ᠬᠤᠢ ᠰᠣᠮᠣ ᠶᠠᠳᠠᠭᠤ ᠠᠴᠠ ᠠᠩᠬᠢᠵᠢᠷᠠᠭᠤᠯᠣᠨ ᠪᠠᠬᠢᠯᠡᠯᠲᠡ ᠰᠢᠪᠳᠣᠯᠬᠤ ᠠᠵᠢᠯ ᠤᠨ ᠪᠠᠶᠢᠴᠠᠭᠠᠯᠲᠠ ᠶᠢ ᠣᠭᠳᠣᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2018/3/22
   3 ᠰᠠᠷ᠎ᠠ ᠶᠢᠨ 15 ᠤ ᠡᠳᠦᠷ᠂ ᠬᠤᠢ ᠰᠣᠮᠣ ᠶᠠᠳᠠᠭᠤ ᠠᠴᠠ ᠠᠩᠬᠢᠵᠢᠷᠠᠭᠤᠯᠣᠨ ᠪᠠᠬᠢᠯᠡᠯᠲᠡ ᠰᠢᠪᠳᠣᠯᠬᠤ ᠠᠵᠢᠯ ᠤᠨ ᠪᠠᠶᠢᠴᠠᠭᠠᠯᠲᠠ ᠶᠢ ᠣᠭᠳᠣᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠬᠤᠷᠠᠯᠳᠣᠭᠤᠯᠵᠣ᠂ ᠰᠣᠮᠣ  ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠬᠡᠰᠢᠬᠦᠳ᠂ ᠭᠠᠴᠠᠭ᠎ᠠ ᠶᠢᠨ ︽ᠬᠤᠶᠠᠷ ᠵᠦᠪᠯᠡᠯ︾᠂ ᠭᠠᠴᠠᠭᠠᠨ ᠳᠤ ᠰᠠᠭᠤᠭ᠎ᠠ ᠨᠢᠬᠡᠳᠦᠭᠡᠷ ᠱᠦᠵᠢ ᠵᠢᠴᠢ ᠭᠠᠴᠠᠭᠠᠨ ᠳᠤ ᠰᠠᠭᠤᠭ᠎ᠠ ᠺᠠᠳ᠋ᠷ ᠵᠡᠷᠭᠡ 40 ᠭᠠᠷᠣᠢ ᠬᠦᠮᠦᠰ ᠬᠤᠷᠠᠯ ᠳᠤ ᠣᠷᠣᠯᠴᠠᠵᠣ᠂ ᠰᠣᠮᠣ ᠶᠢᠨ ᠨᠠᠮ ᠤᠨ ᠬᠤᠷᠢᠶᠠᠨ ᠤ ᠱᠦᠵᠢ ᠵᠠᠶᠠᠭ᠎ᠠ ᠨᠦᠬᠦᠷ ᠬᠤᠷᠠᠯ  ᠢ ᠡᠷᠬᠢᠯᠡᠪᠡ᠃     ᠬᠤᠷᠠᠯ ᠳᠡᠭᠡᠷ᠎ᠡ᠂ ᠬᠦᠯᠦᠨ ᠪᠣᠶᠢᠷ ᠬᠤᠲᠠ ᠶᠢᠨ ᠶᠠᠳᠠᠭᠤ ᠶᠢ ᠲᠡᠳᠬᠦᠬᠦ ᠨᠡᠬᠡᠬᠡᠯᠲᠡ ᠶᠢᠨ ᠣᠳᠣᠷᠢᠳᠬᠤ ᠳᠣᠭᠤᠶᠢᠯᠠᠩ ᠤᠨ 2017 ᠣᠨ ᠤ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠦᠷᠨᠢᠬᠦᠯᠬᠦ ᠲᠣᠬᠠᠢ ᠮᠡᠳᠡᠭᠳᠡᠯ ᠤᠨ ᠠᠭᠤᠯᠭ᠎ᠠ ᠶᠢ ᠣᠯᠠᠮᠵᠢᠯᠠᠵᠣ᠂ ᠬᠤᠰᠢᠭᠤ ᠬᠤᠲᠠ ᠲᠣᠭᠤᠷᠢᠭ ᠤᠨ ᠨᠠᠮ ᠵᠠᠰᠠᠭ ᠤᠨ ᠣᠳᠣᠷᠢᠳᠬᠤ ᠪᠠᠭ ᠤᠨ 2017 ᠣᠨ ᠤ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠵᠢᠯ ᠢ ᠬᠢᠨᠠᠨ ᠰᠢᠯᠭᠠᠬᠤ ᠬᠦᠢᠴᠡᠳᠬᠡᠯ ᠲᠤᠭ᠎ᠠ ᠶᠢᠨ ᠬᠡᠮᠵᠢᠶᠡᠯᠡᠭᠰᠡᠨ ᠪᠠᠷᠢᠮᠵᠢᠶ᠎ᠠ ᠶᠢ ᠲᠠᠶᠢᠯᠪᠣᠷᠢᠯᠠᠨ ᠶᠠᠷᠢᠵᠣ᠂ ᠬᠤᠢ ᠰᠣᠮᠣ ᠶᠢᠨ 2017 ᠣᠨ ᠤ ᠬᠤᠰᠢᠭᠤ ᠬᠤᠲᠠ ᠲᠣᠭᠤᠷᠢᠭ ᠤᠨ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠵᠢᠯ ᠤᠨ ᠦᠷ᠎ᠡ ᠪᠦᠲᠦᠮᠵᠢ  ᠶᠢ ᠬᠢᠨᠠᠨ ᠰᠢᠯᠭᠠᠬᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃    ᠵᠠᠶᠠᠭ᠎ᠠ ᠠᠴᠠ᠂ ᠰᠣᠮᠣ ᠶᠢᠨ ᠣᠳᠣᠷᠢᠳᠬᠤ ᠪᠠᠭ ᠤᠨ ᠬᠡᠰᠢᠬᠦᠳ᠂ ᠭᠠᠴᠠᠭᠠᠨ ᠳᠤ ᠰᠠᠭᠤᠭ᠎ᠠ ᠡᠯ᠎ᠡ ᠠᠵᠢᠯᠯᠠᠬᠤ ᠳᠣᠭᠤᠶᠢᠯᠠᠩ᠂ ᠨᠢᠬᠡᠳᠦᠭᠡᠷ ᠱᠦᠵᠢ᠂ ᠭᠠᠴᠠᠭ᠎ᠠ ᠶᠢᠨ ︽ᠬᠤᠶᠠᠷ ᠵᠦᠪᠯᠡᠯ︾ ᠤᠨ ᠬᠡᠰᠢᠬᠦᠳ ᠬᠢᠨᠠᠨ ᠰᠢᠯᠭᠠᠬᠤ ᠬᠦᠢᠴᠡᠳᠬᠡᠯ ᠲᠤᠭ᠎ᠠ ᠶᠢᠨ ᠬᠡᠮᠵᠢᠶᠡᠯᠡᠭᠰᠡᠨ ᠪᠠᠷᠢᠮᠵᠢᠶ᠎ᠠ ᠶᠣᠰᠣᠭᠠᠷ ᠶᠠᠳᠠᠭᠤ ᠬᠦᠴᠢᠷᠳᠡᠯᠳᠡᠢ ᠶᠢ ᠪᠠᠭᠠᠰᠬᠠᠭᠰᠠᠨ ᠦᠷ᠎ᠡ ᠪᠦᠲᠦᠮᠵᠢ᠂ ᠶᠠᠳᠠᠭᠤ ᠡᠷᠦᠬᠡ ᠶᠢ ᠣᠨᠢᠨ ᠳᠡᠭᠡᠷ᠎ᠡ ᠨᠢ ᠢᠯᠭᠠᠨ ᠲᠣᠭᠲᠠᠭᠠᠭᠰᠠᠨ᠂ ᠣᠨᠣᠪᠴᠢᠲᠠᠢ ᠪᠠᠷ ᠬᠠᠪᠰᠣᠷᠠᠨ ᠲᠡᠳᠬᠦᠬᠦ᠂ ᠶᠠᠳᠠᠭᠤ ᠶᠢ ᠲᠡᠳᠬᠦᠬᠦ ᠲᠦᠷᠦᠯ ᠵᠦᠢᠯ᠂ ᠳᠦᠷᠢᠮ ᠢ ᠨᠠᠶᠢᠳᠠᠪᠣᠷᠢᠵᠢᠭᠤᠯᠣᠭᠰᠠᠨ ᠵᠡᠷᠭᠡ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠣᠷ ᠬᠢᠵᠦ᠂ ᠡᠬᠦᠨ ᠤ ᠬᠠᠮᠳᠣ ᠦᠵᠡᠯᠲᠡ ᠲᠠᠨᠢᠯᠲᠠ ᠪᠠᠨ ᠳᠡᠭᠡᠭᠰᠢᠯᠡᠬᠦᠯᠦᠨ᠂ ᠬᠢᠵᠠᠭᠠᠷᠲᠠᠢ ᠴᠠᠭ ᠬᠤᠭᠤᠴᠠᠭ᠎ᠠ ᠶᠢ ᠡᠵᠡᠮᠳᠡᠨ ᠠᠳᠬᠤᠵᠣ᠂ ᠲᠣᠰ ᠣᠳᠠᠭᠠᠨ ᠤ ᠪᠠᠶᠢᠴᠠᠭᠠᠯᠲᠠ ᠶᠢ ᠣᠭᠳᠣᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号