡ᠂ ᠬᠦᠮᠦᠨ ᠬᠠᠷ᠎ᠠ ᠬᠤᠷᠠᠵᠣ ᠴᠣᠭᠯᠠᠷᠠᠳᠠᠭ ᠭᠠᠵᠠᠷ ᠲᠠᠯᠠᠪᠣᠷ ᠪᠠ ᠭᠠᠯ ᠤᠨ ᠭᠠᠮᠰᠢᠭ ᠤᠨ ᠬᠡᠮ ᠰᠣᠭᠤᠭ ᠲᠠᠢ ᠨᠢᠬᠡᠴᠡ ᠳᠤ ᠨᠢᠬᠡᠨ ᠣᠳᠠᠭᠠᠨ ᠤ ᠪᠠᠷᠢᠯᠭ᠎ᠠ ᠶᠢᠨ ᠭᠠᠯ ᠣᠨᠲᠠᠷᠭᠠᠬᠤ ᠪᠡᠯᠡᠳᠬᠡᠮᠵᠢ ᠶᠢ ᠠᠷᠠᠴᠢᠯᠠᠨ ᠬᠠᠮᠠᠭᠠᠯᠠᠬᠤ᠂ ᠴᠠᠬᠢᠯᠭᠠᠨ ᠬᠡᠯᠬᠢᠶ᠎ᠡ ᠶᠢ ᠰᠢᠯᠭᠠᠨ ᠪᠠᠶᠢᠴᠠᠭᠠᠬᠤ ᠠᠵᠢᠯᠯᠠᠭ᠎ᠠ ᠶᠢ ᠦᠷᠨᠢᠬᠦᠯᠵᠦ᠂ ᠲᠦᠭᠦᠭᠡᠷᠦᠮᠵᠢ ᠪᠡᠯᠡᠳᠬᠡᠮᠵᠢ ᠶᠢᠨ ᠠᠵᠢᠯᠯᠠᠭᠠᠨ  ᠨᠢ ᠰᠠᠭᠠᠳ ᠦᠭᠡᠢ ᠪᠠᠶᠢᠬᠤ ᠶᠢ ᠪᠠᠲᠣᠯᠠᠬᠤ ᠬᠡᠷᠡᠭᠲᠡᠢ᠃     4. ᠪᠣᠯᠵᠣᠨ ᠶᠠᠷᠢᠯᠴᠠᠬᠤ ᠠᠵᠢᠯᠯᠠᠭ᠎ᠠ ᠶᠢ ᠲᠦᠪᠯᠡᠷᠡᠭᠦᠯᠦᠨ ᠦᠷᠨᠢᠬᠦᠯᠬᠦ᠃ ᠬᠤᠰᠢᠭᠤᠨ ᠤ ᠵᠠᠰᠠᠭ ᠤᠨ ᠣᠷᠳᠣᠨ ᠡᠯ᠎ᠡ ᠪᠦᠷᠢᠯᠳᠦᠬᠦᠨ ᠨᠢᠬᠡᠴᠡ ᠶᠢᠨ ᠭᠤᠣᠯ ᠣᠳᠣᠷᠢᠳᠣᠯᠭ᠎ᠠ᠂  ᠡᠯ᠎ᠡ ᠪᠦᠷᠢᠯᠳᠦᠬᠦᠨ ᠨᠢᠬᠡᠴᠡ ᠤᠳ ᠤᠨ ᠬᠠᠮᠢᠶᠠᠷᠣᠯᠲᠠ ᠶᠢᠨ ᠬᠠᠷᠢᠶᠠᠨ ᠤ ᠬᠡᠪᠴᠢᠶᠡᠨ ᠳᠣᠳᠣᠷᠠᠬᠢ ᠠᠵᠢᠯ ᠲᠦᠷᠦᠯ ᠤᠨ ᠰᠠᠯᠠᠭ᠎ᠠ ᠮᠦᠴᠢᠷ ᠤᠳ ᠤᠨ ᠭᠤᠣᠯ ᠬᠠᠷᠢᠭᠤᠴᠠᠯᠭᠠᠲᠠᠨ ᠵᠢᠴᠢ ᠬᠦᠨᠳᠦ ᠶᠡᠭᠡ ᠭᠠᠯ ᠤᠨ ᠭᠠᠮᠰᠢᠭ ᠤᠨ ᠬᠡᠮ ᠰᠣᠭᠤᠭ ᠢᠶᠠᠨ ᠴᠡᠭᠴᠡᠯᠡᠨ ᠦᠭᠡᠷᠡᠴᠢᠯᠡᠬᠦ  ᠪᠠᠨ ᠬᠤᠶᠢᠰᠢᠯᠠᠭᠤᠯᠣᠭᠰᠠᠨ ᠨᠢᠬᠡᠴᠡ ᠶᠢᠨ ᠬᠠᠷᠢᠭᠤᠴᠠᠯᠭᠠᠳᠠᠨ ᠲᠠᠢ ᠭᠤᠣᠯᠳᠠᠯᠭ᠎ᠠ ᠲᠠᠢ ᠪᠣᠯᠵᠣᠨ ᠶᠠᠷᠢᠯᠴᠠᠬᠤ ᠶᠢ ᠦᠷᠨᠢᠬᠦᠯᠵᠦ᠂ ᠶᠡᠭᠡ ᠰᠠᠯᠬᠢᠨ ᠲᠠᠢ ᠡᠳᠦᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠳᠣᠷ ᠬᠢᠵᠦ᠂ ᠭᠠᠯ ᠪᠠ ᠴᠠᠬᠢᠯᠭᠠᠨ ᠢ ᠠᠶᠣᠯᠬᠦᠢ ᠪᠠᠷ ᠬᠡᠷᠡᠭᠯᠡᠬᠦ ᠶᠢ ᠴᠢᠩᠳᠠᠯᠠᠵᠣ᠂ ᠵᠠᠯᠭᠠᠯᠳᠣᠨ ᠰᠢᠳᠠᠬᠤ ᠭᠠᠯ ᠤᠨ ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠳ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠦᠭᠡᠢ᠂ ᠠᠰᠠᠭᠤᠳᠠᠯ ᠢᠶᠠᠷ ᠳᠣᠪᠣᠶᠢᠮ᠎ᠠ ᠪᠠᠶᠢᠬᠤ ᠳᠣᠣᠷ᠎ᠠ ᠱᠠᠲᠣᠨ ᠤ ᠰᠠᠯᠠᠭ᠎ᠠ ᠮᠦᠴᠢᠷ ᠪᠠ ᠬᠠᠷᠢᠶᠠᠳᠣ ᠨᠢᠬᠡᠴᠡ ᠶᠢᠨ ᠭᠤᠣᠯ ᠬᠠᠷᠢᠭᠤᠴᠠᠯᠭᠠᠳᠠᠨ ᠪᠠ ᠭᠠᠯ ᠰᠡᠷᠭᠡᠶᠢᠯᠡᠬᠦ ᠠᠶᠣᠯᠬᠦᠢ ᠶᠢᠨ ᠬᠠᠷᠢᠭᠤᠴᠠᠯᠭᠠᠳᠠᠨ ᠲᠠᠢ ᠪᠣᠯᠵᠣᠨ ᠶᠠᠷᠢᠯᠴᠠᠬᠤ ᠬᠡᠷᠡᠭᠲᠡᠢ᠃     5. ᠦᠨᠳᠦᠷ ᠪᠠᠷᠢᠯᠭ᠎ᠠ ᠪᠠ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠶᠡᠷᠥᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠬᠤ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ᠂ ᠳᠣᠳᠣᠭᠠᠳᠣ ᠶᠢ ᠬᠠᠮᠠᠭᠠᠯᠠᠬᠤ᠂ ᠠᠷᠠᠳ ᠤᠨ ᠶᠠᠪᠣᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ᠂ ᠠᠶᠣᠯᠬᠦᠢ ᠦᠢᠯᠡᠳᠪᠦᠷᠢᠯᠡᠯ  ᠳᠤ ᠬᠢᠨᠠᠯᠲᠠ ᠲᠠᠯᠪᠢᠬᠤ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠣ ᠪᠠᠶᠢᠭᠠᠳ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠶᠡᠷᠥᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠣ᠂ ᠰᠢᠨ᠎ᠡ ᠵᠢᠯ ᠤᠨ ᠰᠢᠨ᠎ᠡ ᠶᠢᠨ ᠨᠢᠬᠡᠨ ᠠᠴᠠ ᠡᠮᠦᠨ᠎ᠡ᠂ ᠴᠠᠭᠠᠨ ᠰᠠᠷ᠎ᠠ ᠶᠢᠨ ᠪᠠᠶᠠᠷ ᠤᠨ ᠡᠳᠦᠷ ᠠᠴᠠ ᠡᠮᠦᠨ᠎ᠡ᠂ ᠬᠠᠮᠳᠣᠷᠠᠭᠰᠠᠨ ᠪᠠᠶᠢᠴᠠᠭᠠᠯᠲᠠ ᠦᠷᠨᠢᠬᠦᠯᠵᠦ᠂ ᠬᠠᠣᠯᠢ ᠶᠢ ᠵᠦᠷᠢᠴᠡᠨ ᠦᠢᠯᠡᠳᠪᠦᠷᠢᠯᠡᠬᠦ᠂ ᠬᠤᠳᠠᠯ ᠬᠠᠭᠤᠷᠮᠠᠭ ᠮᠠᠭᠤ ᠴᠢᠨᠠᠷᠲᠠᠢ ᠴᠠᠬᠢᠯᠭᠠᠨ ᠬᠡᠷᠡᠭᠰᠡᠯ ᠢ ᠪᠣᠷᠣᠯᠠᠭᠤᠯᠬᠤ ᠦᠢᠯᠡ ᠠᠵᠢᠯᠯᠠᠭ᠎ᠠ ᠶᠢ ᠲᠦᠪᠯᠡᠷᠡᠭᠦᠯᠦᠨ ᠪᠠᠶᠢᠴᠠᠭᠠᠨ ᠰᠢᠢᠳᠬᠡᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠤᠨ ᠠᠳᠡᠯ ᠤᠨ ᠬᠠᠷᠢᠭᠤᠴᠠᠯᠭ᠎ᠠ ᠶᠢ ᠬᠠᠣᠯᠢ ᠶᠣᠰᠣᠭᠠᠷ ᠨᠡᠬᠡᠮᠵᠢᠯᠡᠨ᠎ᠡ᠃ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠯᠲᠡ ᠶᠢᠨ ᠠᠶᠣᠯᠬᠦᠢ ᠶᠢᠨ ᠶᠡᠷᠥᠩᠬᠡᠢ ᠵᠠᠰᠠᠯᠲᠠ ᠶᠢ ᠲᠦᠯᠬᠢᠨ ᠠᠬᠢᠭᠤᠯᠵᠣ᠂ ᠴᠠᠭᠠᠨ ᠰᠠᠷ᠎ᠠ ᠶᠢᠨ ᠪᠠᠶᠠᠷ ᠠᠴᠠ ᠡᠮᠦᠨ᠎ᠡ ᠵᠢᠬᠰᠠᠭᠠᠨ ᠪᠠᠶᠢᠴᠠᠭᠠᠬᠤ᠂ ᠰᠠᠭᠤᠷᠢ ᠲᠤᠭ᠎ᠠ ᠶᠢ ᠣᠶᠢᠯᠠᠭᠠᠬᠤ᠂ ᠭᠠᠯ ᠰᠡᠷᠭᠡᠶᠢᠯᠡᠬᠦ ᠠᠶᠣᠯᠬᠦᠢ ᠶᠢᠨ ᠡᠷᠦᠬᠡ ᠶᠢᠨ ᠪᠦᠷᠢᠳᠬᠡᠯ ᠤᠨ ᠬᠠᠮᠢᠶᠠᠷᠣᠯᠲᠠ ᠶᠢᠨ ᠰᠢᠰᠲ᠋ᠧᠮ ᠳᠤ ᠣᠷᠣᠭᠤᠯᠬᠤ ᠠᠵᠢᠯ ᠢ ᠳᠠᠭᠤᠰᠬᠠᠬᠤ ᠬᠡᠷᠡᠭᠲᠡᠢ᠃ ᠦᠨᠳᠦᠷ ᠪᠠᠷᠢᠯᠭ᠎ᠠ ᠶᠢ ︽ ᠢᠨᠲ᠋ᠧᠷ ᠰᠦᠯᠵᠢᠶ᠎ᠡ + N︾ ᠭᠠᠯ ᠰᠡᠷᠭᠡᠶᠢᠯᠡᠯᠲᠡ ᠶᠢᠨ ᠬᠠᠮᠢᠶᠠᠷᠣᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠣ᠂ ᠦᠪᠡᠷ ᠢ ᠪᠠᠨ ᠬᠠᠮᠢᠶᠠᠷᠬᠤ ᠴᠢᠳᠠᠪᠣᠷᠢ ᠶᠢ ᠳᠡᠭᠡᠭᠰᠢᠯᠡᠬᠦᠯᠵᠦ᠂ ᠨᠦᠬᠦᠴᠡᠯ ᠲᠠᠢ ᠪᠣᠯ ᠵᠠᠰᠠᠭ ᠤᠨ ᠣᠷᠳᠣᠨ ᠠᠴᠠ ᠦᠢᠯᠡᠴᠢᠯᠡᠬᠡᠨ ᠢ ᠬᠤᠳᠠᠯᠳᠣᠨ ᠠᠪᠬᠤ ᠠᠷᠭ᠎ᠠ ᠬᠡᠯᠪᠡᠷᠢ ᠪᠠᠷ ᠳᠠᠮᠵᠢᠭᠤᠯᠣᠨ ᠲᠣᠰᠬᠠᠢ ᠪᠠᠶᠢᠭᠤᠯᠣᠮᠵᠢ ᠶᠢ ᠣᠷᠢᠵᠣ ᠭᠠᠯ ᠰᠡᠷᠭᠡᠶᠢᠯᠡᠯᠲᠡ ᠶᠢᠨ ᠬᠠᠮᠢᠶᠠᠷᠣᠯᠲᠠ ᠬᠢᠯᠬᠡᠵᠦ ᠪᠣᠯᠣᠨ᠎ᠠ᠃ ᠬᠦᠨᠳᠦ ᠶᠡᠭᠡ ᠭᠠᠯ ᠤᠨ ᠭᠠᠮᠰᠢᠭ ᠤᠨ ᠬᠡᠮ ᠰᠣᠭᠤᠭ ᠢ ᠫᠠᠶᠢᠰᠠ ᠡᠯᠬᠦᠨ ᠰᠢᠢᠳᠪᠦᠷᠢᠯᠡᠬᠦ ᠳᠦᠷᠢᠮ ᠢ ᠨᠠᠶᠢᠳᠠᠪᠣᠷᠢᠵᠢᠭᠤᠯᠵᠣ᠂ ᠲᠦᠪᠯᠡᠷᠡᠭᠦᠯᠦᠨ ᠢᠯᠡᠴᠢᠯᠡᠬᠦ ᠠᠵᠢᠯᠯᠠᠭ᠎ᠠ ᠦᠷᠨᠢᠬᠦᠯᠵᠦ᠂ ᠭᠠᠯ  ᠤᠨ ᠭᠠᠮᠰᠢᠭ ᠤᠨ ᠬᠡᠮ ᠰᠣᠭᠤᠭ ᠢ ᠴᠡᠭᠴᠡᠯᠡᠨ ᠦᠭᠡᠷᠡᠴᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃     6. ᠭᠠᠯ ᠰᠡᠷᠭᠡᠶᠢᠯᠡᠯᠲᠡ ᠶᠢᠨ ᠠᠶᠣᠯᠬᠦᠢ ᠶᠢᠨ ᠲᠣᠰᠬᠠᠢ ᠵᠦᠢᠢᠯ ᠤᠨ ᠵᠠᠰᠠᠯᠲᠠ ᠶᠢ ᠦᠷᠨᠢᠬᠦᠯᠬᠦ᠃ ᠮᠠᠨ ᠤ ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠣᠨ᠂ ᠡᠪᠦᠯ ᠬᠠᠪᠣᠷ ᠤᠨ ᠭᠠᠯ ᠤᠨ ᠠᠶᠣᠯ ᠢ ᠰᠡᠷᠭᠡᠶᠢᠯᠡᠨ ᠡᠵᠡᠮᠳᠡᠵᠦ ᠪᠠᠶᠢᠬᠤ ᠬᠤᠭᠤᠴᠠᠭᠠᠨ ᠳᠤ ︽ ᠬᠤᠳᠠᠯᠳᠤᠭ᠎ᠠ᠂ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠭᠠᠯ ᠰᠡᠷᠭᠡᠶᠢᠯᠡᠬᠦ ᠠᠶᠣᠯᠬᠦᠢ ᠳᠤ ᠲᠣᠰᠬᠠᠢ ᠵᠦᠢᠯ ᠤᠨ ᠵᠠᠰᠠᠯᠲᠠ︾ ᠪᠠ ︽ ᠳᠦᠭᠦᠮ ᠪᠦᠲᠦᠴᠡᠲᠦ ᠣᠷᠣᠨ ᠰᠠᠭᠤᠴᠠ  ᠶᠢᠨ ᠲᠣᠭᠤᠷᠢᠭ ᠤᠨ ᠭᠠᠯ ᠰᠡᠷᠭᠡᠶᠢᠯᠡᠬᠦ ᠠᠶᠣᠯᠬᠦᠢ ᠳᠠᠬᠢ ᠲᠣᠰᠬᠠᠢ ᠵᠦᠢᠯ ᠤᠨ ᠵᠠᠰᠠᠯᠲᠠ ᠶᠢᠨ ᠳᠣᠳᠣᠷ᠎ᠠ ᠠᠴᠠ ᠲᠣᠷ᠎ᠠ ᠶᠢᠨ ᠨᠢᠬᠡ ᠶᠢ ᠨᠢ ᠰᠣᠩᠭᠤᠨ︾ ᠭᠠᠯ ᠰᠡᠷᠭᠡᠶᠢᠯᠡᠬᠦ ᠠᠵᠢᠯᠯᠠᠭ᠎ᠠ ᠦᠷᠨᠢᠬᠦᠯᠵᠦ᠂ ᠨᠠᠶᠢᠳᠠᠪᠣᠷᠢᠵᠢᠭᠤᠯᠣᠯᠲᠠ ᠶᠢ ᠦᠨᠡᠨᠬᠦ ᠰᠠᠶᠢᠳᠣᠷ ᠠᠳᠬᠤᠵᠣ᠂ ᠪᠦᠬᠦ ᠬᠦᠴᠦᠨ ᠢᠶᠠᠷ ᠢᠶᠠᠨ ᠭᠠᠯ ᠤᠨ ᠠᠶᠣᠯ ᠡᠭᠦᠰᠬᠦ ᠶᠡᠷᠥᠩᠬᠡᠢ ᠬᠡᠮᠵᠢᠶ᠎ᠡ ᠶᠢ ᠪᠠᠭᠠᠰᠬᠠᠵᠣ᠂ ᠬᠤᠬᠢᠷᠠᠯ ᠶᠡᠬᠡᠳᠡᠢ ᠣᠨᠴᠠ ᠶᠡᠭᠡ ᠭᠠᠯ ᠤᠨ ᠭᠠᠮᠰᠢᠭ ᠡᠬᠦᠰᠬᠦ ᠦᠭᠡᠢ ᠪᠠᠶᠢᠬᠤ ᠶᠢ ᠪᠠᠲᠣᠯᠠᠵᠣ᠂ ᠪᠠᠭ᠎ᠠ ᠭᠠᠯ ᠤᠨ ᠠᠶᠣᠯ ᠳᠤ ᠬᠦᠮᠦᠨ ᠬᠠᠷ᠎ᠠ ᠶᠢ ᠦᠬᠦᠬᠦᠯᠵᠦ ᠰᠢᠷᠬᠠᠳᠣᠭᠤᠯᠬᠤ ᠶᠢ ᠪᠦᠲᠦᠮᠵᠢᠲᠡᠢ ᠬᠤᠷᠢᠭᠯᠠᠬᠤ ᠬᠡᠷᠡᠭᠲᠡᠢ᠃    ︵1︶ ᠬᠤᠳᠠᠯᠳᠤᠭ᠎ᠠ᠂ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠭᠠᠯ ᠰᠡᠷᠭᠡᠶᠢᠯᠡᠬᠦ ᠠᠶᠣᠯᠬᠦᠢ ᠶᠢᠨ ᠲᠣᠰᠬᠠᠢ ᠵᠦᠢᠯ ᠤᠨ ᠵᠠᠰᠠᠯᠲᠠ ᠬᠢᠬᠦ᠃ ᠡᠪᠦᠯ ᠤᠨ ᠭᠠᠯ ᠰᠡᠷᠭᠡᠶᠢᠯᠡᠯᠲᠡ ᠶᠢᠨ ᠬᠤᠭᠤᠴᠠᠭᠠᠨ ᠳᠠᠬᠢ ᠢᠰᠦ᠋ᠰ ᠤᠨ ᠮᠡᠨᠳᠦᠯᠡᠭᠰᠡᠨ ᠡᠳᠦᠷ ᠤᠨ ᠪᠠᠶᠠᠷ᠂ ᠰᠢᠨ᠎ᠡ ᠵᠢᠯ ᠤᠨ ᠰᠢᠨ᠎ᠡ ᠶᠢᠨ ᠨᠢᠬᠡᠨ ᠤ ᠡᠳᠦᠷ᠂ ᠴᠠᠭᠠᠨ ᠰᠠᠷ᠎ᠠ ᠶᠢᠨ ᠪᠠᠶᠠᠷ᠂ ᠴᠠᠭᠠᠨ ᠰᠠᠷ᠎ᠠ ᠶᠢᠨ ᠠᠷᠪᠠᠨ ᠲᠠᠪᠣᠨ ᠤ ᠪᠠᠶᠠᠷ ᠳᠣᠷᠠᠰᠬᠠᠯ ᠤᠨ ᠡᠳᠦᠷ ᠵᠡᠷᠭᠡ ᠴᠢᠬᠤᠯᠠ ᠶᠡᠭᠡ ᠪᠠᠶᠠᠷ ᠳᠣᠷᠠᠰᠬᠠᠯ ᠤᠨ ᠡᠳᠦᠷ ᠵᠠᠯᠭᠠᠪᠡᠷ ᠬᠦᠷᠴᠦ ᠢᠷᠡᠬᠦ ᠶᠢ ᠳᠠᠭᠠᠯᠳᠣᠨ᠂ ᠡᠯ᠎ᠡ ᠬᠤᠳᠠᠯᠳᠤᠭ᠎ᠠ᠂ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠭᠡᠭᠦᠷ  ᠲᠤ ᠬᠦᠮᠦᠨ ᠬᠠᠷ᠎ᠠ ᠬᠤᠷᠠᠨ ᠴᠣᠭᠯᠠᠷᠠᠵᠣ᠂ ᠪᠠᠷᠠᠭᠠᠨ ᠤ ᠬᠦᠢᠯᠬᠡᠬᠡᠨ ᠳᠡᠭᠡᠳᠦ ᠬᠡᠮᠵᠢᠶ᠎ᠡ ᠪᠠᠷ ᠲᠦᠪᠯᠡᠷᠡᠬᠦ ᠦᠶᠡᠰ ᠭᠠᠯ ᠴᠠᠬᠢᠯᠭᠠᠨ ᠬᠡᠷᠡᠭᠯᠡᠬᠦ ᠳᠠᠭᠠᠭᠠᠴᠠ ᠬᠡᠳᠦᠷᠬᠡᠢ ᠨᠡᠮᠡᠭᠳᠡᠵᠦ᠂ ᠭᠠᠯ ᠤᠨ ᠠᠶᠣᠯ ᠢ ᠠᠮᠠᠷᠬᠠᠨ ᠡᠬᠦᠰᠬᠡᠳᠡᠭ᠃ ᠡᠶᠢᠮᠦᠷᠬᠦ ᠪᠣᠳᠠᠳᠣ ᠪᠠᠶᠢᠳᠠᠯ ᠳᠤ ᠴᠢᠭᠯᠡᠬᠦᠯᠦᠨ᠂ ᠡᠯ᠎ᠡ ᠨᠢᠬᠡᠴᠡ ᠤᠳ ᠲᠣᠰᠬᠠᠢ ᠵᠦᠢᠯ ᠤᠨ ᠵᠠᠰᠠᠯᠲᠠ ᠶᠢ ᠵᠣᠬᠢᠶᠠᠨ ᠪᠠᠶᠢᠭᠤᠯᠣᠨ ᠦᠷᠨᠢᠬᠦᠯᠵᠦ᠂ ᠳᠡᠯᠭᠡᠭᠦᠷ ᠬᠤᠳᠠᠯᠳᠤᠭ᠎ᠠ ᠶᠢᠨ ᠪᠣᠷᠣᠯᠠᠭᠤᠯᠬᠤ ᠳᠠᠸᠠᠷ ᠤᠨ ᠦᠨ᠎ᠡ ᠦᠷᠳᠡᠭ ᠢ ᠬᠢᠨᠠᠨ ᠪᠠᠶᠢᠴᠠᠭᠠᠵᠣ ᠳᠠᠩᠰᠠᠯᠠᠨ᠂ ᠬᠤᠳᠠᠯᠳᠤᠭ᠎ᠠ᠂ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠭᠠᠯ ᠰᠡᠷᠭᠡᠶᠢᠯᠡᠬᠦ ᠠᠶᠣᠯᠬᠦᠢ ᠶᠢᠨ ᠠᠵᠢᠯ ᠤᠨ ᠪᠠᠶᠢᠳᠠᠯ ᠢ ᠳᠣᠳᠣᠷᠬᠠᠢ ᠣᠶᠢᠯᠠᠭᠠᠬᠤ ᠬᠡᠷᠡᠭᠲᠡᠢ᠃ ᠭᠠᠯ ᠰᠡᠷᠭᠡᠶᠢᠯᠡᠬᠦ ᠠᠶᠣᠯᠬᠦᠢ ᠶᠢᠨ ᠬᠠᠷᠢᠭᠤᠴᠠᠯᠭ᠎ᠠ ᠶᠢᠨ ᠳᠦᠷᠢᠮ ᠪᠠᠶᠢᠭᠤᠯᠣᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠣ᠂ ᠭᠠᠯ ᠣᠨᠲᠠᠷᠠᠭᠠᠬᠤ ᠲᠦᠭᠦᠭᠡᠷᠦᠮᠵᠢ ᠶᠢᠨ ᠠᠵᠢᠯᠯᠠᠭᠠᠨ ᠪᠠ ᠠᠷᠠᠴᠢᠯᠠᠨ ᠬᠠᠮᠠᠭᠠᠯᠠᠬᠤ᠂ ᠡᠳᠦᠷ ᠳᠣᠳᠣᠮ ᠤᠨ ᠭᠠᠯ ᠰᠡᠷᠭᠡᠶᠢᠯᠡᠯᠲᠡ ᠶᠢᠨ ᠲᠣᠬᠠᠢ ᠪᠠᠶᠢᠴᠠᠭᠠᠯᠲᠠ ᠬᠢᠬᠦ᠂ ᠠᠶᠣᠯᠬᠦᠢ ᠪᠠᠷ ᠴᠠᠬᠢᠯᠭᠠᠨ ᠬᠡᠷᠡᠭᠯᠡᠬᠦ᠂ ᠬᠡᠷ ᠲᠣᠳᠣᠷᠠᠬᠢ ᠠᠶᠣᠯᠭᠦᠢ ᠢᠶᠠᠷ ᠲᠠᠷᠬᠠᠭᠠᠵᠣ ᠵᠠᠶᠢᠯᠠᠭᠤᠯᠬᠤ ᠨᠡᠪᠳᠡᠷᠬᠡᠢ ᠵᠠᠮ ᠵᠡᠷᠭᠡ ᠶᠢ ᠨᠠᠶᠢᠳᠠᠪᠣᠷᠢᠵᠢᠭᠤᠯᠬᠤ ᠬᠡᠷᠡᠭᠲᠡᠢ᠃ ᠭᠠᠯ ᠲᠦᠢᠮᠡᠷ ᠣᠨᠳᠠᠷᠠᠭᠠᠬᠤ ᠳᠤ ᠪᠠᠴᠢᠮ ᠪᠠᠶᠢᠳᠠᠯ ᠢ ᠠᠷᠭᠠᠴᠠᠵᠣ ᠲᠠᠷᠬᠠᠭᠠᠨ ᠵᠠᠶᠢᠯᠠᠭᠤᠯᠬᠤ ᠲᠦᠰᠦᠯ ᠲᠣᠭᠲᠠᠭᠠᠵᠣ᠂ ᠲᠣᠭᠲᠠᠮᠠᠯ ᠬᠤᠭᠤᠴᠠᠭ᠎ᠠ ᠲᠠᠢ  ᠪᠠᠷ ᠵᠣᠬᠢᠶᠠᠨ ᠪᠠᠶᠢᠭᠤᠯᠣᠨ ᠰᠣᠷᠢᠯᠲᠠ ᠬᠢᠯᠬᠡᠵᠦ᠂ ᠪᠢᠴᠢᠯ ᠬᠡᠯᠪᠡᠷᠢ ᠲᠠᠢ ᠭᠠᠯ ᠰᠡᠷᠭᠡᠶᠢᠯᠡᠬᠦ ᠦᠷᠳᠡᠭᠡ ᠪᠠᠶᠢᠭᠤᠯᠵᠣ᠂ ᠠᠵᠢᠯᠳᠠᠨ ᠳᠠᠭᠠᠨ ᠭᠠᠯ ᠰᠡᠷᠭᠡᠶᠢᠯᠡᠯᠲᠡ ᠶᠢᠨ ᠲᠣᠬᠠᠢ ᠠᠶᠣᠯᠬᠦᠢ ᠶᠢᠨ ᠬᠦᠮᠦᠵᠢᠯ ᠪᠣᠯᠪᠠᠰᠣᠷᠠᠯ ᠬᠦᠷᠳᠡᠬᠡᠬᠦ ᠶᠢᠨ ᠬᠠᠮᠳᠣ ᠡᠬᠡ ᠳᠠᠩᠰᠠ ᠪᠠᠶᠢᠭᠤᠯᠣᠨ ᠪᠦᠷᠢᠨᠰᠢᠬᠦᠯᠬᠦ ᠬᠡᠷᠡᠭᠲᠡᠢ᠃    ︵2︶ ᠳᠦᠬᠦᠮ ᠪᠦᠲᠦᠴᠡᠲᠦ ᠣᠷᠣᠨ ᠰᠠᠭᠤᠴᠠ ᠳᠤ ᠭᠠᠯ ᠰᠡᠷᠭᠡᠶᠢᠯᠡᠬᠦ ᠠᠶᠣᠯᠭᠦᠢ ᠶᠢᠨ ᠲᠣᠰᠬᠠᠢ ᠵᠠᠰᠠᠯᠲᠠ ᠦᠷᠨᠢᠬᠦᠯᠬᠦ᠃ ᠮᠠᠨ ᠤ ᠬᠤᠰᠢᠭᠤᠨ ᠤ ᠳᠦᠭᠦᠮ ᠪᠦᠲᠦᠴᠡᠲᠦ ᠣᠷᠣᠨ ᠰᠠᠭᠤᠴᠠ᠂ ᠬᠤᠲᠠ ᠪᠠᠯᠭᠠᠰᠣ ᠶᠢᠨ ᠰᠠᠭᠤᠭᠠᠯᠢ ᠠᠷᠠᠳ ᠲᠦᠪᠯᠡᠷᠡᠭᠰᠡᠨ ᠣᠷᠣᠨ ᠤ ᠭᠠᠯ ᠰᠡᠷᠭᠡᠶᠢᠯᠡᠬᠦ ᠰᠠᠭᠤᠷᠢ ᠲᠦᠭᠦᠭᠡᠷᠦᠮᠵᠢ ᠬᠦᠢᠴᠡᠳ ᠦᠭᠡᠢ᠂ ᠭᠠᠯ ᠰᠡᠷᠭᠡᠶᠢᠯᠡᠯᠲᠡ ᠶᠢᠨ ᠲᠣᠬᠠᠢ ᠠᠶᠣᠯᠭᠦᠢ ᠶᠢᠨ ᠬᠠᠮᠢᠶᠠᠷᠣᠯᠲᠠ ᠬᠠᠷᠢᠴᠠᠩᠭᠤᠢ ᠪᠠᠷ ᠬᠤᠴᠣᠷᠣᠩᠭᠤᠢ ᠪᠠᠶᠢᠬᠤ᠂ ᠪᠠᠭ᠎ᠠ ᠭᠠᠯ ᠲᠦᠢᠮᠡᠷ ᠲᠤ ᠬᠦᠮᠦᠨ ᠢ ᠦᠬᠦᠬᠦᠯᠵᠦ ᠰᠢᠷᠬᠠᠳᠣᠭᠤᠯᠬᠤ ᠦᠵᠡᠭᠳᠡᠯ ᠠᠬᠢᠨ ᠳᠠᠬᠢᠨ ᠭᠠᠷᠴᠣ ᠪᠠᠶᠢᠬᠤ ᠪᠠᠶᠢᠳᠠᠯ  ᠳᠤ ᠴᠢᠭᠯᠡᠭᠦᠯᠦᠨ ᠲᠣᠰᠬᠠᠢ ᠵᠦᠢᠯ ᠤᠨ ᠵᠠᠰᠠᠯᠲᠠ ᠬᠢᠬᠦ ᠪᠠᠷ ᠳᠠᠮᠵᠢᠭᠤᠯᠵᠣ᠂ ᠪᠠᠯᠭᠠᠰᠣ ᠲᠣᠭᠤᠷᠢᠭ᠂ ᠳᠦᠬᠦᠮ ᠪᠦᠲᠦᠴᠡᠲᠦ ᠣᠷᠣᠨ ᠰᠠᠭᠤᠴᠠ ᠶᠢᠨ ᠭᠠᠯ ᠰᠡᠷᠭᠡᠶᠢᠯᠡᠬᠦ ᠠᠶᠣᠯᠬᠦᠢ ᠶᠢᠨ ᠬᠠᠮᠢᠶᠠᠷᠣᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠭᠠᠯ ᠰᠡᠷᠭᠡᠶᠢᠯᠡᠯᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ  ᠶᠢ ᠴᠢᠩᠭᠠᠳᠬᠠᠵᠣ᠂ ᠭᠠᠯ ᠰᠡᠷᠭᠡᠶᠢᠯᠡᠬᠦ ᠠᠶᠣᠯᠬᠦᠢ ᠶᠢᠨ ᠣᠷᠴᠢᠨ ᠢ ᠰᠠᠶᠢᠵᠢᠷᠠᠭᠤᠯᠬᠤ ᠬᠡᠷᠡᠭᠲᠡᠢ᠃ ᠭᠡᠷ ᠪᠠᠷᠢᠯᠭ᠎ᠠ  ᠶᠢᠨ ᠭᠠᠯ ᠢ ᠲᠡᠰᠪᠦᠷᠢᠯᠡᠬᠦ ᠴᠢᠳᠠᠪᠣᠷᠢ ᠶᠢᠨ ᠪᠠᠶᠢᠳᠠᠯ᠂ ᠭᠠᠯ ᠰᠡᠷᠭᠡᠶᠢᠯᠡᠬᠦ ᠣᠷᠣᠨ ᠵᠠᠢ ᠶᠢ ᠲᠣᠬᠢᠷᠠᠭᠤᠯᠣᠭᠰᠠᠨ ᠪᠠᠶᠢᠳᠠᠯ᠂ ᠭᠠᠯ ᠣᠨᠲᠠᠷᠠᠭᠠᠬᠤ ᠲᠡᠷᠭᠡ ᠶᠢᠨ ᠵᠠᠮ ᠢ ᠲᠣᠬᠢᠷᠠᠭᠤᠯᠣᠭᠰᠠᠨ ᠪᠠᠶᠢᠳᠠᠯ᠂ ᠭᠠᠯ ᠣᠨᠲᠠᠷᠠᠭᠠᠬᠤ ᠣᠰᠣᠨ ᠤ ᠡᠬᠢ ᠰᠣᠷᠪᠣᠯᠵᠢ ᠶᠢᠨ ᠪᠦᠲᠦᠭᠡᠨ ᠪᠠᠶᠢᠭᠤᠯᠣᠯᠲᠠ᠂ ᠠᠰᠠᠷ ᠤᠨ ᠬᠦᠷᠢᠶᠡᠨ ᠳᠤ ᠰᠢᠳᠠᠮᠠᠬᠠᠢ ᠡᠳ᠋ ᠣᠪᠣᠭᠠᠯᠠᠵᠣ ᠲᠠᠯᠪᠢᠭᠰᠠᠨ ᠪᠠᠶᠢᠳᠠᠯ᠂ ᠬᠦᠳᠡᠯᠭᠡᠭᠦᠷᠲᠦ ᠳᠡᠷᠭᠡ ᠪᠠᠨ ᠵᠣᠬᠰᠣᠭᠠᠵᠣ ᠴᠠᠬᠢᠯᠭᠠᠨ ᠴᠡᠨᠡᠭᠯᠡᠵᠦ ᠪᠠᠶᠢᠬᠤ ᠪᠠᠶᠢᠳᠠᠯ᠂ ᠴᠠᠬᠢᠯᠭᠠᠨ ᠣᠳᠠᠰᠣ ᠶᠢ ᠳᠣᠷ᠎ᠠ ᠪᠠᠷ ᠳᠠᠳᠠᠭᠰᠠᠨ ᠪᠠᠶᠢᠳᠠᠯ᠂ ᠰᠠᠭᠤᠭᠠᠯᠢ ᠡᠷᠦᠬᠡ ᠤᠳ ᠤᠨ ᠬᠠᠮᠳᠣᠷᠠᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃     7. ᠴᠢᠬᠤᠯᠠ ᠶᠡᠭᠡ ᠬᠦᠳᠡᠯᠬᠡᠬᠡᠨ ᠴᠢᠬᠤᠯᠠ ᠪᠠᠶᠠᠷ ᠳᠣᠷᠠᠰᠬᠠᠯ ᠤᠨ ᠡᠳᠦᠷ ᠤᠨ ᠭᠠᠯ ᠰᠡᠷᠭᠡᠶᠢᠯᠡᠬᠦ ᠠᠮᠣᠷ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠬᠦ᠃ ᠡᠯ᠎ᠡ ᠰᠠᠯᠠᠭ᠎ᠠ ᠮᠦᠴᠢᠷ ᠤᠳ ᠪᠦᠬᠦ ᠣᠯᠣᠰ  ᠤᠨ ︽ ᠬᠤᠶᠠᠷ ᠬᠤᠷᠠᠯ︾ ᠪᠠ ᠢᠰᠦ᠋ᠰ ᠤᠨ ᠮᠡᠨᠳᠦᠯᠡᠭᠰᠡᠨ ᠡᠳᠦᠷ ᠤᠨ ᠪᠠᠶᠠᠷ᠂ ᠰᠢᠨ᠎ᠡ ᠵᠢᠯ ᠤᠨ ᠰᠢᠨ᠎ᠡ ᠶᠢᠨ ᠨᠢᠬᠡᠨ ᠤ ᠪᠠᠶᠠᠷ᠂ ᠴᠠᠭᠠᠨ ᠰᠠᠷ᠎ᠠ ᠶᠢᠨ ᠪᠠᠶᠠᠷ᠂ ᠴᠠᠭᠠᠨ ᠰᠠᠷ᠎ᠠ ᠤᠨ ᠠᠷᠪᠠᠨ ᠲᠠᠪᠣᠨ ᠤ ᠪᠠᠶᠠᠷ ᠵᠡᠷᠭᠡ ᠴᠢᠬᠤᠯᠠ ᠪᠠᠶᠠᠷ ᠳᠣᠷᠠᠰᠬᠠᠯ ᠴᠢᠬᠤᠯᠠ ᠬᠦᠳᠡᠯᠬᠡᠬᠡᠨ ᠤ ᠲᠣᠭᠤᠷᠢᠨ ᠳᠤ᠂ ᠨᠢᠬᠡᠳᠦᠯᠳᠡᠢ ᠪᠠᠶᠢᠷᠢᠭᠤᠯᠣᠨ᠂ ᠲᠣᠰᠬᠠᠢ ᠵᠦᠢᠯ ᠤᠨ ᠪᠠᠶᠢᠴᠠᠭᠠᠯᠲᠠ᠂ ᠬᠠᠮᠳᠣᠷᠠᠭᠰᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠣᠨ ᠦᠷᠨᠢᠬᠦᠯᠬᠦ ᠬᠡᠷᠡᠭᠲᠡᠢ᠃ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ᠂ ᠨᠡᠶᠢᠬᠡᠮ ᠲᠣᠭᠤᠷᠢᠭ ᠪᠠ ᠨᠢᠬᠡᠴᠡ ᠶᠢ ᠱᠠᠭᠠᠷᠳᠠᠵᠣ ᠬᠤᠸᠠᠷ ᠫᠣᠣᠵᠢᠩ ᠲᠠᠯᠪᠢᠬᠤ ᠭᠠᠵᠠᠷ ᠵᠢᠴᠢ ᠭᠤᠣᠯᠳᠠᠯᠭ᠎ᠠ ᠲᠠᠢ ᠣᠷᠣᠨ ᠪᠦᠰᠡ ᠳᠤ ︽ ᠦᠨᠡᠨ ᠨᠡᠷ᠎ᠡ ᠶᠢᠨ ᠳᠦᠷᠢᠮ︾ ᠢᠶᠠᠷ ᠴᠠᠬᠳᠠᠨ ᠪᠠᠶᠢᠴᠠᠭᠠᠬᠤ ᠰᠠᠬᠢᠬᠤ ᠳᠦᠷᠢᠮ ᠢ ᠬᠡᠷᠡᠭᠵᠢᠬᠦᠯᠦᠨ᠎ᠡ᠃ ᠢᠰᠦ᠋ᠰ ᠤᠨ ᠮᠡᠨᠳᠦᠯᠡᠭᠰᠡᠨ ᠡᠳᠦᠷ᠂ ᠰᠢᠨ᠎ᠡ ᠵᠢᠯ ᠤᠨ ᠰᠢᠨ᠎ᠡ ᠶᠢᠨ ᠨᠢᠬᠡᠨ᠂ ᠴᠠᠭᠠᠨ ᠰᠠᠷ᠎ᠠ ᠶᠢᠨ ᠪᠠᠶᠠᠷ᠂ ᠴᠠᠭᠠᠨ ᠰᠠᠷ᠎ᠠ ᠶᠢᠨ ᠠᠷᠪᠠᠨ ᠲᠠᠪᠣᠨ ᠤ ᠪᠠᠶᠠᠷ ᠤᠨ ᠬᠤᠭᠤᠴᠠᠭᠠᠨ ᠤ ᠭᠠᠯ ᠰᠡᠷᠭᠡᠶᠢᠯᠡᠬᠦ ᠠᠶᠣᠯᠬᠦᠢ ᠶᠢᠨ ᠰᠦᠨᠢ ᠶᠢᠨ ᠪᠠᠶᠢᠴᠠᠭᠠᠯᠲᠠ ᠶᠢ ᠲᠦᠪᠯᠡᠷᠡᠭᠦᠯᠦᠨ ᠦᠷᠨᠢᠬᠦᠯᠵᠦ᠂ ᠭᠠᠯ ᠰᠡᠷᠭᠡᠶᠢᠯᠡᠬᠦ ᠠᠶᠣᠯᠬᠦᠢ ᠶᠢ ᠯᠠᠪᠲᠠᠢ ᠪᠠᠲᠣᠯᠠᠬᠤ ᠬᠡᠷᠡᠭᠲᠡᠢ᠃     ︵ ᠬᠤᠶᠠᠷ︶ ᠦᠨᠳᠦᠰᠦᠨ ᠱᠠᠲᠣᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ     1. ᠣᠯᠠᠨ ᠨᠡᠶᠢᠲᠡ ᠶᠢᠨ ᠭᠠᠯ ᠰᠡᠷᠬᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ  ᠪᠠᠷ ᠴᠢᠩᠭᠠᠳᠬᠠᠬᠤ᠃ ᠪᠦᠬᠦ ᠣᠯᠣᠰ ᠤᠨ ︽ ᠬᠤᠶᠠᠷ ᠬᠤᠷᠠᠯ︾ ᠠᠴᠠ ᠡᠮᠦᠨ᠎ᠡ᠂ ᠡᠯ᠎ᠡ ᠰᠣᠮᠣ ᠰᠢᠶᠠᠩ ᠪᠠᠯᠭᠠᠰᠣ  ᠤᠳ ᠭᠠᠯ ᠰᠡᠷᠭᠡᠶᠢᠯᠡᠯᠲᠡ ᠶᠢᠨ ᠲᠦᠯᠦᠪᠵᠢᠬᠦᠯᠬᠡ ︵ ᠭᠠᠯ ᠰᠡᠷᠭᠡᠶᠢᠯᠡᠯᠲᠡ ᠶᠢᠨ ᠲᠣᠬᠠᠢ ᠲᠣᠰᠬᠠᠢ ᠵᠣᠬᠢᠶᠠᠯ︶ ᠨᠠᠶᠢᠷᠠᠭᠤᠯᠣᠨ ᠪᠢᠴᠢᠬᠦ ᠠᠵᠢᠯ ᠢᠶᠠᠨ ᠪᠦᠬᠦᠨ ᠢ ᠲᠠᠭᠤᠰᠬᠠᠬᠤ ᠬᠡᠷᠡᠭᠲᠡᠢ᠃ ᠣᠨ ᠤ ᠡᠭᠦᠷᠭᠡ ᠪᠠ ᠬᠠᠮᠢᠶ᠎ᠠ ᠪᠦᠬᠦᠢ ᠲᠦᠯᠦᠪᠵᠢᠬᠦᠯᠬᠡ ᠶᠢᠨ ᠶᠣᠰᠣᠭᠠᠷ᠂ ᠭᠠᠯ ᠣᠨᠲᠠᠷᠭᠠᠭᠤᠷ ᠲᠣᠨᠣᠭᠯᠠᠨ ᠣᠭᠰᠠᠷᠠᠬᠤ ᠡᠭᠦᠷᠭᠡ ᠪᠠᠨ ᠪᠡᠶᠡᠯᠡᠬᠦᠯᠵᠦ᠂ ᠭᠠᠯ ᠣᠨᠳᠠᠷᠭᠠᠭᠤᠷ ᠤᠨ ᠪᠦᠷᠢᠨ ᠬᠦᠢᠴᠡᠳ ᠪᠦᠭᠡᠳ ᠰᠠᠭᠠᠳ ᠦᠭᠡᠢ ᠠᠵᠢᠯᠯᠠᠭᠠᠨ ᠲᠠᠢ ᠪᠠᠶᠢᠬᠤ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ᠬᠤᠲᠠ ᠪᠠᠯᠭᠠᠰᠣ ᠶᠢᠨ ᠭᠠᠯ ᠰᠡᠷᠭᠡᠶᠢᠯᠡᠯᠲᠡ ᠶᠢᠨ ᠦᠷᠳᠡᠭᠡ ᠴᠢᠭ᠋ ᠤᠨ ᠪᠦᠲᠦᠭᠡᠨ ᠪᠠᠶᠢᠭᠤᠯᠣᠯᠲᠠ ᠪᠠᠷ ᠲᠦᠯᠬᠢᠴᠡ ᠬᠦᠴᠦᠨ ᠪᠣᠯᠭᠠᠵᠣ᠂ ᠵᠠᠰᠠᠭ ᠤᠨ ᠣᠷᠳᠣᠨ ᠤ ᠲᠣᠰᠬᠠᠢ ᠭᠠᠯ ᠰᠡᠷᠭᠡᠶᠢᠯᠡᠵᠦ ᠭᠠᠯ ᠣᠨᠲᠠᠷᠠᠭᠠᠬᠤ ᠡᠩᠨᠡᠭᠡ ᠶᠢᠨ ᠪᠠᠶᠢᠭᠤᠯᠣᠯᠲᠠ ᠲᠠᠢ ᠠᠳᠠᠯᠢ ᠠᠯᠬᠤᠮ ᠢᠶᠠᠷ ᠲᠦᠯᠬᠢᠨ ᠠᠬᠢᠭᠤᠯᠵᠣ᠂ ᠭᠠᠯ ᠰᠡᠷᠭᠡᠶᠢᠯᠡᠬᠦ ᠦᠷᠳᠡᠭᠡ ᠴᠢᠭ᠋ ᠤᠨ ᠵᠢᠵᠢᠭᠦᠷᠯᠡᠬᠦ ᠬᠦᠴᠦᠨ ᠴᠢᠳᠠᠯ ᠢ ᠴᠠᠭ ᠳᠣᠬᠠᠢ ᠳᠤᠨᠢ ᠬᠦᠢᠴᠡᠳ ᠲᠣᠬᠢᠷᠠᠭᠤᠯᠬᠤ ᠬᠡᠷᠡᠭᠲᠡᠢ᠃ ᠭᠠᠯ ᠰᠡᠷᠭᠡᠶᠢᠯᠡᠯᠲᠡ ᠶᠢᠨ ᠡᠩᠨᠡᠭᠡ ᠪᠠᠶᠢᠭᠤᠯᠬᠤ ᠨᠦᠬᠦᠴᠡᠯ ᠲᠠᠢ ᠰᠣᠮᠣ ᠰᠢᠶᠠᠩ ᠪᠠᠯᠭᠠᠰᠣ ᠪᠠ ᠲᠣᠮᠣ ᠠᠵᠣ ᠠᠬᠤᠶᠢᠯᠠᠯ ᠤᠳ ᠴᠦᠮ ᠲᠣᠰᠬᠠᠢ ᠭᠠᠯ ᠰᠡᠷᠭᠡᠶᠢᠯᠡᠯᠲᠡ ᠶᠢᠨ ᠡᠩᠨᠡᠭᠡ ᠪᠠᠶᠢᠭᠤᠯᠵᠣ᠂ ᠵᠠᠰᠠᠭ ᠤᠨ ᠣᠷᠳᠣᠨ ᠤ ᠲᠣᠰᠬᠠᠢ ᠭᠠᠯ ᠣᠨᠲᠠᠷᠠᠭᠠᠬᠤ ᠡᠩᠨᠡᠭᠡ᠂ ᠭᠠᠯ ᠰᠡᠷᠭᠡᠶᠢᠯᠡᠬᠦ ᠣᠨᠲᠠᠷᠠᠭᠠᠬᠤ ᠪᠢᠴᠢᠭ ᠤᠨ ᠠᠵᠢᠯᠳᠠᠨ ᠢ ᠲᠣᠬᠢᠷᠠᠭᠤᠯᠬᠤ ᠠᠵᠢᠯ ᠢ ᠪᠦᠬᠦᠨ ᠢ ᠬᠢᠵᠦ ᠳᠠᠭᠤᠰᠬᠠᠬᠤ ᠬᠡᠷᠡᠭᠲᠡᠢ᠃     2. ᠰᠦᠯᠵᠢᠶᠡᠵᠢᠯᠲᠡ ᠶᠢᠨ ᠬᠠᠮᠢᠶᠠᠷᠣᠯᠲᠠ ᠶᠢ ᠴᠢᠩᠭ᠎ᠠ ᠨᠠᠶᠢᠳᠠᠪᠣᠷᠢᠵᠢᠭᠤᠯᠬᠤ᠃ ᠶᠡᠷᠥᠩᠬᠡᠶᠢᠯᠡᠨ ᠵᠠᠰᠠᠬᠤ ᠰᠠᠯᠠᠭ᠎ᠠ ᠮᠦᠴᠢᠷ ᠭᠠᠯ ᠰᠡᠷᠭᠡᠶᠢᠯᠡᠬᠦ ᠣᠨᠲᠠᠷᠠᠭᠠᠬᠤ ᠠᠶᠣᠯᠭᠦᠢ ᠶᠢᠨ  ᠰᠦᠯᠵᠢᠶᠡᠵᠢᠯᠲᠡ ᠶᠢᠨ ᠬᠠᠮᠢᠶᠠᠷᠣᠯᠲᠠ ᠶᠢ ᠶᠡᠷᠥᠩᠬᠡᠢ ᠦᠨᠳᠦᠰᠦᠨ ᠦᠢᠯᠡᠴᠢᠯᠡᠬᠡᠨ ᠵᠡᠷᠭᠡ ᠬᠠᠮᠢᠶᠠᠷᠣᠯᠲᠠ ᠶᠢᠨ ᠲᠠᠪᠴᠠᠩ ᠳᠤ ᠣᠷᠣᠭᠤᠯᠵᠣ᠂ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠰᠣᠮᠣ ᠰᠢᠶᠠᠩ ᠪᠠᠯᠭᠠᠰᠣ ᠶᠢ ᠵᠢᠭᠠᠨ ᠵᠢᠯᠣᠭᠤᠳᠴᠣ ᠪᠠᠶᠢᠭᠠᠳ ᠭᠠᠯ ᠰᠡᠷᠭᠡᠶᠢᠯᠡᠯᠲᠡ ᠶᠢᠨ ᠠᠶᠣᠯᠬᠦᠢ ᠶᠢ ᠬᠠᠮᠢᠶᠠᠷᠬᠤ ᠵᠣᠬᠢᠶᠠᠨ ᠪᠠᠶᠢᠭᠤᠯᠣᠯᠲᠠ ᠶᠢ ᠪᠠᠶᠢᠭᠤᠯᠣᠨ ᠪᠦᠷᠢᠨᠰᠢᠬᠦᠯᠵᠦ᠂ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠯᠭᠠᠳᠠᠨ ᠪᠠ ᠲᠣᠰᠬᠠᠢ ᠭᠠᠯ ᠣᠨᠲᠠᠷᠠᠭᠠᠯᠲᠠ ᠶᠢᠨ ᠬᠠᠮᠢᠶᠠᠷᠣᠭᠴᠢ ᠶᠢ ᠱᠠᠲᠣ ᠱᠠᠲᠣ ᠪᠠᠷ ᠳᠣᠳᠣᠷᠬᠠᠶᠢᠯᠠᠬᠤ ᠬᠡᠷᠡᠭᠲᠡᠢ᠃ ᠡᠯ᠎ᠡ ᠱᠠᠲᠣᠨ ᠤ ᠵᠠᠰᠠᠭ ᠤᠨ ᠣᠷᠳᠣᠨ ᠨᠤᠭᠤᠳ ᠪᠦᠲᠦᠮᠵᠢᠲᠡᠢ ᠠᠷᠭ᠎ᠠ ᠬᠡᠮᠵᠢᠶ᠎ᠡ ᠠᠪᠴᠣ ᠰᠦᠯᠵᠢᠶ᠎ᠡ ᠶᠢᠨ ᠠᠵᠢᠯᠴᠢᠨ ᠲᠣᠬᠢᠷᠠᠭᠤᠯᠵᠣ ᠬᠡᠪ ᠤᠨ ᠠᠵᠢᠯ ᠢ ᠦᠷᠨᠢᠬᠦᠯᠬᠦ ᠦᠨᠳᠦᠰᠦᠨ ᠪᠠᠶᠢᠳᠠᠯ ᠢ ᠪᠠᠲᠣᠯᠠᠬᠤ ᠬᠡᠷᠡᠭᠲᠡᠢ᠃ ᠰᠦᠯᠵᠢᠶ᠎ᠡ ᠶᠢᠨ ᠠᠵᠢᠯᠴᠢᠨ ᠤ ᠭᠠᠯ ᠰᠡᠷᠭᠡᠶᠢᠯᠡᠯᠲᠡ ᠬᠢᠬᠦ ᠳᠡᠭᠡᠨ ᠣᠯᠵᠣ ᠮᠡᠳᠡᠭᠰᠡᠨ ᠬᠡᠮ ᠰᠣᠭᠤᠭ ᠢ ᠴᠠᠭ ᠲᠣᠬᠠᠢ ᠳᠤᠨᠢ ᠬᠠᠷᠢᠭᠤ ᠳᠣᠰᠬᠠᠵᠣ᠂ ᠬᠡᠮ ᠰᠣᠭᠤᠭ ᠢ ᠬᠤᠯᠪᠣᠭᠠᠯᠠᠨ ᠱᠠᠯᠠᠪᠳᠠᠭᠤᠯᠣᠨ ᠦᠭᠡᠷᠡᠴᠢᠯᠡᠬᠦᠯᠬᠦ ᠡᠷᠴᠢᠮ ᠢᠶᠠᠨ ᠴᠢᠩᠭᠠᠷᠠᠭᠤᠯᠵᠣ᠂ ᠵᠣᠬᠢᠶᠠᠨ ᠪᠠᠶᠢᠭᠤᠯᠣᠯᠲᠠ ᠨᠢ ᠪᠦᠷᠢᠨ ᠬᠦᠢᠴᠡᠳ᠂ ᠬᠠᠷᠢᠭᠤᠴᠠᠯᠭ᠎ᠠ ᠨᠢ ᠲᠣᠳᠣᠷᠬᠠᠢ᠂ ᠬᠦᠴᠦᠨ ᠨᠢ ᠨᠢᠬᠡᠳᠦᠭᠰᠡᠨ᠂ ᠪᠠᠶᠢᠴᠠᠭᠠᠯᠲᠠ ᠨᠢ ᠬᠦᠴᠦᠨ ᠲᠠᠢ ᠭᠠᠯ ᠰᠡᠷᠭᠡᠶᠢᠯᠡᠬᠦ ᠬᠠᠮᠢᠶᠠᠷᠣᠯᠲᠠ ᠶᠢᠨ ᠰᠢᠨ᠎ᠡ ᠲᠣᠭᠲᠠᠴᠠ ᠶᠢ ᠪᠦᠷᠢᠯᠳᠦᠬᠦᠯᠬᠦ ᠬᠡᠷᠡᠭᠲᠡᠢ᠃ ᠪᠦᠬᠦ ᠣᠯᠣᠰ ᠤᠨ ︽ ᠬᠤᠶᠠᠷ ᠬᠤᠷᠠᠯ︾ ᠠᠴᠠ ᠡᠮᠦᠨ᠎ᠡ᠂ 90% ᠶᠢᠨ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠰᠣᠮᠣ ᠰᠢᠶᠠᠩ ᠪᠠᠯᠭᠠᠰᠣ ᠶᠢᠨ ᠭᠠᠯ ᠰᠡᠷᠭᠡᠶᠢᠯᠡᠯᠲᠡ ᠶᠢᠨ ᠠᠶᠣᠯᠬᠦᠢ ᠶᠢᠨ ᠲᠣᠣᠷ ᠰᠦᠯᠵᠢᠶ᠎ᠡ ᠶᠢ ᠳᠦᠷᠢᠮᠵᠢᠭᠰᠡᠨ ᠬᠠᠮᠢᠶᠠᠷᠣᠯᠲᠠ ᠲᠠᠢ ᠪᠣᠯᠭᠠᠬᠤ ᠬᠡᠷᠡᠭᠲᠡᠢ᠃ ᠳᠣᠳᠣᠭᠠᠳᠣ ᠶᠢ ᠬᠠᠮᠠᠭᠠᠯᠠᠬᠤ ᠲᠣᠮᠢᠯᠠᠭᠰᠠᠨ ᠰᠠᠯᠪᠣᠷᠢ ᠶᠢ ᠵᠢᠯᠣᠭᠤᠳᠴᠣ ᠪᠠᠶᠢᠭᠠᠳ ᠬᠠᠷᠢᠶᠠᠳᠣ ᠣᠷᠣᠨ ᠤ ᠳᠣᠳᠣᠷᠠᠬᠢ ᠵᠢᠵᠢᠭ ᠭᠠᠵᠠᠷ ᠲᠠᠯᠠᠪᠣᠷ᠂ ᠵᠢᠵᠢᠭ ᠨᠢᠬᠡᠴᠡ ᠳᠠᠬᠢ ᠬᠢᠨᠠᠨ ᠪᠠᠶᠢᠴᠠᠭᠠᠯᠲᠠ ᠶᠢ ᠴᠢᠩᠭᠠᠳᠬᠠᠵᠣ᠂ ᠲᠣᠰᠬᠤᠨ ᠤ ᠰᠠᠭᠤᠭᠠᠯᠢ ᠠᠷᠠᠳ ᠤᠨ ᠵᠦᠪᠯᠡᠯ᠂ ᠠᠳᠠᠯ ᠠᠬᠤᠢ ᠶᠢᠨ ᠬᠠᠮᠢᠶᠠᠷᠣᠯᠲᠠ ᠶᠢᠨ ᠨᠢᠬᠡᠴᠡ ᠶᠢ ᠱᠠᠭᠠᠷᠳᠠᠵᠣ ᠪᠠᠶᠢᠭᠠᠳ ᠭᠠᠯ ᠰᠡᠷᠭᠡᠶᠢᠯᠡᠬᠦ ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ᠠᠮᠣᠷ ᠬᠠᠮᠠᠭᠠᠯᠠᠯᠲᠠ ᠶᠢᠨ ᠲᠣᠬᠠᠢ ᠴᠠᠭᠳᠠᠨ ᠰᠡᠷᠭᠡᠶᠢᠯᠡᠬᠦ᠂ ᠡᠷᠦᠬᠡ ᠠᠮᠠ ᠶᠢ ᠪᠠᠶᠢᠴᠠᠭᠠᠬᠤ᠂ ᠨᠡᠶᠢᠬᠡᠮ ᠲᠣᠭᠤᠷᠢᠭ ᠤᠨ ᠴᠠᠭᠳᠠᠭᠠᠨ ᠤ ᠠᠵᠢᠯ ᠵᠡᠷᠭᠡ ᠲᠠᠢ ᠣᠶᠠᠯᠳᠣᠭᠤᠯᠣᠨ᠂ ᠭᠠᠯ ᠰᠡᠷᠭᠡᠶᠢᠯᠡᠬᠦ ᠪᠠᠶᠢᠴᠠᠭᠠᠯᠲᠠ ᠪᠠ ᠭᠠᠯ ᠰᠡᠷᠭᠡᠶᠢᠯᠡᠯᠲᠡ ᠶᠢᠨ ᠲᠣᠬᠠᠢ ᠣᠬᠠᠭᠤᠯᠭ᠎ᠠ ᠶᠢ ᠵᠣᠬᠢᠶᠠᠨ ᠪᠠᠶᠢᠭᠤᠯᠣᠨ ᠦᠷᠨᠢᠬᠦᠯᠬᠦ ᠬᠡᠷᠡᠭᠲᠡᠢ᠃    3. ᠭᠠᠯ ᠰᠡᠷᠭᠡᠶᠢᠯᠡᠬᠦ ᠠᠶᠣᠯᠬᠦᠢ ᠶᠢᠨ ᠨᠡᠶᠢᠬᠡᠮ ᠲᠣᠭᠤᠷᠢᠭ ᠢ ᠡᠭᠦᠳᠬᠦ ᠶᠢ ᠪᠠᠷᠢᠮᠵᠢᠶᠠᠨ ᠳᠤ ᠬᠦᠷᠦᠬᠦᠯᠬᠦ ᠶᠢ ᠰᠢᠯᠭᠠᠨ ᠠᠪᠬᠤ᠃ ᠦᠪᠡᠷᠲᠡᠭᠡᠨ ᠵᠠᠰᠠᠬᠤ ᠣᠷᠣᠨ ᠤ ᠶᠡᠷᠥᠩᠬᠡᠶᠢᠯᠡᠨ ᠵᠠᠰᠠᠬᠤ ᠠᠯᠪᠠᠨ ᠭᠡᠷ᠂ ᠳᠣᠳᠣᠭᠠᠳᠣ ᠶᠢ ᠬᠠᠮᠠᠭᠠᠯᠠᠬᠤ ᠲᠢᠩᠬᠢᠮ ᠤᠨ ︽ ᠭᠠᠯ ᠰᠡᠷᠭᠡᠶᠢᠯᠡᠬᠦ ᠠᠶᠣᠯᠭᠦᠢ ᠶᠢᠨ ᠨᠡᠶᠢᠬᠡᠮ ᠲᠣᠭᠤᠷᠢᠭ ᠢ ᠡᠭᠦᠳᠬᠦ ᠠᠵᠢᠯᠯᠠᠭ᠎ᠠ ᠶᠢᠨ ᠬᠡᠷᠡᠭᠵᠢᠬᠦᠯᠬᠦ ᠲᠦᠰᠦᠯ︾ ︵ ᠦᠪᠦᠷ ᠶᠡᠷᠥᠩᠬᠡᠢ ᠵᠠᠰᠠᠯᠲᠠ ᠠᠯᠪᠠᠨ ﹇2017﹈ 7 ᠳ᠋ᠣᠭᠠᠷ ᠲᠣᠭᠠᠳᠣ︶ ᠤᠨ ᠶᠣᠰᠣᠭᠠᠷ᠂ ︽ ᠭᠠᠯ ᠰᠡᠷᠭᠡᠶᠢᠯᠡᠬᠦ ᠠᠶᠣᠯᠭᠦᠢ ᠶᠢᠨ ᠨᠡᠶᠢᠬᠡᠮ ᠲᠣᠭᠤᠷᠢᠭ︾ ᠤᠨ ᠡᠬᠦᠳᠦᠯᠳᠡ ᠶᠢ ᠪᠠᠷᠢᠮᠵᠢᠶᠠᠨ ᠳᠤ ᠬᠦᠷᠦᠭᠦᠯᠬᠦ ᠶᠢ ᠬᠢᠨᠠᠨ ᠰᠢᠯᠭᠠᠵᠣ᠂ ᠪᠦᠬᠦ ᠣᠯᠣᠰ ᠤᠨ ︽ ᠬᠤᠶᠠᠷ ᠬᠤᠷᠠᠯ︾ ᠠᠴᠠ ᠡᠮᠦᠨ᠎ᠡ᠂ 90% ᠶᠢᠨ ᠨᠡᠶᠢᠬᠡᠮ ᠲᠣᠭᠤᠷᠢᠭ ᠢ ᠪᠠᠷᠢᠮᠵᠢᠶᠠᠨ ᠳᠤ ᠬᠦᠷᠦᠬᠦᠯᠬᠦ ᠬᠡᠷᠡᠭᠲᠡᠢ᠃ ᠨᠡᠶᠢᠬᠡᠮ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠬᠦᠷᠢᠶ᠎ᠡ ᠳᠤ ᠭᠠᠯ ᠰᠡᠷᠭᠡᠶᠢᠯᠡᠬᠦ ᠳᠠᠷᠤᠭ᠎ᠠ ᠲᠣᠮᠢᠯᠠᠬᠤ ᠶᠢ ᠲᠦᠯᠬᠢᠨ ᠠᠬᠢᠭᠤᠯᠵᠣ᠂ ᠲᠣᠮᠢᠯᠠᠭᠰᠠᠨ ᠳᠠᠷᠤᠭ᠎ᠠ ᠳᠠᠭᠠᠨ ᠠᠵᠢᠯ ᠤᠨ ᠪᠣᠯᠪᠠᠰᠣᠷᠠᠯ ᠬᠦᠷᠳᠡᠭᠡᠬᠦ ᠶᠢ ᠴᠢᠩᠭᠠᠳᠬᠠᠵᠣ᠂ ᠠᠰᠠᠷ ᠬᠦᠷᠢᠶ᠎ᠡ ᠶᠢᠨ ᠭᠠᠯ ᠰᠡᠷᠭᠡᠶᠢᠯᠡᠬᠦ ᠠᠵᠢᠯ ᠤᠨ ᠳᠠᠷᠤᠭ᠎ᠠ ᠨᠢ ᠠᠰᠠᠷ ᠬᠦᠷᠢᠶ᠎ᠡ ᠶᠢᠨ ᠢᠶᠠᠨ ᠪᠠᠶᠢᠳᠠᠯ ᠢ ᠲᠣᠳᠣᠷᠬᠠᠢ ᠣᠶᠢᠯᠠᠭᠠᠵᠣ᠂ ᠴᠠᠭᠳᠠᠨ ᠪᠠᠶᠢᠴᠠᠭᠠᠬᠤ᠂ ᠣᠬᠠᠭᠤᠯᠭ᠎ᠠ ᠬᠢᠬᠦ᠂ ᠭᠠᠯ ᠣᠨᠲᠠᠷᠠᠭᠠᠵᠣ᠂ ᠲᠠᠷᠬᠠᠭᠠᠵᠣ ᠵᠠᠶᠢᠯᠠᠭᠤᠯᠬᠤ ᠴᠢᠳᠠᠪᠣᠷᠢ ᠲᠠᠢ ᠪᠠᠶᠢᠬᠤ ᠬᠡᠷᠡᠭᠲᠡᠢ᠃ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠭᠤᠴᠠᠭᠠᠨ ᠳᠤ ᠨᠡᠶᠢᠬᠡᠮ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠣᠨ ᠭᠠᠯ ᠤᠨ ᠠᠶᠣᠯ ᠢ ᠰᠡᠷᠡᠮᠵᠢᠯᠡᠬᠦ ᠬᠦᠮᠦᠵᠢᠯ ᠪᠠ ᠲᠠᠷᠬᠠᠭᠠᠵᠣ ᠵᠠᠶᠢᠯᠠᠭᠤᠯᠬᠤ ᠠᠮᠢ ᠵᠢᠭᠤᠳᠠᠬᠤ ᠰᠣᠷᠢᠯᠲᠠ ᠶᠢ 2 ᠣᠳᠠᠭ᠎ᠠ ᠲᠦᠪᠯᠡᠷᠡᠭᠦᠯᠦᠨ ᠦᠷᠨᠢᠬᠦᠯᠵᠦ᠂ ᠦᠪᠡᠷ ᠢᠶᠠᠨ ᠰᠡᠷᠭᠡᠶᠢᠯᠡᠵᠦ ᠦᠪᠡᠷ ᠢ ᠪᠠᠨ ᠠᠪᠣᠷᠠᠬᠤ ᠴᠢᠳᠠᠪᠣᠷᠢ ᠶᠢ ᠨᠢ ᠳᠡᠭᠡᠭᠰᠢᠯᠡᠬᠦᠯᠬᠦ ᠬᠡᠷᠡᠭᠲᠡᠢ᠃ ᠰᠢᠨ᠎ᠡ ᠵᠢᠯ  ᠤᠨ ᠰᠢᠨ᠎ᠡ ᠶᠢᠨ ᠨᠢᠬᠡᠨ᠂ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠣᠨ ᠠᠰᠠᠷ ᠤᠨ ᠱᠠᠲᠣ᠂ ᠠᠰᠠᠷ ᠤᠨ ᠨᠠᠷᠠᠪᠴᠢ᠂ ᠣᠷᠣᠨ ᠰᠠᠭᠤᠴᠠ ᠶᠢᠨ ᠡᠷᠬᠢᠨ ᠲᠣᠭᠤᠷᠢᠨ ᠢ ᠴᠡᠪᠡᠷᠯᠡᠬᠦᠯᠵᠦ᠂ ᠰᠠᠭᠤᠭᠠᠯᠢ ᠠᠷᠠᠳ ᠤᠳ ᠭᠠᠷᠴᠣ ᠶᠠᠪᠣᠬᠤ ᠳᠠᠭᠠᠨ ᠭᠠᠯ᠂ ᠴᠠᠬᠢᠯᠭᠠᠨ᠂ ᠰᠢᠳᠠᠮᠠᠬᠠᠢ ᠬᠡᠢ ᠶᠢᠨ ᠨᠡᠬᠡᠬᠡᠯᠬᠡᠢ ᠪᠠᠨ ᠬᠠᠭᠠᠵᠣ᠂ ᠭᠠᠯ ᠤᠨ ᠠᠶᠣᠯ ᠢ ᠰᠡᠷᠭᠡᠶᠢᠯᠡᠬᠦ ᠲᠣᠬᠠᠢ ᠰᠠᠨᠠᠭᠤᠯᠣᠮᠵᠢ ᠦᠭᠬᠦ ᠬᠡᠷᠡᠭᠲᠡᠢ᠃     4. ᠬᠠᠮᠤᠭ ᠵᠢᠵᠢᠭ ᠭᠠᠯ ᠣᠨᠲᠠᠷᠠᠭᠠᠬᠤ ᠨᠢᠬᠡᠴᠡ ᠶᠢ ᠨᠢᠬᠳᠠ ᠪᠠᠶᠢᠷᠢᠯᠠᠭᠤᠯᠬᠤ᠃ ᠪᠢᠴᠢᠯ ᠭᠠᠯ ᠰᠡᠷᠭᠡᠶᠢᠯᠡᠬᠦ ᠦᠷᠳᠡᠭᠡ ᠶᠢ ᠳᠡᠰ ᠳᠡᠪᠰᠢᠬᠦᠯᠬᠦ ᠶᠢ ᠲᠦᠯᠬᠢᠨ ᠠᠬᠢᠭᠤᠯᠵᠣ᠂ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ ᠪᠠ ᠦᠷᠳᠡᠭᠡ ᠴᠢᠭ᠋ ᠢ ᠨᠢᠬᠳᠠ ᠪᠠᠶᠢᠷᠢᠯᠠᠭᠤᠯᠬᠤ ᠶᠢᠨ ᠲᠠᠭᠠᠣ ᠬᠠᠮᠳᠣᠷᠠᠨ ᠠᠵᠢᠯᠯᠠᠬᠤ ᠬᠠᠮᠳᠣᠷᠠᠨ ᠪᠣᠯᠪᠠᠰᠣᠷᠠᠭᠤᠯᠬᠤ ᠪᠠ ᠰᠣᠷᠢᠯᠲᠠ ᠬᠢᠯᠬᠡᠬᠦ ᠲᠠᠶᠢᠴᠢᠯᠠᠬᠤ ᠬᠦᠴᠦᠯᠡᠴᠡ ᠪᠠᠨ ᠴᠢᠩᠭᠠᠷᠠᠭᠤᠯᠵᠣ᠂ ᠳᠠᠶᠢᠴᠢᠨ ᠬᠦᠴᠦᠨ ᠢ ᠦᠨᠡᠨᠬᠦ ᠪᠦᠷᠢᠯᠳᠦᠬᠦᠯᠵᠦ᠂ ᠪᠣᠰᠢᠭᠤ ᠲᠦᠷᠬᠡᠨ ᠭᠠᠯ ᠣᠨᠲᠠᠷᠠᠭᠠᠵᠣ ᠲᠦᠪᠬᠢᠨᠡᠬᠦᠯᠬᠦ ᠴᠢᠳᠠᠪᠣᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠬᠦᠯᠬᠦ ᠭᠡᠷᠡᠭᠲᠡᠢ᠃ ᠭᠠᠯ ᠰᠡᠷᠭᠡᠶᠢᠯᠡᠨ ᠡᠵᠡᠮᠳᠡᠬᠦ ᠲᠠᠰᠤᠭ ᠤᠨ ᠵᠢᠵᠢᠭᠦᠷᠯᠡᠭᠴᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠨᠣᠷᠮ᠎ᠠ ᠶᠢ ᠳᠡᠭᠡᠭᠰᠢᠯᠡᠬᠦᠯᠵᠦ᠂ ᠪᠢᠴᠢᠯ ᠭᠠᠯ ᠰᠡᠷᠭᠡᠶᠢᠯᠡᠬᠦ ᠦᠷᠳᠡᠭᠡ ᠲᠠᠢ ᠨᠢᠬᠳᠠ ᠬᠤᠯᠪᠣᠭᠠᠯᠠᠨ᠂ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ ᠪᠦᠷᠢᠯᠳᠦᠬᠦᠯᠬᠦ ᠬᠡᠷᠡᠭᠲᠡᠢ᠃ ᠬᠠᠭᠤᠴᠢᠨ ᠬᠤᠲᠠ ᠲᠣᠭᠤᠷᠢᠭ᠂ ᠠᠷᠠᠯᠵᠢᠶ᠎ᠠ ᠬᠤᠳᠠᠯᠳᠤᠭ᠎ᠠ ᠨᠢᠬᠳᠠᠷᠠᠭᠰᠠᠨ ᠣᠷᠣᠨ ᠵᠢᠴᠢ ᠭᠠᠯ ᠰᠡᠷᠭᠡᠶᠢᠯᠡᠬᠦ ᠡᠩᠨᠡᠭᠡ ᠪᠠᠶᠢᠪᠠᠴᠣ ᠲᠡᠷᠡ ᠳᠠᠷᠣᠢ ᠳᠤᠨᠢ ᠬᠦᠷᠴᠦ ᠴᠢᠳᠠᠬᠤ ᠦᠭᠡᠢ ᠣᠷᠣᠨ ᠪᠦᠰᠡ ᠳᠤ ᠣᠳᠣ ᠪᠠᠷ ᠢᠶᠠᠨ ᠪᠠᠶᠢᠬᠤ ᠭᠠᠯ ᠰᠡᠷᠭᠡᠶᠢᠯᠡᠬᠦ ᠠᠶᠣᠯᠭᠦᠢ  ᠶᠢᠨ ᠣᠷᠣᠨ ᠪᠦᠰᠡ ᠶᠢᠨ ᠬᠠᠮᠳᠣᠷᠠᠨ ᠰᠡᠷᠭᠡᠶᠢᠯᠡᠬᠦ ᠡᠩᠨᠡᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠣᠭᠰᠠᠨ ᠰᠠᠭᠤᠷᠢᠨ ᠳᠡᠭᠡᠷ᠎ᠡ᠂ ᠪᠢᠴᠢᠯ ᠭᠠᠯ ᠣᠨᠲᠠᠷᠠᠭᠠᠬᠤ ᠦᠷᠳᠡᠭᠡ ᠪᠠᠶᠢᠭᠤᠯᠬᠤ ᠶᠢ ᠲᠦᠷᠭᠡᠳᠬᠡᠨ ᠲᠦᠯᠬᠢᠨ ᠠᠬᠢᠭᠤᠯᠵᠣ᠂ ᠭᠠᠯ ᠰᠡᠷᠭᠡᠶᠢᠯᠡᠬᠦ ᠪᠠᠶᠢᠩᠭᠤ ᠶᠢᠨ ᠲᠣᠭᠲᠠᠮᠠᠯ ᠦᠷᠳᠡᠭᠡ ᠴᠢᠭ᠋ ᠪᠣᠯᠭᠠᠬᠤ ᠬᠡᠷᠡᠭᠲᠡᠢ᠃     ︵ ᠭᠤᠷᠪᠠ︶ ᠪᠠᠴᠢᠮ ᠪᠠᠶᠢᠳᠠᠯ ᠢ ᠠᠷᠭᠠᠴᠠᠬᠤ ᠶᠢ ᠳᠣᠪᠣᠶᠢᠯᠭᠠᠨ ᠬᠠᠮᠳᠣᠷᠠᠨ ᠳᠠᠶᠢᠨ ᠳᠤ ᠰᠠᠶᠢᠳᠣᠷ ᠪᠡᠯᠡᠳᠬᠡᠬᠦ     1. ᠬᠠᠮᠳᠣᠷᠠᠨ ᠠᠵᠢᠯᠯᠠᠬᠤ ᠬᠠᠮᠳᠣᠷᠠᠨ ᠬᠦᠳᠡᠯᠦᠯᠴᠡᠬᠦ ᠪᠠᠨ ᠴᠢᠩᠭᠠᠳᠬᠠᠬᠤ᠃ ᠡᠯ᠎ᠡ ᠰᠠᠯᠠᠭ᠎ᠠ ᠮᠦᠴᠢᠷ ᠤᠳ ᠪᠠᠴᠢᠮ ᠪᠠᠶᠢᠳᠠᠯ ᠢ ᠠᠷᠭᠠᠴᠠᠵᠣ ᠠᠪᠣᠷᠠᠨ ᠲᠣᠰᠠᠯᠠᠬᠤ ᠲᠠᠪᠴᠠᠩ ᠪᠠᠶᠢᠭᠤᠯᠣᠨ ᠳᠡᠭᠦᠯᠳᠡᠷᠵᠢᠬᠦᠯᠵᠦ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ ᠬᠠᠮᠳᠣᠪᠡᠷ ᠡᠳ᠋ᠯᠡᠬᠦ᠂ ᠮᠡᠳᠡᠭᠡᠯᠡᠬᠦ᠂ ᠣᠷᠢᠳᠴᠢᠯᠠᠨ ᠰᠡᠷᠡᠮᠵᠢᠯᠡᠬᠦᠯᠬᠦ ᠶᠢ ᠪᠦᠬᠦ ᠲᠠᠯ᠎ᠠ ᠪᠠᠷ ᠪᠡᠶᠡᠯᠡᠬᠦᠯᠵᠦ᠂ ᠠᠶᠣᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠲᠦᠯᠦᠪᠯᠡᠬᠡᠲᠦ ᠦᠷᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ᠂ ᠴᠠᠭ ᠠᠭᠤᠷ᠂ ᠳᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠬᠤ ᠰᠠᠯᠠᠭ᠎ᠠ ᠮᠦᠴᠢᠷ ᠤᠳ ᠲᠠᠢ ᠪᠠᠴᠢᠮ ᠪᠠᠶᠢᠳᠠᠯ ᠢ ᠠᠷᠭᠠᠴᠠᠨ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠣ᠂ ᠠᠵᠣ ᠠᠬᠤᠶᠢᠯᠠᠯ ᠤᠨ ᠲᠣᠰᠬᠠᠢ ᠭᠠᠯ ᠣᠨᠲᠠᠷᠭᠠᠬᠤ ᠡᠩᠨᠡᠭᠡ᠂ ᠬᠠᠮᠳᠣᠷᠠᠨ ᠠᠵᠢᠯᠯᠠᠬᠤ ᠨᠢᠬᠡᠴᠡ ᠯᠦᠭᠡ ᠬᠠᠮᠳᠣᠷᠠᠭᠰᠠᠨ ᠰᠣᠷᠢᠯᠲᠠ ᠶᠢ ᠦᠷᠨᠢᠬᠦᠯᠬᠦ ᠬᠡᠷᠡᠭᠲᠡᠢ᠃ ᠡᠪᠦᠯ ᠬᠠᠪᠣᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠭᠤᠴᠠᠭᠠᠨ ᠳᠤ᠂ ᠡᠯ᠎ᠡ ᠪᠦᠷᠢᠯᠳᠦᠬᠦᠨ ᠨᠢᠬᠡᠴᠡ ᠤᠳ ᠪᠠᠴᠢᠮ ᠪᠠᠶᠢᠳᠠᠯ ᠢ ᠠᠷᠭᠠᠴᠠᠬᠤ ᠶᠡᠷᠥᠩᠬᠡᠢ ᠰᠣᠷᠢᠯᠲᠠ ᠶᠢ ᠠᠳᠠᠭ ᠪᠠᠭ᠎ᠠ ᠳᠠᠭᠠᠨ ᠨᠢᠬᠡ ᠣᠳᠠᠭ᠎ᠠ ᠦᠷᠨᠢᠬᠦᠯᠵᠦ᠂ ᠶᠡᠭᠡ ᠭᠠᠯ ᠤᠨ ᠠᠶᠣᠯ ᠠᠴᠠ ᠠᠪᠣᠷᠠᠨ ᠲᠣᠰᠠᠯᠠᠬᠤ᠂ ᠶᠡᠭᠡ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠬᠦ ᠬᠡᠷᠡᠭᠲᠡᠢ᠃ ᠡᠬᠦᠨ ᠤ ᠬᠠᠮᠳᠣ ᠪᠢᠴᠢᠯ ᠭᠠᠯ ᠰᠡᠷᠭᠡᠶᠢᠯᠡᠬᠦ ᠦᠷᠳᠡᠭᠡ᠂ ᠵᠢᠵᠢᠭ ᠭᠠᠯ ᠰᠡᠷᠭᠡᠶᠢᠯᠡᠬᠦ ᠦᠷᠳᠡᠭᠡ᠂ ᠨᠡᠬᠦᠳᠡᠯ ᠭᠠᠯ ᠰᠡᠷᠭᠡᠶᠢᠯᠡᠬᠦ ᠦᠷᠳᠡᠭᠡ ᠶᠢ ᠨᠢᠬᠡᠳᠦᠯᠳᠡᠢ ᠲᠣᠭᠢᠷᠠᠭᠤᠯᠣᠨ ᠵᠢᠯᠣᠭᠤᠳᠬᠤ ᠶᠢ ᠬᠡᠷᠡᠭᠵᠢᠬᠦᠯᠵᠦ᠂ ᠭᠠᠯ ᠤᠨ ᠠᠶᠣᠯ ᠠᠴᠠ ᠠᠪᠣᠷᠠᠬᠤ ᠪᠡᠶᠡᠲᠦ ᠴᠤᠭᠴᠠᠵᠢᠭᠰᠠᠨ᠂ ᠪᠦᠬᠦᠨ ᠢ ᠬᠠᠮᠣᠷᠴᠣ ᠴᠢᠳᠠᠬᠤ ᠲᠣᠣᠷ ᠰᠦᠯᠵᠢᠶ᠎ᠡ ᠶᠢ ᠪᠠᠶᠢᠭᠤᠯᠵᠣ᠂ ᠲᠦᠭᠰᠢᠬᠦᠷᠢ ᠶᠢᠨ ᠮᠡᠳᠡᠭᠦᠯᠦᠯᠲᠡ ᠶᠢ ᠬᠦᠯᠢᠶᠡᠨ ᠠᠪᠬᠤ ᠲᠠᠢ ᠪᠠᠨ ᠵᠡᠷᠭᠡ ᠪᠠᠷ ᠠᠵᠢᠯᠳᠠᠨ ᠢᠶᠠᠨ ᠲᠣᠬᠢᠷᠠᠭᠤᠯᠣᠨ ᠲᠣᠮᠢᠯᠠᠵᠣ᠂ ᠲᠣᠬᠠᠢ ᠶᠢᠨ ᠲᠠᠯᠠᠪᠣᠷ ᠲᠤ ᠲᠡᠷᠡ ᠳᠠᠷᠣᠢ ᠳᠤᠨᠢ ᠬᠦᠷᠴᠦ ᠠᠩᠬᠠᠨ ᠤ ᠰᠢᠢᠳᠪᠦᠷᠢᠯᠡᠯᠲᠡ ᠬᠢᠵᠦ᠂ ᠭᠠᠯ  ᠤᠨ ᠠᠶᠣᠯ ᠤᠨ ᠶᠡᠬᠡᠳᠬᠦ ᠶᠢ ᠬᠤᠷᠢᠭᠯᠠᠨ᠂ ᠭᠠᠯ ᠲᠦᠢᠮᠡᠷ ᠢ ᠣᠯᠵᠣ ᠮᠡᠳᠡᠮᠡᠭᠴᠡ ᠣᠨᠲᠠᠷᠠᠭᠠᠵᠣ᠂ ᠭᠠᠯ ᠤᠨ ᠠᠶᠣᠯ ᠶᠡᠬᠡᠳᠬᠦ ᠠᠴᠠ ᠨᠢ ᠡᠮᠦᠨ᠎ᠡ ᠣᠨᠲᠠᠷᠠᠭᠠᠵᠣ᠂ ᠭᠠᠯ ᠲᠦᠢᠮᠡᠷ ᠢ ᠭᠠᠷᠬᠤ ᠲᠠᠢ ᠵᠡᠷᠭᠡ ᠣᠨᠲᠠᠷᠠᠭᠠᠬᠤ ᠶᠢ ᠪᠠᠲᠣᠯᠠᠬᠤ ᠬᠡᠷᠡᠭᠲᠡᠢ᠃     2. ᠭᠠᠯ ᠣᠨᠲᠠᠷᠠᠭᠠᠬᠤ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠬᠤ᠃ ᠮᠠᠨ ᠤ ᠬᠤᠰᠢᠭᠤᠨ ᠤ ᠨᠤᠴᠤᠮᠠᠲᠠᠭᠠᠢ ᠳᠡᠯᠪᠡᠷᠡᠮᠡᠳᠡᠬᠡᠢ ᠡᠳ᠋ ᠦᠢᠯᠡᠳᠪᠦᠷᠢᠯᠡᠵᠦ ᠪᠠᠶᠢᠬᠤ ᠠᠵᠣ ᠠᠬᠤᠶᠢᠯᠠᠯ ᠤᠨ ᠠᠵᠢᠯᠯᠠᠭᠠᠨ ᠨᠢ ᠬᠦᠰᠢᠮᠡᠯ ᠪᠠᠶᠢᠳᠠᠯ ᠳᠤ ᠣᠷᠣᠵᠣ᠂ ᠡᠪᠦᠯ ᠤᠨ ᠣᠯᠠᠷᠢᠯ ᠳᠤ ᠤᠷᠤᠭᠰᠠᠨ ᠤ ᠳᠠᠷᠠᠭ᠎ᠠ ᠠᠵᠣ ᠠᠬᠤᠶᠢᠯᠠᠯ ᠨᠢ ᠦᠢᠯᠡᠳᠪᠦᠷᠢ ᠶᠢᠨ ᠡᠬᠦᠳᠡ ᠪᠠᠨ ᠬᠠᠭᠠᠵᠣ᠂ ᠭᠠᠷᠬᠤ ᠵᠠᠮ ᠢᠶᠠᠨ ᠲᠦᠭᠵᠢᠵᠦ ᠬᠦᠯᠳᠡᠬᠦ ᠠᠴᠠ ᠰᠡᠷᠭᠡᠶᠢᠯᠡᠬᠦ ᠳᠤ ᠠᠪᠣᠭᠰᠠᠨ ᠲᠦᠷ ᠴᠠᠭ  ᠤᠨ ᠠᠷᠭ᠎ᠠ ᠬᠡᠮᠵᠢᠶ᠎ᠡ ᠨᠢ ᠭᠠᠯ ᠤᠨ ᠠᠶᠣᠯ ᠢ ᠡᠭᠦᠰᠬᠡᠬᠦ ᠪᠣᠯᠣᠯᠴᠠᠭ᠎ᠠ ᠶᠢ ᠣᠯᠠᠮ ᠢᠶᠠᠷ ᠶᠡᠬᠡᠳᠬᠡᠵᠦ ᠪᠠᠶᠢᠬᠤ ᠪᠠᠶᠢᠳᠠᠯ  ᠳᠤ ᠴᠢᠭᠯᠡᠬᠦᠯᠦᠨ᠂ ᠠᠵᠣ ᠠᠬᠤᠶᠢᠯᠠᠯ ᠤᠨ ᠦᠪᠡᠷ ᠢᠶᠠᠨ ᠰᠡᠷᠭᠡᠶᠢᠯᠡᠬᠦ ᠦᠪᠡᠷ ᠢ ᠪᠠᠨ ᠠᠪᠣᠷᠠᠬᠤ ᠴᠢᠳᠠᠪᠣᠷᠢ ᠶᠢ ᠨᠢ ᠳᠡᠭᠡᠭᠰᠢᠯᠡᠬᠦᠯᠵᠦ᠂ ᠲᠣᠮᠣ ᠦᠢᠯᠡᠳᠪᠦᠷᠢ ᠠᠭᠤᠷᠬᠠᠢ ᠶᠢᠨ ᠠᠵᠣ ᠠᠬᠤᠶᠢᠯᠠᠯ ᠤᠨ ᠨᠢᠬᠡᠴᠡ ᠶᠢ ᠵᠢᠯᠣᠭᠤᠳᠴᠣ ᠪᠠᠶᠢᠭᠠᠳ ᠲᠣᠰᠬᠠᠢ ᠠᠵᠢᠯ ᠤᠨ ᠭᠠᠯ ᠰᠡᠷᠭᠡᠶᠢᠯᠡᠬᠦ ᠠᠩᠬᠢ ᠬᠢᠬᠡᠳ ᠣᠷ᠎ᠠ ᠮᠡᠷᠭᠡᠰᠢᠯ ᠢᠶᠠᠷ ᠰᠢᠢᠳᠪᠦᠷᠢᠯᠡᠬᠦ ᠠᠩᠬᠢ ᠪᠠᠶᠢᠭᠤᠯᠵᠣ᠂ ᠠᠵᠢᠯᠳᠠᠨ ᠪᠠ ᠲᠣᠨᠤᠭ ᠲᠦᠭᠦᠭᠡᠷᠦᠮᠵᠢ ᠶᠢ ᠬᠦᠢᠴᠡᠳ ᠲᠣᠬᠢᠷᠠᠭᠤᠯᠵᠣ᠂ ︽ ᠨᠢᠬᠡ ᠦᠢᠯᠡᠳᠪᠦᠷᠢ  ᠳᠤ ᠨᠢᠬᠡ ᠲᠦᠷᠦ ᠶᠢᠨ ᠪᠣᠳᠣᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠭᠠᠯ ᠣᠨᠲᠠᠷᠠᠭᠠᠬᠤ ᠡᠳᠦᠷ ᠳᠣᠳᠣᠮ ᠤᠨ ᠵᠢᠩᠬᠢᠨᠢ ᠲᠠᠶᠢᠯᠠᠯᠳᠣᠭᠠᠨ ᠤ ᠰᠣᠷᠢᠯᠲᠠ ᠬᠢᠬᠦ ᠶᠢ ᠴᠢᠩᠭᠠᠳᠬᠠᠵᠣ᠂ ᠲᠣᠰᠬᠠᠢ ᠠᠷᠭᠠᠴᠠᠵᠣ ᠰᠢᠢᠳᠪᠦᠷᠢᠯᠡᠬᠦ ᠴᠢᠳᠠᠪᠣᠷᠢ ᠶᠢ ᠨᠢ ᠳᠡᠭᠡᠭᠰᠢᠯᠡᠬᠦᠯᠬᠦ ᠬᠡᠷᠡᠭᠲᠡᠢ᠃    3. ᠲᠣᠭᠤᠷᠢᠨ ᠴᠠᠭᠳᠠᠬᠤ ᠪᠡᠯᠡᠳᠬᠡᠯ ᠠᠵᠢᠯ ᠢ ᠴᠢᠩᠭᠠᠳᠬᠠᠬᠤ᠃ ᠲᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠬᠤ ᠴᠡᠷᠢᠭ ᠠᠩᠬᠢ᠂ ᠵᠠᠰᠠᠭ ᠤᠨ ᠣᠷᠳᠣᠨ ᠤ ᠭᠠᠯ ᠣᠨᠲᠠᠷᠠᠭᠠᠬᠤ ᠲᠣᠰᠬᠠᠢ ᠠᠵᠢᠯ ᠤᠨ ᠠᠩᠬᠢ᠂ ᠠᠵᠣ ᠠᠬᠤᠶᠢᠯᠠᠯ ᠤᠨ ᠭᠠᠯ ᠣᠨᠲᠠᠷᠠᠭᠠᠬᠤ ᠠᠩᠬᠢ ᠵᠢᠴᠢ ᠪᠢᠴᠢᠯ ᠭᠠᠯ ᠰᠡᠷᠭᠡᠶᠢᠯᠡᠬᠦ ᠦᠷᠳᠡᠭᠡ ᠵᠡᠷᠭᠡ ᠭᠠᠯ ᠣᠨᠲᠠᠷᠠᠭᠠᠬᠤ ᠡᠯ᠎ᠡ ᠲᠦᠷᠦᠯ ᠤᠨ ᠠᠪᠣᠷᠠᠨ ᠲᠣᠰᠠᠯᠠᠬᠤ ᠬᠦᠴᠦᠨ ᠨᠤᠭᠤᠳ ᠨᠢᠬᠡᠳᠦᠭᠡᠷ ᠹᠷᠣᠨᠲ ᠲᠤ ᠲᠣᠭᠤᠷᠢᠨ ᠴᠠᠭᠳᠠᠬᠤ ᠬᠦᠴᠦᠨ ᠢᠶᠠᠨ ᠴᠢᠩᠭᠠᠷᠠᠭᠤᠯᠵᠣ᠂ ᠳᠠᠶᠢᠯᠠᠯᠳᠣᠭᠠᠨ ᠤ ᠬᠦᠴᠦᠨ ᠢ ᠵᠣᠬᠢᠶᠠᠨ ᠪᠠᠶᠢᠭᠤᠯᠬᠤ ᠶᠢ ᠨᠠᠷᠢᠯᠢᠭᠵᠢᠭᠤᠯᠣᠨ ᠲᠡᠭᠦᠯᠳᠡᠷᠵᠢᠬᠦᠯᠵᠦ᠂ ᠠᠩᠬᠠᠨ ᠳᠤ ᠲᠠᠶᠢᠯᠠᠯᠳᠣᠭᠠᠨ ᠤ ᠬᠦᠴᠦᠨ ᠤ ᠪᠦᠷᠢᠨ ᠲᠡᠭᠦᠯᠳᠡᠷ ᠪᠦᠬᠡᠳ ᠦᠷ᠎ᠡ ᠪᠦᠲᠦᠮᠵᠢᠲᠠᠢ ᠪᠠᠶᠢᠬᠤ ᠶᠢ ᠪᠠᠳᠣᠯᠠᠬᠤ ᠬᠡᠷᠡᠭᠲᠡᠢ᠃ ᠵᠢᠵᠢᠭᠦᠷ ᠤᠨ ᠠᠵᠢᠯ ᠳᠤ ᠪᠡᠯᠡᠳᠬᠡᠬᠦ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠲᠣᠰᠬᠠᠢ ᠵᠢᠯᠣᠭᠤᠳᠣᠭᠴᠢ ᠶᠢ ᠰᠣᠩᠭᠤᠨ ᠲᠣᠭᠢᠷᠠᠭᠤᠯᠵᠣ᠂ ᠴᠢᠮᠡᠭᠡ ᠨᠡᠪᠳᠡᠷᠡᠯᠭᠡ᠂ ᠳᠠᠶᠢᠯᠠᠯᠳᠣᠭᠠᠨ ᠤ ᠦᠢᠯᠡᠴᠢᠯᠡᠭᠡ ᠬᠠᠩᠭᠠᠬᠤ ᠲᠣᠭᠲᠠᠴᠠ ᠶᠢ ᠵᠢᠷᠣᠮᠵᠢᠭᠤᠯᠣᠨ᠂ ᠲᠣᠨᠤᠭ ᠲᠦᠭᠦᠭᠡᠷᠦᠮᠵᠢ ᠶᠢᠨ ᠬᠦᠯᠳᠡᠬᠦ ᠠᠴᠠ ᠰᠡᠷᠭᠡᠶᠢᠯᠡᠬᠦ᠂ ᠠᠵᠢᠯᠳᠠᠨ ᠤ ᠲᠠᠭᠠᠷᠠᠵᠣ ᠪᠦᠬᠡᠷᠡᠬᠦ ᠶᠢ ᠰᠡᠷᠭᠡᠶᠢᠯᠡᠬᠦ᠂ ᠡᠳ᠋ ᠪᠣᠳᠠᠰ ᠬᠠᠩᠭᠠᠬᠤ ᠵᠡᠷᠭᠡ ᠳᠠᠶᠢᠯᠠᠯᠳᠣᠭᠠᠨ ᠤ ᠡᠯ᠎ᠡ ᠵᠦᠢᠯ ᠤᠨ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠣ᠂ ᠭᠠᠯ ᠤᠨ ᠭᠠᠮᠰᠢᠭ ᠳᠣᠬᠢᠶᠠᠯᠳᠣᠪᠠᠯ ᠲᠡᠷᠡ ᠳᠠᠷᠣᠢ ᠳᠤᠨᠢ ᠬᠠᠷᠢᠭᠤ ᠲᠣᠰᠬᠠᠵᠣ᠂ ᠰᠢᠨᠵᠢᠯᠡᠬᠦ ᠣᠬᠠᠭᠠᠨᠴᠢ ᠪᠠᠷ ᠵᠢᠯᠣᠭᠤᠳᠣᠨ᠂ ᠭᠠᠯ ᠤᠨ ᠠᠶᠣᠯ ᠤᠨ ᠭᠠᠵᠠᠷ ᠲᠠᠯᠠᠪᠣᠷ ᠤᠨ ᠡᠮᠬᠢ ᠵᠢᠷᠣᠮ ᠢ ᠴᠢᠩᠳᠠᠯᠠᠵᠣ᠂ ᠠᠮᠣᠷ ᠲᠦᠪᠰᠢᠨ ᠢ ᠪᠠᠲᠣᠯᠠᠬᠤ ᠬᠡᠷᠡᠭᠲᠡᠢ᠃      ︵ ᠲᠦᠷᠪᠡ︶ ᠮᠡᠳᠡᠯᠭᠡ ᠶᠢ ᠲᠦᠬᠡᠮᠡᠯᠵᠢᠬᠦᠯᠬᠦ ᠳᠠᠬᠢ ᠣᠬᠠᠭᠤᠯᠭ᠎ᠠ ᠶᠢ ᠴᠢᠩᠭᠠᠳᠬᠠᠬᠤ     1. ᠨᠡᠶᠢᠬᠡᠮᠴᠢᠯᠡᠭᠰᠡᠨ ᠣᠬᠠᠭᠤᠯᠭ᠎ᠠ ᠬᠢᠵᠦ ᠪᠣᠯᠪᠠᠰᠣᠷᠠᠯ ᠬᠦᠷᠳᠡᠬᠡᠬᠦ᠃ ᠭᠠᠯ ᠰᠡᠷᠭᠡᠶᠢᠯᠡᠯᠲᠡ ᠶᠢᠨ ᠣᠬᠠᠭᠤᠯᠭ᠎ᠠ ᠬᠦᠮᠦᠵᠢᠯ ᠢ ︽ᠪᠠᠶᠢᠭᠤᠯᠣᠯᠭ᠎ᠠ᠂ ᠨᠡᠶᠢᠬᠡᠮ ᠲᠣᠭᠤᠷᠢᠭ᠂ ᠰᠣᠷᠭᠠᠭᠤᠯᠢ᠂ ᠠᠵᠣ ᠠᠬᠤᠶᠢᠯᠠᠯ᠂ ᠮᠠᠯᠵᠢᠬᠤ ᠣᠷᠣᠨ᠂ ᠬᠡᠷ ᠪᠦᠯᠢ᠂ ᠰᠦᠯᠵᠢᠶᠡᠨ ᠦᠷᠳᠡᠭᠡ᠂ ᠪᠠᠷᠢᠯᠭ᠎ᠠ ᠶᠢᠨ ᠭᠠᠵᠠᠷ ᠲᠤ ᠬᠦᠷᠭᠡᠬᠦ︾ ︽ᠨᠠᠢᠮᠠ ᠶᠢ ᠬᠦᠷᠭᠡᠬᠦ︾ ᠠᠵᠢᠯ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ ᠪᠠᠷ ᠠᠷᠭ᠎ᠠ ᠪᠠᠷᠢᠯ ᠪᠣᠯᠭᠠᠵᠣ᠂ ᠭᠠᠯ ᠰᠡᠷᠭᠡᠶᠢᠯᠡᠯᠲᠡ  ᠶᠢᠨ ᠣᠬᠠᠭᠤᠯᠭ᠎ᠠ ᠶᠢ ᠨᠡᠶᠢᠬᠡᠮ ᠲᠣᠭᠤᠷᠢᠭ ᠲᠤ ᠭᠦᠷᠭᠡᠬᠦ ᠠᠵᠢᠯᠯᠠᠭ᠎ᠠ ᠦᠷᠨᠢᠬᠦᠯᠬᠦ ᠶᠢ ᠪᠠᠶᠢᠷᠢᠯᠠᠭᠤᠯᠵᠣ᠂ ᠪᠦᠬᠦ ᠬᠤᠰᠢᠭᠤᠨ ᠳᠤ ᠭᠠᠯ ᠰᠡᠷᠭᠡᠶᠢᠯᠡᠯᠲᠡ ᠶᠢᠨ ᠣᠬᠠᠭᠤᠯᠭ᠎ᠠ ᠬᠢᠬᠦ ᠵᠢᠱᠢᠶ᠎ᠡ ᠦᠵᠡᠬᠦᠯᠬᠦ 2 ᠨᠡᠶᠢᠬᠡᠮ ᠲᠣᠭᠤᠷᠢᠭ ᠢ ᠰᠢᠯᠭᠠᠨ ᠰᠣᠩᠭᠤᠵᠣ ᠰᠠᠶᠢᠰᠢᠶᠠᠨ ᠬᠦᠬᠢᠬᠦᠯᠵᠦ᠂ ᠡᠯ᠎ᠡ ᠰᠣᠮᠣ ᠰᠢᠶᠠᠩ ᠪᠠᠯᠭᠠᠰᠣ ᠭᠠᠯ ᠰᠡᠷᠭᠡᠶᠢᠯᠡᠯᠲᠡ ᠶᠢᠨ ᠠᠶᠣᠯᠬᠦᠢ ᠶᠢᠨ ᠰᠦᠯᠵᠢᠶᠡᠨ ᠤ ᠠᠵᠢᠯ ᠤᠨ ᠳᠠᠷᠤᠭ᠎ᠠ᠂ ᠠᠰᠠᠷ ᠬᠦᠷᠢᠶ᠎ᠡ ᠶᠢᠨ ᠳᠠᠷᠤᠭ᠎ᠠ᠂ ᠨᠡᠶᠢᠬᠡᠮ ᠲᠣᠭᠤᠷᠢᠭ ᠤᠨ ᠭᠠᠯ ᠰᠡᠷᠭᠡᠶᠢᠯᠡᠯᠲᠡ ᠶᠢᠨ ᠣᠬᠠᠭᠤᠯᠭ᠎ᠠ ᠬᠢᠭᠴᠢ ᠶᠢ ᠱᠠᠯᠠᠪᠳᠠᠭᠤᠯᠣᠨ ᠵᠢᠯᠣᠭᠤᠳᠴᠣ ᠪᠠᠶᠢᠭᠠᠳ ᠨᠡᠶᠢᠬᠡᠮ ᠲᠣᠭᠤᠷᠢᠭ  ᠤᠨ ᠭᠠᠯ ᠰᠡᠷᠭᠡᠶᠢᠯᠡᠯᠲᠡ ᠶᠢᠨ ᠲᠣᠬᠠᠢ ᠣᠬᠠᠭᠤᠯᠭ᠎ᠠ ᠬᠢᠵᠦ᠂ ᠲᠡᠷᠢᠬᠦᠨ ᠤ ᠦᠢᠯᠡ ᠠᠵᠢᠯᠯᠠᠭ᠎ᠠ ᠶᠢ ᠣᠬᠠᠭᠤᠯᠣᠨ᠂ ᠨᠡᠩ ᠣᠯᠠᠨ ᠬᠦᠮᠦᠰ ᠢ ᠭᠠᠯ ᠰᠡᠷᠭᠡᠶᠢᠯᠡᠬᠦ ᠣᠯᠠᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠣᠨ᠎ᠠ᠃ ᠭᠠᠯ ᠰᠡᠷᠭᠡᠶᠢᠯᠡᠯᠲᠡ ᠶᠢᠨ ᠣᠬᠠᠭᠤᠯᠭ᠎ᠠ ᠶᠢ ᠰᠣᠷᠭᠠᠭᠤᠯᠢ ᠳᠤ ᠬᠦᠷᠭᠡᠵᠦ᠂ ᠵᠢᠭᠠᠬᠤ ᠮᠠᠲ᠋ᠧᠷᠢᠶᠠᠯ᠂ ᠪᠠᠭᠰᠢ᠂ ᠬᠢᠴᠢᠶᠡᠯ ᠤᠨ ᠴᠠᠭ᠂ ᠭᠠᠵᠠᠷ ᠲᠠᠯᠠᠪᠣᠷ ︽ᠳᠦᠷᠪᠡ ᠶᠢ ᠪᠣᠳᠠᠳᠠᠢ ᠳᠤ ᠨᠠᠶᠢᠳᠠᠪᠣᠷᠢᠵᠢᠭᠤᠯᠬᠤ︾ ᠶᠢ ᠠᠬᠢᠭᠤᠯᠵᠣ᠂ ᠭᠠᠯ ᠰᠡᠷᠭᠡᠶᠢᠯᠯᠡᠲᠡ ᠶᠢᠨ ᠮᠡᠳᠡᠯᠭᠡ ᠶᠢ ᠣᠶᠣᠨ ᠲᠠᠷᠢᠬᠢᠨ ᠳᠤᠨᠢ ᠬᠠᠳᠠᠩᠰᠢᠭᠤᠯᠬᠤ ᠬᠡᠷᠡᠭᠲᠡᠢ᠃ ᠭᠠᠯ ᠰᠡᠷᠭᠡᠶᠢᠯᠡᠬᠦ ᠠᠶᠣᠯᠬᠦᠢ ᠶᠢᠨ ︽ ᠭᠤᠷᠪᠠᠨ ᠰᠠᠨᠠᠭᠤᠯᠣᠮᠵᠢ︾ ᠪᠠ ︽ ᠨᠢᠬᠡ ᠶᠢ ᠮᠡᠳᠡᠵᠦ ᠭᠤᠷᠪᠠ ᠶᠢ ᠴᠢᠳᠠᠬᠤ︾ ᠬᠦᠮᠦᠵᠢᠯ ᠢ ᠬᠦᠨᠵᠡᠭᠡᠶᠢᠷᠡᠬᠦᠯᠵᠦ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠣᠨ ᠠᠪᠬᠤ ᠠᠷᠭ᠎ᠠ ᠬᠡᠯᠪᠡᠷᠢ ᠪᠠᠷ ᠭᠠᠯ ᠰᠡᠷᠭᠡᠶᠢᠯᠡᠬᠦ ᠬᠦᠮᠦᠵᠢᠯ ᠤᠨ ᠪᠣᠯᠪᠠᠰᠣᠷᠠᠯ ᠢ ᠴᠢᠩᠭᠠᠳᠬᠠᠬᠤ ᠶᠢ ᠢᠳᠡᠪᠬᠢᠲᠡᠢ ᠲᠦᠯᠬᠢᠨ ᠠᠬᠢᠭᠤᠯᠵᠣ᠂ ᠡᠯ᠎ᠡ ᠱᠠᠲᠣᠨ ᠤ ᠨᠠᠮ ᠵᠠᠰᠠᠭ ᠤᠨ ᠪᠠᠶᠢᠭᠤᠯᠣᠯᠭ᠎ᠠ᠂ ᠠᠵᠢᠯ ᠲᠦᠷᠦᠯ ᠤᠨ ᠰᠠᠯᠠᠭ᠎ᠠ ᠮᠦᠴᠢᠷ᠂ ᠲᠣᠮᠢᠯᠠᠭᠰᠠᠨ ᠰᠠᠯᠪᠣᠷᠢ ᠭᠠᠯ ᠣᠨᠲᠠᠷᠠᠭᠠᠬᠤ ᠠᠷᠠᠳ ᠤᠨ ᠴᠠᠭᠳᠠᠭ᠎ᠠ ᠪᠠ ᠵᠡᠬᠡᠯᠢ ᠭᠤᠳᠣᠮᠵᠢ ᠰᠢᠶᠠᠩ ᠪᠠᠯᠭᠠᠰᠣ᠂ ᠨᠡᠶᠢᠬᠡᠮ ᠲᠣᠭᠤᠷᠢᠭ ᠤᠨ ᠬᠠᠷᠢᠭᠤᠴᠠᠯᠭᠠᠳᠠᠨ ᠵᠢᠴᠢ ᠭᠤᠣᠯᠳᠠᠯᠭ᠎ᠠ ᠲᠠᠢ ᠨᠢᠬᠡᠴᠡ ᠶᠢᠨ ᠬᠠᠷᠢᠭᠤᠴᠠᠯᠭᠠᠳᠠᠨ᠂ ᠬᠠᠮᠢᠶᠠᠷᠣᠭᠴᠢ ᠳᠤ ᠨᠢᠬᠡ ᠣᠳᠠᠭ᠎ᠠ ᠪᠣᠯᠪᠠᠰᠣᠷᠠᠯ ᠬᠦᠷᠳᠡᠬᠡᠬᠦ ᠬᠡᠷᠡᠭᠲᠡᠢ᠃ ︽ᠡᠷᠦᠬᠡ ᠳᠤ ᠬᠦᠷᠴᠦ︾ ᠣᠬᠠᠭᠤᠯᠬᠤ ᠬᠡᠪ ᠵᠠᠬᠪᠣᠷ ᠢ ᠬᠡᠷᠡᠭᠵᠢᠬᠦᠯᠵᠦ᠂ ᠣᠰᠣ᠂ ᠴᠠᠬᠢᠯᠭᠠᠨ᠂ ᠰᠢᠳᠠᠮᠠᠬᠠᠢ ᠬᠡᠢ ᠵᠡᠷᠭᠡ ᠶᠢᠨ ᠬᠡᠮᠵᠢᠬᠦᠷ ᠳᠡᠮᠳᠡᠭᠯᠡᠭᠴᠢ ᠨᠢ ᠡᠷᠦᠬᠡ ᠳᠤ ᠣᠷᠣᠵᠣ ᠬᠡᠮᠵᠢᠭᠦᠷ ᠳᠡᠮᠳᠡᠭᠯᠡᠬᠦ᠂ ᠠᠳᠠᠯ ᠠᠬᠤᠢ ᠶᠢᠨ ᠠᠵᠢᠯ ᠤᠨ ᠺᠣᠮᠫᠠᠨᠢ ᠶᠢᠨ ᠲᠣᠯᠠᠭᠠᠯᠠᠭ᠎ᠠ ᠶᠢᠨ ᠵᠠᠷᠣᠳᠠᠯ ᠬᠤᠷᠢᠶᠠᠬᠤ᠂ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠬᠦᠷᠭᠡᠭᠴᠢ ᠨᠢ ᠪᠣᠭᠤᠳᠠᠯ ᠪᠠᠭᠯᠠᠭ᠎ᠠ ᠬᠦᠷᠭᠡᠬᠦ ᠳᠡᠭᠡᠨ ︽ ᠦᠷᠭᠡᠨ ᠣᠯᠠᠨ ᠰᠠᠭᠤᠭᠠᠯᠢ ᠠᠷᠠᠳ ᠲᠤ ᠵᠠᠬᠢᠳᠠᠯ ᠦᠭᠬᠦ︾ ᠬᠡᠯᠪᠡᠷᠢ ᠪᠠᠷ ᠡᠷᠦᠬᠡ ᠳᠤ ᠣᠷᠣᠵᠣ ᠣᠬᠠᠭᠤᠯᠭ᠎ᠠ ᠬᠢᠵᠦ᠂ ᠨᠡᠶᠢᠬᠡᠮ ᠳᠠᠶᠠᠭᠠᠷ ᠢᠶᠠᠷ ᠢᠶᠠᠨ ᠬᠠᠮᠳᠣᠪᠡᠷ ᠰᠡᠷᠭᠡᠶᠢᠯᠡᠨ ᠬᠠᠮᠳᠣᠪᠡᠷ ᠵᠠᠰᠠᠬᠤ ᠬᠦᠴᠦᠨ  ᠢ ᠶᠡᠬᠡᠪᠡᠷ ᠳᠠᠶᠢᠴᠢᠯᠠᠬᠤ ᠬᠡᠷᠡᠭᠲᠡᠢ᠃ ᠭᠠᠯ ᠰᠡᠷᠭᠡᠶᠢᠯᠡᠯᠲᠡ ᠶᠢᠨ ᠦᠷᠳᠡᠭᠡ ᠵᠢᠴᠢ ᠭᠠᠯ ᠰᠡᠷᠭᠡᠶᠢᠯᠡᠯᠲᠡ ᠶᠢᠨ ᠮᠡᠳᠡᠯᠭᠡ  ᠶᠢ ᠰᠢᠨᠵᠢᠯᠡᠬᠦ ᠣᠬᠠᠭᠠᠨᠴᠢ ᠪᠠᠷ ᠲᠦᠬᠡᠮᠡᠯᠵᠢᠬᠦᠯᠬᠦ ᠬᠦᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠨᠡᠶᠢᠬᠡᠮ ᠤᠨ ᠣᠯᠠᠨ ᠲᠦᠮᠡᠨ ᠢ ᠳᠠᠶᠢᠴᠢᠯᠠᠨ ᠣᠷᠣᠯᠴᠠᠭᠤᠯᠬᠤ ᠬᠡᠷᠡᠭᠲᠡᠢ᠃     2. ᠵᠠᠭᠤᠴᠢᠯᠠᠭᠤᠷ ᠢᠶᠠᠷ ᠣᠬᠠᠭᠤᠯᠬᠤ ᠶᠢ ᠠᠬᠢᠭᠤᠯᠬᠤ᠃ ᠭᠠᠯ ᠤᠨ ᠠᠶᠣᠯ ᠠᠮᠠᠷᠬᠠᠨ ᠡᠭᠦᠰᠬᠦ ᠪᠣᠯᠣᠮᠵᠢ ᠲᠠᠢ ᠭᠠᠵᠠᠷ ᠲᠠᠯᠠᠪᠣᠷ ᠨᠢᠬᠡᠴᠡ ᠶᠢ ᠰᠣᠩᠭᠤᠨ ᠭᠤᠣᠯᠳᠠᠯᠭ᠎ᠠ ᠲᠠᠢ ᠴᠠᠭ ᠵᠠᠩᠬᠢᠯᠭ᠎ᠠ ᠶᠢᠨ ᠴᠢᠭ ᠲᠤ ᠶᠡᠬᠡᠪᠡᠷ ᠣᠬᠠᠭᠤᠯᠭ᠎ᠠ ᠬᠢᠵᠦ᠂ ᠣᠯᠠᠮᠵᠢᠯᠠᠯᠲᠣ ᠵᠠᠭᠤᠴᠢᠯᠠᠭᠤᠷ ᠢ ᠠᠰᠢᠭᠯᠠᠨ᠂ ᠭᠠᠯ ᠰᠡᠷᠭᠡᠶᠢᠯᠡᠯᠲᠡ ᠶᠢᠨ ᠲᠣᠭᠲᠠᠭᠰᠠᠨ ᠪᠣᠯᠣᠩ ᠲᠣᠬᠢᠷᠠᠭᠤᠯᠵᠣ᠂ ᠲᠣᠬᠠᠢ ᠶᠢᠨ ᠲᠠᠯᠠᠪᠣᠷ ᠲᠤ ᠣᠷᠢᠶ᠎ᠠ ᠯᠣᠽᠦ᠋ᠩ᠂ ᠭᠠᠯ ᠰᠡᠷᠭᠡᠶᠢᠯᠡᠬᠦ ᠰᠡᠷᠡᠮᠵᠢ ᠶᠢᠨ ᠶᠠᠷᠢᠶ᠎ᠠ  ᠨᠤᠭᠤᠳ ᠢ ᠨᠠᠭᠠᠵᠣ ᠣᠬᠠᠭᠤᠯᠬᠤ ᠬᠡᠷᠡᠭᠲᠡᠢ᠃ ᠰᠣᠨᠢᠨ ᠮᠡᠳᠡᠬᠡᠨ ᠤ ᠰᠣᠷᠪᠣᠯᠵᠢᠯᠠᠭᠴᠢ ᠶᠢ ᠵᠣᠬᠢᠶᠠᠨ ᠪᠠᠶᠢᠭᠤᠯᠵᠣ ᠡᠯ᠎ᠡ ᠭᠠᠵᠠᠷ ᠲᠤ ᠬᠦᠨᠵᠡᠭᠡᠶᠢᠷᠡᠨ ᠲᠣᠰᠬᠠᠢ ᠰᠡᠳᠦᠪᠲᠦ ᠰᠣᠷᠪᠣᠯᠵᠢᠯᠠᠭ᠎ᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠰᠬᠠᠢ ᠰᠡᠳᠦᠪᠲᠦ ᠣᠬᠠᠭᠤᠯᠭ᠎ᠠ ᠦᠷᠨᠢᠬᠦᠯᠵᠦ᠂ ᠣᠯᠠᠨ ᠨᠡᠶᠢᠲᠡ ᠶᠢᠨ ᠠᠰᠠᠷᠠᠮᠵᠢ ᠶᠢᠨ ᠣᠬᠠᠭᠤᠯᠭ᠎ᠠ ᠬᠢᠬᠦ ᠰᠠᠨᠠᠭᠤᠯᠣᠮᠵᠢ ᠦᠭᠬᠦ ᠶᠢ ᠪᠠᠶᠢᠩᠭᠤ ᠶᠢᠨ ᠴᠢᠨᠠᠷᠲᠠᠢ ᠪᠣᠯᠭᠠᠬᠤ ᠬᠡᠷᠡᠭᠲᠡᠢ᠃ ᠭᠠᠯ ᠰᠡᠷᠭᠡᠶᠢᠯᠡᠬᠦ ᠠᠶᠣᠯᠭᠦᠢ ᠶᠢᠨ ᠰᠦᠯᠵᠢᠶᠡᠨ ᠠᠵᠢᠯᠴᠢᠨ᠂ ᠲᠣᠮᠢᠯᠠᠭᠰᠠᠨ ᠰᠠᠯᠪᠣᠷᠢ ᠪᠣᠶᠣ ᠭᠠᠯ ᠣᠨᠲᠠᠷᠠᠭᠠᠬᠤ ᠶᠡᠭᠡ ᠠᠩᠬᠢ ᠶᠢᠨ ᠬᠢᠨᠠᠭᠴᠢ ᠶᠢᠨ ᠰᠡᠭᠦᠳᠡᠷ ᠪᠠ ᠣᠪᠣᠭ ᠨᠡᠷ᠎ᠡ ᠶᠢ ᠨᠠᠭᠠᠵᠣ᠂ ᠬᠠᠷᠢᠯᠴᠠᠬᠤ ᠣᠳᠠᠰᠣ ᠶᠢ ᠨᠢ ᠨᠡᠶᠢᠲᠡᠯᠡᠬᠦ ᠬᠡᠷᠡᠭᠲᠡᠢ᠃ ᠵᠠᠭᠤᠴᠢᠯᠠᠭᠤᠷ ᠳᠡᠭᠡᠷ᠎ᠡ ︽ᠬᠠᠭᠤᠳᠠᠰᠣ ᠵᠠᠬᠢᠳᠠᠯ︾ ᠢᠯᠡᠭᠡᠬᠦ ᠠᠵᠢᠯᠯᠠᠭ᠎ᠠ ᠦᠷᠨᠢᠬᠦᠯᠵᠦ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠬᠤᠯᠠ ᠵᠦᠢᠯ ᠢ ᠨᠡᠶᠢᠲᠡᠯᠡᠵᠦ᠂ ᠪᠦᠬᠦ ᠠᠷᠠᠳ ᠢ ᠳᠠᠶᠢᠴᠢᠯᠠᠨ ᠡᠪᠦᠯ ᠤᠨ ᠣᠯᠠᠷᠢᠯ ᠤᠨ ᠭᠠᠯ ᠰᠡᠷᠭᠡᠶᠢᠯᠡᠯᠲᠡ ᠶᠢᠨ ᠠᠵᠢᠯ ᠳᠤ ᠣᠷᠣᠯᠴᠠᠭᠤᠯᠬᠤ ᠬᠡᠷᠡᠭᠲᠡᠢ᠃ ᠶᠠᠷᠢᠶ᠎ᠠ ᠬᠡᠯᠡᠯᠴᠡᠬᠡᠨ ᠤ ᠬᠢᠨᠠᠯᠲᠠ ᠲᠠᠯᠪᠢᠯᠲᠠ ᠶᠢᠨ ᠦᠢᠯᠡᠳᠦᠯ ᠢ ᠪᠠᠳᠠᠷᠠᠭᠤᠯᠵᠣ᠂ ᠭᠠᠯ ᠤᠨ ᠭᠠᠮᠰᠢᠭ ᠤᠨ ᠬᠡᠮ ᠰᠣᠭᠤᠭ ᠪᠠ ᠭᠠᠯ ᠰᠡᠷᠭᠡᠶᠢᠯᠡᠬᠦ ᠠᠶᠣᠯᠭᠦᠢ ᠶᠢᠨ ᠲᠣᠬᠠᠢ ᠢᠳᠡᠪᠬᠢ ᠪᠣᠰᠣ ᠠᠵᠢᠯᠯᠠᠭ᠎ᠠ ᠶᠢ ᠲᠣᠬᠠᠢ ᠶᠢᠨ ᠭᠠᠵᠠᠷ ᠲᠤᠨᠢ ᠢᠯᠡᠴᠢᠯᠡᠨ ᠮᠡᠳᠡᠭᠦᠯᠬᠦ ᠬᠡᠷᠡᠭᠲᠡᠢ᠃ ᠲᠣᠰ ᠭᠠᠵᠠᠷ ᠤᠨ ᠢᠶᠠᠨ ᠭᠠᠯ ᠤᠨ ᠠᠶᠣᠯ ᠤᠨ ᠣᠨᠴᠠᠯᠢᠭ ᠲᠤ ᠴᠢᠭᠯᠡᠭᠦᠯᠦᠨ᠂ ᠰᠡᠷᠡᠮᠵᠢᠯᠡᠬᠦᠯᠬᠦ ᠣᠬᠠᠭᠤᠯᠭ᠎ᠠ ᠬᠦᠮᠦᠵᠢᠯ ᠪᠠ ᠭᠠᠯ ᠰᠡᠷᠭᠡᠶᠢᠯᠡᠯᠲᠡ ᠶᠢᠨ ᠮᠡᠳᠡᠯᠭᠡ ᠶᠢ ᠲᠦᠭᠡᠮᠡᠯᠵᠢᠬᠦᠯᠬᠦ ᠬᠡᠷᠡᠭᠲᠡᠢ᠃    3. ᠴᠢᠬᠤᠯᠠ ᠵᠠᠩᠬᠢᠯᠠᠭ᠎ᠠ ᠶᠢᠨ ᠴᠢᠭ ᠲᠤ ᠰᠠᠶᠢᠳᠣᠷ ᠣᠬᠠᠭᠤᠯᠭ᠎ᠠ ᠬᠢᠬᠦ᠃ 119 ᠭᠠᠯ ᠰᠡᠷᠭᠡᠶᠢᠯᠡᠬᠦ ᠣᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠲᠦᠪᠯᠡᠷᠡᠭᠦᠯᠦᠨ ᠵᠣᠬᠢᠶᠠᠨ ᠪᠠᠶᠢᠭᠤᠯᠣᠨ ᠦᠷᠨᠢᠬᠦᠯᠵᠦ᠂ ︽ ᠪᠦᠬᠦ ᠠᠷᠠᠳ ᠤᠨ ᠭᠠᠯ ᠰᠡᠷᠭᠡᠶᠢᠯᠡᠯᠲᠡ ᠶᠢᠨ ᠲᠣᠬᠠᠢ ᠣᠬᠠᠭᠤᠯᠬᠤ︾ ᠲᠣᠮᠣ ᠬᠡᠯᠪᠡᠷᠢ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠬᠦ ᠶᠢ ᠦᠷᠬᠦᠯᠵᠢᠯᠡᠨ ᠲᠦᠯᠬᠢᠨ ᠠᠬᠢᠭᠤᠯᠵᠣ᠂ ᠨᠡᠶᠢᠲᠡ ᠶᠢᠨ ᠮᠠᠰᠢᠨ ᠲᠡᠷᠬᠡ ᠶᠢᠨ ᠦᠷᠳᠡᠭᠡ᠂ ᠵᠡᠬᠡᠯᠢ ᠭᠤᠳᠣᠮᠵᠢ ᠨᠡᠶᠢᠭᠡᠮ ᠲᠣᠭᠤᠷᠢᠭ ᠵᠢᠴᠢ ᠵᠠᠬ᠎ᠠ ᠳᠡᠯᠭᠡᠭᠦᠷ ᠬᠤᠳᠠᠯᠳᠤᠭ᠎ᠠ᠂ ᠰᠣᠷᠭᠠᠭᠤᠯᠢ᠂ ᠡᠮᠨᠡᠯᠬᠡ᠂ ᠠᠵᠣ ᠠᠬᠤᠶᠢᠯᠠᠯ᠂ ᠦᠵᠡᠮᠵᠢ ᠶᠢᠨ ᠣᠷᠣᠨ ᠵᠡᠷᠭᠡ᠂ ᠨᠡᠶᠢᠬᠡᠮ ᠲᠣᠭᠤᠷᠢᠭ ᠤᠨ ᠢᠯᠡ ᠭᠠᠵᠠᠷ ᠲᠤ ᠵᠠᠷ ᠮᠡᠳᠡᠭᠡ ᠨᠠᠭᠠᠵᠣ ᠣᠬᠠᠭᠤᠯᠬᠤ ᠶᠢ ᠪᠡᠶᠡᠯᠡᠬᠦᠯᠬᠦ ᠬᠡᠷᠡᠭᠲᠡᠢ᠃ ᠢᠰᠦ᠋ᠰ ᠤᠨ ᠮᠡᠨᠳᠦᠯᠡᠭᠰᠡᠨ ᠡᠳᠦᠷ᠂ ᠰᠢᠨ᠎ᠡ ᠵᠢᠯ ᠤᠨ ᠰᠢᠨ᠎ᠡ ᠶᠢᠨ ᠨᠢᠬᠡᠨ᠂ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠣᠨ ᠤ ᠪᠠᠶᠠᠷ ᠪᠠ ᠪᠦᠬᠦ ᠣᠯᠣᠰ ᠤᠨ ︽ ᠬᠤᠶᠠᠷ ᠬᠤᠷᠠᠯ︾ ᠤᠨ ᠬᠤᠭᠤᠴᠠᠭᠠᠨ ᠳᠤ ᠲᠣᠰᠬᠠᠢ ᠰᠡᠳᠦᠪᠲᠦ ᠣᠬᠠᠭᠤᠯᠭ᠎ᠠ ᠬᠦᠮᠦᠵᠢᠯ ᠤᠨ ᠬᠠᠨᠳᠣᠯᠭᠠᠳᠣ ᠴᠢᠨᠠᠷ ᠲᠠᠢ ᠠᠵᠢᠯᠯᠠᠭ᠎ᠠ ᠶᠢ ᠰᠦᠪᠡᠭᠴᠢᠯᠡᠨ ᠵᠣᠬᠢᠶᠠᠨ ᠪᠠᠶᠢᠭᠤᠯᠵᠣ᠂ ᠭᠠᠷ ᠣᠳᠠᠰᠣ ᠶᠢᠨ ᠴᠠᠬᠢᠮ ᠮᠡᠳᠡᠭᠡ ᠶᠢᠨ ᠲᠠᠪᠴᠠᠩ ᠢᠶᠠᠷ ᠳᠠᠮᠵᠢᠭᠤᠯᠣᠨ ᠬᠠᠨᠳᠣᠯᠠᠭᠠᠳᠣ ᠴᠢᠨᠠᠷ ᠲᠠᠢ ᠪᠠᠷ ᠭᠠᠯ ᠰᠡᠷᠭᠡᠶᠢᠯᠡᠯᠲᠡ ᠶᠢᠨ ᠲᠣᠬᠠᠢ ᠰᠠᠨᠠᠭᠤᠯᠣᠮᠵᠢ ᠶᠢᠨ ᠮᠡᠳᠡᠭᠡ ᠵᠠᠩᠬᠢ ᠶᠢ ᠬᠦᠷᠭᠡᠬᠦ ᠬᠡᠷᠡᠭᠲᠡᠢ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号