ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽  ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠢᠳᠡᠬᠡᠮᠵᠢ ᠲᠠᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠭᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠦ ᠨᠡᠶᠢᠬᠡᠮ ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠬᠤ ᠬᠡᠷᠡᠭᠵᠢᠬᠦᠯᠦᠯᠲᠡ ᠶᠢᠨ ᠲᠦᠰᠦᠯ︾ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018/3/23
               ᠡᠸ᠋ᠨᠩᠬᠢ ᠵᠠᠰᠠᠭ ᠠᠯᠪᠠᠨ ᠲᠠᠷᠬᠠᠭᠠᠭᠰᠠᠨ ﹇2018﹈ 1 ᠳ᠋ᠣᠭᠡᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ᠄     ᠣᠳᠣ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠭᠤ ᠬᠤᠰᠢᠭᠤᠨ ᠤ ᠢᠳᠡᠬᠡᠮᠵᠢ ᠲᠠᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠦ ᠨᠡᠶᠢᠬᠡᠮ ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠬᠤ ᠬᠡᠷᠡᠭᠵᠢᠬᠦᠯᠦᠯᠲᠡ ᠶᠢᠨ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠬᠢᠨᠠᠮᠠᠭᠠᠢ ᠲᠣᠣᠱᠯᠠᠭᠤᠯᠣᠨ ᠬᠡᠷᠡᠭᠵᠢᠬᠦᠯᠳᠦᠭᠡᠢ᠃     ᠡᠬᠦᠨ ᠤ ᠲᠣᠯᠠ ᠮᠡᠳᠡᠭᠳᠡᠪᠡ                                                                                                                                                    2018 ᠣᠨ ᠤ 1 ᠰᠠᠷ᠎ᠠ ᠶᠢᠨ 9 ᠤ ᠡᠳᠦᠷ                         ᠡᠸ᠋ᠨᠩᠬᠢ  ᠦᠨᠳᠦᠰᠦᠲᠡᠨ   ᠤ   ᠦᠪᠡᠷᠲᠡᠭᠡᠨ   ᠵᠠᠰᠠᠬᠤ   ᠬᠤᠰᠢᠭᠤᠨ   ᠤ       ᠢᠳᠡᠬᠡᠮᠵᠢ ᠲᠠᠢ  ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ  ᠪᠠ  ᠢᠳᠡᠬᠡᠮᠵᠢ       ᠦᠭᠡᠢ ᠶᠢ  ᠬᠠᠮᠳᠣᠷᠠᠨ  ᠵᠠᠯᠬᠠᠭᠠᠨ  ᠴᠡᠭᠡᠷᠯᠡᠬᠦᠯᠬᠦ  ᠳᠦᠷᠢᠮ   ᠢ  ᠪᠠᠶᠢᠭᠤᠯᠣᠨ       ᠲᠡᠭᠦᠯᠳᠡᠷᠵᠢᠬᠦᠯᠵᠦ ᠨᠡᠶᠢᠬᠡᠮ ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ       ᠲᠦᠷᠭᠡᠳᠬᠡᠨ     ᠠᠬᠢᠭᠤᠯᠬᠤ      ᠬᠡᠷᠡᠭᠵᠢᠬᠦᠯᠦᠯᠲᠡ     ᠶᠢᠨ    ᠲᠦᠰᠦᠯ          ︽ᠬᠦᠯᠦᠨ ᠪᠣᠶᠢᠷ ᠬᠤᠲᠠ ᠶᠢᠨ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠦ ᠨᠡᠶᠢᠬᠡᠮ  ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠬᠤ ᠬᠡᠷᠡᠭᠵᠢᠬᠦᠯᠦᠯᠲᠡ ᠶᠢᠨ ᠲᠦᠰᠦᠯ︾ ︵ ᠭᠦᠯᠦᠨ ᠵᠠᠰᠠᠭ ᠠᠯᠪᠠᠨ ᠲᠠᠷᠬᠠᠭᠠᠭᠰᠠᠨ ﹇2017﹈ 42 ᠳ᠋ᠣᠭᠠᠷ ᠲᠣᠭᠠᠳᠣ︶ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ ᠢᠳᠡᠬᠡᠮᠵᠢ ᠲᠠᠢ ᠶᠢ ᠬᠠᠮᠳᠣᠷᠠᠨ ᠤᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠦᠷᠢᠮ ᠢ ᠪᠠᠶᠢᠭᠤᠯᠣᠨ ᠲᠡᠭᠦᠯᠳᠡᠷᠵᠢᠬᠦᠯᠵᠦ᠂ ᠨᠡᠶᠢᠭᠡᠮ ᠤᠨ ᠢᠳᠡᠬᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠬᠤ ᠶᠢᠨ ᠲᠦᠯᠦᠭᠡ᠂ ᠬᠤᠰᠢᠭᠤᠨ ᠤ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠲᠦᠰᠦᠯ ᠢ ᠲᠣᠭᠲᠠᠭᠠᠪᠠ᠃      ᠨᠢᠬᠡ᠂ ᠶᠡᠷᠥᠩᠬᠡᠢ ᠴᠣᠭᠴᠠ ᠶᠢᠨ ᠰᠡᠳᠬᠢᠴᠡ      ︵ ᠨᠢᠬᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠵᠢᠴᠢ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠨᠡᠶᠢᠬᠡᠮ ᠤᠨ ᠢᠳᠡᠬᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠵᠣ᠂ ᠢᠳᠡᠬᠡᠮᠵᠢ ᠶᠢᠨ ᠲᠣᠬᠠᠢ ᠮᠡᠳᠡᠭᠡ ᠵᠠᠩᠬᠢ ᠶᠢ ᠢᠯᠡ ᠪᠣᠯᠭᠠᠵᠣ ᠬᠠᠮᠳᠣᠪᠡᠷ ᠡᠳ᠋ᠯᠡᠬᠦ ᠶᠢ ᠴᠢᠩᠭᠠᠳᠬᠠᠵᠣ᠂ ᠢᠳᠡᠬᠡᠮᠵᠢ ᠪᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠭᠲᠠᠴᠠ᠂ ᠵᠠᠰᠠᠭ ᠤᠨ ᠣᠷᠳᠣᠨ᠂ ᠨᠡᠶᠢᠬᠡᠮ ᠠᠴᠠ ᠬᠠᠮᠳᠣᠪᠡᠷ ᠣᠷᠣᠯᠴᠠᠭᠰᠠᠨ᠂ ᠭᠠᠵᠠᠷ ᠣᠷᠣᠨ ᠠᠯᠣᠰᠯᠠᠭᠰᠠᠨ᠂ ᠰᠠᠯᠠᠭ᠎ᠠ ᠮᠦᠴᠢᠷ ᠪᠠ ᠣᠷᠣᠨ ᠪᠦᠰᠡ ᠠᠯᠣᠰᠯᠠᠭᠰᠠᠨ ᠢᠳᠡᠬᠡᠮᠵᠢ  ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠲᠣᠭᠲᠠᠴᠠ ᠪᠠ ᠢᠳᠡᠬᠡᠮᠵᠢ ᠦᠬᠡᠢ ᠶᠢ ᠬᠠᠮᠳᠣᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠣ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠣᠯᠢ ᠶᠣᠰᠣᠭᠠᠷ ᠦᠨᠡᠨᠴᠢ ᠢᠳᠡᠬᠡᠮᠵᠢ ᠲᠠᠢ ᠪᠠᠷ ᠡᠵᠡᠩᠨᠡᠯᠲᠡ ᠬᠢᠬᠦ ᠶᠢ ᠠᠬᠢᠭᠤᠯᠵᠣ᠂ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠣᠮ ᠢ ᠬᠠᠮᠠᠭᠠᠯᠠᠵᠣ᠂ ᠨᠡᠶᠢᠬᠡᠮ ᠤᠨ ᠦᠨᠡᠨᠴᠢ ᠢᠳᠡᠬᠡᠮᠵᠢᠲᠦ ᠣᠷᠴᠢᠨ ᠢ ᠪᠣᠢ ᠪᠣᠯᠭᠠᠨ᠎ᠠ᠃      ︵ ᠬᠤᠶᠠᠷ︶ ᠦᠨᠳᠦᠰᠦᠨ ᠵᠠᠷᠴᠢᠮ     ᠦᠨᠡᠨᠴᠢ ᠢᠳᠡᠬᠡᠮᠵᠢ ᠲᠠᠢ ᠶᠢ ᠰᠠᠶᠢᠰᠢᠶᠠᠨ ᠬᠦᠬᠢᠬᠦᠯᠵᠦ᠂ ᠢᠳᠡᠬᠡᠮᠵᠢ ᠦᠭᠡᠢ ᠶᠢ ᠵᠠᠯᠬᠠᠭᠠᠨ ᠴᠡᠭᠡᠷᠯᠡᠬᠦᠯᠦᠨ᠎ᠡ᠃ ᠢᠳᠡᠬᠡᠮᠵᠢ ᠪᠠᠷ ᠣᠷᠮᠠᠰᠢᠭᠤᠯᠬᠤ ᠪᠠ ᠬᠢᠵᠠᠭᠠᠷᠯᠠᠬᠤ ᠠᠷᠭ᠎ᠠ ᠪᠠᠷᠢᠯ ᠢ ᠬᠦᠢᠴᠡᠳ ᠠᠰᠢᠭᠯᠠᠵᠣ᠂ ᠦᠨᠡᠨᠴᠢ ᠢᠳᠡᠬᠡᠮᠵᠢ  ᠲᠠᠢ ᠭᠤᠣᠯ ᠴᠣᠭᠴᠠ ᠶᠢ ᠣᠷᠮᠠᠰᠢᠭᠤᠯᠬᠤ ᠪᠠ ᠲᠣᠶᠢᠯ ᠤᠨ ᠢᠳᠡᠬᠡᠮᠵᠢ ᠦᠬᠡᠢ ᠭᠤᠣᠯ ᠴᠣᠭᠴᠠ ᠶᠢ ᠵᠠᠯᠬᠠᠭᠠᠨ ᠴᠡᠭᠡᠷᠯᠡᠬᠦᠯᠬᠦ ᠬᠦᠴᠦᠯᠡᠴᠡ ᠪᠠᠨ ᠴᠢᠩᠭᠠᠷᠠᠭᠤᠯᠵᠣ᠂ ᠦᠨᠡᠨᠴᠢ ᠢᠳᠡᠬᠡᠮᠵᠢᠲᠡᠢ ᠳᠤᠨᠢ ᠠᠰᠢᠭ ᠬᠦᠷᠳᠡᠬᠡᠵᠦ᠂ ᠢᠳᠡᠬᠡᠮᠵᠢ ᠦᠭᠡᠢ ᠶᠢ ᠨᠢ ᠬᠢᠵᠠᠭᠠᠷᠯᠠᠵᠣ᠂ ᠦᠨᠡᠨᠴᠢ ᠢᠳᠡᠬᠡᠮᠵᠢ ᠲᠠᠢ ᠶᠢ ᠮᠠᠬᠳᠠᠨ ᠰᠠᠶᠢᠰᠢᠶᠠᠵᠣ᠂ ᠢᠳᠡᠬᠡᠮᠵᠢ ᠦᠭᠡᠢ ᠶᠢ ᠵᠠᠯᠬᠠᠭᠠᠨ ᠴᠡᠭᠡᠷᠯᠡᠬᠦᠯᠬᠦ ᠳᠦᠷᠢᠮ ᠲᠣᠭᠲᠠᠴᠠ ᠶᠢ ᠪᠦᠷᠢᠯᠳᠦᠬᠦᠯᠦᠨ᠎ᠡ᠃     ᠰᠠᠯᠠᠭ᠎ᠠ ᠮᠦᠴᠢᠷ ᠤᠳ ᠬᠤᠯᠪᠣᠭᠠᠯᠠᠨ ᠬᠦᠳᠡᠯᠦᠯᠴᠡᠵᠦ᠂ ᠨᠡᠶᠢᠬᠡᠮ ᠠᠴᠠ ᠬᠠᠮᠵᠢᠯᠴᠠᠨ᠎ᠠ᠃ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠵᠣ ᠬᠠᠮᠳᠣᠪᠡᠷ ᠡᠳ᠋ᠯᠡᠬᠦ ᠪᠠᠷ ᠳᠠᠮᠵᠢᠭᠤᠯᠣᠨ᠂ ᠰᠠᠯᠠᠭ᠎ᠠ ᠮᠦᠴᠢᠷ ᠠᠯᠣᠰᠯᠠᠭᠰᠠᠨ ᠬᠠᠮᠳᠣᠷᠠᠨ ᠣᠷᠮᠠᠰᠢᠭᠤᠯᠣᠨ ᠬᠦᠬᠢᠬᠦᠯᠬᠦ ᠳᠦᠷᠢᠮ ᠬᠢᠬᠡᠳ ᠵᠠᠯᠬᠠᠭᠠᠨ ᠴᠡᠭᠡᠷᠯᠡᠬᠦᠯᠬᠦ ᠲᠣᠭᠲᠠᠴᠠ ᠶᠢ ᠪᠠᠶᠢᠭᠤᠯᠵᠣ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠠᠴᠠ ᠬᠠᠮᠵᠢᠯᠴᠠᠨ ᠬᠤᠯᠪᠣᠭᠠᠯᠠᠬᠤ᠂ ᠠᠵᠢᠯ ᠲᠦᠷᠦᠯ ᠤᠨ ᠵᠣᠬᠢᠶᠠᠨ ᠪᠠᠶᠢᠭᠤᠯᠣᠯᠲᠠ ᠠᠴᠠ ᠦᠪᠡᠷ ᠢ ᠪᠠᠨ ᠴᠢᠩᠭ᠎ᠠ ᠱᠠᠭᠠᠷᠳᠠᠬᠤ᠂ ᠢᠳᠡᠬᠡᠮᠵᠢ ᠶᠢᠨ ᠦᠢᠯᠡᠴᠢᠯᠡᠬᠡᠨ ᠤ ᠪᠠᠶᠢᠭᠤᠯᠣᠮᠵᠢ  ᠠᠴᠠ ᠢᠳᠡᠪᠬᠢᠲᠡᠢ ᠣᠷᠣᠯᠴᠠᠬᠤ᠂ ᠨᠡᠶᠢᠬᠡᠮ ᠤᠨ ᠶᠠᠷᠢᠶ᠎ᠠ ᠬᠡᠯᠡᠯᠴᠡᠭᠡ ᠪᠠᠷ ᠦᠷᠬᠡᠨ ᠢᠶᠠᠷ ᠬᠢᠨᠠᠯᠲᠠ ᠲᠠᠯᠪᠢᠬᠤ ᠬᠠᠮᠳᠣᠪᠡᠷ ᠵᠠᠰᠠᠬᠤ ᠪᠠᠶᠢᠳᠠᠯ ᠢ ᠪᠦᠷᠢᠯᠳᠦᠬᠦᠯᠦᠨ᠎ᠡ᠃     ᠬᠠᠣᠯᠢ ᠲᠣᠭᠲᠠᠭᠠᠯ ᠶᠣᠰᠣᠭᠠᠷ ᠡᠷᠬᠡ ᠠᠰᠢᠭ ᠢ ᠬᠠᠮᠠᠭᠠᠯᠠᠨ᠎ᠠ᠃ ᠬᠠᠣᠯᠢ ᠴᠠᠭᠠᠴᠠ ᠬᠠᠣᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠢᠶᠠᠷ ᠡᠰᠢ ᠪᠠᠷᠢᠮᠲᠠ ᠪᠣᠯᠭᠠᠵᠣ᠂ ᠢᠳᠡᠬᠡᠮᠵᠢ ᠲᠠᠢ ᠪᠠ ᠢᠳᠡᠬᠡᠮᠵᠢ ᠦᠬᠡᠢ ᠦᠢᠯᠡ ᠠᠵᠢᠯᠯᠠᠭ᠎ᠠ ᠶᠢᠨ ᠵᠠᠭᠠᠭ ᠱᠤᠭᠤᠮ ᠢ ᠴᠢᠩᠭ᠎ᠠ ᠲᠣᠭᠲᠠᠭᠠᠵᠣ᠂ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠵᠠᠯᠬᠠᠭᠠᠨ ᠴᠡᠭᠡᠷᠯᠡᠬᠦᠯᠬᠦ ᠶᠢ ᠦᠷᠨᠢᠬᠦᠯᠦᠨ᠎ᠡ᠃ ᠢᠳᠡᠬᠡᠮᠵᠢ  ᠶᠢ ᠰᠡᠷᠭᠦᠭᠡᠬᠦ᠂ ᠣᠨᠳᠣᠣ ᠰᠠᠨᠠᠯ ᠳᠤ ᠭᠤᠮᠣᠳᠠᠯ ᠲᠣᠭᠠᠴᠢᠯᠲᠠ ᠭᠠᠷᠭᠠᠬᠤ ᠵᠡᠷᠭᠡ ᠲᠣᠭᠲᠠᠴᠠ ᠶᠢ ᠪᠠᠶᠢᠭᠤᠯᠣᠨ ᠲᠡᠭᠦᠯᠳᠡᠷᠵᠢᠬᠦᠯᠵᠦ᠂ ᠲᠣᠬᠠᠢ ᠶᠢᠨ ᠬᠦᠮᠦᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃     ᠭᠤᠣᠯᠳᠠᠯᠭ᠎ᠠ ᠶᠢ ᠲᠣᠪᠣᠶᠢᠯᠭᠠᠵᠣ᠂ ᠨᠢᠬᠡᠳᠦᠯᠳᠡᠢ ᠲᠦᠯᠦᠪᠵᠢᠬᠦᠯᠦᠨ ᠲᠦᠯᠬᠢᠨ ᠠᠬᠢᠭᠤᠯᠣᠨ᠎ᠠ᠃ ᠠᠰᠠᠭᠤᠳᠠᠯ  ᠤᠨ ᠣᠳᠣᠷᠢᠳᠣᠮᠵᠢ ᠶᠢ ᠪᠠᠷᠢᠮᠲᠠᠯᠠᠵᠣ᠂ ᠣᠳᠣᠬᠠᠨ ᠳᠤ ᠣᠯᠠᠨ ᠨᠡᠶᠢᠲᠡ ᠶᠢᠨ ᠡᠷᠬᠡ ᠠᠰᠢᠭ ᠪᠠ ᠣᠯᠠᠨ ᠨᠡᠶᠢᠲᠡ  ᠶᠢᠨ ᠠᠮᠣᠷ ᠲᠦᠪᠰᠢᠨ ᠢ ᠬᠦᠨᠦᠬᠡᠵᠦ ᠪᠠᠶᠢᠬᠤ᠂ ᠠᠷᠠᠳ ᠣᠯᠠᠨ ᠤ ᠲᠣᠰᠬᠠᠯ ᠢᠶᠠᠷ ᠴᠢᠩᠭ᠎ᠠ᠂ ᠠᠵᠣ ᠠᠬᠤᠢ ᠨᠡᠶᠢᠬᠡᠮ ᠤᠨ ᠬᠦᠭᠵᠢᠯᠲᠡ ᠳᠤ ᠬᠦᠨᠳᠦ ᠨᠣᠴᠢᠲᠠᠢ ᠨᠠᠵᠠᠭᠠᠢ ᠨᠦᠯᠦᠭᠡ ᠶᠢ ᠪᠣᠢ ᠪᠣᠯᠭᠠᠵᠣ ᠪᠠᠶᠢᠭ᠎ᠠ ᠭᠤᠣᠯᠳᠠᠯᠭ᠎ᠠ  ᠲᠠᠢ ᠬᠦᠷᠢᠶᠡᠨ ᠤ ᠢᠳᠡᠬᠡᠯ ᠢᠶᠠᠨ ᠠᠯᠳᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠢᠨ᠎ᠡ ᠶᠢ ᠡᠭᠦᠳᠴᠦ ᠵᠢᠱᠢᠶ᠎ᠡ ᠦᠵᠡᠬᠦᠯᠬᠦ ᠶᠢ ᠵᠣᠷᠢᠭᠵᠢᠭᠤᠯᠵᠣ᠂ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠲᠣᠭᠲᠠᠴᠠ ᠶᠢ ᠠᠵᠣ ᠠᠬᠤᠢ ᠨᠡᠶᠢᠬᠡᠮ ᠤᠨ ᠡᠯ᠎ᠡ ᠬᠦᠷᠢᠶᠡᠨ ᠳᠤ ᠳᠡᠯᠭᠡᠷᠡᠬᠦᠯᠦᠨ ᠬᠡᠷᠡᠭᠵᠢᠬᠦᠯᠦᠨ᠎ᠡ᠃     ︵ ᠭᠤᠷᠪᠠ︶ ᠠᠵᠢᠯ ᠤᠨ ᠱᠠᠭᠠᠷᠳᠠᠯᠭ᠎ᠠ     1. ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠵᠢᠯ ᠤᠨ ᠪᠣᠳᠠᠳᠠᠢ ᠲᠠᠢ ᠪᠠᠨ ᠣᠶᠠᠯᠳᠣᠭᠤᠯᠵᠣ᠂ ᠣᠯᠣᠰ᠂ ᠦᠪᠡᠷᠳᠡᠬᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ  ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠲᠠᠢ ᠬᠠᠮᠵᠢᠯᠴᠠᠭᠤᠯᠬᠤ ᠰᠠᠨᠠᠭᠤᠯᠭ᠎ᠠ ᠶᠢᠨ ᠪᠢᠴᠢᠭ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ︽ᠢᠳᠡᠬᠡᠮᠵᠢ ᠲᠠᠢ︾ ᠪᠠ ︽ᠢᠳᠡᠬᠡᠮᠵᠢ ᠦᠭᠡᠢ︾ ᠶᠢᠨ ᠵᠠᠭᠠᠭ ᠬᠢᠵᠠᠭᠠᠷ ᠤᠨ ᠪᠠᠷᠢᠮᠵᠢᠶ᠎ᠠ ᠶᠢ ᠳᠣᠳᠣᠷᠬᠠᠶᠢᠯᠠᠵᠣ᠂ ᠲᠣᠰ ᠬᠦᠷᠢᠶᠡᠨ ᠤ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠤ ᠦᠨᠳᠦᠰᠦᠯᠡᠯ ᠪᠣᠯᠭᠠᠭᠰᠠᠨ ᠬᠤᠯᠪᠣᠭᠳᠠᠯ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠨ ᠳᠣᠳᠣᠷᠬᠠᠶᠢᠯᠠᠵᠣ᠂ ᠲᠣᠰ ᠬᠦᠷᠢᠶ᠎ᠡ ᠬᠡᠪᠴᠢᠶᠡᠨ ᠤ ᠪᠠᠨ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠬᠠᠮᠳᠣᠷᠠᠨ ᠵᠠᠯᠬᠠᠭᠠᠨ ᠴᠡᠭᠡᠷᠯᠡᠬᠦᠯᠬᠦ ᠡᠳᠡᠬᠡᠳ᠂ ᠠᠷᠭ᠎ᠠ ᠪᠠᠷᠢᠯ᠂ ᠬᠡᠷᠡᠭᠵᠢᠬᠦᠯᠬᠦ ᠠᠷᠭ᠎ᠠ ᠬᠡᠯᠪᠡᠷᠢ ᠵᠢᠴᠢ ᠬᠦᠳᠡᠯᠦᠩᠬᠦᠢ ᠬᠠᠮᠢᠶᠠᠷᠣᠯᠲᠠ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠶᠢ ᠦᠷᠨᠢᠬᠦᠯᠬᠦ ᠳᠤ ᠰᠠᠭᠤᠷᠢ ᠴᠢᠨᠠᠷᠲᠠᠢ ᠡᠰᠢ ᠪᠠᠷᠢᠮᠲᠠ ᠪᠣᠯᠭᠠᠬᠤ ᠬᠡᠷᠡᠭᠲᠡᠢ᠃     2. ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠤᠳ ᠢᠳᠡᠭᠡᠮᠵᠢ ᠶᠢᠨ ᠲᠣᠬᠠᠢ ᠪᠣᠢ ᠪᠣᠯᠣᠭᠰᠠᠨ ᠮᠡᠳᠡᠭᠡ ᠵᠠᠩᠬᠢ ᠶᠢ ᠲᠡᠷᠡ ᠳᠠᠷᠣᠢ ᠳᠤᠨᠢ ᠬᠤᠷᠠᠮᠳᠣᠭᠤᠯᠵᠣ᠂ ᠢᠳᠡᠬᠡᠮᠵᠢ ᠶᠢᠨ ᠮᠡᠳᠡᠭᠡ ᠵᠠᠩᠬᠢ ᠶᠢ ᠮᠡᠳᠡᠬᠦᠯᠦᠨ ᠬᠦᠷᠬᠡᠬᠦ ᠳᠦᠷᠢᠮ ᠢ ᠪᠠᠶᠢᠭᠤᠯᠣᠨ ᠳᠡᠭᠦᠯᠳᠡᠷᠵᠢᠬᠦᠯᠵᠦ᠂ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ ᠲᠣᠰᠬᠠᠢ ᠪᠣᠯᠣᠩ︾ ᠯᠤᠭ᠎ᠠ ᠬᠤᠯᠪᠣᠯᠳᠣᠨ ᠨᠡᠪᠳᠡᠷᠡᠯᠴᠡᠬᠦ ᠪᠠ ᠮᠡᠳᠡᠭᠡ ᠵᠠᠩᠬᠢ ᠶᠢ ᠬᠠᠮᠳᠣᠪᠡᠷ ᠡᠳ᠋ᠯᠡᠬᠦ ᠶᠢ ᠲᠦᠷᠬᠡᠬᠡᠨ ᠪᠡᠶᠡᠯᠡᠬᠦᠯᠵᠦ᠂ ᠢᠳᠡᠬᠡᠮᠵᠢ  ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠦᠢᠯᠡᠳᠦᠯ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃     3. ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠤᠳ ᠲᠣᠰ ᠬᠡᠷᠡᠭᠵᠢᠬᠦᠯᠬᠦ ᠲᠦᠰᠦᠯ ᠢ ᠬᠢᠨᠠᠮᠠᠭᠠᠢ ᠵᠣᠬᠢᠶᠠᠨ ᠪᠠᠶᠢᠭᠤᠯᠣᠨ ᠨᠠᠶᠢᠳᠠᠪᠣᠷᠢᠵᠢᠭᠤᠯᠵᠣ᠂ ᠳᠣᠬᠠᠶᠢᠯᠠᠭᠰᠠᠨ ᠠᠵᠢᠯ ᠤᠨ ᠢᠶᠠᠨ ᠬᠡᠪᠴᠢᠶ᠎ᠠ ᠪᠠᠨ ᠦᠨᠳᠦᠰᠦᠯᠡᠵᠦ᠂ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠬᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠦᠷᠢᠮ ᠤᠨ ᠪᠣᠳᠠᠳᠠᠢ ᠠᠷᠭ᠎ᠠ ᠬᠡᠮᠵᠢᠶ᠎ᠡ ᠪᠠᠨ ᠠᠯᠬᠤᠮ ᠴᠢᠨᠠᠭᠰᠢᠲᠠ ᠨᠠᠷᠢᠯᠢᠬᠵᠢᠭᠤᠯᠵᠣ᠂ ᠠᠵᠢᠯᠯᠠᠭᠠᠨ ᠨᠢ ᠬᠦᠴᠦᠨ ᠲᠠᠢ ᠬᠡᠷᠡᠭᠵᠢᠬᠦᠯᠦᠯᠲᠡ ᠶᠢᠨ ᠨᠠᠷᠢᠨ ᠳᠦᠷᠢᠮ ᠢ ᠰᠣᠳᠣᠯᠣᠨ ᠲᠣᠭᠲᠠᠭᠠᠵᠣ᠂ ᠢᠳᠡᠬᠡᠮᠵᠢ ᠲᠠᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠬᠤᠯᠪᠣᠭᠠᠯᠠᠨ ᠬᠦᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠣ᠂ ᠮᠠᠨ ᠤ ᠬᠤᠰᠢᠭᠤᠨ ᠤ ᠨᠡᠶᠢᠬᠡᠮ ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠬᠤ ᠬᠡᠷᠡᠭᠲᠡᠢ᠃      ᠬᠤᠶᠠᠷ᠂ ᠦᠨᠡᠨᠴᠢ ᠢᠳᠡᠬᠡᠮᠵᠢ ᠶᠢᠨ ᠦᠢᠯᠡ ᠠᠵᠢᠯᠯᠠᠭ᠎ᠠ ᠶᠢ ᠰᠠᠶᠢᠰᠢᠶᠠᠨ ᠬᠦᠬᠢᠬᠦᠯᠬᠦ ᠲᠣᠭᠲᠠᠴᠠ ᠶᠢ ᠪᠦᠷᠢᠨᠰᠢᠬᠦᠯᠦᠨ᠎ᠡ᠃      ︵ ᠲᠦᠷᠪᠡ︶ ᠣᠯᠠᠨ ᠠᠷᠭ᠎ᠠ ᠵᠠᠮ ᠢᠶᠠᠷ ᠦᠨᠡᠨᠴᠢ ᠢᠳᠡᠬᠡᠮᠵᠢ ᠲᠠᠢ ᠲᠡᠷᠢᠬᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠶᠢᠵᠢᠭᠤᠯᠣᠨ᠎ᠠ᠃     1. ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠪᠠ ᠨᠡᠶᠢᠬᠡᠮ ᠤᠨ ᠵᠣᠬᠢᠶᠠᠨ ᠪᠠᠶᠢᠭᠤᠯᠣᠯᠲᠠ ᠶᠢᠨ ᠢᠳᠡᠬᠡᠮᠵᠢ ᠶᠢᠨ ᠲᠣᠬᠠᠢ ᠲᠦᠷᠦᠯ ᠬᠤᠪᠢᠶᠠᠨ ᠬᠢᠨᠠᠨ ᠬᠠᠮᠢᠶᠠᠷᠣᠯᠲᠠ ᠬᠢᠬᠦ ᠳᠤ ᠲᠣᠭᠲᠠᠭᠠᠭᠰᠠᠨ ᠦᠨᠡᠨᠴᠢ ᠢᠳᠡᠬᠡᠮᠵᠢ ᠲᠠᠢ ᠶᠠᠪᠣᠭᠰᠠᠨ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ᠂ ᠢᠳᠡᠬᠡᠮᠵᠢ ᠶᠢᠨ ᠶᠣᠰᠣ ᠰᠣᠷᠳᠠᠬᠤᠨ ᠤ ᠵᠢᠱᠢᠶᠡᠴᠢ᠂ ᠰᠢᠯᠢᠳᠡᠭ ᠵᠠᠯᠠᠭᠤ ᠳᠣᠷᠠᠴᠣᠳ᠂ ᠠᠵᠢᠯ ᠲᠦᠷᠦᠯ ᠤᠨ ᠨᠡᠶᠢᠬᠡᠮᠯᠢᠭ ᠬᠤᠳᠠᠯᠳᠣᠭᠠᠴᠢᠨ  ᠤ ᠡᠪᠯᠡᠯ ᠤᠨ ᠲᠠᠨᠢᠯᠴᠠᠭᠤᠯᠣᠭᠰᠠᠨ ᠦᠨᠡᠨᠴᠢ ᠢᠳᠡᠬᠡᠮᠵᠢ ᠶᠢᠨ ᠬᠡᠰᠢᠬᠦᠨ᠂ ᠰᠣᠨᠢᠨ ᠮᠡᠳᠡᠬᠡᠨ ᠤ ᠵᠠᠭᠤᠴᠢᠯᠠᠭᠤᠷ ᠤᠨ  ᠬᠢᠨ ᠤ ᠢᠯᠡᠷᠡᠭᠦᠯᠦᠭᠰᠡᠨ ᠦᠨᠡᠨᠴᠢ ᠢᠳᠡᠬᠡᠮᠵᠢ ᠶᠢᠨ ᠭᠤᠣᠯ ᠴᠣᠭᠴᠠ ᠵᠡᠷᠭᠡ ᠶᠢ ᠦᠨᠡᠨᠴᠢ ᠢᠳᠡᠬᠡᠮᠵᠢ ᠶᠢᠨ ᠲᠡᠷᠢᠬᠦᠨ ᠤ ᠨᠡᠶᠢᠳᠡᠯᠢᠭ ᠵᠢᠱᠢᠶ᠎ᠡ ᠪᠣᠯᠭᠠᠨ᠎ᠠ᠃     2. ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠪᠠ ᠨᠡᠶᠢᠬᠡᠮ ᠤᠨ ᠵᠣᠬᠢᠶᠠᠨ ᠪᠠᠶᠢᠭᠤᠯᠣᠯᠲᠠ ᠬᠢᠨᠠᠨ ᠬᠠᠮᠢᠶᠠᠷᠬᠤ ᠪᠠ ᠦᠢᠯᠡᠴᠢᠯᠡᠬᠡᠨ ᠬᠠᠩᠭᠠᠬᠤ ᠳᠠᠭᠠᠨ  ᠡᠯ᠎ᠡ ᠲᠦᠷᠦᠯ ‍ᠤᠨ‌ᠭᠤᠣᠯ ᠴᠤᠬᠴᠠ ᠶᠢᠨ ᠢᠳᠡᠬᠡᠮᠵᠢ ᠶᠢᠨ ᠳᠡᠮᠳᠡᠭᠯᠡᠯ ᠬᠢᠬᠦ ᠶᠢ ᠵᠣᠷᠢᠭᠵᠢᠭᠤᠯᠵᠣ᠂ ᠨᠡᠶᠢᠬᠡᠮ ᠳᠤ ᠡᠷᠡᠬᠦᠯ ᠪᠣᠰᠣ ᠢᠳᠡᠬᠡᠮᠵᠢ ᠶᠢᠨ ᠳᠡᠮᠳᠡᠭᠯᠡᠯ ᠦᠭᠡᠢ ᠪᠠ ᠦᠨᠡᠨᠴᠢ ᠢᠳᠡᠬᠡᠮᠵᠢ ᠲᠠᠢ ᠬᠠᠮᠢᠶ᠎ᠠ ᠪᠦᠬᠦᠢ ᠨᠡᠶᠢᠲᠡᠯᠢᠭ ᠵᠢᠱᠢᠶ᠎ᠡ ᠶᠢ ᠲᠠᠨᠢᠯᠴᠠᠭᠤᠯᠵᠣ᠂ ᠪᠣᠰᠣᠳ ᠰᠠᠯᠠᠭ᠎ᠠ ᠮᠦᠴᠢᠷ ᠪᠠ ᠨᠡᠶᠢᠬᠡᠮ ᠤᠨ ᠵᠣᠬᠢᠶᠠᠨ ᠪᠠᠶᠢᠭᠤᠯᠣᠯᠲᠠ ᠲᠠᠢ ᠬᠤᠯᠪᠣᠭᠠᠯᠠᠨ ᠦᠨᠡᠨᠴᠢ ᠢᠳᠡᠬᠡᠮᠵᠢ ᠲᠠᠢ ᠶᠢ ᠣᠷᠮᠠᠰᠢᠭᠤᠯᠣᠨ ᠬᠦᠬᠢᠬᠦᠯᠬᠦ ᠶᠢ ᠬᠡᠷᠡᠭᠵᠢᠬᠦᠯᠦᠨ᠎ᠡ᠃     3. ᠠᠵᠢᠯ ᠲᠦᠷᠦᠯ ᠤᠨ ᠨᠡᠶᠢᠬᠡᠮᠯᠢᠭ ᠬᠤᠳᠠᠯᠳᠣᠭᠠᠴᠢᠨ ᠤ ᠡᠪᠯᠡᠯ ᠢ ᠵᠣᠷᠢᠭᠵᠢᠭᠤᠯᠣᠨ ᠬᠡᠰᠢᠬᠦᠨ ᠠᠵᠣ ᠠᠬᠤᠶᠢᠯᠠᠯ ᠤᠨ ᠢᠳᠡᠬᠡᠮᠵᠢ ᠶᠢ ᠠᠳᠠᠯᠢᠳᠬᠠᠬᠤ ᠲᠣᠭᠲᠠᠴᠠ ᠶᠢ ᠲᠡᠬᠦᠯᠳᠡᠷᠵᠢᠬᠦᠯᠦᠨ᠎ᠡ᠃     4. ᠠᠵᠣ ᠠᠬᠤᠶᠢᠯᠠᠯ ᠢ ᠬᠦᠲᠦᠯᠦᠨ ᠵᠢᠯᠣᠭᠤᠳᠴᠣ ᠢᠳᠡᠬᠡᠮᠵᠢ ᠶᠢᠨ ᠲᠣᠬᠠᠢ ᠶᠡᠷᠥᠩᠬᠡᠢ ᠠᠮᠠᠯᠳᠣᠯᠭ᠎ᠠ ᠪᠣᠶᠣ ᠦᠢᠯᠡᠳᠬᠦᠨ ᠤ ᠦᠢᠯᠡᠴᠢᠯᠡᠬᠡᠨ ᠤ ᠶᠠᠰᠣ ᠴᠢᠨᠠᠷ ᠤᠨ ᠲᠣᠬᠠᠢ ᠲᠣᠰᠬᠠᠢ ᠠᠮᠠᠯᠳᠣᠯᠭ᠎ᠠ ᠪᠠᠨ ᠰᠠᠨᠠᠭᠠᠴᠢᠯᠠᠭ᠎ᠠ ᠲᠠᠢ ᠪᠠᠷ ᠨᠡᠶᠢᠲᠡᠯᠡᠵᠦ᠂ ᠦᠢᠯᠡᠳᠬᠦᠨ ᠤ ᠦᠢᠯᠡᠴᠢᠯᠡᠭᠡ ᠶᠢᠨ ᠪᠠᠷᠢᠮᠵᠢᠶ᠎ᠠ ᠵᠡᠷᠭᠡ ᠶᠢ ᠦᠪᠡᠷ ᠪᠠᠨ ᠲᠣᠳᠣᠷᠬᠠᠶᠢᠯᠠᠨ ᠢᠯᠡ ᠪᠣᠯᠭᠠᠵᠣ᠂ ᠨᠡᠶᠢᠬᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠠᠪᠴᠣ᠂ ᠠᠵᠣ ᠠᠬᠤᠶᠢᠯᠠᠯ ᠤᠨ ᠦᠨᠡᠨᠴᠢ ᠢᠳᠡᠭᠡᠮᠵᠢ ᠶᠢᠨ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠪᠠᠶᠢᠳᠠᠯ ᠢ ᠪᠦᠷᠢᠯᠳᠦᠬᠦᠯᠬᠦ ᠬᠡᠷᠡᠭᠲᠡᠢ᠃ ︵ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ  ᠶᠢᠨ ᠣᠬᠠᠭᠤᠯᠬᠤ ᠬᠡᠯᠳᠡᠰ ᠲᠦᠷᠦᠬᠦᠯᠦᠨ ᠬᠠᠷᠢᠭᠤᠴᠠᠵᠣ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ  ᠤᠨ ᠪᠠᠲᠣᠯᠠᠪᠣᠷᠢ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ  ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠭᠡ ᠶᠢᠨ ᠲᠣᠪᠴᠢᠶ᠎ᠠ᠂ ᠡᠷᠡᠬᠦᠯ ᠬᠠᠮᠠᠭᠠᠯᠠᠯ ᠪᠠ ᠲᠦᠯᠦᠪᠯᠡᠬᠡᠲᠦ ᠦᠷᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠢᠳᠡᠬᠡᠨ ᠤ ᠵᠦᠢᠯ ᠡᠮ  ᠤᠨ ᠵᠦᠢᠯ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠠᠶᠣᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠣ ᠬᠠᠮᠢᠶᠠᠷᠬᠤ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠣᠯᠣᠰ ᠤᠨ ᠭᠠᠶᠢᠯᠢ ᠶᠢᠨ ᠲᠣᠪᠴᠢᠶ᠎ᠠ᠂ ᠬᠤᠰᠢᠭᠤᠨ ᠤ ᠡᠪᠯᠡᠯ ᠤᠨ ᠬᠤᠷᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶     ︵ ᠲᠠᠪᠤ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ︽ ᠳᠦᠬᠦᠮ ᠰᠢᠭᠤᠷᠬᠠᠢ ᠠᠷᠭ᠎ᠠ ᠵᠠᠮ︾ ᠢ ᠬᠡᠷᠡᠭᠵᠢᠬᠦᠯᠦᠨ᠎ᠡ᠃     5. ᠵᠠᠰᠠᠭ ᠵᠠᠬᠢᠷᠭᠠᠨ ᠤ ᠵᠦᠪᠰᠢᠶᠡᠷᠡᠯ ᠢ ᠬᠦᠢᠴᠡᠳᠬᠡᠬᠦ ᠶᠠᠪᠣᠴᠠ ᠳᠤ᠂ ᠦᠨᠡᠨᠴᠢ ᠢᠳᠡᠬᠡᠮᠵᠢ ᠲᠠᠢ ᠨᠡᠶᠢᠳᠡᠯᠢᠭ ᠵᠢᠱᠢᠶ᠎ᠡ ᠪᠠ ᠭᠤᠷᠪᠠᠨ ᠵᠢᠯ ᠲᠠᠷᠠᠭᠠᠯᠠᠨ ᠢᠳᠡᠬᠡᠯ ᠠᠯᠳᠠᠭᠰᠠᠨ ᠲᠡᠮᠳᠡᠭᠯᠡᠯ ᠦᠭᠡᠢ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠪᠣᠳᠠᠳᠠᠢ ᠪᠠᠶᠢᠳᠠᠯ ᠢ ᠨᠢ ᠦᠨᠳᠦᠰᠦᠯᠡᠨ᠂ ︽ᠳᠦᠬᠦᠮ ᠰᠢᠭᠤᠷᠬᠠᠢ ᠠᠷᠭ᠎ᠠ ᠵᠠᠮ︾᠂ ︽ᠣᠰᠣᠯ ᠪᠣᠷᠣᠭᠤ ᠶᠢ ᠠᠭᠤᠴᠢᠯᠠᠨ ᠰᠢᠢᠳᠪᠦᠷᠢᠯᠡᠬᠦ︾ ᠵᠡᠷᠭᠡ ᠳᠦᠬᠦᠮ ᠦᠢᠯᠡᠴᠢᠯᠡᠬᠡᠨ ᠤ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃ ︵ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠣ ᠠᠬᠤᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠬᠡ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠣᠪᠴᠢᠶ᠎ᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠰᠢᠤᠳᠠᠨ ᠤ ᠲᠣᠪᠴᠢᠶ᠎ᠠ᠂ ᠣᠯᠣᠰ  ᠤᠨ ᠭᠠᠶᠢᠯᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠢᠨ  ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶     ︵ ᠵᠢᠷᠭᠤᠭ᠎ᠠ︶ ᠣᠯᠠᠨ ᠨᠡᠶᠢᠲᠡ ᠶᠢᠨ ᠦᠢᠯᠡᠴᠢᠯᠡᠬᠡᠨ ᠤ ᠳᠦᠬᠦᠮ ᠨᠦᠬᠦᠴᠡᠯ ᠢ ᠣᠷᠢᠳᠠᠪᠡᠷ ᠬᠠᠩᠭᠠᠨ᠎ᠠ     6. ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢᠨ ᠲᠦᠷᠦᠯ ᠵᠦᠢᠯ ᠢ ᠲᠣᠬᠢᠷᠠᠭᠤᠯᠬᠤ᠂ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠳᠤ ᠲᠦᠭᠦᠷᠵᠢᠬᠦᠯᠦᠭᠰᠡᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠵᠡᠷᠭᠡ ᠵᠠᠰᠠᠭ ᠤᠨ ᠣᠷᠳᠣᠨ ᠤ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ ᠳᠡᠭᠡᠨ ᠵᠠᠬ᠎ᠠ ᠳᠡᠯᠭᠡᠭᠦᠷ ᠤᠨ ᠦᠨᠡᠨᠴᠢ ᠢᠳᠡᠬᠡᠮᠵᠢ ᠲᠠᠢ ᠭᠤᠣᠯ ᠴᠣᠭᠴᠠ ᠶᠢ ᠣᠷᠢᠳᠠᠪᠡᠷ ᠪᠣᠳᠣᠯᠬᠢᠯᠠᠵᠣ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃     7. ᠰᠣᠷᠭᠠᠨ ᠬᠦᠮᠦᠵᠢᠯ᠂ ᠠᠵᠢᠯ ᠣᠯᠭᠤᠯᠲᠠ᠂ ᠦᠢᠯᠡᠰ ᠪᠣᠰᠬᠠᠯᠲᠠ᠂ ᠨᠡᠶᠢᠬᠡᠮ ᠤᠨ ᠪᠠᠲᠣᠯᠠᠪᠣᠷᠢ ᠵᠡᠷᠭᠡ ᠬᠦᠷᠢᠶᠡᠨ ᠳᠤ ᠢᠳᠡᠬᠡᠮᠵᠢᠲᠦ ᠨᠢᠬᠡᠴᠡ᠂ ᠢᠳᠡᠬᠡᠮᠵᠢᠲᠦ ᠬᠦᠮᠦᠨ ᠢ ᠣᠷᠢᠳᠠᠪᠡᠷ ᠬᠠᠷᠠᠭᠠᠯᠵᠠᠵᠣ ᠭᠤᠣᠯᠳᠠᠯᠭ᠎ᠠ ᠲᠠᠢ ᠳᠡᠮᠵᠢᠨ᠎ᠡ᠃     8. ᠬᠤᠯᠪᠣᠭᠳᠠᠯ ᠪᠦᠬᠦᠢ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢᠨ ᠶᠠᠪᠣᠴᠠ  ᠳᠤ᠂ ᠦᠨᠡᠨᠴᠢ ᠢᠳᠡᠬᠡᠮᠵᠢ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠷᠮᠠᠰᠢᠭᠤᠯᠬᠤ ᠬᠠᠣᠯᠢ ᠪᠠ ᠪᠣᠯᠵᠤᠭ᠎ᠠ ᠶᠣᠰᠣᠭᠠᠷ ᠢᠳᠡᠬᠡᠮᠵᠢ ᠲᠠᠢ ᠳᠤᠨᠢ ᠬᠤᠪᠢ ᠨᠡᠮᠡᠷᠢᠯᠡᠵᠦ ᠦᠭᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ᠎ᠡ᠃ ︵ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠣᠯᠠᠪᠣᠷᠢ ᠶᠢᠨ ᠲᠣᠪᠴᠢᠶ᠎ᠠ᠂ ᠠᠵᠣ ᠠᠬᠤᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠣᠯᠲᠠ  ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶᠃     ︵ ᠳᠣᠯᠤᠭ᠎ᠠ︶ ᠢᠳᠡᠬᠡᠮᠵᠢᠲᠦ ᠠᠵᠣ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠣᠯᠲᠠ ᠶᠢᠨ ᠲᠣᠬᠢᠷᠠᠭᠤᠯᠣᠯᠲᠠ ᠶᠢ ᠰᠢᠯᠢᠳᠡᠭᠵᠢᠬᠦᠯᠦᠨ᠎ᠡ     9. ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠰᠠᠯᠠᠭ᠎ᠠ ᠮᠦᠴᠢᠷ ᠠᠴᠠ ᠬᠢᠨᠠᠨ ᠬᠠᠮᠢᠶᠠᠷᠬᠤ ᠡᠳᠡᠬᠡᠳ  ᠤᠨ ᠢᠶᠠᠨ ᠢᠳᠡᠬᠡᠮᠵᠢ ᠶᠢᠨ ᠳᠡᠮᠳᠡᠭᠯᠡᠯ ᠪᠠ ᠢᠳᠡᠬᠡᠮᠵᠢ ᠶᠢᠨ ᠲᠣᠬᠠᠢ ᠦᠨᠡᠯᠡᠯᠲᠡ ᠶᠢᠨ ᠲᠦᠷᠦᠯ ᠬᠤᠪᠢᠶᠠᠷᠢ ᠶᠢ ᠦᠨᠳᠦᠰᠦᠯᠡᠵᠦ ᠪᠠᠶᠢᠭᠠᠳ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠵᠣ᠂ ᠬᠡᠷᠡᠭ ᠤᠨ ᠳᠣᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠣᠯᠲᠠ ᠶᠢᠨ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠳᠦᠬᠦᠮ ᠦᠢᠯᠡᠴᠢᠯᠡᠬᠡᠨ ᠬᠠᠩᠭᠠᠬᠤ ᠬᠡᠷᠡᠭᠲᠡᠢ᠃ ᠵᠣᠬᠢᠬᠤ ᠨᠦᠬᠦᠴᠡᠯ ᠳᠤ ᠨᠡᠶᠢᠴᠡᠬᠦ ᠢᠳᠡᠬᠡᠮᠵᠢᠲᠦ ᠠᠵᠣ ᠠᠬᠤᠶᠢᠯᠠᠯ ᠳᠤ ᠡᠳᠦᠷ ᠳᠣᠳᠣᠮ ᠤᠨ ᠪᠠᠶᠢᠴᠠᠭᠠᠯᠲᠠ ᠬᠢᠬᠦ᠂ ᠲᠣᠰᠬᠠᠢ ᠵᠦᠢᠯ ᠤᠨ ᠪᠠᠶᠢᠴᠠᠭᠠᠯᠲᠠ ᠬᠢᠬᠦ ᠳᠡᠭᠡᠨ ᠪᠠᠶᠢᠴᠠᠭᠠᠬᠤ ᠣᠳᠠᠭ᠎ᠠ ᠪᠠᠨ ᠰᠠᠶᠢᠳᠣᠷ ᠲᠣᠭᠢᠷᠠᠭᠤᠯᠬᠤ ᠬᠡᠷᠡᠭᠲᠡᠢ᠃ ︵ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠢᠳᠡᠬᠡᠨ ᠤ ᠵᠦᠢᠯ ᠡᠮ ᠤᠨ ᠵᠦᠢᠯ ᠤᠨ ᠬᠢᠨᠡᠨ  ᠬᠠᠮᠢᠶᠠᠷᠣᠯᠲᠠ ᠶᠢᠨ ᠲᠣᠪᠴᠢᠶ᠎ᠠ᠂ ᠮᠦᠩᠬᠦᠨ ᠬᠦᠢᠯᠬᠡᠬᠡᠨ ᠤ ᠠᠯᠪᠠᠨ ᠬᠡᠷ᠂ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠣᠯᠠᠪᠣᠷᠢ ᠶᠢᠨ ᠲᠣᠪᠴᠢᠶ᠎ᠠ᠂ ᠡᠳ᠋  ᠤᠨ ᠵᠠᠰᠠᠭ ᠤᠨ ᠲᠣᠪᠴᠢᠶ᠎ᠠ᠂ ᠨᠠᠪᠴᠢᠨ ᠲᠠᠮᠠᠬᠢ ᠲᠣᠰᠬᠠᠢ ᠬᠤᠳᠠᠯᠳᠣᠬᠤ ᠲᠣᠪᠴᠢᠶ᠎ᠠ᠂ ᠰᠢᠣᠳᠠᠨ ᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠬᠦᠷᠬᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶     ︵ ᠨᠠᠢᠮᠠ︶ ᠵᠠᠬ᠎ᠠ ᠳᠡᠯᠭᠡᠭᠦᠷ ᠤᠨ ᠠᠷᠠᠯᠵᠢᠶᠠᠯᠠᠬᠤ ᠦᠪᠡᠷ ᠤᠨ ᠦᠷᠳᠡᠭ ᠢ ᠪᠠᠭᠤᠷᠠᠭᠤᠯᠣᠨ᠎ᠠ     10. ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠶᠢ ᠵᠣᠷᠢᠭᠵᠢᠭᠤᠯᠣᠨ ︽ᠵᠢᠵᠢᠭ ᠪᠢᠴᠢᠯ ᠠᠵᠣ ᠠᠬᠤᠶᠢᠯᠠᠯ ᠳᠤ ᠣᠬᠤᠷ ᠬᠤᠭᠤᠴᠠᠭ᠎ᠠ ᠲᠠᠢ ᠬᠡᠷᠡᠭᠯᠡᠬᠦᠯᠬᠦ ᠢᠳᠡᠬᠡᠮᠵᠢᠲᠦ ᠵᠢᠭᠡᠯᠡᠯᠭᠡ︾ ︽ ᠳᠠᠭᠠᠭᠠᠨ ᠪᠠᠳᠣᠯᠠᠯᠲᠠ ᠦᠭᠡᠢ ᠬᠤᠪᠢ ᠬᠦᠮᠦᠨ ᠤ ᠬᠡᠷᠡᠭᠯᠡᠬᠡᠨ ᠤ ᠵᠢᠬᠡᠯᠡᠯᠬᠡ︾ ᠵᠡᠷᠭᠡ ᠢᠳᠡᠬᠡᠮᠵᠢ ᠲᠠᠢ ᠶᠢ ᠣᠷᠮᠠᠰᠢᠭᠤᠯᠣᠨ ᠬᠦᠭᠢᠬᠦᠯᠬᠦ ᠦᠢᠯᠡᠳᠬᠦᠨ ᠢ ᠨᠡᠬᠡᠬᠡᠨ  ᠠᠰᠢᠭᠯᠠᠵᠣ᠂ ᠮᠦᠩᠬᠦᠨ ᠬᠦᠢᠯᠬᠡᠬᠡᠨ ᠤ ᠪᠠᠶᠢᠭᠤᠯᠣᠮᠵᠢ ᠪᠠ ᠬᠤᠳᠠᠯᠳᠣᠭᠠᠨ ᠤ ᠪᠣᠷᠣᠯᠠᠭᠤᠯᠭ᠎ᠠ ᠶᠢᠨ ᠪᠠᠶᠢᠭᠤᠯᠣᠮᠵᠢ ᠵᠡᠷᠭᠡ ᠵᠠᠬ᠎ᠠ ᠳᠡᠯᠭᠡᠭᠦᠷ ᠤᠨ ᠦᠢᠯᠡᠴᠢᠯᠡᠬᠡᠨ ᠤ ᠪᠠᠶᠢᠭᠤᠯᠣᠮᠵᠢ ᠶᠢ ᠬᠦᠲᠦᠯᠦᠨ ᠵᠢᠯᠣᠭᠤᠳᠴᠣ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠳᠡᠬᠡᠮᠵᠢ ᠶᠢᠨ ᠮᠡᠳᠡᠭᠡ ᠵᠠᠩᠬᠢ᠂ ᠢᠳᠡᠬᠡᠮᠵᠢ  ᠶᠢᠨ ᠬᠤᠪᠢ ᠬᠤᠷᠠᠮᠳᠣᠯ ᠪᠠ ᠢᠳᠡᠬᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢᠶᠠᠷ ᠯᠠᠪᠯᠠᠯᠲᠠ ᠪᠣᠯᠭᠠᠵᠣ᠂ ᠵᠠᠬ᠎ᠠ ᠳᠡᠯᠭᠡᠭᠦᠷ ᠤᠨ ᠢᠳᠡᠬᠡᠮᠵᠢ ᠶᠢᠨ ᠭᠤᠣᠯ ᠴᠣᠭᠴᠠ ᠳᠤ ᠬᠠᠷᠠᠭᠠᠯᠵᠠᠯ ᠪᠠ ᠳᠦᠬᠦᠮ ᠦᠵᠡᠬᠦᠯᠵᠦ᠂ ᠢᠳᠡᠬᠡᠯ ᠲᠠᠢ ᠶᠠᠪᠣᠭᠳᠠᠭᠰᠠᠳ ᠲᠤ ᠵᠠᠬ᠎ᠠ ᠳᠡᠯᠭᠡᠭᠦᠷ ᠲᠤ ᠨᠡᠩ ᠣᠯᠠᠨ ᠲᠣᠬᠢᠶᠠᠯ ᠣᠯᠭᠤᠬᠤ ᠪᠠ ᠠᠰᠢᠭ ᠬᠦᠷᠳᠡᠬᠡᠨ᠎ᠡ᠃ ︵ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ ᠲᠦᠷᠦᠬᠦᠯᠡᠨ ᠬᠠᠷᠢᠭᠤᠴᠠᠵᠣ᠂ ᠮᠦᠩᠬᠦᠨ ᠬᠦᠢᠯᠬᠡᠬᠡᠨ ᠤ ᠠᠯᠪᠠᠨ ᠭᠡᠷ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠣᠯᠣᠰ  ᠤᠨ ᠭᠠᠶᠢᠯᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ  ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ  ︶     ︵ ᠶᠢᠰᠦ︶ ᠢᠳᠡᠬᠡᠮᠵᠢ ᠶᠢᠨ ᠭᠤᠣᠯ ᠴᠣᠭᠴᠠ ᠶᠢᠨ ᠵᠠᠬ᠎ᠠ ᠳᠡᠯᠭᠡᠭᠦᠷ ᠢ ᠶᠡᠬᠡᠪᠡᠷ ᠲᠠᠨᠢᠯᠴᠠᠭᠤᠯᠣᠨ᠎ᠠ     11. ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠬᠡᠴᠡ ᠤᠳ ᠱᠠᠭᠠᠷᠳᠠᠯᠭ᠎ᠠ ᠶᠢᠨ ᠶᠣᠰᠣᠭᠠᠷ᠂ ᠵᠠᠬ᠎ᠠ ᠳᠡᠯᠭᠡᠭᠦᠷ ᠤᠨ ᠢᠳᠡᠬᠡᠮᠵᠢ ᠶᠢᠨ ᠭᠤᠣᠯ ᠴᠣᠭᠴᠠ ᠶᠢᠨ ᠢᠳᠡᠬᠡᠮᠵᠢ ᠶᠢᠨ ᠰᠠᠶᠢᠨ ᠮᠡᠳᠡᠭᠡ ᠵᠠᠩᠬᠢ  ᠶᠢ ᠳᠠᠷᠣᠢ ᠲᠦᠷᠭᠡᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠪᠠ ︽ ᠢᠳᠡᠬᠡᠮᠵᠢᠲᠦ ᠦᠪᠦᠷ ᠮᠣᠩᠭᠤᠯ︾ ᠰᠦᠯᠵᠢᠶᠡᠨ ᠦᠷᠳᠡᠭᠡ᠂ ︽ᠢᠳᠡᠬᠡᠮᠵᠢᠲᠦ ᠬᠦᠯᠦᠨ ᠪᠣᠶᠢᠷ︾ ᠰᠦᠯᠵᠢᠶᠡᠨ ᠦᠷᠳᠡᠭᠡ ᠵᠢᠴᠢ ᠣᠯᠣᠰ  ᠤᠨ ᠠᠵᠣ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢ ᠨᠡᠶᠢᠳᠡᠯᠡᠬᠦ ᠰᠢᠰᠲ᠋ᠧᠮ ︵ᠦᠪᠦᠷ ᠮᠣᠩᠭᠤᠯ︶ — ᠵᠠᠰᠠᠭ ᠤᠨ ᠣᠷᠳᠣᠨ ᠤ ᠰᠠᠯᠠᠭ᠎ᠠ ᠮᠦᠴᠢᠷ ᠲᠠᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠳᠣᠣᠷ᠎ᠠ ᠠᠵᠣ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢ ᠨᠡᠶᠢᠲᠡᠯᠡᠬᠦ ᠰᠢᠰᠲ᠋ᠧᠮ ᠬᠡᠵᠦ ᠳᠦᠬᠦᠮᠴᠢᠯᠡᠨ᠎ᠡ︶ ᠳᠤ ᠨᠡᠶᠢᠲᠡᠯᠡᠵᠦ᠂ ᠠᠷᠠᠯᠵᠢᠶᠠᠴᠢᠨ ᠣᠷᠢᠬᠤ᠂ ᠪᠠᠩᠬᠢ ᠶᠢᠨ ᠠᠵᠣ ᠠᠬᠤᠶᠢᠯᠠᠯ ᠯᠤᠭ᠎ᠠ ᠠᠵᠢᠯ ᠤᠨ ᠵᠣᠯᠭᠤᠯᠳᠣᠯᠲᠠ ᠬᠢᠬᠦ ᠶᠠᠪᠣᠴᠠ ᠳᠤ ᠢᠳᠡᠬᠡᠮᠵᠢᠲᠦ ᠠᠵᠣ ᠠᠬᠤᠶᠢᠯᠠᠯ ᠢ ᠭᠤᠣᠯᠳᠠᠯᠭ᠎ᠠ ᠲᠠᠢ ᠲᠠᠨᠢᠯᠴᠠᠭᠤᠯᠵᠣ᠂ ᠦᠨᠡᠨᠴᠢ ᠢᠳᠡᠬᠡᠮᠵᠢ ᠪᠠᠷ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠳᠠᠬᠢ ᠴᠢᠬᠤᠯᠠ ᠬᠦᠴᠦᠨ ᠵᠦᠢᠯ ᠪᠣᠯᠭᠠᠨ᠎ᠠ᠃     12. ᠢᠳᠡᠬᠡᠮᠵᠢ ᠶᠢᠨ ᠮᠡᠳᠡᠭᠡ ᠵᠠᠩᠬᠢ ᠴᠣᠭᠯᠠᠭᠤᠯᠬᠤ ᠪᠠᠶᠢᠭᠤᠯᠣᠮᠵᠢ ᠶᠢ ᠬᠦᠲᠦᠯᠦᠨ ᠵᠢᠯᠣᠭᠤᠳᠴᠣ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠦᠪ ᠲᠠᠯ᠎ᠠ ᠶᠢᠨ ᠮᠡᠳᠡᠭᠡ ᠵᠠᠩᠬᠢ ᠶᠢ ᠴᠣᠭᠯᠠᠭᠤᠯᠬᠤ ᠶᠢ ᠴᠢᠩᠭᠠᠳᠬᠠᠵᠣ᠂ ᠦᠨᠡᠨᠴᠢ ᠢᠳᠡᠬᠡᠮᠵᠢ ᠶᠢᠨ ᠠᠰᠠᠭᠤᠳᠠᠯ ᠤᠨ ᠲᠣᠬᠠᠢ ᠲᠣᠰᠬᠠᠯ ᠲᠦᠪᠯᠡᠷᠡᠭᠰᠡᠨ ᠠᠵᠢᠯ ᠲᠦᠷᠦᠯ ᠤᠨ ᠬᠦᠷᠢᠶᠡᠨ ᠤ ᠢᠳᠡᠬᠡᠮᠵᠢ ᠲᠠᠢ ᠪᠠᠶᠢᠭᠰᠠᠳ ᠢ ᠣᠷᠮᠠᠰᠢᠭᠤᠯᠣᠨ ᠬᠦᠬᠢᠬᠦᠯᠬᠦ ᠴᠢᠨᠠᠷᠲᠠᠢ ᠦᠨᠡᠯᠡᠯᠲᠡ ᠬᠢᠬᠦ ᠬᠤᠪᠢ ᠶᠢᠨ ᠵᠢᠩ ᠢ ᠨᠡᠮᠡᠭᠳᠡᠬᠦᠯᠦᠨ᠎ᠡ᠃     13. ᠠᠵᠢᠯ ᠲᠦᠷᠦᠯ ᠤᠨ ᠨᠡᠶᠢᠬᠡᠮᠯᠢᠭ ᠬᠤᠳᠠᠯᠳᠣᠭᠠᠴᠢᠨ ᠤ ᠡᠪᠯᠡᠯ ᠤᠨ ᠦᠨᠡᠨᠴᠢ ᠢᠳᠡᠬᠡᠮᠵᠢ ᠶᠢᠨ ᠪᠠᠶᠢᠭᠤᠯᠣᠯᠲᠠ ᠶᠢ ᠴᠢᠩᠭᠠᠳᠬᠠᠬᠤ ᠪᠠ ᠠᠵᠢᠯ ᠲᠦᠷᠦᠯ ᠤᠨ ᠬᠢᠨ ᠤ ᠦᠪᠡᠷ ᠢ ᠢᠶᠠᠨ ᠱᠠᠭᠠᠷᠳᠠᠬᠤ ᠶᠢ ᠠᠬᠢᠭᠤᠯᠵᠣ᠂ ᠦᠨᠡᠨᠴᠢ ᠢᠳᠡᠬᠡᠮᠵᠢ ᠶᠢᠨ ᠬᠡᠰᠢᠬᠦᠨ ᠢ ᠰᠠᠶᠢᠰᠢᠶᠠᠨ ᠬᠦᠬᠢᠬᠦᠯᠵᠦ᠂ ᠠᠵᠢᠯ ᠲᠦᠷᠦᠯ ᠤᠨ ᠢᠶᠠᠨ ︽ᠦᠨᠡᠨᠴᠢ ᠢᠳᠡᠬᠡᠮᠵᠢᠲᠦ ᠦᠯᠢᠭᠡᠷ ᠵᠢᠱᠢᠶ᠎ᠡ︾ ᠶᠢ ᠢᠯᠡᠬᠦᠬᠡᠨ ᠣᠬᠠᠭᠤᠯᠬᠤ ᠬᠡᠷᠡᠭᠲᠡᠢ᠃ ︵ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ ᠠᠴᠠ ᠲᠦᠷᠦᠭᠦᠯᠡᠨ ᠬᠠᠷᠢᠭᠤᠴᠠᠵᠣ᠂ ᠬᠤᠰᠢᠭᠤᠨ ᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠂ ᠠᠵᠣ ᠠᠬᠤᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ᠂ ᠠᠷᠠᠳ  ᠤᠨ ᠶᠠᠪᠣᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠮᠦᠩᠬᠦᠨ ᠬᠦᠢᠯᠬᠡᠬᠡᠨ ᠤ ᠠᠯᠪᠠᠨ ᠬᠡᠷ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶      ᠭᠤᠷᠪᠠ᠂ ᠢᠳᠡᠬᠡᠮᠵᠢ ᠦᠬᠡᠢ ᠦᠢᠯᠡ ᠠᠵᠢᠯᠯᠠᠭ᠎ᠠ ᠶᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠬᠦᠯᠬᠦ ᠲᠣᠭᠲᠠᠴᠠ ᠶᠢ ᠪᠦᠷᠢᠨᠰᠢᠬᠦᠯᠦᠨ᠎ᠡ      ︵ ᠠᠷᠪᠠ︶ ᠭᠤᠣᠯᠳᠠᠯᠭ᠎ᠠ ᠲᠠᠢ ᠬᠦᠷᠢᠶ᠎ᠡ ᠪᠠ ᠢᠳᠡᠬᠡᠮᠵᠢ ᠪᠠᠨ ᠠᠯᠳᠠᠭᠰᠠᠨ ᠦᠢᠯᠡ ᠠᠵᠢᠯᠯᠠᠭ᠎ᠠ ᠳᠤ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃     ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠡᠶᠢᠬᠡᠮ ᠤᠨ ᠵᠣᠬᠢᠶᠠᠨ ᠪᠠᠶᠢᠭᠤᠯᠣᠯᠲᠠ ᠨᠢ ᠲᠣᠰ ᠬᠦᠷᠢᠶᠡᠨ ᠤ  ᠪᠠᠨ ᠢᠳᠡᠬᠡᠯ ᠠᠯᠳᠠᠭᠰᠠᠨ ᠦᠢᠯᠡ ᠠᠵᠢᠯᠯᠠᠭ᠎ᠠ ᠶᠢ ᠬᠠᠣᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠪᠠ ᠦᠨᠡᠯᠡᠭᠰᠡᠨ ᠰᠠᠭᠤᠷᠢᠨ ᠳᠡᠭᠡᠷ᠎ᠡ᠂ ᠮᠡᠳᠡᠭᠡ ᠵᠠᠩᠬᠢ ᠶᠢ ᠬᠠᠮᠳᠣᠪᠡᠷ ᠡᠳ᠋ᠯᠡᠬᠦ ᠪᠠᠷ ᠳᠠᠮᠵᠢᠭᠤᠯᠣᠨ᠂ ᠪᠣᠰᠣᠳ ᠰᠠᠯᠠᠭ᠎ᠠ ᠮᠦᠴᠢᠷ ᠪᠠ ᠨᠡᠶᠢᠬᠡᠮ ᠤᠨ ᠵᠣᠬᠢᠶᠠᠨ ᠪᠠᠶᠢᠭᠤᠯᠣᠯᠲᠠ ᠶᠢᠨ ᠬᠦᠨᠳᠦ ᠨᠣᠴᠢᠲᠠᠢ ᠢᠳᠡᠬᠡᠯ ᠠᠯᠳᠠᠭᠰᠠᠨ ᠦᠢᠯᠡ ᠠᠵᠢᠯᠯᠠᠭ᠎ᠠ ᠳᠤ ᠬᠠᠣᠯᠢ ᠲᠣᠭᠲᠠᠭᠠᠯ ᠶᠣᠰᠣᠭᠠᠷ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ  ᠬᠡᠮᠵᠢᠶ᠎ᠡ ᠶᠢ ᠬᠡᠷᠡᠭᠵᠢᠬᠦᠯᠬᠦ ᠶᠢ ᠲᠦᠯᠬᠢᠨ ᠠᠬᠢᠭᠤᠯᠣᠨ᠎ᠠ᠃     14. ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠣᠨ ᠤ ᠠᠮᠣᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠣᠭᠰᠠᠨ ᠦᠢᠯᠡ ᠠᠵᠢᠯᠯᠠᠭ᠎ᠠ ᠳᠤ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠂ ᠡᠬᠦᠨ ᠳᠤ ᠡᠮ ᠤᠨ ᠵᠦᠢᠯ ᠢᠳᠡᠬᠡᠨ ᠤ ᠵᠦᠢᠯ᠂ ᠠᠮᠢ ᠠᠬᠤᠢ ᠶᠢᠨ ᠣᠷᠴᠢᠨ ᠲᠣᠭᠤᠷᠢᠨ᠂ ᠪᠠᠷᠢᠯᠭ᠎ᠠ ᠶᠢᠨ ᠶᠠᠰᠣ ᠴᠢᠨᠠᠷ᠂ ᠠᠶᠣᠯᠬᠦᠢ ᠦᠢᠯᠡᠳᠪᠦᠷᠢᠯᠡᠯ᠂ ᠭᠠᠯ ᠰᠡᠷᠭᠡᠶᠢᠯᠡᠬᠦ ᠠᠶᠣᠯᠭᠦᠢ᠂ ᠠᠯᠪᠠᠳᠠᠯᠭ᠎ᠠ ᠶᠢᠨ ᠴᠢᠨᠠᠷᠲᠠᠢ ᠪᠠᠷ ᠦᠢᠯᠡᠳᠬᠦᠨ ᠤ ᠶᠠᠰᠣ ᠴᠢᠨᠠᠷ ᠢ ᠬᠡᠷᠡᠴᠢᠯᠡᠬᠦᠯᠬᠦ ᠵᠡᠷᠭᠡ ᠬᠦᠷᠢᠶᠡᠨ ᠤ ᠬᠦᠨᠳᠦ ᠨᠣᠴᠢᠲᠠᠢ ᠢᠳᠡᠬᠡᠮᠵᠢ ᠦᠭᠡᠢ ᠦᠢᠯᠡ ᠠᠵᠢᠯᠯᠠᠭ᠎ᠠ ᠪᠠᠭᠳᠠᠨ᠎ᠠ᠃     15. ᠵᠠᠬ᠎ᠠ ᠳᠡᠯᠭᠡᠭᠦᠷ ᠤᠨ ᠡᠷᠬᠡ ᠲᠡᠭᠰᠢ ᠦᠷᠢᠰᠦᠯᠳᠦᠬᠦ ᠡᠮᠬᠢ ᠲᠢᠭᠯᠢᠮ ᠪᠠ ᠨᠡᠶᠢᠬᠡᠮ ᠤᠨ ᠬᠡᠪ ᠤᠨ ᠡᠮᠬᠢ ᠲᠢᠭᠯᠢᠮ ᠢ ᠬᠦᠨᠳᠦ ᠨᠣᠴᠢᠲᠠᠢ ᠡᠪᠳᠡᠭᠰᠡᠨ ᠦᠢᠯᠡ ᠠᠵᠢᠯᠯᠠᠭ᠎ᠠ ᠳᠤ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠂ ᠡᠬᠦᠨ ᠳᠤ ᠬᠡᠬᠡᠯᠢ ᠲᠦᠯᠬᠢᠬᠦ᠂ ᠭᠠᠶᠢᠯᠢ ᠠᠴᠠ ᠵᠠᠶᠢᠯᠠᠬᠤ ᠭᠠᠶᠢᠯᠢ ᠮᠡᠬᠡᠯᠡᠬᠦ᠂ ᠦᠷᠢ ᠰᠢᠷᠢ ᠠᠴᠠ ᠵᠣᠷᠢᠭᠤᠳᠠ ᠵᠠᠶᠢᠯᠠᠵᠣ ᠦᠷᠢ ᠰᠢᠷᠢ ᠪᠠᠨ ᠪᠠᠯᠠᠯᠠᠬᠤ᠂ ᠵᠢᠬᠡᠯᠡᠯᠭᠡ ᠪᠠ ᠦᠢᠯᠡᠴᠢᠯᠡᠬᠡᠨ ᠤ ᠵᠠᠷᠣᠳᠠᠯ ᠢᠶᠠᠨ ᠵᠣᠷᠢᠭᠤᠳᠠ ᠦᠷᠢᠲᠦᠬᠦ᠂ ᠴᠠᠯᠢᠩ ᠢ ᠨᠢ ᠵᠣᠷᠢᠭᠤᠳᠠ ᠦᠷᠢᠲᠦᠬᠦ᠂ ᠬᠠᠣᠯᠢ ᠪᠣᠰᠣ ᠪᠠᠷ ᠪᠡᠯᠡ ᠴᠣᠭᠯᠠᠭᠤᠯᠬᠤ᠂ ᠬᠡᠷ᠎ᠡ  ᠪᠠᠷ ᠬᠢᠬᠠᠨ ᠮᠡᠬᠡᠯᠡᠬᠦ᠂ ᠳᠠᠮᠵᠢᠭᠤᠯᠣᠨ ᠪᠣᠷᠣᠯᠠᠭᠤᠯᠬᠤ᠂ ᠪᠠᠳᠣᠯᠠᠪᠣᠷᠢ ᠶᠢᠨ ᠪᠢᠴᠢᠭ ᠦᠭᠡᠢ ᠪᠠᠷ ᠡᠵᠡᠩᠨᠡᠯᠲᠡ ᠬᠢᠬᠦ᠂ ᠬᠤᠳᠠᠯ ᠬᠠᠭᠤᠷᠮᠠᠭ ᠮᠠᠭᠤ ᠦᠢᠯᠡᠳᠬᠦᠨ ᠢ ᠦᠢᠯᠡᠳᠴᠦ ᠪᠣᠷᠣᠯᠠᠭᠤᠯᠬᠤ ᠪᠠ ᠮᠡᠳᠡᠯᠭᠡ ᠶᠢᠨ ᠡᠷᠬᠡ ᠳᠤ ᠵᠣᠷᠢᠭᠤᠳᠠ ᠬᠠᠯᠳᠠᠬᠤ᠂ ᠬᠢᠷᠢ ᠴᠢᠨᠠᠷ ᠲᠠᠢ ᠳᠠᠭᠠᠭᠠᠴᠢᠯᠠᠯᠲᠠ ᠶᠢ ᠵᠢᠬᠡᠯᠡᠬᠦᠯᠦᠨ ᠬᠡᠷᠡᠭᠯᠡᠬᠦᠯᠬᠦ᠂ ᠰᠦᠯᠪᠡᠭᠡᠯᠡᠨ ᠳᠠᠭᠠᠭᠠᠴᠢᠯᠠᠯᠲᠠ  ᠶᠢ ᠵᠢᠬᠡᠯᠡᠬᠦᠯᠦᠨ ᠬᠡᠷᠡᠭᠯᠡᠬᠦᠯᠬᠦ᠂ ᠰᠦᠯᠪᠡᠭᠡᠯᠡᠨ ᠳᠠᠭᠠᠭᠠᠴᠢᠯᠠᠯᠲᠠ ᠳᠤ ᠣᠷᠣᠯᠴᠠᠬᠤ᠂ ᠬᠤᠳᠠᠯ ᠬᠠᠭᠤᠷᠮᠠᠭ ᠵᠠᠷ ᠮᠡᠳᠡᠭᠡ ᠲᠠᠷᠬᠠᠭᠠᠬᠤ᠂ ᠬᠡᠷᠡᠭᠯᠡᠭᠴᠢᠳ ᠤᠨ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ᠂ ᠰᠦᠯᠵᠢᠶ᠎ᠡ ᠪᠠᠷ ᠳᠠᠮᠵᠢᠭᠤᠯᠬᠤ ᠡᠮᠬᠢ ᠲᠢᠭᠯᠢᠮ ᠢ ᠡᠪᠳᠡᠬᠦ᠂ ᠣᠯᠠᠨ ᠢ ᠴᠣᠭᠯᠠᠭᠤᠯᠣᠨ ᠨᠡᠶᠢᠬᠡᠮ ᠤᠨ ᠡᠮᠬᠢ ᠲᠢᠭᠯᠢᠮ ᠢ ᠡᠪᠳᠡᠬᠦ ᠵᠡᠷᠭᠡ ᠬᠦᠨᠳᠦ ᠨᠣᠴᠢᠲᠠᠢ ᠢᠳᠡᠬᠡᠮᠵᠢ ᠦᠭᠡᠢ ᠦᠢᠯᠡ ᠠᠵᠢᠯᠯᠠᠭ᠎ᠠ ᠪᠠᠭᠳᠠᠨ᠎ᠠ᠃     16. ᠬᠠᠣᠯᠢ ᠪᠠᠷ ᠲᠣᠭᠲᠠᠭᠠᠭᠰᠠᠨ ᠡᠬᠦᠷᠭᠡ ᠪᠠᠨ ᠬᠦᠢᠴᠡᠳᠬᠡᠬᠦ ᠦᠬᠡᠢ᠂ ᠬᠠᠣᠯᠢ ᠴᠠᠭᠠᠵᠠ ᠶᠢᠨ ᠪᠠᠶᠢᠭᠤᠯᠣᠯᠭ᠎ᠠ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠨᠡᠶᠢᠲᠡ ᠶᠢᠨ ᠢᠳᠡᠬᠡᠮᠵᠢ ᠶᠢᠨ ᠬᠦᠴᠦᠨ ᠢ ᠬᠦᠨᠳᠦ ᠨᠣᠴᠢᠲᠠᠢ ᠨᠦᠯᠦᠭᠡᠯᠡᠭᠰᠡᠨ ᠦᠢᠯᠡ ᠠᠵᠢᠯᠯᠠᠭ᠎ᠠ ᠳᠤ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠂ ᠡᠬᠦᠨ ᠳᠤ ᠲᠣᠬᠠᠢ ᠶᠢᠨ ᠬᠦᠮᠦᠨ ᠢ ᠬᠠᠣᠯᠢ ᠴᠠᠭᠠᠵᠠ ᠶᠢᠨ ᠪᠠᠶᠢᠭᠤᠯᠣᠯᠭ᠎ᠠ᠂ ᠵᠠᠰᠠᠭ ᠵᠠᠬᠢᠷᠭᠠᠨ  ᠤ ᠪᠠᠶᠢᠭᠤᠯᠣᠯᠭ᠎ᠠ ᠠᠴᠠ ᠰᠢᠬᠦᠨ ᠲᠠᠰᠣᠯᠠᠬᠤ ᠪᠣᠶᠣ ᠰᠢᠢᠳᠪᠦᠷᠢᠯᠡᠭᠰᠡᠨ ᠤ ᠳᠠᠷᠠᠭ᠎ᠠ᠂ ᠲᠣᠰ ᠬᠦᠮᠦᠨ ᠨᠢ ᠡᠭᠦᠷᠭᠡ  ᠪᠠᠨ ᠬᠦᠢᠴᠡᠳᠬᠡᠬᠦ ᠬᠦᠴᠦᠨ ᠲᠠᠢ ᠪᠠᠶᠢᠭᠠᠳ ᠦᠯᠦ ᠬᠦᠢᠴᠡᠳᠬᠡᠬᠦ᠂ ᠡᠬᠦᠷᠬᠡ ᠪᠠᠨ ᠬᠦᠢᠴᠡᠳᠬᠡᠬᠦ ᠠᠴᠠ ᠵᠠᠶᠢᠯᠠᠬᠤ ᠵᠡᠷᠭᠡ ᠬᠦᠨᠳᠦ ᠨᠣᠴᠢᠲᠠᠢ ᠢᠳᠡᠬᠡᠮᠵᠢ ᠦᠭᠡᠢ ᠦᠢᠯᠡ ᠠᠵᠢᠯᠯᠠᠭ᠎ᠠ ᠪᠠᠭᠳᠠᠨ᠎ᠠ᠃     17. ᠣᠯᠣᠰ ᠤᠨ ᠪᠠᠳᠣᠯᠠᠨ ᠬᠠᠮᠠᠭᠠᠯᠠᠯᠲᠠ ᠶᠢᠨ ᠡᠬᠦᠷᠭᠡ ᠬᠠᠷᠢᠭᠤᠴᠠᠯᠭ᠎ᠠ ᠪᠠᠨ ᠦᠯᠦ ᠬᠦᠢᠴᠡᠳᠬᠡᠬᠦ᠂ ᠴᠡᠷᠢᠭ ᠤᠨ ᠠᠯᠪᠠ ᠬᠢᠬᠦ ᠶᠢ ᠦᠯᠦ ᠵᠦᠪᠰᠢᠶᠡᠷᠡᠬᠦ᠂ ᠴᠡᠷᠢᠭ ᠤᠨ ᠠᠯᠪᠠᠨ ᠠᠴᠠ ᠵᠠᠶᠢᠯᠠᠬᠤ᠂ ᠠᠷᠠᠳ ᠤᠨ ᠬᠡᠷᠡᠭᠯᠡᠬᠡᠨ  ᠤ ᠡᠬᠢ ᠪᠠᠶᠠᠯᠢᠭ ᠢ ᠲᠠᠲᠠᠪᠣᠷᠢᠯᠠᠨ ᠬᠡᠷᠡᠭᠯᠡᠬᠦ ᠶᠢ ᠵᠦᠪᠰᠢᠶᠡᠷᠡᠬᠦ ᠦᠭᠡᠢ᠂ ᠬᠤᠶᠢᠰᠢᠯᠠᠭᠤᠯᠬᠤ ᠪᠣᠶᠣ ᠲᠠᠲᠠᠪᠣᠷᠢᠯᠠᠨ ᠬᠡᠷᠡᠭᠯᠡᠭᠳᠡᠭᠰᠡᠨ ᠠᠷᠠᠳ ᠤᠨ ᠬᠡᠷᠡᠭᠯᠡᠬᠡᠨ ᠤ ᠡᠬᠢ ᠪᠠᠶᠠᠯᠢᠭ ᠢ ᠳᠣᠷ᠎ᠠ ᠪᠠᠷ ᠦᠭᠡᠷᠡᠴᠢᠯᠡᠨ ᠬᠤᠪᠢᠷᠠᠭᠤᠯᠵᠣ᠂ ᠣᠯᠣᠰ  ᠤᠨ ᠪᠠᠳᠣᠯᠠᠨ ᠬᠠᠮᠠᠭᠠᠯᠠᠯᠲᠠ ᠶᠢᠨ ᠠᠰᠢᠭ ᠲᠣᠰᠠ ᠶᠢ ᠬᠤᠬᠢᠷᠠᠭᠤᠯᠬᠤ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠪᠡᠯᠡᠳᠬᠡᠮᠵᠢ ᠲᠦᠭᠦᠭᠡᠷᠦᠮᠵᠢ ᠵᠡᠷᠭᠡ ᠶᠢ ᠡᠪᠳᠡᠨ ᠬᠤᠬᠢᠷᠠᠭᠤᠯᠬᠤ ᠦᠢᠯᠡ ᠠᠵᠢᠯᠯᠠᠭ᠎ᠠ ᠶᠢ ᠬᠠᠮᠳᠣᠷᠠᠨ ᠵᠠᠯᠬᠠᠭᠠᠨ ᠴᠡᠭᠡᠷᠯᠡᠬᠦᠯᠦᠨ᠎ᠡ᠃ ︵ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ᠂ ᠠᠷᠠᠳ ᠤᠨ ᠰᠢᠬᠦᠬᠦ ᠬᠤᠷᠢᠶ᠎ᠠ ᠲᠦᠷᠦᠬᠦᠯᠡᠨ ᠬᠠᠷᠢᠭᠤᠴᠠᠵᠣ᠂ ᠬᠤᠰᠢᠭᠤᠨ ᠤ ᠣᠯᠣᠰ ᠤᠨ ᠪᠠᠳᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠠᠯᠪᠠᠨ ᠭᠡᠷ᠂ ᠢᠳᠡᠬᠡᠨ ᠤ ᠵᠦᠢᠯ ᠡᠮ ᠤᠨ ᠵᠦᠢᠯ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠬᠡ ᠶᠢᠨ ᠲᠣᠪᠴᠢᠶ᠎ᠠ᠂ ᠠᠶᠣᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠡᠷᠡᠬᠦᠯ ᠬᠠᠮᠠᠭᠠᠯᠠᠯ ᠪᠠ ᠲᠦᠯᠦᠪᠯᠡᠬᠡᠲᠦ ᠦᠷᠡᠵᠢᠯ ᠤᠨ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠰᠦᠯᠵᠢᠶᠡᠨ ᠤ ᠠᠮᠣᠷ ᠲᠦᠪᠰᠢᠨ ᠪᠠ ᠮᠡᠳᠡᠭᠡ ᠵᠠᠩᠬᠢᠵᠢᠯᠲᠠ ᠶᠢᠨ ᠠᠯᠪᠠᠨ ᠭᠡᠷ᠂ ᠣᠯᠣᠰ ᠤᠨ ᠭᠠᠶᠢᠯᠢ ᠶᠢᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠬᠡᠮ ᠤᠨ ᠪᠠᠳᠣᠯᠠᠪᠣᠷᠢ  ᠶᠢᠨ ᠲᠣᠪᠴᠢᠶ᠎ᠠ᠂ ᠮᠦᠩᠬᠦᠨ ᠬᠦᠢᠯᠬᠡᠬᠡᠨ ᠤ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠡᠬᠦᠷᠬᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠬᠠᠷᠢᠭᠤᠴᠠᠨ᠎ᠠ︶     ︵ ᠠᠷᠪᠠᠨ ᠨᠢᠬᠡ︶ ᠢᠳᠡᠬᠡᠮᠵᠢ ᠦᠬᠡᠢ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠴᠢᠨᠠᠷᠲᠠᠢ ᠪᠠᠷ ᠬᠢᠵᠠᠭᠠᠷᠯᠠᠬᠤ ᠪᠠ ᠵᠠᠯᠬᠠᠭᠠᠨ ᠴᠡᠭᠡᠷᠯᠡᠬᠦᠯᠬᠦ ᠪᠠᠨ ᠴᠢᠩᠭᠠᠳᠬᠠᠨ᠎ᠠ      ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠦᠨᠳᠦ ᠨᠣᠴᠢᠲᠠᠢ ᠢᠳᠡᠬᠡᠯ ᠠᠯᠳᠠᠭᠰᠠᠨ ᠭᠤᠣᠯ ᠴᠣᠭᠴᠠ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠵᠣ᠂ ᠬᠠᠣᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠴᠢᠨᠠᠷᠲᠠᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠬᠦᠯᠬᠦ ᠬᠡᠷᠡᠭᠲᠡᠢ᠃     18. ᠬᠦᠨᠳᠦ ᠨᠣᠴᠢᠲᠠᠢ ᠢᠳᠡᠬᠡᠮᠵᠢ ᠠᠯᠳᠠᠭᠰᠠᠨ ᠭᠤᠣᠯ ᠴᠣᠭᠴᠠ ᠳᠤ ᠵᠠᠰᠠᠭ ᠵᠠᠬᠢᠷᠭᠠᠨ ᠤ ᠵᠦᠪᠰᠢᠶᠡᠷᠡᠯ  ᠤᠨ ᠬᠢᠨᠠᠨ ᠵᠦᠪᠰᠢᠶᠡᠷᠡᠬᠦ ᠵᠦᠢᠯ ᠢ ᠴᠢᠩᠭ᠎ᠠ ᠬᠢᠨᠠᠨ ᠬᠠᠷᠭᠤᠭᠤᠯᠵᠣ᠂ ᠦᠢᠯᠡᠳᠪᠦᠷᠢᠯᠡᠬᠦ ᠵᠦᠪᠰᠢᠶᠡᠷᠡᠯ ᠤᠨ ᠦᠨᠡᠮᠯᠡᠯ ᠲᠠᠷᠬᠠᠭᠠᠬᠤ ᠶᠢ ᠴᠢᠩᠭ᠎ᠠ ᠬᠢᠵᠠᠭᠠᠷᠯᠠᠵᠣ᠂ ᠰᠢᠨ᠎ᠡ ᠪᠠᠷ ᠨᠡᠮᠡᠭᠳᠡᠬᠦᠯᠬᠦ ᠲᠦᠷᠦᠯ ᠵᠦᠢᠯ ᠢ ᠬᠢᠨᠠᠨ ᠵᠦᠪᠰᠢᠶᠡᠷᠡᠬᠦ ᠶᠢ ᠴᠢᠩᠭ᠎ᠠ ᠬᠢᠵᠠᠭᠠᠷᠯᠠᠨ᠂ ᠰᠲ᠋ᠣᠺ ᠤᠨ ᠡᠷᠬᠡ ᠠᠷᠠᠯᠵᠢᠶᠠᠯᠠᠬᠤ ᠵᠠᠬ᠎ᠠ ᠳᠡᠯᠭᠡᠭᠦᠷ ᠤᠨ ᠫᠠᠶᠢᠰᠠ ᠡᠯᠬᠦᠬᠦ ᠶᠢ ᠬᠢᠵᠠᠭᠠᠷᠯᠠᠬᠤ ᠂ ᠰᠲ᠋ᠣᠺ ᠤᠨ ᠫᠢᠶᠣᠣ ᠲᠠᠷᠬᠠᠭᠠᠵᠣ ᠵᠠᠬ᠎ᠠ ᠳᠡᠯᠭᠡᠭᠦᠷ ᠲᠤ ᠪᠡᠯᠡ ᠬᠤᠷᠠᠮᠳᠣᠭᠤᠯᠬᠤ ᠪᠣᠶᠣ ᠵᠢᠭᠡᠯᠡᠯᠭᠡ ᠶᠢᠨ ᠳᠡᠮᠳᠡᠭᠲᠦ ᠲᠠᠷᠬᠠᠭᠠᠬᠤ ᠶᠢ ᠬᠢᠵᠠᠭᠠᠷᠯᠠᠬᠤ᠂ ᠬᠤᠪᠢᠴᠠᠭᠠᠨ ᠳᠤ ᠣᠷᠣᠬᠤ ᠮᠦᠩᠬᠦᠨ ᠬᠦᠢᠯᠬᠡᠬᠡᠨ ᠤ ᠪᠠᠶᠢᠭᠤᠯᠣᠮᠵᠢ ᠵᠢᠴᠢ ᠪᠠᠭ᠎ᠠ ᠲᠣᠭᠠᠨ ᠤ ᠵᠢᠬᠡᠯᠡᠯᠬᠡ ᠶᠢᠨ ᠺᠣᠮᠫᠠᠨᠢ᠂ ᠪᠡᠯᠡ ᠬᠤᠷᠠᠮᠳᠣᠭᠤᠯᠬᠤ ᠳᠠᠭᠠᠭᠠᠨ ᠪᠠᠳᠣᠯᠠᠬᠤ ᠺᠣᠮᠫᠠᠨᠢ᠂ ᠦᠢᠯᠡᠰ ᠪᠣᠰᠬᠠᠯᠲᠠ ᠳᠤ ᠪᠡᠯᠡ ᠣᠷᠣᠭᠤᠯᠬᠤ ᠺᠣᠮᠫᠠᠨᠢ᠂ ᠢᠨᠲ᠋ᠧᠷ ᠰᠦᠯᠵᠢᠶᠡᠨ ᠤ ᠪᠡᠯᠡ ᠬᠤᠷᠠᠮᠳᠣᠭᠤᠯᠬᠤ ᠲᠠᠪᠴᠠᠩ ᠵᠡᠷᠭᠡ ᠪᠠᠶᠢᠭᠤᠯᠣᠮᠵᠢ ᠶᠢ ᠡᠬᠦᠰᠬᠡᠨ ᠪᠠᠶᠢᠭᠤᠯᠬᠤ ᠶᠢ ᠬᠢᠵᠠᠭᠠᠷᠯᠠᠬᠤ᠂ ᠢᠨᠲ᠋ᠧᠷ ᠰᠦᠯᠵᠢᠶᠡᠨ ᠳᠡᠭᠡᠷ᠎ᠡ ᠮᠡᠳᠡᠭᠡ ᠵᠠᠩᠬᠢ ᠶᠢᠨ ᠦᠢᠯᠡᠴᠢᠯᠡᠬᠡᠨ ᠬᠠᠩᠭᠠᠬᠤ ᠶᠢ ᠴᠢᠩᠭ᠎ᠠ ᠬᠢᠵᠠᠭᠠᠷᠯᠠᠨ᠎ᠠ᠃     19. ᠢᠳᠡᠬᠡᠮᠵᠢ ᠪᠠᠷ ᠲᠣᠶᠢᠯ ᠤᠨ ᠪᠠᠷᠣᠭᠳᠠᠢ ᠭᠤᠣᠯ ᠴᠣᠭᠴᠠ ᠶᠢᠨ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠭᠤᠶᠣᠴᠢᠯᠠᠬᠤ ᠲᠦᠷᠦᠯ ᠵᠦᠢᠯ ᠢ ᠴᠢᠩᠭ᠎ᠠ ᠬᠢᠵᠠᠭᠠᠷᠯᠠᠵᠣ᠂ ᠣᠯᠠᠨ ᠨᠡᠶᠢᠲᠡ ᠶᠢᠨ ᠡᠬᠢ ᠪᠠᠶᠠᠯᠢᠭ ᠠᠷᠠᠯᠵᠢᠶᠠᠯᠠᠬᠤ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠬᠤ ᠶᠢ ᠬᠢᠵᠠᠭᠠᠷᠯᠠᠵᠣ᠂ ᠰᠠᠭᠤᠷᠢ ᠲᠦᠭᠦᠭᠡᠷᠦᠮᠵᠢ ᠪᠠ ᠨᠡᠶᠢᠲᠡ ᠶᠢᠨ ᠦᠢᠯᠡᠴᠢᠯᠡᠬᠡᠨ ᠤ ᠦᠢᠯᠡᠰ ᠢ ᠣᠨᠴᠠ ᠵᠦᠪᠰᠢᠶᠡᠷᠡᠯ ᠤᠨ ᠡᠵᠡᠩᠨᠡᠯᠲᠡ ᠬᠢᠬᠦ ᠶᠢ ᠬᠢᠵᠠᠭᠠᠷᠯᠠᠨ᠎ᠠ᠃     20. ᠢᠳᠡᠬᠡᠮᠵᠢ ᠪᠠᠷ ᠲᠣᠶᠢᠯ ᠤᠨ ᠪᠠᠷᠣᠭᠲᠠᠢ ᠠᠵᠣ ᠠᠬᠤᠶᠢᠯᠠᠯ ᠵᠢᠴᠢ ᠲᠡᠬᠦᠨ ᠤ ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ᠂ ᠭᠤᠣᠯ ᠬᠠᠷᠢᠭᠤᠴᠠᠯᠭᠠᠳᠠᠨ ᠪᠠ ᠢᠳᠡᠬᠡᠮᠵᠢ ᠦᠭᠡᠢ ᠦᠢᠯᠡ ᠠᠵᠢᠯᠯᠠᠭ᠎ᠠ ᠶᠢ ᠰᠢᠭᠤᠳ ᠬᠠᠷᠢᠭᠤᠴᠠᠵᠣ ᠪᠠᠶᠢᠭ᠎ᠠ ᠳᠠᠩᠰᠠᠯᠠᠭᠤᠯᠣᠭᠰᠠᠨ ᠠᠵᠢᠯ ᠡᠷᠬᠢᠯᠡᠵᠦ ᠪᠠᠶᠢᠭ᠎ᠠ ᠬᠦᠮᠦᠰ ᠤᠨ ᠵᠠᠬ᠎ᠠ ᠳᠡᠯᠬᠡᠬᠦᠷ ᠪᠠ ᠠᠵᠢᠯ ᠲᠦᠷᠦᠯ ᠳᠤ ᠣᠷᠣᠬᠤ ᠶᠢ ᠬᠢᠵᠠᠭᠠᠷᠯᠠᠨ᠎ᠠ᠃     21. ᠢᠳᠡᠬᠡᠮᠵᠢ ᠪᠠᠷ ᠲᠣᠶᠢᠯ ᠤᠨ ᠪᠠᠷᠣᠭᠲᠠᠢ ᠠᠵᠣ ᠠᠬᠤᠶᠢᠯᠠᠯ ᠵᠢᠴᠢ ᠲᠡᠬᠦᠨ ᠤ ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ᠂ ᠬᠠᠷᠢᠭᠤᠴᠠᠯᠭᠠᠳᠠᠨ᠂ ᠳᠡᠭᠡᠳᠦ ᠳᠡᠰ ᠤᠨ ᠬᠠᠮᠢᠶᠠᠷᠣᠭᠴᠢ ᠪᠠ ᠢᠳᠡᠬᠡᠮᠵᠢ ᠦᠭᠡᠢ ᠦᠢᠯᠡ ᠠᠵᠢᠯᠯᠠᠭ᠎ᠠ ᠶᠢ ᠰᠢᠭᠤᠳ ᠬᠠᠷᠢᠭᠤᠴᠠᠵᠣ ᠪᠠᠶᠢᠭ᠎ᠠ ᠬᠡᠷᠡᠭ ᠮᠡᠳᠡᠭᠴᠢ᠂ ᠬᠤᠪᠢ ᠣᠷᠣᠭᠤᠯᠣᠭᠴᠢ ᠵᠡᠷᠭᠡ ᠬᠦᠮᠦᠰ ᠤᠨ ᠢᠷᠠᠭᠤ ᠠᠯᠳᠠᠷ ᠤᠨ ᠴᠣᠯᠠ ᠶᠢ ᠨᠢ ᠬᠦᠴᠦᠨ ᠦᠭᠡᠢ ᠪᠣᠯᠭᠠᠵᠣ᠂ ᠰᠢᠯᠢᠳᠡᠭ ᠪᠠ ᠲᠡᠷᠢᠬᠦᠨ ᠤ ᠬᠢ ᠪᠠᠷ ᠰᠢᠯᠭᠠᠷᠠᠭᠤᠯᠬᠤ ᠳᠤ ᠣᠷᠣᠯᠴᠠᠬᠤ ᠬᠢᠷᠢ ᠬᠡᠮ ᠢ ᠨᠢ ᠬᠠᠰᠣᠨ᠎ᠠ᠃ ︵ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ ᠲᠦᠷᠦᠭᠦᠯᠡᠨ ᠬᠠᠷᠢᠭᠤᠴᠠᠵᠣ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠬᠠᠷᠢᠭᠤᠴᠠᠨ᠎ᠠ︶     ︵ ᠠᠷᠪᠠᠨ ᠬᠤᠶᠠᠷ︶ ᠢᠳᠡᠬᠡᠮᠵᠢ ᠦᠭᠡᠢ ᠦᠢᠯᠡ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠴᠢᠨᠠᠷᠲᠠᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠬᠦᠯᠬᠦ ᠪᠠᠨ ᠴᠢᠩᠭᠠᠳᠬᠠᠨ᠎ᠠ     22. ᠢᠳᠡᠬᠡᠯ ᠢᠶᠠᠷ ᠲᠣᠶᠢᠯ ᠤᠨ ᠪᠠᠷᠣᠭᠳᠠᠢ ᠭᠤᠣᠯ ᠴᠣᠭᠴᠠ ᠳᠤ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠮᠵᠢ ᠠᠴᠠ ᠨᠡᠶᠢᠬᠡᠮ ᠤᠨ ᠢᠳᠡᠬᠡᠮᠵᠢ ᠶᠢᠨ ᠨᠢᠬᠡᠳᠦᠯᠳᠡᠢ ᠲᠦᠯᠦᠭᠡᠯᠡᠬᠦ ᠳᠡᠮᠳᠡᠭ ᠢᠶᠠᠷ ᠬᠡᠯᠬᠢᠶᠡᠰᠦ ᠪᠣᠯᠭᠠᠵᠣ᠂ ᠬᠠᠮᠢᠶ᠎ᠠ ᠪᠦᠬᠦᠢ ᠮᠡᠳᠡᠭᠡ ᠵᠠᠩᠬᠢ ᠶᠢ ᠨᠢ ᠲᠡᠷᠡ ᠳᠠᠷᠣᠢ ᠳᠤᠨᠢ ᠢᠯᠡ ᠪᠠᠷ ᠨᠡᠶᠢᠲᠡᠯᠡᠵᠦ᠂ ᠵᠠᠬ᠎ᠠ ᠳᠡᠯᠭᠡᠭᠦᠷ  ᠤᠨ ᠢᠳᠡᠬᠡᠮᠵᠢ ᠦᠭᠡᠢ ᠦᠢᠯᠡ ᠠᠵᠢᠯᠯᠠᠭ᠎ᠠ ᠶᠢ ᠢᠯᠭᠠᠨ ᠲᠠᠨᠢᠬᠤ᠂ ᠢᠳᠡᠬᠡᠮᠵᠢ ᠶᠢᠨ ᠠᠶᠣᠯ ᠲᠦᠭᠰᠢᠬᠦᠷᠢ ᠶᠢ ᠰᠡᠷᠭᠡᠶᠢᠯᠡᠬᠦ ᠳᠤ ᠳᠦᠬᠦᠮ ᠦᠵᠡᠬᠦᠯᠬᠦ ᠬᠡᠷᠡᠭᠲᠡᠢ᠃      23. ᠬᠤᠯᠪᠣᠭᠳᠠᠯ ᠪᠦᠬᠦᠢ ᠠᠵᠣ ᠠᠬᠤᠶᠢᠯᠠᠯ ᠪᠠ ᠬᠤᠪᠢ ᠬᠦᠮᠦᠨ ᠢ ᠱᠠᠭᠠᠷᠳᠠᠵᠣ ᠪᠠᠶᠢᠭᠠᠳ ᠬᠠᠣᠯᠢ ᠶᠣᠰᠣᠨ ᠤ ᠡᠭᠦᠷᠭᠡ ᠬᠠᠷᠢᠭᠤᠴᠠᠯᠭ᠎ᠠ ᠶᠢ ᠨᠢ ᠬᠦᠢᠴᠡᠳᠬᠡᠯᠬᠡᠵᠦ᠂ ᠬᠠᠣᠯᠢ ᠶᠣᠰᠣᠨ ᠤ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ  ᠴᠢᠳᠠᠪᠣᠷᠢ ᠲᠠᠢ ᠪᠠᠶᠢᠳᠠᠯ᠎ᠠ ᠪᠠᠨ ᠬᠦᠢᠴᠡᠳᠬᠡᠬᠦ ᠦᠭᠡᠢ᠂ ᠢᠳᠡᠬᠡᠯ ᠢᠶᠠᠷ ᠲᠣᠶᠢᠯ ᠤᠨ ᠪᠠᠷᠣᠭᠲᠠᠢ ᠭᠤᠣᠯ ᠴᠣᠭᠴᠠ ᠶᠢᠨ ᠬᠢᠯᠢ ᠠᠴᠠ ᠭᠠᠷᠬᠤ ᠶᠢ ᠬᠢᠵᠠᠭᠠᠷᠯᠠᠵᠣ᠂ ᠦᠯᠦ ᠬᠦᠳᠡᠯᠬᠦ ᠬᠦᠷᠦᠩᠭᠡ ᠬᠤᠳᠠᠯᠳᠣᠨ ᠠᠪᠬᠤ  ᠶᠢ ᠬᠢᠵᠠᠭᠠᠷᠯᠠᠵᠣ᠂ ᠨᠢᠰᠬᠡᠯ ᠳᠤ ᠰᠠᠭᠤᠬᠤ᠂ ᠠᠶᠠᠨᠴᠢᠨ ᠤ ᠭᠠᠯᠳᠣ ᠲᠡᠷᠬᠡ ᠶᠢᠨ ᠵᠦᠭᠡᠯᠡᠨ ᠣᠷᠣ ᠳᠤ ᠰᠠᠭᠤᠬᠤ᠂ G ᠦᠰᠦᠭ ᠢᠶᠠᠷ ᠲᠦᠷᠦᠭᠦᠴᠢ ᠳᠡᠮᠳᠡᠭ ᠪᠣᠯᠭᠠᠭᠰᠠᠨ ᠬᠦᠳᠡᠯᠬᠡᠬᠦᠷᠲᠦ ᠠᠶᠠᠨᠴᠢᠨ ᠤ ᠭᠠᠯᠳᠣ ᠲᠡᠷᠬᠡ᠂ ᠪᠣᠰᠣᠳ ᠲᠦᠷᠬᠡᠨ ᠤ ᠠᠶᠠᠨᠴᠢᠨ ᠤ ᠭᠠᠯᠳᠣ ᠲᠡᠷᠬᠡ᠂ ᠪᠣᠰᠣᠳ ᠲᠦᠷᠬᠡᠨ ᠤ ᠭᠠᠯᠳᠣ ᠲᠡᠷᠬᠡ ᠶᠢᠨ ᠨᠢᠬᠡᠳᠦᠭᠡᠷ ᠳᠡᠰ ᠤᠨ ᠣᠷᠣ ᠠᠴᠠ ᠳᠡᠭᠡᠭᠰᠢᠬᠢ ᠣᠷᠣ ᠳᠤ ᠰᠠᠭᠤᠬᠤ ᠶᠢ ᠬᠢᠵᠠᠭᠠᠷᠯᠠᠵᠣ᠂ ᠵᠣᠭᠠᠴᠠᠨ ᠰᠡᠯᠡᠬᠦᠴᠡᠬᠦ ᠠᠮᠠᠷᠠᠯᠲᠠ ᠶᠢᠨ ᠭᠠᠵᠠᠷ  ᠲᠤ ᠰᠠᠭᠤᠬᠤ᠂ ᠣᠳᠣᠨ ᠳᠡᠰ ᠠᠴᠠ ᠳᠡᠭᠡᠭᠰᠢᠬᠢ ᠵᠣᠴᠢᠳ ᠤᠨ ᠪᠠᠭᠤᠳᠠᠯ ᠳᠤ ᠰᠠᠭᠤᠬᠤ ᠵᠢᠴᠢ ᠪᠣᠰᠣᠳ ᠬᠡᠳᠦ ᠬᠡᠷᠡᠭᠯᠡᠭᠡ ᠬᠢᠬᠦ ᠦᠢᠯᠡ ᠠᠵᠢᠯᠯᠠᠭ᠎ᠠ ᠶᠢ ᠬᠢᠵᠠᠭᠠᠷᠯᠠᠬᠤ ᠵᠡᠷᠭᠡ ᠠᠷᠭ᠎ᠠ ᠠᠪᠴᠠᠯ ᠢ ᠬᠡᠷᠡᠭᠵᠢᠬᠦᠯᠦᠨ᠎ᠡ᠃     24. ᠢᠳᠡᠬᠡᠮᠵᠢ ᠶᠢᠨ ᠮᠡᠳᠡᠭᠡ ᠵᠠᠩᠬᠢ ᠶᠢ ᠬᠠᠮᠢᠶᠠᠷᠬᠤ ᠪᠠᠶᠢᠭᠤᠯᠣᠮᠵᠢ ᠶᠢᠨ ᠢᠳᠡᠬᠡᠯ ᠢᠶᠠᠷ ᠲᠣᠶᠢᠯ ᠤᠨ ᠪᠠᠷᠣᠭᠲᠠᠢ ᠦᠢᠯᠡ ᠠᠵᠢᠯᠯᠠᠭ᠎ᠠ ᠶᠢᠨ ᠲᠣᠬᠠᠢ ᠮᠡᠳᠡᠭᠡ ᠵᠠᠩᠬᠢ ᠴᠣᠭᠯᠠᠭᠤᠯᠬᠤ ᠶᠢ ᠳᠡᠮᠵᠢᠵᠦ᠂ ᠢᠳᠡᠬᠡᠮᠵᠢ ᠶᠢᠨ ᠳᠡᠮᠳᠡᠭᠯᠡᠯ ᠪᠠ ᠢᠳᠡᠬᠡᠮᠵᠢ ᠶᠢᠨ ᠮᠡᠳᠡᠬᠦᠯᠦᠯᠲᠡ ᠳᠤ ᠣᠷᠣᠭᠤᠯᠣᠨ᠎ᠠ᠃     25. ᠬᠤᠳᠠᠯᠳᠣᠭᠠᠨ ᠤ ᠪᠠᠩᠬᠢ᠂ ᠳᠡᠮᠳᠡᠭᠲᠦ ᠶᠢᠨ ᠬᠤᠭᠤᠴᠠᠭᠠᠳᠣ ᠪᠠᠷᠠᠭ᠎ᠠ ᠶᠢᠨ ᠡᠵᠡᠩᠨᠡᠯᠲᠡ ᠶᠢᠨ ᠪᠠᠶᠢᠭᠤᠯᠣᠮᠵᠢ᠂ ᠳᠠᠭᠠᠳᠬᠠᠯ ᠤᠨ ᠺᠣᠮᠫᠠᠨᠢ ᠵᠡᠷᠭᠡ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢ ᠬᠦᠲᠦᠯᠦᠨ ᠵᠢᠯᠣᠭᠤᠳᠴᠣ ᠠᠶᠣᠯ ᠲᠦᠭᠰᠢᠬᠦᠷᠢ ᠶᠢ ᠦᠨᠡᠯᠡᠬᠦ ᠵᠠᠷᠴᠢᠮ ᠶᠣᠰᠣᠭᠠᠷ᠂ ᠢᠳᠡᠬᠡᠮᠵᠢ ᠪᠠᠷ ᠲᠣᠶᠢᠯ ᠤᠨ ᠪᠠᠷᠣᠭᠲᠠᠢ ᠭᠤᠣᠯ ᠴᠣᠭᠴᠠ ᠳᠤ ᠵᠢᠭᠡᠯᠡᠯᠭᠡ ᠶᠢᠨ ᠬᠦᠦ ᠮᠦᠩᠬᠦ ᠪᠠ ᠡᠳ᠋ ᠬᠦᠷᠦᠩᠭᠡ ᠶᠢᠨ ᠳᠠᠭᠠᠳᠬᠠᠯ ᠤᠨ ᠵᠠᠷᠣᠳᠠᠯ ᠤᠨ ᠨᠣᠷᠮ᠎ᠠ ᠶᠢ ᠨᠢ ᠳᠡᠭᠡᠭᠰᠢᠯᠡᠬᠦᠯᠬᠦ ᠪᠣᠶᠣ ᠵᠢᠬᠡᠯᠡᠯᠬᠡ ᠲᠠᠯᠪᠢᠬᠤ᠂ ᠪᠠᠳᠣᠯᠠᠨ ᠲᠠᠨᠢᠯᠴᠠᠭᠤᠯᠬᠤ᠂ ᠳᠠᠭᠠᠭᠠᠨ ᠪᠣᠷᠣᠯᠠᠭᠤᠯᠬᠤ᠂ ᠳᠠᠭᠠᠳᠬᠠᠯ ᠬᠠᠩᠭᠠᠬᠤ ᠵᠡᠷᠭᠡ ᠦᠢᠯᠡᠴᠢᠯᠡᠭᠡ ᠬᠠᠩᠭᠠᠬᠤ ᠦᠭᠡᠢ᠃ ︵ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ᠂ ᠠᠷᠠᠳ ᠤᠨ ᠪᠠᠩᠬᠢ ᠠᠴᠠ ᠲᠦᠷᠦᠬᠦᠯᠡᠨ ᠬᠠᠷᠢᠭᠤᠴᠠᠵᠣ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶ᠎ᠠ᠂ ᠮᠦᠩᠬᠦᠨ ᠬᠦᠢᠯᠭᠡᠭᠡᠨ ᠤ ᠠᠯᠪᠠᠨ ᠭᠡᠷ᠂ ᠵᠣᠭᠠᠴᠠᠯ ᠤᠨ ᠲᠣᠪᠴᠢᠶ᠎ᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠬᠡ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠣᠪᠴᠢᠶ᠎ᠠ᠂ ᠰᠣᠶᠣᠯ ᠲᠠᠮᠢᠷ ᠰᠣᠨᠢᠨ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠣᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠮᠦᠴᠢᠷ ᠤᠳ ᠡᠬᠦᠷᠬᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠣᠰᠣᠭᠠᠷ ᠲᠣᠰ ᠲᠣᠰ ᠬᠠᠷᠢᠭᠤᠴᠠᠨ᠎ᠠ︶᠃  ( ᠠᠷᠪᠠᠨ ᠭᠤᠷᠪᠠ︶ ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠠᠵᠢᠯ ᠲᠦᠷᠦᠯ ᠤᠨ ᠴᠢᠨᠠᠷᠳᠠᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠨ᠎ᠠ     26. ᠠᠵᠢᠯ ᠲᠦᠷᠦᠯ ᠤᠨ ᠰᠠᠬᠢᠯᠭ᠎ᠠ ᠶᠢᠨ ᠭᠡᠷ᠎ᠠ ᠪᠠ ᠠᠵᠢᠯ ᠮᠠᠷᠭᠡᠵᠢᠯ ᠤᠨ ᠶᠤᠰᠤ ᠰᠤᠷᠳᠠᠬᠤᠨ ᠤ ᠲᠦᠷᠢᠮ  ᠢ ᠪᠠᠶᠢᠭᠤᠯᠤᠨ ᠪᠦᠷᠢᠨᠰᠢᠭᠦᠯᠵᠦ᠂ ᠠᠵᠢᠯ ᠲᠦᠷᠦᠯ ᠤᠨ ᠢᠳᠡᠭᠡᠮᠵᠢ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠠᠵᠢᠯ ᠲᠦᠷᠦᠯ ᠤᠨ ᠨᠠᠶᠢᠭᠡᠮᠯᠢᠭ ᠬᠤᠳᠠᠯᠳᠣᠭᠠᠴᠢᠨ ᠤ ᠡᠪᠯᠠᠯ ᠢ ᠬᠦᠳᠦᠯᠦᠨ ᠵᠢᠯᠤᠭᠤᠳᠴᠤ ᠠᠵᠢᠯ ᠲᠦᠷᠦᠯ ᠤᠨ ᠲᠤᠳᠤᠭᠠᠳᠤ ᠳᠤ ᠪᠠᠨ ᠢᠳᠡᠭᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠬᠤ᠂ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠭᠦ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠂ ᠲᠤᠶᠢᠯ ᠤᠨ ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠭᠡᠰᠢᠬᠦᠤᠨ ᠤᠨ ᠢᠳᠡᠭᠡᠮᠵᠢ ᠶᠢᠨ ᠲᠠᠩᠰᠠ ᠡᠪᠭᠡᠮᠠᠯ ᠳᠤ ᠲᠡᠮᠳᠡᠭᠯᠡᠵᠦ ᠲᠠᠯᠪᠢᠬᠤ ᠭᠡᠷᠡᠭᠳᠡᠢ᠃ ᠠᠵᠢᠯ ᠲᠦᠷᠦᠯ ᠤᠨ ᠨᠠᠶᠢᠭᠡᠮᠯᠢᠭ  ᠬᠤᠳᠠᠯᠳᠣᠭᠠᠴᠢᠨ ᠤ ᠡᠪᠯᠠᠯ ᠤᠨ ᠬᠢᠷᠢ ᠴᠢᠨᠠᠷ ᠪᠦᠬᠦᠢ ᠢᠳᠡᠭᠡᠮᠵᠢ ᠶᠢᠨ ᠦᠢᠯᠡᠴᠢᠯᠡᠭᠡᠨ  ᠤ ᠪᠠᠶᠢᠭᠤᠯᠤᠮᠵᠢ ᠶᠢᠨ ᠭᠤᠷᠪᠠᠳᠡᠬᠢ ᠲᠠᠯ᠎ᠠ ᠶᠢᠨ ᠬᠢᠨ ᠲᠠᠢ ᠬᠠᠮᠵᠢᠯᠴᠠᠨ ᠠᠵᠢᠯᠯᠠᠬᠤ ᠶᠢ ᠵᠤᠷᠢᠭᠵᠢᠭᠤᠯᠵᠦ᠂ ᠭᠡᠰᠢᠭᠦᠨ ᠠᠵᠦ ᠠᠬᠤᠶᠢᠯᠠᠯ ᠳᠤ ᠢᠳᠡᠭᠡᠮᠵᠢ ᠶᠢᠨ ᠲᠠᠰ ᠤᠨ ᠦᠨᠡᠯᠡᠯᠳᠠ ᠬᠢᠬᠦ ᠠᠵᠢᠯ ᠢ ᠦᠷᠨᠢᠭᠦᠯᠦᠨ᠎ᠠ᠃ ᠠᠵᠢᠯ ᠲᠦᠷᠦᠯ ᠤᠨ ᠨᠠᠶᠢᠭᠡᠮᠯᠢᠭ ᠬᠤᠳᠠᠯᠳᠣᠭᠠᠴᠢᠨ ᠤ  ᠡᠪᠯᠡᠯ ᠢ ᠲᠡᠮᠵᠢᠵᠦ ᠠᠵᠢᠯ ᠲᠦᠷᠦᠯ ᠤᠨ ᠬᠢᠨ ᠤ ᠪᠠᠷᠢᠮᠵᠢᠶ᠎ᠠ᠂ ᠠᠵᠢᠯ ᠲᠦᠷᠦᠯ ᠤᠨ ᠬᠢᠨ ᠤ ᠲᠦᠷᠢᠮ ᠲᠣᠭᠲᠠᠭᠠᠯ᠂ ᠠᠵᠢᠯ ᠲᠦᠷᠦᠯ ᠤᠨ ᠬᠢᠨ᠎ᠠ ᠤ ᠭᠡᠷ᠎ᠠ ᠶᠢᠨ ᠶᠤᠰᠤᠭᠠᠷ᠂ ᠦᠢᠯᠡ ᠪᠠᠶᠢᠳᠠᠯ ᠤᠨ ᠬᠦᠨᠳᠦ ᠬᠦᠩᠭᠡᠨ ᠢ ᠨᠢ ᠦᠵᠡᠵᠦ ᠪᠠᠶᠢᠭᠠᠳ ᠢᠳᠡᠭᠡᠮᠵᠢ ᠦᠭᠡᠢ ᠭᠡᠰᠢᠭᠦᠨ ᠳᠤ ᠰᠠᠷᠠᠮᠵᠢᠯᠡᠭᠦᠯᠬᠦ᠂ ᠠᠵᠢᠯ ᠲᠦᠷᠦᠯ ᠤᠨ ᠲᠤᠳᠤᠭᠠᠳᠤ ᠳᠤ ᠮᠡᠳᠡᠭᠡᠯᠡᠨ ᠰᠢᠭᠦᠮᠵᠢᠯᠡᠬᠦ᠂ ᠢᠯᠨ ᠪᠠᠷ ᠵᠢᠮᠡᠯᠡᠨ ᠪᠤᠷᠤᠭᠤᠰᠢᠶᠠᠬᠤ᠂ ᠠᠵᠢᠯ ᠲᠦᠷᠦᠯ ᠳᠡᠭᠡᠨ ᠬᠦᠯᠢᠶᠠᠨ ᠠᠪᠬᠤ ᠦᠭᠡᠢ᠂ ᠠᠵᠢᠯ ᠲᠦᠷᠦᠯ ᠠᠴᠠ ᠪᠠᠨ ᠢᠳᠬᠠᠵᠦ ᠭᠠᠷᠭᠠᠬᠬᠤ ᠵᠠᠷᠭᠡ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠭᠡᠷᠡᠭᠵᠢᠭᠦᠯᠦᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠠᠩᠬᠢ ᠵᠢᠴᠢ ᠡᠯ᠎ᠠ ᠬᠤᠯᠪᠤᠭᠳᠠᠯ ᠪᠦᠬᠦᠢ ᠠᠵᠢᠯ ᠲᠦᠷᠦᠯ ᠤᠨ ᠨᠠᠶᠢᠭᠡᠮᠯᠢᠭ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ᠎ᠠ︶     ︵ᠠᠷᠪᠠᠨ ᠲᠦᠷᠪᠡ︶ ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠨᠠᠶᠢᠭᠡᠮ ᠤᠨ ᠴᠢᠨᠠᠷᠳᠠᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠨ᠎ᠠ     ᠨᠠᠶᠢᠭᠡᠮ ᠤᠨ ᠡᠯ᠎ᠠ ᠲᠦᠷᠦᠯ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠨᠠᠶᠢᠭᠡᠮ ᠤᠨ ᠬᠦᠴᠦᠨ ᠢ ᠬᠦᠳᠦᠯᠦᠨ ᠵᠢᠯᠤᠭᠤᠳᠴᠤ ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠳᠤ ᠤᠷᠤᠯᠴᠠᠭᠤᠯᠤᠨ᠎ᠠ     27. ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠦ ᠠᠬᠤᠶᠢᠯᠠᠯ ᠤᠨ ᠢᠳᠡᠭᠡᠮᠵᠢ ᠪᠠᠷ ᠲᠦᠢᠯ ᠤᠨ ᠪᠠᠷᠤᠭᠳᠠᠢ ᠦᠢᠯᠨ ᠠᠵᠢᠯᠯᠠᠭ᠎ᠠ ᠶᠢ ᠠᠷᠠᠳ ᠤᠯᠠᠨ ᠠᠴᠠ ᠢᠯᠡᠴᠢᠯᠡᠨ ᠮᠡᠳᠡᠭᠦᠯᠬᠦ ᠶᠢ ᠵᠤᠷᠢᠭᠵᠢᠭᠤᠯᠵᠦ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠬᠢ  ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠭᠡᠷᠡᠭᠳᠡᠢ᠃     28. ᠬᠤᠯᠪᠤᠭᠳᠠᠯ ᠪᠦᠬᠦᠢ ᠨᠠᠶᠢᠭᠡᠮ ᠤᠨ ᠵᠤᠬᠢᠶᠠᠨ ᠪᠠᠶᠢᠭᠤᠯᠤᠯᠳᠠ ᠶᠢ ᠲᠡᠮᠵᠢᠵᠦ ᠤᠷᠴᠢᠨ ᠲᠤᠭᠤᠷᠢᠨ ᠢ ᠪᠤᠬᠢᠷᠳᠤᠭᠤᠯᠤᠭᠰᠠᠨ᠂ ᠭᠡᠷᠡᠭᠯᠡᠭᠴᠢᠳ ᠪᠤᠶᠦ ᠪᠡᠯᠨ ᠤᠷᠤᠭᠤᠯᠤᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠣᠭᠰᠠᠨ ᠵᠠᠷᠭᠡ ᠤᠯᠠᠨ ᠲᠦᠮᠡᠨᠴᠢ ᠴᠢᠨᠠᠷᠳᠠᠢ ᠪᠠᠷ ᠬᠤᠬᠢᠷᠠᠭᠤᠯᠬᠤ ᠦᠢᠯᠨ ᠠᠵᠢᠯᠯᠠᠭ᠎ᠠ ᠳᠤ ᠬᠠᠤᠯᠢ ᠶᠤᠰᠤᠭᠠᠷ ᠨᠠᠶᠢᠳᠠ ᠶᠢᠨ ᠠᠰᠠᠷᠠᠮᠵᠢ ᠶᠢᠨ ᠵᠠᠭᠠᠯᠳᠤᠯᠭ᠎ᠠ ᠬᠢᠬᠦ ᠭᠡᠷᠡᠭᠳᠡᠢ᠃     29. ᠲᠦᠪ ᠭᠤᠤᠯᠴᠢ᠂ ᠪᠠᠶ᠎ᠠ ᠪᠠᠨ ᠲᠠᠭᠠᠭᠠᠵᠦ ᠴᠢᠳᠠᠬᠤ᠂ ᠨᠦᠬᠦᠴᠠᠯ ᠪᠤᠯᠤᠮᠵᠢ ᠲᠠᠢ ᠨᠠᠶᠢᠭᠡᠮ ᠤᠨ ᠪᠠᠶᠢᠭᠤᠯᠤᠮᠵᠢ ᠶᠢ ᠵᠣᠷᠢᠭᠵᠢᠭᠤᠯᠣᠨ ᠢᠳᠡᠭᠡᠮᠵᠢ ᠦᠭᠡᠢ ᠦᠢᠯᠨ ᠠᠵᠢᠯᠯᠠᠭ᠎ᠠ ᠶᠢᠨ ᠲᠣᠮᠣ ᠳ᠋ᠠᠶᠢᠲ᠋ᠠ ᠶᠢᠨ ᠶᠠᠷᠢᠶ᠎ᠠ ᠬᠡᠯᠡᠯᠴᠡᠬᠡᠨ ᠤ ᠬᠢᠨᠠᠨ ᠵᠠᠳᠠᠯᠣᠯᠲᠠ ᠬᠢᠯᠬᠡᠵᠦ᠂ ᠭᠠᠵᠠᠷ ᠤᠷᠤᠨ᠂ ᠠᠵᠢᠯ ᠲᠦᠷᠦᠯ ᠤᠨ ᠢᠳᠡᠭᠡᠮᠵᠢ ᠶᠢᠨ ᠲᠤᠬᠠᠢ ᠵᠠᠳᠠᠯᠤᠯᠳᠠ ᠬᠢᠭᠰᠡᠨ ᠮᠡᠳᠡᠭᠦᠯᠦᠯᠳᠠ ᠶᠢ ᠨᠠᠶᠢᠷᠠᠭᠤᠯᠤᠨ ᠪᠢᠴᠢᠵᠦ ᠨᠡᠶᠢᠲᠡᠯᠡᠬᠦ ᠭᠡᠷᠡᠭᠳᠡᠢ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠠᠷᠠᠳ ᠤᠨ ᠪᠠᠩᠬᠢ᠂ ᠠᠷᠠᠳ ᠤᠨ ᠶᠠᠪᠤᠳᠠᠯ ᠤᠨ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠠᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠠᠷᠪᠠᠨ ᠲᠠᠪᠤ︶ ᠬᠤᠪᠢ ᠬᠦᠮᠦᠨ ᠤ ᠢᠳᠡᠭᠡᠮᠵᠢ ᠶᠢᠨ ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠮᠦᠨ ᠳᠤᠨᠢ ᠬᠦᠷᠳᠡᠯ᠎ᠡ ᠨᠠᠶᠢᠳᠠᠪᠦᠷᠢᠵᠢᠭᠤᠯᠬᠤ ᠶᠢ ᠲᠦᠯᠬᠢᠨ ᠠᠬᠢᠭᠤᠯᠤᠨ᠎ᠠ     30. ᠡᠷᠭᠡᠳᠤ ᠬᠦᠮᠦᠨ ᠤ ᠢᠳᠡᠭᠡᠮᠵᠢ ᠶᠢᠨ ᠮᠡᠳᠡᠭᠡ ᠵᠠᠩᠬᠢ ᠶᠢᠨ ᠰᠠᠭᠤᠷᠢ ᠳ᠋ᠠᠶᠢᠲᠨ ᠬᠦᠮᠦᠷᠭᠡ ᠶᠢ ᠠᠯᠬᠤᠮ ᠴᠢᠨᠠᠭᠰᠢᠳᠠ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠪᠦᠬᠦ ᠬᠤᠰᠢᠭᠤᠨ ᠤ ᠬᠦᠮᠦᠨ ᠠᠮᠨ ᠶᠢᠨ ᠡᠷᠦᠭᠡ ᠠᠮᠨ ᠶᠢᠨ ᠬᠠᠷᠢᠶ᠎ᠠ ᠶᠢᠨ ᠮᠡᠳᠡᠭᠡ ᠵᠠᠩᠬᠢ ᠪᠠᠷ ᠰᠠᠭᠤᠷᠢ ᠪᠤᠯᠭᠠᠵᠦ᠂ ᠨᠠᠬᠦᠳᠠᠯ ᠬᠦᠮᠦᠨ ᠠᠮᠨ ᠶᠢᠨ ᠮᠡᠳᠡᠭᠡ ᠵᠠᠩᠬᠢ ᠶᠢ ᠬᠠᠮᠳᠤ ᠳᠤᠨᠢ ᠬᠠᠷᠠᠭᠠᠯᠵᠠᠵᠦ᠂ ᠬᠤᠪᠢ ᠬᠦᠮᠦᠨ ᠤ ᠢᠳᠡᠭᠡᠮᠵᠢ  ᠶᠢᠨ ᠮᠡᠳᠡᠭᠡ ᠵᠠᠩᠬᠢ ᠶᠢ ᠤᠯᠠᠨ ᠨᠠᠶᠢᠳᠠ ᠪᠠᠷ ᠢᠶᠠᠨ ᠴᠤᠭᠯᠠᠭᠤᠯᠬᠤ ᠠᠵᠢᠯ ᠢ ᠦᠷᠨᠢᠭᠦᠯᠬᠦ ᠶᠢ ᠴᠢᠩᠭᠠᠳᠬᠠᠨ᠎ᠠ     ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠠ ᠶᠢᠨ ᠢᠳᠡᠭᠡᠮᠵᠢ ᠦᠭᠡᠢ ᠦᠢᠯᠨ ᠠᠵᠢᠯᠯᠠᠭ᠎ᠠ  ᠶᠢ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠠ ᠶᠢᠨ ᠢᠳᠡᠭᠡᠮᠵᠢ ᠶᠢᠨ ᠲᠡᠩᠰᠠᠨ ᠳᠤ ᠲᠡᠮᠳᠡᠭᠯᠡᠬᠦ  ᠶᠢᠨ ᠬᠠᠮᠳᠤ ᠲᠡᠭᠦᠨ ᠤ ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ᠂ ᠭᠤᠤᠯ ᠬᠠᠷᠢᠭᠤᠴᠠᠯᠭᠠᠳᠠᠨ ᠪᠠ ᠰᠢᠭᠤᠤᠨ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠪᠤᠰᠤᠤᠨ ᠬᠠᠷᠢᠭᠤᠴᠠᠯᠭᠠᠳᠠᠨ ᠤ ᠬᠤᠪᠢ ᠬᠦᠮᠦᠨ ᠤ ᠬᠢᠨᠢ ᠢᠳᠡᠭᠡᠮᠵᠢ ᠶᠢᠨ ᠲᠡᠩᠰᠠᠨ ᠳᠤ ᠲᠡᠮᠳᠡᠭᠯᠡᠵᠦ ᠤᠷᠤᠭᠤᠯᠬᠤ ᠭᠡᠷᠡᠭᠳᠡᠢ᠃ ᠢᠳᠡᠭᠡᠮᠵᠢ ᠦᠭᠡᠢ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠠ ᠶᠢ ᠬᠠᠮᠳᠣᠷᠠᠨ ᠵᠠᠯᠬᠠᠭᠠᠨ ᠴᠡᠭᠡᠷᠯᠡᠭᠦᠯᠬᠦ ᠶᠢᠨ ᠬᠠᠮᠳᠤ ᠬᠠᠮᠢᠶ᠎ᠠ ᠪᠦᠬᠦᠢ ᠬᠠᠷᠢᠭᠤᠴᠠᠯᠠᠳᠠᠨ  ᠳᠤᠨᠢ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠲᠦᠷᠦ ᠶᠢᠨ ᠪᠤᠳᠤᠯᠭ᠎ᠠ ᠶᠤᠰᠤᠭᠠᠷ ᠬᠠᠮᠳᠤᠷᠠᠨ ᠵᠠᠯᠬᠠᠭᠠᠨ ᠴᠡᠷᠭᠡᠯᠡᠭᠦᠯᠬᠦ ᠵᠤᠬᠢᠬᠤ ᠠᠷᠭ᠎ᠠ ᠠᠪᠴᠠᠯ ᠢ ᠭᠡᠷᠡᠭᠵᠢᠭᠦᠯᠦᠨ᠎ᠠ᠃ ᠬᠤᠪᠢ ᠬᠦᠮᠦᠨ ᠤ ᠢᠳᠡᠭᠡᠮᠵᠢ ᠶᠢ ᠲᠡᠮᠳᠡᠭᠯᠡᠬᠦ ᠳ᠋ᠠᠶᠢᠲᠨ ᠬᠦᠮᠦᠷᠭᠡ ᠵᠢᠴᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠲᠠᠮᠵᠢᠭᠤᠯᠤᠨ᠂ ᠢᠳᠡᠭᠡᠮᠵᠢ ᠦᠭᠡᠢ ᠦᠯᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠮᠦᠨ  ᠳᠤᠨᠢ ᠬᠦᠷᠳᠡᠯ᠎ᠡ ᠨᠠᠶᠢᠳᠠᠪᠦᠷᠢᠵᠢᠭᠤᠯᠤᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠠᠷᠠᠳ ᠤᠨ ᠪᠠᠩᠬᠢ ᠲᠦᠷᠦᠭᠦᠯᠡᠨ ᠬᠠᠷᠢᠭᠤᠴᠠᠵᠦ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠰᠢᠭᠤᠨ ᠤ ᠤᠷᠤᠨ ᠲᠤᠭᠠᠨ ᠤ ᠠᠯᠪᠠᠨ ᠭᠡᠷ᠂ ᠰᠤᠷᠭᠠᠨ ᠬᠦᠮᠦᠵᠢᠯ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠳᠤᠯᠠᠪᠦᠷᠢ ᠶᠢᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠤᠯᠤᠰ ᠤᠨ ᠦᠮᠴᠢᠯᠡᠯ ᠤᠨ ᠡᠳ᠋ ᠭᠦᠷᠦᠩᠭᠡ ᠶᠢᠨ ᠬᠠᠮᠢᠶᠠᠷᠤᠯᠳᠠ ᠶᠢᠨ ᠲᠤᠪᠴᠢᠶ᠎ᠠ ᠵᠠᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ᠲᠦᠷᠪᠡ᠂ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠬᠠᠮᠵᠢᠯᠴᠠᠨ ᠠᠵᠢᠯᠯᠠᠬᠤ ᠲᠤᠭᠳᠠᠴᠠ ᠶᠢ ᠪᠠᠶᠢᠭᠤᠯᠤᠨ᠎ᠠ     ︵ᠠᠷᠪᠠᠨ ᠵᠢᠷᠭᠤᠭ᠎ᠠ︶ ᠬᠠᠷᠢᠭᠤ ᠲᠤᠰᠬᠠᠬᠤ ᠲᠤᠭᠳᠠᠴᠠ ᠪᠠᠶᠢᠭᠤᠯᠤᠨ᠎ᠠ    31. ᠬᠤᠰᠢᠭᠤᠨ ᠤ ᠨᠠᠶᠢᠭᠡᠮ ᠤᠨ ᠢᠳᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠨᠢᠭᠡᠳᠦᠯᠳᠠᠢ ᠲᠦᠯᠦᠪᠵᠢᠭᠦᠯᠦᠨ ᠵᠣᠬᠢᠴᠠᠭᠤᠯᠣᠯᠲᠠ ᠳᠣᠣᠷ᠎ᠠ᠂ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠶᠢ ᠰᠠᠳᠦᠨ ᠰᠦᠪᠡᠭᠴᠢᠯᠡᠬᠦ ᠬᠢᠭᠡᠳ ᠲᠠᠭᠠᠨ ᠬᠦᠢᠴᠡᠳᠭᠡᠬᠦ ᠲᠤᠭᠳᠠᠴᠠ ᠶᠢ ᠪᠠᠶᠢᠭᠤᠯᠤᠨ᠎ᠠ᠃ ᠡᠯ᠎ᠠ ᠬᠦᠷᠢᠶᠠᠨ ᠤ ᠢᠳᠡᠭᠡᠮᠵᠢ ᠲᠠᠢ  ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠬᠠᠮᠵᠢᠯᠴᠠᠨ ᠠᠵᠢᠯᠯᠠᠬᠤ ᠰᠠᠨᠠᠭᠤᠯᠭ᠎ᠠ ᠶᠢᠨ ᠪᠢᠴᠢᠭ ᠢ ᠦᠨᠳᠦᠰᠦᠯᠡᠨ᠂ ᠰᠠᠳᠦᠨ ᠰᠦᠪᠡᠭᠴᠢᠯᠡᠬᠦ ᠰᠠᠯᠠᠭ᠎ᠠ ᠮᠦᠴᠢᠷ  ᠠᠴᠠ ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠡᠳᠡᠭᠡᠤᠨ ᠢ ᠲᠤᠭᠳᠠᠭᠠᠵᠦ᠂ ᠭᠦᠢᠴᠡᠳᠭᠡᠬᠦ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠭᠤᠤᠯ ᠴᠤᠭᠴᠠ ᠳᠤ ᠶᠠᠮᠠᠷ ᠶᠠᠩᠵᠦ ᠶᠢᠨ  ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠬᠠᠷᠠᠭᠠᠯᠵᠠᠭᠰᠠᠨ ᠠᠷᠭ᠎ᠠ ᠠᠪᠴᠠᠯ ᠠᠪᠬᠤ ᠶᠢ ᠬᠠᠷᠢᠭᠤᠴᠠᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠠᠷᠠᠳ ᠤᠨ ᠪᠠᠩᠬᠢ ᠲᠦᠷᠦᠭᠦᠯᠡᠨ ᠬᠠᠷᠢᠭᠤᠴᠠᠵᠦ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠠᠷᠪᠠᠨ ᠲᠤᠯᠤᠭ᠎ᠠ︶ ᠰᠠᠯᠠᠭ᠎ᠠ ᠮᠦᠴᠢᠷ ᠪᠠ ᠤᠷᠤᠨ ᠪᠦᠰᠠ ᠠᠯᠤᠰᠯᠠᠭᠰᠠᠨ ᠬᠠᠮᠵᠢᠯᠴᠠᠨ ᠠᠵᠢᠯᠯᠠᠬᠤ ᠬᠤᠯᠪᠤᠭᠠᠯᠠᠨ ᠬᠦᠳᠡᠯᠦᠯᠴᠠᠬᠦ ᠠᠵᠢᠯᠯᠠᠭ᠎ᠠ ᠳᠤ ᠤᠷᠤᠯᠴᠠᠨ᠎ᠠ     32. ᠲᠤᠰ ᠵᠠᠰᠠᠭ ᠵᠠᠬᠢᠷᠭᠠᠨ ᠤ ᠤᠷᠤᠨ ᠪᠦᠰᠠ ᠶᠢᠨ ᠲᠤᠳᠤᠭᠠᠳᠤᠬᠢ ᠦᠨᠡᠨᠴᠢ ᠢᠳᠡᠭᠡᠮᠵᠢ ᠶᠢᠨ ᠨᠠᠶᠢᠳᠡᠯᠢᠭ ᠵᠢᠱᠢᠶ᠎ᠠ ᠪᠠ ᠢᠳᠡᠭᠡᠮᠵᠢ ᠪᠠᠷ ᠪᠠᠷᠤᠭᠳᠠᠢ ᠭᠤᠤᠯ ᠴᠤᠭᠴᠠ ᠶᠢ ᠲᠤᠭᠳᠠᠭᠠᠬᠤ ᠳᠤ ᠢᠳᠡᠪᠬᠢᠳᠠᠢ ᠤᠷᠤᠯᠴᠠᠵᠦ᠂ ᠤᠷᠤᠨ ᠪᠦᠰᠠ ᠠᠯᠤᠰᠯᠠᠭᠰᠠᠨ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠰᠠᠳᠦᠨ ᠰᠦᠪᠡᠭᠴᠢᠯᠡᠨ᠎ᠠ᠃ ᠬᠤᠰᠢᠭᠤᠨ ᠤ ᠨᠠᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠵᠣᠬᠢᠴᠠᠭᠤᠯᠣᠨ᠂ ᠵᠢᠯᠤᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠤᠷᠤᠨ ᠪᠦᠰᠠ᠂ ᠰᠠᠯᠠᠭ᠎ᠠ ᠮᠦᠴᠢᠷ᠂ ᠬᠦᠷᠢᠶ᠎ᠠ ᠴᠠᠷᠠᠭ᠎ᠠ  ᠠᠯᠤᠰᠯᠠᠭᠰᠠᠨ ᠢᠳᠡᠭᠡᠮᠵᠢ ᠶᠢᠨ ᠪᠠᠶᠢᠭᠤᠯᠤᠯᠳᠠ ᠶᠢᠨ ᠬᠠᠮᠵᠢᠯᠴᠠᠨ ᠠᠵᠢᠯᠯᠠᠬᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠪᠠ ᠢᠳᠡᠭᠡᠮᠵᠢ ᠶᠢᠨ ᠲᠤᠬᠠᠢ ᠦᠨᠡᠯᠡᠯᠳᠠ ᠬᠢᠭᠰᠡᠨ ᠦᠷ᠎ᠠ ᠳ᠋ᠦᠩ ᠢ ᠬᠠᠷᠢᠯᠴᠠᠨ ᠵᠦᠪᠰᠢᠶᠠᠷᠠᠬᠦ ᠶᠢ ᠴᠢᠩᠭᠠᠳᠬᠠᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠠᠷᠠᠳ ᠤᠨ ᠪᠠᠩᠬᠢ  ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠠᠷᠪᠠᠨ ᠨᠠᠢᠮᠨ︶ ᠢᠳᠡᠭᠡᠮᠵᠢ ᠶᠢᠨ ᠮᠡᠳᠡᠭᠡ ᠵᠠᠩᠬᠢ ᠶᠢ ᠨᠠᠶᠢᠳᠠᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ     33. ᠵᠠᠰᠠᠭ ᠤᠨ ᠶᠠᠪᠤᠳᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠢᠯᠨ ᠪᠤᠯᠭᠠᠬᠤ ᠶᠢ ᠲᠦᠯᠬᠢᠨ ᠠᠬᠢᠭᠤᠯᠵᠦ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠲᠤᠷᠭᠠᠭᠤᠯᠢ ᠶᠢᠨ ᠮᠡᠳᠡᠭᠡ ᠵᠠᠩᠬᠢ ᠶᠢ ᠰᠦᠯᠵᠢᠶᠠᠨ ᠳᠤ ᠨᠠᠶᠢᠳᠠᠯᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠬᠠᠤᠯᠢ ᠴᠠᠭᠠᠵᠠ ᠬᠠᠤᠯᠢ ᠲᠤᠭᠳᠠᠭᠠᠯ ᠤᠨ ᠪᠤᠰᠤᠤᠨ ᠲᠤᠭᠳᠠᠭᠠᠯ ᠠᠴᠠ ᠭᠠᠳᠠᠨ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠪᠤᠰᠤᠤᠨ ᠬᠤᠯᠪᠤᠭᠳᠠᠯ ᠪᠦᠬᠦᠢ ᠪᠠᠶᠢᠭᠤᠯᠤᠯᠭ᠎ᠠ ᠨᠢᠭᠡᠴᠠ ᠤᠳ ᠡᠷᠭᠡᠳᠤ ᠬᠦᠮᠦᠨ᠂ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠪᠠ ᠪᠤᠰᠤᠤᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠵᠠᠰᠠᠭ ᠵᠠᠬᠢᠷᠭᠠᠨ ᠤ ᠲᠤᠷᠭᠠᠭᠤᠯᠢ ᠵᠠᠷᠭᠡ ᠶᠢᠨ ᠡᠯ᠎ᠠ ᠲᠦᠷᠦᠯ ᠤᠨ ᠮᠡᠳᠡᠭᠡ ᠵᠠᠩᠬᠢ ᠶᠢ ᠵᠠᠰᠠᠭ ᠤᠨ ᠤᠷᠳᠤᠨ ᠤ ᠰᠦᠯᠵᠢᠶᠠᠨ ᠦᠷᠳᠡᠭᠡ ᠳᠤ 7 ᠠᠵᠢᠯᠯᠠᠬᠤ ᠡᠳᠦᠷ ᠲᠤᠳᠤᠷ᠎ᠠ ᠢᠯᠨ ᠪᠠᠷ ᠨᠡᠶᠢᠲᠡᠯᠡᠬᠦ ᠶᠢᠨ ᠬᠠᠮᠳᠤ ︽ᠢᠳᠡᠭᠡᠮᠵᠢᠳᠤ ᠦᠪᠤᠷ ᠮᠤᠩᠭᠤᠯ︾ ᠰᠦᠯᠵᠢᠶᠠᠨ ᠦᠷᠳᠡᠭᠡ᠂ ︽ᠢᠳᠡᠭᠡᠮᠵᠢᠳᠤ ᠬᠦᠯᠦᠨ ᠪᠤᠶᠢᠷ︾ ᠰᠦᠯᠵᠢᠶᠠᠨ ᠦᠷᠳᠡᠭᠡ᠂ ︽ᠨᠢᠭᠡ ᠦᠷᠳᠡᠭᠡᠨ ᠤ ᠬᠡᠯᠪᠡᠷᠢᠲᠦ ᠦᠢᠯᠡᠴᠢᠯᠡᠭᠡ  ︾ ᠶᠢᠨ ᠯᠠᠪᠯᠠᠯᠭ᠎ᠠ ᠬᠠᠩᠭᠠᠬᠤ ᠲᠠᠪᠴᠠᠩ ᠳᠤ ᠵᠡᠷᠭᠡᠪᠡᠷ ᠲᠠᠮᠵᠢᠭᠤᠯᠤᠨ ᠬᠦᠷᠭᠡᠬᠦ ᠭᠡᠷᠡᠭᠳᠡᠢ᠃     34. ᠠᠵᠦ ᠠᠬᠤᠶᠢᠯᠠᠯ ᠤᠨ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠲᠤᠷᠭᠠᠭᠤᠯᠢ ᠳᠤ ᠬᠤᠯᠪᠤᠭᠳᠠᠬᠤ ᠮᠡᠳᠡᠭᠡ ᠵᠠᠩᠬᠢ ᠶᠢ ︽ᠢᠳᠡᠭᠡᠮᠵᠢᠳᠤ ᠦᠪᠤᠷ ᠮᠤᠩᠭᠤᠯ︾ ᠰᠦᠯᠵᠢᠶᠠᠨ ᠦᠷᠳᠡᠭᠡ᠂ ︽ᠢᠳᠡᠭᠡᠮᠵᠢᠳᠤ ᠬᠦᠯᠦᠨ ᠪᠤᠶᠢᠷ︾ ᠰᠦᠯᠵᠢᠶᠠᠨ ᠦᠷᠳᠡᠭᠡ ᠳᠤ ᠲᠠᠮᠵᠢᠭᠤᠯᠤᠨ ᠬᠦᠷᠭᠡᠬᠦ ᠶᠢᠨ ᠬᠠᠮᠳᠤ ᠠᠵᠦ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠨᠠᠶᠢᠳᠠᠯᠠᠬᠦ ᠰᠢᠰᠲ᠋ᠧᠮ ᠳᠤ ᠲᠠᠮᠵᠢᠭᠤᠯᠤᠨ ᠬᠦᠷᠭᠡᠬᠦ ᠭᠡᠷᠡᠭᠳᠡᠢ᠃     35. ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠲᠣᠭᠲᠠᠭᠠᠭᠰᠠᠨ ᠬᠠᠤᠯᠢ ᠴᠠᠭᠠᠵᠠ ᠶᠢᠨ ᠲᠠᠰᠤᠯᠤᠯᠳᠠ᠂ ᠢᠳᠡᠭᠡᠮᠵᠢ ᠦᠭᠡᠢ ᠪᠠᠷ ᠰᠢᠳᠭᠡᠭᠳᠡᠭᠰᠡᠨ ᠬᠦᠮᠦᠰ ᠤᠨ ᠨᠠᠷ᠎ᠠ ᠵᠠᠷᠭᠡ ᠢᠳᠡᠭᠡᠮᠵᠢ ᠶᠢᠨ ᠮᠡᠳᠡᠭᠡ ᠵᠠᠩᠬᠢ ᠶᠢ ︽ᠢᠳᠡᠭᠡᠮᠵᠢᠳᠤ ᠬᠦᠯᠦᠨ ᠪᠤᠶᠢᠷ︾ ᠰᠦᠯᠵᠢᠶᠠᠨ ᠦᠷᠳᠡᠭᠡ ᠪᠠᠷ ᠲᠠᠮᠵᠢᠭᠤᠯᠤᠨ ᠨᠠᠶᠢᠭᠡᠮ ᠳᠤ ᠨᠠᠶᠢᠳᠠᠯᠠᠬᠦ ᠶᠢᠨ ᠬᠠᠮᠳᠤ᠂ ᠬᠤᠳᠠ ᠶᠢᠨ ᠨᠠᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ ᠪᠠᠷ ᠲᠠᠮᠵᠢᠭᠤᠯᠤᠨ ᠪᠤᠰᠤᠤᠨ ᠰᠠᠯᠠᠭ᠎ᠠ ᠮᠦᠴᠢᠷ ᠯᠦᠭᠡ ᠬᠠᠮᠳᠤᠪᠠᠷ ᠡᠳ᠋ᠯᠡᠬᠦ ᠶᠢ ᠪᠠᠶᠠᠯᠡᠭᠦᠯᠦᠨ᠎ᠠ᠃  ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠠᠷᠪᠠ ᠶᠢᠰᠤ︶ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠬᠠᠮᠳᠤᠪᠠᠷ ᠡᠳ᠋ᠯᠡᠬᠦ ᠪᠠ ᠭᠡᠷᠡᠭᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ    36. ᠬᠤᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ ᠢ ᠲᠦᠷᠭᠡᠭᠡᠨ ᠲᠡᠭᠦᠯᠳᠡᠷᠵᠢᠭᠦᠯᠵᠦ᠂ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠠᠬᠦ᠂ ᠬᠠᠮᠳᠤᠪᠠᠷ ᠡᠳ᠋ᠯᠡᠬᠦ᠂ ᠨᠠᠶᠢᠳᠭᠡᠬᠦ ᠵᠠᠷᠭᠡ ᠬᠤᠯᠪᠤᠭᠠᠰᠤ ᠶᠢᠨ ᠦᠢᠯᠡᠳᠦᠯ ᠢ ᠪᠠᠳᠠᠷᠠᠭᠤᠯᠬᠤ ᠭᠡᠷᠡᠭᠳᠡᠢ᠃     37. ᠬᠤᠰᠢᠭᠤᠨ ᠤ ᠵᠠᠰᠠᠭ ᠤᠨ ᠣᠷᠳᠣᠨ ᠤ ᠡᠯ᠎ᠠ ᠰᠠᠯᠠᠭ᠎ᠠ ᠮᠦᠴᠢᠷ᠂ ᠡᠯ᠎ᠠ ᠠᠵᠢᠯ ᠲᠦᠷᠦᠯ ᠤᠨ ᠬᠢᠨ ᠤ ᠢᠳᠡᠭᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ ᠪᠤᠶᠦ ᠲᠠᠪᠴᠠᠩ ᠢ ᠲᠦᠷᠭᠡᠳᠭᠡᠨ ᠪᠠᠶᠢᠭᠤᠯᠤᠨ ᠲᠡᠭᠦᠯᠳᠡᠷᠵᠢᠭᠦᠯᠵᠦ ᠂ ᠡᠯ᠎ᠠ ᠰᠠᠯᠠᠭ᠎ᠠ ᠮᠦᠴᠢᠷ ︵ᠠᠵᠢᠯ ᠲᠦᠷᠦᠯ ᠤᠨ︶ ᠤᠨ ᠬᠢᠨ ᠤ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠨᠠᠶᠢᠳᠭᠡᠭᠡᠳ ᠬᠤᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ  ᠯᠤᠭ᠎ᠠ ᠬᠠᠷᠢᠯᠴᠠᠨ ᠨᠠᠪᠳᠠᠷᠠᠯᠴᠠᠬᠦ ᠬᠠᠷᠢᠯᠴᠠᠨ ᠬᠤᠯᠪᠤᠭᠠᠯᠠᠬᠤ ᠪᠠ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠶᠢ ᠪᠠᠶᠠᠯᠡᠭᠦᠯᠬᠦ ᠭᠡᠷᠡᠭᠳᠡᠢ᠃    38. ᠬᠤᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ ᠲᠤ ᠲᠦᠰᠢᠭᠯᠡᠨ᠂ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠢᠳᠡᠭᠡᠮᠵᠢ ᠶᠢᠨ ᠮᠡᠳᠡᠭᠡ ᠵᠠᠩᠬᠢ ᠶᠢ ᠬᠠᠮᠢᠶᠠᠷᠬᠤ ᠰᠢᠰᠲ᠋ᠧᠮ ᠢ ᠪᠠᠶᠢᠭᠤᠯᠵᠦ᠂ ᠰᠠᠨᠠᠭᠠᠴᠢᠯᠠᠨ ᠰᠠᠳᠤᠪᠠᠯ  ᠲᠠᠭᠠᠨ ᠬᠦᠢᠴᠠᠳᠭᠡᠬᠦ᠂ ᠮᠡᠳᠡᠭᠡ ᠵᠠᠩᠬᠢ ᠶᠢ ᠲᠠᠮᠵᠢᠭᠤᠯᠤᠨ ᠬᠦᠷᠭᠡᠬᠦ᠂ ᠬᠦᠢᠴᠠᠳᠭᠡᠯᠳᠠ ᠪᠠᠨ ᠬᠠᠷᠢᠭᠤ ᠲᠤᠰᠬᠠᠬᠤ᠂ ᠢᠳᠡᠭᠡᠮᠵᠢ ᠶᠢ ᠰᠠᠷᠬᠦᠭᠡᠬᠦ᠂ ᠤᠨᠳᠤᠤ ᠰᠠᠨᠠᠯ ᠢ ᠰᠢᠢᠳᠪᠦᠷᠢᠯᠡᠬᠦ ᠵᠠᠷᠭᠡ ᠬᠠᠮᠵᠢᠯᠴᠠᠨ ᠠᠵᠢᠯᠯᠠᠬᠤ ᠶᠢ ᠬᠦᠳᠡᠯᠦᠩᠬᠦᠢ ᠡᠵᠡᠮᠳᠠᠬᠦ ᠴᠢᠳᠠᠪᠬᠢ ᠲᠠᠢ ᠪᠤᠯᠭᠠᠨ᠎ᠠ᠃    39. ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠤᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ ᠤᠨ ᠢᠳᠡᠭᠡᠮᠵᠢ ᠶᠢᠨ ᠮᠡᠳᠡᠭᠡ ᠵᠠᠩᠬᠢ ᠶᠢ ᠠᠰᠠᠭᠤᠨ ᠯᠠᠪᠯᠠᠬᠤ ᠶᠢ ᠬᠢᠨᠠᠨ ᠵᠦᠪᠰᠢᠶᠠᠷᠠᠬᠦ ᠂ ᠬᠢᠨᠠᠨ ᠬᠠᠮᠢᠶᠠᠷᠬᠤ ᠠᠵᠢᠯ ᠤᠨ ᠴᠤᠪᠤᠷᠠᠯ ᠳᠤ ᠤᠷᠤᠭᠤᠯᠵᠦ᠂ ︽ᠪᠠᠶᠢᠴᠠᠭᠠᠬᠤ ᠶᠤᠰᠤᠳᠠᠢ ᠶᠢ ᠨᠢ ᠡᠷᠭᠡᠪᠰᠢ ᠪᠠᠶᠢᠴᠠᠭᠠᠬᠤ︾ ︽ᠬᠦᠬᠢᠭᠦᠯᠬᠦ ᠪᠠ ᠴᠡᠭᠡᠷᠯᠡᠬᠦᠯᠬᠦ ᠶᠢ ᠪᠤᠳᠠᠳᠠᠶᠢᠵᠢᠭᠤᠯᠬᠤ︾ ᠶᠢ ᠯᠠᠪᠲᠠᠢ ᠪᠠᠳᠤᠯᠠᠬᠤ ᠭᠡᠷᠡᠭᠳᠡᠢ᠃    ︵ᠬᠤᠷᠢ︶ ᠢᠳᠡᠭᠡᠮᠵᠢ ᠶᠢᠨ ᠤᠯᠠᠭᠠᠨ ᠬᠠᠷ᠎ᠠ ᠲᠠᠩᠰᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠠ    40. ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠡᠴᠠ ᠵᠠᠬ᠎ᠠ ᠲᠡᠯᠭᠡᠬᠦᠷ ᠢ ᠬᠢᠨᠠᠨ ᠬᠠᠮᠢᠶᠠᠷᠬᠤ ᠪᠠ ᠤᠯᠠᠨ ᠨᠠᠶᠢᠳᠠ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠠᠳᠭᠡᠬᠦ ᠶᠠᠪᠤᠴᠠ ᠳᠤ ᠦᠨᠡᠨᠴᠢ ᠢᠳᠡᠭᠡᠮᠵᠢ ᠶᠢᠨ ᠨᠠᠶᠢᠳᠡᠯᠢᠭ ᠵᠢᠱᠢᠶ᠎ᠠ ᠶᠢᠨ ᠢᠳᠡᠬᠡᠮᠵᠢ ᠶᠢᠨ ︽ᠤᠯᠠᠭᠠᠨ ᠲᠠᠩᠰᠠ︾ ᠶᠢᠨ ᠲᠦᠷᠢᠮ ᠪᠠ ᠢᠳᠡᠭᠡᠮᠵᠢ ᠶᠢᠨ ︽ᠬᠠᠷ᠎ᠠ ᠲᠠᠩᠰᠠ  ︾ ᠶᠢᠨ ᠲᠦᠷᠢᠮ ᠢ ᠭᠡᠷᠡᠭᠵᠢᠭᠦᠯᠵᠦ᠂ ᠤᠯᠠᠭᠠᠨ ᠬᠠᠷ᠎ᠠ ᠲᠠᠩᠰᠠ ᠶᠢ ᠲᠤᠭᠳᠠᠭᠠᠬᠤ ᠪᠠ ᠨᠠᠶᠢᠳᠠᠯᠠᠬᠦ ᠦᠢᠯᠨ ᠠᠵᠢᠯᠯᠠᠭ᠎ᠠ ᠶᠢ ᠬᠠᠤᠯᠢ ᠲᠤᠭᠳᠠᠭᠠᠯ ᠶᠤᠰᠤᠭᠠᠷ ᠵᠢᠷᠤᠮᠵᠢᠭᠤᠯᠵᠦ᠂ ᠬᠠᠷᠢᠶᠠᠳᠤ ᠠᠵᠢᠯ ᠲᠦᠷᠦᠯ ᠤᠨ ᠢᠶᠠᠨ ᠢᠳᠡᠭᠡᠮᠵᠢ ᠶᠢᠨ ᠤᠯᠠᠭᠠᠨ ᠲᠠᠩᠰᠠ ᠪᠠ ᠢᠳᠡᠭᠡᠮᠵᠢ ᠶᠢᠨ ᠬᠠᠷ᠎ᠠ ᠲᠠᠩᠰᠠ ᠶᠢᠨ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠂ ᠡᠭᠦᠨ ᠳᠤ ᠭᠠᠷᠴᠠᠭ ᠤᠨ ᠨᠠᠷᠢᠨ ᠲᠠᠩᠰᠠ᠂ ᠨᠤᠳᠠᠯᠠᠨ ᠲᠤᠭᠳᠠᠭᠠᠬᠤ ᠲᠦᠷᠢᠮ ᠂ ᠨᠠᠶᠢᠳᠠᠯᠠᠬᠦ ᠪᠠᠷᠢᠮᠵᠢᠶ᠎ᠠ᠂ ᠪᠤᠳᠠᠳᠠᠢ ᠨᠠᠷᠠᠶᠢᠳᠤᠯ ᠵᠠᠷᠭᠡ ᠪᠠᠭᠳᠠᠨ᠎ᠠ᠂ ᠤᠬᠤᠷᠢᠨ ᠭᠠᠷᠬᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ︽ᠤᠯᠠᠭᠠᠨ ᠬᠠᠷ᠎ᠠ ᠲᠠᠩᠰᠠ︾ ᠶᠢ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶᠠᠨ ᠦᠷᠳᠡᠭᠡ ᠪᠠ ᠬᠤᠳᠠ ᠶᠢᠨ ᠨᠠᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ︽ᠢᠳᠡᠭᠡᠮᠵᠢᠳᠤ ᠬᠦᠯᠦᠨ ᠪᠤᠶᠢᠷ  ︾ ᠰᠦᠯᠵᠢᠶᠠᠨ ᠦᠷᠳᠡᠭᠡ ᠪᠠ ᠠᠵᠦ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠨᠠᠶᠢᠳᠠᠯᠠᠬᠦ ᠰᠢᠰᠲ᠋ᠧᠮ ᠳᠤ ᠲᠠᠮᠵᠢᠭᠤᠯᠤᠨ ᠬᠦᠷᠭᠡᠵᠦ᠂ ᠰᠠᠯᠠᠭ᠎ᠠ ᠮᠦᠴᠢᠷ ᠤᠨ ᠬᠤᠭᠤᠷᠤᠨᠳᠤ ᠪᠠᠨ ᠮᠡᠳᠡᠭᠡ ᠵᠠᠩᠬᠢ  ᠶᠢ ᠬᠠᠮᠳᠤᠪᠠᠷ ᠡᠳ᠋ᠯᠡᠬᠦ ᠶᠢ ᠪᠠᠶᠡᠯᠡᠭᠦᠯᠵᠦ᠂ ᠬᠠᠮᠳᠤᠷᠠᠨ ᠣᠷᠮᠠᠰᠢᠭᠤᠯᠣᠨ ᠬᠦᠬᠢᠬᠦᠯᠬᠦ  ᠪᠤᠶᠦ ᠬᠠᠮᠳᠤᠷᠠᠨ ᠵᠠᠯᠬᠠᠭᠠᠨ ᠴᠡᠭᠡᠷᠯᠡᠭᠦᠯᠬᠦ ᠶᠢ ᠦᠷᠨᠢᠭᠦᠯᠬᠦ ᠭᠡᠷᠡᠭᠳᠡᠢ᠃    41. ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶᠠᠨ ᠦᠷᠳᠡᠭᠡᠨ ᠤ ᠢᠳᠡᠭᠡᠮᠵᠢ ᠶᠢᠨ ᠮᠡᠳᠡᠭᠡ ᠵᠠᠩᠬᠢ ᠶᠢᠨ ᠲᠤᠰᠬᠠᠢ ᠪᠤᠯᠤᠩ ᠳᠤ ᠲᠦᠰᠢᠭᠯᠡᠨ᠂ ᠪᠦᠬᠦ ᠬᠤᠰᠢᠭᠤᠨ ᠤ ᠢᠳᠡᠭᠡᠮᠵᠢ ᠶᠢᠨ ︽ᠤᠯᠠᠭᠠᠨ ᠲᠠᠩᠰᠠ︾ ᠪᠠ ᠢᠳᠡᠭᠡᠮᠵᠢ ᠶᠢᠨ ︽ᠬᠠᠷ᠎ᠠ ᠲᠠᠩᠰᠠ︾ ᠶᠢᠨ ᠨᠢᠬᠡᠳᠦᠯᠳᠡᠢ ᠪᠤᠯᠤᠩ ᠭᠠᠷᠭᠠᠵᠦ᠂ ᠡᠯ᠎ᠠ ᠭᠠᠵᠠᠷ ᠤᠷᠤᠨ᠂ ᠡᠯ᠎ᠠ ᠬᠦᠷᠢᠶᠠᠨ ᠤ ᠤᠯᠠᠭᠠᠨ ᠬᠠᠷ᠎ᠠ ᠲᠠᠩᠰᠠ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠶᠢ ᠠᠬᠢᠭᠤᠯᠬᠤ ᠶᠢᠨ ᠬᠠᠮᠳᠤ ︽ᠢᠳᠡᠭᠡᠮᠵᠢᠳᠤ ᠬᠦᠯᠦᠨ ᠪᠤᠶᠢᠷ︾ ᠰᠦᠯᠵᠢᠶᠠᠨ ᠦᠷᠳᠡᠭᠡ ᠶᠢᠨ ᠲᠠᠪᠴᠠᠩ ᠳᠤ ᠴᠠᠭ ᠲᠣᠬᠠᠢ ᠳᠤᠨᠢ ᠲᠠᠮᠵᠢᠭᠤᠯᠤᠨ ᠬᠦᠷᠭᠡᠵᠦ᠂ ᠬᠠᠤᠯᠢ ᠶᠤᠰᠤᠭᠠᠷ ᠨᠠᠶᠢᠭᠡᠮ ᠳᠤ ᠯᠠᠪᠯᠠᠯᠭ᠎ᠠ ᠶᠢᠨ ᠦᠢᠯᠡᠴᠢᠯᠡᠭᠡ ᠬᠠᠩᠭᠠᠬᠤ ᠭᠡᠷᠡᠭᠳᠡᠢ᠃    ︵ᠬᠤᠷᠢᠨ ᠨᠢᠭᠡ︶ ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠠᠷᠭ᠎ᠠ ᠶᠢᠨ ᠨᠠᠷᠢᠨ ᠲᠠᠩᠰᠠ  ᠶᠢᠨ ᠲᠦᠷᠢᠮ ᠢ ᠪᠠᠶᠢᠭᠤᠯᠤᠨ᠎ᠠ    42. ᠤᠯᠤᠰ ᠦᠪᠠᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠦᠷᠢᠶᠠᠨ ᠤ ᠬᠠᠮᠵᠢᠯᠴᠢᠨ ᠠᠵᠢᠯᠯᠠᠬᠤ ᠰᠠᠨᠠᠭᠤᠯᠭ᠎ᠠ ᠶᠢᠨ ᠪᠢᠴᠢᠭ ᠤᠨ ᠰᠠᠭᠤᠷᠢᠨ ᠳᠡᠭᠡᠷ᠎ᠡ᠂ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠲᠦᠷᠦ ᠶᠢᠨ ᠪᠤᠳᠤᠯᠭ᠎ᠠ ᠶᠢᠨ ᠲᠤᠭᠳᠠᠭᠠᠯ ᠳᠤ ᠲᠤᠳᠤᠷᠬᠠᠶᠢᠯᠠᠭᠰᠠᠨ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠬᠠᠮᠳᠤᠷᠠᠨ ᠵᠠᠯᠬᠠᠭᠠᠨ ᠴᠡᠭᠡᠷᠯᠡᠭᠦᠯᠬᠦ ᠭᠡᠷᠡᠭ ᠤᠳ ᠢ ᠬᠤᠷᠢᠶᠠᠩᠭᠤᠶᠢᠯᠠᠨ ᠡᠮᠬᠢᠯᠡᠵᠦ᠂ ᠬᠤᠰᠢᠭᠤ ᠲᠤᠰ ᠱᠠᠳᠤᠨ ᠤ ᠢᠳᠡᠭᠡᠮᠵᠢ  ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠶᠢ ᠪᠠᠶᠢᠭᠤᠯᠤᠨ᠎ᠠ᠂ ᠭᠤᠤᠯᠳᠠᠭᠤ ᠬᠤᠶᠠᠷ ᠵᠦᠢᠯ ᠬᠤᠪᠢᠶᠠᠨ᠎ᠠ᠄ ᠨᠢᠭᠡ ᠨᠢ ᠪᠤᠯ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠲᠠᠷᠤᠢ ᠬᠠᠤᠯᠢ ᠶᠤᠰᠤᠭᠠᠷ ᠡᠷᠬᠡᠪᠰᠢ ᠬᠠᠮᠳᠤᠷᠠᠨ ᠣᠷᠮᠠᠰᠢᠭᠤᠯᠣᠨ ᠬᠦᠬᠢᠬᠦᠯᠬᠦ ᠪᠠ ᠬᠠᠮᠳᠣᠷᠠᠨ ᠵᠠᠯᠬᠠᠭᠠᠨ ᠴᠡᠭᠡᠷᠯᠡᠭᠦᠯᠬᠦ ᠳᠤ ᠡᠷᠭᠡᠪᠰᠢ ᠭᠡᠷᠡᠭᠵᠢᠭᠦᠯᠬᠦ ᠠᠷᠭ᠎ᠠ ᠬᠡᠮᠵᠢᠶ᠎ᠡ︔ ᠨᠦᠬᠦᠭᠡ ᠨᠢᠭᠡ ᠵᠦᠢᠯ ᠨᠢ ᠪᠤᠯ ᠲᠠᠨᠢᠯᠴᠠᠭᠤᠯᠭ᠎ᠠ ᠶᠢᠨ ᠠᠷᠭ᠎ᠠ ᠬᠡᠮᠵᠢᠶ᠎ᠡ᠂ ᠲᠠᠷᠤᠢ ᠡᠯ᠎ᠠ ᠲᠠᠯ᠎ᠠ ᠶᠢᠨ ᠬᠢᠨ ᠠᠴᠠ ᠲᠠᠨᠢᠯᠴᠠᠭᠤᠯᠣᠭᠰᠠᠨ᠂ ᠦᠨᠡᠨᠴᠢ ᠢᠳᠡᠭᠡᠮᠵᠢ ᠲᠠᠢ ᠶᠢ ᠮᠠᠭᠳᠠᠨ ᠰᠠᠶᠢᠰᠢᠶᠠᠬᠤ᠂ ᠢᠳᠡᠭᠡᠮᠵᠢ ᠦᠭᠡᠢ ᠶᠢ ᠵᠠᠯᠬᠠᠭᠠᠨ ᠴᠡᠭᠡᠷᠯᠡᠭᠦᠯᠬᠦ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠳᠤ ᠨᠡᠶᠢᠴᠡᠬᠦ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠤᠳᠠᠳᠠᠢ ᠪᠠᠶᠢᠳᠠᠯ ᠢᠶᠠᠨ ᠦᠨᠳᠦᠰᠦᠯᠡᠨ ᠭᠡᠷᠡᠭᠵᠢᠭᠦᠯᠬᠦ ᠠᠷᠭ᠎ᠠ ᠬᠡᠮᠵᠢᠶ᠎ᠡ ᠪᠤᠯᠤᠨ᠎ᠠ᠃     43. ᠬᠤᠰᠢᠭᠤᠨ ᠤ ᠨᠠᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠡᠵᠦ᠂ ᠬᠤᠶᠠᠷ ᠵᠦᠢᠯ ᠤᠨ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠢᠮ ᠤᠨ ᠪᠠᠶᠢᠭᠤᠯᠤᠯᠳᠠ ᠶᠢ ᠠᠬᠢᠭᠤᠯᠬᠤ ᠭᠡᠷᠡᠭᠳᠡᠢ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠠᠯᠳᠠ ᠶᠢᠨ ᠲᠤᠪᠴᠢᠶ᠎ᠠ᠂ ᠬᠠᠤᠯᠢ ᠲᠦᠷᠢᠮ ᠤᠨ ᠠᠯᠪᠠᠨ ᠭᠡᠷ  ᠠᠴᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠶᠢᠨ  ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠬᠤᠷᠢᠨ ᠬᠤᠶᠠᠷ︶ ᠢᠳᠡᠭᠡᠮᠵᠢ ᠶᠢ ᠰᠠᠷᠬᠦᠭᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ     44. ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠠᠳᠦᠨ ᠰᠦᠪᠡᠭᠴᠢᠯᠡᠭᠰᠡᠨ ᠰᠠᠯᠠᠭ᠎ᠠ ᠮᠦᠴᠢᠷ ᠪᠠ ᠬᠡᠷᠡᠭᠵᠢᠬᠦᠯᠬᠦ ᠰᠠᠯᠠᠭ᠎ᠠ ᠮᠦᠴᠢᠷ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠲᠦᠷᠦ ᠶᠢᠨ ᠪᠤᠳᠤᠯᠭ᠎ᠠ ᠶᠢᠨ ᠲᠤᠭᠳᠠᠭᠠᠯ ᠶᠤᠰᠤᠭᠠᠷ ᠡᠯ᠎ᠠ ᠲᠦᠷᠦᠯ ᠤᠨ ᠢᠳᠡᠭᠡᠮᠵᠢ ᠦᠭᠡᠢ ᠦᠢᠯᠨ ᠠᠵᠢᠯᠯᠠᠭ᠎ᠠ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠴᠠᠭ ᠤᠨ ᠬᠢᠵᠠᠭᠠᠷ ᠢ ᠲᠤᠳᠤᠷᠬᠠᠶᠢᠯᠠᠬᠤ ᠶᠢᠨ ᠬᠠᠮᠳᠤ ᠨᠠᠶᠢᠭᠡᠮ ᠳᠤ ᠨᠠᠶᠢᠳᠠᠯᠠᠬᠦ ᠭᠡᠷᠡᠭᠳᠡᠢ᠃ ᠲᠤᠭᠳᠠᠭᠰᠠᠨ ᠴᠠᠭ ᠤᠨ ᠬᠢᠵᠠᠭᠠᠷ ᠲᠤᠳᠤᠷ᠎ᠠ ᠢᠳᠡᠭᠡᠮᠵᠢ ᠦᠭᠡᠢ ᠦᠢᠯᠨ ᠠᠵᠢᠯᠯᠠᠭ᠎ᠠ ᠪᠠᠨ  ᠵᠠᠯᠠᠷᠠᠭᠤᠯᠵᠦ᠂ ᠮᠠᠭᠤ ᠨᠦᠯᠦᠭᠡ ᠲᠠᠢ ᠦᠢᠯᠨ ᠠᠵᠢᠯᠯᠠᠭ᠎ᠠ ᠪᠠᠨ ᠲᠡᠪᠴᠢᠬᠦ ᠳᠤ ᠬᠦᠷᠪᠡᠯ ᠲᠠᠬᠢᠨ ᠬᠠᠮᠳᠤᠷᠠᠨ ᠵᠠᠯᠬᠠᠭᠠᠨ ᠴᠡᠭᠡᠷᠯᠡᠭᠦᠯᠬᠦ ᠡᠳᠡᠭᠡᠳ ᠪᠤᠯᠭᠠᠬᠤ ᠦᠭᠡᠢ᠃ ᠦᠪᠠᠷ ᠤᠨ ᠣᠰᠣᠯ ᠪᠤᠷᠤᠭᠤ ᠪᠠᠨ ᠵᠠᠯᠠᠷᠠᠭᠤᠯᠬᠤ᠂ ᠦᠪᠠᠷ ᠢ ᠪᠠᠨ ᠰᠠᠨᠠᠭᠠᠴᠢᠯᠠᠭ᠎ᠠ  ᠲᠠᠢ ᠪᠠᠷ ᠰᠢᠨᠡᠴᠢᠯᠡᠬᠦ ᠳᠤ ᠠᠰᠢᠭᠳᠠᠢ ᠨᠠᠶᠢᠭᠡᠮ ᠠᠴᠠ ᠬᠠᠯᠠᠮᠵᠢᠯᠠᠨ ᠬᠠᠷᠠᠭᠠᠯᠵᠠᠬᠤ ᠣᠷᠮᠠᠰᠢᠭᠤᠯᠣᠨ ᠬᠦᠬᠢᠬᠦᠯᠬᠦ ᠲᠤᠭᠳᠠᠴᠠ ᠶᠢ ᠪᠠᠶᠢᠭᠤᠯᠵᠦ᠂ ᠢᠳᠡᠭᠡᠮᠵᠢ ᠦᠭᠡᠢ ᠦᠢᠯᠨ ᠠᠵᠢᠯᠯᠠᠭ᠎ᠠ ᠲᠠᠢ ᠬᠤᠪᠢ ᠬᠦᠮᠦᠨ ᠤ ᠨᠠᠶᠢᠭᠡᠮ ᠤᠨ ᠤᠯᠠᠨ ᠨᠠᠶᠢᠳᠠ ᠶᠢᠨ ᠠᠰᠠᠷᠠᠮᠵᠢ ᠶᠢᠨ ᠦᠢᠯᠡᠴᠢᠯᠡᠭᠡᠨ ᠵᠠᠷᠭᠡ ᠪᠠᠷ ᠲᠠᠮᠵᠢᠭᠤᠯᠤᠨ ᠬᠤᠪᠢ ᠬᠦᠮᠦᠨ ᠤ ᠢᠳᠡᠭᠡᠮᠵᠢ ᠪᠠᠨ ᠰᠠᠷᠬᠦᠭᠡᠬᠦ ᠶᠢ ᠲᠠᠮᠵᠢᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ  ᠦᠭᠡᠷᠡᠴᠢᠯᠠᠯᠳᠠ ᠶᠢᠨ ᠲᠤᠪᠴᠢᠶ᠎ᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠭ᠎ᠠ ᠶᠢᠨ  ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ  ︶     ︵ᠬᠤᠷᠢᠨ ᠭᠤᠷᠪᠠ︶ ᠢᠳᠡᠭᠡᠮᠵᠢ ᠶᠢᠨ ᠭᠤᠤᠯ ᠴᠤᠭᠴᠠ ᠶᠢᠨ ᠡᠷᠭᠡ ᠠᠰᠢᠭ ᠢ ᠬᠠᠮᠭᠠᠯᠠᠬᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ     45. ᠢᠳᠡᠭᠡᠮᠵᠢ ᠶᠢᠨ ᠮᠡᠳᠡᠭᠡ ᠵᠠᠩᠬᠢ ᠶᠢᠨ ᠤᠨᠳᠤᠤ ᠰᠠᠨᠠᠯ ᠭᠠᠷᠭᠠᠬᠤ᠂ ᠵᠠᠭᠠᠯᠳᠤᠬᠤ ᠲᠦᠷᠢᠮ   ᠢ ᠪᠠᠶᠢᠭᠤᠯᠤᠨ ᠪᠦᠷᠢᠨᠰᠢᠭᠦᠯᠦᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠭᠡᠴᠠ ᠤᠳ ᠢᠳᠡᠭᠡᠮᠵᠢ ᠦᠭᠡᠢ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠭᠡᠷᠡᠭᠵᠢᠭᠦᠯᠬᠦ ᠶᠠᠪᠤᠴᠠ ᠳᠤ ᠢᠳᠡᠭᠡᠮᠵᠢ ᠶᠢᠨ ᠮᠡᠳᠡᠭᠡ ᠵᠠᠩᠬᠢ ᠶᠢᠨ ᠲᠤᠬᠠᠢ ᠭᠡᠪ ᠤᠨ ᠪᠤᠰᠤ ᠪᠠᠶᠢᠳᠠᠯ ᠢ ᠠᠶᠠᠨᠳᠠᠭᠠᠨ ᠢᠯᠡᠷᠡᠬᠦᠯᠦᠭᠰᠡᠨ᠂ ᠵᠠᠬ᠎ᠠ ᠲᠡᠯᠭᠡᠬᠦᠷ ᠤᠨ ᠭᠤᠤᠯ ᠴᠤᠭᠴᠠ ᠠᠴᠠ ᠤᠨᠳᠤᠤ ᠰᠠᠨᠠᠯ ᠭᠠᠷᠭᠠᠬᠤ ᠭᠤᠶᠤᠴᠢᠯᠠᠯ ᠲᠤᠷᠠᠳᠬᠤ ᠪᠤᠶᠦ ᠵᠠᠭᠠᠯᠳᠣᠯᠭ᠎ᠠ ᠬᠢᠬᠦ ᠶᠠᠪᠣᠴᠠ ᠳᠤ ᠮᠡᠳᠡᠭᠡ ᠵᠠᠩᠬᠢ ᠶᠢᠨ ᠪᠤᠳᠠᠳᠠᠢ ᠪᠢᠰᠢ ᠶᠢ ᠤᠯᠵᠦ ᠮᠡᠳᠡᠪᠡᠯ ᠮᠡᠳᠡᠭᠡ ᠵᠠᠩᠬᠢ ᠬᠠᠩᠭᠠᠭᠰᠠᠨ ᠪᠠᠶᠢᠭᠤᠯᠤᠯᠭ᠎ᠠ ᠨᠢᠭᠡᠴᠠ  ᠳᠤ ᠲᠠᠷᠤᠢ ᠲᠦᠷᠭᠡᠨ ᠮᠡᠳᠡᠭᠳᠡᠵᠦ ᠲᠠᠬᠢᠨ ᠬᠢᠨᠠᠨ ᠬᠠᠷᠭᠤᠭᠤᠯᠤᠯᠳᠠ ᠬᠢᠯᠭᠡᠵᠦ᠂ ᠮᠡᠳᠡᠭᠡ ᠵᠠᠩᠬᠢ ᠬᠠᠩᠭᠠᠭᠰᠠᠨ ᠪᠠᠶᠢᠭᠤᠯᠤᠯᠭ᠎ᠠ ᠨᠢᠭᠡᠴᠠ ᠨᠢ ᠲᠠᠷᠤᠢ ᠲᠦᠷᠭᠡᠨ ᠬᠢᠨᠠᠨ ᠬᠠᠷᠭᠤᠭᠤᠯᠣᠭᠠᠳ ᠬᠠᠷᠢᠭᠤ ᠳᠣᠰᠬᠠᠯ ᠦᠭᠬᠦ ᠭᠡᠷᠡᠭᠳᠡᠢ᠃ ᠮᠡᠳᠡᠭᠡ ᠵᠠᠩᠬᠢ ᠶᠢ ᠬᠢᠨᠠᠨ ᠬᠠᠷᠭᠤᠭᠤᠯᠵᠦ ᠪᠠᠶᠢᠬᠤ ᠬᠤᠭᠤᠴᠠᠭᠠᠨ ᠳᠤ ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠭᠡᠷᠡᠭᠵᠢᠭᠦᠯᠬᠦ ᠦᠭᠡᠢ᠂ ᠬᠢᠨᠠᠨ ᠬᠠᠷᠭᠤᠭᠤᠯᠤᠭᠠᠳ ᠲᠠᠰᠢᠶᠠᠷᠠᠭᠰᠠᠨ ᠮᠡᠳᠡᠭᠡ ᠵᠠᠩᠬᠢ ᠶᠢ ᠲᠠᠷᠤᠢ ᠲᠦᠷᠭᠡᠨ ᠵᠠᠯᠠᠷᠠᠭᠤᠯᠬᠤ ᠪᠤᠶᠦ ᠬᠦᠴᠦᠨ ᠦᠭᠡᠢ ᠪᠤᠯᠭᠠᠬᠤ ᠭᠡᠷᠡᠭᠳᠡᠢ᠃ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠠᠰᠢᠶᠠᠷᠠᠭᠤᠯᠤᠨ ᠭᠡᠷᠡᠭᠵᠢᠭᠦᠯᠬᠦ ᠠᠴᠠ ᠪᠤᠯᠵᠦ ᠬᠤᠯᠪᠤᠭᠳᠠᠯ ᠪᠦᠬᠦᠢ ᠭᠤᠤᠯ ᠴᠤᠭᠴᠠ ᠶᠢᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠬᠤ ᠳᠤ ᠬᠦᠷᠪᠡᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠭᠡᠴᠠ ᠡᠷᠭᠡᠪᠰᠢ ᠢᠳᠡᠪᠬᠢᠳᠠᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷ᠎ᠠ ᠨᠢᠳᠡᠷ ᠢ ᠨᠢ ᠲᠠᠬᠢᠨ ᠰᠠᠷᠬᠦᠭᠡᠵᠦ᠂ ᠪᠣᠢ ᠪᠣᠯᠭᠠᠭᠰᠠᠨ ᠮᠠᠭᠤ ᠨᠦᠯᠦᠭᠡ ᠶᠢ ᠨᠢ ᠠᠷᠢᠯᠭᠠᠵᠦ ᠦᠭᠬᠦ ᠭᠡᠷᠡᠭᠳᠡᠢ᠃ ᠬᠤᠯᠪᠤᠭᠳᠠᠯ ᠪᠦᠬᠦᠢ ᠭᠤᠤᠯ ᠴᠤᠭᠴᠠ ᠶᠢᠨ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠵᠠᠷᠭᠡ ᠠᠷᠭ᠎ᠠ ᠭᠡᠯᠪᠠᠷᠢ ᠪᠠᠷ ᠲᠠᠮᠵᠢᠭᠤᠯᠤᠨ ᠬᠤᠪᠢ ᠪᠠᠶ᠎ᠠ ᠶᠢᠨ ᠬᠠᠤᠯᠢ ᠶᠤᠰᠤᠨ ᠤ ᠡᠷᠭᠡ ᠠᠰᠢᠭ ᠪᠠᠨ ᠬᠠᠮᠠᠭᠠᠯᠠᠬᠤ ᠶᠢ ᠲᠠᠮᠵᠢᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ ᠠᠴᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ  ᠬᠠᠷᠢᠭᠤᠴᠠᠨ᠎ᠠ︶     ︵ᠬᠤᠷᠢᠨ ᠲᠦᠷᠪᠡ︶ ᠠᠵᠢᠯ ᠤᠨ ᠦᠷ᠎ᠠ ᠪᠦᠳᠦᠮᠵᠢ ᠶᠢ ᠮᠦᠷᠳᠡᠨ ᠪᠠᠶᠢᠴᠠᠭᠠᠬᠤ ᠲᠤᠭᠳᠠᠴᠠ ᠶᠢ ᠪᠠᠶᠢᠭᠤᠯᠤᠨ᠎ᠠ     46. ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢᠳᠡᠬᠡᠮᠵᠢ ᠶᠢᠨ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠠᠵᠢᠯ ᠤᠨ ᠡᠯ᠎ᠠ ᠵᠦᠢᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠰᠢᠭᠤᠨ ᠤ ᠵᠠᠰᠠᠭ ᠤᠨ ᠤᠷᠳᠤᠨ ᠤ ᠰᠦᠯᠵᠢᠶᠠᠨ ᠦᠷᠳᠡᠭᠡ ᠶᠢᠨ ᠢᠳᠡᠭᠡᠮᠵᠢ ᠶᠢᠨ ᠮᠡᠳᠡᠭᠡ ᠵᠠᠩᠬᠢ ᠶᠢᠨ ᠲᠤᠰᠬᠠᠢ ᠪᠤᠯᠤᠩ ᠢ ᠬᠦᠢᠴᠠᠳ ᠠᠰᠢᠭᠯᠠᠵᠦ᠂ ᠢᠳᠡᠬᠡᠮᠵᠢ ᠶᠢᠨ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠶᠢ ᠮᠦᠷᠳᠡᠨ ᠲᠠᠭᠠᠬᠤ᠂ ᠬᠢᠨᠠᠨ ᠪᠠᠶᠢᠴᠠᠭᠠᠬᠤ᠂ ᠪᠦᠷᠢᠳᠭᠡᠯ ᠬᠢᠬᠦ᠂ ᠦᠨᠡᠯᠡᠨ ᠵᠢᠱᠢᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃     47. ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠵᠦ᠂ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠪᠠ ᠣᠷᠮᠠᠰᠢᠭᠤᠯᠣᠨ ᠬᠦᠬᠢᠭᠦᠯᠬᠦ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠭᠰᠠᠨ ᠨᠢ ᠬᠦᠴᠦᠨ ᠦᠭᠡᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠭᠡᠴᠠ ᠶᠢ ᠬᠤᠰᠢᠭᠤᠨ ᠤ ᠵᠠᠰᠠᠭ ᠤᠨ ᠤᠷᠳᠤᠨ ᠠᠴᠠ ᠮᠡᠳᠡᠭᠡᠯᠡᠬᠦ ᠶᠢᠨ ᠬᠠᠮᠳᠤ ᠰᠢᠪᠠᠳᠠᠭᠤᠯᠣᠨ ᠴᠡᠭᠴᠡᠯᠡᠨ ᠦᠭᠡᠷᠡᠴᠢᠯᠡᠭᠦᠯᠵᠦ᠂ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠵᠠᠯᠬᠠᠭᠠᠨ ᠴᠡᠭᠡᠷᠯᠡᠭᠦᠯᠬᠦ ᠡᠯ᠎ᠠ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠪᠤᠳᠠᠳᠠᠢ ᠳᠤ ᠨᠠᠶᠢᠳᠠᠪᠦᠷᠢᠵᠢᠭᠤᠯᠤᠨ᠎ᠠ᠃ ︵ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠦᠯᠳᠠ ᠬᠢᠭᠡᠳ ᠦᠭᠡᠷᠡᠴᠢᠯᠠᠯᠳᠠ ᠶᠢᠨ ᠲᠤᠪᠴᠢᠶ᠎ᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶      ᠲᠠᠪᠤ᠂ ᠬᠠᠤᠯᠢ ᠲᠤᠭᠳᠠᠭᠠᠯ ᠤᠨ ᠲᠦᠷᠢᠮ ᠪᠠ ᠦᠨᠡᠨᠴᠢ ᠢᠳᠡᠬᠡᠮᠵᠢᠲᠦ ᠰᠣᠶᠣᠯ ᠤᠨ ᠪᠠᠶᠢᠭᠤᠯᠣᠯᠲᠠ ᠶᠢ ᠴᠢᠩᠭᠠᠳᠬᠠᠨ᠎ᠠ      ︵ ᠬᠤᠷᠢᠨ ᠲᠠᠪᠤ︶ ᠢᠳᠡᠬᠡᠮᠵᠢ ᠶᠢᠨ ᠲᠣᠬᠠᠢ ᠬᠠᠮᠢᠶ᠎ᠠ ᠪᠦᠬᠦᠢ ᠬᠠᠣᠯᠢ ᠲᠣᠭᠲᠠᠭᠠᠯ ᠳᠦᠷᠢᠮ ᠲᠣᠭᠲᠠᠭᠠᠯ ᠢ ᠲᠡᠬᠦᠯᠳᠡᠷᠵᠢᠬᠦᠯᠦᠨ᠎ᠡ     48. ᠬᠠᠮᠢᠶ᠎ᠠ ᠪᠦᠬᠦᠢ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠠ᠃ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠵᠦ᠂ ᠬᠠᠮᠳᠤᠪᠠᠷ ᠡᠳ᠋ᠯᠡᠬᠦ᠂ ᠢᠯᠨ ᠪᠤᠯᠭᠠᠬᠤ᠂ ᠭᠡᠷᠡᠭᠯᠡᠬᠦ ᠪᠠ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠬᠤ ᠠᠵᠢᠯ ᠢ ᠲᠦᠷᠭᠡᠳᠭᠡᠨ ᠠᠬᠢᠭᠤᠯᠤᠨ᠎ᠠ᠃     49. ᠢᠳᠡᠭᠡᠮᠵᠢ ᠦᠭᠡᠢ ᠶᠢ ᠬᠢᠵᠠᠭᠠᠷᠯᠠᠬᠤ ᠪᠠ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠬᠤ ᠱᠠᠭᠠᠳᠠᠯᠭ᠎ᠠ ᠶᠣᠰᠣᠭᠠᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠳᠤ ᠶᠢᠨ ᠭᠡᠷᠡᠭᠵᠢᠭᠦᠯᠵᠦ ᠪᠠᠶᠢᠭ᠎ᠠ ᠬᠠᠤᠯᠢ ᠲᠤᠭᠳᠠᠭᠠᠯ᠂ ᠲᠦᠷᠢᠮ ᠪᠠ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠤᠭᠳᠠᠭᠠᠯ ᠳᠤ ᠵᠠᠰᠠᠪᠦᠷᠢ ᠤᠷᠤᠭᠤᠯᠬᠤ ᠰᠠᠨᠠᠭᠤᠯᠭ᠎ᠠ ᠲᠤᠷᠠᠳᠬᠤ ᠪᠤᠶᠦ ᠴᠢᠭᠯᠡᠯᠳᠤ ᠴᠢᠨᠠᠷᠳᠠᠢ ᠪᠠᠷ ᠵᠠᠰᠠᠪᠦᠷᠢ ᠤᠷᠤᠭᠤᠯᠬᠤ ᠰᠠᠨᠠᠭᠤᠯᠭ᠎ᠠ ᠲᠤᠷᠠᠳᠬᠤ ᠭᠡᠷᠡᠭᠳᠡᠢ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠠᠯᠳᠠ ᠶᠢᠨ ᠲᠤᠪᠴᠢᠶ᠎ᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ  ᠢᠶᠠᠨ ᠬᠤᠪᠢᠶᠠᠷᠢ ᠶᠤᠰᠤᠭᠠᠷ ᠲᠤᠰ ᠲᠤᠰ  ᠬᠠᠷᠢᠭᠤᠴᠠᠨ᠎ᠠ︶      ︵ᠬᠤᠷᠢᠨ ᠵᠢᠷᠭᠤᠭ᠎ᠠ︶ ᠢᠳᠡᠭᠡᠮᠵᠢ ᠶᠢᠨ ᠮᠡᠳᠡᠭᠡ ᠵᠠᠩᠬᠢ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠠ     50. ᠨᠠᠶᠢᠭᠡᠮ ᠤᠨ ᠢᠳᠡᠭᠡᠮᠵᠢ ᠶᠢᠨ ᠨᠢᠭᠡᠳᠦᠯᠳᠠᠢ ᠲᠦᠯᠦᠭᠡᠯᠡᠬᠦ ᠲᠡᠮᠳᠡᠭ ᠤᠨ ᠲᠦᠷᠢᠮ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠢᠳᠡᠭᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠬᠤ᠂ ᠬᠠᠳᠠᠭᠠᠯᠠᠬᠤ᠂ ᠬᠠᠮᠳᠤᠪᠠᠷ ᠡᠳ᠋ᠯᠡᠬᠦ᠂ ᠢᠯᠨ ᠪᠤᠯᠭᠠᠬᠤ᠂ ᠭᠡᠷᠡᠭᠯᠡᠬᠦ ᠪᠠ ᠢᠳᠡᠭᠡᠮᠵᠢ ᠶᠢ ᠦᠨᠡᠯᠡᠬᠦ᠂ ᠢᠳᠡᠭᠡᠮᠵᠢ ᠶᠢ ᠲᠦᠷᠦᠯ ᠬᠤᠪᠢᠶᠠᠨ ᠬᠠᠮᠢᠶᠠᠷᠬᠤ ᠵᠠᠷᠭᠡ ᠪᠠᠷᠢᠮᠵᠢᠶ᠎ᠠ ᠲᠤᠭᠳᠠᠭᠠᠨ᠎ᠠ᠃ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤᠪᠠᠷ ᠡᠳ᠋ᠯᠡᠬᠦ ᠲᠠᠪᠴᠠᠩ ᠪᠤᠶᠦ ᠢᠳᠡᠭᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠲᠦᠷᠢᠮᠵᠢᠯ ᠢ ᠰᠤᠳᠤᠯᠤᠨ ᠲᠤᠭᠳᠠᠭᠠᠵᠦ᠂ ᠲᠤᠭ᠎ᠠ ᠪᠠᠷᠢᠮᠳᠠ ᠶᠢᠨ ᠨᠢᠭᠡᠳᠦᠯᠳᠠᠢ ᠲᠢᠭ ᠵᠠᠭᠪᠤᠷ᠂ ᠲᠤᠭ᠎ᠠ ᠪᠠᠷᠢᠮᠳᠠ ᠶᠢᠨ ᠵᠠᠯᠭᠠᠰᠤ ᠵᠠᠷᠭᠡ ᠨᠢᠭᠡᠳᠦᠯᠳᠠᠢ ᠮᠠᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠤᠭᠳᠠᠭᠠᠨ᠎ᠠ᠃     51. ᠪᠤᠳᠠᠳᠠᠢ ᠲᠠᠢ ᠤᠶᠠᠯᠳᠤᠭᠤᠯᠤᠨ᠂ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠬᠦ᠂ ᠬᠠᠮᠳᠤᠪᠠᠷ ᠡᠳ᠋ᠯᠡᠬᠦ᠂ ᠢᠯᠨ ᠪᠤᠯᠭᠠᠬᠤ᠂ ᠭᠡᠷᠡᠭᠯᠡᠬᠦ ᠪᠠ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠴᠤᠪᠤᠷᠠᠯ ᠪᠠ ᠠᠵᠢᠯᠯᠠᠭᠠᠨ ᠤ ᠲᠦᠷᠢᠮᠵᠢᠯ ᠢ ᠲᠤᠭᠳᠠᠭᠠᠨ᠎ᠠ᠃ ︵ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ  ︶     ︵ᠬᠤᠷᠢᠨ ᠲᠤᠯᠤᠭ᠎ᠠ︶ ᠦᠨᠡᠨᠴᠢ ᠢᠳᠡᠭᠡᠮᠵᠢ ᠶᠢᠨ ᠬᠦᠮᠦᠵᠢᠯ ᠪᠠ ᠦᠨᠡᠨᠴᠢ ᠢᠳᠡᠬᠡᠮᠵᠢ ᠶᠢᠨ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠨ᠎ᠠ     52. ᠨᠠᠶᠢᠭᠡᠮ ᠤᠨ ᠡᠯ᠎ᠠ ᠡᠳᠡᠭᠡᠳ ᠤᠨ ᠬᠢᠨ ᠤ ᠬᠦᠴᠦᠨ ᠢ ᠵᠤᠬᠢᠶᠠᠨ ᠪᠠᠶᠢᠭᠤᠯᠵᠦ᠂ ᠵᠠᠬ᠎ᠠ ᠲᠡᠯᠭᠡᠬᠦᠷ ᠤᠨ ᠭᠤᠤᠯ ᠴᠤᠭᠴᠠ ᠤᠳ ᠤᠨ ᠬᠠᠤᠯᠢ ᠶᠤᠰᠤᠭᠠᠷ ᠦᠨᠡᠨᠴᠢ ᠢᠳᠡᠭᠡᠮᠵᠢ ᠲᠠᠢ ᠪᠠᠷ ᠡᠵᠡᠩᠨᠡᠯᠳᠠ ᠬᠢᠬᠦ ᠶᠢ ᠬᠦᠳᠦᠯᠦᠨ ᠵᠢᠯᠤᠭᠤᠳᠴᠤ᠂ ︽ᠦᠨᠡᠨᠴᠢ ᠢᠳᠡᠭᠡᠮᠵᠢ ᠪᠠᠷ ᠠᠷᠠᠯᠵᠢᠶ᠎ᠠ ᠬᠤᠳᠠᠯᠳᠤᠭ᠎ᠠ ᠪᠠᠨ ᠬᠦᠭᠵᠢᠭᠦᠯᠬᠦ  ︾ ᠤᠶᠢᠯᠠᠭᠠᠭᠳᠠᠬᠤᠨ  ᠢ ᠪᠤᠢ ᠪᠤᠯᠭᠠᠵᠦ᠂ ᠰᠤᠨᠢᠨ ᠮᠡᠳᠡᠭᠡ ᠶᠢᠨ ᠵᠠᠭᠤᠴᠢᠯᠠᠭᠤᠷ ᠢ ᠵᠤᠬᠢᠶᠠᠨ ᠪᠠᠶᠢᠭᠤᠯᠤᠨ ᠦᠨᠡᠨᠴᠢ ᠢᠳᠡᠭᠡᠮᠵᠢ ᠲᠠᠢ ᠠᠵᠦ ᠠᠬᠤᠶᠢᠯᠠᠯ ᠵᠢᠴᠢ ᠬᠤᠪᠢ ᠬᠦᠮᠦᠨ ᠢ ᠤᠯᠠᠨ ᠠᠷᠭ᠎ᠠ ᠵᠠᠮ ᠢᠶᠠᠷ ᠤᠬᠠᠭᠤᠯᠵᠦ᠂ ᠨᠠᠶᠢᠭᠡᠮ ᠤᠨ ᠰᠠᠶᠢᠨ ᠰᠠᠶᠢᠬᠠᠨ ᠤᠷᠴᠢᠨ ᠢ ᠪᠤᠢ ᠪᠤᠯᠭᠠᠬᠤ ᠭᠡᠷᠡᠭᠳᠡᠢ᠃ ᠢᠳᠡᠭᠡᠮᠵᠢ ᠦᠭᠡᠢ ᠦᠢᠯᠨ ᠠᠵᠢᠯᠯᠠᠭ᠎ᠠ ᠳᠠᠬᠢ ᠶᠤᠰᠤ ᠰᠤᠷᠳᠠᠬᠤᠨ ᠤ ᠬᠢᠵᠠᠭᠠᠷᠯᠠᠬᠤ ᠬᠦᠴᠦᠨ ᠢ ᠴᠢᠩᠭᠠᠳᠬᠠᠵᠦ᠂ ᠨᠡᠶᠢᠭᠡᠮ ᠤᠨ ᠶᠠᠷᠢᠶ᠎ᠠ ᠭᠡᠯᠡᠯᠴᠡᠭᠡ ᠪᠠᠷ ᠬᠢᠨᠠᠯᠳᠠ ᠲᠠᠯᠪᠢᠬᠤ ᠲᠤᠭᠳᠠᠴᠠ  ᠶᠢ ᠲᠡᠭᠦᠯᠳᠡᠷᠵᠢᠭᠦᠯᠵᠦ᠂ ᠰᠤᠨᠢᠨ ᠰᠠᠳᠬᠦᠯ᠂ ᠷᠠᠳᠢᠤ᠋᠂ ᠲᠧᠯᠸᠢᠰ᠂ ᠰᠦᠯᠵᠢᠶ᠎ᠠ ᠵᠠᠷᠭᠡ ᠵᠠᠭᠤᠴᠢᠯᠠᠭᠤᠷ ᠢᠶᠠᠷ ᠲᠠᠮᠵᠢᠨ ᠢᠳᠡᠭᠡᠮᠵᠢ ᠦᠭᠡᠢ ᠭᠤᠤᠯ ᠴᠤᠭᠴᠠ ᠳᠤ ᠬᠢᠨᠠᠯᠳᠠ ᠲᠠᠯᠪᠢᠬᠤ ᠬᠦᠴᠦᠯᠡᠴᠠ ᠪᠠᠨ ᠴᠢᠩᠭᠠᠳᠬᠠᠵᠦ᠂ ᠨᠡᠶᠢᠭᠡᠮ ᠳᠤ ᠮᠠᠭᠤ ᠨᠦᠯᠦᠭᠡ ᠲᠤᠰᠬᠠᠯ ᠲᠠᠢ᠂ ᠦᠢᠯᠨ ᠪᠠᠶᠢᠳᠠᠯ ᠨᠢ ᠬᠦᠨᠳᠦ ᠨᠣᠴᠢᠲᠠᠢ ᠢᠳᠡᠭᠡᠮᠵᠢ ᠦᠭᠡᠢ ᠭᠡᠷᠡᠭ ᠢ ᠬᠠᠤᠯᠢ ᠶᠣᠰᠣᠭᠠᠷ ᠢᠯᠡᠴᠢᠯᠡᠵᠦ᠂ ᠠᠷᠠᠳ ᠤᠯᠠᠨ ᠢᠶᠠᠷ ᠢᠶᠠᠨ ᠵᠦᠪᠳᠡᠯᠴᠡᠵᠦ᠂ ᠢᠯᠡᠴᠢᠯᠡᠨ ᠰᠢᠭᠦᠮᠵᠢᠯᠡᠬᠦ ᠶᠠᠷᠢᠯᠴᠠᠭ᠎ᠠ ᠦᠷᠨᠢᠬᠦᠯᠬᠦ ᠪᠠᠷ ᠲᠠᠮᠵᠢᠭᠤᠯᠤᠨ᠂ ᠢᠳᠡᠭᠡᠮᠵᠢ ᠦᠭᠡᠢ ᠦᠢᠯᠨ ᠠᠵᠢᠯᠯᠠᠭ᠎ᠠ ᠳᠤ ᠶᠠᠷᠢᠶ᠎ᠠ ᠬᠡᠯᠡᠯᠴᠡᠬᠡᠨ ᠤ ᠲᠠᠷᠤᠯᠳᠠ ᠦᠭᠬᠦ ᠪᠠ ᠶᠤᠰᠤ ᠰᠤᠷᠳᠠᠬᠤᠨ ᠤ ᠬᠢᠵᠠᠭᠠᠷᠯᠠᠯ ᠲᠠᠢ ᠪᠤᠯᠭᠠᠬᠤ ᠶᠢ ᠪᠠᠶᠠᠯᠡᠭᠦᠯᠦᠨ᠎ᠠ᠃    53. ᠰᠤᠷᠭᠠᠭᠤᠯᠢ᠂ ᠪᠠᠶᠢᠭᠤᠯᠤᠯᠭ᠎ᠠ ᠨᠢᠭᠡᠴᠠ᠂ ᠨᠠᠶᠢᠭᠡᠮ ᠲᠤᠭᠤᠷᠢᠭ᠂ ᠭᠡᠷ ᠪᠦᠯᠢ ᠵᠠᠷᠭᠡ ᠪᠠᠷ ᠲᠠᠮᠵᠢᠭᠤᠯᠤᠨ᠂ ᠢᠳᠡᠭᠡᠮᠵᠢ ᠦᠭᠡᠢ ᠬᠤᠪᠢ ᠬᠦᠮᠦᠨ ᠢ ᠬᠦᠮᠦᠵᠢᠭᠦᠯᠬᠦ ᠪᠠ ᠬᠠᠪᠰᠤᠷᠤᠨ ᠲᠡᠮᠵᠢᠬᠦ ᠪᠠᠨ ᠴᠢᠩᠭᠠᠳᠬᠠᠵᠦ᠂ ᠢᠳᠡᠭᠡᠮᠵᠢ ᠦᠭᠡᠢ ᠦᠢᠯᠨ ᠠᠵᠢᠯᠯᠠᠭ᠎ᠠ ᠪᠠᠨ ᠲᠠᠷᠤᠢ ᠲᠦᠷᠭᠡᠨ ᠵᠠᠯᠠᠷᠠᠭᠤᠯᠬᠤ ᠶᠢ ᠨᠢ ᠬᠦᠳᠦᠯᠦᠨ ᠵᠢᠯᠤᠭᠤᠳᠤᠨ᠎ᠠ᠃ ᠠᠵᠦ ᠠᠬᠤᠶᠢᠯᠠᠯ ᠤᠨ ᠬᠠᠷᠢᠭᠤᠴᠠᠯᠭᠠᠳᠠᠨ᠂ ᠰᠤᠷᠤᠭᠴᠢᠳ ᠪᠠ ᠵᠠᠯᠠᠭᠤᠴᠤᠤᠨ ᠤᠨ ᠲᠤᠮᠳᠠ ᠦᠨᠡᠨᠴᠢ ᠢᠳᠡᠭᠡᠮᠵᠢ ᠶᠢᠨ ᠲᠤᠬᠠᠢ ᠤᠬᠠᠭᠤᠯᠭ᠎ᠠ ᠬᠦᠮᠦᠵᠢᠯ ᠬᠢᠬᠦ ᠪᠠᠨ ᠴᠢᠩᠭᠠᠳᠬᠠᠵᠦ᠂ ᠨᠢᠬᠳᠠᠯᠨᠨ ᠪᠤᠳᠤᠭᠴᠢ ᠬᠢᠨᠠᠨ ᠪᠤᠳᠤᠭᠴᠢ᠂ ᠵᠢᠭᠤᠯᠴᠢᠯᠠᠯ ᠤᠨ ᠬᠦᠳᠦᠴᠢ᠂ ᠲᠠᠭᠠᠳᠬᠠᠯ ᠤᠨ ᠵᠠᠭᠤᠴᠢ᠂ ᠠᠯᠪᠠᠨ ᠲᠤᠰᠢᠶᠠᠯᠳᠠᠤᠨ ᠵᠠᠷᠭᠡ ᠭᠤᠤᠯᠳᠠᠯᠭ᠎ᠠ ᠲᠠᠢ ᠬᠦᠮᠦᠰ ᠲᠤ ᠦᠨᠡᠨᠴᠢ ᠢᠳᠡᠭᠡᠮᠵᠢ ᠪᠠᠷ ᠴᠢᠬᠤᠯᠨ ᠠᠭᠤᠯᠭ᠎ᠠ ᠪᠤᠯᠭᠠᠭᠰᠠᠨ ᠠᠵᠢᠯ ᠮᠠᠷᠭᠡᠵᠢᠯ ᠤᠨ ᠶᠤᠰᠤ ᠰᠤᠷᠳᠠᠬᠤᠨ  ᠤ ᠪᠠᠶᠢᠭᠤᠯᠤᠯᠳᠠ ᠶᠢ ᠴᠢᠩᠭᠠᠳᠬᠠᠨ᠎ᠠ᠃ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠶᠢ ᠤᠬᠠᠭᠤᠯᠤᠨ ᠮᠡᠳᠡᠬᠡᠯᠡᠬᠦ ᠪᠠ ᠭᠡᠷᠡᠭ ᠤᠨ ᠵᠢᠱᠢᠶ᠎ᠠ ᠶᠢ ᠵᠠᠳᠠᠯᠤᠨ ᠰᠢᠨᠵᠢᠯᠡᠬᠦ ᠡᠷᠴᠢᠮ ᠢᠶᠠᠨ ᠴᠢᠩᠭᠠᠷᠠᠭᠤᠯᠵᠦ᠂ ᠨᠠᠶᠢᠭᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠳᠠ  ᠶᠢ ᠪᠤᠢ ᠪᠤᠯᠭᠠᠨ᠎ᠠ᠃ ︵ᠬᠤᠰᠢᠭᠤᠨ ᠤ ᠬᠤᠷᠢᠶ᠎ᠠ   ᠶᠢᠨ ᠤᠬᠠᠭᠤᠯᠬᠤ ᠭᠡᠯᠳᠡᠰ ᠲᠦᠷᠦᠭᠦᠯᠡᠨ ᠬᠠᠷᠢᠭᠤᠴᠠᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ︶     ︵ᠬᠤᠷᠢᠨ ᠨᠠᠢᠮᠨ︶ ᠵᠤᠬᠢᠶᠠᠨ ᠪᠠᠶᠢᠭᠤᠯᠤᠨ ᠭᠡᠷᠡᠭᠵᠢᠭᠦᠯᠬᠦ ᠪᠠ  ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ     54. ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠭᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠶᠢ ᠭᠡᠷᠡᠭᠵᠢᠭᠦᠯᠬᠦ ᠪᠠᠷ ᠨᠠᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠬᠤ ᠶᠢᠨ ᠴᠢᠬᠤᠯᠨ ᠠᠷᠭ᠎ᠠ ᠪᠠᠷᠢᠯ ᠪᠤᠯᠭᠠᠵᠦ᠂ ᠲᠤᠰ ᠭᠡᠷᠡᠭᠵᠢᠭᠦᠯᠬᠦ ᠲᠦᠰᠦᠯ ᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢᠨ ᠬᠠᠮᠳᠤ ᠠᠵᠢᠯ ᠤᠨ ᠪᠤᠳᠠᠳᠠᠢ ᠠᠷᠭ᠎ᠠ ᠭᠡᠮᠵᠢᠶ᠎ᠠ ᠲᠤᠭᠳᠠᠭᠠᠵᠦ᠂ ᠵᠤᠬᠢᠶᠠᠨ ᠪᠠᠶᠢᠭᠤᠯᠣᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠦ᠂ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠬᠠᠮᠳᠤᠷᠠᠨ ᠵᠠᠯᠬᠠᠭᠠᠨ ᠴᠡᠭᠡᠷᠯᠡᠭᠦᠯᠬᠦ ᠡᠯ᠎ᠠ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠦᠷᠢᠵᠢᠭᠤᠯᠵᠦ ᠦᠷ᠎ᠠ ᠠᠰᠢᠭ ᠤᠯᠬᠤ ᠶᠢ ᠪᠠᠳᠤᠯᠠᠬᠤ ᠭᠡᠷᠡᠭᠳᠡᠢ᠃     55. ᠡᠯ᠎ᠡ ᠰᠠᠯᠠᠭ᠎ᠠ ᠮᠦᠴᠢᠷ ᠬᠠᠷᠢᠯᠴᠠᠭᠴᠢ ᠶᠢᠨ ᠲᠦᠷᠢᠮ ᠪᠠᠶᠢᠭᠤᠯᠵᠦ᠂ ᠰᠠᠯᠠᠭ᠎ᠠ ᠮᠦᠴᠢᠷ ᠤᠨ ᠬᠤᠭᠤᠷᠤᠨᠳᠤᠬᠢ ᠵᠤᠬᠢᠴᠠᠭᠤᠯᠤᠨ ᠬᠠᠮᠴᠢᠯᠠᠬᠤ ᠪᠠᠨ ᠴᠢᠩᠭᠠᠳᠬᠠᠨ᠎ᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ  ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠬᠠᠷᠢᠯᠴᠠᠨ ᠬᠠᠮᠵᠢᠯᠴᠠᠵᠦ᠂ ᠠᠵᠢᠯ ᠤᠨ ᠬᠠᠮᠰᠠᠯ ᠬᠦᠴᠦᠨ ᠢ ᠪᠦᠷᠢᠯᠳᠦᠭᠦᠯᠵᠦ᠂ ᠬᠤᠰᠢᠭᠤᠨ ᠤ ᠨᠠᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠠᠵᠢᠯ ᠤᠨ ᠠᠬᠢᠴᠠ ᠶᠢᠨ ᠪᠠᠶᠢᠳᠠᠯ ᠢᠶᠠᠨ ᠲᠤᠭᠳᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠲᠦᠰᠦᠯ ᠭᠡᠷᠡᠭᠵᠢᠭᠦᠯᠬᠦ ᠶᠠᠪᠣᠴᠠ ᠳᠤ ᠲᠤᠬᠢᠶᠠᠯᠳᠤᠭᠰᠠᠨ ᠠᠰᠠᠭᠤᠳᠠᠯ ᠢ ᠲᠠᠷᠤᠢ ᠲᠦᠷᠭᠡᠨ ᠬᠠᠷᠢᠭᠤ ᠲᠤᠰᠬᠠᠬᠤ ᠶᠢᠨ ᠲᠠᠭᠠᠤ ᠰᠢᠢᠳᠪᠦᠷᠢᠯᠡᠵᠦ᠂ ᠡᠯ᠎ᠠ ᠵᠦᠢᠯ ᠤᠨ ᠠᠷᠭ᠎ᠠ ᠬᠡᠮᠵᠢᠶ᠎ᠡ ᠶᠢᠨ ᠪᠤᠳᠠᠳᠠᠢ ᠳᠤ ᠨᠠᠶᠢᠳᠠᠪᠣᠷᠢᠵᠢᠭᠳᠠᠬᠤ ᠶᠢ ᠪᠠᠳᠤᠯᠠᠬᠤ ᠭᠡᠷᠡᠭᠳᠡᠢ᠃ ᠬᠤᠰᠢᠭᠤᠨ ᠤ ᠨᠠᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠬᠦᠭᠵᠢᠭᠦᠯᠦᠯᠳᠠ ᠬᠢᠭᠡᠳ ᠦᠬᠡᠷᠡᠴᠢᠯᠡᠯᠲᠡ ᠶᠢᠨ ᠵᠦᠪᠯᠡᠯ ᠪᠠ ᠠᠷᠠᠳ ᠤᠨ ᠪᠠᠩᠬᠢ ᠶᠢᠨ ᠡᠸ᠋ᠨᠩᠬᠢ ᠬᠤᠰᠢᠭᠤᠨ ᠳᠠᠬᠢ ᠰᠠᠯᠪᠦᠷᠢ ᠪᠠᠩᠬᠢ ᠳᠤ ᠲᠤᠬᠢᠷᠠᠭᠤᠯᠤᠨ᠎ᠠ᠃     56. ᠬᠤᠰᠢᠭᠤᠨ ᠤ ᠬᠦᠭᠵᠢᠭᠦᠯᠦᠯᠳᠠ ᠬᠢᠭᠡᠳ ᠦᠭᠡᠷᠡᠴᠢᠯᠡᠯᠳᠠ ᠶᠢᠨ ᠲᠤᠪᠴᠢᠶ᠎ᠠ ᠨᠢᠭᠡᠳᠦᠯᠳᠠᠢ ᠲᠦᠯᠦᠪᠯᠡᠨ ᠵᠤᠬᠢᠴᠠᠭᠤᠯᠬᠤ ᠪᠠᠨ ᠴᠢᠩᠭᠠᠳᠬᠠᠵᠦ᠂ ᠠᠵᠢᠯ ᠤᠨ ᠪᠠᠶᠢᠳᠠᠯ ᠢ ᠨᠢ ᠴᠠᠭ ᠲᠣᠬᠠᠢ ᠳᠤᠨᠢ ᠮᠦᠷᠳᠡᠨ ᠣᠶᠢᠯᠠᠭᠠᠵᠣ᠂ ᠬᠢᠨᠠᠨ ᠪᠠᠶᠢᠴᠠᠭᠠᠭᠰᠠᠨ ᠡᠭᠦᠷᠭᠡ ᠶᠢᠨ ᠨᠠᠶᠢᠳᠠᠪᠦᠷᠢᠵᠢᠭᠤᠯᠤᠯᠳᠠ ᠶᠢᠨ ᠪᠠᠶᠢᠳᠠᠯ ᠢᠶᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠭᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠠᠴᠠ ᠲᠤᠰ ᠭᠡᠷᠡᠭᠵᠢᠭᠦᠯᠬᠦ ᠲᠦᠰᠦᠯ ᠢ ᠲᠤᠤᠱᠯᠠᠭᠤᠯᠤᠨ ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠲᠤᠰᠬᠠᠢ ᠵᠦᠢᠯ ᠤᠨ ᠬᠢᠨᠠᠨ ᠪᠠᠶᠢᠴᠠᠭᠠᠯᠳᠠ ᠬᠢᠨ᠎ᠠ᠃ ︵ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠦᠯᠳᠠ ᠬᠢᠭᠡᠳ ᠦᠭᠡᠷᠡᠴᠢᠯᠡᠯᠳᠠ  ᠶᠢᠨ ᠲᠤᠪᠴᠢᠶ᠎ᠠ᠂ ᠠᠷᠠᠳ ᠤᠨ ᠪᠠᠩᠬᠢ ᠲᠦᠷᠦᠭᠦᠯᠡᠨ ᠬᠠᠷᠢᠭᠤᠴᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ ᠲᠤᠰ ᠲᠤᠰ ᠬᠠᠷᠢᠭᠤᠴᠠᠨ᠎ᠠ  ︶
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号