2018 ᠣᠨ ᠤ ᠵᠠᠰᠠᠭ  ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018-02-09
                       — 2018  ᠣᠨ   ᠤ  2  ᠰᠠᠷ᠎ᠠ   ᠶᠢᠨ 6   ᠤ  ᠡᠳᠦᠷ  ᠡᠸ᠋ᠨᠩᠬᠢ                    ᠦᠨᠳᠦᠰᠦᠲᠡᠨ ᠤ ᠦᠪᠡᠷᠲᠡᠭᠡᠨ ᠬᠤᠰᠢᠭᠤᠨ ᠤ  ᠠᠷᠪᠠᠨ   ᠭᠤᠷᠪᠠᠳᠣᠭᠠᠷ                    ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ   ᠤᠨ                    ᠬᠤᠶᠠᠳᠣᠭᠠᠷ ᠬᠤᠷᠠᠯᠳᠣᠭᠠᠨ ᠳᠡᠭᠡᠷ᠎ᠡ ᠦᠪᠡᠷᠲᠡᠭᠡᠨ ᠵᠠᠰᠠᠬᠤ ᠬᠤᠰᠢᠭᠤᠨ ᠤ                    ᠠᠷᠠᠳ ᠤᠨ ᠵᠠᠰᠠᠭ ᠤᠨ ᠣᠷᠳᠣᠨ ᠤ ᠳᠠᠷᠤᠭ᠎ᠠ     ᠨᠠ ᠰᠢᠶᠣᠣ ᠭᠤᠸᠠᠩᠲᠦᠯᠦᠭᠡᠯᠡᠭᠴᠢᠳ ᠡ᠄     ᠡᠳᠦᠭᠡ᠂ ᠪᠢ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠣ᠂ ᠲᠠᠷᠠᠴᠢᠯᠠᠨ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃     ᠨᠢᠬᠡ᠂ 2017 ᠣᠨ ᠤ ᠠᠵᠢᠯ ᠤᠨ ᠡᠷᠭᠢᠴᠡᠭᠦᠯᠦᠯ     2017 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠣᠳᠣᠷᠢᠳᠣᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠶᠣᠰᠣᠨ ᠤ ᠬᠢᠨᠠᠯᠲᠠ ᠲᠠᠯᠪᠢᠯᠲᠠ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠲᠠᠯᠪᠢᠯᠲᠠ ᠳᠣᠣᠷ᠎ᠠ᠂ ᠬᠤᠰᠢᠭᠤᠨ  ᠤ ᠵᠠᠰᠠᠭ ᠤᠨ ᠣᠷᠳᠣᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠳᠠᠶᠢᠴᠢᠯᠠᠵᠣ᠂ ᠠᠵᠣ ᠠᠬᠤᠢ ᠪᠠᠭᠤᠷᠠᠬᠤ᠂ ᠪᠡᠯᠡ ᠣᠷᠣᠭᠤᠯᠣᠯᠲᠠ ᠪᠠᠭᠠᠰᠬᠤ᠂ ᠦᠷᠬᠦᠯᠵᠢᠯᠡᠨ ᠭᠠᠩ ᠭᠠᠮᠰᠢᠭ ᠪᠣᠯᠬᠤ ᠵᠡᠷᠭᠡ ᠠᠯᠢ ᠣᠯᠠᠨ ᠠᠰᠢᠭ ᠦᠭᠡᠢ ᠬᠦᠴᠦᠨ ᠵᠦᠢᠯ ᠢ ᠢᠳᠡᠪᠬᠢᠲᠡᠢ ᠠᠷᠭᠠᠴᠠᠵᠣ᠂ ᠣᠶᠣᠨ ᠣᠬᠠᠭᠠᠨ ᠬᠦᠴᠦᠨ ᠴᠢᠳᠠᠯ ᠢᠶᠠᠨ ᠲᠦᠪᠯᠡᠷᠡᠬᠦᠯᠵᠦ᠂ ᠪᠣᠳᠠᠳᠠᠢ ᠠᠵᠢᠯᠯᠠᠨ ᠵᠣᠷᠢᠭ ᠲᠠᠢ ᠡᠭᠦᠷᠭᠡᠯᠡᠵᠦ᠂ ᠠᠵᠣ ᠠᠬᠤᠢ ᠨᠡᠶᠢᠬᠡᠮ  ᠤᠨ ᠬᠦᠭᠵᠢᠯᠲᠡ ᠰᠢᠨ᠎ᠡ ᠠᠬᠢᠴᠠ ᠲᠠᠢ ᠪᠣᠯᠵᠣ᠂ ᠵᠢᠯ ᠤᠨ ᠡᠬᠢᠨ ᠤ ᠲᠣᠭᠲᠠᠭᠠᠭᠰᠠᠨ ᠡᠯ᠎ᠡ ᠵᠦᠢᠯ ᠤᠨ ᠬᠠᠷᠠᠯᠳᠠᠳᠣ ᠡᠭᠦᠷᠬᠡ ᠪᠠᠨ ᠲᠡᠬᠦᠰ ᠠᠮᠵᠢᠯᠲᠠ ᠲᠠᠢ ᠪᠡᠶᠡᠯᠡᠭᠦᠯᠪᠡ᠃    ︵ᠨᠢᠬᠡ︶ ᠣᠯᠣᠰ ᠠᠷᠠᠳ ᠤᠨ ᠠᠵᠣ ᠠᠬᠤᠢ ᠲᠣᠭᠲᠠᠭᠤᠨ ᠮᠦᠷᠳᠡᠬᠡᠨ ᠴᠢᠨᠠᠷ ᠤᠨ ᠲᠠᠯ᠎ᠠ ᠪᠠᠷ ᠳᠡᠭᠡᠭᠰᠢᠯᠡᠯᠲᠡ  ᠲᠠᠢ ᠪᠣᠯᠪᠠ᠃ 2017 ᠣᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠳᠡᠭ ᠢ ᠵᠢᠱᠢᠯᠲᠠ ᠪᠠᠷ 118 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠠᠳᠠᠯᠢᠳᠬᠠᠵᠣ ᠪᠣᠯᠬᠤ ᠦᠨ᠎ᠡ ᠪᠠᠷ ᠪᠣᠳᠣᠪᠠᠯ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 5% ᠢᠶᠠᠷ ᠨᠡᠮᠡᠭᠳᠡᠪᠡ᠃ ᠡᠩ ᠤᠨ ᠣᠯᠠᠨ ᠨᠡᠶᠢᠲᠡ  ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 6.47 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢ 20.8 ᠳ᠋ᠥᠩᠰᠢᠭᠤᠷ ᠲᠦᠭᠦᠷᠢᠭ ᠪᠡᠶᠡᠯᠡᠬᠦᠯᠪᠡ᠃ ᠪᠦᠬᠦ ᠬᠤᠰᠢᠭᠤᠨ ᠤ ᠬᠢᠵᠠᠭᠠᠷ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 40 ᠳ᠋ᠥᠩᠰᠢᠭᠤᠷ ᠲᠦᠭᠦᠷᠢᠭ ᠪᠡᠶᠡᠯᠡᠬᠦᠯᠵᠦ᠂ 41 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠵᠦ᠂ ᠣᠨ ᠤ ᠪᠡᠯᠡ ᠣᠷᠣᠭᠤᠯᠣᠯᠲᠠ ᠶᠢ 35.88 ᠳ᠋ᠥᠩᠰᠢᠭᠤᠷ ᠲᠦᠭᠦᠷᠢᠭ ᠪᠡᠶᠡᠯᠡᠬᠦᠯᠪᠡ᠃ ᠬᠤᠲᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠶᠢ 29148 ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8.1% ᠢᠶᠠᠷ ᠨᠡᠮᠡᠭᠳᠡᠪᠡ︔ ᠮᠠᠯᠵᠢᠬᠤ ᠣᠷᠣᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 20581 ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ  ᠬᠢ ᠠᠴᠠ 8.5% ᠢᠶᠠᠷ ᠨᠡᠮᠡᠭᠳᠡᠪᠡ᠃ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠥᠩᠬᠡᠢ ᠬᠡᠮᠵᠢᠶ᠎ᠡ ᠶᠢ 18.7 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ  ᠬᠢ ᠠᠴᠠ 8% ᠢᠶᠠᠷ ᠨᠡᠮᠡᠭᠳᠡᠪᠡ᠃    ︵ᠬᠤᠶᠠᠷ︶ ᠠᠵᠣ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ᠂ ᠰᠢᠨ᠎ᠡ ᠬᠡᠯᠪᠡᠷᠢ ᠶᠢᠨ ᠠᠵᠣ ᠦᠢᠯᠡᠳᠪᠦᠷᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ  ᠤᠨ ᠬᠠᠮᠵᠢᠯᠴᠠᠨ ᠬᠦᠭᠵᠢᠬᠦ ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠣᠭᠰᠠᠨ ᠢᠶᠠᠷ᠂ ᠭᠤᠷᠪᠠᠨ ᠣᠳᠠᠭᠠᠨ ᠤ ᠠᠵᠣ ᠦᠢᠯᠡᠰ ᠤᠨ ᠬᠠᠷᠢᠴᠠᠯ ᠨᠢ ᠰᠢᠯᠢᠳᠡᠭᠵᠢᠬᠡᠳ 6.8᠄ 65.2᠄ 28 ᠪᠣᠯᠪᠠ᠃ ᠲᠠᠷᠢᠶᠠᠯᠠᠩ ᠮᠠᠯ ᠠᠵᠣ ᠠᠬᠤᠢ ᠲᠣᠭᠲᠠᠭᠤᠨ ᠢᠶᠠᠷ ᠬᠦᠭᠵᠢᠪᠡ᠃ ᠮᠠᠯ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ ᠬᠦᠴᠦᠯᠡᠨ ᠠᠬᠢᠭᠤᠯᠵᠣ᠂ ᠣᠯᠣᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ ᠲᠣᠭᠤᠷᠢᠭ ᠤᠨ ᠪᠦᠲᠦᠭᠡᠨ ᠪᠠᠶᠢᠭᠤᠯᠣᠯᠲᠠ ᠦᠷ᠎ᠡ ᠪᠦᠲᠦᠮᠵᠢ ᠪᠠᠷ ᠢᠯᠡᠳᠳᠡ ᠪᠣᠯᠵᠣ᠂ ︽ᠰᠦ᠂ ᠮᠢᠬ᠎ᠠ᠂ ᠡᠪᠡᠰᠦ᠂ ᠠᠳᠣᠭᠤ︾ ᠳᠦᠷᠪᠡᠨ ᠲᠣᠮᠣ ᠠᠵᠣ ᠦᠢᠯᠡᠰ ᠵᠣᠬᠢᠴᠠᠩᠭᠤᠢ ᠬᠦᠭᠵᠢᠵᠦ᠂ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ 107 ᠲᠦᠮᠡᠨ ᠲᠣᠯᠣᠭᠠᠢ ᠳᠤ ᠬᠦᠷᠴᠦ᠂ ᠰᠣᠷᠭᠤᠭ ᠰᠦ᠂ ᠮᠢᠬᠠᠨ ᠤ ᠲᠦᠷᠦᠯ ᠤᠨ ᠭᠠᠷᠣᠯᠲᠠ ᠪᠠ ᠲᠡᠵᠢᠬᠡᠯ ᠡᠪᠡᠰᠦᠨ ᠤ ᠣᠨᠠᠯᠲᠠ ᠲᠣᠰ ᠲᠣᠰ 14 ᠲᠦᠮᠡᠨ ᠲᠣᠨ᠂ 1.9 ᠲᠦᠮᠡᠨ ᠲᠣᠨ ᠪᠠ 11 ᠲᠦᠮᠡᠨ ᠲᠣᠨ ᠬᠦᠷᠪᠡ᠃ ᠬᠦᠨᠳᠦ ᠰᠦᠷᠡᠬᠡᠢ ᠭᠠᠩ ᠭᠠᠮᠰᠢᠭ ᠢ ᠢᠳᠡᠪᠬᠢᠲᠡᠢ ᠠᠷᠭᠠᠴᠠᠨ᠂ ᠭᠠᠮᠰᠢᠭ ᠢ ᠡᠰᠡᠷᠭᠦᠴᠡᠬᠦ ᠪᠡᠯᠡ ᠮᠦᠩᠬᠦ ᠶᠢ 1790 ᠲᠦᠮᠡᠨ ᠲᠦᠭᠦᠷᠢᠭ ᠲᠣᠬᠢᠷᠠᠭᠤᠯᠵᠣ᠂ ᠲᠣᠰᠠᠯᠠᠭᠳᠠᠭᠰᠠᠨ ᠠᠷᠠᠳ 8390 ᠡᠷᠦᠬᠡ ᠪᠣᠯᠪᠠ᠃ ᠪᠠᠴᠢᠮ ᠪᠠᠶᠢᠳᠠᠯ ᠢ ᠠᠷᠭᠠᠴᠠᠬᠤ ᠲᠡᠵᠢᠬᠡᠯ ᠡᠪᠡᠰᠦ ᠶᠢ 2 ᠲᠦᠮᠡᠨ ᠲᠣᠨ ᠨᠦᠬᠡᠴᠡᠯᠡᠪᠡ᠃ ᠲᠠᠷᠢᠶᠠᠯᠠᠩ ᠮᠠᠯ ᠠᠵᠣ ᠠᠬᠤᠢ  ᠶᠢᠨ ᠳᠠᠭᠠᠭᠤᠯᠣᠭᠴᠢ ᠠᠵᠣ ᠠᠬᠤᠶᠢᠯᠠᠯ ᠤᠨ ᠬᠦᠭᠵᠢᠯᠲᠡ ᠶᠢ ᠳᠠᠮᠵᠢᠵᠣ᠂ ᠪᠣᠷᠣᠯᠠᠭᠤᠯᠭ᠎ᠠ ᠶᠢᠨ ᠣᠷᠣᠯᠭ᠎ᠠ ᠨᠢ ᠵᠠᠭᠤᠨ ᠲᠦᠮᠡᠨ ᠲᠦᠭᠦᠷᠢᠭ ᠳᠠᠪᠠᠭᠰᠠᠨ ᠠᠵᠣ ᠠᠬᠤᠶᠢᠯᠠᠯ ᠤᠨ ᠪᠣᠷᠣᠯᠠᠭᠤᠯᠭ᠎ᠠ ᠶᠢᠨ ᠣᠷᠣᠯᠭ᠎ᠠ ᠨᠢ 4.26 ᠳ᠋ᠥᠩᠰᠢᠭᠤᠷ ᠲᠦᠭᠦᠷᠢᠭ ᠬᠦᠷᠪᠡ᠃ ᠲᠦᠷᠦᠯ ᠳᠡᠮᠳᠡᠭᠲᠦ ᠶᠢ ᠡᠭᠦᠳᠬᠦ ᠶᠢ ᠴᠢᠬᠤᠯᠠᠴᠢᠯᠠᠵᠣ᠂ ︽ᠭᠤᠷᠪᠠᠨ ᠲᠦᠷᠦᠯ ᠳᠡᠮᠳᠡᠭᠲᠦ︾ ᠶᠢᠨ ᠨᠣᠳᠠᠯᠠᠯᠲᠠ ᠶᠢ 27 ᠶᠢ ᠪᠡᠶᠡᠯᠡᠬᠦᠯᠪᠡ᠃ ᠠᠵᠣ ᠦᠢᠯᠡᠳᠪᠦᠷᠢ ᠶᠢᠨ ᠠᠵᠣ ᠠᠬᠤᠢ ᠶᠠᠰᠣ ᠴᠢᠨᠠᠷ  ᠢᠶᠠᠨ ᠳᠡᠭᠡᠭᠰᠢᠯᠡᠬᠦᠯᠦᠨ ᠦᠷ᠎ᠡ ᠠᠰᠢᠭ ᠢᠶᠠᠨ ᠨᠡᠮᠡᠭᠳᠡᠬᠦᠯᠪᠡ᠃ ᠠᠵᠣ ᠦᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠨᠢ ᠢᠯᠡᠳᠲᠡ ᠪᠠᠶᠢᠵᠣ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠨᠢ ᠶᠡᠷᠥᠩᠬᠡᠢ ᠦᠢᠯᠡᠳᠬᠦᠨ ᠤ ᠦᠷᠳᠡᠭ ᠢ 88.42 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 11.99% ᠢᠶᠠᠷ ᠨᠡᠮᠡᠭᠳᠡᠵᠦ᠂ ᠠᠵᠣ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ ᠨᠢ 96.3% ᠬᠦᠷᠴᠦ᠂ ᠪᠦᠬᠦ ᠵᠢᠯ ᠳᠤ 3452 ᠲᠦᠮᠡᠨ ᠳᠣᠨ ᠲᠦᠭᠦᠭᠡᠢ ᠨᠡᠬᠦᠷᠡᠰᠦ ᠦᠢᠯᠡᠳᠪᠦᠷᠢᠯᠡᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ  ᠠᠴᠠ 13.8% ᠢᠶᠠᠷ ᠨᠡᠮᠡᠭᠳᠡᠨ᠂ 192 ᠳ᠋ᠥᠩᠰᠢᠭᠤᠷ ᠭᠷᠡᠳᠦ᠋ᠰ ᠴᠠᠬᠢᠯᠭᠠᠨ ᠭᠠᠷᠭᠠᠵᠣ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 6.02% ᠢᠶᠠᠷ ᠨᠡᠮᠡᠭᠳᠡᠪᠡ᠃ ᠢᠮᠢᠨ ᠤ ᠬᠦᠶᠦᠳᠡᠯ ᠰᠣᠯᠢᠬᠤ ᠦᠷᠳᠡᠭᠡ — ᠣᠯᠠᠭᠠᠨᠬᠤᠲᠠ ᠬᠦᠷᠬᠦ 500 ᠺᠢᠯᠣᠸᠣᠯᠲ ᠶᠢᠨ ᠬᠦᠴᠦᠳᠡᠯ ᠬᠤᠪᠢᠷᠠᠭᠤᠯᠬᠤ ᠢᠨᠵᠧᠨᠧᠷᠢᠩ᠂ ᠬᠤᠸᠠ ᠨᠧᠩ ᠢᠮᠢᠨ  ᠤ ᠵᠠᠳᠠᠭᠠᠢ ᠠᠭᠤᠷᠬᠠᠢ ᠶᠢᠨ ᠨᠡᠬᠦᠷᠡᠰᠦᠨ ᠭᠠᠳᠠᠷᠭᠤ ᠶᠢᠨ ᠰᠢᠷᠣᠢ ᠶᠢ ᠰᠠᠯᠭᠠᠬᠤ ᠮᠡᠷᠬᠡᠵᠢᠯ ᠢ ᠦᠬᠡᠷᠡᠴᠢᠯᠡᠬᠦ᠂ ᠪᠠᠷᠠᠭᠤᠨ ᠲᠠᠯ᠎ᠠ ᠶᠢᠨ ᠰᠢᠷᠣᠢ ᠬᠠᠶᠠᠭᠰᠠᠨ ᠭᠠᠵᠠᠷ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠦᠷᠳᠡᠭᠡ᠂ ᠶᠡᠬᠡᠲᠠᠯ᠎ᠠ ᠶᠢᠨ ᠬᠤᠶᠠᠳᠣᠭᠠᠷ ᠬᠤᠭᠤᠴᠠᠭ᠎ᠠ ᠶᠢᠨ ᠲᠣᠭᠤᠷᠢᠨ ᠵᠣᠭᠠᠴᠠᠬᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠲᠦᠷᠦᠯ ᠵᠦᠢᠯ ᠤᠨ ᠠᠬᠢᠴᠠ ᠨᠢ ᠣᠷᠣᠭᠰᠢᠲᠠᠢ ᠪᠠᠶᠢᠵᠣ᠂ ᠠᠵᠣ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠨᠡᠶᠢᠲᠡ 27.15 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ  ᠬᠤᠭᠤᠴᠠᠭᠠᠨ ᠤ ᠬᠢ ᠠᠴᠠ 43.8% ᠢᠶᠠᠷ ᠨᠡᠮᠡᠭᠳᠡᠪᠡ᠃ ᠭᠤᠷᠪᠠᠳᠣᠭᠠᠷ ᠠᠵᠣ ᠦᠢᠯᠡᠰ ᠦᠷᠨᠢᠬᠦᠨ ᠬᠦᠭᠵᠢᠪᠡ᠃ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠵᠦ᠂ ᠭᠤᠷᠪᠠᠳᠣᠭᠠᠷ ᠠᠵᠣ ᠦᠢᠯᠡᠰ ᠤᠨ ᠭᠤᠷᠪᠠᠨ ᠣᠳᠠᠭᠠᠨ ᠤ ᠠᠵᠣ ᠦᠢᠯᠡᠰ ᠲᠠᠬᠢ ᠬᠤᠪᠢ ᠶᠢᠨ ᠵᠢᠩ ᠨᠢ ᠵᠠᠭᠤᠨ ᠤ ᠬᠠᠷᠢᠴᠠᠯ ᠢᠶᠠᠷ 1.6 ᠬᠤᠪᠢ ᠳᠡᠭᠡᠭᠰᠢᠯᠡᠪᠡ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ 33 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8% ᠢᠶᠠᠷ ᠨᠡᠮᠡᠭᠳᠡᠪᠡ᠃ ︽ᠣᠷᠣᠨ ᠪᠦᠰᠡ ᠶᠢᠨ ᠵᠣᠭᠠᠴᠠᠯ᠂ ᠳᠦᠷᠪᠡᠨ ᠣᠯᠠᠷᠢᠯ ᠤᠨ ᠵᠣᠭᠠᠴᠠᠯ᠂ ᠪᠦᠬᠦ ᠠᠷᠠᠳ ᠤᠨ ᠵᠣᠭᠠᠴᠠᠯ︾ ᠤᠨ ᠬᠦᠭᠵᠢᠯᠲᠡ  ᠶᠢᠨ ᠬᠡᠪ ᠵᠠᠬᠪᠣᠷ ᠢ ᠪᠦᠬᠦ ᠲᠠᠯ᠎ᠠ ᠪᠠᠷ ᠰᠦᠪᠡᠭᠴᠢᠯᠡᠵᠦ᠂ ᠪᠦᠬᠦ ᠬᠤᠰᠢᠭᠤ ᠵᠣᠭᠠᠴᠠᠭᠰᠠᠳ ᠢ 65.2 ᠲᠦᠮᠡᠨ ᠬᠦᠮᠦᠨ ᠣᠳᠠᠭ᠎ᠠ ᠶᠢ ᠬᠦᠯᠢᠶᠡᠨ ᠠᠪᠴᠣ ᠵᠣᠴᠢᠯᠠᠨ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 7% ᠢᠶᠠᠷ ᠨᠡᠮᠡᠭᠳᠡᠨ᠂ ᠵᠣᠭᠠᠴᠠᠯ ᠤᠨ ᠦᠢᠯᠡᠰ ᠤᠨ ᠶᠡᠷᠥᠩᠬᠡᠢ ᠣᠷᠣᠯᠭ᠎ᠠ ᠶᠢ 6.6 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 10% ᠢᠶᠠᠷ ᠨᠡᠮᠡᠭᠳᠡᠪᠡ᠃ ᠪᠠᠶᠠᠨᠳᠣᠬᠤᠢ ᠠᠵᠣ ᠠᠬᠤᠢ ᠮᠡᠷᠭᠡᠵᠢᠯ ᠤᠨ ᠨᠡᠬᠡᠬᠡᠯᠲᠡ ᠶᠢᠨ ᠣᠷᠣᠨ ᠤ ᠦᠢᠯᠡᠳᠬᠦᠨ ᠤ ᠶᠡᠷᠥᠩᠬᠡᠢ ᠦᠷᠳᠡᠭ ᠨᠢ 19 ᠳ᠋ᠥᠩᠰᠢᠭᠤᠷ ᠲᠦᠭᠦᠷᠢᠭ  ᠲᠤ ᠬᠦᠷᠴᠦ᠂ ᠣᠷᠣᠵᠣ ᠰᠠᠭᠤᠭᠰᠠᠨ ᠠᠵᠣ ᠠᠬᠤᠶᠢᠯᠠᠯ ᠨᠢ 81 ᠪᠣᠯᠵᠣ᠂ 2960 ᠬᠦᠮᠦᠨ ᠢ ᠳᠠᠶᠢᠴᠢᠯᠠᠨ ᠠᠵᠢᠯ ᠣᠯᠭᠤᠪᠠ᠃ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠡᠯ᠎ᠡ ᠵᠦᠢᠯ ᠤᠨ ᠬᠠᠳᠠᠭᠠᠯᠠᠮᠵᠢ᠂ ᠵᠢᠬᠡᠯᠡᠯᠬᠡ ᠶᠢᠨ ᠦᠯᠡᠳᠡᠪᠦᠷᠢ ᠨᠢ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 10% ᠪᠠ 16.9% ᠢᠶᠠᠷ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠵᠦᠢᠯᠡᠰ ᠤᠨ ᠵᠠᠬ᠎ᠠ ᠳᠡᠯᠬᠡᠬᠦᠷ ᠦᠷᠭᠦᠯᠵᠢᠯᠡᠨ ᠬᠦᠭᠵᠢᠶᠡᠨᠳᠡᠢ ᠪᠣᠯᠵᠣ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡᠨ᠂ ᠡᠯᠧᠺᠲᠷᠣᠨ ᠬᠤᠳᠠᠯᠳᠣᠭᠠᠨ ᠤ ᠶᠠᠪᠣᠳᠠᠯ᠂ ᠢᠳᠡᠬᠡᠨ ᠣᠮᠳᠠᠭᠠᠨ ᠵᠤᠭ᠎ᠠ ᠴᠡᠩᠬᠡᠯ ᠵᠡᠷᠭᠡ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠴᠢᠨᠠᠷ ᠴᠢᠨᠰᠠᠭ᠎ᠠ ᠨᠢ ᠣᠯᠠᠮ ᠨᠢᠬᠡ ᠠᠯᠬᠤᠮ ᠳᠡᠭᠡᠭᠰᠢᠯᠡᠪᠡ᠃     ︵ᠭᠤᠷᠪᠠ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠯᠠᠪᠳᠠᠭᠤᠨ ᠢᠶᠠᠷ ᠠᠬᠢᠭᠤᠯᠣᠭᠳᠠᠪᠠ᠃ ᠲᠦᠯᠦᠪᠵᠢᠭᠦᠯᠭᠡ ᠶᠢᠨ ᠬᠦᠲᠦᠯᠦᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠣ᠂ ᠪᠠᠶᠠᠨᠳᠣᠬᠤᠢ ᠪᠠᠯᠭᠠᠰᠣ  ᠶᠢᠨ ᠡᠵᠡᠮᠰᠢᠯ ᠤᠨ ᠴᠢᠨᠠᠷᠲᠠᠢ ᠨᠠᠷᠢᠯᠢᠭ ᠲᠦᠯᠦᠪᠵᠢᠬᠦᠯᠭᠡ᠂ ᠭᠠᠵᠠᠷ ᠳᠣᠣᠷᠠᠬᠢ ᠶᠡᠷᠥᠩᠬᠡᠢ ᠬᠤᠭᠤᠯᠠᠢ ᠭᠤᠣᠷᠰᠣ  ᠶᠢᠨ ᠬᠤᠩᠬᠢᠯ ᠤᠨ ᠲᠦᠯᠦᠪᠵᠢᠬᠦᠯᠬᠡ ᠶᠢ ᠨᠠᠶᠢᠷᠠᠭᠤᠯᠣᠨ ᠵᠣᠬᠢᠶᠠᠬᠤ ᠠᠵᠢᠯ ᠢ ᠪᠡᠶᠡᠯᠡᠬᠦᠯᠪᠡ᠃ ᠬᠤᠲᠠ ᠪᠠᠯᠭᠠᠰᠣ  ᠶᠢᠨ ᠪᠦᠲᠦᠭᠡᠨ ᠪᠠᠶᠢᠭᠤᠯᠣᠯᠲᠠ ᠯᠠᠪᠳᠠᠭᠤᠨ ᠢᠶᠠᠷ ᠠᠬᠢᠭᠤᠯᠣᠭᠳᠠᠵᠣ᠂ ᠰᠠᠭᠤᠷᠢ ᠲᠦᠭᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠨ᠂ 1.16 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠬᠤᠲᠠ ᠪᠠᠯᠭᠠᠰᠣ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ 14 ᠲᠦᠷᠦᠯ ᠵᠦᠢᠯ ᠢ ᠬᠡᠷᠡᠭᠵᠢᠬᠦᠯᠵᠦ᠂ ᠰᠣᠯᠣᠨ ᠲᠣᠮᠣ ᠵᠡᠬᠡᠯᠢ᠂ ᠢᠮᠢᠨ ᠵᠠᠮ᠂ ᠰᠢᠨᠡᠬᠡᠨ ᠵᠠᠮ ᠵᠡᠷᠭᠡ ᠬᠤᠲᠠ ᠶᠢᠨ ᠵᠠᠮ ᠢ ᠰᠢᠨ᠎ᠡ ᠪᠠᠷ ᠦᠬᠡᠷᠡᠴᠢᠯᠡᠨ ᠪᠠᠶᠢᠭᠤᠯᠬᠤ ᠠᠵᠢᠯ ᠢ ᠪᠡᠶᠡᠯᠡᠬᠦᠯᠵᠦ᠂ ᠣᠪᠣᠭᠠᠨ ᠲᠠᠬᠢ ᠠᠭᠤᠯᠵᠠᠯᠲᠠ ᠲᠣᠰᠬᠠᠢ ᠰᠡᠳᠦᠪᠲᠦ ᠴᠡᠴᠡᠷᠯᠢᠭ ᠢ ᠪᠦᠲᠦᠭᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ᠂ ᠪᠠᠶᠠᠨᠳᠣᠬᠤᠢ ᠪᠠᠯᠭᠠᠰᠣ ᠶᠢᠨ ᠵᠠᠮ ᠤᠨ ᠳ᠋ᠧᠩ ᠢ ᠦᠬᠡᠷᠡᠴᠢᠯᠡᠬᠦ ᠪᠠ ᠠᠰᠠᠷ ᠤᠨ ᠴᠣᠭᠴᠠ ᠶᠢ ᠬᠡᠷᠡᠯᠲᠦᠬᠦᠯᠬᠦ ᠢᠨᠵᠧᠨᠧᠷᠢᠩ ᠢ ᠪᠡᠶᠡᠯᠡᠬᠦᠯᠵᠦ᠂ ᠬᠤᠲᠠ ᠶᠢᠨ ᠶᠠᠪᠣᠳᠠᠯ ᠤᠨ ᠬᠤᠭᠤᠯᠠᠢ ᠲᠣᠣᠷ ᠢ 21 ᠺᠢᠯᠣᠮᠧᠲᠷ ᠪᠠᠶᠢᠭᠤᠯᠪᠠ᠃ ᠦᠪᠦᠷ ᠮᠣᠩᠭᠤᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠪ᠂ ᠳᠠᠩᠰᠠ ᠡᠪᠬᠡᠮᠡᠯ ᠤᠨ ᠰᠠᠩ᠂ ᠬᠦᠯ ᠪᠦᠮᠪᠦᠭᠡ ᠶᠢᠨ ᠬᠦᠳᠡᠯᠬᠡᠬᠡᠨ ᠤ ᠲᠠᠯᠠᠪᠣᠷ ᠵᠡᠷᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠪᠡ᠃ ᠠᠷᠠᠳ ᠢᠷᠬᠡᠨ ᠤ ᠠᠮᠣᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠦᠷᠬᠦᠯᠵᠢᠯᠡᠨ ᠲᠦᠯᠬᠢᠨ ᠠᠬᠢᠭᠤᠯᠵᠣ᠂ ᠪᠠᠶᠠᠨᠳᠣᠬᠤᠢ ᠪᠠᠯᠭᠠᠰᠣ᠂ ᠳ᠋ᠠᠶᠠᠨ ᠪᠠᠯᠭᠠᠰᠣ᠂ ᠬᠤᠩᠭᠤᠯᠵᠢ ᠪᠠᠯᠭᠠᠰᠣ ᠶᠢᠨ ᠬᠤᠲᠠ ᠶᠢᠨ ᠲᠦᠬᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠬᠦ ᠲᠦᠷᠦᠯ ᠵᠦᠢᠯ ᠢ ᠬᠡᠷᠡᠭᠵᠢᠬᠦᠯᠵᠦ᠂ 2599 ᠡᠷᠦᠬᠡ ᠶᠢᠨ ᠬᠡᠷ ᠪᠠᠶᠢᠰᠢᠩ ᠢ ᠲᠠᠲᠠᠪᠣᠷᠢᠯᠠᠨ ᠬᠤᠷᠢᠶᠠᠵᠣ ᠨᠦᠬᠦᠪᠦᠷᠢ ᠦᠭᠬᠦ ᠵᠦᠪᠳᠡᠯᠴᠡᠭᠡᠷ ᠲᠣᠭᠲᠠᠵᠣ᠂ ᠮᠠᠯᠵᠢᠬᠤ ᠣᠷᠣᠨ ᠤ 312 ᠡᠷᠦᠬᠡ ᠶᠢᠨ ᠨᠣᠷᠠᠬᠤ ᠠᠶᠣᠯᠲᠠᠢ  ᠬᠡᠷ ᠪᠠᠶᠢᠰᠢᠩ ᠢ ᠰᠢᠨᠡᠳᠬᠡᠨ ᠵᠠᠰᠠᠬᠤ ᠶᠢ ᠬᠡᠷᠡᠭᠵᠢᠬᠦᠯᠵᠦ᠂ ᠣᠷᠣᠨ ᠰᠠᠭᠤᠴᠠ ᠶᠢᠨ ᠪᠠᠷᠢᠯᠭ᠎ᠠ ᠶᠢ ᠡᠨᠧᠷᠬᠢ ᠠᠷᠪᠢᠯᠠᠬᠤ ᠪᠠᠷ ᠦᠭᠡᠷᠡᠴᠢᠯᠡᠨ ᠵᠠᠰᠠᠬᠤ ᠶᠢ 1.1 ᠲᠦᠮᠡᠨ ᠲᠡᠭᠰᠢ ᠳᠦᠷᠪᠡᠯᠵᠢᠨ ᠮᠧᠲᠷ ᠪᠡᠶᠡᠯᠡᠬᠦᠯᠪᠡ᠃ 4800 ᠲᠦᠮᠡᠨ ᠲᠦᠭᠦᠷᠢᠭ ᠪᠡᠯᠡ ᠣᠷᠣᠭᠤᠯᠵᠣ᠂ ᠲᠣᠰᠬᠤᠨ ᠳᠤ ᠨᠡᠪᠳᠡᠷᠡᠬᠦ ᠵᠠᠰᠠᠮᠠᠯ ᠵᠠᠮ ᠤᠨ 5 ᠲᠦᠷᠦᠯ ᠵᠦᠢᠯ ᠢ ᠬᠡᠷᠡᠭᠵᠢᠬᠦᠯᠵᠦ ᠂ ᠶᠡᠷᠥᠩᠬᠡᠢ ᠵᠠᠮ ᠤᠨ ᠣᠷᠳᠣ ᠨᠢ 62.8 ᠺᠢᠯᠣᠮᠧᠲᠷ ᠪᠣᠯᠪᠠ᠃ 1211 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠰᠢᠨ᠎ᠡ ᠪᠠᠷ 293 ᠭᠠᠵᠠᠷ ᠲᠤ ᠣᠰᠣ ᠬᠠᠩᠭᠠᠬᠤ ᠦᠨᠳᠦᠰᠦᠨ ᠬᠤᠳᠳᠤᠭ ᠴᠣᠬᠢᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠣᠰᠣ ᠣᠮᠳᠠ ᠶᠢᠨ ᠠᠮᠣᠷ ᠲᠦᠪᠰᠢᠨ ᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠳᠡᠭᠡᠳᠦ ᠱᠠᠲᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠵᠣᠬᠢᠴᠠᠯᠳᠣᠨ ᠬᠠᠶᠢᠯᠠᠷ  ᠠᠴᠠ ᠢᠮᠢᠨ ᠬᠦᠷᠬᠦ ᠵᠠᠰᠠᠮᠠᠯ ᠵᠠᠮ ᠤᠨ ᠰᠠᠨ ᠳ᠋ᠣᠣ ᠸᠠᠨ ᠪᠣᠯᠣᠨ ᠳᠡᠮᠡᠬᠡᠨᠬᠦ᠋ᠵᠦᠬᠦᠦ ᠬᠤᠶᠠᠷ ᠰᠦᠢᠳᠬᠡᠯ ᠬᠤᠷᠢᠶᠠᠬᠤ ᠦᠷᠳᠡᠭᠡ ᠶᠢ ᠦᠭᠡᠢ ᠪᠣᠯᠭᠠᠵᠣ᠂ ᠠᠷᠠᠳ ᠢᠷᠬᠡᠳ ᠤᠨ ᠭᠠᠷᠴᠣ ᠶᠠᠪᠣᠬᠤ ᠳᠤ ᠨᠡᠩ ᠠᠰᠢᠭ ᠲᠠᠢ ᠳᠦᠬᠦᠮ ᠨᠦᠬᠦᠴᠡᠯ ᠬᠠᠩᠭᠠᠪᠠ᠃     ︵ᠳᠦᠷᠪᠡ︶ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠣᠷᠴᠢᠨ ᠲᠣᠭᠤᠷᠢᠨ  ᠤ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠪ ᠤᠨ ᠣᠷᠴᠢᠨ ᠲᠣᠭᠤᠷᠢᠨ ᠢ ᠬᠠᠮᠠᠭᠠᠯᠠᠬᠤ ᠳᠠᠬᠢ ᠬᠢᠨᠠᠨ ᠪᠠᠶᠢᠴᠠᠭᠠᠯᠲᠠ ᠬᠢᠭᠰᠡᠨ ᠪᠠ ᠣᠯᠣᠰ ᠤᠨ ᠬᠢᠨᠠᠨ ᠪᠣᠳᠣᠯᠳᠠ ᠶᠢᠨ ᠵᠠᠬᠢᠷᠭ᠎ᠠ ᠶᠢᠨ ᠣᠳᠣᠷᠢᠳᠬᠤ ᠺᠠᠳ᠋ᠷᠴᠣᠳ  ᠤᠨ ᠲᠣᠰᠢᠶᠠᠯ ᠠᠴᠠ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠠᠯ᠎ᠠ ᠪᠠᠷ ᠬᠢᠨᠠᠨ ᠪᠣᠳᠣᠯᠲᠠ ᠬᠢᠭᠰᠡᠨ ᠤ ᠳᠠᠷᠠᠭ᠎ᠠ ᠬᠠᠷᠢᠭᠤ ᠲᠣᠰᠬᠠᠬᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠪᠣᠳᠠᠳᠣ ᠴᠢᠨᠠᠷ  ᠤᠨ ᠠᠬᠢᠴᠠ ᠲᠠᠢ ᠪᠣᠯᠪᠠ᠃ ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠣ᠂ ᠱᠧᠨ ᠬᠤᠸᠠ ᠳ᠋ᠠᠶᠠᠨ ᠤ ᠪᠦᠯᠦᠭᠯᠡᠯ ᠤᠨ ᠨᠡᠬᠦᠷᠡᠰᠦ ᠰᠢᠳᠠᠭᠠᠬᠤ ᠬᠦᠸᠧᠯᠦ ᠶᠢ ᠶᠡᠷᠥᠩᠬᠡᠶᠢᠯᠡᠨ ᠵᠠᠰᠠᠬᠤ᠂ ᠢᠮᠢᠨ ᠤ ᠨᠡᠬᠦᠷᠡᠰᠦ ᠴᠠᠬᠢᠯᠭᠠᠨ ᠤ ᠺᠣᠮᠫᠠᠨᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠦᠭᠡᠷᠡᠴᠢᠯᠡᠬᠦ᠂ ᠡᠸ᠋ᠨᠩᠬᠢ ᠶᠢᠨ ᠴᠠᠬᠢᠯᠭᠠᠨ ᠤ ᠦᠢᠯᠡᠳᠪᠦᠷᠢ ᠶᠢᠨ ᠪᠣᠬᠢᠷᠳᠣᠯ ᠡᠳ᠋ ᠢ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠨᠢᠬᠡ ᠪᠦᠯᠦᠭ ᠣᠷᠴᠢᠨ ᠲᠣᠭᠤᠷᠢᠨ ᠢ ᠬᠠᠮᠠᠭᠠᠯᠠᠬᠤ ᠲᠦᠷᠦᠯ ᠵᠦᠢᠯ ᠤᠨ ᠠᠬᠢᠴᠠ ᠣᠷᠣᠭᠰᠢᠲᠠᠢ ᠪᠠᠶᠢᠵᠣ᠂ ᠪᠠᠶᠠᠨᠳᠣᠬᠤᠢ ᠪᠠᠯᠭᠠᠰᠣ ᠶᠢᠨ ᠪᠦᠲᠦᠭᠡᠨ ᠪᠠᠶᠢᠭᠤᠯᠣᠭᠰᠠᠨ ᠲᠣᠭᠤᠷᠢᠭ ᠤᠨ 7 ᠠᠵᠣ ᠠᠬᠤᠶᠢᠯᠠᠯ ᠤᠨ ᠢᠯᠴᠢ ᠶᠢᠨ ᠬᠦᠴᠦᠨ ᠢ ᠲᠣᠣᠷ ᠲᠤ ᠨᠡᠶᠢᠯᠡᠬᠦᠯᠬᠦ ᠠᠵᠢᠯ ᠢ ᠪᠡᠶᠡᠯᠡᠬᠦᠯᠪᠡ᠃ ᠲᠦᠪ ᠬᠤᠲᠠ ᠲᠣᠭᠤᠷᠢᠭ ᠤᠨ ᠣᠰᠣᠨ ᠰᠣᠷᠪᠣᠯᠵᠢ ᠶᠢᠨ ᠭᠠᠵᠠᠷ ᠤᠨ ᠣᠰᠣ ᠲᠠᠲᠠᠬᠤ ᠢᠨᠵᠧᠨᠧᠷᠢᠩ ᠢ ᠵᠣᠬᠢᠴᠠᠭᠤᠯᠣᠨ ᠬᠡᠷᠡᠭᠵᠢᠬᠦᠯᠵᠦ᠂ ᠰᠣᠮᠣ ᠰᠢᠶᠠᠩ ᠪᠠᠯᠭᠠᠰᠣ ᠶᠢᠨ ᠣᠣᠭᠤᠬᠤ ᠣᠰᠣᠨ ᠤ ᠡᠬᠢ ᠰᠣᠷᠪᠣᠯᠵᠢ ᠶᠢ ᠬᠠᠮᠠᠭᠠᠯᠠᠬᠤ ᠣᠷᠣᠨ ᠤ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠪᠠ᠃ ︽ᠭᠤᠣᠯ ᠮᠦᠷᠡᠨ ᠤ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ︾ ︽ᠨᠠᠭᠤᠷ ᠴᠦᠬᠦᠷᠦᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠤᠰᠢᠭᠤᠨ ᠤ ᠬᠡᠪᠴᠢᠶᠡᠨ ᠲᠠᠬᠢ 24 ᠭᠤᠣᠯ᠂ 6 ᠨᠠᠭᠤᠷ ᠲᠤ ᠬᠤᠰᠢᠭᠤ ᠰᠢᠶᠠᠩ ᠬᠤᠶᠠᠷ ᠱᠠᠲᠣᠨ ᠤ ᠭᠤᠣᠯ ᠮᠦᠷᠡᠨ ᠤ ᠠᠵᠢᠯ ᠢ ᠬᠠᠷᠢᠭᠤᠴᠠᠬᠤ ᠳᠠᠷᠤᠭ᠎ᠠ ᠨᠠᠭᠤᠷ ᠴᠦᠬᠦᠷᠦᠮ  ᠤᠨ ᠠᠵᠢᠯ ᠢ ᠬᠠᠷᠢᠭᠤᠴᠠᠬᠤ ᠳᠠᠷᠤᠭ᠎ᠠ ᠶᠢ ᠲᠣᠬᠢᠷᠠᠭᠤᠯᠪᠠ᠃ ᠨᠣᠲᠤᠭ ᠪᠡᠯᠴᠢᠭᠡᠷ ᠤᠨ ᠪᠦᠲᠦᠭᠡᠨ ᠪᠠᠶᠢᠭᠤᠯᠣᠯᠲᠠ ᠪᠠ ᠬᠠᠮᠠᠭᠠᠯᠠᠯᠲᠠ ᠶᠢ ᠴᠢᠩᠭᠠᠳᠬᠠᠵᠣ᠂ ᠨᠣᠲᠤᠭ ᠪᠡᠯᠴᠢᠭᠡᠷ ᠢ ᠡᠪᠳᠡᠬᠦ ᠬᠠᠣᠯᠢ ᠶᠢ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ 12.7 ᠲᠦᠮᠡᠨ ᠮᠣ᠋ ᠡᠪᠡᠰᠦ ᠲᠠᠷᠢᠵᠣ᠂ 40.7 ᠲᠦᠮᠡᠨ ᠮᠣ᠋ ᠭᠠᠵᠠᠷ ᠲᠤ ᠬᠤᠯᠣᠭᠠᠨ᠎ᠠ ᠶᠢᠨ ᠬᠦᠨᠦᠬᠡᠯ ᠢ ᠰᠡᠷᠭᠡᠶᠢᠯᠡᠨ ᠵᠠᠰᠠᠪᠠ᠃ ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠣ ᠨᠦᠬᠦᠪᠦᠷᠢᠯᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ 5426 ᠲᠦᠮᠡᠨ ᠲᠦᠭᠦᠷᠢᠭ ᠱᠠᠩᠨᠠᠵᠣ ᠨᠦᠬᠦᠪᠦᠷᠢᠯᠡᠬᠦ ᠮᠦᠩᠬᠦ ᠶᠢ ᠲᠠᠷᠬᠠᠭᠠᠪᠠ᠃ ᠣᠢ ᠰᠢᠭᠤᠢ ᠶᠢᠨ ᠠᠮᠢ ᠠᠬᠤᠢ  ᠶᠢᠨ ᠪᠦᠲᠦᠭᠡᠨ ᠪᠠᠶᠢᠭᠤᠯᠣᠯᠲᠠ ᠶᠢ ᠯᠠᠪᠳᠠᠭᠤᠨ ᠢᠶᠠᠷ ᠠᠬᠢᠭᠤᠯᠵᠣ᠂ ︽ᠭᠤᠷᠪᠠᠨ ᠣᠮᠠᠷᠠᠲᠣ︾ ᠶᠢᠨ ᠬᠠᠯᠬᠠᠪᠴᠢ ᠣᠢ ᠶᠢᠨ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠢ 3 ᠲᠦᠮᠡᠨ ᠮᠣ᠋᠂ ᠭᠤᠣᠯᠳᠠᠯᠭ᠎ᠠ ᠲᠠᠢ ᠣᠷᠣᠨ ᠪᠦᠰᠡ  ᠶᠢ ᠨᠣᠭᠤᠭᠠᠷᠠᠭᠤᠯᠬᠤ ᠶᠢ 0.6 ᠲᠦᠮᠡᠨ ᠮᠣ᠋ ᠪᠡᠶᠡᠯᠡᠬᠦᠯᠪᠡ᠃ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠨᠣᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠬᠡᠷᠡᠭᠵᠢᠬᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠣᠳᠣᠷᠠᠬᠢ ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠪᠠ ᠠᠮᠢ ᠠᠬᠤᠢ ᠶᠢᠨ ᠣᠷᠴᠢᠨ ᠲᠣᠭᠤᠷᠢᠨ ᠠᠯᠬᠤᠮ ᠴᠢᠨᠠᠭᠰᠢᠲᠠ ᠬᠠᠮᠠᠭᠠᠯᠠᠭᠳᠠᠪᠠ᠃     ︵ᠲᠠᠪᠤ︶ ᠦᠭᠡᠷᠡᠴᠢᠯᠡᠯᠲᠡ ᠨᠡᠬᠡᠬᠡᠯᠳᠡ ᠶᠢ ᠲᠠᠰᠣᠷᠠᠯᠳᠠ ᠦᠭᠡᠢ ᠬᠦᠨᠵᠡᠭᠡᠶᠢᠷᠡᠭᠦᠯᠪᠡ᠃ ᠡᠳ᠋ ᠤᠨ ᠵᠠᠰᠠᠭ ᠤᠨ ᠪᠠᠶᠢᠭᠤᠯᠣᠯ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠣ᠂ ᠣᠯᠣᠰ ᠤᠨ ᠰᠠᠩ ᠳᠤ ᠲᠦᠪᠯᠡᠷᠡᠬᠦᠯᠦᠨ ᠰᠠᠯᠭᠠᠨ ᠦᠭᠬᠦ ᠬᠦᠳᠡᠯᠦᠩᠬᠦᠢ ᠬᠢᠨᠠᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠣᠯᠲᠠ ᠶᠢ ᠦᠨᠳᠦᠰᠦᠨ ᠳᠡᠭᠡᠨ ᠪᠡᠶᠡᠯᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠬᠡᠢ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠳᠦᠷᠢᠮ ᠤᠨ ᠦᠬᠡᠷᠡᠴᠢᠯᠡᠯᠲᠡ ᠶᠢ ᠬᠦᠨᠵᠡᠬᠡᠢ ᠬᠡᠷᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠵᠦᠢᠯ ᠤᠨ 141 ᠵᠦᠢᠯ ᠢ ᠬᠡᠪ  ᠢᠶᠠᠷ ᠨᠢ ᠦᠯᠡᠳᠡᠭᠡᠪᠡ᠃ ᠠᠮᠢ ᠠᠬᠤᠢ ᠶᠢᠨ ᠪᠠᠶᠢᠭᠤᠯᠣᠯ ᠤᠨ ᠦᠭᠡᠷᠡᠴᠢᠯᠡᠯᠲᠡ ᠦᠷ᠎ᠡ ᠪᠦᠲᠦᠮᠵᠢ ᠪᠠᠷ ᠰᠠᠶᠢᠨ ᠪᠠᠶᠢᠵᠣ᠂ ᠦᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠠᠵᠢᠯ ᠢ ᠪᠦᠬᠦ ᠲᠡᠯ᠎ᠡ ᠪᠠᠷ ᠡᠬᠢᠯᠡᠬᠦᠯᠵᠦ᠂ ᠪᠣᠳᠠᠳᠣ ᠶᠠᠭᠤᠮ᠎ᠠ ᠶᠢᠨ ᠬᠡᠮᠵᠢᠬᠦᠷ ᠤᠨ ᠬᠦᠰᠦᠨᠦᠭ ᠢ ᠨᠠᠶᠢᠷᠠᠭᠤᠯᠵᠣ ᠳᠠᠭᠤᠰᠬᠠᠪᠠ᠃ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠣ᠂ ᠠᠵᠣ ᠠᠬᠤᠶᠢᠯᠠᠯ ᠤᠨ ︽ᠳᠣᠯᠣᠭᠠᠨ ᠦᠨᠡᠮᠯᠡᠯ ᠢ ᠨᠢᠬᠡᠳᠬᠡᠵᠦ ᠨᠢᠬᠡ ᠪᠣᠯᠭᠠᠬᠤ︾ ᠪᠠ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠬᠡᠳᠬᠡᠵᠦ ᠨᠢᠬᠡ ᠪᠣᠯᠭᠠᠬᠤ︾ ᠳᠠᠩᠰᠠᠯᠠᠯᠲᠠ ᠬᠢᠬᠦ ᠶᠢ ᠪᠡᠶᠡᠯᠡᠬᠦᠯᠪᠡ᠃ ᠦᠯᠦ ᠬᠦᠳᠡᠯᠬᠦ ᠬᠦᠷᠦᠩᠭᠡ ᠶᠢ ᠨᠢᠬᠡᠳᠦᠯᠳᠡᠢ ᠳᠠᠩᠰᠠᠯᠠᠬᠤ ᠠᠵᠢᠯ ᠢ ᠦᠨᠳᠦᠷ ᠦᠷ᠎ᠡ ᠠᠰᠢᠭ ᠲᠠᠢ ᠪᠠᠷ ᠶᠠᠪᠣᠭᠳᠠᠭᠤᠯᠵᠣ᠂ ᠪᠦᠬᠦ ᠵᠢᠯ  ᠳᠤ ᠨᠡᠶᠢᠲᠡ 1.37 ᠲᠦᠮᠡᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠬᠦᠢᠴᠡᠳᠬᠡᠪᠡ᠃ ᠨᠡᠶᠢᠬᠡᠮ ᠤᠨ ᠵᠠᠰᠠᠯᠲᠠ ᠶᠢᠨ ᠬᠡᠯᠪᠡᠷᠢ ᠶᠢᠨ ᠦᠬᠡᠷᠡᠴᠢᠯᠡᠯᠲᠡ ᠶᠢ ᠲᠦᠷᠬᠡᠳᠬᠡᠵᠦ᠂ ᠪᠠᠶᠠᠨᠳᠣᠬᠤᠢ ᠪᠠᠯᠭᠠᠰᠣ ᠶᠢᠨ ᠲᠦᠯᠦᠪᠵᠢᠬᠦᠯᠭᠡ  ᠶᠢᠨ ᠣᠷᠣᠨ ᠲᠣᠳᠣᠷ᠎ᠠ ᠬᠤᠲᠠ ᠶᠢᠨ ᠲᠣᠣᠷᠵᠢᠯᠲᠠ ᠶᠢᠨ ᠬᠠᠮᠢᠶᠠᠷᠣᠯᠲᠠ ᠬᠢᠬᠦ ᠠᠵᠢᠯ ᠢ ᠡᠬᠢᠯᠡᠭᠦᠯᠪᠡ᠃ ᠪᠦᠬᠦ ᠬᠤᠰᠢᠭᠤᠨ ᠤ ᠨᠣᠲᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠣ᠂ ᠭᠠᠳᠠᠷ ᠬᠡᠮᠵᠢᠨ ᠵᠢᠷᠣᠭᠯᠠᠬᠤ ᠠᠵᠢᠯ ᠢ 1288 ᠲᠦᠮᠡᠨ ᠮᠣ᠋ ᠪᠡᠶᠡᠯᠡᠬᠦᠯᠪᠡ᠃ ᠲᠠᠲᠠᠪᠣᠷᠢᠯᠠᠨ ᠬᠠᠮᠢᠶᠠᠷᠬᠤ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ︽ᠡᠵᠡᠩᠨᠡᠯᠲᠡ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠣᠯᠭᠠᠨ ᠬᠤᠪᠢᠷᠠᠭᠤᠯᠬᠤ︾ ᠠᠵᠢᠯ ᠢ ᠣᠷᠣᠭᠰᠢᠲᠠᠢ ᠲᠦᠯᠬᠢᠨ ᠠᠬᠢᠭᠤᠯᠵᠣ᠂ ᠣᠯᠣᠰ ᠤᠨ ᠭᠠᠶᠢᠯᠢ ᠣᠷᠣᠨ ᠨᠣᠲᠤᠭ ᠤᠨ ᠭᠠᠶᠢᠯᠢ ᠶᠢᠨ ᠶᠠᠪᠣᠳᠠᠯ ᠤᠨ ᠬᠠᠮᠵᠢᠯᠴᠠᠭ᠎ᠠ ᠲᠠᠰᠣᠷᠠᠯᠲᠠ ᠦᠭᠡᠢ ᠬᠦᠨᠵᠡᠭᠡᠶᠢᠷᠡᠪᠡ᠃ ᠠᠯᠪᠠᠨ ᠠᠴᠠ ᠪᠠᠶᠢᠭᠤᠯᠣᠭᠰᠠᠨ ᠡᠮᠨᠡᠯᠬᠡ ᠶᠢᠨ ᠬᠤᠷᠢᠶ᠎ᠠ ᠶᠢᠨ ᠶᠡᠷᠥᠩᠬᠡᠶᠢᠯᠡᠭᠰᠡᠨ ᠦᠭᠡᠷᠡᠴᠢᠯᠡᠯᠲᠡ᠂ ᠣᠯᠣᠰ ᠤᠨ ᠦᠮᠴᠢᠯᠡᠯᠲᠦ ᠣᠢ ᠶᠢᠨ ᠲᠠᠯᠠᠪᠠᠢ ᠶᠢᠨ ᠦᠭᠡᠷᠡᠴᠢᠯᠡᠯᠲᠡ ᠵᠡᠷᠭᠡ ᠦᠭᠡᠷᠡᠴᠢᠯᠡᠯᠲᠡ  ᠶᠢᠨ ᠡᠭᠦᠷᠭᠡ ᠶᠢ ᠪᠡᠶᠡᠯᠡᠬᠦᠯᠪᠡ᠃ ᠭᠠᠳᠠᠭᠰᠢ ᠨᠡᠬᠡᠬᠡᠯᠲᠡ ᠬᠢᠬᠦ ᠠᠯᠬᠤᠴᠠ ᠲᠦᠷᠭᠡᠳᠴᠦ᠂ ᠳᠣᠮᠳᠠᠳᠣ ᠣᠷᠣᠰ ᠮᠣᠩᠭᠤᠯ ᠤᠨ ᠣᠯᠠᠨ ᠣᠯᠣᠰ ᠤᠨ ᠬᠠᠮᠵᠢᠯᠴᠠᠭ᠎ᠠ ᠶᠢᠨ ᠬᠤᠰᠢᠭᠤᠴᠢ ᠣᠷᠣᠨ ᠳᠤ ᠢᠳᠡᠪᠬᠢᠲᠡᠢ ᠠᠭᠤᠰᠣᠯᠴᠠᠨ ᠣᠷᠣᠵᠣ᠂ ᠠᠵᠣ ᠦᠢᠯᠡᠰ ᠤᠨ ᠬᠦᠭᠵᠢᠯᠲᠡ ᠶᠢᠨ ᠴᠢᠭᠯᠡᠯ ᠵᠢᠴᠢ ᠳᠠᠪᠠᠭᠤᠯᠢᠭ ᠡᠬᠢ ᠪᠠᠶᠠᠯᠢᠭ ᠯᠤᠭ᠎ᠠ ᠣᠶᠠᠯᠳᠣᠭᠤᠯᠣᠨ᠂ ᠣᠷᠢᠳ ᠬᠤᠵᠢᠳ ᠰᠧᠨ ᠼᠣᠣ ᠲᠠᠷᠢᠶᠠᠯᠠᠩ ᠮᠠᠯ ᠠᠵᠣ ᠠᠬᠤᠢ ᠶᠢᠨ ᠬᠢᠵᠠᠭᠠᠷᠳᠣ ᠺᠣᠮᠫᠠᠨᠢ ᠵᠡᠷᠭᠡ ᠣᠯᠠᠨ ᠠᠵᠣ ᠠᠬᠤᠶᠢᠯᠠᠯ ᠯᠤᠭ᠎ᠠ ᠲᠦᠷᠦᠯ ᠵᠦᠢᠯ ᠤᠨ ᠵᠦᠪᠳᠡᠯᠴᠡᠭᠡ ᠶᠢᠨ ᠵᠣᠯᠭᠠᠭᠤᠯᠣᠯᠲᠠ ᠬᠢᠵᠦ᠂ ᠪᠦᠬᠦ ᠵᠢᠯ ᠳᠤ ᠠᠷᠠᠯᠵᠢᠶᠠᠴᠢᠨ ᠣᠷᠢᠬᠤ ᠪᠡᠯᠡ ᠣᠷᠣᠭᠤᠯᠣᠭᠰᠠᠨ ᠶᠡᠷᠥᠩᠬᠡᠢ ᠬᠡᠮᠵᠢᠶ᠎ᠡ ᠨᠢ 37.3 ᠳ᠋ᠥᠩᠰᠢᠭᠤᠷ ᠲᠦᠭᠦᠷᠢᠭ  ᠲᠤ ᠬᠦᠷᠪᠡ᠃     ︵ ᠵᠢᠷᠭᠤᠭ᠎ᠠ︶ ᠨᠡᠶᠢᠬᠡᠮ ᠤᠨ ᠠᠵᠢᠯ ᠦᠢᠯᠡᠰ ᠵᠣᠬᠢᠴᠠᠩᠭᠤᠢ ᠪᠠᠷ ᠬᠦᠭᠵᠢᠪᠡ᠃ ᠰᠢᠨᠵᠢᠯᠡᠬᠦ ᠣᠬᠠᠭᠠᠨ ᠰᠣᠷᠭᠠᠨ ᠬᠦᠮᠦᠵᠢᠯ ᠢᠶᠠᠷ ᠬᠤᠰᠢᠭᠤ ᠪᠠᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠪᠦᠲᠦᠮᠵᠢᠲᠡᠢ ᠬᠡᠷᠡᠭᠵᠢᠬᠦᠯᠪᠡ᠃ ᠡᠯ᠎ᠡ ᠱᠠᠲᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠵᠣᠬᠢᠴᠠᠩᠭᠤᠢ ᠪᠠᠷ ᠬᠦᠭᠵᠢᠵᠦ᠂ ᠰᠣᠷᠭᠠᠨ ᠬᠦᠮᠦᠵᠢᠯ  ᠤᠨ ᠵᠢᠭᠠᠨ ᠰᠣᠷᠭᠠᠯᠲᠠ ᠶᠢᠨ ᠲᠦᠪᠰᠢᠨ ᠯᠠᠪᠳᠠᠭᠤᠨ ᠢᠶᠠᠷ ᠳᠡᠭᠡᠭᠰᠢᠯᠡᠪᠡ᠃ ᠰᠣᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ ᠰᠠᠶᠢᠵᠢᠷᠠᠭᠤᠯᠵᠣ᠂ ᠬᠤᠰᠢᠭᠤᠨ ᠤ ᠦᠨᠳᠦᠰᠦᠲᠡᠨ ᠤ ᠭᠤᠷᠪᠠᠳᠣᠭᠠᠷ ᠬᠡᠣᠬᠡᠳ ᠤᠨ ᠴᠡᠴᠡᠷᠯᠢᠭ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠨᠢ ᠣᠷᠣᠭᠰᠢᠲᠠᠢ ᠪᠣᠯᠵᠣ᠂ 8 ᠰᠠᠭᠤᠷᠢ ᠰᠣᠷᠭᠠᠭᠤᠯᠢ ᠶᠢᠨ ᠪᠡᠶ᠎ᠡ  ᠶᠢᠨ ᠲᠠᠮᠢᠷ ᠤᠨ ᠲᠠᠯᠠᠪᠣᠷ ᠣᠷᠳᠣᠨ ᠢ ᠰᠢᠨ᠎ᠡ ᠪᠠᠷ ᠪᠠᠶᠢᠭᠤᠯᠬᠤ ᠦᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠬᠦᠯᠵᠦ᠂ 3 ᠰᠠᠭᠤᠷᠢ ᠰᠣᠷᠭᠠᠭᠤᠯᠢ ᠶᠢᠨ ᠪᠠᠭᠰᠢᠨᠠᠷ ᠤᠨ ᠡᠬᠡᠯᠵᠢᠯᠡᠨ ᠬᠡᠷᠡᠭᠯᠡᠬᠦ ᠪᠠᠶᠢᠷᠢ ᠶᠢᠨ ᠬᠡᠷ ᠤᠨ ᠪᠦᠲᠦᠭᠡᠨ ᠪᠠᠶᠢᠭᠤᠯᠣᠯᠲᠠ ᠶᠢᠨ ᠠᠵᠢᠯ ᠢ ᠪᠡᠶᠡᠯᠡᠬᠦᠯᠦᠨ᠂ 29 ᠰᠠᠭᠤᠷᠢ ᠰᠣᠷᠭᠠᠭᠤᠯᠢ ᠶᠢᠨ ᠬᠠᠷᠠᠭᠠᠨ ᠳᠠᠪᠳᠠᠮᠵᠢ ᠶᠢᠨ ᠬᠤᠯᠪᠣᠭᠠᠨ ᠲᠠᠪᠴᠠᠩ ᠢ ᠪᠦᠲᠦᠭᠡᠨ ᠪᠠᠶᠢᠭᠤᠯᠬᠤ ᠠᠵᠢᠯ ᠢ ᠪᠡᠶᠡᠯᠡᠬᠦᠯᠪᠡ᠃ ᠰᠢᠨᠵᠢᠯᠡᠭᠡ ᠮᠡᠷᠭᠡᠵᠢᠯ ᠤᠨ ᠦᠢᠯᠡᠰ ᠤᠨ ᠬᠦᠭᠵᠢᠯᠲᠡ ᠶᠢ ᠢᠳᠡᠪᠬᠢᠲᠡᠢ ᠠᠬᠢᠭᠤᠯᠵᠣ᠂ 6 ᠵᠦᠢᠯ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠢ ᠬᠤᠲᠠ  ᠶᠢᠨ ᠱᠠᠲᠣᠨ ᠠᠴᠠ ᠳᠡᠭᠡᠭᠰᠢᠬᠢ ᠰᠢᠨᠵᠢᠯᠡᠭᠡ ᠮᠡᠷᠬᠡᠵᠢᠯ ᠤᠨ ᠲᠦᠷᠦᠯ ᠵᠦᠢᠯ ᠳᠤ ᠣᠷᠣᠭᠤᠯᠵᠣ᠂ ᠣᠯᠣᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ ᠣᠷᠣᠨ ᠤ  ᠰᠢᠨᠵᠢᠯᠡᠭᠡ ᠮᠡᠷᠭᠡᠵᠢᠯ ᠤᠨ ᠠᠵᠣ ᠠᠬᠤᠶᠢᠯᠠᠯ ᠤᠨ ᠨᠡᠪᠴᠢᠯᠦᠦᠷ ᠲᠤ ᠣᠷᠣᠵᠣ ᠰᠠᠭᠤᠭᠰᠠᠨ ᠠᠵᠣ ᠠᠬᠤᠶᠢᠯᠠᠯ 15 ᠪᠣᠯᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠯᠠᠪᠳᠠᠭᠤᠨ ᠢᠶᠠᠷ ᠬᠦᠭᠵᠢᠪᠡ᠃ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠲᠦᠪ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠤ ᠲᠦᠪ ᠵᠡᠷᠭᠡ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠠᠬᠢᠴᠠ ᠣᠷᠣᠭᠰᠢᠲᠠᠢ ᠪᠣᠯᠵᠣ᠂ ᠪᠠᠶᠠᠨᠬᠭᠤᠯᠠ ᠡᠷᠳᠡᠨ ᠤ ᠬᠤᠲᠠ ᠪᠠ ᠪᠠᠶᠠᠨᠬᠠᠨ ᠤ ᠶᠠᠫᠣᠨ ᠤ ᠬᠤᠣᠷᠠᠳᠣ ᠬᠡᠢ ᠶᠢᠨ ᠲᠣᠷᠰᠢᠯᠲᠠ ᠶᠢᠨ ᠲᠠᠯᠠᠪᠠᠢ ᠶᠢᠨ ᠪᠠᠭᠤᠷᠢ ᠶᠢ ᠬᠠᠮᠠᠭᠠᠯᠠᠬᠤ ᠲᠦᠷᠦᠯ ᠵᠦᠢᠯ ᠢ ᠡᠮᠬᠢ ᠴᠡᠭᠴᠡ ᠲᠠᠢ ᠲᠦᠯᠬᠢᠨ ᠠᠬᠢᠭᠤᠯᠪᠠ᠃ ᠡᠯᠪᠡᠭ ᠪᠠᠶᠠᠯᠢᠭ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠣᠯᠠᠭᠠᠨᠮᠦ᠋ᠴᠢᠷ ᠦᠨᠳᠦᠰᠦᠨ ᠱᠠᠲᠣᠨ ᠳᠤ ᠪᠠᠭᠤᠵᠣ ᠠᠷᠠᠳ ᠲᠤ ᠵᠣᠷᠢᠭᠤᠯᠣᠭᠰᠠᠨ ᠲᠣᠭᠯᠠᠯᠲᠠ ᠶᠢ 105 ᠲᠠᠯᠠᠪᠣᠷ ᠣᠳᠠᠭ᠎ᠠ ᠭᠠᠷᠭᠠᠵᠣ᠂ ᠨᠡᠶᠢᠲᠡ ᠶᠢᠨ ᠠᠰᠠᠷᠠᠮᠵᠢ ᠶᠢᠨ ᠲᠣᠭᠠᠴᠠᠯᠠᠭᠰᠠᠨ ᠨᠡᠬᠦᠳᠡᠯ ᠺᠢᠨᠣ᠋ ᠶᠢ 591 ᠲᠠᠯᠠᠪᠣᠷ ᠭᠠᠷᠭᠠᠵᠣ ᠂ ᠪᠣᠳᠠᠰ ᠤᠨ ᠪᠣᠰᠣ ᠰᠣᠶᠣᠯ ᠤᠨ ᠦᠪ ᠤᠨ ᠨᠡᠷᠡᠰ ᠤᠨ ᠳᠡᠮᠳᠡᠭᠯᠡᠯ 101 ᠵᠦᠢᠯ ᠳᠤ ᠬᠦᠷᠪᠡ᠃ ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠣᠭᠯᠠᠭᠠᠨ ᠢ ᠳᠠᠭᠠᠭᠠᠨ ᠡᠷᠬᠢᠯᠡᠬᠦ ᠡᠬᠦᠷᠭᠡ  ᠪᠠᠨ ᠳᠡᠬᠦᠰ ᠠᠮᠵᠢᠯᠲᠠ ᠲᠠᠢ ᠪᠡᠶᠡᠯᠡᠬᠦᠯᠵᠦ᠂ ᠣᠯᠠᠮᠵᠢᠯᠠᠯᠲᠣ ᠰᠢᠯᠢᠳᠡᠭ ᠣᠷᠣᠯᠳᠣᠭᠠᠨ ᠤ ᠪᠡᠶ᠎ᠡ ᠶᠢᠨ ᠲᠠᠮᠢᠷ ᠤᠨ ᠲᠦᠷᠦᠯ ᠵᠦᠢᠯ ᠰᠢᠯᠢᠳᠡᠭ ᠠᠮᠵᠢᠯᠲᠠ ᠣᠯᠪᠠ᠃ ᠡᠷᠡᠭᠦᠯ ᠬᠠᠮᠠᠭᠠᠯᠠᠯ ᠤᠨ ᠦᠢᠯᠡᠰ ᠢᠳᠡ ᠬᠦᠴᠦᠲᠡᠢ ᠬᠦᠭᠵᠢᠪᠡ᠃ ᠰᠢᠨ᠎ᠡ ᠮᠠᠶ᠋ᠢᠭ ᠤᠨ ᠡᠮᠨᠡᠯᠬᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠣᠭᠲᠠᠯᠴᠠᠭ᠎ᠠ ᠲᠠᠰᠣᠷᠠᠯᠲᠠ ᠦᠭᠡᠢ ᠲᠡᠬᠦᠯᠳᠡᠷᠵᠢᠵᠦ᠂ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠬᠤᠶᠠᠳᠣᠭᠠᠷ ᠳᠡᠰ ᠤᠨ ᠬᠦᠬᠡ ᠵᠡᠷᠭᠡ ᠶᠢᠨ ᠡᠮᠨᠡᠯᠬᠡ ᠶᠢᠨ ᠬᠤᠷᠢᠶ᠎ᠠ ᠪᠠᠷ ᠦᠨᠡᠯᠡᠭᠳᠡᠵᠦ᠂ ᠬᠦᠯᠦᠨ ᠪᠣᠶᠢᠷ ᠬᠤᠲᠠ ᠶᠢᠨ ᠠᠷᠠᠳ ᠤᠨ ᠡᠮᠨᠡᠯᠬᠡ  ᠶᠢᠨ ᠬᠤᠷᠢᠶ᠎ᠠ ᠯᠤᠭ᠎ᠠ ᠡᠮᠴᠢᠯᠡᠬᠡᠨ ᠤ ᠬᠤᠯᠪᠣᠭᠠᠳᠣ ᠴᠣᠭᠴᠠ ᠶᠢ ᠪᠠᠶᠢᠭᠤᠯᠵᠣ᠂ ᠬᠦᠯᠦᠨ ᠪᠣᠶᠢᠷ ᠬᠤᠲᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠰᠢᠨ᠎ᠡ ᠲᠣᠭᠤᠷᠢᠭ ᠲᠠᠬᠢ ᠬᠤᠪᠢᠶᠠᠷᠢ ᠡᠮᠨᠡᠯᠬᠡ ᠶᠢᠨ ᠬᠤᠷᠢᠶ᠎ᠠ ᠨᠢ ᠠᠮᠵᠢᠯᠲᠠ ᠲᠠᠢ ᠪᠠᠷ ᠫᠠᠶᠢᠰᠠ ᠪᠠᠨ ᠡᠯᠬᠦᠪᠡ᠃ ᠬᠤᠰᠢᠭᠤᠨ ᠤ ᠮᠣᠩᠭᠤᠯ ᠡᠮᠨᠡᠯᠬᠡ ᠶᠢᠨ ᠬᠤᠷᠢᠶ᠎ᠠ᠂ ᠬᠤᠶᠢᠳᠣ ᠬᠤᠢ  ᠶᠢᠨ ᠡᠷᠡᠭᠦᠯ ᠬᠠᠮᠠᠭᠠᠯᠠᠯ ᠤᠨ ᠲᠠᠰᠤᠭ ᠤᠨ ᠢᠨᠵᠧᠨᠧᠷᠢᠩ ᠢ ᠪᠦᠲᠦᠭᠡᠨ ᠪᠠᠶᠢᠭᠤᠯᠬᠤ ᠠᠵᠢᠯ ᠢ ᠪᠡᠶᠡᠯᠡᠬᠦᠯᠪᠡ᠃ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠲᠦᠯᠬᠢᠨ ᠠᠬᠢᠭᠤᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮᠨᠡᠯᠬᠡ ᠶᠢᠨ ᠬᠤᠷᠢᠶᠠᠨ ᠳᠤ ᠡᠮᠨᠡᠬᠦᠯᠦᠭᠰᠡᠨ ᠵᠠᠷᠣᠳᠠᠯ ᠤᠨ ᠳᠠᠩᠰᠠ ᠲᠠᠶᠢᠯᠬᠤ ᠬᠠᠷᠢᠴᠠᠯ ᠢ 92% ᠠᠴᠠ ᠳᠡᠭᠡᠭᠰᠢ ᠳᠤ ᠬᠦᠷᠦᠭᠦᠯᠪᠡ᠃     ︵ᠳᠣᠯᠤᠭ᠎ᠠ︶ ᠠᠷᠠᠳ ᠤᠨ ᠠᠮᠢᠳᠣᠷᠠᠯ ᠤᠨ ᠢᠨᠵᠧᠨᠧᠷᠢᠩ ᠢ ᠬᠦᠨᠵᠡᠭᠡᠢ ᠬᠡᠷᠡᠭᠵᠢᠬᠦᠯᠪᠡ᠃ ᠮᠠᠨ ᠤ ᠬᠤᠰᠢᠭᠤ ᠠᠷᠠᠳ ᠤᠨ ᠠᠮᠢᠳᠣᠷᠠᠯ ᠤᠨ ᠵᠠᠷᠣᠯᠭ᠎ᠠ ᠶᠢ ᠨᠡᠶᠢᠲᠡ 18.8 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠣᠯᠭ᠎ᠠ ᠶᠢᠨ 90.5% ᠡᠵᠡᠯᠡᠪᠡ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠪᠠ᠃ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠦᠷᠭᠦᠯᠵᠢᠯᠡᠨ ᠨᠠᠶᠢᠳᠠᠪᠣᠷᠢᠵᠢᠭᠤᠯᠵᠣ᠂ ᠲᠣᠭᠲᠠᠴᠠ ᠶᠢᠨ ᠰᠢᠨ᠎ᠡ ᠶᠢ ᠡᠬᠦᠳᠬᠦ ᠪᠠᠷ ᠬᠦᠳᠡᠯᠬᠡᠭᠴᠢ ᠬᠦᠴᠦᠨ ᠪᠣᠯᠭᠠᠵᠣ ᠂ ᠶᠠᠳᠠᠭᠤ ᠬᠦᠴᠢᠷᠳᠡᠯᠳᠡᠢ ᠠᠷᠠᠳ ᠣᠯᠠᠨ ᠤ ᠣᠷᠣᠯᠭ᠎ᠠ ᠶᠢ ᠨᠡᠮᠡᠭᠳᠡᠬᠦᠯᠬᠦ ᠪᠠᠷ ᠭᠤᠣᠯ ᠪᠣᠯᠭᠠᠵᠣ᠂ ︽ᠬᠤᠶᠠᠷ ᠢ ᠪᠡᠶᠡᠯᠡᠬᠦᠯᠵᠦ ᠭᠤᠷᠪᠠ ᠶᠢ ᠪᠠᠲᠣᠯᠠᠬᠤ︾ ᠬᠠᠷᠠᠯᠳᠠᠳᠣ ᠡᠬᠦᠷᠬᠡ ᠶᠢᠨ ᠲᠣᠭᠤᠷᠢᠨ ᠳᠤ᠂ 67 ᠵᠦᠢᠯ ᠤᠨ ᠬᠠᠪᠰᠣᠷᠣᠨ ᠳᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠦᠵᠡᠯ ᠰᠠᠨᠠᠭᠠᠨ ᠤ ᠲᠠᠯ᠎ᠠ ᠪᠠᠷ ᠬᠦᠲᠦᠯᠦᠨ ᠳᠠᠭᠠᠭᠤᠯᠬᠤ᠂ ᠠᠵᠣ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠮᠦᠩᠬᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠨᠡᠶᠢᠬᠡᠮ ᠠᠴᠠ ᠶᠠᠳᠠᠭᠤ ᠶᠢ ᠲᠡᠳᠬᠦᠬᠦ᠂ ᠨᠡᠶᠢᠬᠡᠮ ᠤᠨ ᠪᠠᠲᠣᠯᠠᠪᠣᠷᠢ ᠶᠢᠨ ᠦᠨᠳᠦᠰᠦᠨ ᠪᠠᠶᠢᠳᠠᠯ ᠢ ᠪᠠᠳᠣᠯᠠᠬᠤ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠣ᠂ ᠶᠠᠳᠠᠭᠤ  ᠠᠴᠠ ᠠᠩᠬᠢᠵᠢᠷᠠᠭᠤᠯᠬᠤ ᠠᠵᠢᠯ ᠤᠨ ᠶᠠᠰᠣ ᠴᠢᠨᠠᠷ ᠦᠷ᠎ᠡ ᠠᠰᠢᠭ ᠦᠷᠭᠦᠯᠵᠢᠯᠡᠨ ᠳᠡᠭᠡᠭᠰᠢᠯᠡᠵᠦ᠂ ᠶᠠᠳᠠᠭᠤ ᠬᠦᠴᠢᠷᠳᠡᠯᠳᠡᠢ ᠠᠷᠠᠳ ᠣᠯᠠᠨ ᠤ ᠵᠣᠯ ᠵᠢᠷᠭᠠᠯ ᠤᠨ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠪᠠ ᠬᠦᠭᠵᠢᠯᠲᠡ  ᠶᠢᠨ ᠳᠣᠳᠣᠭᠠᠳᠣ ᠬᠦᠳᠡᠯᠬᠡᠬᠦ ᠬᠦᠴᠦᠨ ᠮᠡᠳᠡᠭᠳᠡᠮ᠎ᠡ ᠴᠢᠩᠭᠠᠷᠠᠪᠠ᠃ ᠣᠳᠣᠬᠠᠨ ᠪᠣᠯᠳᠠᠯ᠎ᠠ᠂ ᠨᠡᠶᠢᠲᠡ 947 ᠡᠷᠦᠬᠡ ᠂ 2240 ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠂ ᠡᠬᠦᠨ ᠳᠤ᠄ 2017 ᠣᠨ ᠳᠤ 666 ᠡᠷᠦᠬᠡ᠂ 1547 ᠬᠦᠮᠦᠨ ᠢ ᠶᠠᠳᠠᠭᠤ ᠠᠴᠠ ᠠᠩᠬᠢᠵᠢᠷᠠᠭᠤᠯᠵᠣ᠂ ᠶᠠᠳᠠᠭᠤᠷᠠᠯ ᠤᠨ ᠬᠡᠮᠵᠢᠶ᠎ᠡ ᠨᠢ 11.5% ᠪᠠᠶᠢᠭᠰᠠᠨ ᠠᠴᠠ  ᠪᠠᠨ ᠪᠠᠭᠤᠷᠠᠭᠠᠳ 1.47% ᠪᠣᠯᠪᠠ᠃ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠢ ᠬᠦᠨᠵᠡᠬᠡᠢ ᠲᠦᠯᠬᠢᠨ ᠠᠬᠢᠭᠤᠯᠪᠠ᠃ ᠦᠢᠯᠡᠰ ᠪᠣᠰᠬᠠᠯᠲᠠ ᠶᠢ ᠳᠡᠮᠵᠢᠬᠦ ᠬᠦᠴᠦᠯᠡᠴᠡ ᠪᠠᠨ ᠦᠷᠭᠦᠯᠵᠢᠯᠡᠨ ᠨᠡᠮᠡᠭᠳᠡᠬᠦᠯᠵᠦ᠂ ᠪᠦᠬᠦ ᠵᠢᠯ ᠳᠤ ᠬᠤᠲᠠ ᠪᠠᠯᠭᠠᠰᠣ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠦᠮᠦᠨ 1507 ᠪᠣᠯᠵᠣ᠂ ᠬᠠᠷᠠᠯᠳᠠᠳᠣ ᠡᠬᠦᠷᠬᠡ ᠪᠠᠨ 108% ᠢᠶᠠᠷ ᠪᠡᠶᠡᠯᠡᠬᠦᠯᠵᠦ᠂ ᠬᠤᠲᠠ ᠪᠠᠯᠭᠠᠰᠣ ᠶᠢᠨ ᠳᠠᠩᠰᠠᠯᠠᠭᠤᠯᠣᠭᠰᠠᠨ ᠠᠵᠢᠯ ᠠᠯᠳᠠᠯᠳᠠ ᠶᠢᠨ ᠨᠣᠷᠮ᠎ᠠ ᠨᠢ 3.83% ᠪᠠᠶᠢᠵᠣ᠂ ᠬᠤᠲᠠ ᠪᠠᠯᠭᠠᠰᠣ ᠶᠢᠨ ᠠᠵᠢᠯ ᠠᠯᠳᠠᠭᠰᠠᠨ 330 ᠬᠦᠮᠦᠨ ᠳᠠᠬᠢᠨ ᠠᠵᠢᠯ ᠣᠯᠵᠣ᠂ 100 ᠲᠠᠷᠢᠶᠠᠴᠢᠨ ᠮᠠᠯᠴᠢᠨ ᠬᠦᠴᠦ ᠶᠠᠪᠣᠭᠰᠠᠳ ᠢ ᠰᠢᠯᠵᠢᠬᠦᠯᠵᠦ ᠠᠵᠢᠯ ᠣᠯᠭᠤᠪᠠ᠃ ᠪᠦᠬᠦ ᠬᠤᠰᠢᠭᠤ ᠦᠢᠯᠡᠰ ᠪᠣᠰᠬᠠᠯᠲᠠ ᠪᠠᠷ ᠠᠷᠠᠳ ᠢ ᠪᠠᠶᠠᠵᠢᠭᠤᠯᠬᠤ ᠠᠵᠢᠯ ᠢ ᠬᠦᠴᠦᠲᠡᠢ  ᠦᠷᠨᠢᠬᠦᠯᠵᠦ᠂ ᠦᠨᠳᠦᠰᠦᠲᠡᠨ ᠤ ᠰᠣᠶᠣᠯ ᠤᠨ ᠠᠵᠣ ᠦᠢᠯᠡᠰ ᠤᠨ ᠦᠢᠯᠡᠰ ᠪᠣᠰᠬᠠᠬᠤ ᠬᠦᠷᠢᠶᠡᠯᠡᠩ ᠤᠨ ᠳᠠᠪᠴᠠᠩ ᠮᠡᠳᠡᠭᠳᠡᠬᠦᠶᠢᠴᠡ ᠦᠢᠯᠡᠳᠦᠯ ᠦᠵᠡᠬᠦᠯᠵᠦ᠂ ᠣᠷᠣᠵᠣ ᠰᠠᠭᠤᠭᠰᠠᠨ ᠨᠡᠪᠴᠢᠯᠦᠦᠷ ᠤᠨ ᠠᠵᠣ ᠠᠬᠤᠶᠢᠯᠠᠯ 118 ᠪᠣᠯᠵᠣ᠂ 620 ᠬᠦᠮᠦᠨ ᠢ ᠳᠠᠶᠢᠴᠢᠯᠠᠨ ᠠᠵᠢᠯ ᠣᠯᠭᠤᠪᠠ᠃ ᠨᠡᠶᠢᠬᠡᠮ ᠤᠨ ᠪᠠᠳᠣᠯᠠᠪᠣᠷᠢ ᠶᠢᠨ ᠲᠦᠪᠰᠢᠨ ᠠᠭᠠᠵᠢᠮ  ᠢᠶᠠᠷ ᠳᠡᠭᠡᠭᠰᠢᠯᠡᠪᠡ᠃ ᠦᠨᠳᠦᠰᠦᠨ ᠨᠡᠶᠢᠬᠡᠮ ᠤᠨ ᠳᠠᠭᠠᠳᠬᠠᠯ ᠤᠨ ᠪᠦᠷᠬᠦᠯᠳᠡ ᠶᠢᠨ ᠬᠡᠪᠴᠢᠶ᠎ᠡ ᠶᠢ ᠦᠷᠭᠦᠯᠵᠢᠯᠡᠨ ᠦᠷᠬᠡᠳᠬᠡᠵᠦ᠂ ᠪᠦᠬᠦ ᠬᠤᠰᠢᠭᠤᠨ ᠤ ᠦᠨᠳᠦᠰᠦᠨ ᠨᠠᠰᠣᠵᠢᠯ ᠤᠨ ᠳᠠᠭᠠᠳᠬᠠᠯ ᠳᠤ ᠣᠷᠣᠯᠴᠠᠭᠰᠠᠨ ᠬᠦᠮᠦᠨ 6.39 ᠲᠦᠮᠡ ᠪᠣᠯᠵᠣ᠂ ᠬᠤᠲᠠ ᠪᠠᠯᠭᠠᠰᠣ ᠶᠢᠨ ᠦᠨᠳᠦᠰᠦᠨ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠦᠮᠦᠨ 12.4 ᠲᠦᠮᠡ ᠪᠣᠯᠪᠠ᠃ ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠭᠡᠳ ᠬᠦᠮᠦᠨ ᠨᠢᠬᠡᠪᠦᠷᠢ ᠳᠤ ᠰᠠᠷ᠎ᠠ ᠳᠤ 530 ᠲᠦᠭᠦᠷᠢᠭ᠂ ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠶᠢᠨ ᠮᠦᠩᠬᠦ ᠶᠢ 5487 ᠲᠦᠮᠡᠨ ᠲᠦᠭᠦᠷᠢᠭ ᠲᠠᠷᠬᠠᠭᠠᠵᠣ᠂ ᠨᠡᠶᠢᠬᠡᠮ ᠤᠨ ᠡᠯ᠎ᠡ ᠵᠦᠢᠯ ᠤᠨ ᠠᠪᠣᠷᠠᠨ ᠲᠣᠰᠠᠯᠠᠯᠲᠠ ᠶᠢᠨ ᠮᠦᠩᠬᠦ᠂ ᠬᠠᠷᠠᠭᠠᠯᠵᠠᠯ ᠤᠨ ᠮᠦᠩᠬᠦ ᠶᠢ 2413 ᠲᠦᠮᠡᠨ ᠲᠦᠭᠦᠷᠢᠭ ᠲᠠᠷᠬᠠᠭᠠᠪᠠ᠃     ︵ᠨᠠᠢᠮᠠ︶ ᠨᠡᠶᠢᠬᠡᠮ ᠤᠨ ᠶᠡᠷᠥᠩᠬᠡᠢ ᠪᠠᠶᠢᠳᠠᠯ ᠵᠣᠬᠢᠴᠠᠩᠭᠤᠢ ᠲᠣᠭᠲᠠᠭᠤᠨ ᠪᠣᠯᠪᠠ᠃ ᠬᠠᠣᠯᠢ ᠶᠣᠰᠣᠭᠠᠷ ᠬᠤᠰᠢᠭᠤ ᠪᠠᠨ ᠵᠠᠰᠠᠬᠤ ᠠᠬᠢᠴᠠ ᠶᠢ ᠬᠦᠴᠦᠲᠡᠢ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ᠂ ᠬᠠᠣᠯᠢ ᠲᠦᠭᠡᠮᠡᠯᠵᠢᠬᠦᠯᠬᠦ ᠣᠬᠠᠭᠤᠯᠭ᠎ᠠ᠂ ᠠᠷᠠᠳ ᠤᠨ ᠡᠶᠡᠳᠡᠬᠦᠯᠦᠯᠲᠡ᠂ ᠬᠠᠣᠯᠢ ᠴᠠᠭᠠᠵᠠ ᠶᠢᠨ ᠲᠣᠰᠠᠯᠠᠮᠵᠢ᠂ ᠨᠡᠶᠢᠬᠡᠮ ᠲᠣᠭᠤᠷᠢᠭ ᠲᠤ ᠵᠠᠰᠠᠨ ᠬᠦᠮᠦᠵᠢᠬᠦᠯᠬᠦ ᠵᠡᠷᠭᠡ ᠠᠵᠢᠯ ᠲᠠᠰᠣᠷᠠᠯᠲᠠ ᠦᠭᠡᠢ ᠴᠢᠩᠭᠠᠳᠬᠠᠭᠳᠠᠪᠠ᠃ ᠠᠮᠣᠷ ᠲᠣᠭᠲᠠᠭᠤᠨ ᠡᠸ᠋ᠨᠩᠬᠢ ᠶᠢᠨ ᠪᠦᠲᠦᠭᠡᠨ ᠪᠠᠶᠢᠭᠤᠯᠣᠯᠲᠠ ᠶᠢ ᠬᠦᠨᠵᠡᠭᠡᠢ ᠠᠬᠢᠭᠤᠯᠵᠣ᠂ ᠡᠯ᠎ᠡ ᠲᠦᠷᠦᠯ ᠤᠨ ᠡᠷᠡᠭᠦᠦ ᠶᠢᠨ ᠶᠠᠯᠠᠳᠣ ᠬᠡᠷᠡᠭ ᠪᠠ ᠬᠠᠣᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠬᠤᠷᠠᠯ ᠴᠣᠭᠯᠠᠭᠠᠨ ᠵᠡᠷᠭᠡ ᠰᠡᠷᠭᠡᠭ ᠵᠠᠩᠬᠢᠯᠠᠭ᠎ᠠ ᠶᠢᠨ ᠴᠡᠭ  ᠲᠠᠬᠢ ᠲᠣᠭᠲᠠᠭᠤᠨ ᠢ ᠬᠠᠮᠠᠭᠠᠯᠠᠬᠤ ᠠᠮᠣᠷ ᠲᠦᠪᠰᠢᠨ ᠤ ᠬᠠᠮᠠᠭᠠᠯᠠᠯᠲᠠ ᠶᠢᠨ ᠡᠬᠦᠷᠭᠡ ᠪᠠᠨ ᠲᠡᠬᠦᠰ ᠠᠮᠵᠢᠯᠲᠠ ᠲᠠᠢ ᠪᠡᠶᠡᠯᠡᠬᠦᠯᠵᠦ᠂ ᠨᠡᠶᠢᠬᠡᠮ ᠤᠨ ᠲᠣᠭᠲᠠᠭᠤᠨ ᠪᠠᠶᠢᠳᠠᠯ ᠣᠯᠠᠮ ᠨᠢᠬᠡ ᠠᠯᠬᠤᠮ ᠪᠠᠳᠣᠳᠬᠠᠭᠳᠠᠪᠠ᠃ ᠨᠡᠶᠢᠬᠡᠮ ᠤᠨ ᠵᠦᠷᠢᠴᠡᠯ ᠮᠠᠷᠭᠤᠭᠠᠨ ᠢ ᠶᠡᠬᠡᠪᠡᠷ ᠵᠢᠬᠰᠠᠭᠠᠨ ᠪᠠᠶᠢᠴᠠᠭᠠᠵᠣ ᠶᠡᠬᠡᠪᠡᠷ ᠨᠠᠮᠳᠠᠭᠤᠯᠬᠤ ᠪᠠ ᠳᠠᠷᠣᠭᠳᠠᠮᠠᠯ ᠬᠡᠷᠡᠭ ᠢ ᠰᠢᠢᠳᠪᠦᠷᠢᠯᠡᠬᠦ ︽ᠵᠠᠭᠤᠨ ᠡᠳᠦᠷ ᠤᠨ ᠪᠠᠬᠢᠯᠡᠯᠲᠡ ᠰᠢᠪᠳᠣᠯᠬᠤ︾ ᠲᠣᠰᠬᠠᠢ ᠵᠦᠢᠯ ᠤᠨ ᠠᠵᠢᠯᠯᠠᠭ᠎ᠠ ᠶᠢ ᠨᠢᠮᠪᠠᠢ ᠦᠷᠨᠢᠬᠦᠯᠵᠦ᠂ ᠵᠠᠬᠢᠳᠠᠯ    ᠰᠣᠷᠪᠣᠯᠵᠢᠯᠠᠭ᠎ᠠ ᠬᠢᠬᠦ ᠶᠠᠪᠣᠴᠠ ᠳᠤ ᠵᠢᠭᠤᠷᠠᠯᠳᠣᠨ ᠦᠢᠮᠡᠯᠳᠦᠵᠦ ᠬᠡᠷᠡᠭ ᠦᠳᠦᠬᠡᠬᠦ ᠪᠠᠶᠢᠳᠠᠯ ᠳᠤ ᠴᠣᠬᠢᠯᠲᠠ ᠦᠭᠬᠦ ᠬᠦᠴᠦᠯᠡᠴᠡ ᠪᠠᠨ ᠨᠡᠮᠡᠭᠳᠡᠬᠦᠯᠵᠦ᠂ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠬᠢᠬᠦ ᠶᠡᠷᠥᠩᠬᠡᠢ ᠬᠡᠮᠵᠢᠶ᠎ᠡ ᠮᠡᠳᠡᠭᠳᠡᠮ᠎ᠡ ᠪᠠᠭᠤᠷᠠᠵᠣ᠂ ᠠᠷᠠᠳ ᠣᠯᠠᠨ ᠤ ᠵᠦᠢ ᠶᠣᠰᠣᠨ ᠤ ᠭᠤᠮᠣᠳᠠᠯ ᠲᠣᠭᠠᠴᠠᠯᠲᠠ ᠲᠣᠬᠢᠷᠠᠮᠵᠢᠲᠠᠢ ᠰᠢᠢᠳᠪᠦᠷᠢᠯᠡᠭᠳᠡᠪᠡ᠃ ᠠᠶᠣᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠬᠦᠯᠵᠦ᠂ ︽ᠭᠤᠷᠪᠠᠨ ᠱᠠᠲᠣ + ᠲᠦᠷᠪᠡᠨ ᠳᠡᠰ︾ ᠤᠨ ᠬᠠᠷᠢᠭᠤᠴᠠᠯᠭ᠎ᠠ ᠶᠢ ᠬᠠᠮᠢᠶᠠᠷᠣᠨ ᠡᠵᠡᠮᠳᠡᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ ᠳᠠᠬᠢ ᠠᠶᠣᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠶᠢ ᠦᠷᠬᠦᠯᠵᠢᠯᠡᠨ ᠴᠢᠩᠭᠠᠷᠠᠭᠤᠯᠣᠭᠰᠠᠨ ᠢᠶᠠᠷ᠂ ᠠᠶᠣᠯᠬᠦᠢ ᠦᠢᠯᠡᠳᠪᠦᠷᠢᠯᠡᠯ ᠤᠨ ᠪᠠᠶᠢᠳᠠᠯ ᠶᠡᠷᠥᠩᠬᠡᠢ ᠳᠡᠭᠡᠨ ᠲᠣᠭᠲᠠᠭᠤᠨ ᠪᠣᠯᠪᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠦᠴᠦᠯᠡᠨ ᠬᠠᠮᠠᠭᠠᠯᠠᠵᠣ᠂ ᠢᠳᠡᠬᠡᠨ ᠤ ᠵᠦᠢᠯᠡᠰ ᠡᠮ ᠤᠨ ᠵᠦᠢᠯᠡᠰ ᠤᠨ ᠬᠢᠨᠠᠨ ᠬᠠᠮᠢᠶᠠᠷᠣᠯᠲᠠ ᠶᠢᠨ ᠬᠦᠴᠦᠯᠡᠴᠡ ᠪᠠᠨ ᠴᠢᠩᠭᠠᠷᠠᠭᠤᠯᠵᠣ᠂ ᠠᠷᠠᠳ ᠣᠯᠠᠨ ᠤ ᠢᠳᠡᠬᠡᠨ ᠣᠮᠳᠠᠭᠠᠨ ᠤ ᠠᠮᠣᠷ ᠲᠦᠪᠰᠢᠨ ᠢ ᠦᠨᠡᠨᠬᠦ ᠪᠠᠲᠣᠯᠠᠪᠠ᠃ ᠦᠨᠳᠦᠰᠦᠲᠡᠨ ᠱᠠᠰᠢᠨ ᠰᠣᠷᠳᠠᠬᠤᠨ ᠤ ᠬᠡᠷᠡᠭ  ᠤᠨ ᠬᠠᠮᠢᠶᠠᠷᠣᠯᠲᠠ ᠶᠢ ᠬᠠᠣᠯᠢ ᠶᠣᠰᠣᠭᠠᠷ ᠴᠢᠩᠭᠠᠳᠬᠠᠵᠣ᠂ ᠬᠦᠮᠦᠨ ᠠᠮᠠ ᠪᠠᠷ ᠨᠡᠯᠢᠶᠡᠳ ᠴᠦᠬᠡᠨ ᠦᠨᠳᠦᠰᠦᠲᠡᠨ  ᠤ ᠬᠦᠭᠵᠢᠯᠲᠡ ᠶᠢ ᠶᠡᠭᠡ ᠪᠠᠷ ᠲᠡᠳᠬᠦᠨ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠡᠪᠰᠢᠯᠲᠠ ᠶᠢᠨ ᠲᠣᠬᠠᠢ ᠬᠦᠮᠦᠵᠢᠯ ᠢ ᠬᠦᠨᠵᠡᠬᠡᠢ ᠦᠷᠨᠢᠬᠦᠯᠪᠡ᠃ ᠨᠡᠶᠢᠬᠡᠮ  ᠵᠢᠷᠣᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠣᠢ ᠪᠣᠯᠭᠠᠨ ᠦᠢᠯᠡᠳᠦᠯᠬᠡᠵᠢᠬᠦᠯᠵᠦ᠂ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠬᠦᠴᠦᠯᠡᠨ ᠰᠠᠶᠢᠳᠣᠷ ᠠᠳᠬᠤᠪᠠ᠃ ᠬᠤᠶᠠᠷ ᠢ ᠬᠦᠷᠢᠶᠡᠯᠡᠬᠦ᠂ ᠣᠯᠠᠭᠠᠨ ᠵᠠᠭᠠᠯᠮᠠᠶᠢᠳᠠᠨ᠂ ᠷᠠᠳᠢᠣ᠋ ᠲᠧᠯᠸᠢᠰ᠂ ᠳᠠᠩᠰᠠ ᠡᠪᠬᠡᠮᠡᠯ ᠲᠡᠣᠬᠡ ᠣᠶᠢᠯᠠᠪᠣᠷᠢ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠡᠮᠡᠭᠳᠡᠶᠢᠴᠦᠳ ᠬᠡᠣᠬᠡᠳ᠂ ᠨᠠᠰᠣᠳᠠᠶᠢᠴᠣᠳ᠂ ᠵᠡᠮᠳᠡᠭᠴᠣᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠵᠣ᠂ ᠴᠠᠭ ᠠᠭᠤᠷ᠂ ᠲᠤᠭ᠎ᠠ ᠪᠦᠷᠢᠳᠬᠡᠯ᠂ ᠬᠢᠨᠠᠨ ᠪᠣᠳᠣᠯᠳᠠ᠂ ᠭᠠᠯ ᠣᠨᠲᠠᠷᠠᠭᠠᠯᠲᠠ᠂ ᠣᠯᠣᠰ ᠤᠨ ᠪᠠᠳᠣᠯᠠᠨ ᠬᠠᠮᠠᠭᠠᠯᠠᠯᠲᠠ᠂ ᠬᠠᠩᠭᠠᠨ ᠪᠣᠷᠣᠯᠠᠭᠤᠯᠭ᠎ᠠ᠂ ᠰᠢᠣᠳᠠᠨ᠂ ᠴᠢᠮᠡᠭᠡ ᠬᠤᠯᠪᠣᠭ᠎ᠠ᠂ ᠮᠦᠩᠬᠦᠨ ᠬᠦᠢᠯᠭᠡᠭᠡᠨ᠂ ᠴᠠᠬᠢᠯᠭᠠᠨ ᠬᠦᠴᠦ ᠵᠡᠷᠭᠡ ᠡᠯ᠎ᠡ ᠵᠦᠢᠯ  ᠤᠨ ᠪᠠᠳᠣᠯᠠᠪᠣᠷᠢ ᠶᠢᠨ ᠠᠵᠢᠯ ᠰᠢᠨ᠎ᠡ ᠠᠬᠢᠴᠠ ᠲᠠᠢ ᠪᠣᠯᠪᠠ᠃     ᠲᠦᠯᠦᠭᠡᠯᠡᠭᠴᠢᠳ ᠡ᠂ 2017 ᠣᠨ ᠪᠣᠯ ᠶᠡᠷᠥ ᠪᠣᠰᠣ ᠶᠢᠨ ᠨᠢᠬᠡᠨ ᠵᠢᠯ ᠪᠣᠯᠣᠨ᠎ᠠ᠃ ᠨᠢᠬᠡ ᠵᠢᠯ ᠤᠨ ᠲᠣᠷᠰᠢ᠂ ᠪᠢᠳᠡ ᠡᠷᠬᠡ ᠶᠢᠨ ᠠᠵᠢᠯᠯᠠᠭᠠᠨ ᠢ ᠲᠠᠰᠣᠷᠠᠯᠲᠠ ᠦᠭᠡᠢ ᠵᠢᠷᠣᠮᠵᠢᠭᠤᠯᠪᠠ᠃ ᠬᠠᠣᠯᠢ ᠪᠠᠷ ᠵᠠᠰᠠᠬᠤ ᠵᠠᠰᠠᠭ  ᠤᠨ ᠣᠷᠳᠣᠨ ᠤ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠣᠯᠢ ᠶᠣᠰᠣᠨ ᠤ ᠬᠢᠨᠠᠨ ᠪᠠᠶᠢᠴᠠᠭᠠᠯᠲᠠ ᠬᠢᠬᠦ ᠶᠢ ᠬᠡᠷᠡᠭᠵᠢᠬᠦᠯᠦᠭᠰᠡᠨ ᠢᠶᠠᠷ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠬᠦᠯᠪᠡ᠃ ᠵᠠᠰᠠᠭ ᠤᠨ ᠣᠷᠳᠣᠨ ᠤ ᠬᠠᠣᠯᠢ ᠶᠣᠰᠣᠭᠠᠷ ᠵᠠᠰᠠᠭ ᠶᠠᠪᠣᠭᠤᠯᠬᠤ ︽ᠨᠠᠢᠮᠠᠨ ᠵᠦᠢᠯ ᠤᠨ ᠨᠠᠷᠢᠨ ᠳᠠᠩᠰᠠ︾ ᠶᠢ ᠨᠡᠶᠢᠲᠡᠯᠡᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠢ ᠪᠠᠶᠢᠩᠭᠤ ᠶᠢᠨ ᠠᠵᠢᠯᠯᠠᠭᠠᠨ ᠪᠣᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠬᠡᠨ ᠤ ᠬᠢᠨᠠᠯᠲᠠ ᠲᠠᠯᠪᠢᠯᠲᠠ ᠶᠢ ᠣᠬᠠᠮᠰᠠᠷ  ᠠᠴᠠ ᠪᠠᠨ ᠬᠦᠯᠢᠶᠡᠨ ᠠᠪᠴᠣ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ 71 ᠬᠤᠪᠢ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠳᠣᠷᠠᠳᠣᠯᠭ᠎ᠠ ᠶᠢ 98 ᠬᠤᠪᠢ ᠰᠢᠢᠳᠪᠦᠷᠢᠯᠡᠪᠡ᠃ ᠨᠢᠬᠡ ᠵᠢᠯ ᠤᠨ ᠲᠣᠷᠰᠢ᠂ ᠪᠢᠳᠡ ᠴᠢᠬᠡᠴᠢ ᠵᠠᠰᠠᠭ ᠤᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠬᠡᠢ ᠲᠦᠯᠬᠢᠨ ᠠᠬᠢᠭᠤᠯᠵᠣ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠣᠷᠢᠵᠢᠭᠤᠯᠵᠣ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠬᠢᠨᠠᠯᠲᠠ ᠲᠠᠯᠪᠢᠬᠤ ᠲᠣᠭᠲᠠᠯᠴᠠᠭ᠎ᠠ ᠶᠢ ᠲᠡᠬᠦᠯᠳᠡᠷᠵᠢᠬᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ  ᠰᠢᠪᠳᠣᠯᠬᠤ ᠵᠡᠷᠭᠡ ᠬᠦᠷᠢᠶᠡᠨ ᠤ ᠲᠣᠰᠬᠠᠢ ᠵᠦᠢᠯ ᠤᠨ ᠴᠡᠭᠴᠡᠯᠡᠨ ᠵᠠᠰᠠᠯᠲᠠ ᠶᠢ ᠴᠢᠩᠭᠠᠳᠬᠠᠵᠣ᠂ ᠬᠢᠨᠠᠨ ᠪᠣᠳᠣᠯᠳᠠ ᠪᠠᠷ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠷᠠᠭᠤᠯᠣᠭᠰᠠᠨ ᠢᠶᠠᠷ᠂ ᠺᠠᠳ᠋ᠷᠴᠣᠳ ᠤᠨ ᠠᠵᠢᠯ ᠤᠨ ᠣᠪᠣᠷ ᠰᠣᠷᠳᠠᠯ ᠦᠷᠬᠦᠯᠵᠢᠯᠡᠨ ᠰᠠᠶᠢᠵᠢᠷᠠᠪᠠ᠃    ᠲᠦᠯᠦᠭᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠪᠢᠳᠡ ᠦᠭᠡᠷᠡᠴᠢᠯᠡᠯᠲᠡ ᠬᠢᠬᠦ ᠶᠢᠨ ᠳᠠᠭᠠᠣ ᠬᠦᠭᠵᠢᠬᠦᠯᠵᠦ᠂ ᠪᠠᠬᠢᠯᠡᠯᠲᠡ ᠰᠢᠪᠳᠣᠯᠣᠯᠲᠠ ᠬᠢᠬᠦ ᠶᠢᠨ ᠳᠠᠭᠠᠣ ᠣᠷᠣᠭᠰᠢᠯᠠᠨ᠂ ᠦᠷᠢᠰᠦᠯᠳᠦᠬᠡᠨ ᠤ ᠳᠣᠮᠳᠠ ᠡᠷᠡᠮᠬᠡᠶᠢᠯᠡᠨ ᠲᠡᠮᠡᠴᠡᠵᠦ᠂ ᠠᠮᠵᠢᠯᠲᠠ ᠪᠦᠲᠦᠮᠵᠢ ᠨᠢ ᠲᠡᠶᠢᠮᠦ ᠬᠢᠯᠪᠡᠷ ᠢᠶᠠᠷ ᠢᠷᠡᠭᠰᠡᠨ ᠪᠢᠰᠢ ᠶᠣᠮ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ  ᠶᠢᠨ ᠪᠠᠳᠣ ᠴᠢᠩᠭ᠎ᠠ ᠣᠳᠣᠷᠢᠳᠣᠯᠭ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠪᠦᠲᠦᠮᠵᠢᠲᠡᠢ ᠪᠠᠷ ᠬᠢᠨᠠᠯᠲᠠ ᠲᠠᠯᠪᠢᠭᠰᠠᠨ᠂ ᠠᠷᠠᠳᠴᠢᠯᠠᠭᠰᠠᠨ ᠨᠠᠮ ᠪᠦᠯᠦᠭ ᠤᠨ ᠬᠢᠨ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠵᠢᠴᠢ ᠨᠡᠶᠢᠬᠡᠮ ᠤᠨ ᠡᠯ᠎ᠡ ᠡᠳᠡᠭᠡᠳ ᠤᠨ ᠬᠢᠨ ᠤ ᠪᠦᠯᠬᠦᠮᠳᠡᠨ ᠬᠠᠮᠵᠢᠯᠴᠠᠭᠰᠠᠨ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠢᠷᠭᠠᠭᠤ ᠴᠢᠷᠮᠠᠶᠢᠭᠰᠠᠨ ᠤ ᠦᠷ᠎ᠡ ᠳ᠋ᠦᠩ ᠮᠦᠨ᠃ ᠪᠢ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠸ᠋ᠨᠩᠬᠢ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠦᠬᠦᠳ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠬᠡᠳᠦ ᠬᠦᠨᠳᠦᠳᠬᠡᠯ ᠢᠶᠠᠨ ᠳᠡᠪᠰᠢᠬᠦᠯᠵᠦ ᠪᠠᠶᠢᠨ᠎ᠠ︕     ᠪᠠᠶᠠᠷᠯᠠᠭᠤᠰᠢᠲᠠᠢ ᠠᠮᠵᠢᠯᠲᠠ ᠪᠠᠨ ᠪᠠᠳᠣᠯᠠᠬᠤ ᠶᠢᠨ ᠬᠠᠮᠳᠣ ᠵᠠᠶᠢᠯᠠᠭᠤᠯᠵᠣ ᠪᠣᠯᠣᠰᠢ ᠦᠭᠡᠢ ᠠᠰᠠᠭᠤᠳᠠᠯ ᠢ ᠪᠠᠰᠠ ᠪᠣᠳᠣᠯᠬᠢᠯᠠᠬᠤ ᠴᠢᠬᠤᠯᠠᠲᠠᠢ ᠶᠣᠮ᠃ ᠭᠤᠣᠯᠳᠠᠭᠤ᠄ ᠠᠵᠣ ᠦᠢᠯᠡᠰ ᠤᠨ ᠪᠦᠲᠦᠴᠡ ᠮᠦᠨ ᠯᠡ ᠬᠡᠯᠪᠡᠷᠢ ᠪᠠᠨ ᠬᠤᠪᠢᠷᠠᠭᠤᠯᠬᠤ ᠱᠠᠲᠣᠨ ᠳᠠᠭᠠᠨ ᠪᠠᠶᠢᠵᠣ᠂ ᠠᠵᠣ ᠠᠬᠤᠢ ᠶᠢᠨ ᠶᠡᠷᠥᠩᠬᠡᠢ ᠬᠡᠮᠵᠢᠶ᠎ᠡ ᠶᠡᠭᠡ ᠪᠢᠰᠢ᠂ ᠳᠡᠭᠰᠢᠳᠬᠡᠭᠰᠡᠨ ᠬᠡᠮᠵᠢᠶ᠎ᠡ ᠨᠢ ᠪᠠᠰᠠ ᠣᠯᠠᠨ ᠪᠢᠰᠢ᠂ ᠴᠢᠨᠠᠷ ᠴᠢᠨᠰᠠᠭ᠎ᠠ ᠪᠠᠰᠠ ᠰᠢᠯᠢᠳᠡᠭᠵᠢᠬᠡᠳᠦᠢ ᠪᠠᠶᠢᠭᠰᠠᠭᠠᠷ︔ ᠠᠷᠠᠳ ᠤᠨ ᠠᠮᠢᠳᠣᠷᠠᠯ ᠢ ᠪᠠᠳᠣᠯᠠᠬᠤ ᠴᠢᠳᠠᠪᠣᠷᠢ ᠪᠣᠯᠣᠨ ᠬᠢᠷᠢ ᠲᠦᠪᠰᠢᠨ ᠪᠠᠰᠠ ᠦᠨᠳᠦᠷ ᠪᠢᠰᠢ᠂ ᠠᠷᠠᠳ ᠣᠯᠠᠨ ᠤ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠬᠠᠩᠭᠠᠬᠤ ᠡᠭᠦᠷᠭᠡ ᠮᠦᠨ ᠯᠡ ᠪᠡᠷᠭᠡ ᠬᠠᠳᠠᠭᠤᠵᠢᠯᠲᠠᠢ ᠪᠠᠶᠢᠬᠤ︔ ᠣᠷᠣᠨ ᠪᠦᠰᠡ ᠶᠢᠨ ᠬᠦᠭᠵᠢᠯᠲᠡ  ᠲᠡᠶᠢᠮᠦ ᠵᠣᠬᠢᠴᠠᠩᠭᠤᠢ ᠪᠢᠰᠢ᠂ ᠮᠠᠯᠵᠢᠬᠤ ᠣᠷᠣᠨ ᠨᠢ ᠮᠦᠨ ᠯᠡ ᠪᠦᠬᠦ ᠬᠤᠰᠢᠭᠤᠨ ᠤ ᠬᠦᠭᠵᠢᠯᠲᠡ ᠶᠢᠨ ᠶᠡᠷᠥᠩᠬᠡᠢ ᠪᠠᠶᠢᠳᠠᠯ ᠤᠨ ᠪᠠᠭᠤᠷᠠᠢ ᠭᠤᠭᠴᠤᠭ᠎ᠠ ᠳᠤ ᠪᠠᠶᠢᠭᠰᠠᠭᠠᠷ︔ ᠠᠮᠢ ᠠᠬᠤᠢ  ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠬᠤ︔ ᠴᠦᠬᠡᠨ ᠲᠣᠭᠠᠨ  ᠤ ᠺᠠᠳ᠋ᠷᠴᠣᠳ ᠤᠨ ᠰᠢᠨ᠎ᠡ ᠶᠢ ᠡᠬᠦᠳᠬᠦ ᠣᠬᠠᠮᠰᠠᠷ ᠨᠢ ᠦᠨᠳᠦᠷ ᠪᠢᠰᠢ᠂ ᠨᠠᠶᠢᠳᠠᠪᠣᠷᠢᠵᠢᠯᠲᠠ ᠶᠢ ᠲᠦᠯᠬᠢᠨ ᠠᠬᠢᠭᠤᠯᠬᠤ ᠪᠠᠷ ᠬᠦᠴᠦᠯᠡᠬᠦ ᠦᠭᠡᠢ᠂ ᠵᠠᠰᠠᠭ ᠤᠨ ᠣᠷᠳᠣᠨ ᠤ ᠰᠣᠷᠳᠠᠯ ᠤᠨ ᠪᠠᠶᠢᠭᠤᠯᠣᠯᠲᠠ ᠶᠢ ᠮᠦᠨ ᠯᠡ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠡᠶᠢᠮᠦ ᠠᠴᠠ ᠪᠢᠳᠡ ᠠᠷᠠᠳ ᠲᠦᠮᠡᠨ᠂ ᠠᠵᠢᠯ ᠦᠢᠯᠡᠰ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠨᠡᠩ ᠪᠦᠲᠦᠮᠵᠢᠲᠡᠢ᠂ ᠨᠡᠩ ᠪᠣᠳᠠᠳᠠᠢ ᠶᠢ ᠡᠷᠬᠢᠮᠯᠡᠬᠦ ᠠᠷᠭ᠎ᠠ ᠬᠡᠮᠵᠢᠶ᠎ᠡ  ᠶᠢ ᠠᠪᠴᠣ ᠰᠢᠢᠳᠪᠦᠷᠢᠯᠡᠬᠦ ᠬᠡᠷᠡᠭᠲᠡᠢ ᠪᠠᠶᠢᠨ᠎ᠠ᠃     ᠬᠤᠶᠠᠷ᠂ 2018 ᠣᠨ ᠤ ᠠᠵᠢᠯ ᠤᠨ ᠲᠣᠬᠢᠷᠠᠭᠤᠯᠣᠯᠲᠠ     2018 ᠣᠨ ᠪᠣᠯ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ ᠡᠬᠢᠯᠡᠯᠲᠡ  ᠶᠢᠨ ᠵᠢᠯ᠂ ᠦᠭᠡᠷᠡᠴᠢᠯᠡᠯᠲᠡ ᠨᠡᠬᠡᠬᠡᠯᠲᠡ ᠬᠢᠭᠰᠡᠨ 40 ᠵᠢᠯ ᠤᠨ ᠣᠢ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠣᠯᠬᠤ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠬᠦᠯᠭᠡ ᠶᠢ ᠬᠡᠷᠡᠭᠵᠢᠬᠦᠯᠬᠦ  ᠵᠠᠩᠬᠢᠯᠠᠭ᠎ᠠ ᠶᠢᠨ ᠨᠢᠬᠡ ᠵᠢᠯ᠂ ᠮᠦᠨᠴᠦ ᠦᠪᠡᠷᠲᠡᠭᠡᠨ ᠵᠠᠰᠠᠬᠤ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠪᠣᠯᠣᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠥᠩᠬᠡᠢ ᠴᠣᠭᠴᠠ ᠶᠢᠨ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ  ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠣ᠂ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ︽ᠲᠠᠪᠤ ᠶᠢ ᠨᠢᠬᠡ ᠴᠣᠭᠴᠠᠵᠢᠭᠤᠯᠬᠤ︾ ᠶᠡᠷᠥᠩᠬᠡᠢ ᠴᠣᠭᠴᠠ ᠶᠢᠨ ᠪᠠᠶᠢᠷᠢᠯᠠᠭᠤᠯᠣᠯᠲᠠ ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠣ᠂ ︽ᠳᠦᠷᠪᠡᠨ ᠪᠦᠬᠦ ᠲᠠᠯ᠎ᠠ︾  ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠵᠣᠬᠢᠴᠠᠭᠤᠯᠣᠨ ᠠᠬᠢᠭᠤᠯᠵᠣ᠂ ᠲᠣᠭᠲᠠᠭᠤᠨ ᠮᠦᠷᠳᠡᠬᠡᠨ ᠣᠷᠣᠭᠰᠢᠯᠠᠨ ᠳᠠᠪᠰᠢᠬᠤ ᠶᠢ ᠪᠠᠷᠢᠮᠳᠠᠯᠠᠵᠣ᠂ ᠬᠦᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠳᠠᠯᠠᠨ᠂ ᠴᠢᠨᠠᠷ ᠰᠠᠶᠢᠳᠠᠢ ᠬᠦᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠠᠩᠭᠠᠯᠭ᠎ᠠ ᠶᠢᠨ ᠲᠠᠯ᠎ᠠ  ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠣ᠂ ᠨᠡᠮᠡᠭᠳᠡᠯ ᠢ ᠲᠣᠭᠲᠠᠪᠣᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠠᠶᠣᠯ ᠲᠦᠭᠰᠢᠬᠦᠷᠢ ᠶᠢ ᠰᠡᠷᠭᠡᠶᠢᠯᠡᠬᠦ ᠶᠢ ᠨᠢᠬᠡᠳᠦᠯᠳᠡᠢ ᠲᠦᠯᠦᠪᠯᠡᠨ ᠠᠬᠢᠭᠤᠯᠵᠣ᠂ ᠶᠠᠰᠣ ᠴᠢᠨᠠᠷ ᠤᠨ ᠬᠤᠪᠢᠰᠣᠯᠲᠠ᠂ ᠦᠷ᠎ᠡ ᠠᠰᠢᠭ ᠤᠨ ᠬᠤᠪᠢᠰᠣᠯᠲᠠ᠂ ᠬᠦᠳᠡᠯᠬᠡᠭᠴᠢ ᠬᠦᠴᠦᠨ ᠤ ᠬᠤᠪᠢᠰᠣᠯᠲᠠ ᠶᠢ ᠬᠦᠴᠦᠯᠡᠨ ᠠᠬᠢᠭᠤᠯᠵᠣ᠂ ᠬᠦᠨᠳᠦ ᠶᠡᠭᠡ ᠠᠶᠣᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠵᠦ᠂ ᠬᠦᠭᠵᠢᠯᠲᠡ᠂ ᠠᠷᠠᠳ ᠤᠨ ᠠᠮᠢᠳᠣᠷᠠᠯ᠂ ᠠᠮᠢ ᠠᠬᠤᠢ ᠶᠢᠨ ᠭᠤᠷᠪᠠᠨ ᠬᠤᠷᠢᠭ᠎ᠠ ᠱᠣᠭᠤᠮ  ᠢ ᠪᠠᠳᠣ ᠰᠠᠬᠢᠵᠣ᠂ ᠦᠵᠡᠰᠬᠦᠯᠡᠩᠲᠦ ᠰᠠᠶᠢᠬᠠᠨ ᠢᠶᠠᠷ ᠬᠦᠭᠵᠢᠬᠦᠯᠬᠦ᠂ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ᠂ ᠨᠡᠬᠡᠬᠡᠯᠲᠡ ᠶᠢ ᠦᠷᠬᠡᠳᠬᠡᠬᠦ᠂ ᠰᠢᠨ᠎ᠡ ᠶᠢ ᠡᠭᠦᠳᠬᠦ ᠶᠢ ᠴᠢᠩᠭᠠᠷᠠᠭᠤᠯᠬᠤ ᠶᠢ ᠲᠦᠷᠭᠡᠳᠬᠡᠵᠦ᠂ ᠡᠸ᠋ᠨᠩᠬᠢ ᠬᠤᠰᠢᠭᠤᠨ ᠤ ᠠᠵᠣ ᠠᠬᠤᠢ ᠨᠡᠶᠢᠬᠡᠮ ᠤᠨ ᠡᠷᠡᠭᠦᠯ ᠬᠦᠭᠵᠢᠯᠲᠡ ᠶᠢ ᠠᠬᠢᠭᠤᠯᠣᠨ᠂ ᠰᠢᠯᠢᠳᠡᠭ ᠠᠮᠵᠢᠯᠲᠠ ᠪᠠᠷ ᠢᠶᠠᠨ ᠦᠪᠡᠷᠲᠡᠭᠡᠨ ᠵᠠᠰᠠᠬᠤ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠳᠤ ᠪᠡᠯᠡᠭ ᠪᠠᠷᠢᠬᠤ ᠪᠠᠷ ᠪᠠᠶᠢᠨ᠎ᠠ᠃    ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠬᠦᠯᠦᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠳᠡᠭ ᠢ 6.5% ᠣᠷᠴᠢᠮ ᠨᠡᠮᠡᠭᠳᠡᠬᠦᠯᠦᠨ᠎ᠡ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ ᠠᠳᠠᠯᠢᠳᠬᠠᠵᠣ ᠪᠣᠯᠬᠤ ᠪᠠᠷᠢᠮᠵᠢᠶ᠎ᠠ ᠪᠠᠷ 6% ᠢᠶᠠᠷ ᠨᠡᠮᠡᠭᠳᠡᠬᠦᠯᠦᠨ᠎ᠡ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 52 ᠳ᠋ᠥᠩᠰᠢᠭᠤᠷ ᠲᠦᠭᠦᠷᠢᠭ ᠪᠡᠶᠡᠯᠡᠬᠦᠯᠵᠦ᠂ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7.5% ᠢᠶᠠᠷ ᠨᠡᠮᠡᠭᠳᠡᠬᠦᠯᠦᠨ᠂ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠬᠤᠳᠠᠯᠳᠣᠬᠤ ᠶᠡᠷᠥᠩᠬᠡᠢ ᠬᠡᠮᠵᠢᠶ᠎ᠡ ᠶᠢ 8%  ᠢᠶᠠᠷ ᠨᠡᠮᠡᠭᠳᠡᠬᠦᠯᠵᠦ᠂ ᠡᠯ᠎ᠡ ᠲᠦᠷᠦᠯ ᠤᠨ ᠬᠢᠵᠠᠭᠠᠷᠯᠠᠬᠤ ᠴᠢᠨᠠᠷᠲᠠᠢ ᠬᠦᠢᠴᠡᠳᠬᠡᠯ ᠲᠤᠭ᠎ᠠ ᠶᠢ ᠬᠦᠯᠦᠨ ᠪᠣᠶᠢᠷ ᠬᠤᠲᠠ ᠶᠢᠨ ᠱᠠᠭᠠᠷᠳᠠᠯᠭ᠎ᠠ ᠳᠤ ᠬᠦᠷᠬᠡᠨ᠎ᠡ᠃   2018 ᠣᠨ ᠠᠴᠠ ᠡᠬᠢᠯᠡᠨ᠂ ᠬᠦᠯᠦᠨ ᠪᠣᠶᠢᠷ ᠬᠤᠲᠠ ᠪᠣᠬᠢᠷᠳᠣᠯ ᠦᠭᠡᠢ ᠪᠠᠷ ᠬᠦᠭᠵᠢᠬᠦᠯᠬᠦ ᠬᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠪᠦᠬᠦ ᠬᠤᠰᠢᠭᠤᠨ ᠤ ᠪᠣᠬᠢᠷᠳᠣᠯ ᠦᠭᠡᠢ ᠬᠦᠭᠵᠢᠬᠦᠯᠬᠦ ᠭᠤᠣᠯ ᠵᠢᠱᠢᠭᠰᠡᠨ ᠬᠠᠷᠠᠯᠲᠠ ᠪᠣᠯ᠄ ᠨᠣᠲᠤᠭ ᠪᠡᠯᠴᠢᠭᠡᠷ ᠤᠨ ᠶᠡᠷᠥᠩᠬᠡᠢ ᠣᠷᠭᠤᠮᠠᠯ ᠤᠨ ᠪᠦᠷᠬᠦᠴᠡ  ᠶᠢᠨ ᠬᠡᠮᠵᠢᠶ᠎ᠡ ᠶᠢ 70% ᠠᠴᠠ ᠳᠡᠭᠡᠭᠰᠢ ᠳᠤ ᠲᠣᠭᠲᠠᠪᠣᠷᠢᠵᠢᠭᠤᠯᠵᠣ᠂ ᠣᠷᠭᠤᠭ᠎ᠠ ᠮᠣᠳᠣᠨ ᠤ ᠬᠠᠳᠠᠭᠠᠯᠠᠭᠳᠠᠴᠠ  ᠶᠢ 22.34 ᠲᠦᠮᠡᠨ ᠬᠠᠪᠳᠠᠭᠠᠢ ᠳᠦᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠵᠦ᠂ ᠪᠣᠬᠢᠷ ᠣᠰᠣ  ᠶᠢ ᠲᠦᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢ 97% ᠲᠤ ᠬᠦᠷᠦᠭᠦᠯᠵᠦ᠂ ᠭᠤᠣᠯ ᠪᠣᠯᠬᠤ ᠭᠤᠣᠯ ᠮᠦᠷᠡᠨ ᠨᠠᠭᠤᠷ ᠴᠦᠬᠦᠷᠦᠮ ᠤᠨ ᠴᠢᠳᠠᠪᠬᠢᠲᠣ ᠣᠷᠣᠨ ᠤ ᠣᠰᠣᠨ ᠤ ᠴᠢᠨᠠᠷ ᠢ ᠪᠠᠷᠢᠮᠵᠢᠶᠠᠨ ᠳᠤ ᠬᠦᠷᠭᠡᠬᠦ ᠨᠣᠷᠮ᠎ᠠ᠂ ᠡᠯᠡᠰᠦᠷᠬᠡᠭ ᠭᠠᠵᠠᠷ ᠢ ᠵᠠᠰᠠᠬᠤ ᠨᠣᠷᠮ᠎ᠠ᠂ ᠪᠣᠬᠢᠷᠳᠣᠭᠰᠠᠨ ᠲᠠᠷᠢᠶᠠᠨ ᠭᠠᠵᠠᠷ ᠢ ᠠᠶᠣᠯᠬᠦᠢ ᠪᠣᠯᠭᠠᠨ ᠠᠰᠢᠭᠯᠠᠨ ᠬᠡᠷᠡᠭᠯᠡᠬᠦ ᠨᠣᠷᠮ᠎ᠠ᠂ ᠬᠤᠲᠠ ᠶᠢᠨ ᠠᠭᠠᠷ ᠤᠨ ᠴᠡᠪᠡᠷᠴᠡ ᠶᠢᠨ ᠶᠠᠰᠣ ᠴᠢᠨᠠᠷ ᠲᠣᠩᠭᠠᠯᠠᠭ ᠡᠳᠦᠷ ᠤᠨ ᠲᠣᠭᠠᠨ ᠤ ᠬᠠᠷᠢᠴᠠᠯ ᠢ ᠬᠦᠯᠦᠨ ᠪᠣᠶᠢᠷ ᠬᠤᠲᠠ ᠶᠢᠨ ᠬᠦᠢᠴᠡᠳᠬᠡᠯ ᠲᠤᠭ᠎ᠠ ᠳᠤ ᠬᠦᠷᠭᠡᠨ᠎ᠡ᠃     ᠳᠡᠭᠡᠷ᠎ᠡ ᠳᠣᠷᠠᠳᠣᠭᠰᠠᠨ ᠬᠠᠷᠠᠯᠲᠠ ᠶᠢ ᠪᠡᠶᠡᠯᠡᠬᠦᠯᠬᠦ ᠳᠤ᠂ ᠡᠨᠡ ᠵᠢᠯ ᠳᠣᠣᠷᠠᠬᠢ ᠨᠠᠢᠮᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠳᠣᠷ ᠬᠢᠬᠦ ᠴᠢᠬᠤᠯᠠᠲᠠᠢ ᠪᠠᠶᠢᠨ᠎ᠠ᠄    ︵ᠨᠢᠬᠡ︶ ᠭᠤᠷᠪᠠᠨ ᠶᠡᠭᠡ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠨ᠎ᠡ᠂ ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠰᠢᠪᠳᠣᠯᠣᠯᠲᠠ ᠶᠢᠨ ᠳᠠᠶᠢᠯᠠᠯᠳᠣᠭᠠᠨ ᠢ ᠰᠠᠶᠢᠳᠣᠷ ᠬᠢᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠣᠯᠬᠤ ᠶᠢᠨ ᠲᠣᠭᠤᠷᠢᠨ ᠳᠤ ᠳᠣᠷᠠᠳᠣᠭᠰᠠᠨ ᠴᠢᠬᠤᠯᠠ ᠶᠡᠭᠡ ᠪᠠᠶᠢᠷᠢᠯᠠᠭᠤᠯᠣᠯᠲᠠ ᠮᠦᠨ᠂ ᠪᠢᠳᠡ ᠪᠦᠲᠦᠮᠵᠢᠲᠡᠢ ᠠᠷᠭ᠎ᠠ ᠬᠡᠮᠵᠢᠶ᠎ᠡ ᠪᠠᠳᠣ ᠴᠢᠩᠭ᠎ᠠ ᠠᠷᠭ᠎ᠠ ᠠᠪᠴᠠᠯ ᠠᠪᠴᠣ᠂ ᠲᠡᠷᠡ ᠶᠣᠰᠣᠭᠠᠷ ᠨᠢ ᠨᠠᠶᠢᠳᠠᠪᠣᠷᠢᠵᠢᠭᠤᠯᠣᠨ ᠪᠣᠳᠠᠳᠠᠶᠢᠵᠢᠭᠤᠯᠬᠤ ᠬᠡᠷᠡᠭᠲᠡᠢ᠃     ᠬᠦᠨᠳᠦ ᠶᠡᠭᠡ ᠠᠶᠣᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠬᠦ ᠬᠡᠷᠡᠭᠲᠡᠢ᠃ ᠦᠷᠢ ᠰᠢᠷᠢ᠂ ᠮᠦᠩᠬᠦᠨ ᠬᠦᠢᠯᠬᠡᠬᠡᠨ᠂ ᠲᠣᠭᠲᠠᠭᠤᠨ ᠵᠡᠷᠭᠡ ᠡᠯ᠎ᠡ ᠵᠦᠢᠯ ᠤᠨ ᠠᠶᠣᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠣ᠂ ᠠᠶᠣᠯ ᠲᠦᠭᠰᠢᠬᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠵᠢᠬᠰᠠᠭᠠᠨ ᠪᠠᠶᠢᠴᠠᠭᠠᠵᠣ᠂ ᠰᠠᠨᠠᠭᠠᠴᠢᠯᠠᠭ᠎ᠠ ᠲᠠᠢ ᠪᠠᠷ ᠰᠡᠷᠭᠡᠶᠢᠯᠡᠨ ᠬᠤᠷᠢᠭᠯᠠᠵᠣ᠂ ᠬᠡᠮ ᠰᠣᠭᠤᠭ ᠢ ᠣᠷᠢᠳᠴᠢᠯᠠᠨ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠣᠨ ᠪᠦᠷᠢᠨᠰᠢᠬᠦᠯᠵᠦ᠂ ᠰᠢᠰᠲ᠋ᠧᠮᠲᠦ ᠴᠢᠨᠠᠷᠲᠠᠢ ᠠᠶᠣᠯ ᠲᠦᠭᠰᠢᠬᠦᠷᠢ ᠦᠯᠦ ᠡᠬᠦᠰᠬᠦ ᠬᠤᠷᠢᠭ᠎ᠠ ᠱᠣᠭᠤᠮ ᠢ ᠪᠠᠳᠣ ᠰᠠᠬᠢᠵᠣ᠂ ᠣᠯᠣᠰ ᠲᠦᠷᠦ ᠶᠢᠨ ᠵᠣᠬᠰᠣᠯᠲᠠ ᠪᠠᠨ ᠦᠨᠡᠨᠬᠦ ᠳᠡᠭᠡᠭᠰᠢᠯᠡᠬᠦᠯᠵᠦ᠂ ᠦᠯᠡᠳᠡᠭᠳᠡᠵᠦ ᠪᠠᠶᠢᠭ᠎ᠠ ᠦᠷᠢ ᠰᠢᠷᠢ ᠶᠢ ᠲᠣᠬᠢᠷᠠᠮᠵᠢᠲᠠᠢ ᠡᠮᠬᠢ ᠴᠡᠭᠴᠡ ᠲᠠᠢ ᠨᠠᠮᠳᠠᠭᠤᠯᠵᠣ᠂ ᠬᠠᠣᠯᠢ ᠶᠣᠰᠣᠭᠠᠷ ᠡᠳ᠋ ᠤᠨ ᠬᠠᠮᠢᠶᠠᠷᠣᠯᠲᠠ ᠬᠢᠬᠦ ᠬᠦᠴᠦᠯᠡᠨ ᠶᠢ ᠠᠬᠢᠭᠤᠯᠵᠣ᠂ ᠭᠠᠶᠢᠯᠢ ᠰᠦᠢᠳᠬᠡᠯ ᠤᠨ ᠲᠠᠲᠠᠪᠣᠷᠢᠯᠠᠯᠲᠠ ᠬᠠᠮᠢᠶᠠᠷᠣᠯᠲᠠ ᠶᠢ ᠴᠢᠩᠭᠠᠳᠬᠠᠵᠣ᠂ ᠡᠩ  ᠤᠨ ᠴᠢᠨᠠᠷᠲᠠᠢ ᠵᠠᠷᠣᠯᠭ᠎ᠠ ᠶᠢ ᠪᠠᠭᠠᠰᠬᠠᠵᠣ᠂  ᠦᠯᠡᠳᠡᠬᠡᠯ ᠬᠦᠷᠦᠩᠭᠡ ᠶᠢ ᠬᠦᠢᠯᠬᠡᠬᠡᠨ ᠳᠤ ᠣᠷᠣᠭᠤᠯᠵᠣ᠂ ᠣᠨ ᠤ ᠦᠷᠢ ᠰᠢᠷᠢ ᠶᠢ ᠨᠠᠮᠳᠠᠭᠤᠯᠬᠤ ᠡᠭᠦᠷᠭᠡ ᠶᠢ ᠪᠡᠶᠡᠯᠡᠬᠦᠯᠬᠦ ᠶᠢ ᠯᠠᠪᠳᠠᠢ ᠪᠠᠳᠣᠯᠠᠨ᠎ᠠ᠃ ᠣᠷᠣᠯᠭ᠎ᠠ ᠪᠠᠨ ᠦᠨᠳᠦᠰᠦᠯᠡᠨ ᠵᠠᠷᠣᠯᠭ᠎ᠠ ᠶᠢ ᠲᠣᠬᠢᠷᠠᠭᠤᠯᠬᠤ᠂ ᠣᠷᠣᠯᠭ᠎ᠠ ᠵᠠᠷᠣᠯᠭ᠎ᠠ ᠶᠢ ᠳᠡᠩᠴᠡᠭᠦᠷᠢᠰᠢᠬᠦᠯᠬᠦ ᠶᠢ ᠪᠠᠷᠢᠮᠳᠠᠯᠠᠵᠣ᠂ ᠵᠢᠭᠡᠯᠡᠯᠭᠡ ᠠᠪᠬᠤ ᠪᠡᠯᠡ ᠬᠤᠷᠠᠮᠳᠣᠭᠤᠯᠬᠤ ᠦᠢᠯᠡ ᠠᠵᠢᠯᠯᠠᠭ᠎ᠠ ᠶᠢ ᠴᠢᠩᠭ᠎ᠠ ᠵᠢᠷᠣᠮᠵᠢᠭᠤᠯᠵᠣ᠂ ᠰᠣᠬᠤᠷ ᠪᠠᠯᠠᠢ ᠪᠠᠷ ᠬᠡᠳᠦᠷᠬᠡᠢ ᠣᠯᠠᠨ ᠵᠢᠭᠡᠯᠡᠯᠭᠡ ᠠᠪᠬᠤ ᠶᠢ ᠡᠷᠡᠰ ᠬᠤᠷᠢᠭᠯᠠᠵᠣ᠂ ᠵᠠᠰᠠᠭ ᠤᠨ ᠣᠷᠳᠣᠨ ᠤ ᠦᠷᠢ ᠰᠢᠷᠢ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠮᠦᠩᠬᠦᠨ ᠬᠦᠢᠯᠬᠡᠬᠡᠨ ᠤ ᠠᠶᠣᠯ ᠲᠦᠭᠰᠢᠬᠦᠷᠢ ᠶᠢ ᠬᠦᠴᠦᠯᠡᠨ ᠰᠡᠷᠭᠡᠶᠢᠯᠡᠵᠦ᠂ ᠮᠦᠩᠬᠦᠨ ᠬᠦᠢᠯᠭᠡᠭᠡᠨ ᠤ ᠪᠣᠳᠠᠳᠣ ᠠᠵᠣ ᠠᠬᠤᠢ ᠳᠤ ᠦᠢᠯᠡᠴᠢᠯᠡᠬᠦ᠂ ᠦᠨᠳᠦᠰᠦᠨ ᠱᠠᠲᠣᠨ ᠳᠤ ᠦᠢᠯᠡᠴᠢᠯᠡᠬᠦ ᠴᠢᠳᠠᠪᠣᠷᠢ ᠶᠢ ᠴᠢᠩᠭᠠᠷᠠᠭᠤᠯᠵᠣ᠂ ᠬᠠᠣᠯᠢ ᠪᠣᠰᠣ ᠪᠠᠷ ᠪᠡᠯᠡ ᠬᠤᠷᠠᠮᠳᠣᠭᠤᠯᠬᠤ᠂ ᠦᠨᠳᠦᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠠᠣᠯᠢ ᠳᠦᠷᠢᠮ ᠢ ᠵᠣᠷᠢᠴᠡᠭᠰᠡᠨ ᠮᠦᠩᠬᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠲᠡᠢ᠃    ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠬᠦ ᠬᠡᠷᠡᠭᠲᠡᠢ᠃ ᠰᠢ ᠶᠢᠨ ᠫᠢᠩ ᠤᠨ ᠶᠠᠳᠠᠭᠤ ᠶᠢ ᠲᠡᠳᠬᠦᠬᠦ ᠨᠡᠬᠡᠬᠡᠯᠲᠡ ᠶᠢᠨ ᠪᠠᠶᠢᠯᠳᠣᠬᠤ ᠪᠣᠳᠣᠯᠭ᠎ᠠ  ᠶᠢᠨ ᠦᠵᠡᠯ ᠰᠠᠨᠠᠭ᠎ᠠ ᠶᠢ ᠬᠦᠨᠵᠡᠬᠡᠢ ᠲᠣᠣᠱᠯᠠᠭᠤᠯᠵᠣ᠂ ᠶᠠᠳᠠᠭᠤ ᠶᠢ ᠲᠡᠳᠬᠦᠬᠦ ᠬᠢᠬᠡᠳ ᠵᠣᠷᠢᠭ ᠰᠠᠨᠠᠭ᠎ᠠ ᠣᠶᠣᠨ ᠣᠬᠠᠭᠠᠨ ᠤ ᠲᠠᠯ᠎ᠠ ᠪᠠᠷ ᠲᠡᠳᠬᠦᠬᠦ ᠶᠢ ᠬᠠᠷᠢᠯᠴᠠᠨ ᠣᠶᠠᠯᠳᠣᠭᠤᠯᠣᠬᠤ ᠶᠢ ᠪᠠᠷᠢᠮᠲᠠᠯᠠᠵᠣ᠂ ᠣᠳᠣ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ ᠪᠠᠶᠢᠬᠤ ᠶᠠᠳᠠᠭᠤ ᠠᠴᠠ ᠠᠩᠬᠢᠵᠢᠷᠠᠭᠤᠯᠬᠤ ᠶᠠᠰᠣ ᠴᠢᠨᠠᠷ ᠪᠠ ᠪᠣᠳᠠᠳᠣ ᠦᠷ᠎ᠡ ᠠᠰᠢᠭ ᠢ ᠬᠦᠴᠦᠯᠡᠨ ᠳᠡᠭᠡᠭᠰᠢᠯᠡᠬᠦᠯᠵᠦ᠂ ᠳᠡᠭᠡᠳᠦ ᠬᠡᠮᠵᠢᠶᠡᠨ ᠤ ᠣᠯᠣᠰ ᠲᠦᠷᠦ ᠶᠢᠨ ᠣᠬᠠᠮᠰᠠᠷ ᠪᠠ ᠬᠠᠷᠢᠭᠤᠴᠠᠯᠭ᠎ᠠ ᠶᠢ ᠡᠭᠦᠷᠭᠡᠯᠡᠨ᠂ ᠶᠡᠷᠦ ᠪᠣᠰᠣ ᠶᠢᠨ ᠠᠷᠭ᠎ᠠ ᠠᠪᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃ ᠶᠠᠳᠠᠭᠤ ᠶᠢ ᠲᠡᠳᠬᠦᠬᠦ 67 ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠣᠨᠣᠪᠴᠢᠲᠠᠢ ᠨᠠᠶᠢᠳᠠᠪᠣᠷᠢᠵᠢᠭᠤᠯᠣᠨ᠂ ᠬᠦᠮᠦᠨ ᠪᠣᠯᠣᠨ ᠡᠷᠦᠬᠡ ᠲᠤᠨᠢ ᠲᠣᠬᠢᠷᠠᠭᠤᠯᠣᠨ ᠠᠷᠭ᠎ᠠ ᠪᠣᠳᠣᠯᠭ᠎ᠠ ᠬᠡᠷᠡᠭᠵᠢᠬᠦᠯᠬᠦ ᠶᠢ ᠪᠠᠷᠢᠮᠳᠠᠯᠠᠵᠣ᠂ ᠠᠵᠣ ᠦᠢᠯᠡᠰ ᠢᠶᠠᠷ ᠶᠠᠳᠠᠭᠤ ᠶᠢ ᠲᠡᠳᠬᠦᠬᠦ᠂ ᠮᠦᠩᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠡᠷᠡᠭᠦᠯ  ᠮᠡᠨᠳᠦ ᠪᠠᠷ ᠶᠠᠳᠠᠭᠤ ᠶᠢ ᠲᠡᠳᠬᠦᠬᠦ᠂ ᠨᠡᠶᠢᠬᠡᠮ ᠠᠴᠠ ᠶᠠᠳᠠᠭᠤ ᠶᠢ ᠲᠡᠳᠬᠦᠬᠦ ᠵᠡᠷᠭᠡ ᠬᠠᠪᠰᠣᠷᠣᠨ ᠲᠡᠳᠬᠦᠬᠦ ᠠᠷᠭ᠎ᠠ ᠬᠡᠮᠵᠢᠶ᠎ᠡ ᠪᠠᠷ ᠨᠡᠩ ᠶᠡᠭᠡ ᠦᠷ᠎ᠡ ᠠᠰᠢᠭ ᠣᠯᠬᠤ ᠬᠡᠷᠡᠭᠲᠡᠢ᠃ ᠶᠠᠳᠠᠭᠤ ᠶᠢ ᠲᠡᠳᠬᠦᠬᠦ ᠬᠦᠷᠢᠶᠡᠨ ᠤ ᠲᠣᠰᠬᠠᠢ ᠵᠦᠢᠯ ᠤᠨ ᠵᠠᠰᠠᠯᠲᠠ ᠶᠢ ᠦᠷᠨᠢᠬᠦᠯᠵᠦ᠂ ᠺᠠᠳ᠋ᠷᠴᠣᠳ ᠠᠴᠠ ᠬᠠᠪᠰᠣᠷᠣᠨ ᠲᠡᠳᠬᠦᠬᠦ ᠶᠢ ᠴᠢᠩᠭᠠᠳᠬᠠᠵᠣ᠂ ᠬᠢᠨᠠᠨ ᠰᠢᠯᠭᠠᠬᠤ ᠬᠢᠨᠠᠯᠲᠠ ᠲᠠᠯᠪᠢᠬᠤ ᠬᠠᠷᠢᠭᠤᠴᠠᠯᠭ᠎ᠠ ᠲᠣᠯᠭᠠᠬᠤ ᠶᠢ ᠴᠢᠩᠳᠠᠯᠠᠵᠣ᠂ ᠪᠠᠬᠢᠯᠡᠯᠲᠡ ᠰᠢᠪᠳᠣᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠬᠦᠯᠦᠨ᠎ᠡ᠃ ᠣᠨ ᠤ ᠳᠣᠳᠣᠷ᠎ᠠ ᠦᠯᠡᠳᠡᠭᠰᠡᠨ 106 ᠡᠷᠦᠬᠡ᠂ 268 ᠶᠠᠳᠠᠭᠤ ᠬᠦᠴᠢᠷᠳᠡᠯᠳᠡᠢ ᠣᠯᠠᠨ ᠲᠦᠮᠡᠨ ᠤ ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠵᠦ᠂ ᠡᠷᠦᠬᠡ ᠳᠠᠷᠠᠭᠠᠯᠠᠨ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠬᠦᠯᠵᠦ᠂ ᠨᠢᠬᠡᠨᠳᠡ ᠶᠠᠳᠠᠭᠤ ᠠᠴᠠ ᠪᠠᠨ ᠠᠩᠬᠢᠵᠢᠷᠠᠭᠰᠠᠨ ᠠᠷᠠᠳ ᠣᠯᠠᠨ ᠢ ᠶᠠᠳᠠᠭᠤ ᠠᠴᠠ ᠠᠩᠬᠢᠵᠢᠷᠠᠭᠤᠯᠬᠤ ᠠᠴᠠ ᠪᠢᠰᠢ ᠲᠦᠷᠦ ᠶᠢᠨ ᠪᠣᠳᠣᠯᠭ᠎ᠠ ᠠᠴᠠ ᠠᠩᠬᠢᠵᠢᠷᠠᠭᠤᠯᠬᠤ ᠦᠭᠡᠢ᠂ ᠶᠠᠳᠠᠭᠤ ᠠᠴᠠ ᠠᠩᠬᠢᠵᠢᠷᠠᠭᠤᠯᠬᠤ ᠳᠤ ᠬᠠᠪᠰᠣᠷᠣᠨ ᠲᠡᠳᠬᠦᠬᠦ ᠠᠴᠠ ᠠᠩᠬᠢᠵᠢᠷᠠᠭᠤᠯᠬᠤ ᠦᠭᠡᠢ ᠵᠠᠷᠴᠢᠮ ᠢ ᠪᠠᠷᠢᠮᠲᠠᠯᠠᠵᠣ᠂ ᠬᠠᠪᠰᠣᠷᠣᠨ ᠲᠡᠳᠬᠦᠬᠦ ᠦᠷ᠎ᠡ ᠪᠦᠲᠦᠭᠡᠯ  ᠢᠶᠠᠨ ᠦᠷᠭᠦᠯᠵᠢᠯᠡᠨ ᠪᠠᠳᠣᠳᠬᠠᠵᠣ᠂ ᠶᠠᠳᠠᠭᠤ ᠬᠦᠴᠢᠷᠳᠡᠯᠳᠡᠢ ᠣᠯᠠᠨ ᠲᠦᠮᠡᠨ ᠢ ᠦᠨᠳᠦᠷ ᠴᠢᠨᠠᠷ ᠴᠢᠨᠰᠠᠭ᠎ᠠ ᠲᠠᠢ  ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠣᠯᠠᠨ᠎ᠠ᠃     ᠪᠣᠬᠢᠷᠳᠣᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠬᠦ ᠬᠡᠷᠡᠭᠲᠡᠢ ᠃ ᠲᠦᠪ ᠤᠨ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠳᠣᠭᠤᠶᠢᠯᠠᠩ ᠤᠨ ᠬᠠᠷᠢᠭᠤ ᠳᠣᠰᠬᠠᠬᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦᠯᠬᠦ ᠠᠵᠢᠯ ᠤᠨ ᠣᠨ ᠤ ᠡᠭᠦᠷᠭᠡ ᠪᠠᠨ ᠪᠡᠶᠡᠯᠡᠬᠦᠯᠵᠦ᠂ ᠣᠷᠴᠢᠨ ᠲᠣᠭᠤᠷᠢᠨ  ᠤ ᠳᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠬᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠪᠠᠷᠢᠮᠵᠢᠶ᠎ᠠ ᠲᠣᠭᠲᠠᠭᠠᠵᠣ᠂ ᠰᠢᠨ᠎ᠡ ᠪᠠᠷ ᠳᠠᠳᠠᠨ ᠣᠷᠣᠭᠤᠯᠵᠣ ᠨᠣᠲᠣᠭᠰᠢᠭᠤᠯᠬᠤ ᠠᠵᠣ ᠦᠢᠯᠡᠰ ᠤᠨ ᠲᠦᠷᠦᠯ ᠵᠦᠢᠯ ᠳᠤ ᠣᠯᠣᠰ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠨᠡᠬᠦᠷᠡᠰᠦ᠂ ᠴᠠᠬᠢᠯᠭᠠᠨ ᠬᠦᠴᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠵᠣ ᠠᠬᠤᠶᠢᠯᠠᠯ ᠤᠳ ᠢ ᠱᠠᠭᠠᠷᠳᠠᠨ ᠮᠡᠷᠭᠡᠵᠢᠯ ᠤᠨ ᠦᠭᠡᠷᠡᠴᠢᠯᠡᠯᠲᠡ ᠬᠢᠯᠬᠡᠨ᠎ᠡ᠃ ︽ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠲᠣᠬᠠᠢ ᠠᠷᠪᠠᠨ ᠵᠣᠷᠪᠣᠰ ᠲᠣᠭᠲᠠᠭᠠᠯ︾᠂ ︽ᠣᠰᠣᠨ ᠤ ᠪᠣᠬᠢᠷᠳᠣᠯ  ᠢ ᠰᠡᠷᠭᠡᠶᠢᠯᠡᠨ ᠵᠠᠰᠠᠬᠤ ᠠᠷᠪᠠᠨ ᠵᠣᠷᠪᠣᠰ ᠲᠣᠭᠲᠠᠭᠠᠯ︾᠂ ︽ᠬᠦᠷᠦᠰᠦ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠲᠣᠬᠠᠢ ᠠᠷᠪᠠᠨ ᠵᠣᠷᠪᠣᠰ ᠲᠣᠭᠲᠠᠭᠠᠯ︾ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠭᠠᠷ ᠮᠠᠨᠳᠠᠯ᠂ ᠣᠰᠣ᠂ ᠬᠦᠷᠦᠰᠦ ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠦᠷᠨᠢᠬᠦᠯᠬᠦ ᠬᠡᠷᠡᠭᠲᠡᠢ᠃ ᠪᠣᠬᠢᠷᠳᠣᠯ ᠤᠨ ᠡᠬᠢ ᠶᠢ ᠠᠦ᠋ᠲ᠋ᠦ᠋ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠣᠯᠲᠠ ᠶᠢ ᠴᠢᠩᠭᠠᠳᠬᠠᠵᠣ᠂ ᠬᠦᠳᠡᠯᠦᠩᠬᠦᠢ ᠬᠢᠨᠠᠨ ᠬᠡᠮᠵᠢᠬᠦ ᠬᠠᠮᠢᠶᠠᠷᠬᠤ ᠴᠢᠳᠠᠪᠣᠷᠢ ᠶᠢ ᠨᠢ ᠳᠡᠭᠡᠭᠰᠢᠯᠡᠬᠦᠯᠦᠨ᠂ ᠪᠦᠬᠦ ᠣᠯᠣᠰ ᠤᠨ ᠪᠣᠬᠢᠷᠳᠣᠯ ᠤᠨ ᠡᠬᠢ ᠶᠢ ᠬᠤᠶᠠᠳᠣᠭᠠᠷ ᠣᠳᠠᠭ᠎ᠠ ᠨᠡᠶᠢᠳᠡᠮ ᠪᠠᠶᠢᠴᠠᠭᠠᠬᠤ ᠠᠵᠢᠯ ᠤᠨ ᠡᠬᠦᠷᠭᠡ ᠶᠢ ᠪᠡᠶᠡᠯᠡᠬᠦᠯᠦᠨ᠎ᠡ᠃ ᠴᠠᠬᠳᠠᠨ ᠪᠠᠶᠢᠴᠠᠭᠠᠵᠣ ᠬᠠᠮᠢᠶᠠᠷᠣᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠣ᠂ ᠨᠣᠭᠤ ᠭᠠᠵᠠᠷ ᠢ ᠡᠵᠡᠯᠡᠨ ᠠᠪᠬᠤ᠂ ᠬᠠᠣᠯᠢ ᠶᠢ ᠵᠦᠷᠢᠴᠡᠨ ᠡᠯᠡᠰᠦ ᠭᠠᠷᠭᠠᠬᠤ᠂ ᠳᠣᠷ᠎ᠠ ᠪᠠᠷ ᠠᠳᠠᠷ ᠬᠠᠭᠠᠯᠪᠣᠷᠢᠯᠠᠬᠤ᠂ ᠬᠡᠬᠡᠷ᠎ᠡ ᠶᠢᠨ ᠡᠮ ᠤᠨ ᠮᠠᠲ᠋ᠧᠷᠢᠶᠠᠯ ᠢ ᠳᠣᠷ᠎ᠠ ᠪᠠᠷ ᠲᠡᠬᠦᠵᠦ ᠮᠠᠯᠳᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠤᠨ ᠨᠡᠬᠡᠬᠡᠯᠲᠡ ᠶᠢᠨ ᠬᠠᠮᠢᠶᠠᠷᠣᠯᠲᠠ ᠶᠢ ᠴᠢᠩᠭᠠᠳᠬᠠᠵᠣ᠂ ᠬᠠᠣᠯᠢ ᠪᠣᠰᠣ ᠪᠠᠷ ᠠᠭᠤᠷᠬᠠᠢ ᠮᠠᠯᠳᠠᠬᠤ ᠳᠤ ᠴᠣᠬᠢᠯᠲᠠ ᠦᠭᠬᠦ ᠬᠦᠴᠦᠯᠡᠴᠡ ᠪᠠᠨ ᠴᠢᠩᠭᠠᠳᠬᠠᠵᠣ᠂ ︽ᠪᠣᠬᠢᠷᠳᠣᠯ ᠦᠭᠡᠢ ᠠᠭᠤᠷᠬᠠᠢ︾ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠣᠨ᠎ᠠ᠃     ︵ᠬᠤᠶᠠᠷ︶ ᠲᠦᠷᠦᠯ ᠵᠦᠢᠯ ᠪᠠ ᠪᠡᠯᠡ ᠣᠷᠣᠭᠤᠯᠣᠯᠲᠠ ᠶᠢ ᠦᠨᠡᠨᠬᠦ ᠰᠠᠶᠢᠳᠣᠷ ᠠᠳᠬᠤᠬᠤ ᠬᠡᠷᠡᠭᠲᠡᠢ᠃ ᠪᠡᠯᠡ ᠣᠷᠣᠭᠤᠯᠣᠯᠲᠠ ᠶᠢᠨ ᠳᠣᠳᠠᠭᠤᠳᠠᠯ ᠢ ᠨᠦᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠠᠪᠣᠴᠠ ᠳᠠᠬᠢ ᠴᠢᠬᠤᠯᠠ ᠦᠢᠯᠡᠳᠦᠯ ᠢ ᠰᠠᠶᠢᠳᠣᠷ ᠪᠠᠳᠠᠷᠠᠭᠤᠯᠵᠣ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠪᠠᠷ ᠪᠦᠲᠦᠴᠡ ᠶᠢᠨ ᠲᠣᠬᠢᠷᠠᠭᠤᠯᠣᠯᠲᠠ ᠶᠢ ᠬᠦᠲᠦᠯᠡᠬᠦᠯᠵᠦ᠂ ᠲᠦᠷᠦᠯ ᠵᠦᠢᠯ ᠢ ᠠᠳᠬᠤᠬᠤ ᠪᠡᠯᠡ ᠣᠷᠣᠭᠤᠯᠣᠯᠲᠠ ᠶᠢ ᠨᠡᠮᠡᠭᠳᠡᠬᠦᠯᠬᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠦᠭᠵᠢᠯᠲᠡ ᠶᠢᠨ ᠰᠠᠶᠢᠨ ᠪᠠᠶᠢᠳᠠᠯ  ᠢ ᠪᠣᠢ ᠪᠣᠯᠭᠠᠨ᠎ᠠ᠃     ᠲᠦᠷᠦᠯ ᠵᠦᠢᠯ ᠢ ᠰᠦᠪᠡᠭᠴᠢᠯᠡᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠣᠯᠣᠰ ᠤᠨ ᠣᠳᠣ ᠶᠢᠨ ᠬᠡᠷᠡᠭᠵᠢᠬᠦᠯᠵᠦ ᠪᠠᠶᠢᠭ᠎ᠠ ᠠᠵᠣ ᠦᠢᠯᠡᠰ ᠤᠨ ᠲᠦᠷᠦ ᠶᠢᠨ ᠪᠣᠳᠣᠯᠭ᠎ᠠ ᠪᠠ ᠪᠡᠯᠡ ᠣᠷᠣᠭᠤᠯᠣᠯᠲᠠ ᠶᠢᠨ ᠬᠠᠨᠳᠣᠰᠢ ᠶᠢ ᠦᠨᠳᠦᠰᠦᠯᠡᠨ᠂ ᠳᠡᠭᠡᠳᠦ ᠱᠠᠲᠣᠨ ᠤ ᠲᠦᠷᠦ ᠶᠢᠨ ᠪᠣᠳᠣᠯᠭ᠎ᠠ ᠶᠢ ᠰᠣᠳᠣᠯᠬᠤ ᠪᠠ ᠨᠠᠶᠢᠳᠠᠪᠣᠷᠢᠵᠢᠭᠤᠯᠬᠤ ᠬᠦᠴᠦᠯᠡᠴᠡ ᠪᠠᠨ ᠴᠢᠩᠭᠠᠷᠠᠭᠤᠯᠵᠣ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠬᠦᠯᠬᠡ ᠶᠢᠨ ᠳᠣᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠲᠦᠯᠦᠪᠵᠢᠬᠦᠯᠬᠡ ᠶᠢ ᠲᠣᠬᠢᠷᠠᠭᠤᠯᠬᠤ ᠠᠵᠢᠯ ᠢ ᠰᠠᠶᠢᠳᠣᠷ ᠬᠢᠵᠦ ᠂ ᠬᠦᠯᠦᠨ ᠪᠣᠶᠢᠷ ᠬᠤᠲᠠ ᠶᠢᠨ ︽ᠬᠤᠶᠠᠷ ᠲᠣᠭᠤᠷᠢᠭ ᠭᠤᠷᠪᠠᠨ ᠰᠠᠭᠤᠷᠢᠨ ᠨᠢᠬᠡ ᠬᠡᠷ ᠨᠣᠲᠤᠭ︾ ᠤᠨ ᠬᠠᠷᠠᠯᠲᠠ  ᠶᠢᠨ ᠪᠠᠶᠢᠷᠢ ᠲᠣᠭᠲᠠᠭᠠᠯᠲᠠ ᠶᠢᠨ  ᠲᠣᠭᠤᠷᠢᠨ ᠳᠤ ᠨᠢᠬᠡ ᠪᠦᠯᠦᠭ ᠮᠠᠨ ᠤ ᠬᠤᠰᠢᠭᠤᠨ ᠤ ᠣᠨᠴᠠᠯᠢᠭ ᠲᠠᠢ᠂ ᠠᠵᠣ ᠦᠢᠯᠡᠰ ᠤᠨ ᠲᠣᠬᠢᠷᠠᠭᠤᠯᠣᠯᠲᠠ ᠶᠢᠨ ᠬᠠᠨᠳᠣᠰᠢ ᠳᠤ ᠲᠣᠬᠢᠷᠠᠬᠤ᠂ ᠠᠵᠣ ᠠᠬᠤᠢ ᠶᠢᠨ ᠬᠦᠭᠵᠢᠯᠲᠡ ᠶᠢᠨ ᠲᠣᠳᠠᠭᠤᠳᠠᠯ ᠢ ᠨᠦᠬᠦᠪᠦᠷᠢᠯᠡᠵᠦ ᠴᠢᠳᠠᠬᠤ ᠵᠡᠷᠭᠡ ᠲᠦᠷᠦᠯ ᠵᠦᠢᠯ ᠢ ᠣᠷᠢᠳᠴᠢᠯᠠᠨ ᠰᠦᠪᠡᠭᠴᠢᠯᠡᠬᠦ ᠪᠠ ᠨᠦᠬᠡᠴᠡᠯᠡᠨ᠎ᠡ᠃ 2018 ᠣᠨ ᠳᠤ 50 ᠵᠦᠢᠯ ᠤᠨ ᠲᠦᠷᠦᠯ ᠵᠦᠢᠯ ᠢ ᠲᠣᠬᠢᠷᠠᠭᠤᠯᠬᠤ ᠪᠠᠷ ᠲᠦᠯᠦᠪᠯᠡᠵᠦ᠂ ᠶᠡᠷᠥᠩᠬᠡᠢ ᠪᠡᠯᠡ ᠣᠷᠣᠭᠤᠯᠣᠯᠲᠠ ᠶᠢ 91.5 ᠳ᠋ᠥᠩᠰᠢᠭᠤᠷ ᠲᠤ ᠬᠦᠷᠬᠡᠵᠦ᠂ ᠵᠢᠯ ᠳᠤ 42.3 ᠳ᠋ᠥᠩᠰᠢᠭᠤᠷ ᠲᠦᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ ᠪᠣᠢ᠂ ᠡᠬᠦᠨ ᠳᠤ᠂ ᠬᠤᠰᠢᠭᠤᠨ ᠤ ᠳᠡᠰ ᠤᠨ ᠲᠦᠷᠦᠯ ᠵᠦᠢᠯ 41 ᠵᠦᠢᠯ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠦᠷᠦᠯ ᠵᠦᠢᠯ 9 ᠪᠣᠢ᠃ ᠳᠡᠭᠡᠳᠦ ᠱᠠᠲᠣᠨ ᠤ ᠰᠠᠯᠠᠭ᠎ᠠ ᠮᠦᠴᠢᠷ ᠲᠠᠢ ᠠᠵᠢᠯ ᠢᠶᠠᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠣ᠂ ᠨᠢᠬᠡ ᠪᠦᠯᠦᠭ ᠠᠷᠠᠳ ᠤᠨ ᠠᠮᠢᠳᠣᠷᠠᠯ  ᠲᠠᠢ ᠬᠠᠮᠢᠶᠠᠳᠠᠢ ᠭᠤᠣᠯᠳᠠᠯᠭ᠎ᠠ ᠲᠠᠢ ᠲᠦᠷᠦᠯ ᠵᠦᠢᠯ ᠢ ᠰᠦᠪᠡᠭᠴᠢᠯᠡᠵᠦ᠂ ᠦᠪᠡᠷᠲᠡᠭᠡᠨ ᠵᠠᠰᠠᠬᠤ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠳᠤ ᠪᠡᠯᠡᠭ ᠪᠠᠷᠢᠬᠤ ᠪᠠᠷ ᠪᠡᠯᠡᠳᠬᠡᠬᠦ ᠬᠡᠷᠡᠭᠲᠡᠢ᠃     ᠲᠦᠷᠦᠯ ᠵᠦᠢᠯ ᠤᠨ ᠬᠠᠮᠢᠶᠠᠷᠣᠯᠲᠠ ᠶᠢ ᠦᠨᠡᠨᠬᠦ ᠴᠢᠩᠭᠠᠳᠬᠠᠨ᠎ᠠ᠃ ᠲᠦᠷᠦᠯ ᠵᠦᠢᠯ ᠢ ᠠᠮᠵᠢᠯᠲᠠ ᠲᠠᠢ ᠲᠣᠭᠲᠠᠭᠠᠬᠤ ᠨᠣᠷᠮ᠎ᠠ᠂ ᠠᠵᠢᠯ ᠡᠬᠢᠯᠡᠬᠦᠯᠬᠦ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠳᠡᠭᠡᠭᠰᠢᠯᠡᠬᠦᠯᠬᠦ  ᠪᠠᠷ ᠭᠤᠣᠯᠳᠠᠯᠭ᠎ᠠ ᠪᠣᠯᠭᠠᠵᠣ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠡᠯ᠎ᠡ ᠭᠤᠭᠴᠤᠭ᠎ᠠ ᠶᠢᠨ ᠠᠵᠢᠯ  ᠢ ᠣᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠪᠣᠳᠠᠳᠠᠶᠢᠵᠢᠭᠤᠯᠵᠣ᠂ ᠨᠠᠷᠢᠯᠢᠭᠵᠢᠭᠤᠯᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠳᠠᠢ ᠴᠢᠩᠭ᠎ᠠ ᠠᠳᠬᠤᠵᠣ᠂ ᠡᠬᠦᠷᠭᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠣ᠂ ᠬᠠᠷᠢᠭᠤᠴᠠᠯᠭ᠎ᠠ ᠶᠢ ᠱᠠᠲᠣ ᠱᠠᠲᠣ ᠪᠠᠷ ᠨᠠᠶᠢᠳᠠᠪᠣᠷᠢᠵᠢᠭᠤᠯᠣᠨ᠂ ᠲᠦᠯᠦᠪᠵᠢᠬᠦᠯᠬᠦ᠂ ᠭᠠᠵᠠᠷ ᠬᠡᠷᠡᠭᠯᠡᠬᠦ᠂ ᠣᠷᠴᠢᠨ ᠲᠣᠭᠤᠷᠢᠨ ᠤ ᠨᠦᠯᠦᠬᠡᠯᠡᠯ ᠢ ᠦᠨᠡᠯᠡᠬᠦ᠂ ᠲᠦᠷᠦᠯ ᠵᠦᠢᠯ ᠢ ᠲᠣᠭᠲᠠᠭᠠᠬᠤ ᠵᠡᠷᠭᠡ ᠳᠠᠬᠢ ᠡᠮᠦᠨᠡᠬᠢ ᠬᠤᠭᠤᠴᠠᠭᠠᠨ ᠤ ᠴᠢᠬᠤᠯᠠ ᠭᠤᠭᠴᠤᠭ᠎ᠠ ᠳᠤ ᠲᠦᠪᠯᠡᠷᠡᠭᠦᠯᠦᠨ ᠦᠨᠳᠦᠷ ᠦᠷ᠎ᠡ ᠠᠰᠢᠭ ᠲᠠᠢ ᠠᠵᠢᠯᠯᠠᠭᠠᠨ  ᠢ ᠪᠡᠶᠡᠯᠡᠬᠦᠯᠵᠦ᠂ ᠲᠦᠷᠦᠯ ᠵᠦᠢᠯ ᠢ ᠨᠣᠲᠣᠭᠰᠢᠭᠤᠯᠬᠤ ᠶᠢ ᠯᠠᠪᠳᠠᠭᠤᠨ ᠢᠶᠠᠷ ᠠᠬᠢᠭᠤᠯᠣᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠪᠠᠨ ᠪᠦᠬᠦ ᠲᠠᠯ᠎ᠠ ᠪᠠᠷ ᠲᠦᠷᠬᠡᠳᠬᠡᠵᠦ᠂ ᠴᠠᠭ ᠢ ᠪᠠᠷᠢᠮᠲᠠᠯᠠᠬᠤ ᠣᠬᠠᠮᠰᠠᠷ ᠪᠠ ᠦᠷ᠎ᠡ ᠠᠰᠢᠭ ᠤᠨ ᠣᠬᠠᠮᠰᠠᠷ ᠢ ᠪᠠᠳᠣ ᠪᠣᠢ ᠪᠣᠯᠭᠠᠵᠣ᠂ ᠴᠠᠭ ᠪᠠ ᠠᠬᠢᠴᠠ ᠶᠢ ᠬᠡᠳᠡᠷᠬᠦ ᠵᠢᠬᠰᠠᠭᠠᠨ᠂ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠶᠠᠪᠣᠴᠠ ᠳᠤ ᠲᠣᠯᠭᠠᠷᠠᠭᠰᠠᠨ ᠬᠦᠴᠢᠷ ᠪᠠ ᠠᠰᠠᠭᠤᠳᠠᠯ ᠢ ᠦᠨᠳᠦᠷ ᠦᠷ᠎ᠡ ᠠᠰᠢᠭ ᠲᠠᠢ ᠪᠠᠷ ᠳᠠᠷᠣᠢ ᠲᠦᠷᠭᠡᠨ ᠵᠣᠬᠢᠴᠠᠭᠤᠯᠣᠨ ᠰᠢᠢᠳᠪᠦᠷᠢᠯᠡᠵᠦ᠂ ᠪᠦᠲᠦᠭᠡᠨ ᠪᠠᠶᠢᠭᠤᠯᠵᠣ ᠪᠠᠶᠢᠭ᠎ᠠ ᠲᠦᠷᠦᠯ ᠵᠦᠢᠯ ᠢ ᠡᠷᠳᠡ ᠨᠢᠬᠡᠨ ᠡᠳᠦᠷ ᠠᠰᠢᠭᠯᠠᠯᠲᠠ ᠳᠤ ᠣᠷᠣᠭᠤᠯᠣᠨ ᠬᠡᠷᠡᠭᠯᠡᠬᠦᠯᠬᠦ ᠶᠢ ᠪᠠᠳᠣᠯᠠᠵᠣ᠂ ᠪᠠᠷᠢᠯᠭ᠎ᠠ ᠶᠢᠨ ᠲᠦᠷᠦᠯ ᠵᠦᠢᠯ ᠢ ᠴᠢᠨᠠᠷ ᠰᠠᠶᠢᠳᠠᠢ᠂ ᠰᠣᠳᠣᠨ ᠳᠡᠰ ᠤᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃     ᠪᠡᠯᠡ ᠴᠣᠭᠯᠠᠭᠤᠯᠬᠤ ᠬᠦᠴᠦᠯᠡᠴᠡ ᠪᠠᠨ ᠴᠢᠩᠭᠠᠷᠠᠭᠤᠯᠣᠨ᠎ᠠ᠃ ᠵᠠᠰᠠᠭ ᠤᠨ ᠣᠷᠳᠣᠨ ᠪᠣᠯᠣᠨ ᠨᠡᠶᠢᠬᠡᠮ ᠤᠨ ᠬᠦᠷᠦᠩᠭᠡ ᠬᠤᠷᠰᠢᠯᠴᠠᠬᠤ ᠬᠡᠪ ᠵᠠᠬᠪᠣᠷ ︵PPP︶ ᠢ ᠬᠦᠨᠵᠡᠬᠡᠢ ᠠᠬᠢᠭᠤᠯᠵᠣ᠂ ᠪᠡᠯᠡ ᠣᠷᠣᠭᠤᠯᠬᠤ ᠣᠷᠴᠢᠨ ᠢ ᠡᠬᠦᠳᠬᠦ ᠪᠠ ᠬᠠᠮᠢᠶᠠᠷᠬᠤ ᠶᠢ ᠰᠠᠶᠢᠳᠣᠷ ᠠᠳᠬᠤᠵᠣ᠂ ᠲᠦᠷᠦᠯ ᠵᠦᠢᠯ ᠢ ᠨᠡᠶᠢᠳᠬᠡᠨ᠂ ᠲᠦᠷᠦᠯ ᠵᠦᠢᠯ ᠤᠨ ᠬᠠᠮ ᠲᠦᠯᠦᠪᠯᠡᠭᠡ ᠬᠢᠬᠦ ᠶᠢ ᠴᠢᠩᠭᠠᠳᠬᠠᠵᠣ᠂ ᠠᠷᠠᠳ ᠤᠨ ᠳᠣᠮᠳᠠᠬᠢ ᠪᠡᠯᠡ ᠬᠦᠷᠦᠩᠭᠡ ᠶᠢᠨ ᠠᠮᠢᠵᠢᠷᠠᠯ ᠤᠨ ᠬᠦᠴᠦᠨ ᠢ ᠬᠦᠭᠵᠢᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠬᠤ ᠢᠳᠡᠪᠬᠢᠵᠢᠯ ᠢ ᠬᠦᠢᠴᠡᠳ ᠳᠠᠶᠢᠴᠢᠯᠠᠵᠣ᠂ ᠦ᠋ ᠴᠢᠤᠸᠠᠨ ᠱᠠᠨ ᠤ ᠦᠵᠡᠮᠵᠢ ᠶᠢᠨ ᠣᠷᠣᠨ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠲᠦᠪ᠂ ᠰᠧᠪᠵᠢᠬᠡᠨ ᠨᠣᠭᠤᠭᠠᠷᠠᠭᠤᠯᠣᠯᠲᠠ ᠶᠢᠨ ᠭᠠᠵᠠᠷ ᠢ ᠦᠬᠡᠷᠡᠴᠢᠯᠡᠨ ᠦᠷᠬᠡᠳᠬᠡᠵᠦ᠂ ᠠᠳᠣᠭᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ ᠵᠡᠷᠭᠡ PPP ᠲᠦᠷᠦᠯ ᠵᠦᠢᠯ ᠢ ᠰᠢᠪᠳᠣᠯᠣᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠶᠢ ᠯᠠᠪᠳᠠᠢ ᠪᠠᠲᠣᠯᠠᠨ᠎ᠠ᠃ ᠲᠦᠷᠦᠯ ᠵᠦᠢᠯ ᠤᠨ ᠨᠦᠬᠡᠴᠡᠯᠡᠯᠲᠡ ᠶᠢ ᠦᠨᠡᠨᠬᠦ ᠴᠢᠩᠭᠠᠳᠬᠠᠵᠣ᠂ ᠣᠯᠠᠨ ᠢᠶᠠᠷ ᠢᠶᠠᠨ ᠲᠦᠷᠦᠯ ᠵᠦᠢᠯ ᠢ ᠳᠡᠮᠡᠴᠡᠨ ᠣᠯᠬᠤ ᠣᠬᠠᠮᠰᠠᠷ ᠢ ᠪᠠᠳᠣ ᠪᠣᠢ ᠪᠣᠯᠭᠠᠵᠣ᠂ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠡᠯ᠎ᠡ ᠠᠵᠢᠯ ᠲᠦᠷᠦᠯ ᠤᠨ ᠰᠠᠯᠠᠭ᠎ᠠ ᠮᠦᠴᠢᠷ ᠯᠦᠭᠡ ᠵᠣᠯᠭᠠᠭᠤᠯᠣᠨ ᠵᠣᠬᠢᠴᠠᠭᠤᠯᠬᠤ ᠠᠵᠢᠯ ᠢ ᠴᠢᠩᠭᠠᠳᠬᠠᠵᠣ᠂ ᠳᠡᠭᠡᠳᠦ ᠱᠠᠲᠣᠨ ᠤ ᠪᠡᠯᠡ ᠣᠷᠣᠭᠤᠯᠣᠯᠲᠠ ᠶᠢᠨ ᠬᠠᠨᠳᠣᠰᠢ ᠶᠢ ᠪᠠᠳᠣ ᠡᠵᠡᠮᠰᠢᠵᠦ᠂ ᠠᠷᠠᠳ ᠤᠨ ᠠᠮᠢᠳᠣᠷᠠᠯ ᠢ ᠬᠠᠷᠠᠭᠠᠯᠵᠠᠬᠤ ᠨᠢᠬᠡ ᠪᠦᠯᠦᠭ ᠴᠢᠬᠤᠯᠠ ᠶᠡᠭᠡ ᠲᠦᠷᠦᠯ ᠵᠦᠢᠯ ᠪᠠ ᠠᠵᠣ ᠦᠢᠯᠡᠰ ᠢ ᠬᠦᠭᠵᠢᠬᠦᠯᠬᠦ ᠲᠦᠷᠦᠯ ᠵᠦᠢᠯ ᠢ ᠳᠡᠭᠡᠳᠦ ᠱᠠᠲᠣᠨ ᠤ ᠲᠦᠯᠦᠪᠵᠢᠬᠦᠯᠬᠡ  ᠳᠡᠭᠡᠨ ᠣᠷᠣᠭᠤᠯᠬᠤ ᠪᠠᠷ ᠴᠢᠷᠮᠠᠶᠢᠵᠣ᠂ ᠲᠦᠷᠦᠯ ᠵᠦᠢᠯ ᠤᠨ ᠪᠡᠯᠡ ᠬᠤᠷᠠᠮᠳᠣᠭᠤᠯᠭ᠎ᠠ ᠶᠢ ᠬᠢᠵᠠᠭᠠᠷᠯᠠᠬᠤ ᠠᠰᠠᠭᠤᠳᠠᠯ  ᠢ ᠰᠢᠢᠳᠪᠦᠷᠢᠯᠡᠨ᠎ᠡ᠃     ︵ᠭᠤᠷᠪᠠ︶ ᠠᠵᠣ ᠦᠢᠯᠡᠰ ᠤᠨ ᠪᠦᠲᠦᠴᠡ ᠶᠢ ᠰᠢᠯᠢᠳᠡᠭᠵᠢᠬᠦᠯᠦᠨ ᠳᠡᠰ ᠳᠡᠪᠰᠢᠬᠦᠯᠬᠦ ᠶᠢ ᠪᠦᠬᠦ ᠲᠠᠯ᠎ᠠ ᠪᠠᠷ ᠠᠬᠢᠭᠤᠯᠣᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠨᠡᠨᠬᠦ ᠬᠦᠨᠵᠡᠬᠡᠶᠢᠷᠡᠬᠦᠯᠦᠨ᠂ ᠣᠯᠠᠮᠵᠢᠯᠠᠯᠲᠣ ᠠᠵᠣ ᠦᠢᠯᠡᠰ ᠢ ᠬᠦᠭᠵᠢᠬᠦᠯᠵᠦ᠂ ᠳᠠᠪᠠᠭᠤᠯᠢᠭᠲᠣ ᠠᠵᠣ ᠦᠢᠯᠡᠰ ᠢ ᠪᠣᠵᠠᠭᠠᠶᠢᠷᠠᠭᠤᠯᠣᠨ᠂ ᠰᠢᠨ᠎ᠡ ᠪᠠᠷ ᠮᠠᠨᠳᠣᠵᠣ ᠪᠠᠶᠢᠭ᠎ᠠ ᠠᠵᠣ ᠦᠢᠯᠡᠰ ᠢ ᠪᠣᠶᠢᠵᠢᠭᠤᠯᠵᠣ᠂ ᠪᠦᠬᠦ ᠬᠤᠰᠢᠭᠤᠨ ᠤ ᠠᠵᠣ ᠠᠬᠤᠢ ᠶᠢᠨ ᠴᠢᠨᠠᠷ ᠰᠠᠶᠢᠳᠠᠢ ᠬᠦᠭᠵᠢᠬᠦ ᠶᠢ ᠦᠷᠬᠦᠯᠵᠢᠯᠡᠨ ᠠᠬᠢᠭᠤᠯᠣᠨ᠎ᠠ᠃     ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃ ︽ᠬᠤᠨᠢ ᠶᠢᠨ ᠲᠤᠭ᠎ᠠ ᠲᠣᠯᠣᠭᠠᠢ ᠶᠢ ᠲᠣᠭᠲᠠᠪᠣᠷᠢᠵᠢᠭᠤᠯᠵᠣ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠬᠦᠯᠦᠨ ᠠᠳᠣᠭᠤᠨ ᠤ ᠡᠬᠦᠯᠳᠡᠷ ᠢ ᠰᠠᠶᠢᠵᠢᠷᠠᠭᠤᠯᠬᠤ︾ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠵᠦ᠂ ᠰᠠᠶᠢᠨ ᠡᠬᠦᠯᠳᠡᠷ ᠤᠨ ᠰᠠᠭᠠᠯᠢ ᠶᠢᠨ ᠦᠨᠢᠶ᠎ᠡ᠂ ᠮᠢᠬᠠᠨ ᠤ ᠦᠭᠡᠷ᠂ ᠮᠢᠬᠠᠨ ᠤ ᠬᠤᠨᠢ ᠶᠢ ᠬᠡᠪᠴᠢᠶᠡᠵᠢᠬᠦᠯᠦᠨ ᠳᠡᠵᠢᠬᠡᠨ ᠠᠷᠠᠴᠢᠯᠠᠬᠤ ᠶᠢ ᠲᠦᠷᠬᠡᠳᠬᠡᠨ ᠠᠬᠢᠭᠤᠯᠵᠣ᠂ ︽ᠬᠦᠯᠦᠨ ᠪᠣᠶᠢᠷ ᠣᠬᠤᠷ ᠰᠡᠭᠦᠯᠲᠦ ᠬᠤᠨᠢ︾ ᠶᠢᠨ ᠴᠡᠪᠡᠷ ᠡᠬᠦᠯᠳᠡᠷ ᠢ ᠲᠡᠵᠢᠬᠡᠨ ᠦᠷᠡᠵᠢᠬᠦᠯᠬᠦ ᠭᠤᠣᠯᠳᠠᠯᠭᠠᠳᠣ ᠰᠦᠷᠦᠭ ᠤᠨ ᠲᠤᠭ᠎ᠠ ᠶᠢ ᠨᠡᠮᠡᠭᠳᠡᠬᠦᠯᠵᠦ ᠂ ᠣᠬᠤᠷ ᠰᠡᠭᠦᠯᠳᠦ ᠬᠤᠨᠢ ᠳᠡᠵᠢᠬᠡᠨ ᠠᠷᠠᠴᠢᠯᠠᠬᠤ ᠪᠠᠷᠢᠮᠵᠢᠶᠠᠵᠢᠭᠰᠠᠨ ᠰᠠᠭᠤᠷᠢᠨ ᠭᠠᠵᠠᠷ ᠢ 3᠂ ᠮᠢᠬᠠᠨ ᠤ ᠦᠬᠡᠷ  ᠢ ᠲᠡᠵᠢᠬᠡᠨ ᠠᠷᠠᠴᠢᠯᠠᠬᠤ ᠰᠠᠭᠤᠷᠢᠨ ᠭᠠᠵᠠᠷ ᠢ 3᠂ ᠠᠮᠢ ᠠᠬᠤᠢ ᠶᠢᠨ ᠰᠠᠭᠠᠯᠢ ᠶᠢᠨ ᠦᠨᠢᠶ᠎ᠡ ᠶᠢᠨ ᠲᠠᠯᠠᠪᠣᠷ ᠢ 2 ᠢ ᠰᠢᠨ᠎ᠡ ᠪᠠᠷ ᠪᠠᠶᠢᠭᠤᠯᠣᠨ᠎ᠠ᠃ ᠠᠮᠢ ᠠᠬᠤᠢ ᠶᠢᠨ ᠪᠡᠯᠴᠢᠭᠡᠷ ᠤᠨ ᠮᠠᠯ ᠠᠵᠣ ᠠᠬᠤᠢ ᠶᠢᠨ ᠲᠣᠷᠰᠢᠯᠲᠠ ᠶᠢᠨ ᠴᠡᠭ ᠢ ᠪᠦᠲᠦᠭᠡᠨ ᠪᠠᠶᠢᠭᠤᠯᠬᠤ ᠪᠠᠷ ᠲᠦᠪ ᠪᠣᠯᠭᠠᠵᠣ᠂ ᠡᠪᠡᠰᠦᠨ ᠦᠢᠯᠡᠰ ᠤᠨ ᠰᠢᠨᠵᠢᠯᠡᠬᠦ ᠣᠬᠠᠭᠠᠨ ᠤ ᠰᠣᠳᠣᠯᠭᠠᠨ ᠬᠢᠬᠦ᠂ ᠰᠣᠳᠣᠯᠭᠠᠨ ᠤ ᠮᠡᠷᠭᠡᠵᠢᠯ ᠢ ᠳᠡᠯᠭᠡᠷᠡᠭᠦᠯᠬᠦ ᠪᠠ ᠮᠡᠳᠡᠭᠡ ᠵᠠᠩᠬᠢ ᠶᠢᠨ ᠦᠢᠯᠡᠴᠢᠯᠡᠬᠡᠨ ᠬᠠᠩᠭᠠᠬᠤ ᠠᠵᠢᠯ ᠢ ᠲᠦᠯᠬᠢᠨ ᠠᠬᠢᠭᠤᠯᠵᠣ᠂ 6 ᠲᠦᠮᠡᠨ ᠮᠣ᠋ ᠭᠠᠵᠠᠷ ᠲᠤ ᠡᠪᠡᠰᠦ ᠲᠠᠷᠢᠵᠣ᠂ 5 ᠲᠦᠮᠡᠨ ᠮᠣ᠋ ᠭᠠᠵᠠᠷ ᠲᠤ ᠨᠣᠭᠤᠭᠠᠨ ᠢᠶᠠᠷ ᠳᠠᠷᠣᠰᠢᠭᠤᠯᠣᠨ ᠬᠠᠳᠠᠭᠠᠯᠠᠬᠤ ᠡᠪᠡᠰᠦ ᠲᠠᠷᠢᠨ᠎ᠠ᠃ ᠰᠠᠨ ᠡᠾᠧ ᠠᠳᠣᠭᠤ ᠶᠢ ᠰᠣᠩᠭᠤᠨ ᠪᠣᠶᠢᠵᠢᠭᠤᠯᠵᠣ ᠦᠷᠡᠵᠢᠬᠦᠯᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ᠠᠳᠣᠭᠤ ᠠᠷᠠᠯᠵᠢᠶᠠᠯᠠᠬᠤ ᠶᠢ ᠬᠡᠪᠴᠢᠶᠡᠵᠢᠬᠦᠯᠬᠦ᠂ ᠦᠷ᠎ᠡ ᠠᠰᠢᠭ ᠲᠠᠢ ᠪᠣᠯᠭᠠᠬᠤ ᠶᠢ ᠠᠬᠢᠭᠤᠯᠣᠨ᠎ᠠ᠃ ᠮᠣᠷᠢ ᠣᠨᠣᠵᠣ ᠵᠣᠭᠠᠴᠠᠬᠤ᠂ ᠮᠣᠷᠢᠨ ᠮᠡᠷᠭᠡᠵᠢᠯ ᠤᠨ ᠣᠷᠣᠯᠳᠣᠭᠠᠨ ᠵᠡᠷᠭᠡ ᠵᠣᠭᠠᠴᠠᠯ ᠤᠨ ᠦᠢᠯᠡᠳᠬᠦᠨ ᠢ ᠶᠡᠬᠡᠪᠡᠷ ᠨᠡᠬᠡᠬᠡᠨ ᠬᠦᠭᠵᠢᠬᠦᠯᠵᠦ᠂ ᠠᠳᠣᠭᠤᠨ ᠦᠢᠯᠡᠰ ᠤᠨ ᠬᠡᠷᠡᠭᠯᠡᠭᠡ ᠶᠢᠨ ᠦᠳᠲᠦᠷ ᠲᠦᠷᠬᠡᠨ ᠬᠦᠭᠵᠢᠬᠦ ᠶᠢ ᠠᠬᠢᠭᠤᠯᠣᠨ᠎ᠠ᠃ ᠬᠦᠷᠢᠶ᠎ᠡ ᠬᠠᠰᠢᠶ᠎ᠠ ᠶᠢᠨ ᠠᠵᠣ ᠠᠬᠤᠢ ᠶᠢ ᠢᠳᠡᠪᠬᠢᠲᠡᠢ ᠬᠦᠭᠵᠢᠬᠦᠯᠵᠦ᠂ ᠣᠨᠴᠠᠯᠢᠭᠲᠣ ᠲᠠᠷᠢᠵᠣ ᠣᠷᠭᠤᠭᠤᠯᠬᠤ᠂ ᠲᠡᠵᠢᠬᠡᠨ ᠠᠷᠠᠴᠢᠯᠠᠬᠤ ᠵᠡᠷᠭᠡ ᠠᠵᠣ ᠦᠢᠯᠡᠰ ᠢ ᠳᠡᠮᠵᠢᠬᠦ  ᠪᠠᠨ ᠴᠢᠩᠭᠠᠳᠬᠠᠵᠣ᠂ ᠮᠠᠯᠴᠢᠳ ᠤᠨ ᠣᠷᠣᠯᠭ᠎ᠠ ᠶᠢ ᠨᠡᠮᠡᠭᠳᠡᠬᠦᠯᠦᠨ ᠴᠢᠨᠡᠬᠡᠯᠢᠭᠵᠢᠬᠦᠯᠬᠦ ᠠᠷᠭ᠎ᠠ ᠵᠠᠮ ᠢ ᠦᠷᠬᠡᠳᠬᠡᠨ᠎ᠡ ᠃ ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠬᠦᠨ ᠡᠳ᠋ᠰᠢᠬᠦᠯᠬᠦ ᠦᠢᠯᠡᠰ ᠢ ᠬᠦᠴᠦᠯᠡᠨ ᠬᠦᠭᠵᠢᠬᠦᠯᠵᠦ᠂ ᠠᠵᠣ ᠦᠢᠯᠡᠰ ᠤᠨ ᠬᠡᠯᠬᠢᠶ᠎ᠡ ᠶᠢ ᠣᠷᠳᠣᠳᠬᠠᠵᠣ᠂ ︽ᠭᠤᠷᠪᠠᠨ ᠲᠦᠷᠦᠯ ᠲᠡᠮᠳᠡᠭᠲᠦ ᠨᠢᠬᠡ ᠰᠢᠨᠵᠢ ᠳᠡᠮᠳᠡᠭ︾ ᠤᠨ ᠨᠣᠳᠠᠯᠠᠯᠲᠠ ᠶᠢ ᠢᠳᠡᠪᠬᠢᠲᠡᠢ ᠠᠬᠢᠭᠤᠯᠵᠣ᠂ ︽ᠡᠸ᠋ᠨᠩᠬᠢ︾ ᠶᠢᠨ ᠪᠣᠬᠢᠷᠳᠣᠯ ᠦᠭᠡᠢ ᠪᠠᠶᠢᠭᠠᠯᠢᠯᠢᠭ ᠲᠦᠷᠦᠯ ᠳᠡᠮᠳᠡᠭᠲᠦ ᠶᠢ ᠡᠭᠦᠳᠦᠨ᠎ᠡ᠃ ︽ᠲᠣᠯᠣᠭᠠᠶᠢᠯᠠᠬᠤ ᠠᠵᠣ ᠠᠬᠤᠶᠢᠯᠠᠯ + ᠬᠤᠷᠰᠢᠶᠠᠵᠢᠯ ︵ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ︶ + ᠲᠠᠷᠢᠶᠠᠴᠢᠨ ᠮᠠᠯᠴᠢᠨ ᠡᠷᠦᠬᠡ + ᠶᠠᠳᠠᠭᠤ ᠬᠦᠴᠢᠷᠳᠡᠯᠳᠡᠢ ᠡᠷᠦᠬᠡ︾ ᠶᠢᠨ ᠠᠰᠢᠭ ᠲᠣᠰᠠ ᠲᠠᠢ ᠨᠢ ᠨᠢᠬᠳᠠ ᠬᠤᠯᠪᠣᠭᠳᠠᠭᠤᠯᠬᠤ ᠬᠡᠪ ᠵᠠᠬᠪᠣᠷ ᠢ ᠪᠠᠶᠢᠭᠤᠯᠵᠣ᠂ ᠮᠠᠯᠴᠢᠳ ᠤᠨ ᠵᠣᠬᠢᠶᠠᠨ ᠪᠠᠶᠢᠭᠤᠯᠣᠯᠴᠠᠬᠤ ᠬᠡᠮᠵᠢᠶ᠎ᠡ ᠶᠢ ᠲᠠᠰᠣᠷᠠᠯᠲᠠ ᠦᠭᠡᠢ ᠳᠡᠭᠡᠭᠰᠢᠯᠡᠬᠦᠯᠦᠨ᠎ᠡ᠃ ᠮᠠᠯ ᠣᠨᠤᠭ᠎ᠠ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠣᠨ᠎ᠠ᠃ ᠮᠦᠷᠳᠡᠬᠦ ᠰᠢᠰᠲ᠋ᠧᠮ ᠢ ᠬᠦᠴᠦᠯᠡᠨ ᠦᠷᠬᠡᠳᠬᠡᠵᠦ᠂ ᠡᠯᠧᠺᠲᠷᠣᠨ ᠬᠤᠳᠠᠯᠳᠤᠭ᠎ᠠ ᠶᠢᠨ ᠪᠡᠶᠡᠴᠢᠯᠡᠨ ᠣᠶᠢᠯᠠᠭᠠᠬᠤ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠬᠦᠯᠵᠦ᠂ ︽ᠬᠠᠩᠭᠠᠨ ᠪᠣᠷᠣᠯᠠᠭᠤᠯᠬᠤ e ᠳᠡᠯᠭᠡᠭᠦᠷ︾  ᠤᠨ ᠲᠠᠪᠴᠠᠩ ᠤᠨ ᠦᠢᠯᠡᠳᠦᠯ ᠢ ᠪᠠᠳᠠᠷᠠᠭᠤᠯᠵᠣ᠂ ᠮᠠᠯᠵᠢᠬᠤ ᠣᠷᠣᠨ ᠤ ᠡᠯᠧᠺᠲᠷᠣᠨ ᠬᠤᠳᠠᠯᠳᠣᠭᠠᠨ ᠤ ᠦᠳᠲᠦᠷ ᠲᠦᠷᠬᠡᠨ ᠬᠦᠭᠵᠢᠬᠦ ᠶᠢ ᠠᠬᠢᠭᠤᠯᠣᠨ᠎ᠠ᠃     ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠲᠡ ᠶᠢ ᠬᠦᠢᠴᠡᠳ ᠠᠬᠢᠭᠤᠯᠣᠨ᠎ᠠ᠃ ︽ᠬᠡᠷᠡᠭᠯᠡᠭᠡ ᠬᠢᠬᠦ ᠲᠠᠯ᠎ᠠ︾ ᠶᠢᠨ ᠬᠢᠨ ᠤ ᠬᠠᠷᠠᠭᠠᠰᠣ ᠠᠴᠠ ᠡᠬᠦᠰᠴᠦ ᠣᠯᠠᠮᠵᠢᠯᠠᠯᠲᠣ ᠠᠵᠣ ᠦᠢᠯᠡᠳᠪᠦᠷᠢ ᠶᠢᠨ ︽ᠬᠠᠩᠭᠠᠯᠭ᠎ᠠ ᠶᠢᠨ ᠲᠠᠯ᠎ᠠ︾  ᠶᠢ ᠰᠢᠯᠢᠳᠡᠭᠵᠢᠬᠦᠯᠦᠨ ᠳᠡᠰ ᠳᠡᠪᠰᠢᠬᠦᠯᠵᠦ᠂ ︽ᠨᠡᠬᠦᠷᠡᠰᠦ᠂ ᠣᠰᠣ᠂ ᠴᠠᠬᠢᠯᠭᠠᠨ᠂ ᠦᠨᠡᠰᠦ︾ ᠶᠢ ᠡᠷᠭᠢᠯᠳᠦᠬᠦᠯᠦᠨ ᠠᠰᠢᠭᠯᠠᠬᠤ ᠠᠵᠣ ᠦᠢᠯᠡᠰ ᠤᠨ ᠬᠡᠯᠬᠢᠶ᠎ᠡ ᠶᠢ ᠲᠠᠰᠣᠷᠠᠯᠲᠠ ᠦᠭᠡᠢ ᠣᠷᠳᠣᠳᠬᠠᠬᠤ ᠪᠠ ᠳᠡᠰ ᠳᠡᠪᠰᠢᠬᠦᠯᠦᠨ᠎ᠡ᠃ ᠴᠠᠬᠢᠯᠭᠠᠨ ᠬᠦᠴᠦᠨ ᠤ ᠠᠵᠣ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠦᠷᠬᠡᠳᠬᠡᠬᠦ ᠶᠢ ᠳᠠᠮᠵᠢᠵᠣ᠂ ᠴᠠᠬᠢᠯᠭᠠᠨ ᠤ ᠬᠦᠴᠦ ᠶᠢ ᠭᠠᠳᠠᠭᠰᠢ ᠬᠦᠷᠭᠡᠬᠦ ᠨᠡᠪᠳᠡᠷᠬᠡᠢ ᠵᠠᠮ ᠤᠨ ᠪᠦᠲᠦᠭᠡᠨ ᠪᠠᠶᠢᠭᠤᠯᠣᠯᠲᠠ ᠶᠢ ᠢᠳᠡᠪᠬᠢᠲᠡᠢ ᠠᠬᠢᠭᠤᠯᠵᠣ᠂ ᠴᠠᠬᠢᠯᠭᠠᠨ ᠤ ᠬᠦᠴᠦᠨ ᠤ ᠦᠢᠯᠡᠳᠪᠦᠷᠢᠯᠡᠯ ᠤᠨ ᠴᠢᠳᠠᠪᠬᠢ ᠪᠠᠨ ᠰᠣᠯᠠᠯᠠᠬᠤ ᠶᠢ ᠪᠡᠶᠡᠯᠡᠬᠦᠯᠦᠨ᠎ᠡ᠃ ᠨᠡᠬᠦᠷᠡᠰᠦ ᠪᠠ ᠨᠡᠭᠦᠷᠡᠰᠦ ᠪᠠᠷ ᠰᠠᠭᠤᠷᠢ ᠪᠣᠯᠭᠠᠭᠰᠠᠨ ᠬᠦᠨ ᠪᠣᠯᠪᠠᠰᠣᠷᠠᠭᠤᠯᠬᠤ ᠠᠵᠣ ᠦᠢᠯᠡᠰ ᠤᠨ ᠬᠦᠭᠵᠢᠯᠲᠡ ᠶᠢ ᠰᠠᠶᠢᠳᠣᠷ ᠬᠢᠵᠦ᠂ ᠲᠦᠭᠦᠭᠡᠢ ᠨᠡᠬᠦᠷᠡᠰᠦ ᠶᠢᠨ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠬᠦᠯᠦᠨ᠎ᠡ᠃ ᠠᠵᠣ ᠠᠬᠤᠶᠢᠯᠠᠯ  ᠢ ᠬᠠᠶᠠᠭᠳᠠᠮᠠᠯ ᠴᠢᠯᠠᠭᠤ᠂ ᠬᠠᠶᠠᠭᠳᠠᠮᠠᠯ ᠰᠢᠭᠠᠷᠣ᠂ ᠨᠣᠨᠳᠠᠭ ᠨᠡᠬᠦᠷᠡᠰᠦ ᠶᠢᠨ ᠦᠨᠡᠰᠦ ᠶᠢ ᠠᠰᠢᠭᠯᠠᠨ ᠪᠣᠬᠢᠷᠳᠣᠯ ᠦᠬᠡᠢ᠂ ᠡᠨᠧᠷᠬᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠯᠪᠡᠷᠢ ᠶᠢᠨ ᠮᠠᠲ᠋ᠧᠷᠢᠶᠠᠯ ᠵᠢᠴᠢ ᠣᠨᠳᠣᠣᠰᠢᠭᠰᠠᠨ ᠦᠢᠯᠡᠳᠬᠦᠨ ᠢ ᠨᠡᠬᠡᠬᠡᠬᠦ ᠶᠢ ᠨᠢ ᠵᠣᠷᠢᠭᠵᠢᠭᠤᠯᠵᠣ᠂ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ ᠶᠢ ᠪᠡᠶᠡᠯᠡᠬᠦᠯᠦᠨ᠎ᠡ᠃ ᠪᠣᠬᠢᠷᠳᠣᠯ ᠪᠠᠭ᠎ᠠ ᠲᠠᠢ᠂ ᠰᠢᠨ᠎ᠡ ᠡᠨᠧᠷᠬᠢ ᠶᠢᠨ ᠠᠵᠣ ᠦᠢᠯᠡᠰ ᠤᠨ ᠬᠦᠭᠵᠢᠯᠲᠡ  ᠶᠢ ᠬᠦᠴᠦᠯᠡᠨ ᠠᠬᠢᠭᠤᠯᠵᠣ᠂ ᠡᠬᠦᠯᠡᠨ ᠪᠣᠳᠣᠯᠳᠠ ᠶᠢᠨ ᠠᠵᠣ ᠠᠬᠤᠶᠢᠯᠠᠯ ᠢ ᠢᠳᠡᠪᠬᠢᠲᠡᠢ ᠳᠠᠳᠠᠨ ᠣᠷᠣᠭᠤᠯᠵᠣ᠂ ᠲᠣᠮᠣ ᠳ᠋ᠠᠶᠢᠲ᠋ᠠ ᠶᠢᠨ ᠠᠵᠣ ᠦᠢᠯᠡᠰ ᠢ ᠶᠡᠬᠡᠪᠡᠷ ᠪᠣᠶᠢᠵᠢᠭᠤᠯᠣᠨ ᠬᠦᠭᠵᠢᠬᠦᠯᠵᠦ᠂ ᠰᠢᠨ᠎ᠡ ᠬᠠᠭᠤᠴᠢᠨ ᠬᠦᠳᠡᠯᠬᠡᠬᠡᠨ  ᠤ ᠡᠨᠧᠷᠬᠢ ᠶᠢᠨ ᠰᠣᠯᠢᠭᠳᠠᠯ ᠢ ᠲᠦᠷᠬᠡᠳᠬᠡᠨ ᠪᠡᠶᠡᠯᠡᠬᠦᠯᠦᠨ᠎ᠡ᠃ ᠶᠡᠬᠡᠳᠠᠯ᠎ᠠ᠂ ᠯᠢᠣᠢ ᠰᠢᠶᠠᠩ᠂ ᠬᠤᠸᠠ ᠡᠾᠧ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠣ ᠠᠬᠤᠶᠢᠯᠠᠯ ᠤᠨ ᠴᠢᠨᠠᠷ ᠢᠶᠠᠨ ᠳᠡᠭᠡᠭᠰᠢᠯᠡᠬᠦᠯᠵᠦ ᠳᠡᠰ ᠳᠡᠪᠰᠢᠬᠦ᠂ ᠪᠣᠵᠠᠭᠠᠶᠢᠷᠠᠨ ᠬᠦᠴᠦᠷᠬᠡᠭᠵᠢᠬᠦ ᠶᠢ ᠨᠢ ᠳᠡᠮᠵᠢᠵᠦ᠂ ᠵᠠᠬᠢᠶᠠᠯᠠᠭ᠎ᠠ ᠶᠢᠨ ᠲᠠᠷᠢᠶᠠᠯᠠᠩ ᠮᠠᠯ ᠠᠵᠣ ᠠᠬᠤᠢ᠂ ᠲᠦᠭᠦᠭᠡᠷᠦᠮᠵᠢᠲᠦ ᠲᠠᠷᠢᠶᠠᠯᠠᠩ ᠮᠠᠯ ᠠᠵᠣ ᠠᠬᠤᠢ ᠶᠢ ᠢᠳᠡᠪᠬᠢᠲᠡᠢ ᠬᠦᠭᠵᠢᠬᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠬᠦᠨ ᠤ ᠲᠦᠷᠦᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠦᠢᠯᠡᠳᠬᠦᠨ ᠢ ᠬᠦᠨ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠪᠠ ᠠᠵᠣ ᠠᠬᠤᠢ ᠶᠢᠨ ᠨᠡᠮᠡᠭᠳᠡᠯ ᠦᠷᠳᠡᠭ ᠢ ᠣᠯᠠᠮ ᠢᠶᠠᠷ ᠨᠡᠮᠡᠭᠳᠡᠬᠦᠯᠦᠨ᠎ᠡ᠃ ᠪᠠᠶᠠᠨᠳᠣᠬᠤᠢ ᠠᠵᠣ ᠠᠬᠤᠢ ᠮᠡᠷᠭᠡᠵᠢᠯ ᠤᠨ ᠨᠡᠬᠡᠬᠡᠯᠳᠡ ᠶᠢᠨ ᠣᠷᠣᠨ ᠤ ᠠᠵᠣ ᠦᠢᠯᠡᠰ ᠤᠨ ᠪᠠᠶᠢᠷᠢᠰᠢᠭᠤᠯᠣᠯᠲᠠ ᠶᠢ ᠰᠢᠯᠢᠳᠡᠭᠵᠢᠬᠦᠯᠵᠦ᠂ ᠰᠣᠯᠠ ᠲᠠᠯᠪᠢᠵᠣ ᠪᠠᠶᠢᠭ᠎ᠠ ᠭᠠᠵᠠᠷ ᠰᠢᠷᠣᠢ ᠶᠢ ᠴᠢᠯᠦᠭᠡᠲᠡᠢ  ᠪᠣᠯᠭᠠᠵᠣ᠂ ᠠᠵᠣ ᠦᠢᠯᠡᠰ ᠤᠨ ᠬᠡᠪᠴᠢᠶ᠎ᠡ ᠶᠢ ᠪᠣᠵᠠᠭᠠᠶᠢᠷᠠᠭᠤᠯᠵᠣ᠂ ᠣᠰᠣ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠵᠠᠮ ᠱᠤᠭᠤᠮ ᠵᠡᠷᠭᠡ ᠰᠠᠭᠤᠷᠢ ᠲᠦᠭᠦᠭᠡᠷᠦᠮᠵᠢ  ᠶᠢᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠬᠦᠯᠵᠦ᠂ ᠬᠦᠷᠢᠶᠡᠯᠡᠩ ᠲᠣᠭᠤᠷᠢᠭ ᠤᠨ ᠦᠷᠬᠦᠯᠵᠢᠯᠡᠨ ᠬᠦᠭᠵᠢᠬᠦ ᠴᠢᠳᠠᠪᠣᠷᠢ ᠶᠢ ᠲᠠᠰᠣᠷᠠᠯᠲᠠ ᠦᠭᠡᠢ ᠳᠡᠭᠡᠭᠰᠢᠯᠡᠬᠦᠯᠦᠨ᠎ᠡ᠃     ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠢ ᠬᠦᠴᠦᠯᠡᠨ ᠬᠦᠭᠵᠢᠬᠦᠯᠦᠨ᠎ᠡ᠃ ᠵᠣᠭᠠᠴᠠᠯ ᠤᠨ ᠡᠬᠢ ᠪᠠᠶᠠᠯᠢᠭ ᠢ ᠨᠡᠶᠢᠳᠬᠡᠬᠦ᠂ ᠵᠣᠭᠠᠴᠠᠯ ᠤᠨ ᠪᠡᠯᠡᠳᠬᠡᠮᠵᠢ ᠲᠦᠭᠦᠭᠡᠷᠦᠮᠵᠢ ᠶᠢ ᠳᠡᠰ ᠳᠡᠪᠰᠢᠬᠦᠯᠬᠦ ᠶᠢ ᠬᠦᠴᠦᠯᠡᠨ ᠠᠬᠢᠭᠤᠯᠵᠣ᠂ ᠼᠠᠢ ᠡᠾᠧ — ᠬᠤᠩᠭᠤᠯᠵᠢ — ᠷᠠᠰᠢᠶᠠᠨ ᠬᠦᠷᠬᠦ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠣ᠂ ᠥ᠋ ᠴᠢᠣᠸᠠᠨ ᠱᠠᠨ᠂ ᠣᠭᠤᠨᠣ ᠶᠢᠨ ᠷᠠᠰᠢᠶᠠᠨ ᠤ ᠦᠵᠡᠮᠵᠢ ᠶᠢᠨ ᠣᠷᠣᠨ ᠤ ᠵᠣᠭᠠᠴᠠᠯ ᠤᠨ ᠠᠷᠠᠯᠵᠢᠶᠠᠴᠢᠨ ᠣᠷᠢᠵᠣ ᠨᠡᠬᠡᠬᠡᠯᠲᠡ ᠬᠢᠬᠦ ᠠᠵᠢᠯ ᠢ ᠬᠦᠴᠦᠯᠡᠨ ᠰᠠᠶᠢᠳᠣᠷ ᠬᠢᠵᠦ᠂ ᠣᠨᠴᠠᠯᠢᠭᠲᠣ ᠬᠦᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠦᠷᠦᠯ ᠵᠦᠢᠯ ᠢ ᠲᠦᠷᠬᠡᠳᠬᠡᠵᠦ᠂ ᠣᠷᠣᠨ ᠪᠦᠰᠡ ᠶᠢᠨ ᠵᠣᠭᠠᠴᠠᠯ ᠤᠨ ᠰᠢᠵᠢᠷ ᠠᠯᠳᠠᠨ ᠵᠠᠮ ᠱᠣᠭᠤᠮ ᠢ ᠨᠡᠬᠡᠬᠡᠨ ᠡᠬᠦᠳᠦᠨ᠎ᠡ᠃ ᠳᠦᠷᠪᠡᠨ ᠣᠯᠠᠷᠢᠯ ᠤᠨ ᠲᠦᠷᠦᠯ ᠳᠡᠮᠳᠡᠭᠲᠦ ᠪᠣᠯᠣᠭᠰᠠᠨ ᠪᠠᠶᠠᠷ ᠳᠣᠷᠠᠰᠬᠠᠯ ᠤᠨ ᠠᠵᠢᠯᠯᠠᠭ᠎ᠠ ᠶᠢ ᠦᠷᠬᠦᠯᠵᠢᠯᠡᠨ ᠡᠭᠦᠳᠴᠦ᠂ ᠬᠠᠪᠣᠷ ᠵᠣᠨ ᠤ ᠵᠣᠭᠠᠴᠠᠯ ᠢ ᠬᠦᠭᠵᠢᠶᠡᠨᠳᠡᠢ ᠪᠣᠯᠭᠠᠵᠣ᠂ ᠨᠠᠮᠣᠷ ᠡᠪᠦᠯ ᠤᠨ ᠵᠣᠭᠠᠴᠠᠯ ᠢ ᠬᠦᠭᠵᠢᠬᠦᠯᠬᠦ ᠳᠡᠭᠡᠷ᠎ᠡ ᠬᠦᠴᠦ ᠲᠠᠯᠪᠢᠵᠣ᠂ ︽ᠰᠣᠶᠣᠯ ᠤᠨ ᠵᠣᠭᠠᠴᠠᠯ︾ ᠂ ︽ᠮᠦᠰᠦ ᠴᠠᠰᠣᠨ ᠤ ᠵᠣᠭᠠᠴᠠᠯ︾ ᠤᠨ ᠵᠠᠬ᠎ᠠ ᠳᠡᠯᠭᠡᠭᠦᠷ ᠢ ᠶᠡᠬᠡᠪᠡᠷ ᠨᠡᠬᠡᠬᠡᠨ ᠬᠦᠭᠵᠢᠬᠦᠯᠵᠦ᠂ ᠠᠵᠢᠯᠯᠠᠭ᠎ᠠ ᠶᠢᠨ ᠠᠭᠤᠯᠬᠤᠨ ᠢ ᠣᠯᠠᠮ ᠢᠶᠠᠷ ᠪᠠᠶᠠᠯᠢᠭᠵᠢᠭᠤᠯᠵᠣ᠂ ᠵᠣᠭᠠᠴᠠᠯ ᠤᠨ ᠦᠢᠯᠡᠴᠢᠯᠡᠭᠡ ᠶᠢᠨ ᠦᠢᠯᠡᠳᠬᠦᠨ ᠤ ᠰᠢᠨ᠎ᠡ ᠶᠢ ᠡᠬᠦᠳᠴᠦ᠂ ᠨᠦᠯᠦᠬᠡᠯᠡᠨ ᠳᠠᠶᠢᠴᠢᠯᠠᠬᠤ ᠬᠦᠴᠦᠨ ᠢ ᠨᠢ ᠲᠠᠰᠣᠷᠠᠯᠲᠠ ᠦᠭᠡᠢ ᠦᠷᠬᠡᠳᠴᠦ᠂ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠬᠦᠯᠦᠨ᠂ ᠳᠦᠷᠪᠡᠨ ᠣᠯᠠᠷᠢᠯ ᠤᠨ ᠵᠣᠭᠠᠴᠠᠯ ᠤᠨ ᠲᠡᠩᠴᠡᠭᠦᠷᠢᠲᠡᠢ ᠬᠦᠭᠵᠢᠬᠦ ᠶᠢ ᠠᠬᠢᠭᠤᠯᠣᠨ᠎ᠠ᠃ ᠵᠣᠭᠠᠴᠠᠯ ᠤᠨ ᠴᠢᠳᠠᠪᠬᠢ ᠶᠢᠨ ᠦᠢᠯᠡᠳᠦᠯ ᠢ ᠴᠢᠩᠭᠠᠳᠬᠠᠵᠣ᠂ ᠢᠳᠡᠬᠡᠨ ᠣᠮᠳᠠᠭᠠᠨ᠂ ᠬᠤᠨᠣᠵᠣ ᠬᠡᠪᠳᠡᠬᠦ᠂ ᠶᠠᠪᠣᠵᠣ ᠰᠠᠭᠤᠬᠤ᠂ ᠵᠤᠭ᠎ᠠ ᠴᠡᠩᠬᠡᠯ᠂ ᠪᠠᠷᠠᠭ᠎ᠠ ᠬᠤᠳᠠᠯᠳᠣᠨ ᠠᠪᠬᠤ ᠳᠠᠬᠢ ᠦᠢᠯᠡᠴᠢᠯᠡᠬᠡᠨ ᠤ ᠶᠠᠰᠣ ᠴᠢᠨᠠᠷ ᠢ ᠳᠡᠭᠡᠭᠰᠢᠯᠡᠬᠦᠯᠵᠦ᠂ ᠵᠣᠭᠠᠴᠠᠯ ᠤᠨ ᠵᠣᠷᠯᠣᠩ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠠᠬᠢᠭᠤᠯᠵᠣ᠂ ᠵᠣᠭᠠᠴᠠᠯ ᠤᠨ ᠲᠣᠰᠬᠠᠢ ᠭᠠᠯᠳᠣ ᠲᠡᠷᠬᠡ ᠶᠢ ᠨᠡᠪᠳᠡᠷᠡᠬᠦᠯᠦᠨ᠎ᠡ᠃ ᠪᠦᠬᠦ ᠵᠢᠯ ᠳᠤ ᠵᠣᠭᠠᠴᠠᠭᠰᠠᠳ ᠢ 74 ᠲᠦᠮᠡᠨ ᠬᠦᠮᠦᠨ ᠣᠳᠠᠭ᠎ᠠ ᠶᠢ ᠬᠦᠯᠢᠶᠡᠨ ᠠᠪᠴᠣ ᠵᠣᠴᠢᠯᠠᠬᠤ ᠶᠢ ᠪᠡᠶᠡᠯᠡᠬᠦᠯᠦᠨ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠬᠦᠯᠦᠨ᠂ ᠵᠣᠭᠠᠴᠠᠯ ᠤᠨ ᠶᠡᠷᠥᠩᠬᠡᠢ ᠣᠷᠣᠯᠭ᠎ᠠ ᠶᠢ 8 ᠳ᠋ᠥᠩᠰᠢᠭᠤᠷ ᠲᠦᠭᠦᠷᠢᠭ ᠲᠤ ᠬᠦᠷᠭᠡᠨ᠎ᠡ᠃ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠶᠠᠰᠣ ᠴᠢᠨᠠᠷ ᠢᠶᠠᠨ ᠳᠡᠭᠡᠭᠰᠢᠯᠡᠬᠦᠯᠵᠦ ᠦᠷ᠎ᠡ ᠠᠰᠢᠭ ᠢᠶᠠᠨ ᠨᠡᠮᠡᠭᠳᠡᠬᠦᠯᠬᠦ ᠶᠢ ᠶᠡᠬᠡᠪᠡᠷ ᠲᠦᠯᠬᠢᠨ ᠠᠬᠢᠭᠤᠯᠵᠣ᠂ ᠬᠦᠯᠦᠨ ᠪᠣᠶᠢᠷ ᠤᠨ ᠮᠠᠰᠢᠨ ᠲᠡᠷᠬᠡᠨ ᠤ ᠬᠤᠳᠠᠯᠳᠤᠭ᠎ᠠ ᠶᠢ ᠬᠡᠪᠴᠢᠶᠡᠵᠢᠬᠦᠯᠦᠨ ᠬᠦᠭᠵᠢᠬᠦᠯᠬᠦ ᠶᠢ ᠠᠬᠢᠭᠤᠯᠵᠣ᠂ 1732 ᠬᠤᠳᠠᠯᠳᠣᠭᠠᠨ  ᠤ ᠵᠡᠬᠡᠯᠢ᠂ ᠦᠨᠳᠦᠰᠦᠲᠡᠨ ᠤ ᠣᠨᠴᠠᠯᠢᠭᠲᠣ ᠠᠮᠳᠠᠳᠣ ᠢᠳᠡᠬᠡᠨ ᠣᠮᠳᠠᠭᠠᠨ ᠤ ᠵᠡᠬᠡᠯᠢ ᠶᠢᠨ ᠲᠦᠷᠦᠯ ᠵᠦᠢᠯ ᠤᠨ ᠠᠵᠢᠯ ᠢ ᠡᠬᠢᠯᠡᠬᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠪᠠᠷᠠᠭᠠᠨ ᠤ ᠬᠦᠢᠯᠬᠡᠬᠡᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠲᠡᠬᠦᠯᠳᠡᠷᠵᠢᠬᠦᠯᠵᠦ᠂ ᠮᠠᠯᠵᠢᠬᠤ ᠣᠷᠣᠨ ᠤ ᠡᠯᠧᠺᠲᠷᠣᠨ ᠬᠤᠳᠠᠯᠳᠣᠭᠠᠨ ᠤ ᠶᠡᠷᠥᠩᠬᠡᠶᠢᠯᠡᠭᠰᠡᠨ ᠦᠢᠯᠡᠴᠢᠯᠡᠬᠡᠨ ᠤ ᠰᠦᠯᠵᠢᠶᠡᠨ ᠴᠡᠭ ᠢ ᠨᠠᠷᠢᠯᠢᠭ ᠰᠦᠪᠡᠭᠴᠢᠯᠡᠨ᠎ᠡ᠃ ᠣᠳᠣ ᠦᠶ᠎ᠡ ᠶᠢᠨ ᠮᠦᠩᠬᠦᠨ ᠬᠦᠢᠯᠬᠡᠬᠡᠨ᠂ ᠡᠷᠡᠬᠦᠯ ᠡᠩᠬᠡ ᠪᠠᠷ ᠨᠠᠰᠣᠳᠠᠨ ᠢ ᠠᠰᠠᠷᠠᠬᠤ᠂ ᠮᠡᠳᠡᠭᠡ ᠵᠠᠩᠬᠢ ᠶᠢᠨ ᠦᠢᠯᠡᠴᠢᠯᠡᠬᠡᠨ ᠵᠡᠷᠭᠡ ᠰᠢᠨ᠎ᠡ ᠪᠠᠷ ᠮᠠᠨᠳᠣᠵᠣ ᠪᠠᠶᠢᠭ᠎ᠠ ᠦᠢᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠵᠦ᠂ ᠪᠣᠳᠠᠳᠣ ᠴᠣᠭᠴᠠ ᠶᠢᠨ ᠠᠵᠣ ᠠᠬᠤᠢ ᠶᠢᠨ ᠬᠦᠭᠵᠢᠯᠲᠡ ᠳᠤ ᠰᠢᠨ᠎ᠡ ᠬᠦᠳᠡᠯᠭᠡᠭᠴᠢ ᠬᠦᠴᠦᠨ ᠢ ᠬᠠᠩᠭᠠᠨ᠎ᠠ᠃    ︵ᠳᠦᠷᠪᠡ︶ ᠬᠤᠲᠠ ᠬᠦᠳᠡᠭᠡ ᠶᠢᠨ ᠵᠣᠬᠢᠴᠠᠩᠭᠤᠢ ᠬᠦᠭᠵᠢᠬᠦ ᠶᠢ ᠲᠦᠷᠬᠡᠳᠬᠡᠨ ᠠᠬᠢᠭᠤᠯᠣᠨ᠎ᠠ᠃ ᠬᠤᠲᠠ ᠬᠦᠳᠡᠭᠡ ᠶᠢᠨ ᠬᠦᠴᠦᠨ ᠵᠦᠢᠯ ᠢ ᠵᠣᠬᠢᠰᠲᠠᠢ ᠲᠣᠬᠢᠷᠠᠭᠤᠯᠬᠤ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠬᠡᠨ  ᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠣ᠂ ᠲᠦᠪ ᠪᠠᠯᠭᠠᠰᠣ᠂ ᠭᠤᠣᠯᠳᠠᠯᠭ᠎ᠠ ᠲᠠᠢ ᠪᠠᠯᠭᠠᠰᠣ᠂ ᠭᠤᠶᠣᠳᠠ ᠰᠠᠶᠢᠬᠠᠨ ᠮᠠᠯᠵᠢᠬᠤ ᠣᠷᠣᠨ ᠬᠠᠷᠢᠯᠴᠠᠨ ᠲᠣᠬᠢᠷᠠᠯᠴᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠤᠲᠠ ᠬᠦᠳᠡᠭᠡ ᠶᠢᠨ ᠬᠦᠭᠵᠢᠯᠲᠡ ᠶᠢᠨ ᠪᠠᠶᠢᠳᠠᠯ ᠢ ᠪᠣᠢ ᠪᠣᠯᠭᠠᠨ᠎ᠠ᠃    ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠦᠨ᠎ᠡ᠃ ᠮᠠᠯᠵᠢᠬᠤ ᠣᠷᠣᠨ ᠢ ᠣᠷᠢᠳᠠᠪᠡᠷ ᠬᠦᠭᠵᠢᠬᠦᠯᠬᠦ ᠶᠢ ᠪᠠᠷᠢᠮᠲᠠᠯᠠᠵᠣ᠂ ᠠᠵᠣ ᠦᠢᠯᠡᠰ ᠬᠦᠭᠵᠢᠨ ᠮᠠᠨᠳᠣᠭᠰᠠᠨ᠂ ᠠᠮᠢ ᠠᠬᠤᠢ ᠶᠢᠨ ᠣᠷᠴᠢᠨ ᠨᠦᠬᠦᠴᠡᠯ ᠨᠢ ᠰᠠᠭᠤᠷᠢᠰᠢᠬᠤ ᠳᠤ ᠲᠠᠭᠠᠯᠠᠮᠵᠢᠲᠠᠢ᠂ ᠬᠦᠳᠡᠭᠡ ᠶᠢᠨ ᠰᠣᠷᠳᠠᠯ ᠪᠣᠯᠪᠠᠰᠣᠨ᠂ ᠵᠠᠰᠠᠯᠲᠠ ᠨᠢ ᠪᠦᠲᠦᠮᠵᠢᠲᠡᠢ᠂ ᠠᠮᠢᠳᠣᠷᠠᠯ ᠨᠢ ᠴᠢᠨᠡᠬᠡᠯᠢᠭᠵᠢᠭᠰᠡᠨ ᠪᠠᠶᠢᠬᠤ ᠶᠡᠷᠥᠩᠬᠡᠢ ᠱᠠᠭᠠᠷᠳᠠᠯᠭ᠎ᠠ ᠶᠣᠰᠣᠭᠠᠷ᠂ ᠪᠡᠯᠡ ᠮᠦᠩᠬᠦ᠂ ᠮᠡᠷᠭᠡᠵᠢᠯ᠂ ᠴᠢᠳᠠᠪᠣᠷᠢᠳᠠᠨ ᠵᠡᠷᠭᠡ ᠬᠦᠴᠦᠨ ᠵᠦᠢᠯ ᠢ ᠦᠨᠳᠦᠰᠦᠨ ᠱᠠᠲᠣᠨ ᠤ ᠮᠠᠯᠵᠢᠬᠤ ᠣᠷᠣᠨ  ᠳᠤ ᠰᠢᠯᠵᠢᠬᠦᠯᠦᠨ ᠦᠢᠯᠡᠴᠢᠯᠡᠬᠦᠯᠵᠦ᠂ ᠬᠤᠲᠠ ᠬᠦᠳᠡᠭᠡ ᠶᠢᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠮᠠᠯᠵᠢᠬᠤ ᠣᠷᠣᠨ ᠤ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠶᠡᠬᠡᠪᠡᠷ ᠴᠢᠩᠭᠠᠳᠬᠠᠵᠣ᠂ ᠦᠨᠳᠦᠰᠦᠨ ᠬᠤᠳᠳᠤᠭ ᠢ 234 ᠭᠠᠵᠠᠷ ᠲᠤ ᠰᠢᠨ᠎ᠡ ᠪᠠᠷ ᠴᠣᠬᠢᠵᠣ᠂ ᠪᠣᠶᠢᠳᠠ ᠪᠦᠭᠯᠡᠬᠦᠦ ᠮᠠᠯᠵᠢᠬᠤ ᠣᠷᠣᠨ ᠪᠠ ᠣᠢ ᠶᠢᠨ ᠲᠠᠯᠠᠪᠠᠢ ᠳᠤ ᠴᠠᠬᠢᠯᠭᠠᠨ ᠬᠦᠴᠦ᠂ ᠴᠢᠮᠡᠭᠡ ᠨᠡᠪᠳᠡᠷᠡᠯᠭᠡ᠂ ᠲᠣᠣᠷ ᠰᠦᠯᠵᠢᠶ᠎ᠡ᠂ ᠷᠠᠳᠢᠣ᠋ ᠲᠧᠯᠸᠢᠰ ᠢ ᠪᠦᠷᠬᠦᠬᠦᠯᠬᠦ ᠠᠰᠠᠭᠤᠳᠠᠯ ᠢ ᠰᠢᠢᠳᠪᠦᠷᠢᠯᠡᠨ᠎ᠡ᠃ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠵᠣ᠂ ᠮᠣᠵᠢ ᠶᠢᠨ ᠳᠡᠰ ᠤᠨ ᠵᠠᠮ S202 ᠵᠠᠮ ᠤᠨ ᠢᠮᠢᠨ — ᠬᠤᠩᠭᠤᠯᠵᠢ ᠬᠦᠷᠬᠦ  ᠬᠡᠰᠡᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠵᠣᠬᠢᠴᠠᠭᠤᠯᠣᠨ ᠠᠬᠢᠭᠤᠯᠵᠣ᠂ ᠪᠠᠶᠠᠨᠴᠠᠭᠠᠨ ᠰᠣᠮᠣ — ᠥ᠋ ᠴᠢᠣᠸᠠᠨ ᠱᠠᠨ ᠤ ᠦᠵᠡᠮᠵᠢ ᠶᠢᠨ ᠣᠷᠣᠨ ᠬᠦᠷᠬᠦ ᠵᠠᠮ ᠱᠤᠭᠤᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠦᠷᠬᠦᠯᠵᠢᠯᠡᠨ ᠠᠬᠢᠭᠤᠯᠵᠣ᠂ ᠰᠢᠶᠣᠣ ᠬᠦ᠋ ᠱᠠᠨ — ᠰᠠᠨ‌‍ᠳᠣᠣ ᠴᠢᠶᠣᠣ — ᠰᠠᠩᠳᠣᠷ ᠣᠢ ᠶᠢᠨ ᠲᠠᠯᠠᠪᠠᠢ᠂ ᠵᠡᠬᠦᠨ ᠰᠣᠮᠣ — ᠯᠢᠣ ᠸᠠᠨ ᠪᠠ — ᠣᠭᠤᠨᠣ ᠶᠢᠨ ᠷᠠᠰᠢᠶᠠᠨ ᠬᠦᠷᠬᠦ ᠵᠠᠮ ᠱᠣᠭᠤᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠠᠵᠢᠯ ᠢ ᠡᠬᠢᠯᠡᠬᠦᠯᠦᠨ᠎ᠡ᠃ ᠮᠠᠯᠵᠢᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠥᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠵᠦ᠂ ᠨᠢᠬᠡ ᠪᠦᠯᠦᠭ ᠬᠤᠭ ᠨᠣᠪᠰᠢ ᠶᠢ ᠲᠦᠪᠯᠡᠷᠡᠭᠦᠯᠵᠦ ᠵᠦᠭᠡᠭᠡᠪᠦᠷᠢᠯᠡᠬᠦ ᠦᠷᠳᠡᠭᠡ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ᠂ ᠲᠦᠪᠯᠡᠷᠡᠭᠰᠡᠨ ᠮᠠᠶ᠋ᠢᠭ ᠤᠨ ᠣᠮᠳᠠᠭᠠᠨ ᠤ ᠣᠰᠣᠨ ᠤ ᠡᠬᠢ ᠶᠢᠨ ᠲᠦᠷᠦᠯ ᠵᠦᠢᠯ  ᠤᠨ ᠪᠦᠲᠦᠭᠡᠨ ᠪᠠᠶᠢᠭᠤᠯᠣᠯᠲᠠ ᠶᠢ ᠬᠡᠷᠡᠭᠵᠢᠬᠦᠯᠵᠦ᠂ ᠵᠣᠷᠯᠣᠩ ᠤᠨ ᠬᠤᠪᠢᠰᠬᠠᠯ ᠢ ᠢᠳᠡᠪᠬᠢᠲᠡᠢ ᠠᠬᠢᠭᠤᠯᠵᠣ᠂ ᠮᠠᠯᠵᠢᠬᠤ ᠣᠷᠣᠨ ᠤ ᠣᠷᠣᠰᠢᠨ ᠰᠠᠭᠤᠬᠤ ᠨᠦᠬᠦᠴᠡᠯ ᠢ ᠬᠦᠴᠦᠯᠡᠨ ᠰᠠᠶᠢᠵᠢᠷᠠᠭᠤᠯᠣᠨ᠎ᠠ᠃ ᠨᠣᠲᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠬᠤ ᠠᠵᠢᠯ ᠢ ᠡᠮᠬᠢ ᠴᠡᠭᠴᠡ ᠲᠠᠢ ᠲᠦᠯᠬᠢᠨ ᠠᠬᠢᠭᠤᠯᠵᠣ᠂ ᠮᠠᠯᠵᠢᠬᠤ ᠣᠷᠣᠨ ᠤ ᠬᠠᠮᠳᠣ  ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠰᠠᠶᠢᠳᠣᠷ ᠬᠢᠵᠦ᠂ ᠮᠠᠯᠵᠢᠬᠤ ᠣᠷᠣᠨ ᠤ ᠨᠣᠲᠤᠭ ᠪᠡᠯᠴᠢᠭᠡᠷ ᠢ ᠳᠠᠭᠠᠭᠠᠴᠢᠯᠠᠬᠤ ︽ᠭᠤᠷᠪᠠᠨ ᠡᠷᠬᠡ ᠶᠢ ᠰᠠᠯᠭᠠᠬᠤ︾ ᠳᠦᠷᠢᠮ ᠢ ᠳᠡᠬᠦᠯᠳᠡᠷᠵᠢᠬᠦᠯᠦᠨ ᠨᠠᠶᠢᠳᠠᠪᠣᠷᠢᠵᠢᠭᠤᠯᠣᠨ᠎ᠠ᠃ ᠮᠠᠯᠵᠢᠬᠤ ᠣᠷᠣᠨ ᠤ ᠦᠵᠡᠯ ᠰᠠᠨᠠᠭ᠎ᠠ ᠶᠣᠰᠣ ᠰᠣᠷᠳᠠᠬᠤᠨ ᠤ ᠪᠠᠶᠢᠭᠤᠯᠣᠯᠲᠠ ᠶᠢ ᠴᠢᠩᠭᠠᠳᠬᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠢᠯᠡᠴᠢᠯᠡᠬᠡᠨ ᠢ ᠳᠡᠯᠭᠡᠷᠡᠬᠦᠯᠦᠨ ᠬᠡᠷᠡᠭᠯᠡᠬᠦ ᠶᠢ ᠴᠢᠩᠭᠠᠳᠬᠠᠵᠣ᠂ ᠮᠠᠯᠴᠢᠳ ᠤᠨ ᠦᠵᠡᠯᠲᠡ ᠲᠠᠨᠢᠯᠲᠠ ᠪᠠ ᠦᠢᠯᠡᠳᠪᠦᠷᠢᠯᠡᠯ ᠤᠨ ᠡᠵᠡᠩᠨᠡᠯᠲᠡ ᠶᠢᠨ ᠠᠷᠭ᠎ᠠ ᠬᠡᠯᠪᠡᠷᠢ  ᠪᠠᠨ ᠬᠤᠪᠢᠷᠠᠭᠤᠯᠬᠤ ᠶᠢ ᠨᠢ ᠬᠦᠲᠦᠯᠦᠨ ᠵᠢᠯᠣᠭᠤᠳᠴᠣ᠂ ᠰᠢᠨ᠎ᠡ ᠮᠠᠶ᠋ᠢᠭ ᠤᠨ ᠠᠵᠢᠯ ᠮᠡᠷᠬᠡᠵᠢᠯ ᠲᠠᠢ ᠮᠠᠯᠴᠢᠳ ᠢ ᠬᠦᠮᠦᠵᠢᠬᠦᠯᠬᠦ ᠠᠵᠢᠯ ᠢ ᠰᠠᠶᠢᠳᠣᠷ ᠬᠢᠨ᠎ᠡ᠃    ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠦᠯᠤᠨ ᠪᠤᠶᠢᠷ ᠤᠨ ᠲᠦᠪ ᠬᠤᠲᠠ ᠲᠤᠭᠤᠷᠢᠭ ᠢ ᠨᠢᠭᠡ ᠴᠤᠭᠴᠠᠵᠢᠭᠤᠯᠤᠨ ᠪᠦᠲᠦᠭᠡᠨ ᠪᠠᠶᠢᠭᠤᠯᠬᠤ ᠠᠬᠢᠴᠨ ᠳᠤ ᠢᠳᠡᠪᠬᠢᠲᠡᠢ ᠪᠠᠷ ᠠᠭᠤᠰᠤᠯᠴᠠᠨ ᠤᠷᠤᠵᠤ᠂ ᠪᠠᠶᠠᠨᠲᠤᠬᠤᠢ ᠪᠠᠯᠭᠠᠰᠤ ᠶᠢᠨ ᠬᠤᠲᠠ ᠪᠠᠯᠭᠠᠰᠤ ᠶᠢᠨ ᠤᠯᠠᠨ ᠨᠡᠶᠢᠲᠡ  ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠭᠦᠯᠤᠨ᠂ ᠤᠭᠤᠨᠤ ᠶᠢᠨ ᠭᠤᠤᠯ ᠵᠠᠮ᠂ 1732 ᠵᠡᠭᠡᠯᠢ ᠵᠡᠷᠭᠡ 10 ᠵᠤᠷᠪᠤᠰ ᠵᠠᠮ ᠢ ᠰᠢᠨ᠎ᠡ ᠪᠠᠷ ᠪᠠᠶᠢᠭᠤᠯᠬᠤ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠤᠨ᠂ ᠢᠮᠢᠨ ᠵᠠᠮ᠂ ᠰᠤᠯᠤᠨ  ᠲᠤᠮᠤ ᠵᠡᠭᠡᠯᠢ ᠶᠢ ᠭᠤᠸᠠᠵᠢᠭᠤᠯᠤᠨ ᠭᠡᠭᠡᠷᠡᠭᠦᠯᠬᠦ ᠢᠨᠵᠧᠨᠧᠷᠢᠩ ᠪᠤᠯᠤᠨ ᠭᠤᠤᠯᠳᠠᠯᠭ᠎ᠠ ᠲᠠᠢ ᠵᠠᠮ ᠤᠨ ᠠᠭᠤᠯᠵᠠᠷ᠂ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠲᠠ ᠶᠢᠨ ᠢᠨᠵᠧᠨᠧᠷᠢᠩ  ᠢ ᠬᠡᠷᠡᠭᠵᠢᠭᠦᠯᠵᠤ᠂ ᠰᠧᠪᠵᠢᠭᠡᠨ ᠨᠤᠭᠤᠭᠠᠷᠠᠭᠤᠯᠤᠯᠲᠠ ᠶᠢᠨ ᠭᠠᠵᠠᠷ᠂ ᠬᠠᠶᠢᠯᠠᠨᠴᠠ ᠴᠡᠴᠡᠷᠯᠢᠭ ᠢ ᠦᠷᠭᠡᠳᠬᠡᠨ ᠵᠠᠰᠠᠬᠤ ᠪᠦᠲᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠬᠤᠭᠤᠯᠠᠢ ᠲᠤᠤᠷ᠂ ᠨᠡᠶᠢᠳᠡ ᠶᠢᠨ ᠵᠤᠷᠯᠤᠩ᠂ ᠨᠡᠶᠢᠳᠡ ᠶᠢᠨ ᠮᠠᠰᠢᠨ ᠲᠡᠷᠭᠡᠨ ᠤ ᠵᠤᠭᠰᠤᠭᠠᠯ ᠵᠡᠷᠭᠡ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠤ᠂ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠤᠯᠠᠨ ᠨᠠᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠤᠨ᠎ᠠ᠃ ᠲᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠵᠠᠰᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠭᠦᠯᠵᠤ᠂ 3000 ᠢᠵᠢ ᠲᠦᠬᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠵᠠᠰᠠᠵᠤ ᠲᠠᠭᠤᠰᠬᠠᠬᠤ ᠬᠡᠷᠡᠭᠲᠡᠢ᠃ ᠳ᠋ᠠᠶᠠᠨ ᠪᠠᠯᠭᠠᠰᠤ᠂ ᠢᠮᠢᠨ ᠭᠤᠤᠯ ᠪᠠᠯᠭᠠᠰᠤ ᠵᠡᠷᠭᠡ ᠠᠵᠤ  ᠦᠢᠯᠡᠳᠪᠦᠷᠢᠵᠢᠯᠲᠡ ᠶᠢᠨ ᠮᠠᠶ᠋ᠢᠭ ᠤᠨ ᠬᠤᠲᠠ ᠪᠠᠯᠭᠠᠰᠤ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠯᠬᠢᠨ ᠠᠬᠢᠭᠤᠯᠵᠤ᠂ ︽ᠤᠰᠤ ᠴᠠᠬᠢᠯᠭᠠᠨ ᠲᠤᠯᠠᠭᠠᠯᠠᠮᠵᠢ ᠬᠠᠨᠭ᠍ᠭᠠᠬᠤ᠂ ᠠᠳᠠᠯ ᠠᠬᠤᠢ ᠶᠢᠨ ᠬᠠᠮᠢᠶᠠᠷᠤᠯᠲᠠ︾ ᠶᠢ ᠰᠠᠯᠭᠠᠵᠤ ᠰᠢᠯᠵᠢᠭᠦᠯᠤᠨ ᠲᠤᠰᠢᠶᠠᠬᠤ ᠠᠵᠢᠯ ᠢᠶᠠᠷ ᠠᠵᠠ ᠲᠤᠬᠢᠶᠡᠯ ᠪᠤᠯᠭᠠᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠤᠮᠵᠢ ᠶᠢ ᠠᠯᠬᠤᠮ ᠴᠢᠨᠠᠭᠰᠢᠲᠠ ᠲᠡᠭᠦᠯᠳᠡᠷᠵᠢᠭᠦᠯᠤᠨ᠎ᠠ᠃ ᠬᠤᠨᠭ᠍ᠭᠤᠯᠵᠢ ᠪᠠᠯᠭᠠᠰᠤ ᠶᠢ ᠤᠨᠴᠠᠯᠢᠭᠲᠤ ᠵᠤᠭᠠᠴᠠᠯ ᠤᠨ ᠵᠢᠵᠢᠭ ᠪᠠᠯᠭᠠᠰᠤ ᠪᠤᠯᠭᠠᠨ ᠬᠦᠭᠵᠢᠭᠦᠯᠬᠦ ᠶᠢ ᠠᠬᠢᠭᠤᠯᠵᠤ᠂ ᠬᠤᠨᠭ᠍ᠭᠤᠯᠵᠢ ᠪᠠᠯᠭᠠᠰᠤ ᠶᠢᠨ ᠵᠠᠮ ᠤᠨ ᠪᠦᠲᠦᠭᠡᠨ ᠪᠠᠶᠢᠭᠤᠯᠤᠯᠲᠠ ᠳᠤ 4 ᠢᠨᠵᠧᠨᠧᠷᠢᠩ ᠢ ᠬᠡᠷᠡᠭᠵᠢᠭᠦᠯᠵᠤ᠂ ᠬᠤᠨᠭ᠍ᠭᠤᠯᠵᠢ ᠶᠢᠨ ᠨᠡᠶᠢᠲᠡ ᠶᠢᠨ ᠬᠡᠷᠡᠭᠯᠡᠭᠡᠨ ᠤ  ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠤᠨᠡᠬᠢ ᠬᠤᠭᠤᠴᠠᠭᠠᠨ ᠤ ᠠᠵᠢᠯ ᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠬᠤᠲᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠤᠯᠲᠠ ᠶᠢ ᠴᠢᠩᠳᠠᠯᠠᠵᠤ᠂ ︽ᠭᠤᠷᠪᠠ ᠶᠢ ᠠᠷᠢᠯᠭᠠᠬᠤ︾ ᠪᠠᠷ ᠭᠤᠤᠯᠳᠠᠯᠭ᠎ᠠ ᠪᠤᠯᠭᠠᠠᠠᠰᠠᠨ ᠬᠤᠲᠠ ᠶᠢᠨ ᠤᠷᠴᠢᠨ ᠲᠤᠭᠤᠷᠢᠨ ᠢ ᠲᠦᠪᠯᠡᠷᠡᠭᠦᠯᠤᠨ ᠴᠡᠭᠴᠡᠯᠡᠨ ᠵᠠᠰᠠᠬᠤ ᠠᠵᠢᠯ ᠢ ᠦᠷᠬᠦᠯᠵᠢᠯᠡᠨ ᠦᠷᠨᠢᠭᠦᠯᠵᠤ᠂ ᠴᠡᠪᠡᠷ ᠲᠡᠭᠰᠢ ᠡᠮᠬᠢ ᠴᠡᠭᠴᠡ ᠲᠠᠢ ᠬᠤᠲᠠ ᠪᠠᠯᠭᠠᠰᠤ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠬᠠᠭᠤᠴᠢᠨ ᠵᠢᠵᠢᠭ ᠲᠤᠭᠤᠷᠢᠭ᠂ ᠡᠨᠧᠷᠬᠢ ᠠᠷᠪᠢᠯᠡᠬᠤ ᠮᠠᠶ᠋ᠢᠭ ᠤᠨ ᠪᠠᠷᠢᠯᠭ᠎ᠠ ᠵᠡᠷᠭᠡ ᠦᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠤᠨ᠂ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮᠵᠢᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠰᠤᠷᠠᠯᠲᠠ ᠦᠭᠡᠢ ᠲᠡᠭᠡᠭᠰᠢᠯᠡᠭᠦᠯᠤᠨ᠎ᠠ    ︵ᠲᠡᠪᠤ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠤᠬᠢᠷᠳᠤᠯ ᠦᠭᠡᠢ ᠪᠠᠶᠢᠭᠠᠯᠢᠯᠢᠭ ᠬᠦᠭᠵᠢᠯᠲᠠ ᠶᠢᠨ ᠤᠶᠢᠯᠭᠠᠭᠳᠠᠬᠤᠨ ᠢ ᠪᠠᠲᠤ ᠪᠣᠢ ᠪᠣᠯᠭᠠᠵᠣ ᠪᠠ ᠦᠢᠯᠡᠳᠤᠯᠭᠡᠵᠢᠭᠦᠯᠤᠨ᠂ ᠠᠮᠢ ᠠᠬᠤᠢ  ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠯ  ᠲᠠᠢ ᠪᠠᠷ ᠵᠡᠷᠭᠡᠴᠡᠨ ᠤᠷᠤᠰᠢᠬᠤ ᠶᠢ ᠲᠦᠯᠬᠢᠨ ᠠᠬᠢᠭᠤᠯᠵᠤ᠂ ᠡᠬᠡ ᠤᠷᠤᠨ ᠤ ᠤᠮᠠᠷᠠᠲᠤ ᠬᠢᠯᠢ ᠶᠢᠨ ᠠᠮᠢ ᠠᠬᠤᠢ  ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠤᠨ᠎ᠠ᠃     ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠤᠨ᠎ᠠ᠃ ᠠᠭᠤᠯᠠ ᠤᠰᠤ ᠤᠢ ᠲᠡᠷᠢᠶ᠎ᠡ ᠨᠠᠭᠤᠷ ᠨᠤᠲᠤᠭ ᠪᠡᠯᠴᠢᠭᠡᠷ ᠡᠯᠡᠰᠤ ᠵᠢᠴᠢ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠤᠯᠤᠨ ᠰᠡᠷᠭᠦᠭᠡᠯᠲᠡ ᠬᠢᠬᠦ ᠶᠢ ᠴᠢᠩᠭᠠᠳᠬᠠᠵᠤ᠂ ᠤᠰᠤᠨ ᠤ ᠪᠤᠬᠢᠷᠳᠤᠯ ᠢ ᠵᠠᠰᠠᠬᠤ᠂ ᠠᠭᠠᠷ ᠢ ᠴᠡᠪᠡᠷᠰᠢᠭᠦᠯᠬᠦ᠂ ᠨᠤᠭᠤᠭᠠᠷᠠᠭᠤᠯᠬᠤ᠂ ᠡᠪᠡᠰᠤ ᠪᠡᠯᠴᠢᠭᠡᠷ ᠢ ᠬᠠᠮᠠᠭᠠᠯᠠᠬᠤ ᠵᠡᠷᠭᠡ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠤ᠂ ︽ᠭᠤᠤᠯ ᠤᠨ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ︾᠂ ︽ᠨᠠᠭᠤᠷ ᠤᠨ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠢᠭᠡ ᠭᠤᠤᠯ ᠳᠤ ᠨᠢᠭᠡ ᠠᠷᠭ᠎ᠠ ᠪᠤᠳᠤᠯᠭ᠎ᠠ  ᠶᠢ ᠬᠡᠷᠡᠭᠵᠢᠭᠦᠯᠬᠦ︾᠂ ︽ᠨᠢᠭᠡ ᠨᠠᠭᠤᠷ ᠲᠤ ᠨᠢᠭᠡ ᠠᠷᠭ᠎ᠠ ᠪᠤᠳᠤᠯᠭ᠎ᠠ ᠶᠢ ᠬᠡᠷᠡᠭᠵᠢᠭᠦᠯᠬᠦ︾ ᠲᠦᠰᠦᠯ ᠢ ᠨᠠᠶᠢᠷᠠᠭᠤᠯᠤᠨ ᠵᠤᠬᠢᠶᠠᠬᠤ ᠠᠵᠢᠯ ᠢ ᠡᠮᠬᠢ ᠲᠠᠷᠠᠭ᠎ᠠ ᠲᠠᠢ ᠦᠷᠨᠢᠭᠦᠯᠤᠨ᠂ ᠬᠦᠯᠤᠨ ᠨᠠᠭᠤᠷ ᠤᠨ ᠰᠠᠪᠠ ᠭᠠᠵᠠᠷ ᠤᠨ ᠲᠡᠭᠡᠲᠤ ᠤᠷᠤᠰᠬᠠᠯ ᠢ ᠶᠡᠷᠤᠩᠬᠡᠶᠢᠯᠡᠨ ᠵᠠᠰᠠᠬᠤ ᠪᠠᠷ ᠭᠠᠷᠳᠠᠴᠡ ᠪᠤᠯᠭᠠᠵᠤ᠂ ᠤᠰᠤ ᠬᠠᠭᠤᠷᠠᠢ ᠶᠢ ᠬᠠᠮᠳᠤᠲᠠ ᠨᠢ ᠵᠠᠰᠠᠬᠤ᠂ ᠰᠠᠯᠠᠭ᠎ᠠ ᠮᠦᠴᠢᠷ ᠬᠤᠯᠪᠤᠭᠠᠯᠠᠨ ᠵᠠᠰᠠᠬᠤ᠂ ᠪᠦᠬᠦ ᠠᠷᠠᠳ ᠢᠶᠠᠷ ᠢᠶᠠᠨ ᠬᠠᠮᠲᠤᠪᠡᠷ ᠬᠦᠳᠡᠯᠤᠯᠴᠡᠨ ᠵᠠᠰᠠᠬᠤ ᠭᠤᠤᠯ ᠪᠣᠯᠣᠨ ᠨᠠᠭᠤᠷ ᠢ ᠬᠠᠮᠠᠭᠠᠯᠠᠬᠤ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠣ ᠲᠤᠭᠲᠠᠴᠡ ᠶᠢ ᠪᠠᠶᠢᠭᠤᠯᠤᠨ᠎ᠠ᠃ ᠴᠡᠩᠬᠡᠷ ᠤᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠵᠤ᠂ 10 ᠲᠤᠨ ᠠᠴᠠ ᠲᠡᠭᠡᠭᠰᠢᠬᠢ ᠨᠡᠭᠦᠷᠡᠰᠤ ᠰᠢᠲᠠᠭᠠᠬᠤ ᠭᠦᠸᠧᠯᠤ ᠶᠢ ᠦᠭᠡᠷᠡᠴᠢᠯᠡᠨ ᠵᠠᠰᠠᠬᠤ ᠠᠵᠢᠯ ᠢ ᠪᠦᠬᠦ ᠲᠠᠯ᠎ᠠ  ᠪᠠᠷ ᠦᠷᠨᠢᠭᠦᠯᠵᠤ᠂ ᠱᠧᠨ ᠬᠤᠸᠠ ᠳ᠋ᠠᠶᠠᠨ ᠤ ᠪᠦᠯᠦᠭᠯᠡᠯ ᠤᠨ ᠶᠠᠨ ᠵᠦᠡᠭ ᠢᠯᠴᠢ ᠡᠭᠦᠰᠬᠡᠭᠦᠷ ᠤᠨ ᠦᠢᠯᠡᠳᠪᠤᠷᠢ  ᠶᠢᠨ ᠤᠷᠴᠢᠨ ᠲᠤᠭᠤᠷᠢᠨ ᠤᠨ ᠬᠠᠮᠠᠭᠠᠯᠠᠯᠲᠠ ᠶᠢ ᠦᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠤ᠂ ᠬᠤᠸᠠ ᠨᠧᠩ ᠢᠮᠢᠨ ᠤ ᠨᠡᠭᠦᠷᠡᠰᠤ ᠴᠡᠬᠢᠯᠭᠠᠨ ᠤ ᠺᠤᠮᠫᠠᠨᠢ ᠶᠢᠨ 2 ᠰᠠᠤᠷᠢ ᠮᠠᠰᠢᠨ ᠴᠤᠭᠴᠠᠯᠠᠪᠤᠷᠢ᠂ ᠮᠧᠩ ᠳ᠋ᠦᠡᠭ  ᠡᠨᠧᠷᠬᠢ ᠶᠢᠨ ᠺᠤᠮᠫᠠᠨᠢ ᠶᠢᠨ 1 ᠰᠠᠤᠷᠢ ᠮᠠᠰᠢᠨ ᠴᠤᠭᠴᠠᠯᠠᠪᠤᠷᠢ ᠶᠢᠨ ᠬᠠᠮᠤᠭ ᠲᠤᠤᠷ᠎ᠡ ᠪᠤᠬᠢᠷᠳᠤᠯ ᠭᠠᠳᠠᠭᠰᠢᠯᠠᠭᠤᠯᠬᠤ ᠢᠨᠵᠧᠨᠧᠷᠢᠩ ᠢ ᠪᠡᠶᠡᠯᠡᠭᠦᠯᠤᠨ᠎ᠠ᠃ ᠪᠠᠶᠢᠭᠠᠯᠢ ᠶᠢᠨ ᠤᠢ᠂ ᠨᠠᠶᠢᠲᠠ ᠶᠢᠨ ᠠᠰᠷᠠᠮᠵᠢ ᠶᠢᠨ ᠤᠢ ᠶᠢ ᠬᠠᠮᠠᠭᠠᠯᠠᠬᠤ ᠬᠦᠴᠤᠯᠡᠴᠠ ᠶᠢ ᠴᠢᠩᠭᠠᠳᠬᠠᠵᠤ᠂ 1 ᠲᠦᠮᠡᠨ ᠮᠤ᠋ ᠭᠠᠵᠠᠷ ᠢ ᠨᠤᠭᠤᠭᠠᠷᠠᠭᠤᠯᠤᠨ ᠤᠶᠢᠵᠢᠭᠤᠯᠬᠤ ᠶᠢ ᠪᠠᠶᠠᠯᠠᠭᠦᠯᠤᠨ᠎ᠠ ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 80 ᠲᠦᠮᠡᠨ ᠭᠠᠵᠠᠷ ᠲᠤ ᠮᠠᠯᠵᠢᠬᠤ ᠶᠢ ᠵᠤᠭᠰᠤᠭᠠᠵᠤ ᠂1220 ᠲᠦᠮᠡᠨ ᠮᠤ᠋ ᠭᠠᠵᠠᠷ ᠤᠨ ᠡᠪᠡᠰᠤ ᠪᠡᠯᠴᠢᠭᠡᠷ ᠢ ᠲᠡᠩᠴᠡᠭᠦᠷᠢᠰᠢᠭᠦᠯᠬᠦ ᠶᠢ ᠪᠡᠶᠡᠯᠡᠭᠦᠯᠤᠨ᠎ᠠ᠃ ᠠᠮᠢ ᠠᠬᠤᠢ  ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ 10 ᠲᠦᠮᠡᠨ ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠵᠤ ᠤᠶᠢᠵᠢᠭᠤᠯᠤᠨ ᠨᠤᠭᠤᠭᠠᠷᠠᠭᠤᠯᠬᠤ ᠶᠢ ᠪᠡᠶᠡᠯᠡᠭᠦᠯᠤᠨ᠎ᠠ᠃ ᠡᠯᠡᠰᠦᠷᠬᠡᠭ ᠭᠠᠵᠠᠷ ᠢ ᠶᠡᠷᠤᠩᠬᠡᠶᠢᠯᠡᠨ ᠵᠠᠰᠠᠬᠤ ᠶᠢ ᠨᠢᠭᠡᠳᠤᠯᠲᠡᠢ ᠠᠬᠢᠭᠤᠯᠵᠤ᠂ 0.3 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠬᠤ ᠶᠢ ᠪᠡᠶᠡᠯᠡᠭᠦᠯᠤᠨ᠎ᠠ᠃ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠭᠤᠷᠬᠠᠢ ᠶᠢ ᠬᠤᠭᠤᠴᠠᠭ᠎ᠠ ᠬᠤᠪᠢᠶᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠨᠧᠷᠬᠢ ᠶᠢ ᠠᠷᠪᠢᠯᠡᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠢᠭᠡᠴᠢ GDP ᠶᠢᠨ ᠡᠨᠧᠷᠬᠢ  ᠶᠢᠨ ᠬᠤᠷᠤᠭᠳᠠᠯ ᠢ ᠲᠡᠭᠡᠷ᠎ᠡ ᠱᠠᠲᠤᠨ ᠠᠴᠠ ᠪᠠᠭᠤᠯᠭᠠᠠᠠᠰᠠᠨ ᠭᠦᠢᠴᠡᠳᠬᠡᠯ ᠲᠤᠭ᠎ᠠ ᠶᠤᠰᠤᠭᠠᠷ ᠪᠠᠶᠠᠯᠡᠭᠦᠯᠤᠨ᠎ᠠ᠃     ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠤᠨ᠎ᠠ᠃ ᠤᠯᠤᠰ ᠤᠨ ᠲᠡᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠤᠩᠭᠡ ᠶᠢᠨ ᠦᠷᠢ ᠰᠢᠷᠢ ᠶᠢᠨ ᠬᠦᠰᠦᠨᠦᠭᠲᠤ ᠶᠢ ᠨᠠᠶᠢᠷᠠᠭᠤᠯᠤᠨ ᠵᠤᠬᠢᠶᠠᠬᠤ ᠠᠵᠢᠯ ᠢ ᠡᠬᠢᠯᠡᠭᠦᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠵᠠᠢ ᠶᠢᠨ ᠲᠦᠯᠦᠪᠵᠢᠭᠦᠯᠭᠡ ᠶᠢ ᠲᠤᠭᠲᠠᠭᠠᠵᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠤᠩᠭᠡ ᠶᠢᠨ ᠲᠠᠯ᠎ᠠ ᠪᠠᠷ ᠬᠢ ᠬᠢᠨᠠᠨ ᠪᠤᠳᠤᠯᠲᠠ ᠬᠢᠬᠦ ᠲᠤᠷᠰᠢᠯᠲᠡ ᠶᠢᠨ ᠴᠢᠭ᠋  ᠤᠨ ᠠᠵᠢᠯ ᠢ ᠬᠡᠷᠡᠭᠵᠢᠭᠦᠯᠤᠨ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠨ ᠬᠢᠨᠠᠨ ᠰᠢᠯᠭᠠᠬᠤ ᠠᠷᠭ᠎ᠠ ᠠᠪᠴᠠᠯ ᠢ ᠲᠡᠭᠦᠯᠳᠡᠷᠵᠢᠭᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ ᠰᠦᠢᠳᠬᠡᠪᠡᠯ ᠨᠠᠰᠤᠨ ᠲᠤᠷᠰᠢᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠢᠮᠪᠡᠢ ᠬᠡᠷᠡᠭᠵᠢᠭᠦᠯᠤᠨ᠎ᠠ᠃ ᠤᠯᠤᠰ ᠤᠨ ᠭᠤᠤᠯ ᠴᠤᠭᠴᠠ ᠶᠢᠨ ᠴᠢᠳᠠᠪᠬᠢᠲᠤ ᠤᠷᠤᠨ ᠤ ᠲᠦᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠴᠢᠨ ᠲᠤᠭᠤᠷᠢᠨ ᠤ ᠨᠦᠯᠦᠭᠡ ᠶᠢ ᠦᠨᠡᠯᠡᠬᠦ ᠬᠠᠮᠢᠶᠠᠷᠤᠯᠲᠠ ᠪᠤᠯᠤᠨ ᠦᠢᠯᠡᠴᠢᠯᠡᠭᠡ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠢ ᠬᠠᠮᠠᠭᠠᠯᠠᠬᠤ ᠨᠦᠯᠦᠬᠡᠯᠡᠯ ᠢ ᠦᠨᠡᠯᠡᠬᠦ ᠶᠢ ᠬᠢᠨᠡᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠲᠠ ᠶᠢ ᠭᠦᠨᠵᠡᠭᠡᠶᠢᠷᠡᠭᠦᠯᠵᠤ᠂ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ᠂ ᠪᠤᠬᠢᠷᠳᠤᠯ ᠢ ᠭᠠᠳ᠋ᠬᠠᠰᠢᠯᠠᠭᠤᠯᠬᠤ ᠵᠦᠪᠰᠢᠶᠡᠷᠡᠯ ᠤᠨ ᠲᠦᠷᠢᠮ ᠢ ᠪᠦᠲᠦᠮᠵᠢᠲᠡᠢ ᠵᠤᠯᠭᠠᠭᠤᠯᠬᠤ ᠶᠢ ᠪᠡᠶᠡᠯᠡᠭᠦᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ  ᠶᠢᠨ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠡᠴᠢᠯᠡᠭᠡ ᠶᠢ ᠰᠢᠨᠡᠳᠬᠡᠨ ᠰᠠᠶᠢᠵᠢᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠤᠷᠴᠢᠨ ᠲᠤᠭᠤᠷᠢᠨ ᠤ ᠬᠢᠨᠠᠯᠲᠠ ᠲᠠᠯᠪᠢᠯᠲᠠ ᠬᠠᠮᠠᠭᠠᠯᠠᠯᠲᠠ ᠳᠤ ᠤᠯᠠᠨ ᠨᠠᠶᠢᠳᠡ ᠶᠢ ᠤᠷᠤᠯᠴᠠᠭᠤᠯᠬᠤ ᠪᠠᠶᠢᠭᠤᠯᠤᠯ ᠲᠤᠭᠲᠠᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠷᠴᠢᠨ ᠲᠤᠭᠤᠷᠢᠨ ᠤ ᠪᠤᠬᠢᠷᠳᠤᠯ ᠢ ᠭᠤᠷᠪᠠᠳᠤᠭᠠᠷ ᠡᠲᠡᠭᠡᠳ ᠠᠴᠠ ᠴᠡᠭᠴᠡᠯᠡᠨ ᠵᠠᠰᠠᠬᠤ ᠬᠡᠪ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠠᠮᠢ ᠠᠬᠤᠢ ᠶᠢᠨ ᠪᠤᠯᠪᠠᠰᠤᠨ  ᠤ ᠰᠤᠶᠤᠯ ᠤᠨ ᠬᠦᠮᠦᠵᠢᠯ ᠢ ᠴᠢᠩᠭᠠᠳᠬᠠᠨ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠬᠠᠢ ᠤᠬᠠᠭᠤᠯᠤᠨ ᠬᠦᠮᠦᠵᠢᠭᠦᠯᠬᠦ ᠶᠢ ︽ᠲᠠᠪᠤ ᠳᠤ ᠤᠷᠤᠭᠤᠯᠬᠤ︾ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦᠷᠦᠭᠴᠢᠲᠤ᠂ ᠪᠤᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠪᠤᠯᠤᠨ ᠬᠡᠷᠡᠭᠯᠡᠭᠡ ᠶᠢᠨ ᠠᠷᠭ᠎ᠠ ᠬᠡᠯᠪᠡᠷᠢ ᠶᠢ ᠰᠠᠨᠠᠭᠠᠴᠢᠯᠠᠨ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠤ᠂ ᠠᠮᠢ ᠠᠬᠤᠢ ᠶᠢᠨ ᠪᠤᠯᠪᠠᠰᠤᠨ ᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠴᠢᠷᠮᠡᠶᠢᠨ ᠪᠤᠢ ᠪᠤᠯᠭᠠᠬᠤ ᠬᠡᠷᠡᠭᠲᠡᠢ᠃    ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠎ᠠ᠃ ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠠ ᠶᠢᠨ ᠪᠠᠬᠢᠯᠠᠯᠲᠠ ᠰᠢᠪᠲᠤᠯᠬᠤ ᠲᠠᠶᠢᠯᠠᠯᠳᠤᠭᠠᠨ ᠢ ᠡᠷᠡᠰ ᠲᠠᠰᠤᠷᠬᠠᠢ ᠰᠠᠶᠢᠲᠤᠷ ᠬᠢᠵᠤ᠂ ᠨᠡᠭᠡᠭᠡᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ  ᠳᠤ ᠰᠢᠨ᠎ᠡ ᠠᠮᠢᠵᠢᠷᠠᠯ ᠤᠨ ᠬᠦᠴᠤᠨ ᠪᠤᠯᠤᠨ ᠰᠢᠨ᠎ᠡ ᠬᠦᠳᠡᠯᠭᠡᠬᠦ ᠬᠦᠴᠤᠨ ᠢ ᠬᠠᠨᠭ᠍ᠭᠠᠨ᠎ᠠ᠃    ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠲᠦᠰᠦᠪ — ᠲᠦᠰᠦᠪ ᠤᠨ ᠭᠦᠢᠴᠡᠳᠬᠡᠯ ᠪᠤᠯᠤᠨ ︽ᠭᠤᠷᠪᠠᠨ ᠠᠯᠪᠠᠨ︾ ᠤ ᠵᠠᠷᠤᠳᠠᠯ ᠢ ᠢᠯᠡ ᠪᠤᠯᠭᠠᠬᠤ ᠲᠤᠭᠲᠠᠴᠠ ᠶᠢ ᠲᠡᠭᠦᠯᠳᠡᠷᠵᠢᠭᠦᠯᠤᠨ᠂ ᠭᠠᠶᠢᠯᠢ ᠲᠠᠲᠠᠪᠣᠷᠢ ᠶᠢ ᠶᠡᠷᠤᠩᠬᠡᠶᠢᠯᠡᠨ ᠵᠠᠰᠠᠬᠤ ᠠᠵᠢᠯ ᠤᠨ ᠬᠦᠴᠤᠯᠡᠴᠡ ᠶᠢ ᠨᠡᠮᠡᠭᠳᠡᠭᠦᠯᠵᠤ᠂ ᠭᠠᠶᠢᠯᠢ ᠶᠢᠨ ᠶᠠᠪᠤᠳᠠᠯ  ᠢ ᠪᠠᠶᠢᠴᠠᠭᠠᠬᠤ ᠪᠠ ᠮᠦᠷᠲᠡᠨ ᠪᠠᠶᠢᠴᠠᠭᠠᠬᠤ ᠶᠢ ᠴᠢᠩᠭᠠᠳᠬᠠᠨ᠂ ᠭᠠᠶᠢᠯᠢ ᠶᠢᠨ ᠢᠷᠡᠯᠲᠡ ᠶᠢ ᠡᠵᠡᠮᠳᠡᠨ ᠬᠠᠮᠢᠶᠠᠷᠬᠤ  ᠶᠢ ᠴᠢᠩᠭᠠᠳᠬᠠᠵᠤ᠂ ᠡᠳ᠋ ᠤᠨ ᠵᠠᠰᠠᠭ ᠤᠨ ᠤᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠤᠨ᠎ᠠ ᠃ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠯᠲᠡ ᠶᠢᠨ ᠦᠭᠡᠷᠡᠴᠢᠯᠡᠯᠲᠡ ᠶᠢᠨ ᠠᠵᠢᠯ ᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠡᠵᠡᠭᠡᠶᠢᠷᠡᠭᠦᠯᠤᠨ᠂ ᠠᠭᠤᠵᠢᠭᠤ ᠴᠢᠯᠦᠭᠡᠲᠡᠢ ᠳᠦᠬᠦᠮ ᠰᠢᠭᠤᠷᠬᠠᠢ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠪᠤᠢ ᠪᠤᠯᠠᠭᠠᠨ᠎ᠠ᠃ ᠦᠯᠦ ᠬᠦᠳᠡᠯᠬᠦ ᠬᠦᠷᠤᠩᠭᠡ ᠶᠢ ᠨᠢᠭᠡᠳᠤᠯᠲᠡᠢ ᠲᠡᠩᠰᠠᠯᠠᠨ ᠲᠦᠷᠢᠮᠵᠢᠭᠦᠯᠬᠦ ᠶᠢ ᠲᠦᠯᠬᠢᠨ ᠠᠬᠢᠭᠤᠯᠵᠤ᠂ ︽ᠭᠡᠷ ᠪᠠᠶᠢᠰᠢᠩ ᠭᠠᠵᠠᠷ ᠬᠦᠷᠤᠩᠭᠡ ᠶᠢᠨ ᠦᠮᠴᠢᠯᠡᠬᠦ ᠡᠷᠬᠡ ᠶᠢ ᠨᠢᠭᠡ ᠴᠤᠭᠴᠠᠵᠢᠭᠤᠯᠬᠤ︾ ᠨᠢᠭᠡᠳᠤᠯᠲᠡᠢ ᠲᠡᠩᠰᠠᠯᠠᠬᠤ ᠶᠢ ᠦᠨᠳᠤᠰᠤᠨ ᠱᠠᠲᠤᠨ ᠳᠤ ᠬᠦᠷᠲᠡᠯ᠎ᠡ ᠦᠷᠬᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠤᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ  ᠶᠢᠨ ᠦᠭᠡᠷᠡᠴᠢᠯᠡᠯᠲᠡ ᠶᠢ ᠦᠷᠬᠦᠯᠵᠢᠯᠡᠨ ᠬᠡᠷᠡᠭᠵᠢᠭᠦᠯᠵᠤ᠂ ᠤᠯᠠᠨ ᠨᠠᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠯᠭᠡ ᠶᠢᠨ ᠦᠢᠯᠡᠴᠢᠯᠡᠭᠡᠨ ᠤ ᠴᠢᠳᠡᠪᠬᠢ  ᠶᠢ ᠦᠷᠬᠦᠯᠵᠢᠯᠡᠨ ᠲᠡᠭᠡᠭᠰᠢᠯᠡᠭᠦᠯᠤᠨ᠎ᠠ᠃ ᠠᠮᠢ ᠠᠬᠤᠢ᠂ ᠰᠤᠶᠤᠯ᠂ ᠤᠯᠤᠰ ᠤᠨ ᠭᠠᠵᠠᠷ ᠰᠢᠷᠤᠢ᠂ ᠤᠯᠤᠰ ᠤᠨ ᠦᠮᠴᠢᠯᠡᠯᠲᠤ ᠤᠢ ᠶᠢᠨ ᠲᠡᠯᠡᠪᠡᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢ ᠦᠭᠡᠷᠡᠴᠢᠯᠡᠬᠦ ᠡᠭᠦᠷᠭᠡ ᠶᠢ ᠬᠦᠴᠤᠯᠡᠨ ᠠᠬᠢᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠲᠤ ᠴᠢᠨᠠᠷ ᠰᠠᠶᠢᠲᠠᠢ ᠬᠦᠭᠵᠢᠯᠲᠡ ᠶᠢᠨ ᠤᠷᠴᠢᠨ ᠲᠤᠭᠤᠷᠢᠨ ᠢ ᠡᠭᠦᠳᠴᠤ ᠦᠭᠭᠦᠨ᠎ᠡ᠃     ᠭᠠᠳᠠᠭᠠᠳᠣ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠬᠡᠨ᠎ᠡ᠃ ᠤᠯᠤᠰ ᠤᠨ ︽ᠨᠢᠭᠡ ᠪᠦᠰᠠ ᠨᠢᠭᠡ ᠵᠠᠮ︾ ᠪᠤᠯᠤᠨ ᠤᠮᠠᠷᠠᠰᠢ ᠨᠡᠭᠡᠭᠡᠯᠲᠡ ᠬᠢᠬᠦ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ ᠠᠳᠬᠤᠵᠤ᠂ ᠪᠠᠶᠠᠨᠳᠤᠬᠤᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ ᠢ ᠬᠦᠯᠤᠨ ᠪᠤᠶᠢᠷ ᠬᠤᠲᠠ ᠶᠢᠨ ᠲᠤᠮᠳᠠᠲᠤ ᠤᠷᠤᠰ ᠮᠤᠩᠭᠤᠯ ᠤᠨ ᠠᠵᠤ ᠠᠬᠤᠢ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠲᠠᠢ ᠠᠭᠤᠰᠤᠯᠴᠠᠭᠤᠯᠬᠤ ᠶᠢ ᠰᠦᠪᠡᠭᠴᠢᠯᠡᠬᠦ ᠪᠤᠯᠤᠨ ᠲᠦᠯᠬᠢᠨ ᠠᠬᠢᠭᠤᠯᠵᠤ᠂ ︽ᠬᠢᠯᠢ ᠲᠠᠠᠭᠤ ᠤᠷᠤᠨ ᠤ ᠠᠵᠤ ᠠᠬᠤᠢ ᠶᠢᠨ ᠤᠷᠤᠨ ᠪᠦᠰᠠ ᠶᠢ ᠨᠡᠭᠡᠭᠡᠨ ᠬᠦᠭᠵᠢᠬᠦᠯᠬᠦ︾ ᠰᠢᠨ᠎ᠡ ᠡᠭᠦᠳᠤᠯᠲᠠ ᠶᠢᠨ ᠤᠷᠤᠨ ᠪᠤᠯᠤᠨ ᠲᠤᠮᠳᠠᠲᠤ ᠤᠷᠤᠰ ᠮᠤᠩᠭᠤᠯ ᠤᠨ ᠤᠯᠠᠨ ᠤᠯᠤᠰ ᠤᠨ ᠬᠠᠮᠵᠢᠯᠴᠠᠭᠠᠨ ᠤ ᠬᠤᠰᠢᠭᠤᠴᠢ ᠤᠷᠤᠨ ᠤ ᠴᠢᠳᠡᠪᠬᠢᠲᠤ ᠤᠷᠤᠨ ᠢ ᠴᠢᠷᠮᠡᠶᠢᠨ ᠪᠦᠲᠦᠭᠡᠨ ᠪᠠᠶᠢᠭᠤᠯᠤᠨ᠎ᠠ ᠃ ᠤᠷᠤᠰ᠂ ᠮᠤᠩᠭᠤᠯ ᠵᠡᠷᠭᠡ ᠤᠯᠤᠰ ᠯᠤᠭ᠎ᠠ ᠶᠢᠨ ᠰᠤᠶᠤᠯ᠂ ᠵᠤᠭᠠᠴᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠲᠠᠯ᠎ᠠ  ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠤ᠂ ᠵᠡᠭᠦᠨ ᠬᠤᠶᠢᠲᠤ ᠶᠢᠨ ᠠᠵᠤ ᠠᠬᠤᠢ ᠶᠢᠨ ᠤᠷᠤᠨ ᠯᠤᠭ᠎ᠠ ᠰᠠᠭᠤᠷᠢ ᠲᠦᠬᠦᠭᠡᠷᠤᠮᠵᠢ᠂ ᠡᠨᠧᠷᠬᠢ ᠶᠢᠨ ᠬᠠᠨᠭ᠍ᠭᠠᠯᠭ᠎ᠠ᠂ ᠵᠤᠭᠠᠴᠠᠯ ᠤᠨ ᠬᠦᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠵᠣᠯᠭᠤᠯᠳᠣᠭᠤᠯᠣᠯᠲᠠ ᠪᠠᠨ ᠴᠢᠩᠭᠠᠳᠬᠠᠵᠤ᠂ ᠪᠡᠭᠡᠵᠢᠩ᠂ ᠲᠡᠶᠡᠨᠵᠢᠨ᠂ ᠡᠾᠧᠪᠸᠢ᠂ ᠬᠦᠬᠡᠮᠦ᠋ᠷᠡᠨ ᠤ ᠭᠤᠷᠪᠡᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠤᠷᠤᠨ  ᠠᠴᠠ ᠠᠷᠠᠯᠵᠢᠶᠠᠴᠢᠨ ᠤᠷᠢᠵᠤ ᠪᠡᠯᠡ ᠤᠷᠤᠭᠤᠯᠬᠤ᠂ ᠮᠡᠷᠭᠡᠵᠢᠯᠲᠠᠨ ᠢ ᠤᠷᠢᠬᠤ ᠬᠦᠴᠤᠯᠡᠴᠠ ᠪᠠᠨ ᠴᠢᠩᠭᠠᠷᠠᠭᠤᠯᠣᠨ᠎ᠠ ᠃ ᠠᠷᠠᠯᠵᠢᠶᠠᠴᠢᠨ ᠤᠷᠢᠬᠤ ᠤᠷᠴᠢᠨ ᠨᠦᠬᠦᠴᠡᠯ ᠢ ᠰᠠᠶᠢᠵᠢᠷᠠᠭᠤᠯᠵᠣ᠂ ᠠᠷᠠᠯᠵᠢᠶᠠᠴᠢᠨ ᠤᠷᠢᠬᠤ ᠤᠶᠢᠯᠭᠠᠭᠳᠠᠬᠤᠨ  ᠢᠶᠠᠨ ᠬᠤᠪᠢᠷᠠᠭᠤᠯᠵᠤ᠂ ᠠᠷᠠᠯᠵᠢᠶᠠᠴᠢᠨ ᠤᠷᠢᠬᠤ ᠠᠷᠭ᠎ᠠ ᠠᠪᠴᠠᠯ ᠢᠶᠠᠨ ᠴᠢᠩᠭᠠᠷᠠᠭᠤᠯᠤᠨ᠂ ᠮᠠᠨ ᠤ ᠬᠤᠰᠢᠭᠤᠨ ᠤ  ᠪᠠᠨ ᠡᠬᠢ ᠪᠠᠶᠠᠯᠢᠭ ᠤᠨ ᠲᠠᠪᠠᠭᠤᠯᠢᠭ᠂ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠲᠤᠮᠤ ᠠᠵᠤ ᠠᠬᠤᠶᠢᠯᠠᠯ᠂ ᠲᠤᠮᠳᠠ ᠵᠢᠵᠢᠭ ᠠᠵᠤ ᠠᠬᠤᠶᠢᠯᠠᠯ᠂ ᠦᠢᠯᠡᠰ ᠪᠤᠰᠬᠠᠬᠤ ᠠᠵᠤ ᠠᠬᠤᠶᠢᠯᠠᠯ ᠢ ᠡᠸᠡᠩᠬᠢ ᠬᠤᠰᠢᠭᠤᠨ  ᠳᠤ ᠪᠡᠯᠡ ᠤᠷᠤᠭᠤᠯᠵᠤ ᠦᠢᠯᠡᠰ ᠪᠤᠰᠬᠠᠬᠤ ᠶᠢ ᠨᠢ ᠵᠤᠷᠢᠭᠵᠢᠭᠤᠯᠤᠨ᠎ᠠ᠃    ︵ᠲᠤᠯᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠠᠷᠠᠳ ᠲᠦᠮᠡᠨ ᠢᠶᠠᠷ ᠭᠤᠤᠯ ᠪᠤᠯᠭᠠᠠᠠᠰᠠᠨ ᠬᠦᠭᠵᠢᠯᠲᠡ ᠶᠢᠨ ᠤᠶᠢᠯᠭᠠᠭᠳᠠᠬᠤᠨ ᠢ ᠪᠠᠲᠤᠲᠠᠢ ᠪᠤᠢ ᠪᠤᠯᠭᠠᠵᠤ᠂ ᠠᠷᠠᠳ ᠲᠦᠮᠡᠨ ᠤ ᠪᠤᠶᠠᠨ ᠬᠡᠰᠢᠭ ᠢ ᠲᠠᠰᠤᠷᠠᠯᠲᠠ ᠦᠭᠡᠢ ᠨᠡᠮᠡᠭᠳᠡᠭᠦᠯᠵᠤ᠂ ᠠᠷᠠᠳ ᠲᠦᠮᠡᠨ ᠤ ᠵᠤᠯ ᠵᠢᠷᠭᠠᠯ ᠤᠨ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠡᠭᠡᠭᠰᠢᠯᠡᠭᠦᠯᠤᠨ᠎ᠠ᠃     ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠰᠠᠶᠢᠲᠤᠷ ᠠᠳᠬᠤᠨ᠎ᠠ᠃ ᠬᠤᠲᠠ ᠪᠠᠯᠭᠠᠰᠤ ᠶᠢᠨ ᠤᠯᠠᠨ ᠲᠠᠪᠬᠤᠷᠭᠠᠲᠤ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠤᠨ ᠪᠦᠷᠭᠦᠬᠦᠯᠵᠤ᠂ ᠨᠡᠶᠢᠭᠡᠮ  ᠤᠨ ᠪᠠᠲᠤᠯᠠᠪᠤᠷᠢ ᠶᠢᠨ ᠬᠠᠷᠠᠭᠠᠯᠵᠠᠬᠤ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮᠨᠡᠯᠭᠡ ᠶᠢᠨ ᠲᠠᠭᠠᠳᠬᠠᠯ ᠤᠨ ᠲᠦᠷᠢᠮ ᠪᠤᠯᠤᠨ ᠬᠦᠨᠳᠤ ᠡᠪᠡᠳᠴᠢᠨ ᠤ ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠤᠨ ᠨᠢᠭᠡᠳᠬᠡᠵᠤ᠂ ᠪᠦᠬᠦ ᠠᠷᠠᠳ ᠢ ᠲᠠᠭᠠᠳᠬᠠᠯ ᠳᠤ ᠤᠷᠤᠯᠴᠠᠭᠤᠯᠬᠤ ᠠᠵᠢᠯ ᠤᠨ ᠬᠦᠴᠤᠯᠡᠴᠡ ᠶᠢ ᠴᠢᠩᠭᠠᠳᠬᠠᠨ᠎ᠠ᠃ ᠦᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ ᠢ ᠬᠡᠷᠡᠭᠵᠢᠭᠦᠯᠵᠤ᠂ ᠦᠨᠳᠤᠰᠤᠲᠡᠨ ᠤ ᠰᠤᠶᠤᠯ ᠤᠨ ᠠᠵᠤ ᠦᠢᠯᠡᠰ ᠤᠨ ᠦᠢᠯᠡᠰ ᠪᠤᠰᠬᠠᠬᠤ ᠬᠦᠷᠢᠶᠡᠯᠡᠩ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠤ᠂ ᠰᠤᠮᠤ ᠰᠢᠶᠠᠩ ᠪᠠᠯᠭᠠᠰᠤ᠂ ᠨᠡᠶᠢᠭᠡᠮ ᠲᠤᠭᠤᠷᠢᠭ ᠤᠨ ᠬᠦᠳᠡᠯᠮᠤᠷᠢ ᠶᠢᠨ ᠪᠠᠲᠤᠯᠠᠪᠤᠷᠢ ᠶᠢᠨ ᠠᠵᠢᠯ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠤ᠂ ︽ᠣᠷᠢᠬᠠᠨ ᠬᠠᠪᠣᠷ ᠤᠨ ᠠᠵᠢᠯᠯᠠᠭ᠎ᠠ︾ ᠵᠡᠷᠭᠡ ᠤᠯᠠᠨ ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ ᠲᠤᠰᠬᠠᠢ ᠵᠦᠢᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠬᠤᠲᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4 % ᠲᠤᠲᠤᠷ᠎ᠠ ᠬᠢᠵᠠᠭᠠᠷᠯᠠᠵᠤ᠂ ᠬᠤᠲᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ ᠢ 1500 ᠬᠦᠮᠦᠨ ᠪᠤᠯᠭᠠᠵᠤ᠂ ︽ᠭᠡᠷ ᠪᠦᠯᠢ ᠶᠢᠨ ᠪᠦᠷᠢᠯᠳᠦᠭᠦᠨ ᠤ ᠳᠣᠳᠣᠷᠠᠬᠢ ᠠᠳᠠᠭ ᠳᠠᠭᠠᠨ ᠨᠢᠭᠡ ᠬᠦᠮᠦᠨ ᠢ ᠢ ᠠᠵᠢᠯ ᠲᠠᠢ ᠪᠤᠯᠭᠠᠬᠤ︾ ᠶᠢ ᠪᠠᠲᠤᠯᠠᠨ᠎ᠠ᠃ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ ᠶᠢ ᠬᠦᠴᠤᠯᠡᠨ ᠪᠠᠶᠢᠭᠤᠯᠵᠤ᠂  ᠬᠦᠯᠦᠰᠤᠨ ᠲᠠᠷᠢᠶᠡᠴᠢᠨ ᠮᠠᠯᠴᠢᠨ ᠳᠤ ᠦᠷᠢᠳᠤᠵᠤ ᠪᠠᠶᠢᠭ᠎ᠠ ᠴᠠᠯᠢᠩ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠨ᠎ᠠ᠃ ᠶᠠᠳᠠᠭᠤ ᠬᠦᠴᠢᠷᠲᠡᠯᠳᠡᠢ ᠤᠯᠠᠨ ᠲᠦᠮᠡᠨ ᠢ ᠬᠠᠪᠰᠤᠷᠤᠨ ᠲᠡᠳᠬᠦᠬᠦ ᠬᠦᠴᠤᠯᠡᠴᠡ ᠪᠠᠨ ᠨᠡᠮᠡᠭᠳᠡᠭᠦᠯᠵᠤ᠂ ᠭᠤᠤᠯᠳᠠᠯᠭ᠎ᠠ ᠲᠠᠢ ᠬᠠᠷᠠᠭᠠᠯᠵᠠᠬᠤ ᠡᠲᠡᠭᠡᠳ  ᠤᠨ ᠠᠮᠢᠳᠤᠷᠠᠯ ᠤᠨ ᠬᠦᠴᠢᠷᠳᠡᠯ᠂ ᠡᠪᠡᠳᠴᠢᠨ ᠦᠵᠡᠭᠦᠯᠬᠦ ᠬᠦᠴᠢᠷᠲᠡᠯ᠂ ᠤᠷᠤᠨ ᠰᠠᠭᠤᠴᠠ ᠶᠢᠨ ᠬᠦᠴᠢᠷᠳᠡᠯ ᠢ ᠪᠦᠲᠦᠮᠵᠢᠲᠡᠢ ᠰᠢᠢᠳᠪᠤᠷᠢᠯᠡᠵᠤ᠂ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠷᠢᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠤᠨ᠎ᠠ᠃ ᠨᠡᠶᠢᠭᠡᠮ ᠤᠨ ᠠᠰᠠᠷᠠᠮᠵᠢ ᠶᠢᠨ ᠦᠢᠯᠡᠰ ᠢ ᠢᠳᠡᠪᠬᠢᠲᠡᠢ ᠬᠦᠭᠵᠢᠭᠦᠯᠵᠤ᠂ ᠭᠡᠷ ᠲᠤᠨᠢ ᠬᠦᠷᠴᠤ ᠨᠠᠰᠤᠲᠠᠨ ᠢ ᠠᠰᠠᠷᠠᠬᠤ᠂ ᠨᠠᠶᠢᠭᠡᠮ ᠲᠤᠭᠤᠷᠢᠭ ᠠᠴᠠ ᠨᠠᠰᠤᠲᠠᠨ ᠢ ᠠᠰᠠᠷᠠᠬᠤ᠂ ᠡᠮᠨᠡᠬᠦ ᠰᠤᠪᠢᠯᠠᠬᠤ ᠶᠢ ᠤᠶᠠᠯᠳᠤᠭᠤᠯᠬᠤ ᠵᠡᠷᠭᠡ ᠨᠠᠰᠤᠲᠠᠨ ᠢ ᠠᠰᠠᠷᠠᠬᠤ ᠤᠯᠠᠨ ᠵᠦᠢᠯ ᠤᠨ ᠬᠡᠪ ᠵᠠᠭᠪᠤᠷ ᠢ ᠬᠦᠭᠵᠢᠭᠦᠯᠵᠤ᠂ ᠬᠤᠰᠢᠭᠤᠨ ᠤ ᠵᠠᠮᠳᠡᠭᠴᠤᠳ ᠢ ᠨᠠᠶᠢᠳᠠᠨ ᠠᠰᠠᠷᠠᠭᠤᠯᠬᠤ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠷᠤᠰᠢᠭᠤᠯᠭ᠎ᠠ ᠶᠢᠨ ᠭᠠᠵᠠᠷ ᠤᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠤᠨ᠎ᠠ᠃ ᠠᠷᠠᠳ ᠲᠤ ᠪᠤᠳᠠᠲᠤ ᠶᠠᠪᠤᠳᠠᠯ ᠬᠢᠵᠤ ᠦᠭᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠤᠯᠡᠨ ᠲᠡᠭᠡᠭᠰᠢᠯᠡᠭᠦᠯᠵᠤ᠂ ᠦᠨᠳᠤᠰᠤᠨ ᠱᠠᠲᠤᠨ ᠤ ᠵᠠᠰᠠᠭ ᠤᠨ ᠶᠠᠪᠤᠳᠠᠯ ᠤᠨ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃    ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠬᠦᠴᠤᠯᠡᠨ ᠲᠡᠭᠡᠭᠰᠢᠯᠡᠭᠦᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠪᠦᠬᠦ ᠲᠠᠯ᠎ᠠ ᠪᠠᠷ ᠲᠡᠭᠡᠭᠰᠢᠯᠡᠭᠦᠯᠤᠨ᠂ ᠬᠤᠰᠢᠭᠤᠨ ᠤ ᠭᠤᠷᠪᠠᠳᠤᠭᠠᠷ ᠦᠨᠳᠤᠰᠤᠲᠡᠨ ᠤ ᠴᠡᠴᠡᠷᠯᠢᠭ᠂ ᠬᠤᠶᠠᠳᠤᠭᠠᠷ ᠲᠤᠮᠳᠠᠲᠤ ᠰᠤᠷᠭᠠᠭᠤᠯᠢ᠂ ᠠᠵᠢᠯ ᠮᠡᠷᠭᠡᠵᠢᠯ ᠤᠨ ᠲᠤᠮᠲᠠᠲᠤ ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠤᠨ᠎ᠠ᠃ ᠰᠤᠷᠭᠠᠨ ᠬᠦᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠤᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠵᠤᠬᠢᠰᠲᠠᠢ ᠲᠤᠬᠢᠷᠠᠭᠤᠯᠵᠤ᠂ ᠰᠤᠷᠬᠤ ᠨᠠᠰᠤᠨ ᠤ ᠪᠠᠭᠠᠴᠤᠳ ᠢ ᠤᠶᠢᠷ᠎ᠡ ᠤᠷᠴᠢᠮ ᠤᠨ ᠰᠤᠷᠭᠠᠭᠤᠯᠢ ᠳᠤ ᠤᠷᠤᠭᠤᠯᠬᠤ ᠶᠢ ᠪᠠᠲᠤᠯᠠᠨ᠎ᠠ᠃ ᠰᠤᠷᠭᠠᠨ ᠬᠦᠮᠦᠵᠢᠯ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠵᠤ᠂ ᠶᠠᠳᠠᠭᠤ ᠬᠦᠴᠢᠷᠲᠡᠢ ᠭᠡᠷ ᠪᠦᠯᠢ ᠶᠢᠨ ᠦᠷ᠎ᠡ ᠬᠡᠤᠬᠡᠳ ᠲᠤ ᠪᠡᠯᠡ ᠮᠦᠡᠭᠭᠦ ᠪᠠᠷ ᠲᠡᠮᠵᠢᠯᠭᠡ ᠦᠵᠡᠭᠦᠯᠭᠦ ᠶᠢ ᠪᠡᠶᠡᠯᠡᠭᠦᠯᠤᠨ᠎ᠠ᠃ ᠰᠢᠨ᠎ᠡ ᠶᠢ ᠡᠭᠦᠳᠬᠦ ᠬᠦᠳᠡᠯᠭᠡᠭᠴᠢ ᠬᠦᠴᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠤᠤᠷ᠂ ᠰᠢᠨᠵᠢᠯᠡᠬᠦ ᠤᠬᠠᠭᠠᠨ ᠮᠡᠷᠭᠡᠵᠢᠯ ᠢ ᠲᠡᠯᠭᠡᠷᠡᠬᠦᠯᠬᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠬᠡᠮᠡᠯᠵᠢᠭᠦᠯᠬᠦ ᠠᠵᠢᠯ ᠢ ᠰᠠᠶᠢᠲᠤᠷ ᠬᠢᠨ᠎ᠡ᠃ ᠤᠯᠠᠨ ᠨᠡᠶᠢᠳᠡᠴᠢ ᠰᠤᠶᠤᠯ ᠤᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ  ᠤ ᠮᠦᠽᠸᠢ᠂ ᠺᠢᠨᠤ᠋ ᠵᠦᠴᠦᠭᠡ ᠶᠢᠨ ᠲᠢᠶᠠᠲᠷ ᠢ ᠦᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠤ᠂ ᠬᠤᠰᠢᠭᠤᠨ ᠤ ᠰᠤᠶᠤᠯ ᠲᠠᠮᠢᠷ ᠤᠨ ᠬᠦᠳᠡᠯᠭᠡᠭᠡᠨ ᠤ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠬᠢ ᠰᠤᠳᠤᠨ ᠰᠤᠶᠤᠯ ᠤᠷᠠᠯᠢᠭ ᠤᠨ ᠪᠦᠲᠦᠭᠡᠯ ᠤᠨ ᠡᠭᠦᠳᠤᠯᠲᠠ ᠶᠢ ᠦᠷᠬᠦᠯᠵᠢᠯᠡᠨ ᠠᠬᠢᠭᠤᠯᠵᠤ᠂ ᠤᠯᠠᠭᠠᠨᠮᠦ᠋ᠴᠢᠷ ᠤᠨ ᠰᠤᠶᠤᠯ ᠢᠶᠠᠷ ᠠᠷᠠᠳ ᠢ ᠬᠠᠷᠠᠭᠠᠯᠵᠠᠬᠤ ᠦᠢᠯᠡᠴᠢᠯᠡᠭᠡᠨ ᠤ ᠴᠢᠳᠡᠪᠬᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠪᠠᠶᠠᠯᠢᠭ ᠠᠭᠤᠯᠭ᠎ᠠ ᠪᠦᠬᠦᠢ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠪᠤᠯᠤᠨ ᠤᠷᠤᠯᠳᠤᠭᠠᠨ ᠤ ᠪᠡᠶ᠎ᠡ  ᠶᠢᠨ ᠲᠠᠮᠢᠷ ᠤᠨ ᠬᠦᠳᠡᠯᠭᠡᠭᠡᠨ ᠢ ᠬᠠᠮᠲᠤᠷᠠᠨ ᠬᠦᠭᠵᠢᠭᠦᠯᠵᠤ᠂ ᠮᠦᠰᠤ ᠴᠠᠰᠤᠨ ᠤ ᠨᠠᠶᠢᠷ᠂ ᠦᠨᠳᠤᠰᠤᠲᠡᠨ ᠤ ᠪᠡᠶ᠎ᠡ  ᠶᠢᠨ ᠲᠠᠮᠢᠷ ᠤᠨ ᠬᠦᠳᠡᠯᠭᠡᠭᠡᠨ ᠵᠡᠷᠭᠡ ᠤᠨᠴᠠᠯᠢᠭᠲᠤ ᠲᠦᠷᠦᠯ ᠲᠡᠮᠳᠡᠭᠲᠤ ᠶᠢᠨ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ︽ᠡᠷᠡᠭᠦᠯ ᠡᠩᠬᠡ ᠡᠸᠡᠩᠬᠢ︾ ᠶᠢᠨ ᠢᠨᠵᠧᠨᠧᠷᠢᠩ ᠢ ᠬᠡᠷᠡᠭᠵᠢᠭᠦᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠨᠦᠬᠦᠴᠡᠯ ᠢ ᠪᠦᠬᠦ ᠲᠡᠯ᠎ᠡ ᠪᠠᠷ ᠰᠠᠶᠢᠵᠢᠷᠠᠭᠤᠯᠵᠤ᠂ ᠦᠨᠳᠤᠰᠤᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠬᠦᠴᠤᠯᠡᠨ ᠲᠡᠭᠡᠭᠰᠢᠯᠡᠭᠦᠯᠤᠨ᠎ᠠ᠃ ᠡᠷᠡᠭᠦᠯ ᠡᠩᠬᠡ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠠᠵᠢᠯ ᠤᠨ ᠬᠦᠴᠤᠯᠡᠴᠡ  ᠶᠢ ᠨᠡᠮᠡᠭᠳᠡᠭᠦᠯᠦᠨ᠎ᠡ᠃ ᠮᠤᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠬᠦᠭᠵᠢᠭᠦᠯᠤᠨ᠎ᠠ᠃     ᠨᠡᠶᠢᠭᠡᠮ ᠢ ᠶᠠᠷᠤᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠡᠸᠡᠩᠬᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠵᠢᠨ‌ᠦᠢᠯᠡᠴᠢᠯᠡᠭᠡᠨ  ᠤ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠭᠦᠯᠬᠦ ᠠᠵᠢᠯ  ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠬᠦᠴᠤᠯᠡᠨ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠢᠳᠡᠪᠬᠢᠲᠡᠢ ᠪᠤᠢ ᠪᠤᠯᠭᠠᠨ ᠦᠢᠯᠡᠳᠤᠯᠭᠡᠵᠢᠭᠦᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠭᠠᠲᠤ ᠡᠷᠭᠡ ᠶᠢ ᠪᠠᠲᠤ ᠡᠵᠡᠮᠰᠢᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠵᠠᠬᠢᠲᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠤᠯᠠᠮ ᠨᠢᠭᠡ ᠠᠯᠬᠤᠮ ᠲᠦᠷᠢᠮᠵᠢᠭᠦᠯᠵᠤ᠂ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠵᠠᠮᠨᠠᠭᠤᠯᠣᠨ᠎ᠠ᠃ ᠵᠦᠷᠢᠴᠡᠯ ᠮᠠᠷᠭᠤᠭᠠᠨ ᠢ ᠵᠢᠠᠠᠰᠠᠭᠠᠨ ᠪᠠᠶᠢᠴᠠᠭᠠᠵᠤ ᠨᠠᠮᠳᠠᠭᠤᠯᠬᠤ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ᠵᠦᠷᠢᠴᠡᠯ ᠮᠠᠷᠭᠤᠭᠠᠨ ᠢ ᠡᠶᠡᠳᠡᠭᠦᠯᠬᠦ ᠤᠯᠠᠨ ᠡᠰᠢᠲᠤ ᠲᠦᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠶᠤᠰᠤᠨ ᠤ ᠭᠤᠮᠤᠳᠠᠯ ᠲᠣᠭᠠᠴᠠᠯᠲᠠ ᠶᠢ ᠵᠤᠬᠢᠰᠲᠠᠢ ᠰᠢᠢᠳᠪᠤᠷᠢᠯᠡᠨ᠎ᠡ᠃ ᠠᠮᠤᠷ ᠲᠤᠭᠲᠠᠭᠤᠨ ᠡᠸᠡᠩᠬᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠡᠷᠡᠭᠦᠤ ᠶᠢᠨ ᠭᠡᠷᠡᠭ ᠤᠨ ᠶᠠᠯᠠᠲᠤ ᠠᠵᠢᠯᠯᠠᠭ᠎ᠠ ᠪᠤᠯᠤᠨ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠲᠠ ᠦᠭᠴᠤ᠂ ᠠᠮᠤᠷ ᠢ ᠬᠠᠮᠠᠭᠠᠯᠠᠬᠤ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠨ᠎ᠠ᠃ ᠠᠶᠤᠯᠭᠦᠢ ᠦᠢᠯᠡᠳᠪᠤᠷᠢᠯᠡᠯ  ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠦᠷᠢᠶ᠎ᠡ ᠴᠠᠷᠠᠭ᠎ᠠ ᠶᠢᠨ ᠤᠨᠴᠠ ᠶᠡᠭᠡ ᠠᠶᠤᠯᠭᠦᠢ ᠦᠢᠯᠡᠳᠪᠤᠷᠢᠯᠡᠯ ᠤᠨ ᠠᠳᠡᠯ ᠢ ᠡᠷᠡᠰ ᠬᠤᠷᠢᠭᠯᠠᠵᠤ᠂ ᠠᠶᠤᠯᠭᠦᠢ ᠦᠢᠯᠡᠳᠪᠤᠷᠢᠯᠡᠯ ᠤᠨ ᠡᠩ ᠤᠨ ᠴᠢᠨᠡᠷᠲᠡᠢ ᠠᠳᠡᠯ ᠢ ᠪᠦᠲᠦᠮᠵᠢᠲᠡᠢ ᠪᠠᠭᠠᠰᠬᠠᠨ᠎ᠠ᠃ ᠦᠨᠳᠤᠰᠤᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠬᠦᠴᠤᠯᠡᠨ ᠴᠢᠩᠭᠠᠳᠬᠠᠵᠤ᠂ ᠭᠠᠴᠠᠭ᠎ᠠ ᠨᠡᠶᠢᠭᠡᠮ ᠲᠤᠭᠤᠷᠢᠭ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠤᠷᠤᠭᠰᠢᠲᠡᠢ ᠪᠡᠶᠡᠯᠡᠭᠦᠯᠤᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ  ᠶᠢᠨ ᠬᠢᠨᠡᠨ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠢᠳᠡᠭᠡᠨ ᠤᠮᠳᠠᠭᠠᠨ᠂ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠨᠠᠮ ᠤᠨ ᠦᠨᠳᠤᠰᠤᠲᠡᠨ ᠪᠠ ᠱᠠᠰᠢᠨ ᠰᠤᠷᠲᠠᠬᠤᠨ ᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠠᠰᠠᠨ 60 ᠵᠢᠯ ᠤᠨ ᠤᠢ  ᠶᠢ ᠪᠡᠯᠭᠡᠯᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠦᠨᠳᠤᠰᠤᠲᠡᠨ ᠤ ᠭᠠᠵᠠᠷ ᠤᠷᠤᠨ ᠤ ᠬᠦᠭᠵᠢᠯᠲᠡ ᠶᠢ ᠲᠦᠷᠭᠡᠳᠬᠡᠵᠤ᠂ ᠦᠨᠳᠤᠰᠤᠲᠡᠨ ᠤ ᠪᠦᠯᠬᠦᠮᠳᠡᠯ ᠲᠠᠪᠰᠢᠯᠲᠠ ᠶᠢᠨ ᠲᠤᠬᠠᠢ ᠬᠦᠮᠦᠵᠢᠯ ᠢ ᠴᠢᠩᠭᠠᠳᠬᠠᠵᠤ᠂ ᠦᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠠᠰᠠᠨ 60 ᠵᠢᠯ ᠤᠨ ᠲᠤᠷᠰᠢᠬᠢ ᠦᠨᠳᠤᠰᠤᠲᠡᠨ ᠤ ᠪᠦᠯᠬᠦᠮᠳᠡᠯ ᠲᠠᠪᠰᠢᠯᠲᠠ ᠶᠢᠨ ᠲᠠᠯ᠎ᠠ ᠳᠤ ᠤᠯᠤᠭᠰᠠᠨ ᠬᠤᠪᠤᠷ ᠨᠠᠨᠳᠢᠨ ᠠᠮᠵᠢᠯᠲᠠ ᠪᠦᠲᠦᠭᠡᠯ ᠢ ᠭᠦᠨᠵᠡᠭᠡᠢ ᠳ᠋ᠦᠡᠭᠨᠡᠵᠤ᠂ ᠡᠯ᠎ᠡ ᠦᠨᠳᠤᠰᠤᠲᠡᠨ ᠤ ᠬᠤᠭᠤᠷᠤᠨᠳᠤ ᠪᠠᠨ ᠡᠶ᠎ᠡ ᠨᠠᠶᠢᠷᠠᠮᠳᠠᠭᠤ ᠲᠦᠰᠢᠯᠴᠡᠨ ᠤᠷᠤᠰᠢᠵᠤ᠂ ᠡᠶ᠎ᠡ ᠵᠤᠬᠢᠴᠠᠯ ᠲᠠᠢ ᠬᠦᠭᠵᠢᠬᠦ ᠶᠢ ᠠᠬᠢᠭᠤᠯᠤᠨ᠎ᠠ᠃     ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠤᠯᠡᠨ ᠴᠢᠩᠭᠠᠳᠬᠠᠨ᠎ᠠ᠃ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠷᠢᠮᠲᠠᠯᠠᠵᠤ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠵᠢᠴᠢ ᠡᠯ᠎ᠡ ᠬᠠᠷᠢᠶᠠᠲᠤ ᠰᠠᠯᠠᠭ᠎ᠠ ᠮᠦᠴᠢᠷ ᠤᠨ ᠨᠠᠮ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂  ᠲᠦᠷᠦ ᠪᠠᠷᠢᠬᠤ ᠴᠢᠳᠠᠪᠤᠷᠢ ᠪᠤᠯᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠤᠯᠡᠨ ᠲᠡᠭᠡᠭᠰᠢᠯᠡᠭᠦᠯᠵᠤ᠂ ᠠᠷᠠᠳ ᠤᠯᠠᠨ ᠤ ᠰᠡᠳᠬᠢᠯ ᠬᠠᠨᠤᠮᠵᠢᠲᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃     ᠬᠠᠤᠯᠢ ᠶᠤᠰᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠰᠡᠳᠬᠢᠴᠡ ᠪᠤᠯᠤᠨ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠲᠦᠯᠬᠢᠨ ᠠᠬᠢᠭᠤᠯᠬᠤ ᠠᠵᠢᠯ ᠢ ᠤᠬᠠᠮᠰᠠᠷ ᠠᠴᠠ  ᠪᠠᠨ ᠬᠡᠷᠡᠭᠵᠢᠭᠦᠯᠵᠤ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠲᠤ ᠪᠤᠳᠤᠯᠭ᠎ᠠ ᠲᠣᠭᠲᠠᠭᠠᠬᠤ ᠲᠡᠰ ᠲᠠᠷᠠᠭᠠᠯᠠᠯ ᠢ ᠴᠢᠩᠭ᠎ᠠ ᠬᠡᠷᠡᠭᠵᠢᠭᠦᠯᠵᠤ᠂ ᠵᠠᠰᠠᠭ ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠯᠲᠠ ᠳᠤ ᠵᠦᠢ ᠶᠤᠰᠤᠨ ᠤ ᠴᠢᠨᠡᠷᠲᠡᠢ ᠬᠢᠨᠡᠨ ᠪᠠᠶᠢᠴᠠᠭᠠᠯᠲᠠ᠂ ᠬᠠᠷᠢᠭᠤᠴᠠᠯᠭ᠎ᠠ ᠨᠡᠬᠡᠮᠵᠢᠯᠡᠬᠦ ᠪᠤᠯᠤᠨ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠲᠡᠭᠦᠯᠳᠡᠷᠵᠢᠭᠦᠯᠵᠤ᠂ ᠬᠠᠤᠯᠢ ᠶᠤᠰᠤᠭᠠᠷ ᠰᠢᠢᠳᠪᠤᠷᠢᠲᠤ ᠪᠤᠳᠤᠯᠭ᠎ᠠ ᠲᠤᠭᠲᠠᠭᠠᠬᠤ᠂ ᠠᠷᠠᠳᠴᠢᠯᠠᠯ ᠢᠶᠠᠷ ᠰᠢᠢᠳᠪᠤᠷᠢᠲᠤ ᠪᠤᠳᠤᠯᠭ᠎ᠠ ᠲᠤᠭᠲᠠᠭᠠᠬᠤ ᠬᠢᠷᠢ ᠲᠦᠪᠰᠢᠨ ᠢ ᠲᠡᠭᠡᠭᠰᠢᠯᠡᠭᠦᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠬᠡᠷᠡᠭᠵᠢᠭᠦᠯᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠤᠯᠲᠠ ᠶᠢᠨ ᠲᠦᠪ ᠭᠤᠤᠯᠴᠢ ᠪᠤᠯᠪᠠᠰᠤᠨ᠂ ᠴᠢᠩᠭ᠎ᠠ ᠲᠦᠷᠢᠮᠵᠢᠯ ᠲᠠᠢ ᠪᠠᠶᠢᠬᠤ ᠶᠢ ᠠᠬᠢᠭᠤᠯᠤᠨ᠎ᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ ᠪᠤᠯᠤᠨ ᠲᠤᠭᠲᠠᠭᠠᠯ ᠢ ᠡᠷᠡᠰ ᠬᠡᠷᠡᠭᠵᠢᠬᠦᠯᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ  ᠶᠢᠨ ᠬᠢᠨᠡᠯᠲᠡ ᠲᠡᠯᠪᠢᠯᠲᠡ ᠶᠢᠨ ᠰᠠᠨᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠯᠦᠭᠡ ᠨᠢᠠᠠᠲᠠ ᠬᠠᠷᠢᠯᠴᠠᠵᠤ᠂ ᠠᠷᠠᠳ ᠤᠨ ᠲᠦᠯᠦᠭᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠬᠡᠰᠢᠭᠦᠳ᠂ ᠤᠯᠠᠨ ᠲᠦᠮᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠬᠡᠢ ᠠᠬᠢᠭᠤᠯᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠭᠠᠷᠴᠠᠭ ᠪᠤᠯᠤᠨ ᠠᠭᠤᠯᠭ᠎ᠠ ᠶᠢ ᠪᠦᠷᠢᠨᠰᠢᠭᠦᠯᠵᠤ᠂ ᠵᠠᠰᠠᠭ ᠤᠨ ᠤᠷᠳᠤᠨ ᠤ ᠠᠵᠢᠯ ᠤᠨ ᠢᠯᠡ ᠲᠤᠳᠤ  ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠠ᠃     ᠦᠨᠳᠤᠷ ᠦᠷ᠎ᠡ ᠪᠦᠲᠦᠮᠵᠢ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ ︽ᠠᠵᠢᠯ ᠳᠠᠭᠠᠨ ᠨᠠᠵᠠᠭᠠᠶᠢᠷᠠᠪᠠᠯ ᠲᠠᠷᠤᠢ ᠪᠤᠷᠤᠭᠤᠳᠠᠨ᠎ᠠ᠂ ᠠᠵᠢᠯ ᠳᠠᠭᠠᠨ ᠤᠰᠤᠯᠳᠠᠪᠠᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠨ᠎ᠡ︾ ᠭᠡᠬᠦ ᠤᠶᠢᠯᠭᠠᠭᠳᠠᠬᠤᠨ ᠢ ᠪᠠᠲᠤ ᠪᠤᠢ ᠪᠤᠯᠭᠠᠵᠤ᠂ ᠵᠤᠷᠢᠭᠲᠠᠢ ᠪᠠᠷ ᠬᠢᠬᠦ᠂ ᠬᠢᠵᠤ ᠴᠢᠳᠠᠬᠤ᠂ ᠲᠦᠷᠭᠡᠨ ᠬᠢᠬᠦ ᠨᠠᠶᠢᠳᠠᠪᠤᠷᠢᠲᠠᠢ ᠬᠢᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠤᠪᠤᠷ ᠰᠤᠷᠳᠠᠯ ᠢᠶᠠᠨ ᠦᠨᠡᠨᠬᠦ ᠬᠤᠪᠢᠷᠠᠭᠤᠯᠵᠤ᠂ ᠦᠨᠳᠤᠷ ᠬᠡᠪ ᠪᠤᠯᠪᠠᠰᠤᠷᠠᠯ ᠲᠠᠢ ᠲᠤᠰᠬᠠᠢ ᠮᠡᠷᠭᠡᠵᠢᠯ ᠲᠠᠢ ᠺᠠᠳ᠋ᠷ ᠤᠨ ᠡᠩᠨᠡᠭᠡ ᠶᠢ ᠪᠠᠶᠢᠭᠤᠯᠣᠨ᠎ᠠ᠃ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ  ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠤ᠂ ᠡᠯ᠎ᠡ ᠵᠦᠢᠯ ᠤᠨ ᠲᠦᠷᠤ ᠶᠢᠨ ᠪᠤᠳᠤᠯᠭ᠎ᠠ ᠪᠤᠯᠤᠨ ᠡᠭᠦᠷᠭᠡ ᠶᠢ ᠲᠡᠷᠡ ᠶᠤᠰᠤᠭᠠᠷ ᠨᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠣᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ ᠲᠤᠭᠲᠠᠴᠠ ᠶᠢ ᠲᠡᠭᠦᠯᠳᠡᠷᠵᠢᠭᠦᠯᠵᠤ᠂ ᠦᠷᠭᠡᠨ ᠤᠯᠠᠨ ᠺᠠᠳ᠋ᠷᠴᠤᠳ ᠤᠨ ᠵᠤᠷᠢᠭᠲᠠᠢ ᠪᠠᠷ ᠰᠢᠨ᠎ᠡ ᠶᠢ ᠡᠭᠦᠳᠬᠦ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠠᠵᠢᠯ ᠡᠷᠬᠢᠯᠡᠵᠤ ᠦᠢᠯᠡᠰ ᠪᠤᠰᠬᠠᠬᠤ ᠴᠢᠳᠠᠪᠣᠷᠢ ᠶᠢ  ᠨᠢ ᠲᠠᠰᠣᠷᠠᠯᠲᠠ ᠦᠭᠡᠢ ᠲᠡᠭᠡᠭᠰᠢᠯᠡᠭᠦᠯᠵᠤ᠂ ᠵᠠᠰᠠᠭ ᠤᠨ ᠤᠷᠳᠤᠨ ᠤ ᠰᠢᠢᠳᠪᠤᠷᠢᠲᠤ ᠪᠤᠳᠤᠯᠭ᠎ᠠ ᠪᠠᠶᠢᠷᠢᠯᠠᠭᠤᠯᠤᠯᠲᠠ  ᠶᠢᠨ ᠨᠠᠶᠢᠳᠠᠪᠤᠷᠢᠵᠢᠭᠤᠯᠤᠯᠲᠠ ᠪᠠ ᠦᠷ᠎ᠡ ᠪᠦᠲᠦᠮᠵᠢ ᠪᠠᠷ ᠠᠷᠠᠳ ᠢ ᠬᠠᠷᠠᠭᠠᠯᠵᠠᠬᠤ ᠶᠢ ᠪᠠᠲᠤᠯᠠᠨ᠎ᠠ᠃ ᠦᠨᠳᠤᠷ ᠦᠷ᠎ᠡ ᠠᠰᠢᠭ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠵᠤ᠂ ︽ᠢᠨ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠬᠡᠪ ᠵᠠᠭᠪᠤᠷ ᠢ ᠬᠡᠷᠡᠭᠵᠢᠭᠦᠯᠵᠤ᠂ ᠦᠨᠳᠤᠰᠤᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠤᠯᠠᠨ ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠲᠤᠨᠢ ᠲᠦᠬᠦᠮ ᠦᠵᠡᠭᠦᠯᠤᠨ᠎ᠠ᠃     ᠠᠷᠢᠭᠤᠨ ᠴᠢᠭᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠷᠢᠮᠲᠡᠯᠡᠨ᠎ᠡ᠃ ᠰᠠᠬᠢᠯᠭ᠎ᠠ ᠪᠠᠲᠤ ᠪᠤᠯᠤᠨ ᠲᠦᠷᠢᠮ ᠲᠤᠭᠲᠠᠭᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠤ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠤ ᠶᠢᠨ ᠲᠦᠷᠢᠮ ᠢ ᠴᠢᠩᠭ᠎ᠠ ᠰᠠᠬᠢᠬᠤ ᠬᠡᠷᠡᠭᠲᠡᠢ᠃ ᠲᠦᠪ ᠤᠨ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠤ᠂ ᠠᠷᠪᠢᠯᠡᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠡᠩ ᠤᠨ ᠴᠢᠨᠡᠷᠲᠡᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠬᠦᠴᠤᠨ ᠢᠶᠠᠨ ᠲᠦᠪᠯᠡᠷᠡᠭᠦᠯᠵᠤ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ ᠳᠤ ᠬᠡᠷᠡᠭᠯᠡᠨ᠎ᠡ᠃ ︽ᠤᠭ ᠰᠠᠨᠠᠭ᠎ᠠ ᠪᠠᠨ ᠦᠯᠤ ᠮᠡᠷᠲᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠤᠪᠲᠤ ᠬᠦᠮᠦᠵᠢᠯ ᠢ ᠪᠠᠲᠤᠲᠠᠢ ᠦᠷᠨᠢᠭᠦᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠲᠤᠲᠤᠭᠠᠲᠤ ᠶᠢᠨ ᠤᠯᠤᠰ ᠲᠦᠷᠤ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠦᠷᠢᠮ ᠨᠠᠮ ᠤᠨ ᠲᠤᠭᠲᠠᠭᠠᠯ ᠨᠠᠮ ᠤᠨ ᠰᠠᠬᠢᠯᠭ᠎ᠠ ᠪᠤᠯᠤᠨ ᠬᠠᠤᠯᠢ ᠴᠠᠭᠠᠵᠠ ᠬᠠᠤᠯᠢ ᠲᠤᠭᠲᠠᠭᠠᠯ ᠶᠤᠰᠤᠭᠠᠷ ᠡᠭᠦᠷᠭᠡ ᠬᠠᠷᠢᠭᠤᠴᠠᠯᠭ᠎ᠠ  ᠪᠠᠨ ᠬᠦᠢᠴᠡᠳᠬᠡᠬᠦ ᠬᠡᠷᠡᠭᠲᠡᠢ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ︽ᠨᠢᠭᠡ ᠠᠵᠢᠯ ᠤᠨ ᠪᠠᠶᠢᠷᠢᠨ ᠳᠠᠬᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠲᠠ ᠪᠤᠯᠤᠨ ᠬᠢᠨᠡᠨ ᠪᠤᠳᠤᠯᠲᠠ ᠪᠠᠷ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠪᠡᠯᠡ ᠮᠦᠡᠭᠭᠦ  ᠶᠢᠨ ᠬᠡᠷᠡᠭᠯᠡᠯᠲᠡ ᠵᠡᠷᠭᠡ ᠬᠦᠷᠢᠶ᠎ᠡ ᠬᠡᠪᠴᠢᠶᠡᠨ ᠤ ᠬᠢᠨᠡᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠤᠭᠲᠠᠭᠠᠯ ᠰᠠᠬᠢᠯᠭ᠎ᠠ ᠪᠠᠲᠤ ᠶᠢ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠲᠤᠨᠢ ᠰᠡᠷᠡᠵᠤ ᠮᠡᠳᠡᠨ ᠴᠢᠩᠭ᠎ᠠ ᠰᠢᠳᠬᠡᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠲᠠᠯ ᠢ ᠡᠷᠡᠰ ᠵᠠᠯᠠᠷᠠᠭᠤᠯᠤᠨ᠎ᠠ᠃    ᠲᠦᠯᠦᠭᠡᠯᠡᠭᠴᠢᠳ ᠡ︕ ᠰᠢᠨ᠎ᠡ ᠬᠠᠷᠠᠯᠲᠠ ᠨᠢ ᠬᠦᠮᠦᠰ ᠤᠨ ᠰᠡᠳᠬᠢᠯ ᠢ ᠤᠷᠮᠠᠰᠢᠭᠤᠯᠵᠤ᠂ ᠰᠢᠨ᠎ᠡ ᠡᠭᠦᠷᠭᠡ  ᠨᠢ ᠢᠷᠡᠭᠤ ᠠᠯᠳᠠᠷ ᠲᠠᠢ ᠮᠦᠷᠲᠡᠭᠡᠨ ᠪᠡᠷᠬᠡ ᠬᠠᠲᠠᠭᠤ᠂ ᠰᠢᠨ᠎ᠡ ᠠᠶᠠᠨ ᠨᠢ ᠬᠦᠮᠦᠰ ᠢ ᠡᠷᠡᠮᠬᠡᠶᠢᠯᠡᠨ ᠤᠷᠤᠭᠰᠢᠯᠠᠭᠤᠯᠤᠨᠠᠮ︕ ᠤᠳᠤᠬᠢᠴᠢᠯᠬᠠᠰᠠᠨ ᠡᠸᠡᠩᠬᠢ ᠶᠢ ᠪᠦᠲᠦᠭᠡᠨ ᠪᠠᠶᠢᠭᠤᠯᠬᠤ ᠬᠤᠷᠳᠤᠴᠡ ᠪᠠᠨ ᠲᠦᠷᠭᠡᠳᠬᠡᠵᠤ᠂ ᠠᠷᠠᠳ ᠤᠯᠠᠨ ᠤ ᠨᠠᠨᠳᠢᠨ ᠬᠦᠰᠡᠯ ᠡᠷᠡᠮᠵᠢᠯᠡᠯ ᠳᠤ ᠬᠠᠷᠢᠭᠤᠯᠲᠠ ᠦᠭᠬᠦ ᠳᠤ᠂ ᠪᠢᠳᠡᠨᠠᠷ ᠤᠭ ᠰᠠᠨᠠᠭ᠎ᠠ ᠪᠠᠨ ᠦᠯᠦ ᠮᠡᠷᠲᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠦᠷᠯᠦᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠴᠢᠷᠮᠡᠶᠢᠨ ᠵᠢᠳᠬᠦᠬᠦ ᠴᠢᠬᠤᠯᠠᠲᠠᠢ᠃ ᠪᠢᠳᠡᠨᠠᠷ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠠᠠᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠠᠠᠲᠠᠷᠠᠨ ᠪᠦᠯᠬᠦᠮᠳᠡᠵᠤ᠂ ᠬᠤᠲᠠ ᠶᠢᠨ ᠨᠠᠮ  ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠪᠤᠯᠤᠨ ᠡᠸᠡᠩᠬᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠲᠤᠤᠷ᠎ᠡ᠂ ᠡᠸᠡᠩᠬᠢ ᠬᠤᠰᠢᠭᠤᠨ ᠤ ᠦᠭᠡᠷᠡᠴᠢᠯᠡᠯᠲᠡ ᠬᠦᠭᠵᠢᠬᠦᠯᠤᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠬᠦᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠭᠦᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠡᠭᠭᠡ ᠦᠵᠡᠮᠵᠢ ᠶᠢ ᠨᠡᠩ ᠦᠵᠡᠰᠬᠦᠯᠡᠩᠲᠤ ᠰᠠᠶᠢᠬᠠᠨ ᠪᠤᠯᠭᠠᠬᠤ ᠪᠠᠷ ᠴᠢᠷᠮᠡᠶᠢᠨ ᠲᠡᠮᠡᠴᠡᠵᠡᠬᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号