ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ᠂ ᠳᠡᠳ᠋ ᠳᠠᠷᠤᠭ᠎ᠠ ᠶᠢᠨ ᠠᠵᠢᠯ  ᠤᠨ ᠬᠤᠪᠢᠶᠠᠷᠢ ᠶᠢᠨ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018/11/13

               ᠡᠸ᠋ᠨᠩᠬᠢ ᠵᠠᠰᠠᠭ ᠠᠯᠪᠠᠨ ᠲᠠᠷᠬᠠᠭᠠᠭᠰᠠᠨ ﹇2018﹈ 7 ᠳ᠋ᠣᠭᠠᠷ ᠲᠣᠭᠠᠳᠣ

               ᠭᠠᠷ ᠤᠨ ᠦᠰᠦᠭ ᠵᠢᠷᠣᠵᠣ ᠲᠠᠷᠬᠠᠭᠠᠭᠰᠠᠨ ᠨᠢ᠄ ᠬᠤᠸᠠᠩ ᠰᠢᠨ ᠿᠦᠢ

ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ

ᠡᠯ᠎ᠡ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠡᠯ᠎ᠡ ᠠᠵᠣ ᠠᠬᠤᠶᠢᠯᠠᠯ᠂ ᠡᠯ᠎ᠡ ᠪᠠᠶᠢᠭᠤᠯᠣᠯᠭ᠎ᠠ ᠨᠢᠬᠡᠴᠡ ᠳᠤ᠄

    ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠬᠡ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ

ᠣᠷᠳᠣᠨ ᠤ ᠳᠠᠷᠤᠭ᠎ᠠ᠂ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢ ᠶᠢ ᠳᠣᠣᠷᠠᠬᠢ ᠮᠡᠳᠦ ᠲᠣᠬᠢᠷᠠᠭᠤᠯᠪᠠ᠄

    ᠬᠤᠰᠢᠭᠤᠨ ᠳᠠᠷᠤᠭ᠎ᠠ ᠨᠠ ᠰᠢᠶᠣᠣ ᠭᠤᠸᠠᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠬᠦ

ᠲᠠᠯ᠎ᠠ ᠶᠢᠨ ᠠᠵᠢᠯ ᠢ ᠡᠷᠬᠢᠯᠡᠨ᠎ᠡ᠂ ᠣᠷᠣᠨ ᠲᠤᠭ᠎ᠠ᠂ ᠬᠢᠨᠠᠨ ᠪᠣᠳᠣᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠣ᠂

ᠬᠢᠨᠠᠨ ᠪᠣᠳᠣᠬᠤ ᠲᠣᠪᠴᠢᠶ᠎ᠠ᠂ ᠪᠠᠶᠢᠭᠤᠯᠣᠮᠵᠢ ᠶᠢᠨ ᠣᠷᠣᠨ ᠲᠣᠭᠠᠨ ᠤ ᠵᠦᠪᠯᠡᠯ ᠤᠨ ᠠᠯᠪᠠᠨ ᠭᠡᠷ ᠤᠨ ᠠᠵᠢᠯ ᠢ

ᠬᠤᠪᠢᠳᠠᠨ ᠬᠠᠮᠢᠶᠠᠷᠣᠨ᠎ᠠ᠃

    ᠳᠡᠳ᠋ ᠬᠤᠰᠢᠭᠤᠨ ᠳᠠᠷᠤᠭ᠎ᠠ ᠯᠢᠶᠠᠩ ᠶᠦᠩ ᠰᠠᠨ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ

ᠬᠠᠮᠵᠢᠯᠴᠠᠨ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯ ᠵᠢᠴᠢ ᠬᠦᠭᠵᠢᠬᠦᠯᠦᠯᠲᠡ ᠬᠢᠬᠡᠳ

ᠦᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠮᠦᠩᠬᠦᠨ ᠬᠦᠢᠯᠬᠡᠬᠡᠨ᠂ ᠵᠠᠬᠢᠳᠠᠯ ᠰᠣᠷᠪᠣᠯᠵᠢᠯᠠᠯ᠂ ᠠᠶᠣᠯᠬᠦᠢ

ᠦᠢᠯᠡᠳᠪᠦᠷᠢᠯᠡᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠪᠣᠷᠢ᠂ ᠦᠬᠡᠷᠡᠴᠢᠯᠡᠯᠲᠡ ᠶᠢ

ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ

ᠣᠷᠳᠣᠨ ᠤ ᠠᠯᠪᠠᠨ ᠬᠡᠷ ︵ ᠭᠠᠳᠠᠭᠠᠳᠣ ᠶᠠᠪᠣᠳᠠᠯ ᠤᠨ ᠠᠯᠪᠠᠨ ᠭᠡᠷ᠂ ᠵᠠᠬᠢᠳᠠᠯ ᠰᠣᠷᠪᠣᠯᠵᠢᠯᠠᠯ ᠤᠨ ᠲᠣᠪᠴᠢᠶ᠎ᠠ᠂

ᠬᠠᠣᠯᠢ ᠳᠦᠷᠢᠮ ᠤᠨ ᠠᠯᠪᠠᠨ ᠭᠡᠷ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠲᠣᠪᠴᠢᠶ᠎ᠠ

᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠦᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ

ᠲᠦᠪ᠂ ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠠᠯᠪᠠᠨ ᠬᠡᠷ᠂ ᠪᠠᠶᠢᠭᠤᠯᠣᠯᠭ᠎ᠠ ᠶᠢᠨ ᠬᠡᠷᠡᠭ ᠶᠠᠪᠣᠳᠠᠯ ᠢ

ᠬᠠᠮᠢᠶᠠᠷᠬᠤ ᠲᠣᠪᠴᠢᠶ᠎ᠠ︶᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠶᠠᠪᠣᠳᠠᠯ ᠤᠨ

ᠲᠣᠪᠴᠢᠶ᠎ᠠ ︵ᠮᠦᠩᠬᠦᠨ ᠬᠦᠢᠯᠭᠡᠭᠡᠨ ᠤ ᠠᠯᠪᠠᠨ ᠬᠡᠷ︶᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ

ᠪᠠᠳᠣᠯᠠᠪᠣᠷᠢ ᠶᠢᠨ ᠲᠣᠪᠴᠢᠶ᠎ᠠ ︵ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠠᠴᠠ ᠪᠣᠰᠣᠳ︶᠂ ᠠᠶᠣᠯᠬᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ︵ ᠠᠶᠣᠯᠬᠦᠢ ᠦᠢᠯᠡᠳᠪᠦᠷᠢᠯᠡᠯ ᠤᠨ ᠵᠦᠪᠯᠡᠯ ᠤᠨ

ᠠᠯᠪᠠᠨ ᠭᠡᠷ︶᠂ ᠳᠠᠩᠰᠠ ᠡᠪᠬᠡᠮᠡᠯ ᠲᠡᠣᠬᠡ ᠣᠶᠢᠯᠠᠯᠭ᠎ᠠ ᠶᠢᠨ ᠲᠣᠪᠴᠢᠶ᠎ᠠ᠂ ᠣᠯᠣᠰ ᠤᠨ ᠦᠮᠴᠢᠯᠡᠯᠲᠦ ᠡᠳ᠋

ᠬᠦᠷᠦᠩᠭᠡ ᠶᠢᠨ ᠪᠡᠯᠡ ᠣᠷᠣᠭᠤᠯᠵᠣ ᠡᠵᠡᠩᠨᠡᠬᠦ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠡᠮᠡᠭᠳᠡᠶᠢᠴᠣᠳ ᠬᠡᠣᠬᠡᠳ

 ᠤᠨ ᠠᠵᠢᠯ ᠤᠨ ᠵᠦᠪᠯᠡᠯ᠂ ᠬᠠᠷᠢᠶᠠᠳᠣ ᠶᠢᠨ ᠶᠠᠪᠣᠳᠠᠯ ᠤᠨ ᠠᠯᠪᠠᠨ ᠭᠡᠷ ᠢ ᠬᠤᠪᠢᠳᠠᠨ ᠬᠠᠮᠢᠶᠠᠷᠣᠨ᠎ᠠ᠃

     ᠬᠠᠷᠢᠯᠴᠠᠬᠤ ᠪᠠᠶᠢᠭᠤᠯᠤᠯᠭ᠎ᠠ᠄ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠳᠣᠮᠳᠠᠳᠣ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠬᠡᠨ ᠤ ᠬᠤᠷᠠᠯ ᠤᠨ

ᠡᠸ᠋ᠨᠩᠬᠢ ᠬᠤᠰᠢᠭᠤᠨ ᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ

ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠣᠳᠣᠷᠢᠳᠬᠤ ᠳᠣᠭᠤᠶᠢᠯᠠᠩ ᠤᠨ ᠠᠯᠪᠠᠨ ᠭᠡᠷ᠂

ᠬᠤᠰᠢᠭᠤᠨ ᠤ ᠬᠤᠷᠢᠶ᠎ᠠ ᠶᠢᠨ ᠨᠠᠮ ᠤᠨ ᠰᠣᠷᠭᠠᠭᠤᠯᠢ᠂ ᠭᠠᠶᠢᠯᠢ ᠶᠢᠨ ᠶᠠᠪᠣᠳᠠᠯ ᠤᠨ ᠲᠣᠪᠴᠢᠶ᠎ᠠ᠂ ᠠᠷᠠᠳ ᠤᠨ

ᠪᠠᠩᠬᠢ ᠵᠢᠴᠢ ᠡᠯ᠎ᠡ ᠬᠤᠳᠠᠯᠳᠣᠭᠠᠨ ᠤ ᠪᠠᠩᠬᠢ᠂ ᠠᠮᠢ ᠨᠠᠰᠣᠨ ᠤ ᠳᠠᠭᠠᠳᠬᠠᠯ ᠤᠨ ᠺᠣᠮᠫᠠᠨᠢ᠂ ᠡᠳ᠋ ᠬᠦᠷᠦᠩᠭᠡ ᠶᠢᠨ

ᠳᠠᠭᠠᠳᠬᠠᠯ ᠤᠨ ᠺᠣᠮᠫᠠᠨᠢ᠂ ᠬᠦᠯᠦᠨ ᠪᠣᠶᠢᠷ ᠤᠨ ᠲᠦᠪ ᠰᠢᠨ᠎ᠡ ᠬᠤᠲᠠ ᠲᠣᠭᠤᠷᠢᠭ ᠤᠨ ᠠᠯᠪᠠᠨ ᠭᠡᠷ᠂ ᠠᠵᠢᠯᠴᠢᠨ

 ᠤ ᠶᠡᠷᠦᠩᠭᠡᠢ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ ᠤᠨ ᠡᠸ᠋ᠨᠩᠬᠢ ᠬᠤᠰᠢᠭᠤᠨ ᠤ ᠬᠤᠷᠢᠶ᠎ᠠ᠂

ᠡᠮᠡᠭᠳᠡᠶᠢᠴᠣᠳ ᠤᠨ ᠬᠤᠯᠪᠣᠭ᠎ᠠ᠂ ᠣᠯᠣᠰ ᠲᠠᠭᠠᠨ ᠪᠣᠴᠠᠵᠣ ᠢᠷᠡᠭᠰᠡᠨ ᠳᠣᠮᠳᠠᠳᠣ ᠶᠢᠨ ᠬᠠᠷᠢᠶᠠᠳᠣ ᠶᠢᠨ ᠬᠤᠯᠪᠣᠭ᠎ᠠ᠃

    ᠬᠤᠰᠢᠭᠤᠨ ᠤ ᠳᠡᠳ᠋ ᠳᠠᠷᠤᠭ᠎ᠠ ᠬᠠᠰᠪᠠᠭᠠᠨ᠎ᠠ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ ᠬᠠᠮᠵᠢᠯᠴᠠᠨ

ᠨᠡᠶᠢᠬᠡᠮ ᠤᠨ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠣᠷᠪᠣᠯᠵᠢᠯᠠᠯ ᠵᠡᠷᠭᠡ ᠲᠠᠯ᠎ᠠ ᠪᠠᠷ ᠬᠢ ᠠᠵᠢᠯ ᠢ ᠬᠠᠷᠢᠭᠤᠴᠠᠨ᠎ᠠ

᠃ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠠᠣᠯᠢ ᠴᠠᠭᠠᠵᠠ ᠶᠢᠨ

ᠲᠣᠪᠴᠢᠶ᠎ᠠ ᠶᠢ ᠬᠤᠪᠢᠳᠠᠨ ᠬᠠᠮᠢᠶᠠᠷᠴᠣ᠂ ᠬᠤᠪᠢᠳᠠᠨ ᠬᠠᠮᠢᠶᠠᠷᠬᠤ ᠳᠡᠳ᠋ ᠬᠤᠰᠢᠭᠤᠨ ᠳᠠᠷᠤᠭ᠎ᠠ ᠶᠢ ᠬᠠᠮᠵᠢᠯᠴᠠᠨ

ᠵᠠᠬᠢᠳᠠᠯ ᠰᠣᠷᠪᠣᠯᠵᠢᠯᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠣᠨ᠎ᠠ᠃

    ᠬᠠᠷᠢᠯᠴᠠᠬᠤ ᠪᠠᠶᠢᠭᠤᠯᠤᠯᠭ᠎ᠠ᠄ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠣᠯᠣᠰ

 ᠤᠨ ᠠᠶᠣᠯᠬᠦᠢ ᠶᠢᠨ ᠲᠣᠪᠴᠢᠶ᠎ᠠ᠂ ᠭᠠᠵᠢᠭᠤ ᠨᠣᠮᠯᠠᠯ ᠤᠨ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠬᠦ ᠠᠯᠪᠠᠨ ᠭᠡᠷ᠃

    ᠳᠡᠳ᠋ ᠬᠤᠰᠢᠭᠤᠨ ᠳᠠᠷᠤᠭ᠎ᠠ ᠪᠣᠷᠵᠢᠨ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ ᠬᠠᠮᠵᠢᠯᠴᠠᠨ ᠰᠣᠷᠭᠠᠨ

ᠬᠦᠮᠦᠵᠢᠯ ᠰᠢᠨᠵᠢᠯᠡᠬᠦ ᠣᠬᠠᠭᠠᠨ ᠮᠡᠷᠭᠡᠵᠢᠯ᠂ ᠰᠣᠶᠣᠯ ᠲᠠᠮᠢᠷ ᠷᠠᠳᠢᠤ᠋ ᠲᠧᠯᠸᠢᠰ᠂ ᠡᠷᠡᠬᠦᠯ ᠬᠠᠮᠠᠭᠠᠯᠠᠯ ᠲᠦᠯᠦᠪᠯᠡᠭᠡᠲᠦ

ᠦᠷᠡᠵᠢᠯ᠂ ᠵᠣᠭᠠᠴᠠᠯ᠂ ᠠᠷᠠᠳ ᠤᠨ ᠶᠠᠪᠣᠳᠠᠯ᠂ ︽ ᠭᠤᠷᠪᠠᠨ ᠡᠮᠨᠡᠯᠭᠡ ᠶᠢᠨ ᠲᠣᠬᠠᠢ︾ ᠵᠡᠷᠭᠡ ᠲᠠᠯ᠎ᠠ ᠶᠢᠨ ᠠᠵᠢᠯ

 ᠢ ᠬᠠᠷᠢᠭᠤᠴᠠᠨ᠎ᠠ᠃ ᠰᠣᠷᠭᠠᠨ ᠬᠦᠮᠦᠵᠢᠯ ᠤᠨ ᠲᠣᠪᠴᠢᠶ᠎ᠠ ︵ ᠰᠢᠨᠵᠢᠯᠡᠭᠡ ᠮᠡᠷᠭᠡᠵᠢᠯ ᠤᠨ ᠲᠣᠪᠴᠢᠶ᠎ᠠ︶᠂ ᠰᠣᠶᠣᠯ

ᠲᠠᠮᠢᠷ ᠰᠣᠷᠭᠠᠨ ᠬᠦᠮᠦᠵᠢᠯ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠣᠪᠴᠢᠶ᠎ᠠ᠂ ᠡᠷᠡᠬᠦᠯ ᠬᠠᠮᠠᠭᠠᠯᠠᠯ ᠪᠠ

ᠲᠦᠯᠦᠪᠯᠡᠬᠡᠲᠦ ᠦᠷᠡᠵᠢᠯ ᠤᠨ ᠲᠣᠪᠴᠢᠶ᠎ᠠ ︵ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠤ

ᠵᠦᠪᠯᠡᠯ ᠤᠨ ᠠᠯᠪᠠᠨ ᠭᠡᠷ︶᠂ ᠠᠷᠠᠳ ᠤᠨ ᠶᠠᠪᠣᠳᠠᠯ ᠤᠨ ᠲᠣᠪᠴᠢᠶ᠎ᠠ᠂ ᠵᠣᠭᠠᠴᠠᠯ ᠤᠨ ᠲᠣᠪᠴᠢᠶ᠎ᠠ᠂ ᠡᠮᠨᠡᠯᠬᠡ ᠶᠢᠨ

ᠳᠠᠭᠠᠳᠬᠠᠯ ᠤᠨ ᠲᠣᠪᠴᠢᠶ᠎ᠠ᠂ ᠢᠳᠡᠬᠡᠨ ᠤ ᠪᠠ ᠡᠮ ᠤᠨ ᠵᠦᠢᠯᠡᠰ ᠲᠤ ᠬᠢᠨᠡᠯᠲᠡ ᠲᠠᠯᠪᠢᠵᠣ ᠬᠠᠮᠢᠶᠠᠷᠬᠤ ᠶᠠᠪᠣᠴᠠ

 ᠳᠠᠬᠢ ᠡᠮ ᠡᠮᠨᠡᠯᠬᠡ ᠶᠢ ᠬᠢᠨᠠᠨ ᠬᠠᠮᠢᠶᠠᠷᠬᠤ ᠠᠵᠢᠯ ᠢ ᠬᠤᠪᠢᠳᠠᠨ ᠬᠠᠮᠢᠶᠠᠷᠣᠨ᠎ᠠ᠃

    ᠬᠠᠷᠢᠯᠴᠠᠬᠤ ᠪᠠᠶᠢᠭᠤᠯᠤᠯᠭ᠎ᠠ᠄ ᠠᠷᠠᠳ ᠤᠨ ᠵᠡᠪᠰᠡᠭᠲᠦ ᠬᠦᠴᠦᠨ ᠤ ᠬᠡᠯᠳᠡᠰ᠂ ᠰᠠᠭᠤᠭ᠎ᠠ ᠴᠡᠷᠢᠭ ᠠᠩᠬᠢ᠂

ᠣᠳᠬ᠎ᠠ ᠣᠷᠠᠯᠢᠭ ᠤᠨ ᠬᠢᠨ ᠤ ᠬᠤᠯᠪᠣᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂

ᠰᠢᠨᠵᠢᠯᠡᠬᠦ ᠣᠬᠠᠭᠠᠨ ᠮᠡᠷᠭᠡᠵᠢᠯ ᠤᠨ ᠵᠦᠪᠯᠡᠯ᠂ ᠰᠢᠩᠬᠤᠸᠠ ᠨᠣᠮ ᠤᠨ ᠳᠡᠯᠭᠡᠭᠦᠷ᠃

    ᠳᠡᠳ᠋ ᠬᠤᠰᠢᠭᠤᠨ ᠳᠠᠷᠤᠭ᠎ᠠ ᠳ᠋ᠦᠩ ᠱᠧᠩ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ ᠬᠠᠮᠵᠢᠯᠴᠠᠨ

ᠲᠠᠷᠢᠶᠠᠯᠠᠩ ᠮᠠᠯ ᠠᠵᠣ ᠠᠬᠤᠢ ᠣᠢ ᠰᠢᠭᠤᠢ ᠣᠰᠣᠨ ᠤ ᠶᠠᠪᠣᠳᠠᠯ᠂ ᠶᠠᠳᠠᠭᠤ ᠶᠢ ᠲᠡᠳᠬᠦᠬᠦ ᠨᠡᠬᠡᠬᠡᠯᠲᠡ ᠬᠢᠬᠦ᠂

ᠦᠨᠳᠦᠰᠦᠲᠡᠨ ᠱᠠᠰᠢᠨ ᠰᠣᠷᠳᠠᠬᠤᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠣ ᠠᠬᠤᠢ

 ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ ︵ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ

ᠵᠢᠯᠣᠭᠤᠳᠬᠤ ᠭᠠᠵᠠᠷ ᠤᠨ ᠠᠯᠪᠠᠨ ᠭᠡᠷ︶᠂ ᠣᠰᠣᠨ ᠤ ᠶᠠᠪᠣᠳᠠᠯ ᠤᠨ ᠲᠣᠪᠴᠢᠶ᠎ᠠ᠂ ᠲᠠᠷᠢᠶᠠᠯᠠᠩ ᠢ ᠶᠡᠷᠥᠩᠬᠡᠶᠢᠯᠡᠨ

ᠨᠡᠬᠡᠬᠡᠨ ᠠᠰᠢᠭᠯᠠᠬᠤ ᠲᠦᠷᠦᠯ ᠵᠦᠢᠯ ᠤᠨ ᠠᠯᠪᠠᠨ ᠭᠡᠷ᠂ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠯᠪᠠᠨ ᠭᠡᠷ᠂

ᠦᠨᠳᠦᠰᠦᠲᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂

ᠬᠤᠩᠭᠤᠯᠵᠢ ᠣᠰᠣᠨ ᠴᠦᠬᠦᠷᠦᠮ ᠤᠨ ᠲᠣᠭᠤᠷᠢᠭ ᠢ ᠬᠠᠮᠢᠶᠠᠷᠬᠤ ᠵᠦᠪᠯᠡᠯ ᠢ ᠬᠤᠪᠢᠳᠠᠨ ᠬᠠᠷᠢᠭᠤᠴᠠᠨ᠎ᠠ᠃

   ᠬᠠᠷᠢᠯᠴᠠᠬᠤ ᠪᠠᠶᠢᠭᠤᠯᠣᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠣᠷᠣᠨ ᠤ ᠠᠵᠢᠯ ᠤᠨ

ᠬᠡᠯᠳᠡᠰ᠂ ᠴᠠᠭ ᠠᠭᠤᠷ ᠤᠨ ᠲᠣᠪᠴᠢᠶ᠎ᠠ᠂ ᠦᠪᠦᠷ ᠮᠣᠩᠭᠤᠯ ᠤᠨ ᠡᠸ᠋ᠨᠩᠬᠢ ᠶᠢ ᠰᠣᠳᠣᠯᠬᠤ ᠭᠠᠵᠠᠷ᠂ ᠬᠤᠩᠭᠤᠯᠵᠢ

ᠣᠢ ᠰᠢᠭᠤᠢ ᠶᠢᠨ ᠲᠣᠪᠴᠢᠶ᠎ᠠ᠂ ᠴᠣᠣᠯ ᠣᠢ ᠰᠢᠭᠤᠢ ᠶᠢᠨ ᠲᠣᠪᠴᠢᠶ᠎ᠠ᠂ ᠴᠦᠸᠧ ᠶᠤᠸᠠᠨ ᠣᠢ ᠰᠢᠭᠤᠢ ᠶᠢᠨ

ᠲᠣᠪᠴᠢᠶ᠎ᠠ᠂ ᠷᠠᠰᠢᠶᠠᠨ ᠣᠢ ᠰᠢᠭᠤᠢ ᠶᠢᠨ ᠲᠣᠪᠴᠢᠶ᠎ᠠ᠂ ᠬᠤᠩᠭᠤᠯᠵᠢ ᠵᠢᠭᠠᠷᠳᠣ ᠨᠠᠷᠠᠰᠣ ᠶᠢᠨ ᠣᠢ ᠶᠢᠨ ᠣᠯᠣᠰ

 ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠣᠯᠲᠠ ᠶᠢᠨ ᠲᠣᠪᠴᠢᠶ᠎ᠠ᠂ ᠬᠤᠩᠭᠤᠯᠵᠢ

ᠣᠰᠣᠨ ᠤ ᠬᠦᠴᠦ ᠪᠠᠷ ᠴᠠᠬᠢᠯᠭᠠᠨ ᠭᠠᠷᠭᠠᠬᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠃

     ᠳᠡᠳ᠋ ᠬᠤᠰᠢᠭᠤᠨ ᠳᠠᠷᠤᠭ᠎ᠠ ᠬᠦᠸᠧ ᠢᠦᠢ ᠯᠢᠩ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ

ᠬᠠᠮᠵᠢᠯᠴᠠᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ᠂ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠲᠠ

᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ ᠤᠨ ᠪᠦᠲᠦᠭᠡᠨ ᠪᠠᠶᠢᠭᠤᠯᠣᠯᠲᠠ ᠶᠢ ᠬᠠᠮᠢᠶᠠᠷᠬᠤ

ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ

ᠪᠠᠶᠢᠭᠤᠯᠣᠯᠲᠠ ᠶᠢᠨ ᠲᠦᠯᠦᠪᠵᠢᠬᠦᠯᠭᠡ ᠶᠢᠨ ᠲᠣᠪᠴᠢᠶ᠎ᠠ ︵ ᠬᠤᠲᠠ ᠶᠢᠨ ᠶᠡᠷᠥᠩᠬᠡᠢ ᠬᠠᠣᠯᠢ ᠬᠡᠷᠡᠭᠵᠢᠬᠦᠯᠬᠦ

ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠣᠯᠣᠰ ᠤᠨ ᠭᠠᠵᠠᠷ ᠰᠢᠷᠣᠢ ᠡᠬᠢ

ᠪᠠᠶᠠᠯᠢᠭ ᠤᠨ ᠲᠣᠪᠴᠢᠶ᠎ᠠ ︵ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠢ ᠬᠢᠨᠠᠨ ᠬᠠᠮᠢᠶᠠᠷᠬᠤ ᠠᠵᠢᠯ ᠠᠴᠠ

ᠪᠣᠰᠣᠳ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠣᠨ᠎ᠠ᠃

     ᠬᠠᠷᠢᠯᠴᠠᠬᠤ ᠪᠠᠶᠢᠭᠤᠯᠣᠯᠭ᠎ᠠ᠄ ᠵᠡᠮᠳᠡᠭᠴᠣᠳ ᠤᠨ ᠬᠤᠯᠪᠣᠭ᠎ᠠ᠂ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ᠂

ᠰᠢᠣᠳᠠᠨ ᠤ ᠶᠠᠪᠣᠳᠠᠯ ᠤᠨ ᠬᠤᠪᠢᠶᠠᠷᠢ ᠺᠣᠮᠫᠠᠨᠢ᠂ ᠬᠦᠯᠦᠨ ᠪᠣᠶᠢᠷ ᠬᠤᠲᠠ ᠶᠢᠨ ᠣᠷᠣᠨ ᠰᠠᠭᠤᠴᠠ ᠶᠢᠨ ᠨᠡᠶᠢᠲᠡ

 ᠶᠢᠨ ᠬᠤᠷᠠᠮᠳᠣᠭᠤᠯᠭ᠎ᠠ ᠶᠢᠨ ᠮᠦᠩᠬᠦ ᠶᠢᠨ ᠬᠠᠮᠢᠶᠠᠷᠣᠯᠲᠠ ᠶᠢᠨ ᠲᠦᠪ ᠤᠨ ᠡᠸ᠋ᠨᠩᠬᠢ ᠬᠤᠰᠢᠭᠤᠨ ᠤ ᠬᠠᠮᠢᠶᠠᠷᠣᠯᠲᠠ

 ᠶᠢᠨ ᠭᠠᠵᠠᠷ᠂ ᠳᠡᠭᠡᠳᠦ ᠱᠠᠲᠣᠨ ᠤ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠤᠰᠢᠭᠤᠨ ᠳᠤ ᠰᠠᠭᠤᠭ᠎ᠠ ᠡᠯ᠎ᠡ

ᠨᠢᠬᠡᠴᠡ᠃

     ᠳᠡᠳ᠋ ᠬᠤᠰᠢᠭᠤᠨ ᠳᠠᠷᠤᠭ᠎ᠠ ᠳ᠋ᠦ᠋ ᠰᠢᠶᠣᠣ ᠭᠤᠸᠠᠩ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ

ᠬᠠᠮᠵᠢᠯᠴᠠᠨ ᠠᠵᠣ ᠦᠢᠯᠡᠳᠪᠦᠷᠢ ᠶᠢᠨ ᠠᠵᠣ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ᠂  ᠵᠠᠬ᠎ᠠ ᠳᠡᠯᠭᠡᠭᠦᠷ

 ᠤᠨ ᠬᠢᠨᠠᠨ ᠬᠠᠮᠢᠶᠠᠷᠣᠯᠲᠠ᠂ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠤᠨ ᠬᠢᠨᠠᠨ ᠬᠠᠮᠢᠶᠠᠷᠣᠯᠲᠠ᠂

ᠠᠷᠠᠯᠵᠢᠶᠠᠴᠢᠨ ᠣᠷᠢᠵᠣ ᠪᠡᠯᠡ ᠣᠷᠣᠭᠤᠯᠬᠤ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃

ᠪᠠᠶᠠᠨᠳᠣᠬᠤᠢ ᠠᠵᠣ ᠠᠬᠤᠢ ᠮᠡᠷᠭᠡᠵᠢᠯ ᠤᠨ ᠨᠡᠬᠡᠬᠡᠯᠲᠡ ᠶᠢᠨ ᠣᠷᠣᠨ᠂ ᠬᠤᠢ ᠭᠤᠣᠯ ᠣᠯᠣᠰ ᠤᠨ ᠳᠡᠰ ᠤᠨ

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠣᠯᠲᠠ ᠶᠢᠨ ᠲᠣᠪᠴᠢᠶ᠎ᠠ᠂ ᠠᠵᠣ ᠠᠬᠤᠢ ᠪᠠ ᠮᠡᠳᠡᠭᠡ

ᠵᠠᠩᠬᠢᠵᠢᠯᠲᠠ ᠶᠢᠨ ᠲᠣᠪᠴᠢᠶ᠎ᠠ ︵ ᠬᠤᠳᠠᠯᠳᠣᠭᠠᠨ ᠤ ᠶᠠᠪᠣᠳᠠᠯ ᠤᠨ ᠲᠣᠪᠴᠢᠶ᠎ᠠ᠂ ᠠᠮᠣ ᠪᠣᠳᠠᠭᠠᠨ ᠤ ᠲᠣᠪᠴᠢᠶ᠎ᠠ︶᠂

ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠷᠠᠯᠵᠢᠶᠠᠴᠢᠨ

ᠣᠷᠢᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠡ ︵ᠢᠳᠡᠬᠡᠨ ᠪᠠ ᠡᠮ ᠤᠨ

ᠵᠦᠢᠯᠡᠰ ᠤᠨ ᠠᠶᠣᠯᠬᠦᠢ ᠶᠢᠨ ᠵᠦᠪᠯᠡᠯ᠂ ᠢᠳᠡᠬᠡᠨ ᠤ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠲᠣᠪᠴᠢᠶ᠎ᠠ ᠶᠢᠨ

ᠡᠮ ᠡᠮᠨᠡᠯᠬᠡ ᠳᠤ ᠬᠢᠨᠠᠨ ᠬᠠᠮᠢᠶᠠᠷᠣᠯᠲᠠ ᠬᠢᠬᠦ ᠠᠵᠢᠯ ᠠᠴᠠ ᠭᠠᠳᠠᠨ᠎ᠠ︶᠂ ᠣᠯᠣᠰ ᠤᠨ ᠭᠠᠵᠠᠷ ᠰᠢᠷᠣᠢ ᠡᠬᠢ

ᠪᠠᠶᠠᠯᠢᠭ ᠤᠨ ᠲᠣᠪᠴᠢᠶ᠎ᠠ ᠶᠢᠨ ᠠᠭᠤᠷᠬᠠᠢ ᠶᠢᠨ ᠭᠠᠷᠣᠯᠲᠠ ᠶᠢᠨ ᠡᠬᠢ ᠪᠡᠶᠠᠯᠢᠭ ᠢ ᠬᠢᠨᠠᠨ ᠬᠠᠮᠢᠶᠠᠷᠬᠤ ᠠᠵᠢᠯ ᠢ

ᠬᠤᠪᠢᠳᠠᠨ ᠬᠠᠮᠢᠶᠠᠷᠣᠨ᠎ᠠ᠃

     ᠬᠠᠷᠢᠯᠴᠠᠬᠤ ᠪᠠᠶᠢᠭᠤᠯᠣᠯᠭ᠎ᠠ᠄ ᠠᠵᠣ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠬᠤᠸᠠ ᠨᠧᠩ ᠢᠮᠢᠨ ᠤ

ᠨᠡᠬᠦᠷᠡᠰᠦ ᠴᠠᠬᠢᠯᠭᠠᠨ ᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠦᠪᠦᠷ ᠮᠣᠩᠭᠤᠯ ᠤᠨ ᠳ᠋ᠠᠶᠠᠨ ᠤ ᠠᠭᠤᠷᠬᠠᠢ ᠶᠢᠨ

ᠦᠢᠯᠡᠰ ᠤᠨ ᠪᠦᠯᠦᠭᠯᠡᠯ ᠤᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠦᠪᠦᠷ ᠮᠣᠩᠭᠤᠯ ᠤᠨ ᠮᠧᠩ ᠳ᠋ᠦᠩ

ᠡᠨᠧᠷᠬᠢ ᠶᠢᠨ ᠬᠢᠵᠠᠭᠠᠷᠳᠣ ᠺᠣᠮᠫᠠᠨᠢ᠂ ᠦᠪᠦᠷ ᠮᠣᠩᠭᠤᠯ ᠤᠨ ᠳᠦᠩ ᠳ᠋ᠠ ᠨᠡᠬᠦᠷᠡᠰᠦᠨ ᠦᠢᠯᠡᠰ ᠤᠨ ᠬᠢᠵᠠᠭᠠᠷᠳᠣ

ᠬᠠᠷᠢᠭᠤᠴᠠᠯᠭᠠᠳᠣ ᠺᠣᠮᠫᠠᠨᠢ᠂ ᠣᠯᠣᠰ ᠤᠨ ᠴᠠᠬᠢᠯᠭᠠᠨ ᠤ ᠲᠣᠣᠷ ᠤᠨ ᠡᠸ᠋ᠨᠩᠬᠢ ᠬᠤᠰᠢᠭᠤᠨ ᠤ ᠴᠠᠬᠢᠯᠭᠠᠨ ᠬᠠᠩᠭᠠᠬᠤ

ᠺᠣᠮᠫᠠᠨᠢ᠂ ᠳᠣᠮᠳᠠᠳᠣ ᠣᠯᠣᠰ ᠤᠨ ᠬᠠᠮᠳᠣᠷᠠᠭᠰᠠᠨ ᠬᠤᠯᠪᠣᠭ᠎ᠠ ᠶᠢᠨ ᠡᠸ᠋ᠨᠩᠬᠢ ᠬᠤᠰᠢᠭᠤᠨ ᠳᠠᠬᠢ ᠬᠤᠪᠢᠶᠠᠷᠢ

ᠺᠣᠮᠫᠠᠨᠢ᠂ ᠳᠣᠮᠳᠠᠳᠣ ᠣᠯᠣᠰ ᠤᠨ ᠨᠡᠬᠦᠳᠡᠯ ᠬᠤᠯᠪᠣᠭ᠎ᠠ ᠶᠢᠨ ᠡᠸ᠋ᠨᠩᠬᠢ ᠬᠤᠰᠢᠭᠤᠨ ᠳᠠᠬᠢ ᠬᠤᠪᠢᠶᠠᠷᠢ ᠺᠣᠮᠫᠠᠨᠢ᠃

ᠳᠣᠮᠳᠠᠳᠣ ᠣᠯᠣᠰ ᠤᠨ ᠴᠠᠬᠢᠯᠭᠠᠨ ᠬᠤᠯᠪᠣᠭ᠎ᠠ ᠶᠢᠨ ᠡᠸ᠋ᠨᠩᠬᠢ ᠬᠤᠰᠢᠭᠤᠨ ᠳᠠᠬᠢ ᠬᠤᠪᠢᠶᠠᠷᠢ ᠺᠣᠮᠫᠠᠨᠢ᠂ ᠳᠣᠮᠳᠠᠳᠣ

ᠣᠯᠣᠰ ᠤᠨ ᠴᠢᠯᠠᠭᠤᠨ ᠲᠣᠰᠣᠨ ᠤ ᠡᠸ᠋ᠨᠩᠬᠢ ᠬᠤᠰᠢᠭᠤᠨ ᠳᠠᠬᠢ ᠬᠤᠪᠢᠶᠠᠷᠢ ᠺᠣᠮᠫᠠᠨᠢ᠂ ᠨᠠᠪᠴᠢᠨ ᠲᠠᠮᠠᠬᠢ ᠲᠣᠰᠬᠠᠢ

ᠬᠤᠳᠠᠯᠳᠣᠬᠤ ᠲᠣᠪᠴᠢᠶ᠎ᠠ᠃

    ᠳᠡᠳ᠋ ᠬᠤᠰᠢᠭᠤᠨ ᠳᠠᠷᠤᠭ᠎ᠠ ᠽᠣᠣ ᠬᠠᠢ ᠴᠢᠩ ᠬᠤᠰᠢᠭᠤᠨ ᠳᠠᠷᠤᠭ᠎ᠠ ᠨᠠ ᠰᠢᠶᠣᠣ ᠭᠤᠸᠠᠩ ᠢ ᠬᠠᠮᠵᠢᠯᠴᠠᠨ

︽ ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ ᠬᠢᠬᠦ᠂ ᠬᠠᠣᠯᠢ ᠪᠠᠷ ᠬᠤᠰᠢᠭᠤ ᠪᠠᠨ ᠵᠠᠰᠠᠬᠤ᠂ ᠬᠠᠣᠯᠢ

ᠶᠣᠰᠣᠭᠠᠷ ᠵᠠᠰᠠᠭ ᠶᠠᠪᠣᠭᠤᠯᠬᠤ᠂ ᠮᠦᠩᠬᠦᠨ ᠬᠦᠢᠯᠬᠡᠬᠡᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ

ᠬᠠᠮᠢᠶᠠᠷᠬᠤ ᠳᠡᠳ᠋ ᠬᠤᠰᠢᠭᠤᠨ ᠳᠠᠷᠤᠭ᠎ᠠ ᠶᠢ ᠬᠠᠮᠵᠢᠯᠴᠠᠨ ᠬᠠᠣᠯᠢ ᠴᠠᠭᠠᠵᠠ ᠶᠢᠨ ᠲᠣᠪᠴᠢᠶ᠎ᠠ᠂ ᠵᠠᠬᠢᠳᠠᠯ

ᠰᠣᠷᠪᠣᠯᠵᠢᠯᠠᠯ ᠤᠨ ᠲᠣᠪᠴᠢᠶ᠎ᠠ᠂ ᠬᠠᠣᠯᠢ ᠳᠦᠷᠢᠮ ᠤᠨ ᠠᠯᠪᠠᠨ ᠭᠡᠷ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ

ᠲᠦᠪ᠂ ᠣᠯᠣᠰ ᠤᠨ ᠡᠳ᠋ ᠬᠦᠷᠦᠩᠭᠡ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ

ᠲᠦᠪ᠂ ᠮᠦᠩᠬᠦᠨ ᠬᠦᠢᠯᠬᠡᠬᠡᠨ ᠤ ᠠᠯᠪᠠᠨ ᠭᠡᠷ ︽ PPP︾ ᠲᠦᠷᠦᠯ ᠵᠦᠢᠯ ᠤᠨ ᠬᠠᠮᠢᠶ᠎ᠠ ᠪᠦᠬᠦᠢ ᠠᠵᠢᠯ ᠢ

ᠬᠤᠪᠢᠳᠠᠨ ᠬᠠᠮᠢᠶᠠᠷᠣᠨ᠎ᠠ᠃

     ᠡᠬᠦᠨ ᠤ ᠲᠣᠯᠠ ᠮᠡᠳᠡᠭᠳᠡᠪᠡ

                                                                                   

                                  2018 ᠣᠨ ᠤ 10 ᠰᠠᠷ᠎ᠠ ᠶᠢᠨ 9 ᠤ ᠡᠳᠦᠷ

   

   ︵ ᠰᠠᠨᠠᠭᠠᠴᠢᠯᠠᠭ᠎ᠠ ᠲᠠᠢ ᠢᠯᠡ ᠪᠣᠯᠭᠠᠬᠤ︶

ᠬᠠᠭᠤᠯᠣᠨ ᠬᠦᠷᠬᠡᠬᠦ ᠨᠢ᠄ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ᠂ ᠬᠤᠰᠢᠭᠤᠨ ᠤ ᠠᠷᠠᠳ

 ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ᠂ ᠣᠯᠣᠰ ᠲᠦᠷᠦ ᠶᠢᠨ

ᠵᠦᠪᠯᠡᠯᠬᠡᠨ ᠤ ᠠᠯᠪᠠᠨ ᠭᠡᠷ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ

ᠬᠤᠷᠢᠶ᠎ᠠ᠂ ᠡᠯ᠎ᠡ ᠠᠷᠠᠳ ᠤᠨ ᠪᠦᠯᠬᠦᠮ᠃

                                                                       

               ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  

               2018 ᠣᠨ ᠤ 10 ᠰᠠᠷ᠎ᠠ ᠶᠢᠨ 9 ᠤ ᠡᠳᠦᠷ ᠳᠠᠷᠣᠮᠠᠯᠯᠠᠨ ᠲᠠᠷᠬᠠᠭᠠᠪᠠ

 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号