ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠦᠢ ᠯᠢᠨ ᠨᠠᠷ ᠠᠴᠠ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ᠵᠢᠯᠣᠭᠤᠳᠬᠤ ᠲᠦᠪ ᠳᠤ ᠬᠦᠷᠴᠦ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/3/22
    12 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠦᠢ ᠯᠢᠨ ᠨᠠᠷ  ᠠᠴᠠ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ᠵᠢᠯᠣᠭᠤᠳᠬᠤ ᠲᠦᠪ  ᠳᠤ ᠬᠦᠷᠴᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠴᠣ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᡁᠢ ᠳ᠋ᠥᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠣᠯᠣᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠲᠦ᠋ ᠯᠢ ᠪᠢᠨ ᠵᠡᠷᠭᠡ ᠬᠠᠮᠳᠣ ᠪᠠᠷ ᠪᠠᠶᠢᠴᠠᠭᠠᠯᠲᠠ ᠬᠢᠪᠡ᠃     ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ᠵᠢᠯᠣᠭᠤᠳᠬᠤ ᠲᠦᠪ ᠳᠤ᠂ ᠵᠣᠣ ᠢᠦᠢ ᠯᠢᠨ ᠨᠠᠷ ᠠᠴᠠ ᠲᠡᠳᠬᠦᠭᠳᠡᠬᠦ ᠡᠳᠡᠭᠡᠳ ᠢ ᠬᠦᠳᠡᠯᠦᠩᠬᠦᠢ ᠲᠣᠬᠢᠷᠠᠭᠤᠯᠬᠤ ᠪᠠ ᠳᠠᠩᠰᠠᠨ ᠳᠤ  ᠣᠷᠣᠭᠤᠯᠬᠤ ᠠᠵᠢᠯ ᠢ ᠪᠡᠶᠡᠯᠡᠬᠦᠯᠦᠭᠰᠡᠨ ᠪᠠᠶᠢᠳᠠᠯ ᠪᠠ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠲᠤ ᠨᠡᠬᠦᠯᠬᠡᠵᠦ ᠶᠠᠳᠠᠭᠤ ᠶᠢ ᠲᠡᠳᠬᠦᠬᠦ ᠵᠡᠷᠭᠡ ᠡᠯ᠎ᠡ ᠲᠦᠷᠦᠯ ᠤᠨ ᠠᠵᠢᠯ  ᠤᠨ ᠪᠠᠶᠢᠳᠠᠯ ᠢ ᠣᠶᠢᠯᠠᠭᠠᠵᠣ᠂ ᠣᠳᠣᠬᠠᠨ ᠤ ᠠᠵᠢᠯ ᠤᠨ ᠭᠤᠣᠯᠳᠠᠯᠭ᠎ᠠ ᠲᠠᠢ ᠵᠦᠢᠯ ᠢ ᠰᠢᠯᠣᠭᠤᠳᠬᠠᠭᠰᠠᠨ ᠪᠠᠶᠢᠨ᠎ᠠ    ᠵᠣᠣ ᠢᠦᠢ ᠯᠢᠨ ᠠᠴᠠ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠣᠰᠬᠠᠢ ᠪᠡᠯᠡ ᠮᠦᠩᠬᠦ ᠶᠢᠨ ᠬᠢᠨᠠᠨ ᠬᠠᠮᠢᠶᠠᠷᠣᠯᠲᠠ ᠶᠢᠨ ᠠᠵᠢᠯ ᠢ ᠴᠢᠬᠤᠯᠠᠴᠢᠯᠠᠵᠣ᠂ ᠲᠣᠭᠲᠠᠭᠠᠯ ᠵᠠᠷᠴᠢᠮ ᠶᠣᠰᠣᠭᠠᠷ ᠢᠶᠠᠷ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ ᠲᠦᠰᠦᠯ ᠪᠠ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠵᠣ᠂ ᠪᠡᠯᠡ ᠮᠦᠩᠬᠦ ᠶᠢᠨ ᠬᠡᠷᠡᠭᠯᠡᠯᠲᠡ ᠶᠢᠨ ᠬᠢᠨᠠᠨ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠡᠢ︔ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠣᠯᠲᠠ ᠶᠢ ᠣᠯᠠᠮ ᠢᠶᠠᠷ ᠴᠢᠩᠭᠠᠳᠬᠠᠵᠣ᠂ ᠠᠵᠢᠯ ᠤᠨ ᠡᠭᠦᠷᠭᠡ ᠪᠠᠨ ᠳᠣᠳᠣᠷᠬᠠᠶᠢᠯᠠᠵᠣ᠂ ᠬᠠᠮᠢᠶᠠᠷᠣᠯᠲᠠ ᠶᠢᠨ ᠲᠤᠬᠳᠠᠴᠠ ᠪᠠᠨ ᠪᠠᠶᠢᠭᠤᠯᠣᠨ ᠲᠡᠭᠦᠯᠳᠡᠷᠵᠢᠬᠦᠯᠵᠦ᠂ ᠺᠠᠳ᠋ᠷᠴᠣᠳ ᠤᠨ ᠠᠵᠢᠯ ᠤᠨ ᠢᠳᠡᠪᠬᠢᠵᠢᠯ ᠢ ᠨᠢ ᠳᠠᠶᠢᠴᠢᠯᠠᠵᠣ ᠢᠳᠡᠪᠬᠢᠲᠡᠢ ᠪᠠᠷ ᠲᠣᠰᠬᠤᠨ ᠳᠤ ᠦᠢᠯᠡᠴᠢᠯᠡᠬᠦᠯᠵᠦ᠂ ᠣᠯᠠᠨ ᠲᠦᠮᠡᠨ  ᠤ ᠠᠵᠢᠯ ᠢ ᠰᠠᠶᠢᠳᠣᠷ ᠬᠢᠵᠦ᠂ ᠨᠠᠮ ᠤᠨ ᠬᠡᠰᠢᠬᠦᠳ ᠪᠠ ᠣᠯᠠᠨ ᠲᠦᠮᠡᠨ᠂ ᠺᠠᠳ᠋ᠷᠴᠣᠳ ᠪᠡ ᠣᠯᠠᠨ ᠲᠦᠮᠡᠨ ᠤ ᠬᠠᠷᠢᠴᠠᠭ᠎ᠠ ᠶᠢ ᠨᠢᠬᠳᠠᠷᠠᠭᠤᠯᠬᠤ ᠬᠡᠷᠡᠭᠲᠡᠢ︔ ᠠᠵᠣ ᠦᠢᠯᠡᠰ ᠤᠨ ᠲᠦᠯᠦᠪᠵᠢᠬᠦᠯᠭᠡ ᠶᠢ ᠰᠠᠶᠢᠳᠣᠷ ᠬᠢᠵᠦ᠂ ᠪᠡᠯᠡ ᠣᠷᠣᠭᠤᠯᠣᠯᠲᠠ ᠪᠠᠭ᠎ᠠ᠂ ᠠᠶᠣᠯ ᠲᠦᠭᠰᠢᠭᠦᠷᠢ ᠪᠠᠷ ᠳᠣᠣᠷ᠎ᠠ᠂ ᠦᠷ᠎ᠡ ᠠᠰᠢᠭ ᠣᠯᠬᠤ ᠨᠢ ᠲᠦᠷᠭᠡᠨ᠂ ᠪᠡᠯᠡ ᠮᠦᠩᠬᠦ  ᠶᠢ ᠬᠤᠪᠢᠶᠠᠷᠢᠯᠠᠨ ᠬᠡᠷᠡᠭᠯᠡᠬᠦ ᠲᠣᠭᠲᠠᠭᠠᠯ ᠳᠤ ᠲᠣᠬᠢᠷᠠᠬᠤ ᠠᠯᠣᠰ ᠢᠷᠡᠬᠡᠳᠦᠢ ᠲᠠᠢ ᠠᠵᠣ ᠦᠢᠯᠡᠰ ᠢ ᠰᠦᠪᠡᠭᠴᠢᠯᠡᠨ ᠲᠦᠯᠦᠪᠯᠡᠵᠦ᠂ ᠪᠦᠬᠦ ᠬᠤᠰᠢᠭᠤᠨ ᠤ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠢ ᠡᠷᠡᠰ ᠢᠯᠠᠬᠤ᠂ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠬᠦ ᠳᠤ ᠣᠯᠠᠮ ᠨᠢᠬᠡ ᠠᠯᠬᠤᠮ ᠪᠠᠳᠣ ᠰᠠᠭᠤᠷᠢ ᠪᠣᠯᠬᠤ ᠬᠡᠷᠡᠭᠲᠡᠢ ᠬᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号