ᠪᠦᠬᠦ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠳᠦᠷᠢᠮ ᠤᠨ ᠲᠣᠬᠠᠢ ᠣᠶᠢᠯᠠᠭᠠᠯᠲᠠ
ᠨᠡᠶᠢᠲᠡᠯᠡᠭᠰᠡᠨ ᠴᠠᠭ᠄
2018-03-23
      ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠣᠪᠴᠢᠶ᠎ᠠ     ᠰᠣᠷᠪᠣᠯᠵᠢᠯᠠᠭᠰᠠᠨ ᠡᠳᠦᠷ᠄ 2017 ᠣᠨ ᠤ 10 ᠰᠠᠷ᠎ᠠ ᠶᠢᠨ 23 ᠤ ᠡᠳᠦᠷ     ᠰᠣᠷᠪᠣᠯᠵᠢᠯᠠᠯ ᠬᠦᠯᠢᠶᠡᠭᠰᠡᠨ ᠵᠣᠴᠢᠨ᠄ ᠡᠸ᠋ᠨᠩᠬᠢ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢ ᠸᠧᠢ ᠳ᠋ᠥᠩ     ᠰᠣᠷᠪᠣᠯᠵᠢᠯᠠᠭ᠎ᠠ ᠬᠢᠭᠰᠡᠨ ᠭᠠᠵᠠᠷ᠄ ᠡᠸ᠋ᠨᠩᠬᠢ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠣᠪᠴᠢᠶ᠎ᠠ     ᠭᠤᠣᠯᠯᠠᠨ ᠡᠷᠭᠢᠯᠡᠭᠰᠡᠨ ᠨᠢᠭᠡᠴᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠦᠷᠳᠡᠭᠡ    ᠰᠣᠷᠪᠣᠯᠵᠢᠯᠠᠭ᠎ᠠ ᠶᠢᠨ ᠲᠣᠪᠴᠢ᠄ ᠲᠣᠰ ᠣᠳᠠᠭᠠᠨ ᠤ ᠰᠣᠷᠪᠣᠯᠵᠢᠯᠠᠨ ᠶᠠᠷᠢᠯᠴᠠᠬᠤ ᠳᠤ ᠡᠸ᠋ᠨᠩᠬᠢ ᠬᠤᠰᠢᠭᠤᠨ ᠤ ᠡᠷᠡᠭᠦᠯ ᠬᠠᠮᠠᠭᠠᠯᠠᠯ ᠪᠠ  ᠲᠦᠯᠦᠪᠯᠡᠭᠡᠲᠦ ᠦᠷᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢ ᠸᠧᠢ ᠳ᠋ᠦᠩ ᠢ ᠣᠨᠴᠠ ᠣᠷᠢᠵᠣ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠠᠰᠠᠭᠤᠳᠠᠯ ᠳᠤ ᠲᠠᠶᠢᠯᠪᠣᠷᠢᠯᠠᠯᠲᠠ ᠬᠢᠯᠭᠡᠪᠡ᠃     ᠵᠣᠴᠢᠨ ᠣᠭᠲᠣᠬᠤ ᠦᠭᠡᠰ     ᠰᠢ ᠸᠧᠢ ᠳ᠋ᠦᠩ᠄ ᠲᠠᠨᠠᠷ ᠰᠠᠶᠢᠨ ᠪᠠᠶᠢᠨᠣ︕ ︽ ᠡᠷᠬᠢᠮ ᠵᠣᠴᠢᠨ ᠤ ᠰᠣᠷᠪᠣᠯᠵᠢᠯᠠᠭ᠎ᠠ︾ ᠶᠢᠨ ᠲᠠᠪᠴᠠᠩ  ᠳᠤ ᠲᠠ ᠣᠯᠠᠨ ᠲᠠᠢ ᠬᠠᠮᠳᠣ ᠪᠦᠬᠦ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠠᠵᠢᠯ ᠤᠨ ᠲᠣᠬᠠᠢ ᠶᠠᠷᠢᠯᠴᠠᠭ᠎ᠠ ᠬᠢᠬᠦ ᠪᠣᠯᠣᠭᠰᠠᠨ ᠳᠠᠭᠠᠨ ᠲᠣᠩ ᠪᠠᠶᠠᠷᠳᠠᠢ ᠪᠠᠶᠢᠨ᠎ᠠ᠃ ᠶᠠᠭᠤᠨ ᠤ ᠡᠮᠦᠨ᠎ᠡ ᠪᠦᠬᠦ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠢ ᠶᠡᠷᠦ ᠠᠴᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ︕     ᠠᠰᠠᠭᠤᠯᠳᠠ 1᠄ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠤᠨ ᠭᠤᠣᠯ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠨᠢ ᠶᠠᠮᠠᠷ ᠪᠣᠯᠬᠤ ᠪᠣᠢ︖     ᠰᠢ ᠸᠧᠢ ᠳ᠋ᠦᠩ᠄ ᠪᠦᠬᠦ ᠬᠤᠰᠢᠭᠤᠨ ᠤ ᠰᠠᠭᠤᠭᠠᠯᠢ ᠠᠷᠠᠳ ᠪᠠ ᠮᠠᠯᠴᠢᠳ ᠵᠢᠴᠢ ᠨᠡᠬᠦᠳᠡᠯ ᠬᠦᠮᠦᠨ ᠠᠮᠠ  ᠳᠤ ᠡᠮ ᠡᠮᠨᠡᠯᠭᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠵᠡᠷᠭᠡ ᠦᠢᠯᠡᠴᠢᠯᠡᠭᠡᠨ ᠬᠠᠩᠭᠠᠨ᠎ᠠ᠃     ᠠᠰᠠᠭᠤᠯᠳᠠ 2᠄ ᠣᠯᠣᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠳᠤ ᠶᠠᠮᠠᠷ ᠶᠠᠮᠠᠷ ᠠᠭᠤᠯᠭ᠎ᠠ ᠶᠢ ᠪᠠᠭᠳᠠᠭᠠᠬᠤ ᠪᠣᠢ︖     ᠰᠢ ᠸᠧᠢ ᠳ᠋ᠦᠩ᠄ ᠣᠳᠣᠬᠠᠨ ᠳᠤ᠂ ᠣᠯᠣᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠳᠤ ᠰᠠᠭᠤᠭᠠᠯᠢ ᠠᠷᠠᠳ ᠤᠨ ᠡᠷᠡᠭᠦᠯ ᠮᠡᠨᠳᠣ ᠶᠢᠨ ᠳᠠᠩᠰᠠ ᠡᠪᠬᠡᠮᠡᠯ᠂ ᠡᠷᠡᠭᠦᠯ ᠮᠡᠨᠳᠦ ᠶᠢᠨ ᠬᠦᠮᠦᠵᠢᠯ᠂ ᠣᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ᠂ ᠬᠡᠣᠬᠡᠳ ᠪᠠᠭᠠᠴᠣᠳ ᠤᠨ ᠡᠷᠡᠭᠦᠯ ᠮᠡᠨᠳᠦ  ᠶᠢᠨ ᠬᠠᠮᠢᠶᠠᠷᠣᠯᠲᠠ᠂ ᠵᠢᠷᠮᠣᠰᠣᠨ ᠬᠦᠩᠭᠡᠵᠢᠭᠰᠡᠨ ᠡᠮᠡᠭᠳᠡᠶᠢᠴᠣᠳ ᠤᠨ ᠡᠷᠡᠭᠦᠯ ᠮᠡᠨᠳᠦ ᠶᠢᠨ ᠬᠠᠮᠢᠶᠠᠷᠣᠯᠲᠠ᠂ ᠨᠠᠰᠣᠲᠠᠶᠢᠴᠣᠳ ᠤᠨ ᠡᠷᠡᠭᠦᠯ ᠮᠡᠨᠳᠦ ᠶᠢᠨ ᠬᠠᠮᠢᠶᠠᠷᠣᠯᠲᠠ᠂ ᠣᠳᠠᠭᠠᠨ ᠴᠢᠨᠠᠷᠲᠠᠢ ᠡᠪᠡᠳᠴᠢᠨ ︵ ᠴᠢᠰᠣᠨ ᠳᠠᠷᠣᠯᠲᠠ ᠦᠨᠳᠦᠷ᠂ ᠰᠢᠬᠢᠷ ᠰᠢᠵᠢᠩ ᠡᠪᠡᠳᠴᠢᠨ︶ ᠲᠠᠢ ᠬᠦᠮᠦᠰ ᠤᠨ ᠡᠷᠡᠭᠦᠯ ᠮᠡᠨᠳᠦ ᠶᠢᠨ ᠬᠠᠮᠢᠶᠠᠷᠣᠯᠲᠠ᠂ ᠬᠦᠨᠳᠦ ᠣᠶᠣᠨ ᠮᠡᠳᠡᠷᠡᠯ ᠤᠨ ᠲᠠᠯ᠎ᠠ ᠪᠠᠷ ᠰᠠᠭᠠᠳ ᠲᠠᠢ ᠬᠦᠮᠦᠰ ᠤᠨ ᠬᠠᠮᠢᠶᠠᠷᠣᠯᠲᠠ᠂ ᠠᠭᠤᠰᠬᠢᠨ ᠰᠦᠷᠢᠶ᠎ᠡ ᠡᠪᠡᠳᠴᠢᠨ ᠲᠠᠢ ᠬᠦᠮᠦᠰ ᠤᠨ ᠡᠷᠡᠭᠦᠯ ᠮᠡᠨᠳᠦ ᠶᠢᠨ ᠲᠤᠬᠠᠢ᠂ ᠬᠠᠯᠳᠠᠪᠣᠷᠢᠳᠣ ᠡᠪᠡᠳᠴᠢᠨ ᠪᠠ ᠬᠡᠨᠡᠳᠳᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠬᠦᠯᠬᠦ ᠪᠠ ᠰᠢᠢᠳᠪᠦᠷᠢᠯᠡᠬᠦ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠳᠤ ᠬᠢᠨᠠᠯᠲᠠ ᠲᠠᠯᠪᠢᠵᠣ ᠵᠣᠬᠢᠴᠠᠭᠤᠯᠣᠨ ᠬᠠᠮᠢᠶᠠᠷᠬᠤ᠂ ᠵᠢᠷᠮᠣᠰᠣᠯᠡᠬᠦ ᠶᠢ ᠬᠤᠷᠢᠭᠯᠠᠬᠤ ᠡᠮ ᠪᠠ ᠬᠡᠷᠡᠭᠰᠡᠯ ᠢ ᠦᠨ᠎ᠡ ᠲᠦᠯᠦᠪᠣᠷᠢ ᠦᠭᠡᠢ ᠪᠠᠷ ᠬᠠᠩᠭᠠᠬᠤ᠂ ᠡᠷᠡᠭᠦᠯ ᠮᠡᠨᠳᠦ  ᠶᠢᠨ ᠲᠣᠬᠠᠢ ᠬᠡᠪ ᠪᠣᠯᠪᠠᠰᠣᠷᠠᠯ ᠲᠠᠢ ᠪᠣᠯᠭᠠᠬᠤ ᠶᠢ ᠪᠠᠭᠲᠠᠭᠠᠨ᠎ᠠ᠃     ᠠᠰᠠᠭᠤᠯᠲᠠ 3᠄ ᠰᠠᠭᠤᠭᠠᠯᠢ ᠠᠷᠠᠳ ᠣᠯᠣᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠢ ᠡᠳ᠋ᠯᠡᠬᠦ ᠳᠤ ᠵᠠᠷᠣᠳᠠᠯ ᠲᠣᠰᠢᠶᠠᠬᠤ ᠴᠢᠬᠤᠯᠠᠲᠠᠢ ᠦᠦ︖     ᠰᠢ ᠸᠧᠢ ᠳ᠋ᠦᠩ᠄ ᠦᠨᠳᠦᠰᠦᠨ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠳᠤ ᠲᠣᠭᠲᠠᠭᠠᠭᠰᠠᠨ ᠦᠢᠯᠡᠴᠢᠯᠡᠭᠡᠨ ᠤ ᠠᠭᠤᠯᠭ᠎ᠠ ᠶᠢ ᠣᠯᠣᠰ ᠠᠴᠠ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠦᠨ᠎ᠡ ᠲᠦᠯᠦᠪᠦᠷᠢ ᠦᠭᠡᠢ ᠪᠠᠷ ᠬᠠᠩᠭᠠᠨ᠎ᠠ᠂ ᠬᠡᠷᠡᠭᠰᠡᠬᠦ ᠵᠠᠷᠣᠳᠠᠯ ᠢ ᠵᠠᠰᠠᠭ ᠤᠨ ᠣᠷᠳᠣᠨ ᠠᠴᠠ ᠡᠭᠦᠷᠭᠡᠯᠡᠵᠦ᠂ ᠰᠠᠭᠤᠭᠠᠯᠢ ᠠᠷᠠᠳ ᠦᠢᠯᠡᠴᠢᠡᠯᠭᠡᠨ ᠤ ᠲᠦᠷᠦᠯ ᠵᠦᠢᠯ ᠤᠨ ᠬᠡᠪᠴᠢᠶᠠᠨ ᠤ ᠦᠢᠯᠡᠴᠢᠯᠡᠬᠡᠨ ᠢ ᠡᠳ᠋ᠯᠡᠬᠦ  ᠳᠤ ᠳᠠᠬᠢᠨ ᠵᠠᠷᠣᠳᠠᠯ ᠲᠣᠰᠢᠶᠠᠬᠤ ᠴᠢᠬᠤᠯᠠ ᠦᠭᠡᠢ᠃     ᠠᠰᠠᠭᠤᠯᠲᠠ 4᠄ ᠣᠯᠣᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠬᠡᠨ ᠬᠠᠩᠭᠠᠵᠣ ᠦᠭᠬᠦ ᠪᠣᠢ︖     ᠰᠢ ᠸᠧᠢ ᠳ᠋ᠥᠩ᠄ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠭᠤᠣᠯᠳᠠᠭᠤ ᠰᠣᠮᠣ ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠡᠯᠭᠡᠨ ᠤ ᠲᠦᠪ ︵ᠦᠷᠳᠡᠭᠡ ︶ ᠠᠴᠠ ᠬᠠᠷᠢᠭᠤᠴᠠᠵᠣ ᠪᠣᠳᠠᠳᠠᠢ ᠬᠡᠷᠡᠭᠵᠢᠬᠦᠯᠦᠨ᠎ᠡ᠃ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠲᠣᠰ ᠲᠣᠰ ᠰᠣᠮᠣ ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠤᠨ ᠲᠣᠬᠠᠶᠢᠯᠠᠭᠰᠠᠨ ᠠᠵᠢᠯ ᠤᠨ ᠬᠠᠮᠢᠶᠠᠷᠣᠯᠲᠠ ᠶᠢ ᠬᠦᠯᠢᠶᠡᠨ ᠠᠪᠴᠣ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠭᠦᠷᠭᠡ ᠶᠢ ᠵᠣᠬᠢᠰᠲᠠᠢ ᠡᠭᠦᠷᠭᠡᠯᠡᠵᠦ᠂ ᠦᠨᠳᠦᠰᠦᠨ ᠱᠠᠲᠣᠨ ᠤ ᠪᠣᠰᠣᠳ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠪᠠᠰᠠ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠪᠠᠶᠢᠷᠢᠯᠠᠭᠤᠯᠣᠯᠲᠠ ᠶᠣᠰᠣᠭᠠᠷ ᠬᠠᠷᠠᠭᠠᠯᠵᠠᠭᠰᠠᠨ ᠦᠢᠯᠡᠴᠢᠯᠡᠬᠡᠨ ᠢ ᠬᠠᠩᠭᠠᠵᠣ ᠪᠣᠯᠣᠨ᠎ᠠ᠃     ᠠᠰᠠᠭᠤᠯᠲᠠ 5᠄ ᠣᠯᠣᠰ ᠤᠨ ᠦᠨᠳᠦᠰᠦᠨ ᠡᠮ ᠤᠨ ᠲᠦᠷᠢᠮ ᠬᠡᠵᠦ ᠶᠠᠭᠤ ᠪᠣᠢ︖     ᠰᠢ ᠸᠧᠢ ᠳ᠋ᠥᠩ᠄ ᠦᠨᠳᠦᠰᠦᠨ ᠡᠮᠳᠣ ᠪᠣᠳᠠᠰ ᠪᠣᠯ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠦᠭᠡᠳ ᠡᠮ ᠤᠨ ᠨᠠᠶᠢᠷᠠᠯᠠᠭ᠎ᠠ ᠨᠢ ᠲᠣᠬᠢᠷᠠᠮᠵᠢᠲᠠᠢ᠂ ᠦᠨ᠎ᠡ ᠬᠠᠩᠰᠢ ᠨᠢ ᠵᠦᠢ ᠵᠣᠬᠢᠰᠲᠠᠢ᠂ ᠬᠠᠩᠭᠠᠯᠭ᠎ᠠ ᠶᠢ ᠪᠠᠲᠣᠯᠠᠵᠣ ᠴᠢᠳᠠᠬᠤ᠂ ᠣᠯᠠᠨ ᠨᠡᠶᠢᠲᠡ ᠪᠠᠷ ᠢᠶᠠᠨ ᠲᠦᠪ ᠭᠤᠣᠯᠴᠢ ᠪᠠᠷ ᠬᠦᠷᠳᠡᠬᠦ ᠡᠮ ᠤᠨ ᠵᠦᠢᠯ ᠪᠣᠯᠣᠨ᠎ᠠ᠃ ᠣᠯᠣᠰ ᠤᠨ ᠦᠨᠳᠦᠰᠦᠨ ᠡᠮᠳᠣ ᠪᠣᠳᠠᠰ ᠤᠨ ᠳᠦᠷᠢᠮ ᠪᠣᠯ ᠦᠨᠳᠦᠰᠦᠨ ᠡᠮᠳᠣ ᠪᠣᠳᠠᠰ ᠤᠨ ᠭᠠᠷᠴᠠᠭ ᠢ ᠲᠣᠭᠲᠠᠭᠠᠬᠤ᠂ ᠦᠢᠯᠡᠳᠪᠦᠷᠢᠯᠡᠨ ᠬᠠᠩᠭᠠᠬᠤ᠂ ᠬᠤᠳᠠᠯᠳᠣᠨ ᠠᠪᠴᠣ ᠲᠣᠬᠢᠷᠠᠭᠤᠯᠣᠨ ᠬᠦᠷᠬᠡᠬᠦ᠂᠂ ᠵᠦᠢ ᠵᠣᠬᠢᠰᠲᠠᠢ ᠬᠡᠷᠡᠭᠯᠡᠬᠦ᠂ ᠦᠨ᠎ᠡ ᠬᠠᠩᠰᠢ ᠶᠢᠨ ᠬᠠᠮᠢᠶᠠᠷᠣᠯᠲᠠ ᠬᠢᠬᠦ᠂ ᠰᠠᠯᠭᠠᠨ ᠦᠭᠴᠦ ᠳᠠᠩᠰᠠ ᠲᠠᠶᠢᠯᠬᠤ᠂ ᠶᠠᠰᠣ ᠴᠢᠨᠠᠷ ᠲᠤ ᠬᠢᠨᠠᠯᠲᠠ ᠲᠠᠯᠪᠢᠬᠤ᠂ ᠬᠢᠨᠠᠨ ᠬᠡᠮᠵᠢᠵᠦ ᠦᠨᠡᠯᠡᠬᠦ ᠵᠡᠷᠭᠡ ᠣᠯᠠᠨ ᠭᠤᠭᠴᠤᠭ᠎ᠠ ᠳᠤ ᠬᠦᠴᠦᠨ ᠪᠦᠬᠦᠢ ᠬᠠᠮᠢᠶᠠᠷᠣᠯᠲᠠ ᠬᠢᠬᠦ ᠳᠦᠷᠢᠮ ᠪᠣᠯᠣᠨ᠎ᠠ᠃ ᠣᠯᠣᠰ ᠠᠴᠠ ᠦᠨᠳᠦᠰᠦᠨ ᠡᠮᠳᠦ ᠪᠣᠳᠠᠰ ᠢ ᠡᠮᠨᠡᠯᠭᠡ ᠶᠢᠨ ᠪᠠᠳᠣᠯᠠᠪᠣᠷᠢ ᠶᠢᠨ ᠡᠮ ᠤᠨ ᠵᠦᠢᠯ ᠤᠨ ᠭᠠᠷᠴᠠᠭ ᠲᠤ ᠪᠦᠬᠦᠨ ᠢ ᠵᠢᠬᠰᠠᠭᠠᠨ ᠣᠷᠣᠭᠤᠯᠵᠣ᠂ ᠳᠠᠩᠰᠠ ᠲᠠᠶᠢᠯᠬᠤ ᠬᠠᠷᠢᠴᠠᠯ ᠨᠢ ᠦᠨᠳᠦᠰᠦᠨ ᠡᠮᠳᠦ ᠪᠣᠳᠠᠰ ᠤᠨ ᠪᠣᠰᠣ ᠡᠮ ᠤᠨ ᠬᠠᠷᠢᠴᠠᠯ ᠠᠴᠠ ᠮᠡᠳᠡᠭᠳᠡᠮ᠎ᠡ ᠦᠨᠳᠦᠷ ᠪᠣᠯᠣᠨ᠎ᠠ᠃     ᠠᠰᠠᠭᠤᠯᠳᠠ 6᠄ ᠠᠨᠠᠭᠠᠬᠤ ᠣᠬᠠᠭᠠᠨ ᠤ ᠪᠣᠰᠣ ᠬᠡᠷᠡᠭᠴᠡᠭᠡ ᠠᠴᠠ ᠪᠣᠯᠵᠣ ᠬᠡᠣᠬᠡᠢ ᠶᠢᠨ ᠬᠦᠢᠰᠦ ᠶᠢ ᠰᠢᠯᠭᠠᠨ ᠲᠣᠭᠲᠠᠭᠠᠬᠤ ᠪᠠ ᠬᠦᠢᠰᠦ ᠶᠢ ᠰᠣᠩᠭᠤᠨ ᠵᠢᠷᠮᠣᠰᠣᠯᠡᠬᠦ ᠶᠢ ᠡᠴᠡᠰᠯᠡᠬᠦᠯᠬᠦ ᠬᠡᠳᠡᠭ ᠨᠢ ᠶᠠᠭᠤ ᠪᠣᠢ︖     ᠰᠢ ᠸᠧᠢ ᠳ᠋ᠥᠩ᠄ ᠬᠡᠣᠬᠡᠢ ᠳᠤ ᠪᠡᠯᠭᠡ ᠳᠠᠭᠠᠯᠳᠣᠬᠤ ᠴᠢᠨᠠᠷᠲᠠᠢ ᠣᠳᠣᠮᠯᠠᠯ ᠤᠨ ᠡᠪᠡᠳᠴᠢᠨ ᠲᠠᠢ ᠪᠠᠶᠢᠵᠣ ᠮᠡᠳᠡᠬᠦ ᠶᠢ ᠠᠨᠠᠭᠠᠬᠤ ᠣᠬᠠᠭᠠᠨ ᠪᠠᠷ ᠣᠨᠣᠰᠢᠯᠠᠨ ᠮᠠᠭᠠᠳᠯᠠᠬᠤ ᠵᠡᠷᠭᠡ ᠬᠡᠷᠡᠭᠴᠡᠭᠡ ᠠᠴᠠ ᠪᠣᠯᠵᠣ ᠬᠡᠣᠬᠡᠢ ᠶᠢᠨ ᠬᠦᠢᠰᠦ ᠶᠢᠨ ᠢᠯᠭᠠᠯ ᠢ ᠰᠢᠯᠭᠠᠨ ᠲᠣᠭᠲᠠᠭᠠᠬᠤ ᠪᠠ ᠬᠦᠢᠰᠦ ᠶᠢ ᠰᠣᠩᠭᠤᠵᠣ ᠵᠢᠷᠮᠦᠰᠦᠯᠡᠬᠦ ᠶᠢ ᠡᠴᠦᠰᠯᠡᠬᠦᠯᠬᠦ ᠠᠴᠠ ᠭᠠᠳᠠᠨ᠎ᠠ᠂ ᠬᠡᠣᠬᠡᠢ ᠶᠢᠨ ᠬᠦᠢᠰᠦ ᠶᠢ ᠰᠢᠯᠭᠠᠨ ᠲᠣᠭᠲᠠᠭᠠᠬᠤ ᠪᠠ ᠬᠦᠢᠰᠦ ᠶᠢ ᠰᠣᠩᠭᠤᠨ ᠠᠯᠪᠠᠳᠠᠯᠭ᠎ᠠ ᠪᠠᠷ ᠵᠢᠷᠮᠦᠰᠦᠯᠡᠬᠦ ᠶᠢ ᠬᠤᠷᠢᠭᠯᠠᠬᠤ ᠶᠢ ᠵᠢᠭᠠᠨ᠎ᠠ᠃     ᠠᠰᠠᠭᠤᠯᠲᠠ 7᠄ ︽ ᠬᠤᠶᠠᠷ ᠬᠠᠣᠯᠢ ᠪᠣᠰᠣ︾ ᠳᠤ ᠴᠣᠬᠢᠯᠲᠠ ᠦᠭᠬᠦ ᠠᠵᠢᠯᠯᠠᠭ᠎ᠠ ᠬᠡᠳᠡᠭ ᠨᠢ ᠶᠠᠭᠤ ᠪᠣᠢ︖     ᠰᠢ ᠸᠧᠢ ᠳ᠋ᠥᠩ᠄ ᠬᠠᠣᠯᠢ ᠪᠣᠰᠣ ᠪᠠᠷ ᠬᠡᠣᠬᠡᠢ ᠶᠢᠨ ᠬᠦᠢᠰᠦ ᠶᠢ ᠰᠢᠯᠭᠠᠨ ᠲᠣᠭᠲᠠᠭᠠᠬᠤ ᠪᠠ ᠬᠠᠣᠯᠢ ᠪᠣᠰᠣ  ᠪᠠᠷ ᠠᠯᠪᠠᠳᠠᠯᠭ᠎ᠠ ᠪᠠᠷ ᠵᠢᠷᠮᠣᠰᠦᠯᠡᠬᠦ ᠶᠢ ᠡᠴᠦᠰᠯᠡᠬᠦᠯᠬᠦ ᠵᠡᠷᠭᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠦᠭᠬᠦ ᠶᠢ ᠵᠢᠭᠠᠵᠣ ᠪᠣᠢ᠃     ᠠᠰᠠᠭᠤᠯᠲᠠ 8᠄ ᠡᠮ ᠤᠨ ᠵᠦᠢᠯ ᠢ ︽ᠦᠨ᠎ᠡ ᠶᠢᠨ ᠵᠦᠷᠢᠶ᠎ᠡ ᠦᠭᠡᠢ︾ ᠪᠠᠷ ᠪᠣᠷᠣᠯᠠᠭᠤᠯᠬᠤ ᠬᠡᠳᠡᠭ ᠶᠠᠭᠤ ᠪᠣᠢ︖     ᠰᠢ ᠸᠧᠢ ᠳ᠋ᠥᠩ᠄ ᠵᠠᠰᠠᠭ ᠤᠨ ᠣᠷᠳᠣᠨ ᠠᠴᠠ ᠡᠷᠬᠢᠯᠡᠭᠰᠡᠨ ᠠᠯᠪᠠᠨ ᠡᠮᠨᠡᠯᠭᠡ ᠶᠢᠨ ᠪᠠᠶᠢᠭᠤᠯᠣᠮᠵᠢ ᠳᠤ ᠬᠡᠷᠡᠭᠯᠡᠬᠦ ᠡᠮ ᠤᠨ ᠵᠦᠢᠯ ᠮᠦᠨ᠂ ᠡᠮ ᠤᠨ ᠵᠦᠢᠯ ᠢ ᠣᠷᠣᠭᠤᠯᠣᠭᠰᠠᠨ ᠦᠨ᠎ᠡ ᠪᠠᠷ ᠢᠶᠠᠨ ᠪᠣᠷᠣᠯᠠᠭᠤᠯᠵᠣ᠂ ᠳᠠᠬᠢᠨ ᠦᠢᠯᠡᠳᠪᠦᠷᠢᠯᠡᠯ ᠤᠨ ᠠᠰᠢᠭ ᠬᠤᠨᠵᠢᠪᠣᠷᠢ ᠶᠢ ᠨᠡᠮᠡᠬᠦ ᠦᠭᠡᠢ ᠪᠦᠭᠡᠳ ᠬᠢᠮᠳᠠ ᠦᠨ᠎ᠡ ᠪᠠᠷ ᠠᠷᠠᠳ ᠣᠯᠠᠨ ᠳᠤ ᠬᠤᠳᠠᠯᠳᠣᠨ ᠦᠭᠴᠦ᠂ ᠠᠰᠢᠭ ᠬᠤᠨᠵᠢᠪᠣᠷᠢ ᠶᠢᠨ ᠬᠡᠰᠡᠭ ᠢ ᠨᠢ ᠵᠠᠰᠠᠭ ᠤᠨ ᠣᠷᠳᠣᠨ ᠠᠴᠠ ᠨᠦᠬᠦᠪᠦᠷᠢ ᠦᠭᠬᠦ ᠶᠢ ᠵᠢᠭᠠᠵᠣ ᠪᠣᠢ᠃     ᠠᠰᠠᠭᠤᠯᠳᠠ 9᠄ ᠨᠠᠮᠣᠷ ᠡᠪᠦᠯ ᠤᠨ ᠣᠯᠠᠷᠢᠯ ᠳᠤ ᠦᠷᠭᠦᠯᠵᠢ ᠳᠣᠬᠢᠶᠠᠯᠳᠣᠳᠠᠭ ᠠᠮᠢᠰᠬᠤᠯ ᠤᠨ ᠵᠠᠮ ᠤᠨ ᠬᠠᠯᠳᠠᠪᠣᠷᠢᠳᠣ ᠡᠪᠡᠳᠴᠢᠨ ᠨᠢ ᠶᠠᠮᠠᠷ ᠶᠠᠮᠠᠷ ᠪᠠᠶᠢᠳᠠᠭ ᠪᠣᠢ︖     ᠰᠢ ᠸᠧᠢ ᠳ᠋ᠥᠩ᠄ ᠦᠷᠭᠦᠯᠵᠢ ᠳᠣᠬᠢᠶᠠᠯᠳᠣᠳᠠᠭ ᠨᠢ ᠡᠩ ᠤᠨ ᠳᠠᠭᠰᠢᠭᠤᠷ᠂ ᠳᠠᠬᠤᠯ ᠲᠠᠭᠰᠢᠭᠤᠷ ︵H7N9 ᠵᠢᠭᠦᠷᠳᠡᠨ ᠤ ᠬᠠᠯᠳᠠᠪᠣᠷᠢᠳᠣ ᠲᠠᠭᠰᠢᠭᠤᠷ ᠬᠦᠮᠦᠨ ᠳᠤ ᠬᠠᠯᠳᠠᠪᠣᠷᠢᠯᠠᠬᠤ ᠶᠢ ᠪᠠᠭᠳᠠᠭᠠᠨ᠎ᠠ︶᠂ ᠣᠯᠠᠭᠠᠨ ᠨᠣᠳ᠂ ᠰᠡᠷᠬᠡᠨᠣᠳ᠂ ᠰᠠᠯᠬᠢᠨ ᠡᠰᠡᠷᠭᠡᠨ᠎ᠡ᠂ ᠳᠠᠬᠤᠣᠯᠳᠣ ᠲᠠᠷᠢᠬᠢᠨ ᠪᠦᠷᠭᠦᠪᠴᠢ ᠶᠢᠨ ᠦᠷᠪᠢᠰᠦᠯ᠂ ᠳᠠᠬᠤᠣᠯᠳᠣ ᠰᠢᠨᠡ ᠶᠢᠨ  ᠪᠣᠯᠴᠢᠷᠬᠠᠢ ᠶᠢᠨ ᠦᠷᠪᠢᠰᠦᠯ ᠵᠢᠴᠢ ᠠᠭᠤᠰᠬᠢᠨ ᠰᠦᠷᠢᠶ᠎ᠡ ᠵᠡᠷᠭᠡ᠃     ᠠᠰᠠᠭᠤᠯᠲᠠ 10᠄ 120 ᠪᠠᠴᠢᠮ ᠠᠪᠣᠷᠠᠯᠲᠠ ᠶᠢᠨ ᠣᠳᠠᠰᠣ ᠠᠪᠬᠤ ᠳᠤ ᠠᠩᠬᠠᠷᠬᠤ ᠴᠢᠬᠤᠯᠲᠠᠢ ᠠᠰᠠᠭᠤᠳᠠᠯ ᠤᠳ ᠶᠠᠮᠠᠷ ᠶᠠᠮᠠᠷ ᠪᠠᠶᠢᠳᠠᠭ ᠪᠣᠢ︖     ᠰᠢ ᠸᠧᠢ ᠳ᠋ᠦᠩ᠄ ① ᠡᠮᠴᠢᠯᠡᠭᠡᠨ ᠤ ᠠᠪᠣᠷᠠᠨ ᠲᠣᠰᠠᠯᠠᠯᠲᠠ ᠶᠢ ᠬᠡᠷᠡᠭᠰᠡᠬᠦ ᠡᠰᠡᠬᠦ ᠪᠠᠨ ᠲᠣᠭᠲᠠᠭᠠᠬᠤ᠃ ② ᠣᠳᠠᠰᠣ ᠠᠪᠬᠤ ᠳᠠᠭᠠᠨ ᠡᠪᠡᠳᠴᠢᠲᠡᠨ ᠤ ᠰᠠᠭᠤᠭ᠎ᠠ ᠭᠠᠵᠠᠷ ᠤᠨ ᠬᠠᠶ᠋ᠢᠭ ᠢ ᠨᠠᠷᠢᠨ ᠲᠣᠳᠣᠷᠬᠠᠢ ᠬᠡᠯᠡᠵᠦ ᠦᠭᠬᠦ ᠃ ③ ᠡᠪᠡᠳᠴᠢᠳᠡᠨ ᠤ ᠣᠪᠣᠭ ᠨᠡᠷ᠎ᠡ᠂ ᠬᠦᠢᠰᠦ᠂ ᠨᠠᠰᠣ ᠵᠢᠯ᠂ ᠣᠳᠠᠰᠣ ᠶᠢᠨ ᠨᠣᠮᠧᠷ ᠢ ᠮᠡᠳᠡᠭᠦᠯᠬᠦ᠃ ④ ᠡᠪᠡᠳᠴᠢᠳᠡᠨ ᠤ  ᠨᠠᠷᠢᠨ ᠪᠠᠶᠢᠳᠠᠯ ᠢ ᠨᠢ ᠳᠣᠳᠣᠷᠬᠠᠢ ᠬᠡᠯᠡᠵᠦ ᠦᠭᠬᠦ᠂ ᠵᠢᠱᠢᠶᠡᠯᠡᠪᠡᠯ ᠮᠡᠳᠡᠭᠡ ᠰᠡᠭᠡᠭᠡ ᠠᠯᠳᠠᠭᠰᠠᠨ᠂ ᠴᠢᠰᠣ ᠪᠠᠷ ᠪᠦᠭᠡᠯᠵᠢᠭᠰᠡᠨ ᠡᠰᠡᠭᠦᠯ᠎ᠡ ᠦᠨᠳᠦᠷ ᠳᠡᠭᠡᠷ᠎ᠡ ᠠᠴᠠ ᠣᠶᠢᠴᠢᠭᠰᠠᠨ ᠵᠡᠷᠭᠡ᠃⑤ ᠬᠡᠷᠪᠡ ᠣᠯᠠᠨ ᠬᠦᠮᠦᠨ ᠰᠢᠷᠬᠠᠳᠣᠭᠰᠠᠨ ᠡᠰᠡᠭᠦᠯ᠎ᠡ ᠬᠤᠣᠷᠠᠳᠣᠭᠳᠠᠭᠰᠠᠨ ᠪᠣᠯ ᠡᠷᠬᠡᠪᠰᠢ ᠠᠳᠡᠯ ᠭᠠᠷᠣᠭᠰᠠᠨ ᠰᠢᠯᠳᠠᠭᠠᠨ ᠢ ᠮᠡᠳᠡᠭᠦᠯᠬᠦ ᠶᠢᠨ ᠬᠠᠮᠳᠣ ᠬᠦᠮᠦᠨ ᠤ ᠲᠤᠭ᠎ᠠ ᠶᠢ ᠶᠡᠭᠡ ᠲᠦᠯᠦᠪ ᠮᠡᠳᠡᠭᠦᠯᠵᠦ᠂ 120 ᠲᠦᠷᠭᠡᠨ ᠠᠪᠣᠷᠠᠯᠲᠠ ᠶᠢᠨ ᠳᠡᠷᠭᠡ ᠲᠣᠬᠢᠷᠠᠭᠤᠯᠬᠤ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠲᠤ ᠮᠡᠳᠡᠭᠦᠯᠬᠦ ᠵᠢᠴᠢ ᠲᠣᠰᠴᠣ ᠠᠪᠤᠨ ᠡᠮᠨᠡᠬᠦ ᠡᠮᠨᠡᠯᠭᠡ ᠳᠤ ᠮᠡᠳᠡᠭᠳᠡᠵᠦ ᠲᠦᠪᠯᠡᠷᠡᠭᠦᠯᠦᠨ ᠣᠨᠣᠰᠢᠯᠠᠬᠤ ᠪᠡᠯᠡᠳᠬᠡᠯ ᠢ ᠰᠠᠶᠢᠳᠣᠷ ᠬᠢᠬᠦ ᠳᠤ ᠪᠡᠯᠡᠬᠡᠨ ᠪᠣᠯᠭᠠᠨ᠎ᠠ᠃ ⑥ 120 ᠲᠦᠷᠬᠡᠨ ᠠᠪᠣᠷᠠᠯᠲᠠ ᠶᠢᠨ ᠣᠳᠠᠰᠣ ᠪᠠᠨ ᠲᠠᠯᠪᠢᠭᠰᠠᠨ ᠤ ᠳᠠᠷᠠᠭ᠎ᠠ ᠲᠦᠷᠭᠡᠨ ᠠᠪᠣᠷᠠᠬᠤ ᠲᠡᠷᠭᠡ ᠶᠢᠨ ᠠᠵᠢᠯᠳᠠᠨ ᠤ ᠬᠠᠷᠢᠯᠴᠠᠬᠤ ᠶᠢ ᠬᠦᠯᠢᠶᠡᠨ᠎ᠡ᠃ ⑦ ᠡᠪᠡᠳᠴᠢᠳᠡᠨ ᠤ ᠠᠪᠴᠣ ᠶᠠᠪᠣᠬᠤ ᠡᠮ ᠤᠨ ᠵᠦᠢᠯ᠂ ᠡᠮᠨᠡᠯᠭᠡ  ᠶᠢᠨ ᠳᠠᠭᠠᠳᠬᠠᠯ ᠤᠨ ᠺᠠᠷᠲ᠂ ᠡᠮᠨᠡᠬᠦᠯᠬᠦ ᠺᠠᠷᠲ᠂ ᠬᠤᠪᠴᠠᠰᠣ ᠬᠤᠨᠠᠷ ᠵᠡᠷᠭᠡ ᠴᠢᠬᠤᠯᠠ ᠪᠦᠬᠦᠢ ᠵᠦᠢᠯ ᠤᠳ ᠢ ᠬᠦᠢᠴᠡᠳ ᠪᠡᠯᠡᠳᠬᠡᠬᠦ ᠬᠡᠷᠡᠭᠲᠡᠢ᠃ ⑧ ᠡᠪᠡᠳᠴᠢᠳᠡᠨ ᠢ ᠲᠣᠰᠴᠣ ᠠᠪᠠᠴᠢᠬᠤ ᠵᠠᠮ ᠢ ᠰᠠᠭᠠᠳ ᠦᠭᠡᠢ ᠨᠡᠪᠳᠡᠷᠬᠡᠢ ᠪᠠᠶᠢᠯᠭᠠᠬᠤ᠃ ⑨ ᠡᠮᠨᠡᠬᠦᠯᠬᠦ ᠡᠮᠨᠡᠯᠭᠡ ᠶᠢᠨ ᠬᠤᠷᠢᠶ᠎ᠠ ᠶᠢ ᠰᠣᠩᠭᠤᠬᠤ ᠳᠤ ᠭᠤᠷᠪᠠᠨ ᠵᠠᠷᠴᠢᠮ ᠪᠣᠢ᠂ ᠨᠢᠭᠡ ᠳᠤ  ᠬᠡᠷ ᠠᠴᠠ ᠪᠠᠨ ᠣᠶᠢᠷᠠᠯᠴᠠᠭ᠎ᠠ ᠪᠠᠶᠢᠬᠤ ᠡᠮᠨᠡᠯᠭᠡ᠂ ᠬᠤᠶᠠᠷ ᠲᠤ ᠪᠠᠴᠢᠮ ᠠᠪᠣᠷᠠᠵᠣ ᠴᠢᠳᠠᠬᠤ᠂ ᠭᠤᠷᠪᠠ ᠳᠤ ᠲᠦᠷᠭᠡᠨ ᠠᠪᠣᠷᠠᠬᠤ ᠴᠢᠳᠠᠪᠣᠷᠢ ᠲᠠᠢ ᠡᠮᠨᠡᠯᠭᠡ ᠶᠢ ᠰᠣᠩᠭᠤᠵᠣ ᠪᠣᠯᠬᠤ ᠪᠣᠯᠪᠠᠴᠣ ᠶᠠᠭᠤᠨ ᠤ ᠡᠮᠦᠨ᠎ᠡ ︽ ᠣᠶᠢᠷᠠᠯᠴᠠᠭ᠎ᠠ ᠡᠮᠨᠡᠯᠭᠡ ᠶᠢᠨ ᠬᠤᠷᠢᠶ᠎ᠠ︾ ᠶᠢ ᠰᠣᠩᠭᠤᠵᠣ ᠴᠠᠭ ᠢ ᠠᠮᠵᠢᠬᠤ ᠨᠢ ᠬᠠᠮᠤᠭ ᠤᠨ ᠴᠢᠬᠤᠯᠠ᠃     ᠠᠰᠠᠭᠤᠯᠲᠠ 11᠄ ᠲᠠᠷᠢᠶᠠᠯᠠᠬᠤ ᠮᠠᠯᠵᠢᠬᠤ ᠣᠷᠣᠨ ᠤ ᠵᠢᠷᠮᠣᠰᠣᠨ ᠬᠦᠩᠭᠡᠵᠢᠬᠦ ᠨᠠᠰᠣᠨ ᠤ ᠡᠮᠡᠭᠳᠡᠶᠢᠴᠣᠳ ᠬᠦᠩᠭᠡᠵᠢᠪᠡᠯ ᠬᠡᠳᠦᠢ ᠨᠦᠬᠦᠪᠦᠷᠢ ᠦᠭᠬᠦ ᠪᠣᠢ︖ ᠲᠠᠷᠢᠶᠠᠴᠢᠨ ᠮᠠᠯᠴᠢᠨ ᠤ ᠡᠮᠨᠡᠯᠭᠡ ᠳᠤ ᠰᠠᠭᠤᠵᠣ ᠬᠦᠩᠭᠡᠵᠢᠭᠰᠡᠨ ᠨᠦᠬᠦᠪᠦᠷᠢ ᠶᠢ ᠠᠪᠬᠤ ᠳᠤ ᠶᠠᠮᠠᠷ ᠶᠠᠮᠠᠷ ᠮᠠᠲ᠋ᠧᠷᠢᠶᠠᠯ ᠤᠳ ᠢ ᠲᠣᠰᠢᠶᠠᠬᠤ ᠪᠣᠢ︖     ᠰᠢ ᠸᠧᠢ ᠳ᠋ᠥᠩ᠄ ᠬᠦᠮᠦᠨ ᠪᠦᠷᠢ ᠳᠤ 300 ᠲᠦᠭᠦᠷᠢᠭ ᠤᠨ ᠨᠦᠬᠦᠪᠦᠷᠢ ᠦᠭᠭᠦᠨ᠎ᠡ᠂ ᠶᠡᠷᠥ ᠳᠡᠭᠡᠨ ᠬᠦᠩᠭᠡᠵᠢᠭᠴᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠲᠡᠪᠳᠡᠷ ᠡᠰᠡᠭᠦᠯ᠎ᠡ ᠬᠠᠮᠢᠶ᠎ᠠ ᠪᠦᠬᠦᠢ ᠬᠡᠷᠡᠴᠢ᠂ ᠡᠮᠨᠡᠯᠭᠡ ᠠᠴᠠ ᠭᠠᠷᠣᠭᠰᠠᠨ ᠳᠡᠮᠳᠡᠭᠯᠡᠯ᠂ ᠡᠮᠨᠡᠯᠭᠡ ᠳᠤ ᠰᠠᠭᠤᠭᠰᠠᠨ ᠬᠡᠷᠡᠴᠢ ᠪᠠᠷᠢᠮᠳᠠ ᠤᠳ ᠪᠡᠯᠡᠳᠬᠡᠪᠡᠯ ᠪᠣᠯᠴᠢᠬᠠᠨ᠎ᠠ᠃     ᠠᠰᠠᠭᠤᠯᠲᠠ 12᠄ ᠰᠣᠪᠢᠯᠠᠭᠴᠢ ᠶᠢ ᠠᠩᠬ᠎ᠠ ᠳᠠᠩᠰᠠᠯᠠᠭᠤᠯᠬᠤ ᠳᠤ ᠶᠠᠮᠠᠷ ᠮᠠᠲ᠋ᠧᠷᠢᠶᠠᠯ ᠬᠡᠷᠡᠭᠰᠡᠬᠦ ᠪᠣᠢ︖ ᠬᠦᠢᠴᠡᠳᠬᠡᠬᠦ ᠴᠠᠭ ᠤᠨ ᠬᠢᠵᠠᠭᠠᠷ ᠨᠢ ᠬᠡᠳᠦᠢ ᠣᠷᠳᠣ ᠪᠣᠢ︖     ᠰᠢ ᠸᠧᠢ ᠳ᠋ᠥᠩ᠄ ᠪᠣᠳᠠᠳᠠᠢ ᠬᠡᠷᠡᠭᠰᠡᠬᠦ ᠮᠠᠲ᠋ᠧᠷᠢᠶᠠᠯ ᠨᠢ ︽ᠰᠣᠪᠢᠯᠠᠭᠴᠢ ᠶᠢ ᠠᠩᠬ᠎ᠠ ᠳᠠᠩᠰᠠᠯᠠᠭᠤᠯᠬᠤ ᠭᠤᠶᠣᠴᠢᠯᠠᠯ ᠤᠨ ᠬᠦᠰᠦᠨᠦᠭᠲᠦ︾ ︵ ᠬᠤᠶᠠᠷ ᠢᠮᠠᠬᠤ ᠶᠢᠨ ᠴᠠᠭᠠᠨ ᠠᠷᠣ ᠲᠠᠢ ᠰᠡᠭᠦᠳᠡᠷ ᠨᠠᠭᠠᠨ᠎ᠠ︶ ᠰᠢᠯᠭᠠᠯᠲᠠ  ᠳᠤ ᠬᠢᠷᠢ ᠲᠡᠩᠴᠡᠭᠰᠡᠨ ᠬᠡᠷᠡᠴᠢ ᠶᠢᠨ ᠣᠣᠯ ᠮᠠᠲ᠋ᠧᠷᠢᠶᠠᠯ ᠵᠢᠴᠢ ᠬᠠᠭᠤᠯᠪᠣᠷᠢ ᠶᠢ 1 ᠬᠤᠪᠢ ᠪᠡᠯᠡᠳᠬᠡᠬᠦ︔ ᠰᠣᠪᠢᠯᠠᠭᠴᠢ ᠶᠢᠨ ᠲᠣᠰᠬᠠᠢ ᠮᠡᠷᠭᠡᠵᠢᠯ ᠤᠨ ᠠᠩᠬᠠᠳᠣᠭᠠᠷ ᠳᠡᠰ ︵ᠰᠣᠪᠢᠯᠠᠭᠴᠢ︶ ᠤᠨ ᠬᠢᠷᠢ ᠬᠡᠮ ᠤᠨ ᠦᠨᠡᠮᠯᠡᠯ  ᠤᠨ ᠣᠣᠯ ᠵᠦᠢᠯ ᠵᠢᠴᠢ ᠬᠠᠭᠤᠯᠪᠣᠷᠢ︔ ᠰᠣᠷᠭᠠᠭᠤᠯᠢ ᠲᠡᠭᠦᠰᠦᠭᠰᠡᠨ ᠦᠨᠡᠮᠯᠡᠯ ᠤᠨ ᠣᠣᠯ ᠵᠦᠢᠯ ᠵᠢᠴᠢ ᠬᠠᠭᠤᠯᠪᠣᠷᠢ︔ ᠭᠤᠶᠣᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠣᠣᠯ ᠵᠦᠢᠯ ᠵᠢᠴᠢ ᠬᠠᠭᠤᠯᠪᠣᠷᠢ︔ ᠠᠵᠢᠯ ᠮᠡᠷᠭᠡᠵᠢᠯ ᠤᠨ ᠡᠮᠨᠡᠯᠭᠡ ᠶᠢᠨ ᠪᠠᠶᠢᠭᠤᠯᠣᠮᠵᠢ ᠶᠢᠨ ᠠᠵᠢᠯ ᠮᠡᠷᠭᠡᠵᠢᠯ ᠡᠷᠬᠢᠯᠡᠬᠦ ᠶᠢ ᠵᠦᠪᠰᠢᠶᠡᠷᠡᠭᠰᠡᠨ ᠦᠨᠡᠮᠯᠡᠯ ᠤᠨ ᠵᠢᠩᠬᠢᠨᠢ ᠳᠡᠪᠳᠡᠷ ᠡᠰᠡᠭᠦᠯ᠎ᠡ ᠳᠡᠳ᠋ ᠳᠡᠪᠳᠡᠷ ᠤᠨ ᠬᠠᠭᠤᠯᠪᠣᠷᠢ︔ ᠣᠷᠢᠬᠤ ᠪᠠᠷ ᠪᠠᠶᠢᠭ᠎ᠠ ᠠᠵᠢᠯ ᠮᠡᠷᠭᠡᠵᠢᠯ ᠤᠨ ᠡᠮᠨᠡᠯᠭᠡ ᠶᠢᠨ ᠪᠠᠶᠢᠭᠤᠯᠣᠮᠵᠢ ᠶᠢᠨ ᠣᠷᠢᠯᠭ᠎ᠠ ᠶᠢᠨ ᠪᠢᠴᠢᠭ︔ ᠬᠤᠶᠠᠳᠣᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠪᠠᠶᠢᠭᠤᠯᠣᠮᠵᠢ ᠳᠤ 8 ᠰᠠᠷ᠎ᠠ ᠠᠴᠠ ᠳᠡᠭᠡᠭᠰᠢ ᠡᠮᠴᠢᠯᠡᠬᠡᠨ ᠤ ᠳᠠᠳᠣᠯᠭ᠎ᠠ ᠬᠢᠭᠰᠡᠨ ᠬᠡᠷᠡᠴᠢ︔ ᠣᠶᠢᠷ᠎ᠠ ᠶᠢᠨ ᠬᠤᠭᠤᠴᠠᠭᠠᠨ ᠳᠤ ᠠᠰ ᠦᠭᠡᠳᠡ ᠠᠴᠠ ᠳᠠᠳᠠᠭᠤᠯᠣᠭᠰᠠᠨ ᠴᠡᠭᠡᠵᠢᠨ ᠪᠡᠶ᠎ᠡ ᠶᠢᠨ ᠴᠠᠭᠠᠨ ᠠᠷᠣ ᠲᠠᠢ ᠦᠩᠭᠡᠲᠦ ᠰᠡᠭᠦᠳᠡᠷ ᠢ 2 ᠪᠡᠯᠡᠳᠬᠡᠬᠦ︔ 6 ᠰᠠᠷ᠎ᠠ ᠶᠢᠨ ᠳᠣᠳᠣᠷ᠎ᠠ ᠬᠤᠶᠠᠳᠣᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠪᠠᠶᠢᠭᠤᠯᠣᠮᠵᠢ ᠳᠤ ᠡᠷᠡᠭᠦᠯ ᠮᠡᠨᠳᠦ ᠶᠢᠨ ᠪᠠᠶᠢᠴᠠᠭᠠᠯᠲᠠ ᠭᠢᠯᠭᠡᠭᠰᠡᠨ ᠬᠡᠷᠡᠴᠢ ᠪᠠᠶᠢᠬᠤ︔ ᠰᠣᠪᠢᠯᠠᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠬᠢᠷᠢ ᠳᠡᠭᠴᠡᠭᠰᠡᠨ ᠠᠴᠠ ᠨᠠᠰᠢ 3 ᠵᠢᠯ ᠳᠣᠳᠣᠷ᠎ᠠ ᠳᠠᠩᠰᠠᠯᠠᠭᠤᠯᠬᠤ ᠪᠦᠷᠢᠳᠬᠡᠯ ᠬᠢᠭᠰᠡᠨ ᠦᠭᠡᠢ ᠬᠦᠮᠦᠰ ᠭᠤᠶᠣᠴᠢᠯᠠᠨ ᠳᠠᠩᠰᠠᠯᠠᠭᠤᠯᠬᠤ ᠳᠠᠭᠠᠨ ᠬᠤᠶᠠᠳᠣᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠪᠠᠶᠢᠭᠤᠯᠣᠮᠵᠢ ᠳᠤ 3 ᠰᠠᠷ᠎ᠠ ᠠᠴᠠ ᠳᠡᠭᠡᠭᠰᠢᠬᠢ ᠪᠣᠯᠪᠠᠰᠣᠷᠠᠯ ᠬᠦᠷᠳᠡᠭᠰᠡᠨ ᠪᠦᠬᠡᠳ ᠬᠢᠨᠠᠨ ᠰᠢᠯᠭᠠᠭᠠᠳ ᠬᠢᠷᠢ ᠳᠡᠩᠴᠡᠭᠰᠡᠨ ᠬᠡᠷᠡᠴᠢ ᠪᠠᠷᠢᠮᠲᠠ ᠪᠠᠶᠢᠬᠤ᠃ ᠬᠤᠰᠢᠭᠤ ᠰᠢᠶᠠᠨ ᠤ ᠳᠡᠰ ᠤᠨ ᠡᠷᠡᠭᠦᠯ ᠬᠠᠮᠠᠭᠠᠯᠠᠯ  ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠦᠪᠬᠡᠨ ᠰᠣᠪᠢᠯᠠᠭᠴᠢ ᠶᠢᠨ ᠳᠠᠩᠰᠠᠯᠠᠭᠤᠯᠬᠤ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠬᠠᠷᠢᠭᠤᠴᠠᠵᠣ᠂ ᠬᠤᠲᠠ ᠶᠢᠨ ᠨᠢᠭᠡᠳᠦᠭᠡᠷ ᠳᠡᠰ ᠤᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ  ᠤ ᠰᠠᠯᠠᠭ᠎ᠠ ᠮᠦᠴᠢᠷ ᠠᠴᠠ ᠳᠠᠩᠰᠠᠯᠠᠭᠤᠯᠣᠨ ᠪᠦᠷᠢᠳᠬᠡᠵᠦ ᠦᠨᠡᠮᠯᠡᠯ ᠲᠠᠷᠬᠠᠭᠠᠬᠤ ᠶᠢ ᠬᠠᠷᠢᠭᠤᠴᠠᠬᠤ ᠪᠣᠯᠣᠨ᠎ᠠ᠃     ᠠᠰᠠᠭᠤᠯᠲᠠ 13᠄ ︽ ᠬᠤᠶᠠᠷ ᠬᠡᠣᠬᠡᠳ ᠠᠪᠴᠣ ᠪᠣᠯᠬᠤ︾ ᠲᠦᠷᠦ ᠶᠢᠨ ᠪᠣᠳᠣᠯᠭ᠎ᠠ ᠶᠢ ᠬᠡᠵᠢᠶ᠎ᠡ ᠠᠴᠠ ᠪᠦᠬᠦ ᠲᠠᠯ᠎ᠠ ᠪᠠᠷ ᠬᠡᠷᠡᠭᠵᠢᠬᠦᠯᠦᠭᠰᠡᠨ ᠪᠣᠢ︖     ᠰᠢ ᠸᠧᠢ ᠳ᠋ᠥᠩ᠄ 2016 ᠣᠨ ᠤ1 ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠪᠡ᠃     ᠠᠰᠠᠭᠤᠯᠲᠠ 14᠄ 2016 ᠣᠨ ᠳᠤ ᠵᠠᠰᠠᠪᠣᠷᠢ ᠣᠷᠣᠭᠤᠯᠣᠭᠰᠠᠨ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠮᠦᠨ ᠠᠮᠠ ᠬᠢᠬᠡᠳ ᠲᠦᠯᠦᠪᠯᠡᠭᠡᠲᠦ ᠦᠷᠡᠵᠢᠯ ᠤᠨ ᠳᠦᠷᠢᠮ︾ ᠤᠨ ᠶᠠᠮᠠᠷ ᠬᠡᠳᠦᠨ ᠵᠦᠢᠯ ᠵᠣᠷᠪᠣᠰ ᠲᠤ ᠰᠢᠨ᠎ᠡ ᠪᠠᠷ ᠵᠠᠰᠠᠪᠣᠷᠢ ᠣᠷᠣᠭᠤᠯᠣᠭᠰᠠᠨ ᠪᠣᠢ︖     ᠰᠢ ᠸᠧᠢ ᠳ᠋ᠥᠩ᠄ ᠵᠠᠰᠠᠪᠣᠷᠢ ᠣᠷᠣᠭᠤᠯᠣᠭᠰᠠᠨ ᠤ ᠳᠠᠷᠠᠭᠠᠬᠢ ︽ ᠳᠦᠷᠢᠮ︾ ᠳᠤ ᠣᠷᠣᠢ ᠣᠷᠣᠭᠯᠠᠬᠤ ᠣᠷᠣᠢ ᠬᠡᠣᠬᠡᠳ ᠠᠪᠣᠬᠤ ᠳᠤ ᠴᠢᠯᠣᠭᠡ ᠲᠠᠯᠪᠢᠬᠤ ᠶᠢ ᠦᠬᠡᠶᠢᠰᠬᠡᠵᠦ᠂  ᠣᠷᠤᠭ ᠤᠨ ᠴᠢᠯᠦᠭᠡ ᠶᠢ 15 ᠡᠳᠦᠷ ᠨᠡᠮᠡᠬᠦ ᠪᠠᠷ ᠳᠣᠳᠣᠷᠬᠠᠢ ᠲᠣᠭᠲᠠᠭᠠᠵᠣ᠂ ᠳᠦᠷᠢᠮ ᠤᠨ ᠲᠣᠭᠲᠠᠭᠠᠯ ᠳᠤ ᠨᠡᠶᠢᠴᠡᠬᠦ ᠦᠷ᠎ᠡ ᠬᠡᠣᠬᠡᠳ ᠲᠠᠢ ᠪᠣᠯᠣᠭᠰᠠᠨ ᠡᠷ᠎ᠡ ᠡᠮ᠎ᠡ ᠬᠤᠶᠠᠭᠤᠯᠠ ᠡᠮᠡᠭᠳᠡᠢ ᠶᠢᠨ ᠲᠠᠯ᠎ᠠ ᠶᠢᠨ ᠬᠢᠨ ᠨᠢ ᠣᠯᠣᠰ ᠤᠨ ᠲᠣᠭᠲᠠᠭᠠᠯ ᠢᠶᠠᠷ ᠬᠦᠩᠬᠡᠵᠢᠯᠲᠡ ᠶᠢᠨ ᠠᠮᠠᠷᠠᠯᠲᠠ ᠠᠪᠬᠤ ᠠᠴᠠ ᠭᠠᠳᠠᠨ᠎ᠠ ᠪᠠᠰᠠ ᠬᠦᠩᠬᠡᠵᠢᠯᠲᠡ ᠶᠢᠨ ᠠᠮᠠᠷᠠᠯᠲᠠ ᠶᠢ 60 ᠡᠳᠦᠷ ᠨᠡᠮᠡᠵᠦ ᠦᠭᠬᠦ ᠪᠠᠷ ᠲᠣᠭᠲᠠᠭᠠᠬᠤ ᠶᠢᠨ ᠬᠠᠮᠳᠣ ᠡᠷᠡᠭᠲᠡᠢ ᠲᠠᠯ᠎ᠠ ᠳᠤ 25 ᠡᠳᠦᠷ ᠤᠨ ᠠᠰᠠᠷᠠᠨ ᠰᠣᠪᠢᠯᠠᠬᠤ ᠴᠢᠯᠣᠭᠡ ᠦᠭᠴᠦ᠂ ᠴᠢᠯᠦᠭᠡ ᠭᠤᠶᠣᠭᠰᠠᠨ ᠬᠤᠭᠤᠴᠠᠭᠠᠨ ᠤ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠨᠢ ᠬᠤᠪᠢᠷᠠᠬᠤ ᠦᠭᠡᠢ᠃     ᠠᠰᠠᠭᠤᠯᠳᠠ 15᠄  ᠬᠡᠣᠬᠡᠳ ᠠᠪᠬᠤ ᠰᠠᠨᠠᠭ᠎ᠠ ᠲᠠᠢ ᠬᠡᠷ ᠪᠦᠯᠢ ᠨᠢ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠤ ᠭᠤᠶᠣᠴᠢᠯᠠᠯ ᠭᠠᠷᠭᠠᠬᠤ ᠪᠠ ᠬᠢᠨᠠᠨ ᠵᠦᠪᠰᠢᠶᠡᠷᠡᠭᠦᠯᠬᠦ ᠴᠢᠬᠤᠯᠠᠲᠠᠢ ᠦᠦ︖     ᠰᠢ ᠸᠧᠢ ᠳ᠋ᠥᠩ᠄ ᠨᠢᠭᠡᠳᠦᠭᠡᠷ ᠬᠡᠣᠬᠡᠳ ᠪᠠ ᠬᠤᠶᠠᠳᠣᠭᠠᠷ ᠬᠡᠣᠬᠡᠳ ᠠᠪᠬᠤ ᠳᠤ ᠬᠢᠨᠠᠨ ᠵᠦᠪᠰᠢᠶᠡᠷᠡᠭᠦᠯᠬᠦ ᠴᠢᠬᠤᠯᠠ ᠦᠭᠡᠢ᠂ ︽ ᠣᠷᠤᠭ ᠤᠨ ᠪᠠᠲᠣᠯᠠᠪᠣᠷᠢ︾ ᠪᠠᠨ ᠠᠪᠴᠣ ᠬᠦᠩᠭᠡᠵᠢᠭᠰᠡᠨ ᠤ ᠳᠠᠷᠠᠭᠠᠬᠢ 60 ᠡᠳᠦᠷ ᠳᠣᠳᠣᠷ᠎ᠠ ᠰᠠᠭᠤᠭ᠎ᠠ ᠰᠣᠮᠣ ᠰᠢᠶᠠᠩ ᠪᠠᠯᠭᠠᠰᠣ ᠶᠢᠨ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠤ ᠬᠦᠷᠴᠦ ᠳᠠᠩᠰᠠᠯᠠᠭᠤᠯᠣᠨ᠎ᠠ᠃ ᠭᠤᠷᠪᠠᠳᠣᠭᠠᠷ ᠬᠡᠣᠬᠡᠳ ᠵᠢᠴᠢ ᠢᠯᠡᠭᠦᠦ ᠬᠡᠣᠬᠡᠳ ᠠᠪᠬᠤ ᠰᠠᠨᠠᠭ᠎ᠠ ᠲᠠᠢ ᠭᠡᠷ ᠪᠦᠯᠢ ᠨᠢ ᠰᠠᠭᠤᠭ᠎ᠠ ᠭᠠᠴᠠᠭ᠎ᠠ ᠪᠣᠶᠣ ᠨᠡᠶᠢᠭᠡᠮ ᠲᠣᠭᠤᠷᠢᠭ ᠲᠤ ᠬᠦᠷᠴᠦ ᠭᠤᠶᠣᠴᠢᠯᠠᠯ ᠭᠠᠷᠭᠠᠵᠣ᠂ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠣᠬᠡᠳ ᠠᠪᠴᠣ ᠪᠣᠯᠣᠨ᠎ᠠ᠃      ᠠᠰᠠᠭᠤᠯᠲᠠ 16᠄ ᠦᠷ᠎ᠡ ᠬᠡᠣᠬᠡᠳ ᠤᠨ ᠦᠨᠳᠦᠰᠦᠲᠡᠨ ᠢ ᠡᠴᠢᠭᠡ ᠡᠬᠡ ᠶᠢᠨ ᠬᠢᠨᠢ ᠠᠯᠢ ᠶᠢ ᠨᠢ ᠳᠠᠭᠠᠭᠤᠯᠵᠣ ᠪᠢᠴᠢᠬᠦ ᠪᠣᠢ︖      ᠰᠢ ᠸᠧᠢ ᠳ᠋ᠥᠩ᠄ ᠡᠴᠢᠭᠡ ᠡᠬᠡ ᠶᠢᠨ ᠬᠡᠨ ᠠᠯᠢ ᠶᠢ ᠨᠢ ᠳᠠᠭᠠᠭᠤᠯᠵᠣ ᠪᠢᠴᠢᠭᠰᠡᠨ ᠴᠦ ᠪᠦᠷ ᠪᠣᠯᠣᠨ᠎ᠠ᠃      ᠠᠰᠠᠭᠤᠯᠲᠠ 17᠄ ᠭᠠᠭᠴᠠ ᠦᠷ᠎ᠡ ᠬᠡᠣᠬᠡᠳ ᠠᠪᠣᠭᠰᠠᠨ ᠡᠴᠢᠭᠡ ᠡᠭᠡ ᠶᠢᠨ ᠢᠷᠠᠭᠤ ᠠᠯᠳᠠᠷ ᠤᠨ ᠦᠨᠡᠮᠯᠡᠯ ᠢ ᠭᠤᠶᠣᠴᠢᠯᠠᠬᠤ ᠨᠦᠬᠦᠴᠡᠯ ᠨᠢ ᠶᠠᠮᠠᠷ ᠪᠣᠢ︖      ᠰᠢ ᠸᠧᠢ ᠳ᠋ᠥᠩ᠄ ᠣᠯᠣᠰ ᠠᠴᠠ ᠨᠢᠭᠡ ᠬᠤᠣᠰ ᠡᠷ᠎ᠡ ᠡᠮ᠎ᠡ ᠵᠦᠪᠬᠡᠨ ᠨᠢᠭᠡ ᠯᠡ ᠬᠡᠣᠬᠡᠳ ᠠᠪᠬᠤ ᠲᠦᠷᠦ  ᠶᠢᠨ ᠪᠣᠳᠣᠯᠭ᠎ᠠ ᠶᠢ ᠬᠡᠷᠡᠭᠵᠢᠬᠦᠯᠵᠦ ᠪᠠᠶᠢᠭᠰᠠᠨ ᠬᠤᠭᠤᠴᠠᠭᠠᠨ ᠳᠤ᠂ ᠰᠠᠶᠢᠨ ᠳᠣᠷ᠎ᠠ ᠠᠴᠠ ᠪᠠᠨ ᠨᠢᠭᠡ ᠨᠠᠰᠣᠨ  ᠳᠠᠭᠠᠨ ᠵᠦᠪᠬᠡᠨ ᠨᠢᠭᠡ ᠯᠡ ᠬᠡᠣᠬᠡᠳ ᠠᠪᠬᠤ ᠪᠣᠶᠣ ᠡᠷᠬᠦᠨ ᠳᠡᠵᠢᠬᠡᠬᠦ᠂ ᠡᠷ᠎ᠡ ᠡᠮ᠎ᠡ ᠬᠤᠶᠠᠭᠤᠯᠠ ᠡᠰᠡᠭᠦᠯ᠎ᠡ ᠡᠷ᠎ᠡ ᠡᠮ᠎ᠡ ᠶᠢᠨ ᠨᠢᠭᠡ ᠲᠠᠯ᠎ᠠ ᠨᠢ ᠲᠣᠰ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ ᠪᠠᠶᠢᠬᠤ᠃ 2015 ᠣᠨ ᠤ 12 ᠰᠠᠷ᠎ᠠ ᠶᠢᠨ 31 ᠤ ᠡᠳᠦᠷ ᠬᠦᠷᠳᠡᠯ᠎ᠡ ᠦᠷ᠎ᠡ ᠬᠡᠣᠬᠡᠳ ᠨᠢ ᠪᠦᠬᠦᠯᠢ 14 ᠨᠠᠰᠣ ᠬᠦᠷᠦᠭᠡᠳᠦᠢ ᠪᠦᠬᠡᠳ ︽ ᠭᠠᠭᠴᠠ ᠦᠷ᠎ᠡ ᠬᠡᠣᠬᠡᠳ ᠲᠠᠢ ᠡᠴᠢᠭᠡ ᠡᠬᠡ ᠶᠢᠨ ᠢᠷᠠᠭᠤ ᠠᠯᠳᠠᠷ ᠤᠨ ᠦᠨᠡᠮᠯᠡᠯ︾ ᠠᠪᠣᠭᠠᠳᠣᠢ ᠡᠷᠬᠡᠲᠦ ᠠᠷᠠᠳ  ᠤᠳ᠃      ᠠᠰᠠᠭᠤᠯᠳᠠ 18᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠬᠡᠰᠡᠭ ᠲᠦᠯᠦᠪᠯᠡᠭᠡᠲᠦ ᠦᠷᠡᠵᠢᠯ ᠤᠨ ᠬᠡᠷ ᠪᠦᠯᠢ ᠨᠢ ᠬᠦᠬᠢᠬᠦᠯᠦᠨ ᠰᠠᠶᠢᠰᠢᠶᠠᠵᠣ ᠲᠡᠳᠭᠦᠭᠳᠡᠬᠦ ᠪᠠᠷ ᠭᠤᠶᠣᠴᠢᠯᠠᠬᠤ ᠨᠦᠬᠦᠴᠡᠯ ᠨᠢ ᠶᠠᠮᠠᠷ ᠪᠣᠢ︖      ᠲᠣᠰ ᠬᠦᠮᠦᠨ ᠵᠢᠴᠢ ᠬᠠᠨᠢ ᠨᠦᠬᠦᠷ ᠨᠢ  ᠴᠦᠮ ᠲᠠᠷᠢᠶᠠᠯᠠᠩ ᠮᠠᠯᠵᠢᠯ ᠤᠨ ᠡᠷᠦᠬᠡ ᠠᠮᠠ ᠡᠰᠡᠭᠦᠯ᠎ᠡ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠡᠷᠦᠬᠡ ᠠᠮᠠ ᠪᠠᠶᠢᠬᠤ︔ 1973 ᠣᠨ ᠠᠴᠠ 2001 ᠣᠨ ᠤ ᠬᠤᠭᠤᠷᠣᠨᠳᠣ ᠲᠦᠯᠦᠪᠯᠡᠭᠡᠲᠦ ᠦᠷᠡᠵᠢᠯ ᠤᠨ ᠬᠠᠣᠯᠢ ᠴᠠᠭᠠᠵᠠ ᠬᠠᠣᠯᠢ ᠲᠣᠭᠲᠠᠭᠠᠯ᠂ ᠳᠦᠷᠢᠮ ᠲᠣᠭᠲᠠᠭᠠᠯ ᠡᠰᠡᠭᠦᠯ᠎ᠡ ᠲᠦᠷᠦ ᠶᠢᠨ ᠪᠣᠳᠣᠯᠭ᠎ᠠ ᠶᠢᠨ ᠲᠣᠭᠲᠠᠭᠠᠯ ᠠᠴᠠ ᠵᠦᠷᠢᠴᠡᠨ ᠬᠡᠣᠬᠡᠳ ᠠᠪᠣᠭᠰᠠᠨ ᠦᠭᠡᠢ︔ ᠨᠢᠭᠡ ᠦᠷ᠎ᠡ ᠬᠡᠣᠬᠡᠳ ᠲᠠᠢ ᠪᠣᠶᠣ ᠬᠤᠶᠠᠷ ᠬᠡᠣᠬᠡᠨ ᠲᠠᠢ ᠡᠰᠡᠭᠦᠯ᠎ᠡ ᠦᠷ᠎ᠡ ᠬᠡᠣᠬᠡᠳ ᠨᠢ ᠦᠬᠦᠵᠦ ᠦᠷ᠎ᠡ ᠬᠡᠣᠬᠡᠳ ᠦᠭᠡᠢ ᠪᠣᠯᠣᠭᠰᠠᠨ ᠪᠦᠬᠦᠯᠢ 58 ᠨᠠᠰᠣ ᠲᠠᠢ ︵ 1933 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠲᠦᠷᠦᠭᠰᠡᠨ︶᠃      ᠠᠰᠠᠭᠤᠯᠲᠠ 19᠄ ᠲᠦᠯᠦᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠨᠢᠭᠡ ᠯᠡ ᠣᠳᠠᠭᠠᠨ ᠤ ᠴᠢᠨᠠᠷᠲᠠᠢ ᠲᠣᠰᠠᠯᠠᠮᠵᠢ ᠶᠢ ᠭᠤᠶᠣᠴᠢᠯᠠᠨ ᠠᠪᠬᠤ ᠨᠢᠬᠦᠴᠡᠯ ᠨᠢ ᠶᠠᠮᠠᠷ ᠪᠣᠢ︖      ᠰᠢ ᠸᠧᠢ ᠳ᠋ᠥᠩ᠄ ᠣᠯᠣᠰ ᠠᠴᠠ ᠨᠢᠭᠡ ᠬᠤᠣᠰ ᠡᠷ᠎ᠡ ᠡᠮ᠎ᠡ ᠨᠢᠭᠡ ᠯᠡ ᠬᠡᠣᠬᠡᠳ ᠠᠪᠴᠣ ᠪᠣᠯᠬᠤ ᠲᠦᠷᠦ  ᠶᠢᠨ ᠪᠣᠳᠣᠯᠭ᠎ᠠ ᠶᠢ ᠬᠡᠷᠡᠭᠵᠢᠬᠦᠯᠵᠦ ᠪᠠᠶᠢᠭᠰᠠᠨ ᠬᠤᠭᠤᠴᠠᠭᠠᠨ ᠳᠤ᠂ ᠰᠠᠶᠢᠨ ᠳᠣᠷ᠎ᠠ ᠠᠴᠠ ᠪᠠᠨ ᠨᠠᠰᠣᠨ ᠲᠣᠷᠰᠢᠳᠠ ᠨᠢᠭᠡ ᠯᠡ ᠬᠡᠣᠬᠡᠳ ᠠᠪᠬᠤ ᠪᠦᠬᠡᠳ ︽ ᠭᠠᠭᠴᠠ ᠬᠡᠣᠬᠡᠳ ᠲᠠᠢ ᠡᠴᠢᠬᠡ ᠡᠬᠡᠴᠦᠦᠯ ᠦᠩᠭᠡ ᠬᠡᠷᠡᠯᠲᠡᠢ︾ ᠬᠡᠬᠦ ᠢᠷᠠᠭᠤ ᠠᠯᠳᠠᠷ ᠤᠨ ᠦᠨᠡᠮᠯᠡᠯ ᠠᠪᠣᠭᠰᠠᠨ ᠡᠷ᠎ᠡ ᠡᠮ᠎ᠡ ᠤᠨ ᠭᠠᠭᠴᠠ ᠦᠷ᠎ᠡ ᠬᠡᠣᠬᠡᠳ ᠨᠢ ᠰᠠᠨᠠᠭᠠᠨ ᠳᠤ ᠦᠭᠡᠢ ᠠᠳᠡᠯ ᠠᠴᠠ ᠵᠡᠮᠳᠡᠭ ᠪᠣᠯᠣᠭᠰᠠᠨ ︵ ᠭᠤᠷᠪᠠᠳᠣᠭᠠᠷ ᠳᠡᠰ ᠠᠴᠠ ᠳᠡᠭᠡᠭᠰᠢ ᠵᠡᠮᠳᠡᠭ ᠪᠣᠯᠣᠭᠰᠠᠨ︶᠂ ᠦᠬᠦᠭᠰᠡᠨ ᠪᠣᠯᠪᠠᠴᠣ ᠳᠠᠬᠢᠨ ᠦᠷ᠎ᠡ ᠬᠡᠣᠬᠡᠳ ᠠᠪᠬᠤ ᠦᠭᠡᠢ ᠪᠠ ᠡᠷᠭᠦᠨ ᠲᠡᠵᠢᠬᠡᠬᠦ ᠦᠭᠡᠢ᠂ ᠡᠮᠡᠭᠲᠡᠢ ᠶᠢᠨ ᠲᠠᠯ᠎ᠠ ᠨᠢ ᠪᠦᠬᠦᠯᠢ 49 ᠨᠠᠰᠣ ᠬᠦᠷᠦᠭᠰᠡᠨ︔ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠮᠦᠨ ᠠᠮᠠ ᠪᠠ ᠲᠦᠯᠦᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠦᠯᠦᠪᠯᠡᠭᠡᠲᠦ ᠦᠷᠡᠵᠢᠯ ᠤᠨ ᠬᠡᠷ ᠪᠦᠯᠢ ᠶᠢ ᠣᠨᠴᠠᠭᠠᠶᠢᠯᠠᠨ ᠲᠡᠳᠬᠦᠬᠦ ᠲᠦᠷᠢᠮ  ᠢ ᠬᠡᠷᠡᠭᠵᠢᠬᠦᠯᠬᠦ  ᠲᠦᠰᠦᠯ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ᠤᠨ ᠲᠣᠭᠲᠠᠭᠠᠯ ᠢᠶᠠᠷ ᠲᠡᠳᠬᠦᠬᠦ ᠡᠳᠡᠭᠡᠳ ᠢ ᠳᠣᠳᠣᠷᠬᠠᠶᠢᠯᠠᠬᠤ ᠨᠦᠬᠦᠴᠡᠯ ᠢᠶᠠᠷ ᠪᠠᠷᠢᠮᠵᠢᠶ᠎ᠠ ᠪᠣᠯᠭᠠᠬᠤ︔ ︽ᠭᠠᠭᠴᠠ ᠦᠷ᠎ᠡ ᠬᠡᠣᠬᠡᠳ ᠲᠠᠢ ᠡᠴᠢᠭᠡ ᠡᠭᠡᠴᠦᠦᠯ ᠦᠩᠭᠡ ᠭᠡᠷᠡᠯᠲᠡᠢ ᠬᠡᠬᠦ ᠦᠨᠡᠮᠯᠡᠯ︾ ᠢ ᠠᠪᠣᠭᠰᠠᠨ ᠪᠣᠯᠪᠠᠴᠣ ᠦᠨᠡᠮᠯᠡᠯ ᠢᠶᠠᠨ ᠬᠡᠬᠡᠵᠦ ᠣᠷᠬᠢᠭᠳᠠᠭᠤᠯᠣᠭᠰᠠᠨ ᠠᠴᠠ ᠦᠨᠡᠮᠯᠡᠯ ᠢᠶᠠᠨ ᠬᠠᠩᠭᠠᠭᠠᠵᠣ ᠴᠢᠳᠠᠬᠤ ᠦᠭᠡᠢ ᠪᠣᠯᠣᠭᠰᠠᠨ ᠪᠠᠶᠢᠪᠠᠯ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ︵ ᠰᠠᠭᠤᠭᠠᠯᠢ︶ ᠶᠢᠨ ᠵᠦᠪᠯᠡᠯ ᠠᠴᠠ ᠦᠷᠡᠵᠢᠯ ᠤᠨ ᠪᠠᠶᠢᠳᠠᠯ ᠢ ᠬᠡᠷᠡᠴᠢᠯᠡᠨ᠎ᠡ᠃ ᠭᠠᠭᠴᠠ ᠦᠷ᠎ᠡ ᠬᠡᠣᠬᠡᠳ ᠨᠢ ᠵᠡᠮᠳᠡᠭ ᠪᠣᠯᠣᠭᠰᠠᠨ ᠭᠡᠷ ᠪᠦᠯᠢ ᠨᠢ ᠣᠷᠤᠭ ᠰᠠᠯᠣᠭᠰᠠᠨ ᠪᠠᠶᠢᠪᠠᠯ᠂ ᠬᠡᠣᠬᠡᠳ ᠢ ᠠᠰᠠᠷᠠᠨ ᠲᠡᠵᠢᠭᠡᠵᠦ ᠪᠠᠶᠢᠬᠤ ᠨᠢᠭᠡ ᠲᠠᠯ᠎ᠠ ᠨᠢ ᠨᠢᠭᠡ ᠣᠳᠠᠭᠠᠨ ᠤ ᠴᠢᠨᠠᠷᠲᠠᠢ ᠲᠣᠰᠠᠯᠠᠮᠵᠢ ᠶᠢᠨ ᠮᠦᠩᠬᠦ ᠶᠢ ᠭᠤᠶᠣᠴᠢᠯᠠᠨ ᠠᠪᠴᠣ ᠪᠣᠯᠣᠨ᠎ᠠ︔ ᠭᠠᠭᠴᠠ ᠦᠷ᠎ᠡ ᠬᠡᠣᠬᠡᠳ ᠨᠢ ᠦᠬᠦᠭᠰᠡᠨ ᠬᠡᠷ ᠪᠦᠯᠢ ᠣᠷᠤᠭ ᠰᠠᠯᠣᠭᠰᠠᠨ ᠪᠠᠶᠢᠪᠠᠯ ᠵᠠᠷᠴᠢᠮ ᠳᠡᠭᠡᠷ᠎ᠡ ᠪᠠᠨ ᠡᠷ᠎ᠡ ᠡᠮ᠎ᠡ ᠬᠤᠶᠠᠭᠤᠯᠠ ᠪᠠᠨ ᠲᠣᠰ ᠲᠣᠰ 50% ᠶᠢᠨ ᠲᠣᠰᠠᠯᠠᠮᠵᠢ ᠶᠢᠨ ᠮᠦᠩᠬᠦ ᠶᠢ ᠠᠪᠴᠣ ᠪᠣᠯᠬᠤ ᠪᠣᠯᠪᠠᠴᠣ ᠪᠣᠳᠠᠳᠠᠢ ᠪᠠᠶᠢᠳᠠᠯ ᠳᠤ ᠲᠣᠬᠠᠢ ᠶᠢᠨ ᠬᠦᠮᠦᠨ ᠳᠤᠨᠢ ᠠᠰᠢᠭᠲᠠᠢ ᠪᠠᠶᠢᠬᠤ ᠵᠠᠷᠴᠢᠮ ᠢᠶᠠᠷ ᠭᠤᠶᠣᠴᠢᠯᠠᠨ ᠠᠪᠬᠤ ᠨᠦᠬᠦᠴᠡᠯ ᠢ ᠲᠣᠭᠲᠠᠭᠠᠨ᠎ᠠ︔ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠨᠢ ᠠᠳᠠᠯᠢ ᠪᠣᠰᠣ ᠭᠠᠵᠠᠷ ᠲᠤ ᠪᠠᠶᠢᠪᠠᠯ ᠭᠤᠶᠣᠴᠢᠯᠠᠨ ᠠᠪᠬᠤ ᠭᠠᠵᠠᠷ ᠢᠶᠠᠨ ᠦᠪᠡᠰᠦᠪᠡᠨ ᠰᠣᠩᠭᠤᠵᠣ ᠪᠣᠯᠣᠨ᠎ᠠ᠂ ᠬᠡᠪᠡᠴᠦ ᠨᠦᠬᠦᠭᠡ ᠨᠢᠭᠡ ᠲᠠᠯ᠎ᠠ ᠨᠢ ᠳᠡᠳᠬᠦᠭᠳᠡᠬᠦ ᠮᠦᠩᠬᠦ ᠶᠢ ᠠᠪᠣᠭᠰᠠᠨ ᠦᠭᠡᠢ ᠭᠡᠭᠰᠡᠨ ᠭᠡᠷᠡᠴᠢ ᠪᠠᠶᠢᠬᠤ ᠬᠡᠷᠡᠭᠲᠡᠢ᠃     ᠠᠰᠠᠭᠤᠯᠲᠠ 20᠄ ᠨᠡᠬᠦᠳᠡᠯ ᠬᠦᠮᠦᠨ ᠠᠮᠠ ᠣᠳᠣᠬᠢ ᠰᠠᠭᠤᠭ᠎ᠠ ᠭᠠᠵᠠᠷ ᠲᠠᠭᠠᠨ ᠡᠷᠡᠭᠦᠯ ᠬᠠᠮᠠᠭᠠᠯᠠᠯ ᠤᠨ ᠶᠠᠮᠠᠷ ᠶᠠᠮᠠᠷ ᠦᠨᠳᠦᠰᠦᠨ ᠦᠢᠯᠡᠴᠢᠯᠡᠬᠡᠨ ᠢ ᠬᠦᠷᠳᠡᠵᠦ ᠪᠣᠯᠬᠤ ᠪᠣᠢ︖     ᠰᠢ ᠸᠧᠢ ᠳ᠋ᠥᠩ᠄ ᠣᠳᠣᠬᠢ ᠭᠠᠵᠠᠷ ᠲᠠᠭᠠᠨ ᠨᠢᠭᠡ ᠰᠠᠷ᠎ᠠ ᠠᠴᠠ ᠳᠡᠭᠡᠭᠰᠢ ᠰᠠᠭᠤᠵᠣ ᠪᠠᠶᠢᠭ᠎ᠠ ᠨᠡᠬᠦᠳᠡᠯ ᠬᠦᠮᠦᠨ ᠳᠤ ᠡᠷᠡᠭᠦᠯ ᠮᠡᠨᠳᠦ ᠶᠢᠨ ᠬᠦᠮᠦᠵᠢᠯ ᠪᠠ ᠡᠷᠡᠭᠦᠯ ᠮᠡᠨᠳᠦ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠣ᠂ ᠣᠷᠣᠭᠯᠠᠭᠰᠠᠨ ᠬᠦᠩᠭᠡᠵᠢᠬᠦ ᠨᠠᠰᠣᠨ ᠤ ᠡᠮᠡᠭᠳᠡᠶᠢᠴᠣᠳ ᠲᠤ ᠣᠯᠣᠰ ᠠᠴᠠ ᠲᠣᠭᠲᠠᠭᠠᠭᠰᠠᠨ ᠲᠦᠯᠦᠪᠯᠡᠭᠡᠲᠦ ᠦᠷᠡᠵᠢᠯ ᠤᠨ ᠮᠡᠷᠭᠡᠵᠢᠯ ᠪᠠ ᠵᠢᠷᠣᠮᠰᠣᠯᠠᠬᠦ ᠶᠢ ᠬᠤᠷᠢᠭᠯᠠᠬᠤ ᠡᠮ ᠪᠣᠯᠣᠨ ᠪᠠᠭᠠᠵᠢ ᠶᠢ ᠵᠠᠷᠣᠳᠠᠯ ᠦᠭᠡᠢ ᠪᠠᠷ ᠬᠠᠩᠭᠠᠨ᠎ᠠ︔ ᠣᠳᠣᠬᠢ ᠭᠠᠵᠠᠷ ᠲᠠᠭᠠᠨ 3 ᠰᠠᠷ᠎ᠠ ᠠᠴᠠ ᠳᠡᠭᠡᠭᠰᠢ ᠰᠠᠭᠤᠵᠣ ᠪᠠᠶᠢᠭ᠎ᠠ 0 — 6 ᠨᠠᠰᠣᠨ ᠤ ᠨᠡᠬᠦᠳᠡᠯ ᠬᠦᠮᠦᠨ ᠠᠮᠠ ᠳᠤ ᠦᠨ᠎ᠡ ᠲᠦᠯᠦᠪᠦᠷᠢ ᠦᠭᠡᠢ ᠪᠠᠷ ᠲᠦᠯᠦᠪᠯᠡᠭᠡ ᠲᠠᠢ ᠪᠠᠷ ᠦᠯᠦ ᠬᠠᠯᠳᠠᠭᠠᠬᠤ ᠪᠠ ᠸᠠᠺᠼᠢᠨ ᠲᠠᠷᠢᠬᠤ ᠦᠢᠯᠡᠴᠢᠯᠡᠭᠡ ᠬᠠᠩᠭᠠᠨ᠎ᠠ︔ ᠣᠳᠣᠬᠢ ᠭᠠᠵᠠᠷ ᠲᠠᠭᠠᠨ 6 ᠰᠠᠷ᠎ᠠ ᠠᠴᠠ ᠳᠡᠭᠡᠭᠰᠢ ᠰᠠᠭᠤᠵᠣ ᠪᠠᠶᠢᠭ᠎ᠠ ᠨᠡᠭᠦᠳᠡᠯ ᠬᠦᠮᠦᠨ ᠠᠮᠠ ᠳᠤ ᠦᠨ᠎ᠡ ᠲᠦᠯᠦᠪᠦᠷᠢ ᠦᠭᠡᠢ ᠪᠠᠷ ᠲᠦᠷᠢᠮᠵᠢᠭᠰᠡᠨ ᠡᠷᠡᠭᠦᠯ ᠮᠡᠨᠳᠦ ᠶᠢᠨ ᠲᠣᠬᠠᠢ ᠡᠯᠧᠺᠲᠷᠣᠨ ᠳᠠᠩᠰᠠ ᠡᠪᠬᠡᠮᠡᠯ ᠪᠠᠶᠢᠭᠤᠯᠣᠨ ᠦᠭᠴᠦ᠂ ᠬᠡᠣᠬᠡᠳ ᠪᠠ ᠡᠮᠡᠭᠳᠡᠶᠢᠴᠣᠳ ᠲᠤ ᠡᠷᠡᠭᠦᠯᠵᠢᠯ ᠤᠨ ᠭᠠᠷ ᠳᠡᠪᠳᠡᠷ ᠬᠢᠵᠦ ᠦᠭᠭᠦᠨ᠎ᠡ᠃     ᠳᠡᠭᠦᠰᠬᠡᠯ ᠤᠨ ᠦᠭᠡ     ᠰᠢ ᠸᠧᠢ ᠳ᠋ᠥᠩ᠄ ᠲᠣᠰ ᠣᠳᠠᠭᠠᠨ ᠤ ᠰᠣᠷᠪᠣᠯᠵᠢᠯᠠᠨ ᠶᠠᠷᠢᠯᠴᠠᠬᠤ ᠪᠠᠷ ᠳᠠᠮᠵᠢᠨ ᠪᠦᠬᠦ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠠᠵᠢᠯ ᠤᠨ ᠲᠣᠬᠠᠢ ᠰᠠᠨᠠᠯ ᠢᠶᠠᠨ ᠰᠣᠯᠢᠯᠴᠠᠵᠣ᠂ ᠮᠠᠰᠢ ᠰᠠᠶᠢᠨ ᠦᠷ᠎ᠡ ᠳ᠋ᠥᠩ ᠳᠤ ᠬᠦᠷᠦᠭᠰᠡᠨ ᠪᠠᠶᠢᠨ᠎ᠠ᠃ ᠬᠦᠯᠢᠶᠡᠨ ᠠᠪᠣᠭᠰᠠᠨ ᠪᠣᠰᠣᠳ ᠠᠰᠠᠭᠤᠳᠠᠯ ᠢ ᠪᠢᠳᠡ ᠵᠦᠢᠯ ᠵᠣᠷᠪᠣᠰ ᠳᠠᠷᠠᠭᠠᠯᠠᠨ ᠡᠮᠬᠢᠳᠬᠡᠵᠦ᠂ ᠨᠢᠮᠪᠠᠢ ᠨᠠᠶᠢᠳᠠᠪᠣᠷᠢᠵᠢᠭᠤᠯᠣᠨ᠂ ᠴᠠᠭ ᠲᠣᠬᠠᠢ ᠳᠤᠨᠢ ᠬᠠᠷᠢᠭᠤ ᠲᠣᠰᠬᠠᠬᠤ ᠪᠣᠯᠣᠨ᠎ᠠ᠃ ᠬᠡᠷᠪᠡ ᠳᠠᠨᠠᠷ ᠪᠣᠰᠣᠳ ᠠᠰᠠᠭᠤᠳᠠᠯ ᠪᠠᠶᠢᠪᠠᠯ ᠰᠦᠯᠵᠢᠶᠡᠨ ᠦᠷᠳᠡᠭᠡ ᠶᠢᠨ ᠵᠠᠬᠢᠳᠠᠯ ᠤᠨ ᠬᠠᠶᠢᠷᠴᠠᠭ ᠡᠰᠡᠭᠦᠯ᠎ᠡ ᠨᠢᠭᠡᠴᠡ ᠶᠢᠨ ᠣᠳᠠᠰᠣ ᠶᠢ ᠠᠪᠴᠣ ᠴᠠᠭ ᠢᠮᠠᠭᠳᠠ ᠪᠢᠳᠡ ᠲᠠᠢ ᠬᠠᠷᠢᠯᠴᠠᠵᠣ ᠪᠣᠯᠣᠨ᠎ᠠ᠃ ᠮᠠᠨ ᠤ ᠠᠵᠢᠯᠳᠠᠳ ᠠᠴᠠ ᠬᠠᠮᠤᠭ ᠣᠬᠤᠷ ᠬᠤᠭᠤᠴᠠᠭᠠᠨ ᠳᠤ ᠲᠠᠨᠣᠰ ᠲᠤ ᠬᠠᠮᠤᠭ ᠬᠠᠨᠣᠮᠵᠢ ᠲᠠᠢ ᠬᠠᠷᠢᠭᠤᠯᠲᠠ ᠦᠭᠬᠦ ᠶᠣᠮ᠃ ᠡᠴᠦᠰ ᠲᠤ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠣᠪᠴᠢᠶ᠎ᠠ ᠶᠢᠨ ᠠᠵᠢᠯ ᠢ ᠣᠶᠢᠯᠠᠭᠠᠵᠣ᠂ ᠳᠡᠮᠵᠢᠵᠦ ᠬᠠᠯᠠᠮᠵᠢᠯᠠᠨ ᠠᠩᠬᠠᠷᠴᠣ ᠪᠠᠶᠢᠬᠤ ᠳᠤ ᠴᠢᠩ ᠰᠡᠳᠬᠢᠯ ᠤᠨ ᠲᠠᠯᠠᠷᠬᠠᠯ ᠳᠡᠪᠰᠢᠬᠦᠯᠵᠦ ᠪᠠᠶᠢᠨ᠎ᠠ᠂ ᠡᠬᠦᠨ ᠤ ᠬᠠᠮᠳᠣ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠠᠨ ᠦᠷᠳᠡᠭᠡ ᠶᠢᠨ ᠪᠦᠬᠦ ᠠᠵᠢᠯᠳᠠᠳ ᠤᠨ ᠰᠢᠷᠭᠠᠭᠤ ᠠᠵᠢᠯᠯᠠᠭ᠎ᠠ ᠳᠤ ᠴᠢᠨᠢ ᠳᠠᠯᠠᠷᠬᠠᠵᠣ ᠪᠠᠶᠢᠬᠤ ᠪᠠᠨ ᠢᠯᠡᠳᠬᠡᠶ᠎ᠡ︕ ᠪᠠᠶᠠᠷᠲᠠᠢ︕
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号