︽ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠢᠳᠡᠭᠡᠮᠵᠢ ᠶᠢᠨ ︿ᠤᠯᠠᠭᠠᠨ ᠬᠠᠷ᠎ᠠ ᠲᠠᠩᠰᠠ﹀ ᠶᠢ ᠨᠠᠶᠢᠳᠠᠯᠠᠬᠦ ᠲᠦᠷᠢᠮ︾ ᠢ ᠲᠠᠷᠤᠮᠠᠯᠯᠠᠨ ᠲᠠᠷᠬᠠᠭᠠᠬᠤ ᠲᠤᠬᠠᠢ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018-03-23
                          ᠡᠸ᠋ᠨᠩᠬᠢ ᠵᠠᠰᠠᠭ ᠠᠯᠪᠠᠨ ᠦᠰᠦᠭᠳᠤ[2018]3 ᠳ᠋ᠤᠭᠠᠷ ᠲᠤᠭᠠᠳᠤᠡᠯ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠤᠨ ᠬᠠᠷᠢᠶ᠎ᠠ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ᠄      ᠡᠳᠦᠬᠡ ︽ᠬᠤᠰᠢᠭᠤᠨ ᠤ ᠢᠳᠡᠭᠡᠮᠵᠢ ᠶᠢᠨ ︿ᠤᠯᠠᠭᠠᠨ ᠬᠠᠷ᠎ᠠ ᠲᠠᠩᠰᠠ﹀ ᠶᠢ ᠨᠠᠶᠢᠳᠠᠯᠠᠬᠦ ᠲᠦᠷᠢᠮ︾ ᠢ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠨᠢᠮᠪᠠᠢ ᠲᠤᠤᠱᠯᠠᠭᠤᠯᠤᠨ ᠭᠡᠷᠡᠭᠵᠢᠭᠦᠯᠳᠦᠭᠡᠢ᠃      ᠡᠭᠦᠨ ᠤ ᠲᠤᠯᠨ ᠮᠡᠳᠡᠭᠳᠡᠪᠠ                                                                                                                            2018 ᠤᠨ ᠤ 1 ᠰᠠᠷ᠎ᠠ ᠶᠢᠨ 9 ᠤ ᠡᠳᠦᠷ        ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠢᠳᠡᠭᠡᠮᠵᠢ ᠶᠢᠨ       ︽   ᠤᠯᠠᠭᠠᠨ   ᠬᠠᠷ᠎ᠠ    ᠲᠠᠩᠰᠠ    ︾     ᠶᠢ     ᠨᠠᠶᠢᠳᠠᠯᠠᠬᠦ    ᠲᠦᠷᠢᠮ          ︽ᠬᠦᠯᠦᠨ ᠪᠤᠶᠢᠷ ᠬᠤᠳᠠ ᠶᠢᠨ ᠢᠳᠡᠭᠡᠮᠵᠢ ᠶᠢᠨ ︿ᠤᠯᠠᠭᠠᠨ ᠬᠠᠷ᠎ᠠ ᠲᠠᠩᠰᠠ﹀ ᠶᠢ ᠨᠠᠶᠢᠳᠠᠯᠠᠬᠦ ᠲᠦᠷᠢᠮ︾ ︵ᠬᠦᠯᠦᠨ ᠵᠠᠰᠠᠭ ᠠᠯᠪᠠᠨ ᠦᠰᠦᠭᠳᠤ[2017]147 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠤᠭᠤᠯᠤᠨ ᠲᠤᠰ ᠲᠦᠷᠢᠮ ᠢ ᠲᠤᠭᠳᠠᠭᠠᠪᠠ᠃      ᠨᠢᠭᠡ᠂ ᠨᠠᠶᠢᠳᠠᠯᠠᠬᠦ ᠵᠤᠷᠢᠯᠭ᠎ᠠ᠂ ᠦᠨᠳᠦᠰᠦᠨ ᠵᠠᠷᠴᠢᠮ     ︵ᠨᠢᠭᠡ︶ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠪᠠ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠶᠢᠭᠡᠮ ᠤᠨ ᠢᠳᠡᠭᠡᠮᠵᠢ ᠶᠢᠨ ᠪᠠᠶᠢᠭᠤᠯᠤᠯᠤᠳᠠ ᠶᠢ ᠲᠦᠷᠭᠡᠳᠭᠡᠨ ᠲᠦᠯᠬᠢᠨ ᠠᠬᠢᠭᠤᠯᠵᠦ᠂ ᠢᠳᠡᠭᠡᠮᠵᠢ ᠪᠠᠷ ᠭᠤᠤᠯ ᠪᠤᠯᠭᠠᠭᠰᠠᠨ ᠰᠢᠨ᠎ᠠ ᠮᠠᠶ᠋ᠢᠭ  ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠯ ᠢ ᠪᠠᠶᠢᠭᠤᠯᠵᠦ᠂ ᠢᠳᠡᠭᠡᠯ ᠲᠠᠢ ᠶᠠᠪᠤᠭᠰᠠᠳ ᠢ ᠶᠠᠪᠤᠳᠠᠯ ᠪᠦᠬᠦᠨ ᠳᠤᠨᠢ ᠲᠦᠬᠦᠮ ᠦᠵᠡᠭᠦᠯᠬᠦ᠂ ᠢᠳᠡᠭᠡᠯ ᠠᠯᠳᠠᠭᠰᠠᠳ ᠢ ᠭᠠᠵᠠᠷ ᠪᠤᠯᠭᠠᠨ ᠳᠤ ᠬᠢᠵᠠᠭᠠᠷᠯᠠᠬᠤ ᠪᠤᠯᠭᠠᠵᠦ᠂ ᠦᠨᠡᠨᠴᠢ ᠢᠳᠡᠭᠡᠮᠵᠢ ᠲᠠᠢ ᠪᠠᠶᠢᠬᠤ ᠶᠢ ᠪᠦᠬᠦ ᠨᠠᠶᠢᠭᠡᠮ ᠤᠨ ᠤᠯᠠᠨ ᠨᠠᠶᠢᠳᠠ ᠶᠢᠨ ᠦᠷᠳᠡᠭ ᠤᠨ ᠬᠦᠬᠡᠭᠡᠴᠡᠯᠳᠤᠯ ᠪᠠ ᠦᠢᠯᠨ ᠠᠵᠢᠯᠯᠠᠭ᠎ᠠ ᠶᠢᠨ ᠪᠠᠷᠢᠮᠵᠢᠶ᠎ᠠ ᠪᠤᠯᠭᠠᠨ᠎ᠠ᠃     ︵ᠬᠤᠶᠠᠷ︶ ᠦᠨᠳᠦᠰᠦᠨ ᠵᠠᠷᠴᠢᠮ᠄ ᠵᠠᠰᠠᠭ ᠤᠨ ᠤᠷᠳᠤᠨ ᠢᠶᠠᠷ ᠭᠤᠤᠯᠯᠠᠭᠤᠯᠵᠦ᠂ ᠨᠠᠶᠢᠭᠡᠮ ᠠᠴᠠ ᠬᠠᠮᠳᠤᠪᠠᠷ ᠵᠠᠰᠠᠬᠤ︔ ᠬᠠᠤᠯᠢ ᠲᠤᠭᠳᠠᠭᠠᠯ ᠶᠤᠰᠤᠭᠠᠷ ᠬᠢᠨᠠᠮᠠᠭᠠᠢ ᠪᠣᠯᠭᠤᠮᠵᠢᠲᠠᠢ ᠪᠠᠷ ᠮᠠᠭᠠᠳᠯᠠᠨ ᠲᠤᠭᠳᠠᠭᠠᠬᠤ︔ ᠲᠦᠷᠦᠯ ᠲᠠᠰ ᠬᠤᠪᠢᠶᠠᠵᠦ᠂ ᠢᠯᠭᠠᠭ᠎ᠠ ᠲᠠᠢ ᠬᠠᠮᠢᠶᠠᠷᠬᠤ︔ ᠡᠷᠭᠡ ᠠᠰᠢᠭ ᠢ ᠬᠠᠮᠠᠭᠠᠯᠠᠵᠦ᠂ ᠢᠳᠡᠭᠡᠮᠵᠢ ᠪᠠᠨ ᠰᠠᠷᠬᠦᠭᠡᠬᠦ ᠶᠢ ᠵᠤᠷᠢᠭᠵᠢᠭᠤᠯᠬᠤ᠃      ᠬᠤᠶᠠᠷ᠂ ᠦᠨᠳᠦᠰᠦᠨ ᠱᠠᠭᠠᠷᠳᠠᠯᠭ᠎ᠠ     ︵ᠭᠤᠷᠪᠠ︶ ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠬᠢ ᠨᠢ ᠬᠠᠤᠯᠢ ᠶᠤᠰᠤᠨ ᠤ᠂ ᠠᠮᠤᠷ ᠲᠦᠪᠰᠢᠨ᠂ ᠪᠤᠰᠤᠤᠨᠴᠢ᠂ ᠭᠤᠤᠯᠴᠢ᠂ ᠴᠠᠭ ᠲᠤᠬᠠᠢ ᠳᠤᠨᠢ᠂ ᠵᠦᠪ ᠤᠨᠤᠪᠴᠢᠳᠠᠢ᠂ ᠪᠦᠷᠢᠨ ᠲᠡᠭᠦᠯᠳᠡᠷ᠂ ᠲᠤᠬᠠᠢ ᠶᠢᠨ ᠴᠠᠭ ᠲᠤᠨᠢ ᠰᠢᠨᠡᠳᠭᠡᠬᠦ᠂ ᠤᠯᠤᠰ ᠤᠨ ᠠᠰᠢᠭ ᠲᠤᠰᠠ᠂ ᠨᠠᠶᠢᠭᠡᠮ ᠤᠨ ᠤᠯᠠᠨ ᠨᠠᠶᠢᠳᠠ ᠶᠢᠨ ᠠᠰᠢᠭ ᠲᠤᠰᠠ ᠪᠠ ᠮᠡᠳᠡᠭᠡ ᠵᠠᠩᠬᠢ ᠶᠢᠨ ᠭᠤᠤᠯ ᠴᠤᠭᠴᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠵᠣ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠶᠢ ᠵᠠᠳᠠᠷᠠᠭᠤᠯᠬᠤ ᠪᠤᠯᠬᠤ ᠦᠭᠡᠢ᠃      ︵ᠲᠦᠷᠪᠡ︶ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶᠠᠨ ᠦᠷᠳᠡᠭᠡ ᠶᠢᠨ ︽ᠢᠳᠡᠭᠡᠮᠵᠢ ᠶᠢᠨ ᠮᠡᠳᠡᠭᠡ ᠵᠠᠩᠬᠢ ᠶᠢ ᠢᠯᠨ ᠪᠤᠯᠭᠠᠬᠤ  ︾ ᠲᠤᠰᠬᠠᠢ ᠪᠤᠯᠤᠩ ᠪᠤᠯ ᠪᠦᠬᠦ ᠬᠤᠰᠢᠭᠤᠨ ᠤ ᠤᠯᠠᠨ ᠨᠠᠶᠢᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠬᠦ ᠪᠠ ᠨᠠᠶᠢᠳᠠᠯᠠᠬᠦ ᠨᠢᠭᠡᠳᠦᠯᠳᠠᠢ ᠲᠠᠪᠴᠠᠩ ᠪᠤᠯᠤᠨ᠎ᠠ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠭᠡᠴᠠ ᠤᠳ ᠲᠤᠰ ᠰᠠᠯᠠᠭ᠎ᠠ ᠮᠦᠴᠢᠷ ︵ᠨᠢᠭᠡᠴᠠ︶ ᠤᠨ ᠢᠶᠠᠨ ᠢᠳᠡᠭᠡᠮᠵᠢ ᠶᠢᠨ ᠮᠡᠳᠡᠭᠡ ᠵᠠᠩᠬᠢ ᠶᠢ ᠨᠠᠶᠢᠳᠠᠯᠠᠬᠦ ᠠᠷᠭ᠎ᠠ ᠪᠠᠷᠢᠯ ᠢ ᠲᠦᠷᠭᠡᠳᠭᠡᠨ ᠲᠡᠭᠦᠯᠳᠡᠷᠵᠢᠭᠦᠯᠵᠦ᠂ ᠤᠯᠠᠨ ᠨᠠᠶᠢᠳᠠ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠨᠢᠭᠡᠳᠦᠯᠳᠠᠢ ᠬᠤᠷᠢᠶᠠᠩᠭᠤᠶᠢᠯᠠᠨ ᠡᠮᠬᠢᠯᠡᠬᠦ ᠪᠠ ᠬᠠᠷᠢᠯᠴᠠᠨ ᠨᠠᠪᠳᠠᠷᠠᠯᠴᠠᠨ ᠬᠠᠮᠳᠤᠪᠠᠷ ᠡᠳ᠋ᠯᠡᠬᠦ ᠶᠢ ᠪᠠᠶᠠᠯᠡᠭᠦᠯᠬᠦ ᠪᠤᠯᠤᠨ᠎ᠠ᠃      ᠭᠤᠷᠪᠠ᠂ ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠢ ᠲᠤᠭᠳᠠᠭᠠᠬᠤ     ︵ᠲᠠᠪᠤ︶ ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠪᠤᠯ ᠢᠳᠡᠭᠡᠮᠵᠢ ᠶᠢᠨ ︽ᠤᠯᠠᠭᠠᠨ ᠲᠠᠩᠰᠠ︾  ᠪᠠ ᠢᠳᠡᠭᠡᠮᠵᠢ ᠶᠢᠨ ︽ ᠬᠠᠷ᠎ᠠ ᠲᠠᠩᠰᠠ︾ ᠶᠢᠨ ᠶᠠᠷᠦᠩᠭᠡᠢ ᠨᠠᠷᠡᠶᠢᠳᠤᠯ ᠪᠤᠯᠤᠨ᠎ᠠ᠃     1. ᠢᠳᠡᠭᠡᠮᠵᠢ ᠶᠢᠨ ︽ᠤᠯᠠᠭᠠᠨ ᠲᠠᠩᠰᠠ︾ ᠭᠡᠳᠡᠭ ᠨᠢ᠄ ᠦᠨᠡᠨᠴᠢ ᠢᠳᠡᠭᠡᠮᠵᠢ ᠲᠠᠢ ᠦᠢᠯᠨ ᠠᠵᠢᠯᠯᠠᠭ᠎ᠠ  ᠨᠢ ᠵᠠᠰᠠᠭ ᠵᠠᠬᠢᠷᠭᠠᠨ᠂ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ  ᠤᠯᠭᠤᠭᠰᠠᠨ ᠤᠯᠠᠨ ᠨᠠᠶᠢᠳᠠ ᠶᠢᠨ ᠭᠡᠷᠡᠭ ᠶᠠᠪᠤᠳᠠᠯ ᠢ ᠬᠠᠮᠢᠶᠠᠷᠬᠤ ᠡᠷᠭᠡ ᠴᠢᠳᠠᠪᠦᠷᠢ ᠲᠠᠢ ᠵᠤᠬᠢᠶᠠᠨ ᠪᠠᠶᠢᠭᠤᠯᠤᠯᠳᠠ ᠶᠢᠨ ᠰᠠᠶᠢᠰᠢᠶᠠᠯ ᠬᠦᠬᠢᠬᠦᠯᠦᠯ ᠪᠠ ᠲᠡᠮᠵᠢᠯᠭᠡ ᠶᠢ ᠤᠯᠤᠭᠰᠠᠨ ᠢᠳᠡᠭᠡᠮᠵᠢ ᠶᠢᠨ ᠭᠤᠤᠯ ᠴᠤᠭᠴᠠ ︵ᠠᠷᠠᠳ ᠢᠷᠭᠡᠳ᠂ ᠬᠠᠤᠯᠢ ᠶᠢᠨ ᠡᠷᠭᠡᠳᠠᠨ ᠪᠤᠶᠦ ᠪᠤᠰᠤᠤᠨ ᠵᠤᠬᠢᠶᠠᠨ ᠪᠠᠶᠢᠭᠤᠯᠤᠯᠳᠠ︶ ᠶᠢᠨ ᠨᠠᠷ᠎ᠠ ᠶᠢᠨ ᠲᠠᠩᠰᠠ ᠵᠢᠴᠢ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠪᠤᠶᠦ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠨᠠᠶᠢᠳᠠᠵᠦ ᠪᠠᠶᠢᠭᠠᠳ ᠲᠡᠮᠳᠡᠭᠯᠡᠬᠦᠯᠦᠨ ᠲᠠᠩᠰᠠᠯᠠᠭᠤᠯᠤᠭᠰᠠᠨ ᠠᠵᠢᠯ ᠲᠦᠷᠦᠯ ᠤᠨ ᠨᠠᠶᠢᠭᠡᠮᠯᠢᠭ ᠵᠠᠷᠭᠡ ᠠᠰᠢᠭ ᠬᠤᠨᠵᠢᠪᠦᠷᠢ ᠶᠢᠨ ᠪᠤᠰᠤ ᠵᠤᠬᠢᠶᠠᠨ ᠪᠠᠶᠢᠭᠤᠯᠤᠯᠳᠠ ᠶᠢᠨ ᠰᠠᠶᠢᠰᠢᠶᠠᠯ ᠬᠦᠬᠢᠭᠦᠯᠦᠯ ᠪᠠ ᠲᠡᠮᠵᠢᠯᠭᠡ ᠶᠢ ᠤᠯᠤᠭᠰᠠᠨ ᠪᠦᠭᠡᠳ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠵᠦ ᠮᠠᠭᠠᠳᠯᠠᠨ ᠲᠤᠭᠳᠠᠭᠠᠭᠰᠠᠨ ᠢᠳᠡᠭᠡᠮᠵᠢ ᠶᠢᠨ ᠭᠤᠤᠯ ᠴᠤᠭᠴᠠ ︵ᠠᠷᠠᠳ ᠢᠷᠭᠡᠳ᠂ ᠬᠠᠤᠯᠢ ᠶᠢᠨ ᠡᠷᠭᠡᠳᠠᠨ ᠪᠤᠶᠦ ᠪᠤᠰᠤᠤᠨ ᠵᠤᠬᠢᠶᠠᠨ ᠪᠠᠶᠢᠭᠤᠯᠤᠯᠳᠠ︶ ᠶᠢᠨ ᠨᠠᠷ᠎ᠠ ᠶᠢᠨ ᠲᠠᠩᠰᠠ ᠶᠢ ᠵᠢᠭᠠᠨ᠎ᠠ᠃     2. ᠢᠳᠡᠭᠡᠮᠵᠢ ᠶᠢᠨ ︽ᠬᠠᠷ᠎ᠠ ᠲᠠᠩᠰᠠ︾ ᠭᠡᠳᠡᠭ ᠨᠢ᠄ ᠤᠯᠤᠰ ᠤᠨ ᠬᠠᠤᠯᠢ ᠴᠠᠭᠠᠵᠠ᠂ ᠬᠠᠤᠯᠢ ᠲᠤᠭᠳᠠᠭᠠᠯ  ᠢ ᠵᠦᠷᠢᠴᠡᠭᠰᠡᠨ ᠦᠢᠯᠨ ᠠᠵᠢᠯᠯᠠᠭ᠎ᠠ ᠲᠠᠢ ᠪᠦᠭᠡᠳ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠬᠠᠤᠯᠢ ᠴᠭᠠᠵᠠ ᠶᠢᠨ ᠪᠠᠶᠢᠭᠤᠯᠤᠯᠭ᠎ᠠ ᠪᠠ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠠᠶᠢᠳᠠ ᠶᠢᠨ ᠭᠡᠷᠡᠭ ᠶᠠᠪᠤᠳᠠᠯ ᠢ ᠬᠠᠮᠢᠶᠠᠷᠬᠤ ᠡᠷᠭᠡ ᠴᠢᠳᠠᠪᠦᠷᠢ ᠲᠠᠢ ᠵᠤᠬᠢᠶᠠᠨ ᠪᠠᠶᠢᠭᠤᠯᠤᠯᠳᠠ ᠠᠴᠠ ᠬᠦᠨᠳᠦ ᠨᠤᠴᠢᠳᠠᠢ ᠢᠳᠡᠭᠡᠯ ᠠᠯᠳᠠᠭᠰᠠᠨ ᠢᠶᠠᠷ ᠮᠠᠭᠠᠳᠯᠠᠨ ᠲᠤᠭᠳᠠᠭᠠᠭᠰᠠᠨ ᠢᠳᠡᠭᠡᠮᠵᠢ ᠶᠢᠨ ᠭᠤᠤᠯ ᠴᠤᠭᠴᠠ ︵ᠠᠷᠠᠳ ᠢᠷᠭᠡᠳ᠂ ᠬᠠᠤᠯᠢ ᠶᠢᠨ ᠡᠷᠭᠡᠳᠠᠨ ᠪᠤᠶᠦ ᠪᠤᠰᠤᠤᠨ ᠵᠤᠬᠢᠶᠠᠨ ᠪᠠᠶᠢᠭᠤᠯᠤᠯᠳᠠ︶ ᠶᠢᠨ ᠨᠠᠷ᠎ᠠ ᠶᠢᠨ ᠲᠠᠩᠰᠠ ᠶᠢ ᠵᠢᠭᠠᠨ᠎ᠠ᠃     ᠲᠦᠷᠪᠡ᠂ ᠢᠳᠡᠭᠡᠮᠵᠢ ᠶᠢᠨ ︽ ᠤᠯᠠᠭᠠᠨ ᠬᠠᠷ᠎ᠠ ᠨᠠᠷ᠎ᠠ ᠶᠢᠨ ᠲᠠᠩᠰᠠ︾ ᠶᠢ ᠮᠠᠭᠠᠳᠯᠠᠨ ᠲᠤᠭᠳᠠᠭᠠᠬᠤ     ︵ᠵᠢᠷᠭᠤᠭ᠎ᠠ︶ ᠮᠠᠭᠠᠳᠯᠠᠨ ᠲᠤᠭᠳᠠᠭᠠᠬᠤ ᠪᠠᠷᠢᠮᠵᠢᠶ᠎ᠠ    1. ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠭᠡᠴᠠ ᠤᠳ ᠠᠵᠢᠯ ᠲᠦᠷᠦᠯ ᠤᠨ ᠬᠠᠤᠯᠢ ᠴᠠᠭᠠᠵᠠ ᠬᠠᠤᠯᠢ ᠲᠤᠭᠳᠠᠭᠠᠯ ᠢᠶᠠᠷ ᠡᠰᠡ ᠪᠠᠷᠢᠮᠳᠠ ᠪᠤᠯᠭᠠᠵᠦ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠂ ᠨᠠᠶᠢᠭᠡᠮ ᠤᠨ ᠵᠠᠰᠠᠯᠳᠠ ᠪᠠ ᠤᠯᠠᠨ ᠨᠠᠶᠢᠳᠠ ᠶᠢᠨ ᠦᠢᠯᠡᠴᠢᠯᠡᠭᠡᠨ ᠵᠠᠷᠭᠡ ᠡᠭᠦᠷᠭᠡ ᠴᠢᠳᠠᠪᠬᠢ ᠶᠢᠨ ᠢᠶᠠᠨ ᠶᠤᠰᠤᠭᠠᠷ ᠂ ᠬᠠᠷᠢᠶᠠᠳᠣ ᠠᠵᠢᠯ ᠲᠦᠷᠦᠯ ᠤᠨ ᠢᠶᠠᠨ ᠢᠳᠡᠭᠡᠮᠵᠢ ᠶᠢᠨ ︽ᠤᠯᠠᠭᠠᠨ ᠲᠠᠩᠰᠠ︾ ᠪᠠ ᠢᠳᠡᠭᠡᠮᠵᠢ ᠦᠭᠡᠢ ᠶᠢᠨ ︽ᠬᠠᠷ᠎ᠠ ᠲᠠᠩᠰᠠ︾ ᠶᠢ ᠲᠤᠭᠳᠠᠭᠠᠬᠤ ᠪᠠᠷᠢᠮᠵᠢᠶ᠎ᠠ ᠶᠢ ᠰᠤᠳᠤᠯᠤᠨ ᠲᠤᠭᠳᠠᠭᠠᠨ᠎ᠠ᠃    2.  ᠮᠠᠭᠠᠳᠯᠠᠨ ᠲᠤᠭᠳᠠᠭᠠᠬᠤ ᠪᠠᠷᠢᠮᠵᠢᠶ᠎ᠠ ᠶᠢ ᠲᠤᠭᠳᠠᠭᠠᠬᠤ ᠶᠠᠪᠤᠴᠠ ᠳᠤ᠂ ᠨᠠᠶᠢᠭᠡᠮ ᠤᠨ ᠤᠯᠠᠨ ᠲᠦᠮᠡᠨ ᠤ ᠰᠠᠨᠠᠯ ᠢ ᠦᠷᠭᠡᠨ ᠢᠶᠠᠷ ᠬᠤᠷᠢᠶᠠᠵᠣ᠂ ᠭᠡᠷᠡᠭᠵᠢᠭᠦᠯᠬᠦ ᠶᠠᠪᠤᠴᠠ ᠳᠠᠭᠠᠨ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠳᠤ ᠨᠠᠶᠢᠳᠠᠵᠦ ᠪᠠᠶᠢᠭᠠᠳ ᠬᠢᠨᠠᠨ ᠬᠠᠮᠢᠶᠠᠷᠬᠤ ᠬᠦᠷᠢᠶ᠎ᠠ ︵ᠠᠵᠢᠯ ᠲᠦᠷᠦᠯ︶ ᠶᠢᠨ ᠢᠶᠠᠨ ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠪᠠᠷ ᠬᠦᠢᠴᠡᠳᠭᠡᠭᠰᠡᠨ ᠦᠷ᠎ᠠ ᠳ᠋ᠦᠩ ᠳᠤ ᠦᠨᠡᠯᠠᠯᠳᠠ ᠬᠢᠵᠦ᠂ ᠮᠠᠭᠠᠳᠯᠠᠨ ᠲᠤᠭᠳᠠᠭᠠᠬᠤ ᠪᠠᠷᠢᠮᠵᠢᠶ᠎ᠠ ᠪᠠᠨ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠮᠠᠭᠠᠳᠯᠠᠨ ᠲᠤᠭᠳᠠᠭᠠᠬᠤ ᠪᠠᠷᠢᠮᠵᠢᠶ᠎ᠠ ᠶᠢᠨ ᠭᠠᠷᠴᠠᠭ ᠭᠠᠷᠡᠭᠠᠬᠤ ᠭᠡᠷᠡᠭᠳᠡᠢ᠃ ᠭᠤᠷᠪᠠᠳᠡᠬᠢ ᠲᠠᠯ᠎ᠠ ᠶᠢᠨ ᠢᠳᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠡᠷᠭᠡ ᠤᠯᠭᠤᠪᠠᠯ ᠮᠠᠭᠠᠳᠯᠠᠨ ᠲᠤᠭᠳᠠᠭᠠᠬᠤ ᠠᠵᠢᠯ ᠢ ᠡᠭᠦᠷᠭᠡᠯᠡᠵᠦ ᠪᠤᠯᠤᠨ᠎ᠠ᠃    3. ᠤᠯᠤᠰ᠂ ᠦᠪᠠᠷᠳᠡᠭᠡᠨ ᠵᠠᠰᠠᠬᠤ ᠤᠷᠤᠨ ᠪᠠ ᠬᠤᠳᠠ ᠶᠢᠨ ᠱᠠᠳᠤᠨ ᠤ ᠲᠤᠰ ᠬᠦᠷᠢᠶᠠᠨ ᠤ ︵ᠠᠵᠢᠯ ᠲᠦᠷᠦᠯ︶ ᠨᠢᠭᠡᠳᠦᠯᠳᠠᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠭᠠᠷᠤᠭᠰᠠᠨ ᠤ ᠲᠠᠷᠠᠭ᠎ᠠ᠂ ᠤᠯᠤᠰ᠂ ᠦᠪᠠᠷᠳᠡᠭᠡᠨ ᠵᠠᠰᠠᠬᠤ ᠤᠷᠤᠨ ᠪᠠ ᠬᠤᠳᠠ ᠶᠢᠨ ᠱᠠᠳᠤᠨ ᠤ ᠨᠢᠭᠡᠳᠦᠯᠳᠠᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠪᠠᠷ ᠪᠠᠷᠢᠮᠵᠢᠶ᠎ᠠ ᠪᠤᠯᠭᠠᠨ᠎ᠠ᠃     ︵ᠲᠤᠯᠤᠭ᠎ᠠ︶ ᠮᠠᠭᠠᠳᠯᠠᠨ ᠲᠤᠭᠳᠠᠭᠠᠬᠤ ᠡᠰᠢ ᠪᠠᠷᠢᠮᠳᠠ     ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠢ ᠮᠠᠭᠠᠳᠯᠠᠨ ᠲᠤᠭᠳᠠᠭᠠᠬᠤ ᠡᠰᠢ ᠪᠠᠷᠢᠮᠳᠠ ᠳᠤ ᠭᠤᠤᠯᠳᠠᠭᠤ ᠲᠠᠪᠤᠨ ᠵᠦᠢᠯ ᠤᠨ ᠮᠡᠳᠡᠭᠡ ᠵᠠᠩᠬᠢ ᠪᠠᠭᠳᠠᠨ᠎ᠠ᠄     1. ᠤᠯᠠᠨ ᠨᠠᠶᠢᠳᠠ ᠶᠢᠨ ᠬᠠᠮᠢᠶᠠᠷᠤᠯᠳᠠ ᠪᠠ ᠦᠢᠯᠡᠴᠢᠯᠡᠬᠦ ᠶᠠᠪᠤᠴᠠ ᠳᠤ ᠢᠳᠡᠭᠡᠮᠵᠢ ᠶᠢᠨ ᠭᠤᠤᠯ ᠴᠤᠭᠴᠠ  ᠶᠢᠨ ᠦᠨᠳᠦᠰᠦᠨ ᠪᠠᠶᠢᠳᠠᠯ ᠢ ᠲᠤᠰᠬᠠᠨ ᠲᠡᠮᠳᠡᠭᠯᠡᠭᠰᠡᠨ ᠮᠡᠳᠡᠭᠡ ᠵᠠᠩᠬᠢ︔     2. ᠡᠷᠡᠭᠦᠦ ᠶᠢᠨ ᠭᠡᠷᠡᠭ ᠤᠨ ᠰᠢᠢᠳᠭᠡᠯᠳᠠ᠂ ᠵᠠᠰᠠᠭ ᠵᠠᠬᠢᠷᠭᠠᠨ ᠤ ᠵᠦᠪᠰᠢᠶᠠᠷᠠᠯᠳᠠ᠂ ᠵᠠᠰᠠᠭ ᠵᠠᠬᠢᠷᠭᠠᠨ ᠤ ᠰᠢᠢᠳᠭᠡᠯᠳᠠ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠨᠤᠳᠠᠯᠠᠯᠳᠠ᠂ ᠵᠠᠰᠠᠭ ᠵᠠᠬᠢᠷᠭᠠᠨ ᠤ ᠪᠠᠶᠢᠴᠠᠭᠠᠯᠳᠠ᠂ ᠵᠠᠰᠠᠭ ᠵᠠᠬᠢᠷᠭᠠᠨ ᠤ ᠲᠠᠳᠠᠪᠦᠷᠢᠯᠠᠯᠳᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠠᠴᠠ ᠤᠯᠭᠤᠬᠤ ᠵᠠᠷᠭᠡ ᠵᠠᠰᠠᠭ ᠵᠠᠬᠢᠷᠭᠠᠨ ᠤ ᠦᠢᠯᠨ ᠠᠵᠢᠯᠯᠠᠭ᠎ᠠ ᠲᠤᠮᠳᠠ ᠢᠳᠡᠭᠡᠮᠵᠢ ᠶᠢᠨ ᠭᠤᠤᠯ ᠴᠤᠭᠴᠠ ᠶᠢᠨ ᠢᠳᠡᠭᠡᠮᠵᠢ ᠶᠢᠨ ᠪᠠᠶᠢᠳᠠᠯ ᠢ ᠲᠤᠰᠬᠠᠭᠰᠠᠨ ᠮᠡᠳᠡᠭᠡ ᠵᠠᠩᠬᠢ︔     3. ᠬᠦᠴᠦᠨ ᠲᠠᠢ ᠪᠤᠯᠤᠭᠰᠠᠨ ᠬᠠᠤᠯᠢ ᠴᠠᠭᠠᠵᠠ ᠶᠢᠨ ᠰᠢᠬᠦᠨ ᠲᠠᠰᠤᠯᠤᠯᠳᠠ ᠶᠢ ᠡᠰᠡ ᠬᠡᠷᠡᠭᠵᠢᠬᠦᠯᠦᠭᠰᠡᠨ ᠵᠠᠷᠭᠡ ᠮᠡᠳᠡᠭᠡ ᠵᠠᠩᠬᠢ︔     4. ᠵᠠᠰᠠᠭ ᠵᠠᠬᠢᠷᠭᠠᠨ ᠤ ᠪᠠᠶᠢᠭᠤᠯᠤᠯᠭ᠎ᠠ᠂ ᠤᠯᠠᠨ ᠲᠦᠮᠡᠨ ᠤ ᠪᠦᠯᠬᠦᠮ ᠵᠤᠬᠢᠶᠠᠨ ᠪᠠᠶᠢᠭᠤᠯᠤᠯᠳᠠ᠂ ᠨᠠᠶᠢᠭᠡᠮ  ᠤᠨ ᠵᠤᠬᠢᠶᠠᠨ ᠪᠠᠶᠢᠭᠤᠯᠤᠯᠳᠠ᠂ ᠠᠵᠢᠯ ᠲᠦᠷᠦᠯ ᠤᠨ ᠨᠠᠶᠢᠭᠡᠮᠯᠢᠭ ᠬᠤᠳᠠᠯᠳᠤᠭᠠᠨ ᠤ ᠡᠪᠯᠠᠯ ᠤᠨ ᠡᠭᠦᠷᠭᠡ ᠬᠠᠷᠢᠭᠤᠴᠠᠯᠭ᠎ᠠ ᠪᠠᠨ ᠭᠡᠷᠡᠭᠵᠢᠭᠦᠯᠬᠦ ᠶᠠᠪᠤᠴᠠ ᠳᠤ ᠡᠭᠦᠰᠦᠭᠰᠡᠨ ᠪᠤᠶᠦ ᠡᠵᠡᠮᠰᠢᠭᠰᠡᠨ ᠢᠳᠡᠭᠡᠮᠵᠢ ᠶᠢᠨ ᠭᠤᠤᠯ ᠴᠤᠭᠴᠠ ᠪᠠᠷ ᠰᠠᠶᠢᠰᠢᠶᠠᠨ ᠬᠦᠬᠢᠬᠦᠯᠦᠭᠳᠡᠭᠰᠡᠨ ᠵᠢᠴᠢ ᠨᠠᠶᠢᠳᠠ ᠶᠢᠨ ᠠᠰᠠᠷᠠᠮᠵᠢ ᠶᠢᠨ ᠨᠢᠬᠦᠯᠡᠰᠦᠩᠬᠦᠢ ᠶᠢᠨ ᠶᠠᠪᠤᠳᠠᠯ  ᠳᠤ ᠤᠷᠤᠯᠴᠠᠭᠰᠠᠨ᠂ ᠰᠠᠶᠢᠨ ᠲᠤᠷ᠎ᠠ ᠶᠢᠨ ᠦᠢᠯᠡᠴᠢᠯᠡᠭᠡ ᠬᠢᠭᠰᠡᠨ ᠵᠠᠷᠭᠡ ᠮᠡᠳᠡᠭᠡ ᠵᠠᠩᠬᠢ︔     5. ᠢᠳᠡᠭᠡᠮᠵᠢ ᠶᠢᠨ ︽ᠤᠯᠠᠭᠠᠨ ᠬᠠᠷ᠎ᠠ ᠲᠠᠩᠰᠠ︾ ᠢ ᠮᠠᠭᠠᠳᠯᠠᠨ ᠲᠤᠭᠳᠠᠭᠠᠬᠤ ᠡᠰᠢ ᠪᠠᠷᠢᠮᠳᠠ ᠪᠤᠯᠬᠤ ᠪᠤᠰᠤᠤᠨ ᠮᠡᠳᠡᠭᠡ ᠵᠠᠩᠬᠢ᠃     ︵ᠨᠠᠢᠮᠨ︶ ᠮᠠᠭᠠᠳᠯᠠᠨ ᠲᠤᠭᠳᠠᠭᠠᠬᠤ ᠲᠠᠰ ᠲᠠᠷᠠᠭ᠎ᠠ    1. ᠢᠳᠡᠭᠡᠮᠵᠢ ᠦᠭᠡᠢ ᠶᠢ ᠵᠠᠯᠬᠠᠭᠠᠨ ᠴᠡᠭᠡᠷᠯᠡᠭᠦᠯᠬᠦ ᠭᠤᠤᠯ ᠴᠤᠭᠴᠠ ᠶᠢ ᠮᠠᠭᠠᠳᠯᠠᠨ ᠲᠤᠭᠳᠠᠭᠠᠬᠤ ᠲᠠᠰ ᠲᠠᠷᠠᠭ᠎ᠠ᠄ ᠮᠠᠭᠠᠳᠯᠠᠨ ᠲᠤᠭᠳᠠᠭᠠᠬᠤ ᠰᠠᠯᠠᠭ᠎ᠠ ᠮᠦᠴᠢᠷ ︵ᠨᠢᠭᠡᠴᠠ︶ ᠨᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠪᠠᠷ ᠡᠰᠢ ᠪᠠᠷᠢᠮᠳᠠ ᠪᠤᠯᠭᠠᠵᠦ᠂ ᠢᠳᠡᠭᠡᠮᠵᠢ ᠦᠭᠡᠢ ᠶᠢ ᠬᠠᠮᠳᠤᠷᠠᠨ ᠵᠠᠯᠬᠠᠭᠠᠨ ᠴᠡᠭᠡᠷᠯᠡᠭᠦᠯᠬᠦ ᠭᠤᠤᠯ ᠴᠤᠭᠴᠠ ᠶᠢᠨ ᠠᠩᠬᠠᠨ ᠤ ᠨᠠᠷ᠎ᠠ ᠶᠢᠨ ᠲᠠᠩᠰᠠ ᠶᠢ ᠪᠠᠶᠢᠭᠤᠯᠵᠦ᠂ ᠭᠡᠷᠡᠭᠴᠡᠭᠡ ᠪᠠᠨ ᠦᠨᠳᠦᠰᠦᠯᠡᠨ ᠭᠤᠤᠯ ᠴᠤᠭᠴᠠ ᠳᠤ ᠮᠡᠳᠡᠭᠳᠡᠬᠦ ᠪᠤᠶᠦ ᠢᠯᠨ ᠪᠠᠷ ᠨᠠᠶᠢᠳᠠᠯᠠᠬᠦ ᠲᠠᠰ ᠲᠠᠷᠠᠭ᠎ᠠ ᠶᠢ ᠬᠦᠢᠴᠡᠳᠭᠡᠵᠦ᠂ ᠢᠳᠡᠭᠡᠮᠵᠢ ᠦᠭᠡᠢ ᠠᠴᠠ ᠪᠣᠯᠵᠣ ᠬᠠᠮᠳᠤᠷᠠᠨ ᠵᠠᠯᠬᠠᠭᠠᠨ ᠴᠡᠭᠡᠷᠯᠡᠭᠦᠯᠬᠦ ᠪᠠᠷ ᠲᠤᠭᠳᠠᠭᠠᠭᠳᠠᠭᠰᠠᠨ ᠡᠷᠭᠡᠳᠤ ᠬᠦᠮᠦᠨ ᠳᠤ ᠢᠯᠨ ᠪᠠᠷ ᠨᠠᠶᠢᠳᠠᠯᠠᠬᠦ ᠠᠴᠠ ᠡᠮᠦᠨ᠎ᠠ ᠤᠷᠢᠳᠠᠪᠠᠷ ᠮᠡᠳᠡᠭᠳᠡᠬᠦ ᠭᠡᠷᠡᠭᠳᠡᠢ᠃ ᠬᠠᠤᠯᠢ ᠴᠠᠭᠠᠵᠠ ᠬᠠᠤᠯᠢ ᠲᠤᠭᠳᠠᠭᠠᠯ ᠳᠤ ᠨᠢᠭᠡᠨᠳᠠ ᠲᠤᠳᠤᠷᠬᠠᠶᠢᠯᠠᠭᠰᠠᠨ ᠪᠤᠯ ᠲᠠᠷᠠᠬᠦ ᠲᠤᠭᠳᠠᠭᠠᠯ ᠶᠤᠰᠤᠭᠠᠷ ᠶᠠᠪᠤᠭᠤᠯᠬᠤ ᠭᠡᠷᠡᠭᠳᠡᠢ᠃     2. ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠭᠤᠤᠯ ᠴᠤᠭᠴᠠ ᠶᠢ ᠮᠠᠭᠠᠳᠯᠠᠨ ᠲᠤᠭᠳᠠᠭᠠᠬᠤ ᠲᠠᠰ ᠲᠠᠷᠠᠭ᠎ᠠ᠄ ᠮᠠᠭᠠᠳᠯᠠᠨ ᠲᠤᠭᠳᠠᠭᠠᠬᠤ ᠰᠠᠯᠠᠭ᠎ᠠ ᠮᠦᠴᠢᠷ ︵ᠨᠢᠭᠡᠴᠠ︶ ᠠᠴᠠ ᠮᠠᠭᠠᠳᠯᠠᠨ ᠲᠤᠭᠳᠠᠭᠠᠬᠤ ᠪᠠᠷᠢᠮᠵᠢᠶ᠎ᠠ ᠪᠠᠷ ᠡᠰᠢ ᠪᠠᠷᠢᠮᠳᠠ ᠪᠤᠯᠭᠠᠵᠦ᠂ ᠢᠳᠡᠭᠡᠮᠵᠢ ᠲᠠᠢ ᠶᠢ ᠬᠠᠮᠳᠤᠷᠠᠨ ᠣᠷᠮᠠᠰᠢᠭᠤᠯᠣᠨ ᠬᠦᠬᠢᠭᠦᠯᠬᠦ ᠭᠤᠤᠯ ᠴᠤᠭᠴᠠ ᠶᠢᠨ ᠠᠩᠬᠠᠨ ᠤ ᠨᠠᠷ᠎ᠠ ᠶᠢᠨ ᠲᠠᠩᠰᠠ ᠶᠢ ᠪᠠᠶᠢᠭᠤᠯᠵᠦ᠂ ᠡᠭᠦᠨ ᠤ ᠬᠠᠮᠳᠤ ᠬᠤᠰᠢᠭᠤᠨ  ᠤ ᠵᠠᠰᠠᠭ ᠤᠨ ᠶᠠᠪᠤᠳᠠᠯ ᠤᠨ ᠰᠦᠯᠵᠢᠶᠠᠨ ᠦᠷᠳᠡᠭᠡ ᠶᠢᠨ ︽ᠨᠠᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢ ᠢᠯᠨ ᠪᠤᠯᠭᠠᠬᠤ ᠲᠤᠰᠬᠠᠢ ᠪᠤᠯᠤᠩ︾ ᠤᠨ ᠡᠯ᠎ᠠ ᠭᠦᠷᠢᠶ᠎ᠠ ᠶᠢᠨ ᠢᠳᠡᠭᠡᠮᠵᠢ ᠶᠢᠨ ︽ᠬᠠᠷ᠎ᠠ ᠲᠠᠩᠰᠠ︾ ᠯᠤᠭ᠎ᠠ ᠬᠠᠷᠢᠴᠠᠭᠤᠯᠵᠦ᠂ ᠢᠳᠡᠭᠡᠮᠵᠢ ᠶᠢᠨ ︽ᠬᠠᠷ᠎ᠠ ᠲᠠᠩᠰᠠ︾ ᠳᠤ ᠤᠷᠤᠭᠤᠯᠤᠭᠰᠠᠨ ᠭᠤᠤᠯ ᠴᠤᠭᠴᠠ ᠶᠢ ᠢᠳᠡᠭᠡᠮᠵᠢ  ᠶᠢᠨ ︽ᠤᠯᠠᠭᠠᠨ ᠲᠠᠩᠰᠠ︾ ᠳᠤ ᠣᠷᠣᠭᠤᠯᠵᠣ ᠪᠣᠯᠬᠤ ᠦᠭᠡᠢ᠃    ︵ᠶᠢᠰᠦ︶ ᠢᠳᠡᠭᠡᠮᠵᠢ ᠪᠠᠷ ᠲᠤᠶᠢᠯ ᠤᠨ ᠪᠠᠷᠤᠭᠳᠠᠢ ᠭᠤᠤᠯ ᠴᠤᠭᠴᠠ ᠶᠢ ᠢᠳᠡᠭᠡᠮᠵᠢ ᠶᠢᠨ ︽ᠬᠠᠷ᠎ᠠ ᠲᠠᠩᠰᠠ︾ ᠳᠤ ᠤᠷᠤᠭᠤᠯᠬᠤ ᠭᠡᠷᠡᠭᠳᠡᠢ᠃ ᠢᠳᠡᠭᠡᠮᠵᠢ ᠦᠭᠡᠢ ᠦᠢᠯᠨ ᠠᠵᠢᠯᠯᠠᠭ᠎ᠠ ᠳᠤ ᠪᠠᠭᠳᠠᠬᠤ ᠨᠢ᠄    1. ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠦᠪᠰᠢᠶᠠᠷᠠᠯ ᠤᠨ ᠦᠨᠡᠮᠯᠠᠯ᠂ ᠨᠠᠶᠢᠭᠡᠮ ᠤᠨ ᠬᠠᠤᠯᠢ ᠶᠢᠨ ᠡᠷᠭᠡᠳᠠᠨ ᠤ ᠬᠢᠷᠢ ᠴᠢᠨᠠᠷ᠂ ᠡᠵᠡᠩᠨᠠᠯᠳᠠ ᠶᠢᠨ ᠪᠠᠳᠤᠯᠠᠪᠦᠷᠢ ᠶᠢ ᠨᠢ ᠬᠦᠴᠦᠨ ᠦᠭᠡᠢ ᠪᠤᠯᠭᠠᠬᠤ ᠵᠠᠰᠠᠭ ᠵᠠᠬᠢᠷᠭᠠᠨ ᠤ ᠰᠢᠢᠳᠭᠡᠯᠳᠠ ᠬᠢᠭᠰᠡᠨ ᠪᠤᠯ︔     2. ᠤᠨᠴᠠ ᠶᠡᠭᠡ  ᠵᠤᠭᠤᠰ ᠢᠶᠠᠷ ᠲᠤᠷᠭᠤᠭᠠᠭᠳᠠᠭᠰᠠᠨ᠂ ᠬᠠᠤᠯᠢ ᠶᠢ ᠵᠦᠷᠢᠴᠠᠵᠦ ᠤᠯᠤᠭᠰᠠᠨ ᠤᠯᠵᠠᠪᠦᠷᠢ ᠶᠢ  ᠨᠢ ᠬᠤᠷᠢᠶᠠᠵᠦ ᠠᠪᠬᠤ ᠪᠤᠶᠦ ᠵᠠᠷᠯᠢᠭᠳᠠᠨ ᠦᠢᠯᠡᠳᠪᠦᠷᠢᠯᠡᠯ ᠡᠵᠡᠩᠨᠡᠯᠳᠠ ᠶᠢ ᠨᠢ ᠵᠣᠬᠰᠣᠭᠠᠬᠤ ᠵᠠᠰᠠᠭ ᠵᠠᠬᠢᠷᠭᠠᠨ ᠤ ᠰᠢᠳᠭᠡᠯᠳᠠ ᠤᠯᠤᠭᠰᠠᠳ ᠤᠨ ᠤᠨᠴᠠ ᠶᠡᠭᠡ ᠵᠤᠭᠤᠰ ᠮᠦᠩᠬᠦ ᠶᠢ ᠨᠢ ᠠᠵᠢᠯ ᠲᠦᠷᠦᠯ ᠤᠨ ᠬᠢᠨ ᠤ ᠬᠠᠤᠯᠢ ᠴᠠᠭᠠᠵᠠ ᠬᠠᠤᠯᠢ ᠲᠤᠭᠳᠠᠭᠠᠯ ᠲᠦᠷᠢᠮ ᠲᠤᠭᠳᠠᠭᠠᠯ ᠵᠠᠷᠭᠡ ᠲᠤᠭᠳᠠᠭᠠᠯ ᠤᠨ ᠪᠠᠷᠢᠮᠵᠢᠶ᠎ᠠ ᠪᠠᠷ ᠬᠡᠷᠡᠭᠵᠢᠬᠦᠯᠦᠭᠰᠡᠨ︔     3. ᠬᠦᠮᠦᠨ ᠭᠡᠷᠡᠭᠯᠡᠬᠦ ᠪᠠᠶᠢᠭᠤᠯᠭ᠎ᠠ ᠨᠢᠭᠡᠴᠠ ᠨᠢ ᠨᠠᠯᠢᠶᠠᠳ ᠶᠡᠭᠡ ᠭᠡᠮᠵᠢᠶᠠᠨ ᠤ ᠭᠠᠶᠢᠯᠢ ᠶᠢᠨ ᠵᠤᠭᠤᠰ᠂ ᠠᠵᠢᠯᠳᠠᠨ ᠠᠵᠢᠯᠴᠢᠨ ᠤ ᠴᠠᠯᠢᠩ ᠪᠤᠶᠦ ᠨᠠᠶᠢᠭᠡᠮ ᠤᠨ ᠲᠠᠭᠠᠳᠬᠠᠯ ᠤᠨ ᠵᠠᠷᠤᠳᠠᠯ ᠢ ᠦᠷᠢᠳᠦᠵᠦ ᠪᠠᠶᠢᠪᠠᠯ︔     4. ᠠᠵᠦ ᠠᠬᠤᠶᠢᠯᠠᠯ ᠤᠨ ᠤᠷᠴᠢᠨ ᠲᠤᠭᠤᠷᠢᠨ ᠤ ᠢᠳᠡᠭᠡᠮᠵᠢ ᠶᠢᠨ ᠦᠨᠡᠯᠡᠯᠳᠠ ᠶᠢᠨ ᠲᠠᠰ ᠨᠢ ᠤᠯᠠᠭᠠᠨ ᠫᠠᠶᠢᠰᠠ ᠲᠠᠢ ᠪᠤᠯ︔     5. ᠰᠢᠬᠦᠬᠦ ᠬᠤᠷᠢᠶ᠎ᠠ ᠪᠤᠶᠦ ᠬᠦᠨᠳᠠᠯᠠᠨ ᠠᠴᠠ ᠲᠠᠰᠤᠯᠠᠬᠤ ᠪᠠᠶᠢᠭᠤᠯᠤᠮᠵᠢ ᠠᠴᠠ ᠮᠠᠭᠠᠳᠯᠠᠨ ᠲᠤᠭᠳᠠᠭᠠᠭᠰᠠᠨ᠂ ᠨᠠᠶᠢᠳᠠ ᠶᠢᠨ ᠭᠡᠷᠡᠭᠯᠡᠭᠡᠨ ᠤ ᠠᠵᠢᠯ ᠦᠢᠯᠡᠰ ᠤᠨ ᠵᠠᠷᠤᠳᠠᠯ ᠲᠤᠰᠢᠶᠠᠯᠳᠠ ᠶᠢ ᠬᠠᠮᠢᠶᠠᠷᠬᠤ ᠶᠠᠪᠤᠴᠠ ᠳᠤ᠂ ᠬᠠᠩᠭᠠᠯᠭ᠎ᠠ ᠶᠢᠨ ᠤᠯᠠᠨ ᠨᠠᠶᠢᠳᠠ ᠶᠢᠨ ᠠᠵᠢᠯ ᠦᠢᠯᠡᠰ ᠤᠨ ᠨᠢᠭᠡᠴᠠ ᠪᠠᠷ ᠵᠦᠪᠰᠢᠶᠠᠷᠠᠭᠦᠯᠦᠭᠡᠳᠦᠢ᠂ ᠵᠦᠢ ᠵᠤᠬᠢᠰᠳᠠᠢ ᠰᠢᠯᠳᠠᠭᠠᠨ ᠦᠭᠡᠢ ᠪᠠᠷ ᠵᠠᠷᠤᠳᠠᠯ ᠲᠤᠰᠢᠶᠠᠬᠤ ᠶᠢ 12 ᠰᠠᠷ᠎ᠠ ᠠᠴᠠ ᠲᠡᠭᠡᠭᠰᠢ ᠵᠤᠷᠢᠭᠤᠳᠠ ᠬᠤᠶᠢᠰᠢᠭᠤᠯᠣᠭᠰᠠᠨ ᠪᠤᠯ︔     6. ᠪᠠᠩᠬᠢ ᠶᠢᠨ ᠢᠳᠡᠭᠡᠮᠵᠢ ᠶᠢᠨ ᠵᠢᠭᠡᠯᠡᠯᠭᠡ ᠶᠢᠨ ᠠᠵᠢᠯᠯᠠᠭ᠎ᠠ ᠲᠤᠮᠳᠠ᠂ ᠪᠠᠩᠬᠢ ᠶᠢᠨ ᠵᠦᠪᠰᠢᠶᠡᠷᠡᠯ ᠦᠭᠡᠢ ᠵᠦᠢ ᠵᠤᠬᠢᠰᠳᠠᠢ ᠰᠢᠯᠳᠠᠭᠠᠨ ᠦᠭᠡᠢ ᠪᠠᠷ ᠵᠢᠭᠡᠯᠡᠯᠭᠡ ᠶᠢ ᠵᠤᠷᠢᠭᠤᠳᠠ ᠦᠷᠢᠳᠦᠬᠦ  ᠪᠤᠶᠦ ᠬᠠᠤᠯᠢ ᠶᠤᠰᠤᠭᠠᠷ ᠵᠠᠭᠠᠯᠳᠤᠭᠳᠠᠭᠰᠠᠨ ᠪᠤᠯ︔     7. ᠵᠠᠬ᠎ᠠ ᠲᠡᠯᠭᠡᠬᠦᠷ ᠤᠨ ᠠᠵᠦ ᠠᠬᠤᠢ ᠶᠢᠨ ᠡᠮᠬᠢ ᠵᠢᠷᠤᠮ ᠢ ᠰᠠᠮᠠᠭᠤᠷᠠᠭᠤᠯᠵᠦ᠂ ᠠᠷᠠᠯᠵᠢᠶᠠᠯᠠᠬᠤ ᠠᠮᠤᠷ ᠲᠦᠪᠰᠢᠨ ᠢ ᠬᠦᠨᠦᠭᠡᠭᠰᠡᠨ᠂ ᠤᠷᠴᠢᠨ ᠲᠤᠭᠤᠷᠢᠨ ᠤ ᠪᠤᠬᠢᠷᠳᠤᠯ ᠢ ᠪᠤᠢ ᠪᠤᠯᠭᠠᠭᠰᠠᠨ ᠵᠠᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠡᠮᠳᠡᠭᠯᠡᠯ ᠳᠤ ᠤᠷᠤᠭᠤᠯᠪᠠᠯ ᠵᠤᠬᠢᠨ᠎ᠠ ᠭᠡᠵᠦ ᠮᠠᠭᠠᠳᠯᠠᠭᠳᠠᠨ ᠲᠤᠭᠳᠠᠭᠠᠭᠳᠠᠭᠰᠠᠨ ᠬᠠᠤᠯᠢ ᠶᠢ ᠬᠦᠨᠳᠤ ᠨᠤᠴᠢᠳᠠᠢ ᠵᠦᠷᠢᠴᠡᠭᠰᠡᠨ ᠦᠢᠯᠨ ᠠᠵᠢᠯᠯᠠᠭ᠎ᠠ︔     8. ᠬᠠᠤᠯᠢ ᠪᠠᠷ ᠲᠤᠭᠳᠠᠭᠠᠭᠰᠠᠨ ᠲᠦᠯᠦᠭᠡᠯᠡᠭᠴᠢ ᠪᠤᠶᠦ ᠭᠤᠤᠯ ᠪᠤᠯᠬᠤ ᠬᠠᠷᠢᠭᠤᠴᠠᠯᠭᠠᠳᠠᠨ ᠨᠢ ᠦᠢᠯᠡᠳᠪᠦᠷᠢᠯᠡᠬᠦ᠂ ᠡᠵᠡᠩᠨᠡᠬᠦ ᠪᠤᠶᠦ ᠦᠢᠢᠯᠡᠴᠢᠯᠡᠬᠦ ᠦᠢᠯᠨ ᠠᠵᠢᠯᠯᠠᠭ᠎ᠠ ᠨᠢ ᠬᠠᠤᠯᠢ ᠶᠢ ᠵᠦᠷᠷᠴᠠᠨ ᠶᠠᠯ᠎ᠠ ᠬᠢᠭᠰᠡᠨ  ᠠᠴᠠ ᠪᠤᠯᠵᠦ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠭᠳᠡᠭᠰᠡᠨ ᠪᠤᠯ︔     9. ᠬᠠᠣᠯᠢ ᠴᠠᠭᠠᠵᠠ ᠪᠣᠶᠣ ᠵᠠᠰᠠᠭ ᠵᠠᠬᠢᠷᠭᠠᠨ ᠤ ᠪᠠᠶᠢᠭᠤᠯᠣᠯᠭ᠎ᠠ ᠨᠢ ᠠᠯᠪᠠᠳᠠᠯᠭ᠎ᠠ ᠪᠠᠷ ᠬᠦᠢᠴᠡᠳᠬᠡᠬᠦ ᠦᠶᠡᠰ ᠂ ᠬᠦᠢᠴᠡᠳᠬᠡᠭᠳᠡᠭᠴᠢ ᠨᠢ ᠬᠦᠢᠴᠡᠳᠬᠡᠬᠦ ᠴᠢᠳᠠᠪᠣᠷᠢ ᠲᠠᠢ ᠪᠠᠶᠢᠳᠠᠯ᠎ᠠ ᠪᠠᠨ ᠬᠠᠣᠯᠢ ᠠᠴᠠ ᠲᠣᠭᠲᠠᠭᠠᠭᠰᠠᠨ ᠡᠬᠦᠷᠭᠡ  ᠪᠠᠨ ᠡᠰᠡ ᠬᠦᠢᠴᠡᠳᠬᠡᠭᠰᠡᠳ︔     10. ᠢᠳᠡᠬᠡᠮᠵᠢ ᠦᠭᠡᠢ ᠶᠢᠨ ᠨᠡᠶᠢᠲᠡᠯᠢᠭ ᠬᠡᠷᠡᠭ ᠤᠨ ᠨᠡᠷ᠎ᠡ ᠶᠢᠨ ᠳᠠᠩᠰᠠᠨ ᠳᠤ ᠳᠡᠮᠳᠡᠭᠯᠡᠭᠳᠡᠭᠰᠡᠨ ᠪᠦᠭᠡᠳ ᠵᠠᠰᠠᠭ ᠵᠠᠬᠢᠷᠭᠠᠨ ᠤ ᠪᠠᠶᠢᠭᠤᠯᠣᠯᠭ᠎ᠠ ᠪᠣᠶᠣ ᠰᠣᠨᠢᠨ ᠮᠡᠳᠡᠬᠡᠨ ᠤ ᠵᠠᠭᠤᠴᠢᠯᠠᠭᠤᠷ ᠳᠡᠭᠡᠷ᠎ᠡ ᠢᠯᠡ ᠪᠠᠷ ᠢᠯᠡᠴᠢᠯᠡᠭᠳᠡᠭᠰᠡᠨ︔     11. ᠬᠠᠣᠯᠢ ᠴᠠᠭᠠᠵᠠ᠂ ᠬᠠᠣᠯᠢ ᠲᠣᠭᠲᠠᠭᠠᠯ ᠵᠡᠷᠭᠡ ᠠᠴᠠ ᠲᠣᠭᠲᠠᠭᠠᠭᠰᠠᠨ ᠪᠣᠰᠣᠳ ᠬᠦᠨᠳᠦ ᠨᠣᠴᠢᠲᠠᠢ ᠢᠳᠡᠬᠡᠯ ᠠᠯᠳᠠᠭᠰᠠᠨ ᠦᠢᠯᠡ ᠠᠵᠢᠯᠯᠠᠭ᠎ᠠ᠃     ᠲᠠᠪᠤ᠂ ᠨᠡᠶᠢᠲᠡᠯᠡᠬᠦ ᠵᠢᠴᠢ ᠡᠬᠦᠷᠭᠡ ᠶᠢᠨ ᠬᠤᠪᠢᠶᠠᠷᠢᠯᠠᠯ     ︵ ᠠᠷᠪᠠ︶ ᠨᠡᠶᠢᠲᠡᠯᠡᠬᠦ ᠬᠡᠯᠪᠡᠷᠢ    1. ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠬᠡᠴᠡ ᠤᠳ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠪᠠᠨ ᠬᠤᠰᠢᠭᠤᠨ ᠤ ᠵᠠᠰᠠᠭ ᠤᠨ ᠶᠠᠪᠣᠳᠠᠯ ᠢ ᠢᠯᠡ ᠪᠣᠯᠭᠠᠬᠤ ᠰᠦᠯᠵᠢᠶᠡᠨ ᠦᠷᠳᠡᠭᠡ ᠪᠠ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶᠠᠨ ᠳᠤ ᠬᠦᠷᠭᠡᠬᠦ ᠶᠢᠨ ᠵᠡᠷᠭᠡᠪᠡᠷ ᠬᠤᠲᠠ ᠶᠢᠨ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠠᠪᠴᠠᠩ — ︽ ᠢᠳᠡᠬᠡᠮᠵᠢᠲᠦ ᠬᠦᠯᠦᠨ ᠪᠣᠶᠢᠷ︾ ᠰᠦᠯᠵᠢᠶᠡᠨ ᠦᠷᠳᠡᠬᠡᠨ ᠳᠤ ᠬᠦᠷᠭᠡᠬᠦ ᠬᠡᠷᠡᠭᠲᠡᠢ᠃ ︵ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠦᠷᠦᠭᠦᠯᠡᠨ ᠬᠠᠷᠢᠭᠤᠴᠠᠵᠣ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠮᠵᠢᠯᠴᠠᠬᠤ ᠬᠡᠷᠡᠭᠲᠡᠢ︶    2. ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠪᠠᠶᠢᠭᠤᠯᠣᠯᠭ᠎ᠠ ᠨᠢᠭᠡᠴᠡ ᠶᠢᠨ ᠮᠡᠳᠡᠬᠦᠯᠦᠨ ᠬᠦᠷᠭᠡᠭᠰᠡᠨ ᠢᠳᠡᠭᠡᠮᠵᠢ ᠶᠢᠨ ︽ᠣᠯᠠᠭᠠᠨ ᠬᠠᠷ᠎ᠠ ᠳᠠᠩᠰᠠ︾  ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠵᠦ᠂ ᠨᠠᠷᠢᠯᠢᠭ ᠵᠠᠰᠠᠭᠰᠠᠨ ᠤ ᠳᠠᠷᠠᠭ᠎ᠠ ᠬᠤᠰᠢᠭᠤᠨ ᠤ ᠵᠠᠰᠠᠭ  ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ︾ ᠲᠣᠰᠬᠠᠢ ᠪᠣᠯᠣᠩ ᠳᠤ ᠰᠢᠩᠬᠡᠬᠡᠨ ᠣᠷᠣᠭᠤᠯᠵᠣ ᠨᠢᠬᠡᠳᠦᠯᠳᠡᠢ ᠬᠠᠮᠢᠶᠠᠷᠬᠤ ᠶᠢᠨ ᠬᠠᠮᠳᠣ ︽  ᠢᠳᠡᠬᠡᠮᠵᠢᠲᠦ ᠬᠦᠯᠦᠨ ᠪᠣᠶᠢᠷ︾ ᠪᠠ ︽ᠢᠳᠡᠬᠡᠮᠵᠢᠲᠦ ᠦᠪᠦᠷ ᠮᠣᠩᠭᠤᠯ︾ ᠰᠦᠯᠵᠢᠶᠡᠨ ᠦᠷᠳᠡᠭᠡ ᠳᠤ ᠬᠦᠷᠬᠡᠵᠦ᠂ ᠮᠡᠳᠡᠭᠡ ᠵᠠᠩᠬᠢ ᠪᠠᠨ ᠬᠠᠷᠢᠯᠴᠠᠨ ᠨᠡᠪᠳᠡᠷᠡᠯᠴᠡᠨ ᠬᠠᠮᠳᠣᠪᠡᠷ ᠡᠳ᠋ᠯᠡᠬᠦ ᠶᠢ ᠪᠡᠶᠡᠯᠡᠬᠦᠯᠵᠦ᠂ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠣᠶᠣ ᠬᠠᠮᠳᠣᠷᠠᠨ ᠵᠠᠯᠬᠠᠭᠠᠨ ᠴᠡᠭᠡᠷᠯᠡᠬᠦᠯᠬᠦ ᠶᠢ ᠦᠷᠨᠢᠬᠦᠯᠬᠦ ᠳᠤ ᠳᠦᠬᠦᠮ ᠪᠣᠯᠭᠠᠬᠤ ᠬᠡᠷᠡᠭᠲᠡᠢ᠃ ︵ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠲᠦᠷᠦᠭᠦᠯᠡᠨ ᠬᠢᠵᠦ᠂ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠮᠵᠢᠯᠴᠠᠨ᠎ᠠ︶    3. ᠬᠤᠰᠢᠭᠤᠨ ᠤ ᠨᠠᠮ ᠤᠨ ᠬᠤᠷᠢᠶ᠎ᠠ ᠶᠢᠨ ᠣᠬᠠᠭᠤᠯᠬᠤ ᠬᠡᠯᠳᠡᠰ᠂ ᠣᠶᠣᠨ ᠤ ᠪᠣᠯᠪᠠᠰᠣᠨ ᠤ ᠠᠯᠪᠠᠨ ᠭᠡᠷ  ᠠᠴᠠ ᠨᠢᠬᠡᠳᠦᠯᠳᠡᠢ ᠲᠣᠬᠢᠷᠠᠭᠤᠯᠵᠣ ᠵᠠᠭᠤᠴᠢᠯᠠᠭᠤᠷ ᠳᠡᠭᠡᠷ᠎ᠡ ᠨᠡᠶᠢᠲᠡᠯᠡᠨ᠎ᠡ᠃ ᠰᠣᠨᠢᠨ ᠮᠡᠳᠡᠭᠡ ᠵᠠᠭᠤᠴᠢᠯᠠᠭᠤᠷ ᠤᠨ ᠣᠬᠠᠭᠤᠯᠬᠤ᠂ ᠬᠢᠨᠡᠯᠲᠡ ᠲᠠᠯᠪᠢᠬᠤ ᠪᠠ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠣᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠣ᠂ ᠷᠠᠳᠢᠣ᠋᠂ ᠲᠧᠯᠸᠢᠰ᠂ ᠢᠨᠲ᠋ᠧᠷ ᠰᠦᠯᠵᠢᠶ᠎ᠡ᠂ ᠭᠠᠷ ᠣᠳᠠᠰᠣ ︵ ᠵᠢᠱᠢᠶᠡᠯᠡᠪᠡᠯ ᠪᠢᠴᠢᠯ ᠪᠦᠷᠬᠡ᠂ ᠸᠢᠴᠠᠲ᠂ ᠪᠢᠴᠢᠯ ᠺᠢᠨᠣ᠋ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠵᠠᠭᠤᠴᠢᠯᠠᠭᠤᠷ︶ ᠵᠡᠷᠭᠡ ᠳᠠᠮᠵᠢᠭᠤᠯᠣᠨ ᠨᠡᠪᠳᠡᠷᠡᠭᠦᠯᠬᠦ ᠠᠷᠭ᠎ᠠ ᠪᠠᠷᠢᠯ ᠢ ᠠᠰᠢᠭᠯᠠᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠬᠠᠣᠯᠢ ᠶᠣᠰᠣᠭᠠᠷ ᠣᠯᠠᠨ ᠳᠤ ᠨᠡᠶᠢᠲᠡᠯᠡᠵᠦ᠂ ᠶᠠᠷᠢᠶ᠎ᠠ ᠬᠡᠯᠡᠯᠴᠡᠬᠡᠨ ᠤ ᠳᠠᠷᠣᠯᠲᠠ ᠦᠭᠴᠦ᠂ ᠨᠦᠯᠦᠬᠡᠯᠡᠬᠦ ᠬᠦᠴᠦᠨ ᠪᠠ ᠰᠡᠷᠡᠮᠵᠢᠯᠡᠬᠦᠯᠬᠦ ᠬᠦᠴᠦᠨ ᠢ ᠦᠷᠭᠡᠳᠬᠡᠨ᠎ᠡ᠃ ᠦᠨᠡᠨᠴᠢ ᠢᠳᠡᠬᠡᠮᠵᠢ ᠶᠢᠨ ᠲᠣᠬᠠᠢ ᠣᠶᠢᠯᠠᠭᠠᠭᠳᠠᠬᠤᠨ ᠢ ᠣᠬᠠᠭᠤᠯᠵᠣ᠂ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠣ᠂ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠵᠦ᠂ ᠪᠦᠬᠦ ᠨᠡᠶᠢᠬᠡᠮ ᠤᠨ ᠦᠨᠡᠨᠴᠢ ᠢᠳᠡᠬᠡᠮᠵᠢᠲᠦ ᠪᠠᠶᠢᠭᠤᠯᠣᠯᠲᠠ ᠶᠢ ᠠᠩᠬᠠᠷᠣᠨ ᠬᠠᠯᠠᠮᠵᠢᠯᠠᠬᠤ ᠬᠡᠮᠵᠢᠶ᠎ᠡ ᠶᠢ ᠳᠡᠭᠡᠭᠰᠢᠯᠡᠬᠦᠯᠵᠦ᠂ ᠨᠡᠶᠢᠬᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠬᠡᠨ ᠤ ᠣᠷᠴᠢᠨ ᠢ ᠪᠣᠢ ᠪᠣᠯᠭᠠᠬᠤ ᠶᠢ ᠲᠦᠯᠬᠢᠨ ᠠᠬᠢᠭᠤᠯᠵᠣ᠂ ᠦᠨᠡᠨᠴᠢ ᠢᠳᠡᠬᠡᠮᠵᠢᠲᠡᠢ ᠨᠡᠶᠢᠬᠡᠮ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ ︵ ᠬᠤᠰᠢᠭᠤᠨ ᠤ ᠨᠠᠮ ᠤᠨ ᠬᠤᠷᠢᠶ᠎ᠠ᠂ ᠲᠣᠣᠷ ᠰᠦᠯᠵᠢᠶ᠎ᠡ ᠶᠢᠨ ᠮᠡᠳᠡᠭᠡ ᠵᠠᠩᠬᠢ ᠶᠢᠨ ᠠᠯᠪᠠᠨ ᠬᠡᠷ ᠠᠴᠠ ᠲᠦᠷᠦᠭᠦᠯᠡᠨ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠠᠮᠵᠢᠯᠴᠠᠨ᠎ᠠ︶      ︵ ᠠᠷᠪᠠᠨ ᠨᠢᠬᠡ︶ ᠬᠠᠮᠳᠣᠷᠠᠨ ᠬᠦᠬᠢᠬᠦᠯᠬᠦ ᠪᠠ ᠵᠠᠯᠬᠠᠭᠠᠬᠤ ᠮᠡᠳᠡᠭᠡ ᠵᠠᠩᠬᠢ ᠶᠢ ᠨᠡᠶᠢᠲᠡᠯᠡᠬᠦ ᠠᠵᠢᠯ ᠤᠨ ᠬᠤᠪᠢᠶᠠᠷᠢ ᠳᠤ ᠪᠠᠭᠳᠠᠬᠤ ᠨᠢ ︵ ᠬᠢᠵᠠᠭᠠᠷᠯᠠᠬᠤ ᠦᠭᠡᠢ︶     1. ᠵᠠᠰᠠᠭ ᠤᠨ ᠣᠷᠳᠣᠨ ᠤ ᠴᠢᠨᠠᠷᠲᠠᠢ ᠪᠡᠯᠡ ᠮᠦᠩᠬᠦ ᠪᠠᠷ ᠳᠡᠮᠵᠢᠬᠦ ᠶᠢ ᠬᠢᠵᠠᠭᠠᠷᠯᠠᠨ᠎ᠠ︔ ᠲᠡᠬᠦᠨ ᠤ ᠠᠵᠣ ᠠᠬᠤᠶᠢᠯᠠᠯ ᠤᠨ ᠵᠢᠬᠡᠯᠡᠯᠬᠡ ᠶᠢᠨ ᠳᠡᠮᠳᠡᠭᠲᠦ ᠲᠠᠷᠬᠠᠭᠠᠬᠤ ᠶᠢ ᠬᠢᠵᠠᠭᠠᠷᠯᠠᠨ᠎ᠠ︔ ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠨ ᠪᠠᠲᠣᠯᠠᠬᠤ ᠺᠣᠮᠫᠠᠨᠢ ᠪᠠᠶᠢᠭᠤᠯᠬᠤ ᠶᠢ ᠬᠢᠵᠠᠭᠠᠷᠯᠠᠨ᠎ᠠ︔ ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠨ ᠪᠠᠲᠣᠯᠠᠬᠤ ᠺᠣᠮᠫᠠᠨᠢ ᠪᠣᠶᠣ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ ᠤᠨ ᠬᠠᠮᠢᠶᠠᠷᠣᠭᠴᠢ ᠶᠢᠨ ᠲᠣᠰᠢᠶᠠᠯ ᠢ ᠡᠭᠦᠷᠭᠡᠯᠡᠬᠦ ᠶᠢ ᠬᠢᠵᠠᠭᠠᠷᠯᠠᠨ᠎ᠠ︔ ᠨᠦᠬᠦᠪᠦᠷᠢ ᠶᠢᠨ ᠴᠢᠨᠠᠷᠲᠠᠢ ᠪᠡᠯᠡ ᠮᠦᠩᠬᠦ ᠪᠠ ᠨᠡᠶᠢᠬᠡᠮ ᠤᠨ ᠪᠠᠲᠣᠯᠠᠪᠣᠷᠢ ᠶᠢᠨ ᠪᠡᠯᠡ ᠮᠦᠩᠬᠦ ᠪᠠᠷ ᠳᠡᠮᠵᠢᠬᠦ ᠶᠢ ᠬᠢᠵᠠᠭᠠᠷᠯᠠᠨ᠎ᠠ︔ ᠣᠯᠣᠰ ᠤᠨ ᠦᠮᠴᠢᠯᠡᠯᠲᠦ ᠣᠶᠢᠳᠣ ᠭᠠᠵᠠᠷ ᠢ ᠬᠡᠷᠡᠭᠯᠡᠬᠦ ᠶᠢ ᠬᠢᠵᠠᠭᠠᠷᠯᠠᠨ᠎ᠠ︔ ᠣᠢ ᠰᠢᠭᠤᠢ ᠶᠢᠨ ᠠᠵᠣ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠭᠤᠶᠣᠴᠢᠯᠠᠬᠤ ᠶᠢ ᠬᠢᠵᠠᠭᠠᠷᠯᠠᠨ᠎ᠠ︔ ᠣᠯᠣᠰ ᠤᠨ ᠦᠮᠴᠢᠯᠡᠯᠲᠦ ᠨᠣᠲᠤᠭ ᠪᠡᠯᠴᠢᠭᠡᠷ ᠢ ᠡᠵᠡᠯᠡᠨ ᠬᠡᠷᠡᠭᠯᠡᠬᠦ ᠪᠠᠷ ᠬᠢᠨᠠᠨ ᠵᠦᠪᠰᠢᠶᠡᠷᠡᠬᠦᠯᠬᠦ ᠶᠢ ᠬᠢᠵᠠᠭᠠᠷᠯᠠᠨ᠎ᠠ︔ ᠨᠣᠲᠤᠭ ᠪᠡᠯᠴᠢᠭᠡᠷ ᠢ ᠬᠠᠮᠠᠭᠠᠯᠠᠬᠤ ᠭᠤᠣᠳᠠᠯᠭ᠎ᠠ ᠲᠠᠢ ᠪᠦᠲᠦᠭᠡᠨ ᠪᠠᠶᠢᠭᠤᠯᠣᠯᠲᠠ ᠬᠢᠬᠦ ᠲᠦᠷᠦᠯ ᠵᠦᠢᠯ ᠢ ᠭᠤᠶᠣᠴᠢᠯᠠᠬᠤ ᠶᠢ ᠬᠢᠵᠠᠭᠠᠷᠯᠠᠨ᠎ᠠ︔ ᠪᠦᠲᠦᠬᠡᠨ ᠪᠠᠶᠢᠭᠤᠯᠣᠯᠲᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠶᠢ ᠬᠢᠵᠠᠭᠠᠷᠯᠠᠨ᠎ᠠ︔ ᠦᠢᠯᠡᠳᠪᠦᠷᠢᠯᠡᠨ ᠡᠵᠡᠩᠨᠡᠬᠦ ᠪᠠᠶᠢᠭᠤᠯᠣᠯᠭ᠎ᠠ ᠨᠢᠬᠡᠴᠡ ᠶᠢᠨ ᠰᠠᠭᠤᠷᠢ ᠲᠦᠭᠦᠭᠡᠷᠦᠮᠵᠢ ᠪᠠ ᠨᠡᠶᠢᠲᠡ ᠶᠢᠨ ᠠᠵᠢᠯ ᠦᠢᠯᠡᠰ ᠢ ᠣᠨᠴᠠ ᠵᠦᠪᠰᠢᠶᠡᠷᠡᠯ ᠢᠶᠠᠷ ᠡᠵᠡᠩᠨᠡᠬᠦ ᠡᠷᠬᠡ ᠶᠢ ᠣᠯᠬᠤ ᠪᠣᠶᠣ ᠡᠴᠦᠰᠯᠡᠬᠦᠯᠬᠦ ᠶᠢ ᠬᠢᠵᠠᠭᠠᠷᠯᠠᠨ᠎ᠠ︔ ᠲᠡᠬᠦᠨ ᠤ ᠴᠢᠬᠤᠯᠠ ᠶᠡᠭᠡ ᠰᠢᠨ᠎ᠡ ᠲᠦᠷᠦᠯ ᠵᠦᠢᠯ ᠤᠨ ᠲᠣᠬᠠᠢ ᠭᠤᠶᠣᠴᠢᠯᠠᠨ ᠮᠡᠳᠡᠬᠦᠯᠦᠯᠲᠡ ᠬᠢᠭᠰᠡᠨ ᠢ ᠬᠢᠨᠠᠨ ᠵᠦᠪᠰᠢᠶᠡᠷᠡᠬᠦ ᠶᠢ ᠬᠠᠣᠯᠢ ᠶᠣᠰᠣᠭᠠᠷ ᠵᠣᠭᠰᠣᠭᠠᠵᠣ᠂ ᠵᠠᠰᠠᠭ ᠤᠨ ᠣᠷᠳᠣᠨ ᠤ ᠨᠦᠬᠦᠪᠦᠷᠢ ᠶᠢᠨ ᠪᠡᠯᠡ ᠮᠦᠩᠬᠦ ᠵᠡᠷᠭᠡ ᠶᠢ ᠰᠠᠯᠭᠠᠨ ᠦᠭᠬᠦ ᠪᠣᠶᠣ ᠪᠣᠴᠠᠭᠠᠵᠣ ᠠᠪᠬᠤ ᠶᠢ ᠬᠢᠨᠠᠨ ᠬᠠᠰᠣᠬᠤ ᠪᠠ ᠵᠣᠬᠰᠣᠭᠠᠨ᠎ᠠ᠃ ︵ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ  ᠠᠴᠠ ᠬᠠᠷᠢᠭᠤᠴᠠᠨ᠎ᠠ︶     2. ᠬᠢᠯᠢ ᠪᠠᠷ ᠭᠠᠷᠬᠤ ᠶᠢ ᠬᠢᠵᠠᠭᠠᠷᠯᠠᠨ᠎ᠠ︔ ᠲᠡᠷᠬᠡ ᠬᠦᠰᠬᠡ ᠶᠢ ᠪᠠᠶᠢᠴᠠᠭᠠᠨ ᠪᠢᠳᠡᠬᠦᠮᠵᠢᠯᠡᠬᠦ᠂ ᠦᠯᠡᠳᠡᠬᠡᠨ ᠠᠪᠬᠤ ᠳᠤ ᠬᠠᠮᠵᠢᠯᠴᠠᠨ᠎ᠠ︔ ᠬᠦᠴᠦᠨ ᠲᠠᠢ ᠪᠣᠯᠣᠭᠰᠠᠨ ᠰᠢᠬᠦᠨ ᠲᠠᠰᠣᠯᠣᠯᠲᠠ᠂ ᠬᠢᠨᠠᠨ ᠲᠠᠰᠣᠯᠣᠯᠲᠠ ᠶᠢ ᠬᠡᠷᠡᠭᠵᠢᠬᠦᠯᠬᠦ ᠦᠭᠡᠢ ᠵᠢᠴᠢ ᠪᠣᠰᠣᠳ ᠬᠦᠢᠴᠡᠳᠬᠡᠯᠲᠡ ᠶᠢ ᠬᠠᠷᠰᠢᠯᠠᠭᠰᠠᠨ ᠨᠢ ᠶᠠᠯ᠎ᠠ ᠬᠢᠭᠰᠡᠨ ᠳᠤ ᠲᠣᠭᠠᠴᠠᠭᠳᠠᠬᠤ ᠦᠢᠯᠡ ᠠᠵᠢᠯᠯᠠᠭ᠎ᠠ ᠶᠢ ᠴᠠᠭ ᠲᠣᠬᠠᠢ ᠳᠤᠨᠢ ᠬᠠᠣᠯᠢ ᠶᠣᠰᠣᠭᠠᠷ ᠲᠠᠩᠨᠠᠨ ᠪᠠᠶᠢᠴᠠᠭᠠᠬᠤ᠂ ᠠᠯᠪᠠᠨ ᠵᠠᠭᠠᠯᠳᠣᠯᠭ᠎ᠠ ᠭᠠᠷᠭᠠᠬᠤ ᠪᠠ ᠰᠢᠬᠦᠨ ᠲᠠᠰᠣᠯᠠᠬᠤ ᠬᠡᠷᠡᠭᠲᠡᠢ︔ ︵ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠬᠠᠷᠢᠭᠤᠴᠠᠨ᠎ᠠ︶     3. ᠢᠳᠡᠬᠡᠯ ᠠᠯᠳᠠᠭᠰᠠᠨ ᠢᠶᠠᠷ ᠰᠢᠳᠬᠡᠭᠳᠡᠭᠰᠡᠨ ᠬᠦᠮᠦᠰ ᠤᠨ ᠨᠡᠷ᠎ᠡ ᠶᠢᠨ ᠳᠠᠩᠰᠠ ᠶᠢ ᠨᠡᠶᠢᠲᠡᠯᠡᠨ᠎ᠡ᠃ ᠢᠳᠡᠬᠡᠯ ᠠᠯᠳᠠᠭᠰᠠᠨ ᠢᠶᠠᠷ ᠰᠢᠳᠬᠡᠭᠳᠡᠭᠴᠢ ᠨᠢ ᠬᠦᠴᠦᠨ ᠲᠠᠢ ᠬᠠᠣᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠬᠦᠷᠭᠡ ᠪᠠᠨ ᠬᠦᠢᠴᠡᠳᠬᠡᠬᠦ ᠴᠢᠳᠠᠪᠣᠷᠢ ᠲᠠᠢ ᠪᠠᠶᠢᠳᠠᠯ᠎ᠠ ᠬᠦᠢᠴᠡᠳᠬᠡᠬᠦ ᠦᠭᠡᠢ ᠪᠠᠶᠢᠪᠠᠯ ᠠᠷᠠᠳ ᠤᠨ ᠰᠢᠬᠦᠬᠦ ᠬᠤᠷᠢᠶᠠᠨ ᠠᠴᠠ ᠲᠡᠬᠦᠨ ᠢ ᠢᠳᠡᠬᠡᠯ ᠠᠯᠳᠠᠭᠰᠠᠳ ᠢ ᠰᠢᠳᠬᠡᠬᠦ ᠨᠡᠷ᠎ᠡ ᠶᠢᠨ ᠳᠠᠩᠰᠠᠨ ᠳᠤ ᠣᠷᠣᠭᠤᠯᠬᠤ ᠶᠢᠨ ᠬᠠᠮᠳᠣ ᠢᠳᠡᠬᠡᠮᠵᠢ ᠶᠢᠨ ᠬᠠᠷ᠎ᠠ ᠳᠠᠩᠰᠠᠨ ᠳᠤ ᠣᠷᠣᠭᠤᠯᠣᠨ᠎ᠠ᠃ ︵ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠬᠠᠷᠢᠭᠤᠴᠠᠨ᠎ᠠ︶     4. ᠦᠢᠯᠡᠳᠬᠡᠬᠦᠨ ᠤ ᠶᠠᠰᠣ ᠴᠢᠨᠠᠷ ᠵᠡᠷᠭᠡ ᠶᠢᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ ᠨᠡᠶᠢᠲᠡᠯᠡᠨ᠎ᠡ᠃ ᠬᠤᠰᠢᠭᠤᠨ ᠤ ᠢᠳᠡᠬᠡᠨ ᠤ ᠵᠦᠢᠯ ᠡᠮ ᠤᠨ ᠵᠦᠢᠯ ᠳᠤ ᠬᠢᠨᠠᠯᠲᠠ ᠲᠠᠯᠪᠢᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠠᠴᠠ ᠬᠠᠷᠢᠭᠤᠴᠠᠨ᠂ ᠢᠳᠡᠬᠡᠨ ᠤ ᠵᠦᠢᠯ᠂ ᠡᠮ ᠤᠨ ᠵᠦᠢᠯ᠂ ᠴᠠᠬᠢᠯᠭᠠᠨ ᠬᠡᠷᠡᠭᠰᠡᠯ᠂ ᠵᠠᠰᠠᠯ ᠤᠨ ᠡᠳ᠋᠂ ᠬᠢᠮᠢ ᠶᠢᠨ ᠦᠢᠯᠡᠳᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠦᠢᠯᠡᠳᠬᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠡᠷᠡᠭᠯᠡᠬᠦ ᠠᠵᠣ ᠠᠬᠤᠶᠢᠯᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠣᠭᠤᠴᠠᠨ ᠪᠠᠶᠢᠴᠠᠭᠠᠯᠲᠠ ᠬᠢᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠬᠦᠯ ᠮᠡᠨᠳᠦ ᠪᠠ ᠠᠮᠢ ᠨᠠᠰᠣᠨ ᠤ ᠠᠮᠣᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠬᠤ ᠦᠢᠯᠡ ᠪᠠᠶᠢᠳᠠᠯ ᠣᠷᠣᠰᠢᠵᠣ ᠪᠠᠶᠢᠭ᠎ᠠ ᠠᠵᠣ ᠠᠬᠤᠶᠢᠯᠠᠯ ᠢ ᠬᠠᠣᠯᠢ ᠶᠣᠰᠣᠭᠠᠷ ᠬᠡᠷᠡᠭ ᠪᠣᠯᠭᠠᠨ ᠪᠠᠶᠢᠴᠠᠭᠠᠨ ᠰᠢᠳᠬᠡᠵᠦ᠂ ᠢᠳᠡᠬᠡᠮᠵᠢ ᠶᠢᠨ ︽ᠬᠠᠷ᠎ᠠ ᠳᠠᠩᠰᠠ︾ ᠳᠤ ᠣᠷᠣᠭᠤᠯᠣᠨ᠎ᠠ︔ ᠦᠢᠯᠡᠳᠬᠡᠬᠦᠨ ᠤ ᠶᠠᠰᠣ ᠴᠢᠨᠠᠷ ᠢᠶᠠᠷ ᠰᠠᠶᠢᠨ᠂ ᠦᠨᠡᠨᠴᠢ ᠢᠳᠡᠬᠡᠮᠵᠢᠲᠡᠢ ᠪᠠᠷ ᠦᠢᠯᠡᠳᠪᠦᠷᠢᠯᠡᠨ ᠡᠵᠡᠩᠨᠡᠵᠦ᠂ ᠨᠡᠶᠢᠬᠡᠮ ᠳᠤ ᠴᠢᠬᠤᠯᠠ ᠶᠡᠭᠡ ᠭᠠᠪᠢᠶ᠎ᠠ ᠵᠢᠳᠬᠦᠯ ᠭᠠᠷᠭᠠᠭᠰᠠᠨ ᠠᠵᠣ ᠠᠬᠤᠶᠢᠯᠠᠯ ᠢ ᠢᠳᠡᠬᠡᠮᠵᠢ ᠶᠢᠨ ︽ᠣᠯᠠᠭᠠᠨ ᠳᠠᠩᠰᠠ︾ ᠳᠤ ᠣᠷᠣᠭᠤᠯᠣᠨ᠎ᠠ᠃ ︵ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠢᠳᠡᠬᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠬᠠᠷᠢᠭᠤᠴᠠᠨ᠎ᠠ︶     5. ᠠᠵᠣ ᠠᠬᠤᠶᠢᠯᠠᠯ ᠤᠨ ᠣᠷᠴᠢᠨ ᠲᠣᠭᠤᠷᠢᠨ ᠤ ᠲᠣᠬᠠᠢ ᠢᠳᠡᠬᠡᠮᠵᠢ ᠶᠢᠨ ᠦᠨᠡᠯᠡᠯᠲᠡ ᠶᠢᠨ ︽ᠣᠯᠠᠭᠠᠨ ᠬᠠᠷ᠎ᠠ ᠳᠠᠩᠰᠠ︾ ᠶᠢ  ᠨᠡᠶᠢᠲᠡᠯᠡᠨ᠎ᠡ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠠᠴᠠ ᠡᠯ᠎ᠡ ᠲᠦᠷᠦᠯ ᠤᠨ ᠪᠣᠬᠢᠷᠳᠣᠭᠤᠯᠣᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠠᠵᠣ ᠠᠬᠤᠶᠢᠯᠠᠯ ᠳᠤ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠯᠲᠠ ᠬᠢᠬᠦ ᠶᠢ ᠬᠠᠷᠢᠭᠤᠴᠠᠵᠣ᠂ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠳᠣᠭᠤᠯᠵᠣ ᠪᠠᠶᠢᠭ᠎ᠠ ᠠᠵᠣ ᠠᠬᠤᠶᠢᠯᠠᠯ ᠢ ᠰᠢᠳᠬᠡᠨ ᠲᠣᠷᠭᠤᠭᠠᠵᠣ᠂ ᠵᠠᠷᠯᠢᠭᠳᠠᠨ ᠴᠡᠭᠴᠡᠯᠡᠨ ᠦᠭᠡᠷᠡᠴᠢᠯᠡᠬᠦᠯᠬᠦ ᠪᠦᠭᠡᠳ ᠢᠳᠡᠬᠡᠮᠵᠢ ᠶᠢᠨ ︽ᠬᠠᠷ᠎ᠠ ᠳᠠᠩᠰᠠ︾ ᠳᠤ ᠵᠢᠬᠰᠠᠭᠠᠨ ᠣᠷᠣᠭᠤᠯᠣᠨ᠎ᠠ︔ ᠡᠨᠧᠷᠬᠢ ᠠᠷᠪᠢᠯᠠᠨ ᠪᠣᠬᠢᠷᠳᠣᠭᠤᠯᠣᠯ ᠭᠠᠳᠠᠭᠰᠢᠯᠠᠭᠤᠯᠬᠤ ᠪᠠᠨ ᠪᠠᠭᠠᠰᠬᠠᠵᠣ᠂ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠪᠣᠳᠠᠳᠠᠶᠢᠵᠢᠭᠤᠯᠵᠣ᠂ ᠦᠷ᠎ᠡ ᠪᠦᠲᠦᠮᠵᠢ ᠪᠠᠷ ᠢᠯᠡᠷᠬᠡᠢ ᠪᠣᠯᠣᠭᠰᠠᠨ ᠠᠵᠣ ᠠᠬᠤᠶᠢᠯᠠᠯ ᠢ ᠢᠳᠡᠬᠡᠮᠵᠢ ᠶᠢᠨ ︽ᠣᠯᠠᠭᠠᠨ ᠳᠠᠩᠰᠠ︾ ᠳᠤ ᠵᠢᠬᠰᠠᠭᠠᠨ ᠣᠷᠣᠭᠤᠯᠣᠨ᠎ᠠ᠃ ︵ ᠬᠤᠰᠢᠭᠤᠨ ᠤ ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ᠂ ᠠᠵᠣ ᠠᠬᠤᠢ ᠮᠡᠳᠡᠭᠡ ᠵᠠᠩᠬᠢ ᠶᠢᠨ ᠲᠣᠪᠴᠢᠶ᠎ᠠ ᠬᠠᠷᠢᠭᠤᠴᠠᠨ᠎ᠠ︶     6. ᠠᠵᠣ ᠠᠬᠤᠶᠢᠯᠠᠯ ᠤᠨ ᠭᠠᠶᠢᠯᠢ ᠲᠣᠰᠢᠶᠠᠯᠲᠠ ᠶᠢᠨ ᠪᠠᠶᠢᠳᠠᠯ ᠤᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ ᠨᠡᠶᠢᠲᠡᠯᠡᠨ᠎ᠡ᠃ ᠬᠤᠰᠢᠭᠤᠨ ᠤ ᠭᠠᠶᠢᠯᠢ ᠲᠠᠲᠠᠪᠣᠷᠢ ᠶᠢᠨ ᠰᠠᠯᠠᠭ᠎ᠠ ᠮᠦᠴᠢᠷ ᠠᠴᠠ ᠬᠠᠷᠢᠭᠤᠴᠠᠨ᠂ ᠭᠠᠶᠢᠯᠢ ᠲᠠᠲᠠᠪᠣᠷᠢ ᠶᠢᠨ ᠬᠠᠣᠯᠢ ᠶᠢ ᠵᠦᠷᠢᠴᠡᠭᠰᠡᠨ ᠬᠦᠨᠳᠦ ᠶᠡᠭᠡ ᠬᠡᠷᠡᠭ ᠤᠨ ᠭᠠᠶᠢᠯᠢ ᠲᠣᠰᠢᠶᠠᠭᠴᠢ ᠶᠢ ᠬᠠᠣᠯᠢ ᠶᠣᠰᠣᠭᠠᠷ ᠪᠠᠶᠢᠴᠠᠭᠠᠨ  ᠰᠢᠳᠬᠡᠬᠦ ᠶᠢᠨ ᠬᠠᠮᠳᠣ ᠲᠡᠬᠦᠨ ᠤ ᠭᠠᠶᠢᠯᠢ ᠲᠣᠰᠢᠶᠠᠯᠲᠠ ᠶᠢᠨ ᠢᠳᠡᠬᠡᠮᠵᠢ ᠶᠢᠨ ᠳᠡᠰ ᠢ ᠰᠢᠭᠤᠳ D ᠵᠡᠷᠭᠡ ᠪᠠᠷ ᠲᠣᠭᠲᠠᠭᠠᠵᠣ᠂ ᠢᠳᠡᠬᠡᠮᠵᠢ ᠶᠢᠨ ︽ᠬᠠᠷ᠎ᠠ ᠳᠠᠩᠰᠠ︾ ᠳᠤ ᠣᠷᠣᠭᠤᠯᠣᠨ᠎ᠠ︔ ᠣᠨ ᠤ ᠭᠠᠶᠢᠯᠢ ᠲᠣᠰᠢᠶᠠᠭᠰᠠᠨ ᠢᠳᠡᠬᠡᠮᠵᠢ ᠶᠢᠨ ᠳᠡᠰ ᠨᠢ A ᠵᠡᠷᠭᠡ ᠪᠠᠷ ᠦᠨᠡᠯᠡᠭᠳᠡᠭᠰᠡᠨ ᠭᠠᠶᠢᠯᠢ ᠲᠣᠰᠢᠶᠠᠭᠴᠢ ᠶᠢ ᠢᠳᠡᠬᠡᠮᠵᠢ ᠶᠢᠨ ︽ᠣᠯᠠᠭᠠᠨ ᠳᠠᠩᠰᠠ︾ ᠳᠤ ᠣᠷᠣᠭᠤᠯᠣᠨ᠎ᠠ᠃ ︵ ᠬᠤᠰᠢᠭᠤᠨ ᠤ ᠣᠯᠣᠰ ᠤᠨ ᠭᠠᠶᠢᠯᠢ ᠶᠢᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ ᠬᠠᠷᠢᠭᠤᠴᠠᠨ᠎ᠠ︶     7. ᠨᠡᠶᠢᠬᠡᠮ ᠤᠨ ᠬᠠᠣᠯᠢ ᠶᠢᠨ ᠡᠷᠬᠡᠳᠡᠨ ᠤ ᠬᠦᠳᠡᠯᠮᠦᠷᠢ ᠶᠢᠨ ᠪᠠᠳᠣᠯᠠᠪᠣᠷᠢ ᠶᠢᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ ᠨᠡᠶᠢᠲᠡᠯᠡᠨ᠎ᠡ᠃ ᠠᠵᠢᠯᠳᠠᠨ ᠨᠡᠶᠢᠬᠡᠮ ᠤᠨ ᠪᠠᠲᠣᠯᠠᠪᠣᠷᠢ ᠶᠢᠨ ᠰᠠᠯᠠᠭ᠎ᠠ ᠮᠦᠴᠢᠷ ᠠᠴᠠ ᠬᠠᠷᠢᠭᠤᠴᠠᠵᠣ᠂ ᠦᠪᠡᠷᠲᠡᠭᠡᠨ ᠵᠠᠰᠠᠬᠤ ᠣᠷᠣᠨ ᠤ ᠨᠡᠶᠢᠬᠡᠮ ᠤᠨ ᠬᠠᠣᠯᠢ ᠶᠢᠨ ᠡᠷᠬᠡᠳᠡᠨ ᠤ ᠬᠦᠳᠡᠯᠮᠦᠷᠢ ᠶᠢᠨ ᠪᠠᠳᠣᠯᠠᠪᠣᠷᠢ ᠶᠢᠨ ᠢᠳᠡᠬᠡᠮᠵᠢ ᠶᠢᠨ ᠢᠳᠡᠬᠡᠮᠵᠢ ᠦᠭᠡᠢ ᠶᠢ ᠵᠠᠯᠬᠠᠭᠠᠨ ᠴᠡᠭᠡᠷᠯᠡᠬᠦᠯᠬᠦ ᠠᠷᠭ᠎ᠠ ᠶᠢᠨ ᠲᠣᠭᠲᠠᠭᠠᠯ ᠶᠣᠰᠣᠭᠠᠷ᠂ ᠠᠵᠢᠯᠴᠢᠨ ᠤ ᠡᠷᠬᠡ ᠠᠰᠢᠭ ᠢ ᠬᠤᠬᠢᠷᠠᠭᠤᠯᠬᠤ᠂ ᠨᠡᠶᠢᠬᠡᠮ ᠤᠨ ᠳᠠᠭᠠᠳᠬᠠᠯ ᠢ ᠨᠢ ᠲᠣᠰᠢᠶᠠᠵᠣ ᠦᠭᠬᠦ  ᠶᠢ ᠲᠡᠪᠴᠢᠬᠦ᠂ ᠴᠠᠯᠢᠩ ᠦᠷᠢᠲᠦᠬᠦ ᠵᠡᠷᠭᠡ ᠢᠳᠡᠬᠡᠯ ᠠᠯᠳᠠᠭᠰᠠᠨ ᠠᠵᠣ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ  ᠪᠠᠷ ᠢᠳᠡᠬᠡᠮᠵᠢ ᠶᠢᠨ ︽ᠬᠠᠷ᠎ᠠ ᠳᠠᠩᠰᠠ︾ ᠳᠤ ᠣᠷᠣᠭᠤᠯᠣᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ︽ᠡᠪ ᠨᠠᠶᠢᠷᠰᠠᠭ ᠬᠦᠳᠡᠯᠮᠦᠷᠢ ᠶᠢᠨ ᠬᠠᠷᠢᠴᠠᠭ᠎ᠠ ᠲᠠᠢ ᠨᠢᠬᠡᠴᠡ︾ ᠪᠠᠷ ᠦᠨᠡᠯᠡᠭᠳᠡᠭᠰᠡᠨ ᠠᠵᠣ ᠠᠬᠤᠶᠢᠯᠠᠯ ᠢ ᠢᠳᠡᠬᠡᠮᠵᠢ ᠶᠢᠨ ︽ᠣᠯᠠᠭᠠᠨ ᠳᠠᠩᠰᠠ︾ ᠳᠤ ᠣᠷᠣᠭᠤᠯᠣᠨ᠎ᠠ᠃ ︵ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠪᠣᠷᠢ ᠶᠢᠨ ᠲᠣᠪᠴᠢᠶ᠎ᠠ ᠬᠠᠷᠢᠭᠤᠴᠠᠨ᠎ᠠ︶     8. ᠪᠠᠷᠢᠯᠭ᠎ᠠ ᠶᠢᠨ ᠠᠵᠢᠯ ᠤᠨ ᠢᠳᠡᠬᠡᠮᠵᠢ ᠶᠢᠨ ᠳᠡᠰ ᠤᠨ ᠦᠨᠡᠯᠡᠯᠲᠡ ᠶᠢᠨ ᠪᠠᠶᠢᠳᠠᠯ ᠢ ᠨᠡᠶᠢᠲᠡᠯᠡᠨ᠎ᠡ᠃ ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠠᠴᠠ ᠬᠠᠷᠢᠭᠤᠴᠠᠨ᠂ ᠪᠠᠷᠢᠯᠭ᠎ᠠ ᠶᠢᠨ ᠠᠵᠢᠯ ᠤᠨ ᠶᠠᠰᠣ ᠴᠢᠨᠠᠷ᠂ ᠬᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ  ᠢ ᠬᠠᠮᠢᠶᠠᠷᠬᠤ ᠢᠳᠡᠬᠡᠮᠵᠢ ᠶᠢᠨ ᠳᠡᠰ ᠢ ᠦᠨᠡᠯᠡᠬᠦ ᠲᠣᠭᠲᠠᠯᠴᠠᠭ᠎ᠠ ᠪᠠᠶᠢᠭᠤᠯᠵᠣ᠂ ᠪᠠᠷᠢᠯᠭ᠎ᠠ ᠶᠢᠨ ᠠᠵᠢᠯ᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠳᠠᠯ ᠳᠤ ᠳᠣᠭᠲᠠᠮᠠᠯ ᠬᠤᠭᠤᠴᠠᠭ᠎ᠠ  ᠲᠠᠢ ᠪᠠᠷ ᠰᠣᠭᠤᠴᠠᠨ ᠪᠠᠶᠢᠴᠠᠭᠠᠯᠲᠠ ᠬᠢᠵᠦ᠂ ᠢᠳᠡᠬᠡᠮᠵᠢ ᠶᠢᠨ ᠳᠡᠰ ᠢᠶᠠᠷ ᠨᠢ ︽ ᠣᠯᠠᠭᠠᠨ ᠬᠠᠷ᠎ᠠ ᠳᠠᠩᠰᠠ︾ ᠶᠢ ᠵᠢᠬᠰᠠᠭᠠᠵᠣ ᠭᠠᠷᠭᠠᠨ᠎ᠠ᠃ ︵ ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠬᠠᠷᠢᠭᠤᠴᠠᠨ᠎ᠠ︶    9. ᠢᠳᠡᠬᠡᠨ ᠤ ᠵᠦᠢᠯ ᠡᠮ ᠤᠨ ᠵᠦᠢᠯ ᠤᠨ ᠲᠣᠬᠠᠢ ᠬᠤᠳᠠᠯ ᠬᠠᠭᠤᠷᠮᠠᠭ ᠵᠠᠷ ᠨᠡᠶᠢᠲᠡᠯᠡᠨ ᠨᠡᠪᠳᠡᠷᠡᠬᠦᠯᠬᠦ ᠵᠠᠭᠤᠴᠢᠯᠠᠭᠤᠷ᠂ ᠵᠠᠷ ᠮᠡᠳᠡᠬᠡᠨ ᠤ ᠭᠤᠣᠯ ᠴᠣᠭᠴᠠ ᠵᠢᠴᠢ ᠵᠠᠷ ᠮᠡᠳᠡᠭᠡ ᠶᠢᠨ ᠠᠵᠢᠯ ᠡᠷᠬᠢᠯᠡᠭᠴᠢ ᠶᠢᠨ ᠨᠡᠷ᠎ᠡ ᠵᠢᠴᠢ ᠬᠠᠣᠯᠢ ᠪᠣᠰᠣ ᠬᠡᠪᠯᠡᠭᠳᠡᠬᠦᠨ ᠢ ᠳᠠᠷᠣᠮᠠᠯᠯᠠᠨ ᠦᠢᠯᠡᠳᠬᠦ ᠨᠢᠬᠡᠴᠡ ᠶᠢᠨ ᠢᠳᠡᠬᠡᠮᠵᠢ ᠶᠢᠨ ︽ᠬᠠᠷ᠎ᠠ ᠳᠠᠩᠰᠠ︾ ᠶᠢ ᠨᠡᠶᠢᠲᠡᠯᠡᠨ᠎ᠡ᠃ ︵ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠢᠳᠡᠬᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠰᠣᠶᠣᠯ ᠪᠡᠶ᠎ᠡ ᠲᠠᠮᠢᠷ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠬᠠᠷᠢᠭᠤᠴᠠᠨ᠎ᠠ︶    10. ᠠᠵᠣ ᠦᠢᠯᠡᠳᠪᠦᠷᠢ ᠶᠢᠨ ᠳᠠᠪᠣᠰᠣ ᠶᠢ ᠬᠡᠷᠡᠭᠯᠡᠨ ᠢᠳᠡᠬᠡᠨ ᠤ ᠵᠦᠢᠯ ᠢ ᠡᠳ᠋ᠰᠢᠬᠦᠯᠬᠦ᠂ ᠢᠳᠡᠬᠡᠨ ᠣᠮᠳᠠᠭᠠᠨ ᠤ ᠠᠵᠣ ᠠᠬᠤᠶᠢᠯᠠᠯ ᠤᠨ ᠢᠳᠡᠬᠡᠮᠵᠢ ᠶᠢᠨ ︽ᠬᠠᠷ᠎ᠠ ᠳᠠᠩᠰᠠ︾ ᠶᠢ ᠨᠡᠶᠢᠲᠡᠯᠡᠨ᠎ᠡ︔ ︵ᠢᠳᠡᠬᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠬᠠᠷᠢᠭᠤᠴᠠᠨ᠎ᠠ︶    11. ᠦᠨᠡᠨᠴᠢ ᠢᠳᠡᠬᠡᠮᠵᠢ ᠶᠢᠨ ᠨᠣᠭᠤᠭᠠᠨ ᠺᠠᠷᠲ ᠲᠠᠢ ᠠᠵᠣ ᠠᠬᠤᠶᠢᠯᠠᠯ ᠤᠨ ᠨᠡᠷ᠎ᠡ ᠶᠢᠨ ᠳᠠᠩᠰᠠ ᠶᠢ ᠨᠡᠶᠢᠲᠡᠯᠡᠨ᠎ᠡ︔ ᠲᠣᠰ ᠠᠵᠢᠯ ᠲᠦᠷᠦᠯ ᠪᠠ ᠬᠦᠷᠢᠶ᠎ᠡ ᠬᠡᠪᠴᠢᠶᠠᠨ ᠳᠤ ᠠᠵᠣ ᠠᠬᠤᠶᠢᠯᠠᠯ ᠪᠠ ᠬᠤᠪᠢ ᠬᠦᠮᠦᠨ ᠳᠤ ᠢᠷᠠᠭᠤ ᠠᠯᠳᠠᠷ ᠤᠨ ᠦᠨᠡᠮᠯᠡᠯ᠂ ᠰᠠᠶᠢᠰᠢᠶᠠᠯ ᠬᠦᠬᠢᠬᠦᠯᠦᠯ ᠵᠡᠷᠭᠡ ᠢᠷᠠᠭᠤ ᠠᠯᠳᠠᠷ ᠤᠨ ᠴᠣᠯᠠ ᠣᠯᠭᠤᠬᠤ ᠦᠶ᠎ᠡ  ᠳᠡᠭᠡᠨ᠂ ᠡᠷᠬᠡᠪᠰᠢ  ᠢᠳᠡᠬᠡᠮᠵᠢ ᠶᠢ ᠬᠢᠴᠢᠶᠡᠩᠬᠦᠶᠢᠯᠡᠨ ᠰᠠᠬᠢᠬᠤ ᠪᠠᠷ ᠲᠡᠬᠦᠨ ᠤ ᠦᠨᠳᠦᠰᠦᠨ ᠨᠦᠬᠦᠴᠡᠯ ᠪᠣᠯᠭᠠᠬᠤ ᠭᠡᠷᠡᠭᠲᠡᠢ︔ ᠦᠨᠡᠯᠡᠨ ᠰᠢᠯᠭᠠᠷᠠᠭᠤᠯᠬᠤ ᠦᠶᠡᠯᠡᠯ ᠤᠨ ᠬᠤᠭᠤᠴᠠᠭᠠᠨ ᠳᠤ ᠢᠳᠡᠬᠡᠯ ᠠᠯᠳᠠᠭᠰᠠᠨ  ᠪᠤᠶᠤ ᠬᠠᠣᠯᠢ ᠶᠢ ᠬᠦᠨᠳᠦ ᠨᠣᠴᠢᠲᠠᠢ ᠵᠦᠷᠢᠴᠡᠭᠰᠡᠨ ᠲᠣᠬᠠᠢ ᠶᠢᠨ ᠬᠦᠮᠦᠨ ᠳᠤ ᠢᠷᠠᠭᠤ ᠠᠯᠳᠠᠷ ᠤᠨ ᠴᠣᠯᠠ ᠣᠯᠭᠤᠬᠤ ᠦᠭᠡᠢ᠂ ᠢᠷᠠᠭᠤ ᠠᠯᠳᠠᠷ ᠤᠨ ᠴᠣᠯᠠ ᠨᠢᠬᠡᠨᠳᠡ ᠣᠯᠭᠤᠭᠰᠠᠨ ᠪᠣᠯ ᠴᠣᠯᠠ ᠶᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ︵ ᠬᠤᠰᠢᠭᠤᠨ ᠤ ᠠᠵᠣ ᠠᠬᠤᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ ᠬᠠᠷᠢᠭᠤᠴᠠᠨ᠎ᠠ︶    12. ᠵᠢᠭᠤᠯᠴᠢᠯᠠᠯ ᠤᠨ ᠬᠤᠷᠰᠢᠶ᠎ᠠ᠂ ᠦᠵᠡᠮᠵᠢᠲᠦ ᠣᠷᠣᠨ ᠤ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾  ᠶᠢ ᠨᠡᠶᠢᠳᠡᠯᠡᠨ᠎ᠡ᠃ ᠵᠢᠭᠤᠯᠴᠢᠯᠠᠯ ᠤᠨ ᠠᠵᠣ ᠠᠬᠤᠶᠢᠯᠠᠯ ᠪᠠ ᠠᠵᠢᠯ ᠡᠷᠬᠢᠯᠡᠭᠰᠡᠳ ᠤᠨ ᠲᠣᠭᠲᠠᠭᠠᠯ ᠢ ᠵᠦᠷᠢᠴᠡᠭᠰᠡᠨ  ᠢ ᠳᠠᠩᠰᠠᠯᠠᠬᠤ ᠳᠦᠷᠢᠮ ᠪᠠ ᠢᠯᠡ ᠪᠠᠷ ᠪᠠᠶᠢᠴᠠᠭᠠᠨ ᠠᠰᠠᠭᠤᠬᠤ ᠳᠦᠷᠢᠮ ᠢ ᠳᠡᠬᠦᠯᠳᠡᠷᠵᠢᠬᠦᠯᠵᠦ᠂ ᠠᠵᠣ ᠠᠬᠤᠶᠢᠯᠠᠯ ᠪᠠ ᠠᠵᠢᠯ ᠡᠷᠬᠢᠯᠡᠭᠰᠡᠳ ᠤᠨ ᠦᠪᠡᠷ ᠢ ᠪᠠᠨ ᠴᠢᠩᠭ᠎ᠠ ᠱᠠᠭᠠᠷᠳᠠᠵᠣ᠂ ᠦᠨᠡᠨᠴᠢ ᠢᠳᠡᠬᠡᠮᠵᠢᠲᠡᠢ ᠪᠠᠷ ᠡᠵᠡᠩᠨᠡᠬᠦ ᠶᠢ ᠠᠬᠢᠭᠤᠯᠣᠨ᠎ᠠ᠃ ︵ ᠬᠤᠰᠢᠭᠤᠨ ᠤ ᠵᠢᠭᠤᠯᠴᠢᠯᠠᠯ ᠤᠨ ᠲᠣᠪᠴᠢᠶ᠎ᠠ ᠬᠠᠷᠢᠭᠤᠴᠠᠨ᠎ᠠ︶    13. ᠲᠠᠷᠢᠶᠠᠯᠠᠩ ᠤᠨ ᠡᠳ᠋ ᠪᠠᠷᠠᠭ᠎ᠠ ᠪᠠ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠭᠴᠢ  ᠶᠢᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ  ᠨᠡᠶᠢᠲᠡᠯᠡᠨ᠎ᠡ᠃ ᠨᠣᠲᠤᠭ ᠪᠡᠯᠴᠢᠭᠡᠷ ᠤᠨ ᠬᠠᠮᠠᠭᠠᠯᠠᠯᠲᠠ  ᠶᠢᠨ ᠲᠣᠬᠠᠢ ᠬᠢᠨᠠᠨ ᠵᠦᠪᠰᠢᠶᠡᠷᠡᠬᠦ ᠶᠢ ᠬᠢᠵᠠᠭᠠᠷᠯᠠᠬᠤ᠂ ᠨᠣᠲᠤᠭ ᠪᠡᠯᠴᠢᠭᠡᠷ ᠢ ᠬᠠᠮᠠᠭᠠᠯᠠᠬᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠭᠤᠶᠣᠴᠢᠯᠠᠨ ᠮᠡᠳᠡᠬᠦᠯᠬᠦ ᠶᠢ ᠬᠢᠵᠠᠭᠠᠷᠯᠠᠬᠤ᠂ ᠲᠡᠬᠦᠨ ᠤ ᠣᠯᠣᠰ  ᠤᠨ ᠦᠮᠴᠢᠯᠡᠯᠲᠦ ᠪᠣᠰᠣᠳ ᠪᠠᠶᠢᠭᠠᠯᠢ ᠶᠢᠨ ᠡᠳ᠋ ᠬᠦᠷᠦᠩᠭᠡ ᠶᠢ ᠠᠰᠢᠭᠯᠠᠬᠤ ᠶᠢ ᠨᠢ ᠬᠢᠵᠠᠭᠠᠷᠯᠠᠨ᠎ᠠ᠃ ︵ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠬᠠᠷᠢᠭᠤᠴᠠᠨ᠎ᠠ︶    14. ᠬᠠᠣᠯᠢ ᠪᠣᠰᠣ ᠬᠡᠪᠯᠡᠭᠳᠡᠬᠦᠨ ᠢ ᠳᠠᠷᠣᠮᠠᠯᠯᠠᠨ ᠦᠢᠯᠡᠳᠬᠦ ᠨᠢᠬᠡᠴᠡ ᠶᠢᠨ ᠢᠳᠡᠬᠡᠮᠵᠢ ᠶᠢᠨ ︽ᠬᠠᠷ᠎ᠠ ᠳᠠᠩᠰᠠ︾ ᠶᠢ ᠨᠡᠶᠢᠲᠡᠯᠡᠨ᠎ᠡ᠃ ᠲᠣᠰ ᠠᠵᠢᠯ ᠲᠦᠷᠦᠯ ᠪᠠ ᠲᠣᠰ ᠬᠦᠷᠢᠶ᠎ᠡ ᠬᠡᠪᠴᠢᠶᠡᠨ ᠳᠡᠭᠡᠨ ᠠᠵᠣ ᠠᠬᠤᠶᠢᠯᠠᠯ ᠪᠠ ᠬᠤᠪᠢ ᠬᠦᠮᠦᠨ ᠳᠤ ᠢᠷᠠᠭᠤ ᠠᠯᠳᠠᠷ ᠤᠨ ᠦᠨᠡᠮᠯᠡᠯ᠂ ᠰᠠᠶᠢᠰᠢᠶᠠᠨ ᠬᠦᠬᠢᠬᠦᠯᠬᠦ ᠵᠡᠷᠭᠡ ᠢᠷᠠᠭᠤ ᠠᠯᠳᠠᠷ ᠤᠨ ᠴᠣᠯᠠ ᠣᠯᠭᠤᠬᠤ ᠳᠤ  ᠡᠷᠬᠡᠪᠰᠢ ᠲᠡᠬᠦᠨ ᠤ ᠢᠳᠡᠬᠡᠮᠵᠢ ᠶᠢ ᠬᠢᠴᠢᠶᠡᠩᠬᠦᠶᠢᠯᠡᠨ ᠰᠠᠬᠢᠬᠤ ᠪᠠᠷ ᠦᠨᠳᠦᠰᠦᠨ ᠨᠦᠬᠦᠴᠡᠯ ᠪᠣᠯᠭᠠᠬᠤ ᠬᠡᠷᠡᠭᠲᠡᠢ︔ ᠦᠨᠡᠯᠡᠨ ᠰᠢᠯᠭᠠᠷᠠᠭᠤᠯᠬᠤ ᠦᠶᠡᠯᠡᠯ ᠤᠨ ᠬᠤᠭᠤᠴᠠᠭᠠᠨ ᠳᠤ  ᠢᠳᠡᠬᠡᠯ ᠠᠯᠳᠠᠭᠰᠠᠨ ᠵᠢᠴᠢ ᠬᠠᠣᠯᠢ ᠴᠠᠭᠠᠵᠠ ᠶᠢ ᠬᠦᠨᠳᠦ ᠨᠣᠴᠢᠲᠠᠢ ᠵᠦᠷᠢᠴᠡᠭᠰᠡᠨ ᠲᠣᠬᠠᠢ ᠶᠢᠨ ᠬᠦᠮᠦᠨ ᠳᠤ ᠢᠷᠠᠭᠤ ᠠᠯᠳᠠᠷ ᠤᠨ ᠴᠣᠯᠠ ᠣᠯᠭᠤᠬᠤ ᠦᠭᠡᠢ᠂ ᠨᠢᠬᠡᠨᠳᠡ ᠣᠯᠭᠤᠭᠰᠠᠨ ᠪᠣᠯ ᠢᠷᠠᠭᠤ ᠠᠯᠳᠠᠷ ᠤᠨ ᠴᠣᠯᠠ ᠶᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ︵ ᠰᠣᠶᠣᠯ ᠲᠠᠮᠢᠷ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠬᠠᠷᠢᠭᠤᠴᠠᠨ᠎ᠠ︶     15. ᠵᠠᠰᠠᠭ ᠤᠨ ᠣᠷᠳᠣᠨ ᠤ ᠬᠤᠳᠠᠯᠳᠣᠨ ᠠᠪᠬᠤ ᠳᠤ ᠪᠠᠷᠠᠭ᠎ᠠ ᠬᠠᠩᠭᠠᠭᠴᠢ᠂ ᠬᠤᠳᠠᠯᠳᠣᠨ ᠠᠪᠬᠤ ᠶᠢ ᠣᠷᠣᠯᠠᠨ ᠬᠦᠢᠴᠡᠳᠬᠡᠬᠦ ᠪᠠᠶᠢᠭᠤᠯᠣᠮᠵᠢ ᠶᠢᠨ ᠢᠳᠡᠬᠡᠮᠵᠢ ᠶᠢᠨ ︽  ᠣᠯᠠᠭᠠᠨ ᠬᠠᠷ᠎ᠠ ᠳᠠᠩᠰᠠ︾ ᠶᠢ ᠨᠠᠶᠢᠳᠡᠯᠡᠨ᠎ᠡ᠃ ᠰᠲ᠋ᠣᠺ ᠶᠢᠨ ᠡᠷᠬᠡ ᠪᠠᠷ ᠣᠷᠮᠠᠰᠢᠭᠤᠯᠬᠤ ᠶᠢ ᠬᠢᠵᠠᠭᠠᠷᠯᠠᠵᠣ᠂ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠣᠭᠴᠢ ᠶᠢᠨ ᠲᠣᠰᠢᠶᠠᠯ ᠡᠬᠦᠷᠬᠡᠯᠡᠬᠦ ᠶᠢ ᠬᠢᠵᠠᠭᠠᠷᠯᠠᠵᠣ᠂ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠳᠡᠭᠡᠳᠦ ᠳᠡᠰ ᠤᠨ ᠬᠠᠮᠢᠶᠠᠷᠣᠭᠴᠢ ᠶᠢᠨ ᠲᠣᠰᠢᠶᠠᠯ ᠢ ᠡᠭᠦᠷᠭᠡᠯᠡᠬᠦ ᠶᠢ ᠬᠢᠵᠠᠭᠠᠷᠯᠠᠵᠣ᠂ ᠦᠯᠦ ᠬᠦᠳᠡᠯᠬᠦ ᠬᠦᠷᠦᠩᠭᠡ ᠶᠢᠨ ᠰᠣᠯᠢᠯᠴᠠᠭ᠎ᠠ ᠬᠢᠬᠦ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠰᠣᠯᠢᠯᠴᠠᠭ᠎ᠠ ᠡᠷᠬᠢᠯᠡᠬᠦ ᠶᠢ ᠨᠢ ᠬᠢᠵᠠᠭᠠᠷᠯᠠᠨ᠎ᠠ᠃ ︵ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠨ᠎ᠠ︶     16.ᠣᠷᠤᠭ ᠤᠨ ᠳᠠᠩᠰᠠᠯᠠᠯᠲᠠ ᠶᠢᠨ ᠢᠳᠡᠬᠡᠯ ᠠᠯᠳᠠᠭᠰᠠᠨ ᠦᠢᠯᠡ ᠠᠵᠢᠯᠯᠠᠭ᠎ᠠ ᠶᠢᠨ ᠲᠣᠬᠠᠢ ᠮᠡᠳᠡᠭᠡ ᠵᠠᠩᠬᠢ  ᠶᠢ ᠨᠡᠶᠢᠲᠡᠯᠡᠨ᠎ᠡ᠃ ᠨᠡᠶᠢᠬᠡᠮ ᠤᠨ ᠵᠣᠬᠢᠶᠠᠨ ᠪᠠᠶᠢᠭᠤᠯᠣᠯᠲᠠ ᠪᠠᠶᠢᠭᠤᠯᠬᠤ ᠶᠢ ᠬᠢᠵᠠᠭᠠᠷᠯᠠᠵᠣ᠂ ᠵᠠᠰᠠᠭ ᠤᠨ ᠣᠷᠳᠣᠨ  ᠤ ᠨᠦᠬᠦᠪᠦᠷᠢ ᠶᠢ ᠣᠯᠬᠤ ᠶᠢ ᠬᠢᠵᠠᠭᠠᠷᠯᠠᠵᠣ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠣᠨ ᠠᠪᠬᠤ ᠳᠤ ᠣᠷᠣᠯᠴᠠᠬᠤ ᠶᠢ ᠬᠢᠵᠠᠭᠠᠷᠯᠠᠵᠣ᠂ ᠨᠡᠶᠢᠬᠡᠮ ᠤᠨ ᠵᠣᠬᠢᠶᠠᠨ ᠪᠠᠶᠢᠭᠤᠯᠣᠯᠲᠠ ᠶᠢᠨ ᠬᠠᠷᠢᠭᠤᠴᠠᠯᠭᠠᠳᠠᠨ ᠤ ᠡᠬᠦᠷᠭᠡ ᠶᠢ ᠡᠬᠦᠷᠭᠡᠯᠡᠬᠦ ᠶᠢ ᠬᠢᠵᠠᠭᠠᠷᠯᠠᠨ᠎ᠠ᠃ ︵ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠬᠠᠷᠢᠭᠤᠴᠠᠨ᠎ᠠ︶     17. ᠪᠣᠰᠣᠳ ᠬᠦᠷᠢᠶ᠎ᠡ ᠴᠠᠷᠠᠭ᠎ᠠ ᠶᠢᠨ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠨᠡᠶᠢᠲᠡᠯᠡᠨ᠎ᠡ᠃ ᠳᠡᠬᠡᠷ᠎ᠡ ᠲᠣᠭᠠᠴᠢᠭᠰᠠᠨ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠨᠡᠶᠢᠲᠡᠯᠡᠬᠦ ᠠᠴᠠ ᠭᠠᠳᠠᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ  ᠤᠳ ᠠᠵᠢᠯ ᠲᠦᠷᠦᠯ ᠤᠨ ᠢᠶᠠᠨ ᠬᠠᠣᠯᠢ ᠴᠠᠭᠠᠵᠠ ᠬᠠᠣᠯᠢ ᠲᠣᠭᠲᠠᠭᠠᠯ ᠶᠣᠰᠣᠭᠠᠷ ᠨᠡᠶᠢᠲᠡᠯᠡᠪᠡᠯ ᠵᠣᠬᠢᠨ᠎ᠠ ᠬᠡᠵᠦ ᠦᠵᠡᠵᠦ ᠪᠠᠶᠢᠭ᠎ᠠ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠨᠡᠶᠢᠲᠡᠯᠡᠬᠦ ᠬᠡᠷᠡᠭᠲᠡᠢ᠃ ︵ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠣᠯᠭ᠎ᠠ ᠨᠢᠬᠡᠴᠡ ᠶᠢᠨ ᠬᠠᠷᠢᠭᠤᠴᠠᠯᠭᠠᠳᠠᠨ︶     ᠵᠢᠷᠭᠤᠭ᠎ᠠ᠂ ᠬᠠᠮᠳᠣᠷᠠᠨ ᠬᠦᠬᠢᠬᠦᠯᠬᠦ ᠵᠠᠯᠬᠠᠭᠠᠬᠤ     ︵ ᠠᠷᠪᠠᠨ ᠬᠤᠶᠠᠷ︶ ᠢᠳᠡᠬᠡᠮᠵᠢᠲᠡᠢ ᠭᠤᠣᠯ ᠴᠣᠭᠴᠠ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠠᠷᠭ᠎ᠠ ᠬᠡᠮᠵᠢᠶ᠎ᠡ ᠳᠤ ᠪᠠᠭᠳᠠᠬᠤ ᠨᠢ ︵ ᠬᠢᠵᠠᠭᠠᠷᠯᠠᠬᠤ ᠦᠭᠡᠢ︶᠄     1. ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠤᠳ ᠠᠵᠢᠯ ᠲᠦᠷᠦᠯ ᠤᠨ  ᠢᠶᠠᠨ ᠬᠠᠮᠢᠶ᠎ᠠ ᠪᠦᠬᠦᠢ ᠲᠣᠭᠲᠠᠭᠠᠯ᠂ ᠡᠬᠦᠷᠬᠡ ᠴᠢᠳᠠᠪᠬᠢ ᠪᠠ ᠡᠷᠬᠡ ᠶᠢᠨ ᠬᠢᠵᠠᠭᠠᠷ ᠢᠶᠠᠨ ᠦᠨᠳᠦᠰᠦᠯᠡᠨ᠂ ᠴᠢᠭᠯᠡᠯᠲᠦ ᠴᠢᠨᠠᠷ᠂ ᠠᠵᠢᠯᠯᠠᠭᠤᠯᠵᠣ ᠪᠣᠯᠬᠤ ᠴᠢᠨᠠᠷ ᠢᠶᠠᠷ ᠴᠢᠩᠭ᠎ᠠ ᠣᠷᠮᠠᠰᠢᠭᠤᠯᠣᠨ ᠬᠦᠬᠢᠬᠦᠯᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ ᠢᠳᠡᠬᠡᠮᠵᠢᠲᠡᠢ ᠬᠦᠮᠦᠨ ᠵᠢᠴᠢ ᠠᠵᠣ ᠠᠬᠤᠶᠢᠯᠠᠯ ᠢ ᠣᠶᠣᠨ ᠰᠠᠨᠠᠭ᠎ᠠ ᠪᠠ ᠡᠳ᠋ ᠪᠣᠳᠠᠰ ᠢᠶᠠᠷ ᠬᠦᠬᠢᠬᠦᠯᠦᠨ ᠰᠠᠶᠢᠰᠢᠶᠠᠵᠣ᠂ ᠡᠬᠦᠨ ᠤ ᠬᠠᠮᠳᠣ ᠣᠷᠣᠨ ᠰᠠᠭᠤᠴᠠ᠂ ᠨᠠᠰᠣᠳᠠᠨ ᠢ ᠠᠰᠠᠷᠠᠬᠤ᠂ ᠠᠵᠢᠯ ᠣᠯᠭᠤᠯᠲᠠ᠂ ᠰᠣᠷᠭᠠᠨ ᠬᠦᠮᠦᠵᠢᠯ ᠪᠠ ᠭᠠᠳᠠᠭᠰᠢ ᠭᠠᠷᠬᠤ ᠳᠤ ᠪᠢᠯᠧᠲ ᠠᠪᠬᠤ ᠵᠡᠷᠭᠡ ᠲᠠᠯ᠎ᠠ ᠪᠠᠷ ᠣᠷᠢᠳᠠᠪᠡᠷ ᠳᠦᠬᠦᠮ ᠨᠦᠬᠦᠴᠡᠯ ᠬᠠᠩᠭᠠᠬᠤ ᠪᠣᠯᠣᠨ᠎ᠠ᠃    2. ᠢᠳᠡᠬᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠣᠯᠲᠠ᠂ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠣ ᠠᠬᠤᠢ ᠮᠡᠳᠡᠭᠡ ᠵᠠᠩᠬᠢᠵᠢᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ᠂ ᠬᠤᠳᠠᠯᠳᠣᠭᠠᠨ ᠤ ᠶᠠᠪᠣᠳᠠᠯ᠂ ᠭᠠᠶᠢᠯᠢ ᠶᠢᠨ ᠶᠠᠪᠣᠳᠠᠯ᠂ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠣᠯᠲᠠ᠂ ᠪᠠᠩᠬᠢ ᠪᠠ ᠰᠢᠬᠦᠬᠦ ᠬᠤᠷᠢᠶ᠎ᠠ ᠵᠡᠷᠭᠡ ᠰᠠᠯᠠᠭ᠎ᠠ ᠮᠦᠴᠢᠷ ︵ᠪᠠᠶᠢᠭᠤᠯᠣᠯᠭ᠎ᠠ ᠨᠢᠬᠡᠴᠡ︶  ᠤᠳ ᠵᠠᠬ᠎ᠠ ᠳᠡᠯᠭᠡᠭᠦᠷ ᠲᠤ ᠬᠢᠨᠠᠨ ᠬᠠᠮᠢᠶᠠᠷᠣᠯᠲᠠ ᠬᠢᠬᠦ ᠪᠠ ᠣᠯᠠᠨ ᠨᠡᠶᠢᠲᠡ ᠳᠤ ᠦᠢᠯᠡᠴᠢᠯᠡᠬᠡᠨ ᠬᠠᠩᠭᠠᠬᠤ ᠳᠠᠭᠠᠨ᠂ ᠢᠳᠡᠬᠡᠮᠵᠢ ᠶᠢᠨ ᠮᠡᠳᠡᠭᠡ ᠵᠠᠩᠬᠢ ᠪᠠ ᠢᠳᠡᠬᠡᠮᠵᠢᠲᠦ ᠦᠢᠯᠡᠳᠬᠡᠬᠦᠨ ᠢ ᠬᠡᠷᠡᠭᠯᠡᠬᠦ ᠶᠢ ᠴᠢᠩᠭᠠᠳᠬᠠᠵᠣ᠂ ᠦᠨᠡᠨᠴᠢ ᠢᠳᠡᠬᠡᠮᠵᠢ ᠲᠠᠢ ᠶᠠᠪᠣᠭᠰᠠᠳ ᠢ ᠣᠷᠢᠳᠠᠪᠡᠷ ᠪᠣᠳᠣᠯᠬᠢᠯᠠᠬᠤ ᠵᠡᠷᠭᠡ ︽ᠡᠷᠡᠰ ᠰᠢᠭᠤᠷᠬᠠᠢ ᠠᠷᠭ᠎ᠠ ᠵᠠᠮ︾ ᠢᠶᠠᠷ ᠳᠠᠮᠵᠢᠵᠣ ᠣᠷᠮᠠᠰᠢᠭᠤᠯᠣᠨ ᠬᠦᠬᠢᠬᠦᠯᠬᠦ ᠶᠢ ᠬᠡᠷᠡᠭᠵᠢᠬᠦᠯᠵᠦ᠂ ᠪᠡᠯᠡ ᠮᠦᠩᠬᠦ᠂ ᠲᠦᠷᠦ ᠶᠢᠨ ᠪᠣᠳᠣᠯᠭ᠎ᠠ ᠪᠠ ᠭᠠᠶᠢᠯᠢ ᠲᠠᠲᠠᠪᠣᠷᠢ ᠵᠡᠷᠭᠡ ᠲᠠᠯ᠎ᠠ ᠪᠠᠷ ᠳᠡᠮᠵᠢᠯᠬᠡ ᠦᠵᠡᠬᠦᠯᠬᠦ ᠬᠡᠷᠡᠭᠲᠡᠢ᠃    3. ᠵᠠᠬ᠎ᠠ ᠳᠡᠯᠭᠡᠭᠦᠷ ᠲᠤ ᠣᠷᠣᠬᠤ ᠶᠢ ᠵᠦᠪᠰᠢᠶᠡᠷᠡᠬᠦ᠂ ᠬᠢᠷᠢ ᠴᠢᠨᠠᠷ ᠢ ᠮᠠᠭᠠᠳᠯᠠᠨ ᠲᠣᠭᠲᠠᠭᠠᠬᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠲᠦᠷᠦ ᠶᠢᠨ ᠪᠣᠳᠣᠯᠭ᠎ᠠ ᠪᠠᠷ ᠳᠡᠳᠬᠦᠬᠦ ᠵᠡᠷᠭᠡ ᠲᠠᠯ᠎ᠠ ᠪᠠᠷ ᠢᠳᠡᠬᠡᠮᠵᠢ ᠶᠢ ᠲᠦᠷᠦᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠬᠦᠯᠵᠦ᠂ ᠬᠢᠨᠠᠨ ᠬᠠᠮᠢᠶᠠᠷᠬᠤ ᠡᠳᠡᠬᠡᠳ ᠤᠨ ᠢᠳᠡᠬᠡᠮᠵᠢ ᠶᠢᠨ ᠲᠦᠷᠦᠯ ᠢᠯᠭᠠᠯ ᠲᠠᠢ ᠨᠢ ᠣᠶᠠᠯᠳᠣᠭᠤᠯᠵᠣ ᠪᠠᠶᠢᠭᠠᠳ᠂ ᠢᠳᠡᠬᠡᠮᠵᠢᠲᠡᠢ ᠭᠤᠣᠯ ᠴᠣᠭᠴᠠ ᠶᠢ ᠣᠷᠮᠠᠰᠢᠭᠤᠯᠣᠨ ᠬᠦᠬᠢᠬᠦᠯᠦᠨ᠎ᠡ᠃    4. ᠢᠳᠡᠬᠡᠮᠵᠢ ᠲᠠᠢ ᠠᠵᠣ ᠠᠬᠤᠶᠢᠯᠠᠯ ᠢ ᠬᠡᠷ᠎ᠡ ᠪᠠᠨ ᠵᠢᠷᠣᠮᠯᠠᠬᠤ᠂ ᠢᠳᠡᠬᠡᠮᠵᠢ ᠶᠢ ᠡᠷᠬᠢᠮᠯᠡᠬᠦ ᠨᠢᠬᠡᠴᠡ ᠳᠤ ᠵᠢᠬᠰᠠᠭᠠᠵᠣ᠂ ᠬᠠᠮᠢᠶ᠎ᠠ ᠪᠦᠬᠦᠢ ᠬᠠᠪᠰᠣᠷᠣᠨ ᠲᠡᠳᠬᠦᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠬᠡᠨ᠎ᠡ᠃    5. ᠢᠳᠡᠬᠡᠮᠵᠢ ᠶᠢᠨ ᠮᠡᠳᠡᠭᠡ ᠵᠠᠩᠬᠢ ᠶᠢ ᠰᠣᠯᠢᠯᠴᠠᠬᠤ ᠬᠠᠮᠳᠣᠪᠡᠷ ᠡᠳ᠋ᠯᠡᠬᠦ ᠪᠠᠷ ᠳᠠᠮᠵᠢᠭᠤᠯᠣᠨ᠂ ᠣᠯᠠᠨ ᠰᠠᠯᠠᠭ᠎ᠠ ᠮᠦᠴᠢᠷ ᠤᠳ ᠤᠨ ᠢᠳᠡᠬᠡᠮᠵᠢᠲᠡᠢ ᠶᠢ ᠰᠠᠶᠢᠰᠢᠶᠠᠨ ᠬᠦᠬᠢᠬᠦᠯᠬᠦ ᠬᠠᠮᠳᠣᠷᠠᠨ ᠬᠦᠳᠡᠯᠦᠯᠴᠡᠬᠦ ᠶᠢ ᠪᠡᠶᠡᠯᠡᠬᠦᠯᠵᠦ ᠂ ᠢᠳᠡᠬᠡᠮᠵᠢᠲᠡᠢ ᠡᠳᠡᠬᠡᠳ ᠲᠤ ᠭᠠᠵᠠᠷ ᠪᠣᠯᠭᠠᠨ ᠳᠤ ᠳᠦᠬᠦᠮ ᠨᠦᠬᠦᠴᠡᠯ ᠬᠠᠩᠭᠠᠨ᠎ᠠ᠃    ︵ᠠᠷᠪᠠᠨ ᠭᠤᠷᠪᠠ︶ ᠢᠳᠡᠬᠡᠯ ᠢᠶᠠᠨ ᠬᠦᠨᠳᠦ ᠨᠣᠴᠢᠲᠠᠢ ᠠᠯᠳᠠᠭᠰᠠᠨ ᠭᠤᠣᠯ ᠴᠣᠭᠴᠠ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠳᠤ ᠪᠠᠭᠲᠠᠭᠠᠬᠤ ᠨᠢ ︵ ᠬᠢᠵᠠᠭᠠᠷᠯᠠᠬᠤ ᠦᠭᠡᠢ︶    1. ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠲᠦᠷᠦᠯ ᠵᠦᠢᠯ ᠢ ᠭᠤᠶᠣᠴᠢᠯᠠᠬᠤ᠂ ᠳᠠᠭᠠᠭᠠᠴᠢᠯᠠᠯᠲᠠ ᠵᠠᠷᠯᠠᠬᠤ ᠶᠢ ᠬᠢᠨᠠᠨ ᠵᠦᠪᠰᠢᠶᠡᠷᠡᠬᠦ᠂ ᠭᠠᠵᠠᠷ ᠬᠡᠷᠡᠭᠯᠡᠬᠦ ᠶᠢ ᠣᠷᠢᠣᠴᠢᠯᠠᠨ ᠬᠢᠨᠠᠬᠤ᠂ ᠣᠷᠴᠢᠨ ᠲᠣᠭᠤᠷᠢᠨ ᠤ ᠨᠦᠯᠦᠬᠡᠯᠡᠯ ᠢ ᠦᠨᠡᠯᠡᠬᠦ᠂ ᠠᠶᠣᠯᠬᠦᠢ ᠦᠢᠯᠡᠳᠪᠦᠷᠢᠯᠡᠯ ᠬᠢᠬᠦ ᠶᠢ ᠵᠦᠪᠰᠢᠶᠡᠷᠡᠬᠦ ᠵᠡᠷᠭᠡ ᠪᠣᠭᠤᠮᠳᠠ ᠶᠢ ᠴᠢᠩᠭ᠎ᠠ ᠬᠢᠵᠠᠭᠠᠷᠯᠠᠨ᠎ᠠ︔     2. ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠲᠣᠬᠢᠷᠠᠭᠤᠯᠵᠣ ᠦᠭᠬᠦ ᠦᠭᠡᠢ︔     3. ᠵᠠᠰᠠᠭ ᠤᠨ ᠣᠷᠳᠣᠨ ᠤ ᠪᠡᠯᠡ ᠣᠷᠣᠭᠤᠯᠣᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ᠂ ᠡᠮ ᠡᠮᠨᠡᠯᠬᠡ ᠶᠢᠨ ᠬᠤᠳᠠᠯᠳᠣᠨ ᠠᠪᠣᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠢᠵᠠᠭᠠᠷ ᠲᠠᠢ ᠡᠬᠢ ᠪᠠᠶᠠᠯᠢᠭ ᠤᠨ ᠨᠡᠬᠡᠬᠡᠨ ᠠᠰᠢᠭᠯᠠᠯᠲᠠ ᠵᠡᠷᠭᠡ ᠳᠤ ᠣᠷᠣᠯᠴᠠᠬᠤ ᠶᠢ ᠬᠢᠵᠠᠭᠠᠷᠯᠠᠨ᠎ᠠ᠃     4. ᠬᠢᠷᠢ ᠴᠢᠨᠠᠷ᠂ ᠬᠢᠷᠢ ᠬᠡᠮ᠂ ᠵᠦᠪᠰᠢᠶᠡᠷᠡᠭᠰᠡᠨ ᠪᠠᠲᠣᠯᠠᠪᠣᠷᠢ ᠶᠢᠨ ᠪᠢᠴᠢᠭ ᠵᠡᠷᠭᠡ ᠶᠢ ᠰᠢᠯᠭᠠᠨ ᠲᠣᠭᠲᠠᠭᠠᠬᠤ᠂ ᠭᠤᠶᠣᠴᠢᠯᠠᠬᠤ᠂ ᠬᠡᠷᠡᠴᠢ ᠦᠨᠡᠮᠯᠡᠯ ᠢ ᠨᠢ ᠰᠢᠯᠭᠠᠨ ᠪᠠᠶᠢᠴᠠᠭᠠᠬᠤ ᠣᠨ ᠤ ᠪᠠᠶᠢᠴᠠᠭᠠᠯᠲᠠ ᠬᠢᠬᠦ ᠶᠢ ᠴᠢᠩᠭ᠎ᠠ ᠬᠢᠵᠠᠭᠠᠷᠯᠠᠨ᠎ᠠ᠃     5. ᠡᠳᠦᠷ ᠲᠣᠳᠣᠮ ᠤᠨ ᠬᠢᠨᠠᠨ ᠬᠠᠮᠢᠶᠠᠷᠣᠯᠲᠠ ᠳᠤ ᠬᠢᠨᠠᠯᠲᠠ ᠲᠠᠯᠪᠢᠵᠣ ᠪᠠᠶᠢᠴᠠᠭᠠᠬᠤ ᠪᠣᠶᠣ ᠰᠣᠭᠤᠴᠠᠨ ᠪᠠᠶᠢᠴᠠᠭᠠᠬᠤ ᠶᠢᠨ ᠭᠤᠣᠯᠳᠠᠯᠭ᠎ᠠ ᠪᠣᠯᠭᠠᠨ᠎ᠠ᠃     6. ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠡᠬᠦᠨ ᠤ ᠵᠠᠬ᠎ᠠ ᠳᠤ ᠭᠠᠷᠴᠣ ᠪᠡᠯᠡ ᠲᠣᠬᠢᠷᠠᠭᠤᠯᠬᠤ᠂ ᠵᠢᠬᠡᠯᠡᠯᠬᠡ ᠶᠢᠨ ᠳᠡᠮᠳᠡᠭᠲᠦ ᠲᠠᠷᠬᠠᠭᠠᠬᠤ ᠵᠡᠷᠭᠡ ᠶᠢ ᠬᠢᠵᠠᠭᠠᠷᠯᠠᠨ᠎ᠠ᠃    7. ᠬᠤᠪᠢ ᠣᠷᠣᠭᠤᠯᠬᠤ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢ ᠬᠤᠷᠢᠭᠯᠠᠵᠣ᠂ ᠲᠡᠬᠦᠨ ᠤ ᠪᠠᠭ᠎ᠠ ᠲᠣᠭᠠᠨ ᠤ ᠵᠢᠬᠡᠯᠡᠯᠬᠡ ᠶᠢᠨ ᠺᠣᠮᠫᠠᠨᠢ᠂ ᠬᠦᠢᠯᠬᠡᠬᠡᠨ ᠤ ᠪᠡᠯᠡ ᠮᠦᠩᠬᠦ ᠶᠢ ᠳᠠᠭᠠᠭᠠᠨ ᠪᠠᠲᠣᠯᠠᠬᠤ ᠺᠣᠮᠫᠠᠨᠢ ᠵᠡᠷᠭᠡ ᠮᠦᠩᠬᠦᠨ ᠬᠦᠢᠯᠬᠡᠬᠡᠨ ᠤ ᠲᠦᠷᠦᠯ ᠤᠨ ᠲᠣᠬᠠᠶᠢᠯᠠᠭᠰᠠᠨ ᠠᠵᠢᠯ ᠪᠦᠬᠦᠢ ᠪᠠᠶᠢᠭᠤᠯᠣᠮᠵᠢ ᠪᠠᠶᠢᠭᠤᠯᠬᠤ ᠶᠢ ᠵᠦᠪᠰᠢᠶᠡᠷᠡᠬᠦ ᠦᠭᠡᠢ᠃     8. ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠣᠮᠵᠢ ᠨᠢ ᠠᠶᠣᠯ ᠲᠦᠭᠰᠢᠬᠦᠷᠢ ᠶᠢᠨ ᠦᠪᠡᠷ  ᠤᠨ ᠦᠷᠳᠡᠭ ᠤᠨ ᠵᠦᠷᠢᠶ᠎ᠡ ᠪᠠᠷ ᠦᠨ᠎ᠡ ᠲᠣᠭᠲᠠᠭᠠᠬᠤ ᠵᠠᠷᠴᠢᠮ ᠶᠣᠰᠣᠭᠠᠷ᠂ ᠵᠢᠭᠡᠯᠡᠯᠭᠡ ᠶᠢᠨ ᠬᠦᠦ ᠶᠢᠨ ᠨᠣᠷᠮ᠎ᠠ  ᠪᠠᠨ ᠳᠡᠭᠡᠭᠰᠢᠯᠡᠬᠦᠯᠬᠦ ᠪᠣᠶᠣ ᠵᠢᠬᠡᠯᠡᠯᠬᠡ ᠲᠠᠯᠪᠢᠬᠤ ᠶᠢ ᠵᠦᠪᠰᠢᠶᠡᠷᠡᠬᠦ ᠦᠭᠡᠢ᠃     9. ᠳᠠᠭᠠᠳᠬᠠᠯ ᠡᠷᠬᠢᠯᠡᠬᠦ ᠪᠠᠶᠢᠭᠤᠯᠣᠮᠵᠢ ᠨᠢ ᠳᠠᠭᠠᠳᠬᠠᠯ ᠬᠠᠷᠢᠭᠤᠴᠠᠬᠤ ᠨᠦᠬᠦᠴᠡᠯ ᠢᠶᠠᠨ ᠳᠡᠭᠡᠭᠰᠢᠯᠡᠬᠦᠯᠬᠦ ᠪᠣᠶᠣ ᠬᠠᠣᠯᠢ ᠶᠣᠰᠣᠭᠠᠷ ᠳᠠᠭᠠᠳᠬᠠᠯ ᠤᠨ ᠦᠢᠯᠡᠴᠢᠯᠡᠭᠡ ᠬᠠᠩᠭᠠᠬᠤ ᠦᠬᠡᠢ︔    10. ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ ᠪᠣᠶᠣ ᠳᠡᠭᠡᠳᠦ ᠳᠡᠰ ᠤᠨ ᠬᠠᠷᠢᠭᠤᠴᠠᠯᠭᠠᠳᠠᠨ ᠤ ᠲᠡᠷᠢᠬᠦᠨ  ᠤ ᠪᠠ ᠰᠢᠯᠢᠳᠡᠭ ᠢᠶᠠᠷ ᠦᠨᠡᠯᠡᠭᠳᠡᠬᠦ ᠬᠢᠷᠢ ᠬᠡᠮ ᠢ ᠨᠢ ᠬᠠᠰᠣᠵᠣ᠂ ᠳᠡᠬᠦᠨ ᠤ ᠠᠵᠢᠯ ᠡᠷᠬᠢᠯᠡᠬᠦ ᠶᠢ ᠨᠢ ᠬᠠᠣᠯᠢ ᠶᠣᠰᠣᠭᠠᠷ ᠲᠦᠷ ᠵᠣᠭᠰᠣᠭᠠᠵᠣ᠂ ᠲᠡᠬᠦᠨ ᠤ ᠪᠣᠰᠣᠳ ᠺᠣᠮᠫᠠᠨᠢ ᠶᠢᠨ ᠬᠡᠷᠡᠭ ᠮᠡᠳᠡᠭᠴᠢ᠂ ᠬᠡᠷᠡᠭ ᠬᠢᠨᠠᠬᠴᠢ᠂ ᠳᠡᠬᠡᠳᠦ ᠳᠡᠰ ᠤᠨ ᠬᠠᠮᠢᠶᠠᠷᠣᠭᠴᠢ ᠶᠢᠨ ᠲᠣᠰᠢᠶᠠᠯ ᠡᠭᠦᠷᠭᠡᠯᠡᠬᠦ ᠶᠢ ᠬᠢᠵᠠᠭᠠᠷᠯᠠᠵᠣ᠂ ᠠᠵᠣ ᠠᠬᠤᠶᠢᠯᠠᠯ᠂ ᠠᠵᠢᠯ ᠦᠢᠯᠡᠰ ᠤᠨ ᠪᠠᠶᠢᠭᠤᠯᠣᠯᠭ᠎ᠠ ᠨᠢᠬᠡᠴᠡ ᠶᠢᠨ ᠣᠳᠣᠷᠢᠳᠣᠯᠭ᠎ᠠ ᠶᠢᠨ ᠲᠣᠰᠢᠶᠠᠯ ᠢ ᠡᠬᠦᠷᠬᠡᠯᠡᠬᠦᠯᠬᠦ ᠦᠭᠡᠢ︔    11. ᠬᠠᠮᠢᠶ᠎ᠠ ᠪᠦᠬᠦᠢ ᠢᠷᠠᠭᠤ ᠠᠯᠳᠠᠷ ᠤᠨ ᠴᠣᠯᠠ ᠶᠢ ᠨᠢ ᠬᠦᠴᠦᠨ ᠦᠭᠡᠢ ᠪᠣᠯᠭᠠᠵᠣ᠂ ᠲᠡᠷᠢᠬᠦᠨ ᠤ ᠪᠠ ᠰᠢᠯᠢᠳᠡᠭ ᠢᠶᠠᠷ ᠦᠨᠡᠯᠡᠬᠦ ᠳᠤ ᠣᠷᠣᠯᠴᠠᠭᠤᠯᠬᠤ ᠦᠭᠡᠢ︔    12. ᠢᠳᠡᠬᠡᠮᠵᠢ ᠶᠢᠨ ᠮᠡᠳᠡᠭᠡ ᠵᠠᠩᠬᠢ ᠴᠣᠭᠯᠠᠭᠤᠯᠬᠤ ᠪᠠᠶᠢᠭᠤᠯᠣᠮᠵᠢ ᠶᠢᠨ ᠠᠯᠪᠠᠨ ᠤ ᠲᠠᠯ᠎ᠠ ᠶᠢᠨ ᠰᠦᠯᠵᠢᠶᠡᠨ ᠦᠷᠳᠡᠭᠡ ᠳᠤ 3 ᠵᠢᠯ ᠢᠯᠡ ᠪᠠᠷ ᠨᠡᠶᠢᠲᠡᠯᠡᠵᠦ᠂ ᠨᠡᠶᠢᠲᠡᠯᠢᠭ ᠬᠡᠷᠡᠭ ᠢ ᠬᠠᠮᠢᠶ᠎ᠠ ᠪᠦᠬᠦᠢ ᠵᠠᠭᠤᠴᠢᠯᠠᠭᠤᠷ ᠳᠡᠭᠡᠷ᠎ᠡ ᠢᠯᠡᠴᠢᠯᠡᠨ᠎ᠡ︔    13. ᠬᠠᠣᠯᠢ ᠴᠠᠭᠠᠵᠠ ᠬᠠᠣᠯᠢ ᠲᠣᠭᠲᠠᠭᠠᠯ ᠵᠡᠷᠭᠡ ᠶᠢᠨ ᠲᠣᠭᠲᠠᠭᠠᠯ ᠳᠤ ᠬᠡᠷᠡᠭᠵᠢᠬᠦᠯᠵᠦ ᠪᠣᠯᠣᠨ᠎ᠠ ᠬᠡᠵᠦ ᠲᠣᠭᠲᠠᠭᠰᠠᠨ ᠪᠣᠰᠣᠳ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ᠃    ︵ᠠᠷᠪᠠᠨ ᠳᠦᠷᠪᠡ︶ ᠨᠡᠶᠢᠬᠡᠮ ᠤᠨ ᠬᠦᠴᠦᠨ ᠢ ᠵᠣᠷᠢᠭᠵᠢᠭᠤᠯᠣᠨ ᠢᠳᠡᠬᠡᠮᠵᠢ ᠶᠢᠨ ᠬᠠᠮᠳᠣᠷᠠᠨ ᠣᠷᠮᠠᠰᠢᠭᠤᠯᠣᠨ ᠬᠦᠬᠢᠬᠦᠯᠬᠦ ᠬᠠᠮᠳᠣᠷᠠᠨ ᠵᠠᠯᠬᠠᠭᠠᠨ ᠴᠡᠭᠡᠷᠯᠡᠬᠦᠯᠬᠦ ᠳᠤ ᠣᠷᠣᠯᠴᠠᠭᠤᠯᠣᠨ᠎ᠠ᠃ ᠬᠤᠰᠢᠭᠤᠨ ᠤ ᠵᠠᠰᠠᠭ  ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ ᠲᠣᠰᠬᠠᠢ ᠪᠣᠯᠣᠩ︾ ᠳᠤ ᠲᠦᠰᠢᠭᠯᠡᠨ᠂ ᠬᠠᠮᠳᠣᠷᠠᠨ ᠣᠷᠮᠠᠰᠢᠭᠤᠯᠣᠨ ᠬᠦᠬᠢᠬᠦᠯᠬᠦ ᠬᠠᠮᠳᠣᠷᠠᠨ ᠵᠠᠯᠬᠠᠭᠠᠨ ᠴᠡᠭᠡᠷᠯᠡᠬᠦᠯᠬᠦ ᠢᠳᠡᠬᠡᠮᠵᠢ ᠶᠢᠨ ᠭᠤᠣᠯ ᠴᠣᠭᠴᠠ ᠶᠢᠨ ᠳ᠋ᠠᠶᠢᠲ᠋ᠠ ᠬᠦᠮᠦᠷᠭᠡ ᠶᠢ ᠪᠠᠶᠢᠭᠤᠯᠵᠣ᠂ ᠬᠠᠣᠯᠢ ᠲᠣᠭᠲᠠᠭᠠᠯ ᠶᠣᠰᠣᠭᠠᠷ ᠨᠡᠶᠢᠬᠡᠮ ᠤᠨ ᠵᠣᠬᠢᠶᠠᠨ ᠪᠠᠶᠢᠭᠤᠯᠣᠯᠲᠠ᠂ ᠠᠵᠢᠯ ᠲᠦᠷᠦᠯ ᠤᠨ ᠨᠡᠶᠢᠬᠡᠮᠯᠢᠭ ︵ᠬᠤᠳᠠᠯᠳᠣᠭᠠᠨ ᠤ ᠡᠪᠯᠡᠯ︶ ᠂ ᠢᠳᠡᠬᠡᠮᠵᠢᠲᠦ ᠦᠢᠯᠡᠴᠢᠯᠡᠬᠡᠨ ᠤ ᠪᠠᠶᠢᠭᠤᠯᠣᠮᠵᠢ᠂ ᠮᠦᠩᠬᠦᠨ ᠬᠦᠢᠯᠬᠡᠬᠡᠨ ᠤ ᠪᠠᠶᠢᠭᠤᠯᠣᠮᠵᠢ᠂ ᠣᠨᠴᠠ ᠲᠣᠭᠲᠠᠭᠰᠠᠨ ᠮᠦᠩᠬᠦᠨ ᠬᠦᠢᠯᠬᠡᠬᠡᠨ ᠤ ᠪᠣᠰᠣ ᠪᠠᠶᠢᠭᠤᠯᠣᠮᠵᠢ᠂ ᠣᠯᠠᠨ ᠨᠡᠶᠢᠲᠡ ᠶᠢᠨ ᠦᠢᠯᠡᠴᠢᠯᠡᠬᠡᠨ ᠤ ᠪᠠᠶᠢᠭᠤᠯᠣᠮᠵᠢ ᠵᠢᠴᠢ ᠪᠣᠰᠣᠳ ᠠᠵᠣ ᠠᠬᠤᠶᠢᠯᠠᠯ ᠠᠵᠢᠯ ᠦᠢᠯᠡᠰ ᠤᠨ ᠪᠠᠶᠢᠭᠤᠯᠣᠯᠭ᠎ᠠ ᠨᠢᠬᠡᠴᠡ ᠳᠤ ᠬᠠᠮᠳᠣᠷᠠᠨ ᠣᠷᠮᠠᠰᠢᠭᠤᠯᠣᠨ ᠬᠦᠬᠢᠬᠦᠯᠬᠦ ᠬᠠᠮᠳᠣᠷᠠᠨ ᠵᠠᠯᠬᠠᠭᠠᠨ ᠴᠡᠭᠡᠷᠯᠡᠬᠦᠯᠬᠦ ᠢᠳᠡᠬᠡᠮᠵᠢ ᠶᠢᠨ ᠭᠤᠣᠯ ᠴᠣᠭᠴᠠ ᠶᠢᠨ ᠳ᠋ᠠᠶᠢᠲ᠋ᠠ ᠬᠦᠮᠦᠷᠭᠡ ᠶᠢᠨ ᠮᠡᠳᠡᠭᠡ ᠵᠠᠩᠬᠢ ᠶᠢ ᠬᠠᠩᠭᠠᠵᠣ᠂ ᠬᠠᠮᠳᠣᠪᠡᠷ ᠬᠡᠷᠡᠭᠯᠡᠬᠦ ᠶᠢ ᠪᠡᠶᠡᠯᠡᠬᠦᠯᠦᠨ᠎ᠡ᠃     ᠨᠡᠶᠢᠬᠡᠮ ᠤᠨ ᠡᠯ᠎ᠡ ᠪᠠᠶᠢᠭᠤᠯᠣᠮᠵᠢ ᠶᠢ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ  ᠶᠢ ᠪᠠᠶᠢᠴᠠᠭᠠᠨ ᠯᠠᠪᠯᠠᠵᠣ ᠬᠡᠷᠡᠭᠯᠡᠬᠦ ᠶᠢ ᠨᠢ ᠵᠣᠷᠢᠭᠵᠢᠭᠤᠯᠵᠣ᠂ ᠢᠳᠡᠬᠡᠮᠵᠢ ᠶᠢᠨ ︽ᠬᠠᠷ᠎ᠠ ᠳᠠᠩᠰᠠ︾ ᠳᠤ ᠣᠷᠣᠭᠤᠯᠣᠭᠰᠠᠨ ᠭᠤᠣᠯ ᠴᠣᠭᠴᠠ ᠶᠢ ᠵᠠᠬ᠎ᠠ ᠳᠡᠯᠭᠡᠭᠦᠷ ᠤᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠨᠡᠶᠢᠬᠡᠮ  ᠤᠨ ᠴᠢᠨᠠᠷᠲᠠᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠬᠦᠯᠵᠦ᠂ ᠢᠳᠡᠬᠡᠮᠵᠢ ᠶᠢᠨ ︽ᠣᠯᠠᠭᠠᠨ ᠳᠠᠩᠰᠠ︾ ᠳᠤ ᠣᠷᠣᠭᠤᠯᠣᠭᠰᠠᠨ ᠭᠤᠣᠯ ᠴᠣᠭᠴᠠ ᠳᠤ ︽ᠡᠷᠡᠰ ᠰᠢᠭᠤᠷᠬᠠᠢ ᠠᠷᠭ᠎ᠠ ᠵᠠᠮ︾ ᠢᠶᠠᠷ᠂ ᠣᠷᠢᠳᠠᠪᠡᠷ ᠳᠦᠬᠦᠮ ᠦᠵᠡᠬᠦᠯᠵᠦ᠂ ᠦᠨᠡᠨᠴᠢ ᠢᠳᠡᠬᠡᠮᠵᠢᠲᠡᠢ ᠠᠵᠣ ᠠᠬᠤᠶᠢᠯᠠᠯ ᠳᠠᠬᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠣᠯᠲᠠ ᠶᠢᠨ ᠲᠣᠬᠢᠷᠠᠭᠤᠯᠣᠯᠲᠠ ᠶᠢ ᠰᠢᠯᠢᠳᠡᠭᠵᠢᠬᠦᠯᠵᠦ᠂ ᠵᠠᠬ᠎ᠠ ᠳᠡᠯᠭᠡᠭᠦᠷ ᠲᠤ ᠰᠣᠯᠢᠯᠴᠠᠭ᠎ᠠ ᠬᠢᠬᠦ ᠦᠪᠡᠷ ᠤᠨ ᠦᠷᠳᠡᠭ ᠢ ᠨᠢ ᠪᠠᠭᠤᠷᠠᠭᠤᠯᠵᠣ᠂ ᠦᠨᠡᠨᠴᠢ ᠢᠳᠡᠬᠡᠮᠵᠢᠲᠡᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠷᠬᠡᠨ ᠢᠶᠠᠷ ᠲᠠᠨᠢᠯᠴᠠᠭᠤᠯᠵᠣ᠂ ᠵᠠᠬ᠎ᠠ ᠳᠡᠯᠭᠡᠭᠦᠷ ᠤᠨ ᠪᠠᠶᠢᠭᠤᠯᠣᠮᠵᠢ ᠶᠢ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ᠲᠤ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠬᠦᠬᠢᠬᠦᠯᠦᠭᠳᠡᠭᠰᠡᠨ ᠵᠠᠯᠬᠠᠭᠠᠭᠳᠠᠭᠰᠠᠨ ᠮᠡᠳᠡᠭᠡ ᠵᠠᠩᠬᠢ ᠶᠢ ᠴᠠᠭ ᠲᠣᠬᠠᠢ ᠳᠤᠨᠢ ᠬᠠᠷᠢᠭᠤ ᠲᠣᠰᠬᠠᠵᠣ᠂ ᠨᠡᠶᠢᠬᠡᠮ ᠳᠠᠶᠠᠭᠠᠷ ᠢᠶᠠᠨ ᠣᠷᠣᠯᠴᠠᠭᠰᠠᠨ ᠢᠳᠡᠬᠡᠮᠵᠢ ᠶᠢᠨ ᠬᠠᠮᠳᠣᠷᠠᠨ ᠣᠷᠮᠠᠰᠢᠭᠤᠯᠣᠨ ᠬᠦᠬᠢᠬᠦᠯᠬᠦ ᠵᠠᠯᠬᠠᠭᠠᠨ ᠴᠡᠭᠡᠷᠯᠡᠬᠦᠯᠬᠦ ᠲᠣᠭᠲᠠᠴᠠ ᠶᠢ ᠪᠠᠶᠢᠭᠤᠯᠣᠨ᠎ᠠ᠃     ᠳᠣᠯᠤᠭ᠎ᠠ᠂ ᠢᠳᠡᠬᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ     ︵ ᠠᠷᠪᠠᠨ ᠲᠠᠪᠤ︶ ᠢᠳᠡᠬᠡᠮᠵᠢ ᠶᠢ ᠰᠡᠷᠭᠦᠭᠡᠬᠦ    1. ᠢᠳᠡᠬᠡᠮᠵᠢ ᠶᠢ ᠰᠡᠷᠬᠦᠬᠡᠬᠦ ᠶᠠᠪᠣᠴᠠ ᠶᠢ ᠵᠢᠷᠣᠮᠵᠢᠭᠤᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠦᠴᠢᠷ ︵ᠨᠢᠬᠡᠴᠡ︶ ᠠᠴᠠ ᠢᠳᠡᠬᠡᠮᠵᠢ ᠶᠢᠨ ︽ᠬᠠᠷ᠎ᠠ ᠳᠠᠩᠰᠠ︾ ᠶᠢ ᠮᠠᠭᠠᠳᠯᠠᠨ ᠲᠣᠭᠲᠠᠭᠠᠬᠤ ᠦᠶ᠎ᠡ ᠳᠡᠭᠡᠨ᠂ ᠬᠠᠣᠯᠢ ᠴᠠᠭᠠᠵᠠ ᠬᠠᠣᠯᠢ ᠲᠣᠭᠲᠠᠭᠠᠯ ᠪᠣᠶᠣ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠡᠰᠢ ᠪᠠᠷᠢᠮᠲᠠ ᠪᠣᠯᠭᠠᠵᠣ ᠂ ᠢᠳᠡᠬᠡᠯ ᠠᠯᠳᠠᠭᠰᠠᠨ ᠦᠢᠯᠡ ᠠᠵᠢᠯᠯᠠᠭ᠎ᠠ ᠶᠢᠨ ᠬᠦᠨᠳᠦ ᠬᠦᠩᠬᠡᠨ ᠪᠠᠶᠢᠳᠠᠯ ᠢ ᠨᠢ ᠦᠵᠡᠵᠦ ᠪᠠᠶᠢᠭᠠᠳ᠂ ᠢᠳᠡᠬᠡᠮᠵᠢ ᠶᠢᠨ ︽ ᠬᠠᠷ᠎ᠠ ᠳᠠᠩᠰᠠ︾ ᠳᠤ ᠣᠷᠣᠭᠤᠯᠣᠭᠰᠠᠨ ᠭᠤᠣᠯ ᠴᠣᠭᠴᠠ ᠶᠢᠨ ᠢᠳᠡᠬᠡᠮᠵᠢ ᠢᠶᠠᠨ ᠰᠡᠷᠭᠦᠭᠡᠵᠦ ᠪᠣᠯᠬᠤ ᠡᠰᠡᠬᠦ ᠵᠢᠴᠢ ᠢᠳᠡᠬᠡᠮᠵᠢ ᠶᠢ ᠰᠡᠷᠭᠦᠭᠡᠭᠦ ᠬᠡᠯᠪᠡᠷᠢ ᠶᠢ ᠲᠣᠳᠣᠷᠬᠠᠶᠢᠯᠠᠨ᠎ᠠ᠃    2. ᠢᠳᠡᠬᠡᠮᠵᠢ ᠶᠢ ᠨᠢ ᠰᠡᠷᠭᠦᠭᠡᠵᠦ ᠪᠣᠯᠬᠤ ᠭᠤᠣᠯ ᠴᠣᠭᠴᠠ ᠨᠢ ᠬᠠᠮᠢᠶ᠎ᠠ ᠪᠦᠬᠦᠢ ᠡᠭᠦᠷᠭᠡ ᠪᠠᠨ ᠬᠦᠢᠴᠡᠳᠬᠡᠭᠰᠡᠨ ᠤ ᠳᠠᠷᠠᠭ᠎ᠠ᠂ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ ᠨᠢᠬᠡᠴᠡ︶ ᠳᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠣᠰᠢᠶᠠᠵᠣ ᠣᠬᠤᠷᠢᠨ ᠭᠠᠷᠬᠤ ᠭᠤᠶᠣᠴᠢᠯᠠᠯ ᠭᠠᠷᠭᠠᠨ᠎ᠠ︔ ᠢᠳᠡᠬᠡᠯ ᠠᠯᠳᠠᠭᠰᠠᠨ ᠪᠠᠶᠢᠳᠠᠯ ᠨᠢ ᠣᠨᠴᠠᠭᠠᠢ ᠬᠦᠨᠳᠦ ︽ᠬᠠᠷ᠎ᠠ ᠳᠠᠩᠰᠠ︾ ᠲᠤ ᠣᠷᠣᠭᠰᠠᠨ ᠭᠤᠣᠯ ᠴᠣᠭᠴᠠ ᠶᠢ ᠬᠠᠣᠯᠢ ᠴᠠᠭᠠᠵᠠ ᠬᠠᠣᠯᠢ ᠲᠣᠭᠲᠠᠭᠠᠯ ᠪᠣᠶᠣ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠡᠰᠢ ᠪᠠᠷᠢᠮᠳᠠ ᠪᠣᠯᠭᠠᠵᠣ ᠢᠳᠡᠬᠡᠯ ᠢᠶᠠᠨ ᠰᠡᠷᠭᠦᠭᠡᠵᠦ ᠦᠯᠦ ᠪᠣᠯᠬᠤ ᠪᠠᠷ ᠮᠠᠭᠠᠳᠯᠠᠨ ᠲᠣᠭᠲᠠᠭᠠᠨ᠎ᠠ᠃    3. ᠰᠡᠷᠭᠦᠭᠡᠬᠦ ᠬᠡᠯᠪᠡᠷᠢ᠃ ᠢᠳᠡᠬᠡᠮᠵᠢ ᠶᠢᠨ ᠭᠤᠣᠯ ᠴᠣᠭᠴᠠ ᠶᠢᠨ ᠪᠡᠶ᠎ᠡ ᠪᠠᠨ ᠳᠠᠭᠠᠭᠠᠵᠣ ᠢᠳᠡᠬᠡᠮᠵᠢ ᠪᠠᠨ ᠰᠡᠷᠭᠦᠭᠡᠬᠦ ᠶᠢ ᠨᠢ ᠵᠣᠷᠢᠭᠵᠢᠭᠤᠯᠣᠨ ᠳᠡᠮᠵᠢᠵᠦ᠂ ᠦᠪᠡᠷ ᠢᠶᠠᠨ ᠣᠰᠣᠯ ᠪᠣᠷᠣᠭᠤ ᠪᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠰᠢᠨᠡᠳᠬᠡᠬᠦ ᠳᠤ ᠠᠰᠢᠭ ᠲᠠᠢ ᠨᠡᠶᠢᠬᠡᠮ ᠤᠨ ᠵᠣᠷᠢᠭᠵᠢᠭᠤᠯᠬᠤ ᠪᠠ ᠬᠠᠯᠠᠮᠵᠢᠯᠠᠬᠤ ᠲᠣᠭᠲᠠᠴᠠ ᠶᠢ ᠪᠠᠶᠢᠭᠤᠯᠣᠨ᠎ᠠ᠃ ᠢᠳᠡᠬᠡᠮᠵᠢ ᠦᠭᠡᠢ ᠭᠤᠣᠯ ᠴᠣᠭᠴᠠ ᠶᠢ ᠵᠣᠷᠢᠭᠵᠢᠭᠤᠯᠣᠨ ᠢᠳᠡᠬᠡᠯ ᠠᠯᠳᠠᠭᠰᠠᠨ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ᠂ ᠮᠠᠭᠤ ᠨᠦᠯᠦᠭᠡ ᠪᠠᠨ ᠦᠭᠡᠶᠢᠰᠬᠡᠬᠦ᠂ ᠰᠠᠶᠢᠨ ᠳᠣᠷ᠎ᠠ ᠠᠴᠠ ᠪᠠᠨ ᠦᠢᠯᠡᠴᠢᠯᠡᠬᠦ ᠪᠣᠶᠣ ᠨᠢᠬᠦᠯᠡᠰᠦᠩᠬᠦᠢ ᠶᠢᠨ ᠲᠣᠰᠠᠯᠠᠨ ᠳᠡᠮᠵᠢᠬᠦ ᠠᠵᠢᠯᠯᠠᠭ᠎ᠠ ᠳᠤ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠣᠨ ᠢᠳᠡᠬᠡᠯ ᠬᠦᠨᠳᠦ ᠪᠠᠨ ᠰᠡᠷᠬᠦᠬᠡᠨ᠎ᠡ᠃    4. ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ᠪᠠᠶᠢᠭᠤᠯᠣᠯᠭ᠎ᠠ ᠨᠢᠬᠡᠴᠡ︶ ᠢᠳᠡᠬᠡᠮᠵᠢ ᠪᠠᠨ ᠰᠡᠷᠭᠦᠭᠡᠭᠰᠡᠨ ᠪᠠᠶᠢᠳᠠᠯ ᠢ ᠢᠳᠡᠬᠡᠮᠵᠢ ᠶᠢᠨ ︽ᠬᠠᠷ᠎ᠠ ᠳᠠᠩᠰᠠ︾ ᠠᠴᠠ ᠣᠬᠤᠷᠢᠨ ᠭᠠᠷᠭᠠᠬᠤ ᠴᠢᠬᠤᠯᠠ ᠯᠠᠪᠯᠠᠯᠲᠠ ᠪᠣᠯᠭᠠᠨ᠎ᠠ᠃ ᠢᠳᠡᠬᠡᠮᠵᠢ ᠪᠠᠨ ᠰᠡᠷᠭᠦᠭᠡᠭᠰᠡᠨ ᠤ ᠳᠠᠷᠠᠭ᠎ᠠ᠂ ᠢᠳᠡᠬᠡᠯ ᠠᠯᠳᠠᠭᠰᠠᠨ ᠢᠶᠠᠷ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ  ᠶᠢ ᠬᠦᠩᠭᠡᠷᠡᠭᠦᠯᠬᠦ ᠪᠣᠶᠣ ᠦᠬᠡᠶᠢᠰᠬᠡᠨ᠎ᠡ᠃     ︵ ᠠᠷᠪᠠᠨ ᠵᠢᠷᠭᠤᠭ᠎ᠠ︶ ᠣᠨᠳᠣᠣ ᠰᠠᠨᠠᠯ ᠢ ᠰᠢᠢᠳᠪᠦᠷᠢᠯᠡᠬᠦ    1. ᠢᠳᠡᠬᠡᠮᠵᠢ ᠶᠢᠨ ᠮᠡᠳᠡᠭᠡ ᠵᠠᠩᠬᠢ ᠶᠢᠨ ᠣᠨᠳᠣᠣ ᠰᠠᠨᠠᠯ ᠢ ᠢᠯᠡᠴᠢᠯᠡᠨ ᠵᠠᠯᠭᠠᠯᠳᠣᠬᠤ ᠳᠦᠷᠢᠮ ᠢ ᠪᠠᠶᠢᠭᠤᠯᠣᠨ ᠲᠡᠬᠦᠯᠳᠡᠷᠵᠢᠬᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠤᠳ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠦᠶ᠎ᠡ ᠳᠡᠭᠡᠨ᠂ ᠢᠳᠡᠬᠡᠮᠵᠢ ᠶᠢᠨ ᠭᠤᠣᠯ ᠴᠣᠭᠴᠠ ᠶᠢᠨ ᠲᠣᠬᠠᠢ ᠳᠣᠷᠠᠳᠣᠭᠰᠠᠨ ᠮᠡᠳᠡᠭᠡ ᠵᠠᠩᠬᠢ ᠨᠢ ᠪᠣᠳᠠᠳᠣ ᠶᠠᠪᠣᠳᠠᠯ ᠲᠠᠢ ᠪᠠᠨ ᠬᠠᠷᠢᠯᠴᠠᠨ ᠨᠡᠶᠢᠴᠡᠬᠦ ᠦᠭᠡᠢ᠂ ᠭᠤᠭᠤᠵᠢᠭᠳᠠᠭᠤᠯᠣᠭᠰᠠᠨ ᠪᠠ ᠠᠯᠳᠠᠭ᠎ᠠ ᠪᠣᠷᠣᠭᠤ ᠲᠠᠢ ᠪᠣᠶᠣ ᠬᠠᠣᠯᠢ ᠶᠣᠰᠣᠭᠠᠷ ᠨᠡᠶᠢᠲᠡᠯᠡᠬᠦ ᠦᠭᠡᠢ ᠪᠣᠯ ᠵᠣᠬᠢᠨ᠎ᠠ ᠬᠡᠵᠦ ᠣᠯᠵᠣ ᠮᠡᠳᠡᠬᠡᠳ ᠣᠨᠳᠣᠣ ᠰᠠᠨᠠᠯ ᠭᠠᠷᠭᠠᠭᠰᠠᠨ ᠪᠣᠶᠣ ᠵᠠᠯᠭᠠᠯᠳᠣᠭᠰᠠᠨ ᠪᠣᠯ᠂ ᠮᠡᠳᠡᠭᠡ ᠵᠠᠩᠬᠢ ᠬᠠᠩᠭᠠᠭᠰᠠᠨ ᠨᠢᠬᠡᠴᠡ ᠪᠠ ᠬᠤᠲᠠ ᠶᠢᠨ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠣᠯᠲᠠ  ᠶᠢᠨ ᠲᠦᠪ ᠲᠤ ᠴᠠᠭ ᠲᠣᠬᠠᠢ ᠳᠤᠨᠢ ᠮᠡᠳᠡᠭᠳᠡᠵᠦ᠂ ᠬᠤᠲᠠ ᠶᠢᠨ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ  ᠶᠢᠨ ᠬᠠᠮᠢᠶᠠᠷᠣᠯᠲᠠ ᠶᠢᠨ ᠲᠦᠪ ᠠᠴᠠ ᠬᠠᠮᠢᠶ᠎ᠠ ᠪᠦᠬᠦᠢ ᠮᠡᠳᠡᠭᠡ ᠵᠠᠩᠬᠢ ᠳᠤ ᠣᠨᠳᠣᠣ ᠰᠠᠨᠠᠯ ᠲᠠᠢ ᠬᠡᠰᠡᠨ ᠳᠡᠮᠳᠡᠭ ᠬᠠᠳᠠᠵᠣ᠂ ᠮᠡᠳᠡᠭᠡ ᠵᠠᠩᠬᠢ ᠬᠠᠩᠭᠠᠭᠰᠠᠨ ᠨᠢᠬᠡᠴᠡ ᠠᠴᠠ ᠲᠦᠷᠬᠡᠬᠡᠨ ᠬᠢᠨᠠᠨ ᠬᠠᠷᠭᠤᠭᠤᠯᠬᠤ ᠶᠢᠨ ᠬᠠᠮᠳᠣ ᠬᠢᠨᠠᠨ ᠬᠠᠷᠭᠤᠭᠤᠯᠣᠭᠰᠠᠨ ᠦᠷ᠎ᠡ ᠳ᠋ᠥᠩ ᠢᠶᠠᠨ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠳᠤ ᠬᠠᠷᠢᠭᠤ ᠳᠣᠰᠬᠠᠬᠤ ᠬᠡᠷᠡᠭᠲᠡᠢ᠃     2. ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠶᠢ ᠮᠡᠳᠡᠭᠡ ᠵᠠᠩᠬᠢ ᠶᠢ ᠬᠢᠨᠠᠨ ᠬᠠᠷᠭᠤᠭᠤᠯᠵᠣ ᠪᠠᠶᠢᠬᠤ ᠬᠤᠭᠤᠴᠠᠭᠠᠨ ᠳᠤ ᠲᠦᠷ ᠬᠡᠷᠡᠭᠵᠢᠬᠦᠯᠬᠦ ᠦᠭᠡᠢ᠃ ᠬᠢᠨᠠᠨ ᠬᠠᠷᠭᠤᠭᠤᠯᠬᠤ ᠪᠠᠷ ᠳᠠᠮᠵᠢᠭᠠᠳ ᠠᠯᠳᠠᠭ᠎ᠠ ᠪᠣᠷᠣᠭᠤ ᠲᠠᠢ ᠮᠡᠳᠡᠭᠡ ᠵᠠᠩᠬᠢ ᠶᠢ ᠴᠠᠭ ᠲᠣᠬᠠᠢ ᠳᠤᠨᠢ ᠵᠠᠯᠠᠷᠠᠭᠤᠯᠬᠤ ᠪᠣᠶᠣ ᠬᠦᠴᠦᠨ ᠦᠭᠡᠢ ᠪᠣᠯᠭᠠᠵᠣ᠂ ᠠᠯᠳᠠᠭ᠎ᠠ ᠪᠣᠷᠣᠭᠤ ᠲᠠᠢ ᠠᠴᠠ ᠪᠣᠯᠣᠭᠠᠳ ᠬᠠᠮᠳᠣᠷᠠᠨ ᠵᠠᠯᠬᠠᠭᠠᠨ ᠴᠡᠭᠡᠷᠯᠡᠬᠦᠯᠬᠦ ᠠᠷᠭ᠎ᠠ ᠬᠡᠮᠵᠢᠶ᠎ᠡ ᠨᠢ ᠢᠳᠡᠬᠡᠮᠵᠢ ᠶᠢᠨ ᠭᠤᠣᠯ ᠴᠣᠭᠴᠠ ᠶᠢᠨ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠣᠭᠰᠠᠨ ᠪᠣᠯ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠬᠦᠨ ᠤ ᠨᠡᠷ᠎ᠡ ᠬᠦᠨᠳᠦ  ᠶᠢ ᠰᠡᠷᠭᠦᠭᠡᠨ ᠦᠭᠴᠦ᠂ ᠮᠠᠭᠤ ᠨᠦᠯᠦᠬᠡ ᠶᠢ ᠨᠢ ᠠᠷᠢᠯᠭᠠᠵᠣ ᠦᠭᠬᠦ ᠬᠡᠷᠡᠭᠲᠡᠢ᠃ ᠢᠳᠡᠬᠡᠮᠵᠢ ᠶᠢᠨ ᠭᠤᠣᠯ ᠴᠣᠭᠴᠠ  ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠬᠡᠯᠪᠡᠷᠢ ᠪᠠᠷ ᠦᠪᠡᠷ ᠤᠨ ᠬᠠᠣᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠨ᠎ᠡ᠃      ︵ ᠠᠷᠪᠠᠨ ᠳᠣᠯᠤᠭ᠎ᠠ︶ ᠢᠳᠡᠬᠡᠮᠵᠢ ᠳᠤ ᠬᠢᠨᠠᠯᠲᠠ ᠲᠠᠯᠪᠢᠬᠤ᠂ ᠰᠡᠷᠡᠮᠵᠢᠯᠡᠬᠦᠯᠬᠦ ᠲᠣᠭᠲᠠᠴᠠ ᠶᠢ ᠪᠠᠶᠢᠭᠤᠯᠣᠨ ᠳᠡᠬᠦᠯᠳᠡᠷᠵᠢᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠬᠤ ᠂ ᠬᠤᠪᠢ ᠬᠦᠮᠦᠨ ᠤ ᠨᠢᠭᠤᠴᠠ ᠪᠠ ᠮᠡᠳᠡᠭᠡ ᠵᠠᠩᠬᠢ ᠶᠢᠨ ᠠᠮᠣᠷ ᠲᠦᠪᠰᠢᠨ ᠢ ᠬᠠᠮᠠᠭᠠᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ᠂ ᠣᠯᠣᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠣᠯᠢ ᠴᠠᠭᠠᠵᠠ ᠬᠠᠣᠯᠢ ᠲᠣᠭᠲᠠᠭᠠᠯ ᠳᠦᠷᠢᠮ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠲᠡᠢ᠃      ᠨᠠᠢᠮᠠ᠂ ᠣᠬᠤᠷᠢᠨ ᠭᠠᠷᠬᠤ ᠲᠣᠭᠲᠠᠴᠠ ᠪᠠ ᠭᠠᠷᠴᠠᠭ ᠤᠨ ᠨᠠᠷᠢᠨ ᠳᠠᠩᠰᠠ ᠶᠢ ᠰᠢᠨᠡᠳᠬᠡᠨ᠎ᠡ      ︵ ᠠᠷᠪᠠᠨ ᠨᠠᠢᠮᠠ︶ ᠣᠬᠤᠷᠢᠨ ᠭᠠᠷᠬᠤ ᠲᠣᠭᠲᠠᠴᠠ     1. ᠢᠳᠡᠬᠡᠮᠵᠢ ᠶᠢᠨ ︽ᠬᠠᠷ᠎ᠠ ᠳᠠᠩᠰᠠ︾ ᠠᠴᠠ ᠬᠠᠣᠯᠢ ᠲᠣᠭᠲᠠᠭᠠᠯ ᠶᠣᠰᠣᠭᠠᠷ ᠣᠬᠤᠷᠢᠨ ᠭᠠᠷᠭᠠᠬᠤ᠃ ᠢᠳᠡᠬᠡᠮᠵᠢ ᠶᠢᠨ ︽ ᠬᠠᠷ᠎ᠠ ᠳᠠᠩᠰᠠ︾ ᠶᠢᠨ ᠬᠦᠴᠦᠨ ᠲᠠᠢ ᠬᠤᠭᠤᠴᠠᠭ᠎ᠠ᠂ ᠣᠬᠤᠷᠢᠨ ᠭᠠᠷᠭᠠᠬᠤ ᠶᠢ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ ᠪᠠᠶᠢᠭᠤᠯᠣᠯᠭ᠎ᠠ ᠨᠢᠬᠡᠴᠡ︶ ᠠᠴᠠ ᠬᠠᠣᠯᠢ ᠴᠠᠭᠠᠵᠠ ᠬᠠᠣᠯᠢ ᠲᠣᠭᠲᠠᠭᠠᠯ ᠪᠣᠶᠣ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠣ᠂ ᠢᠳᠡᠬᠡᠮᠵᠢ ᠶᠢᠨ ᠭᠤᠣᠯ ᠴᠣᠭᠴᠠ  ᠶᠢᠨ ᠬᠠᠣᠯᠢ ᠶᠢ ᠵᠦᠷᠢᠴᠡᠨ ᠢᠳᠡᠬᠡᠯ ᠠᠯᠳᠠᠭᠰᠠᠨ ᠪᠠᠶᠢᠳᠠᠯ ᠢ ᠦᠵᠡᠵᠦ ᠪᠠᠶᠢᠭᠠᠳ ᠨᠣᠲᠠᠯᠠᠨ ᠲᠣᠭᠲᠠᠭᠠᠨ᠎ᠠ᠃ ᠢᠳᠡᠬᠡᠮᠵᠢ ᠶᠢᠨ ︽ ᠬᠠᠷ᠎ᠠ ᠳᠠᠩᠰᠠ︾ ᠳᠤ ᠳᠡᠮᠳᠡᠭᠯᠡᠭᠳᠡᠭᠰᠡᠨ ᠭᠤᠣᠯ ᠴᠣᠭᠴᠠ ᠶᠢᠨ ᠢᠳᠡᠬᠡᠯ ᠠᠯᠳᠠᠭᠰᠠᠨ ᠲᠣᠬᠠᠢ ᠳᠡᠮᠳᠡᠭᠯᠡᠯ ᠤᠨ ᠬᠦᠴᠦᠨ ᠲᠠᠢ ᠬᠤᠭᠤᠴᠠᠭ᠎ᠠ ᠨᠢ ᠬᠦᠷᠦᠭᠰᠡᠨ ᠪᠣᠶᠣ ᠬᠤᠶᠢᠰᠢᠲᠠ ᠶᠢᠨ ᠦᠢᠯᠡᠳᠪᠦᠷᠢᠯᠡᠯ᠂ ᠡᠵᠡᠩᠨᠡᠯᠲᠡ ᠬᠢᠬᠦ ᠳᠣᠮᠳᠠ ᠪᠠᠨ ᠢᠯᠡᠷᠡᠯ ᠢᠶᠠᠷ ᠳᠣᠪᠣᠶᠢᠮ᠎ᠠ ᠰᠠᠶᠢᠨ᠂ ᠨᠡᠶᠢᠬᠡᠮ ᠤᠨ ᠦᠨᠡᠯᠡᠯᠲᠡ ᠪᠠᠷ ᠦᠨᠳᠦᠷ ᠪᠠᠶᠢᠪᠠᠯ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ ᠨᠢᠬᠡᠴᠡ︶ ᠬᠢᠨᠠᠨ ᠬᠠᠷᠭᠤᠭᠤᠯᠣᠭᠠᠳ ᠵᠦᠪᠰᠢᠶᠡᠷᠡᠭᠰᠡᠨ ᠤ ᠳᠠᠷᠠᠭ᠎ᠠ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠳᠤ ᠢᠳᠡᠬᠡᠮᠵᠢ ᠶᠢᠨ ︽ ᠬᠠᠷ᠎ᠠ ᠳᠠᠩᠰᠠ︾ ᠠᠴᠠ ᠭᠠᠷᠭᠠᠵᠣ ᠪᠣᠯᠣᠨ᠎ᠠ ᠬᠡᠰᠡᠨ ᠭᠤᠶᠣᠴᠢᠯᠠᠯ ᠭᠠᠷᠭᠠᠵᠣ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠠᠴᠠ ᠬᠢᠨᠠᠨ ᠬᠠᠷᠭᠤᠭᠤᠯᠣᠭᠰᠠᠨ ᠤ ᠳᠠᠷᠠᠭ᠎ᠠ ᠢᠳᠡᠬᠡᠮᠵᠢ ᠶᠢᠨ ︽ ᠬᠠᠷ᠎ᠠ ᠳᠠᠩᠰᠠ︾ ᠳᠠᠬᠢ ᠳᠡᠮᠳᠡᠭᠯᠡᠯ ᠢ ᠨᠢ ᠦᠬᠡᠶᠢᠰᠬᠡᠵᠦ᠂ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ ᠢᠳᠡᠬᠡᠮᠵᠢ ᠶᠢᠨ ᠮᠡᠳᠡᠭᠡ ᠵᠠᠩᠬᠢ ᠶᠢ ᠨᠡᠶᠢᠲᠡᠯᠡᠬᠦ︾ ᠲᠣᠰᠬᠠᠢ ᠪᠣᠯᠣᠩ ᠳᠡᠭᠡᠷ᠎ᠡ ᠴᠠᠭ ᠲᠣᠬᠠᠢ  ᠳᠤᠨᠢ ᠢᠯᠡ ᠪᠠᠷ ᠨᠡᠶᠢᠲᠡᠯᠡᠬᠦ ᠪᠣᠯᠣᠨ᠎ᠠ᠃     2. ᠢᠳᠡᠬᠡᠮᠵᠢ ᠶᠢᠨ ︽ ᠣᠯᠠᠭᠠᠨ ᠳᠠᠩᠰᠠ︾ ᠠᠴᠠ ᠬᠠᠣᠯᠢ ᠲᠣᠭᠲᠠᠭᠠᠯ ᠶᠣᠰᠣᠭᠠᠷ ᠣᠬᠤᠷᠢᠭᠤᠯᠣᠨ ᠭᠠᠷᠭᠠᠬᠤ᠃ ᠢᠳᠡᠬᠡᠮᠵᠢ ᠶᠢᠨ ︽ ᠣᠯᠠᠭᠠᠨ ᠳᠠᠩᠰᠠ︾ ᠳᠤ ᠵᠠᠷᠴᠢᠮ ᠳᠡᠭᠡᠷ᠎ᠡ ᠪᠠᠨ ᠬᠦᠴᠦᠨ ᠲᠠᠢ ᠬᠤᠭᠤᠴᠠᠭ᠎ᠠ ᠲᠣᠭᠲᠠᠭᠠᠬᠤ ᠦᠭᠡᠢ᠂ ᠬᠠᠣᠯᠢ ᠴᠠᠭᠠᠵᠠ ᠬᠠᠣᠯᠢ ᠲᠣᠭᠲᠠᠭᠠᠯ ᠵᠡᠷᠭᠡ ᠳᠤ ᠳᠦᠷᠢᠮ ᠲᠣᠭᠲᠠᠭᠠᠯ ᠭᠠᠷᠭᠠᠭᠰᠠᠨ ᠪᠣᠯ ᠲᠡᠷᠡ ᠶᠣᠰᠣᠭᠠᠷ ᠨᠢ ᠬᠡᠷᠡᠭᠵᠢᠬᠦᠯᠬᠦ ᠬᠡᠷᠡᠭᠳᠡᠢ᠃ ᠬᠡᠷᠪᠡ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ᠨᠢᠬᠡᠴᠡ︶  ᠠᠴᠠ ᠲᠡᠬᠦᠨ ᠤ ᠦᠢᠯᠡᠳᠪᠦᠷᠢᠯᠡᠨ ᠡᠵᠡᠩᠨᠡᠬᠦ ᠠᠵᠢᠯᠯᠠᠭ᠎ᠠ ᠳᠣᠮᠳᠠ ᠪᠠᠨ ᠡᠵᠡᠩᠨᠡᠯᠲᠡ ᠨᠢ ᠬᠡᠪ ᠤᠨ ᠪᠣᠰᠣ᠂ ᠨᠡᠶᠢᠬᠡᠮ  ᠤᠨ ᠨᠦᠯᠦᠬᠡ ᠳᠣᠰᠬᠠᠯ ᠪᠠᠷ ᠮᠠᠭᠤ᠂ ᠬᠠᠣᠯᠢ ᠶᠢ ᠬᠦᠨᠳᠦ ᠨᠣᠴᠢᠲᠠᠢ ᠵᠦᠷᠢᠴᠡᠭᠰᠡᠨ ᠵᠡᠷᠭᠡ ᠢᠳᠡᠬᠡᠯ ᠠᠯᠳᠠᠭᠰᠠᠨ ᠦᠢᠯᠡ ᠠᠵᠢᠯᠯᠠᠭ᠎ᠠ ᠶᠢ ᠣᠯᠵᠣ ᠮᠡᠳᠡᠪᠡᠯ᠂ ᠮᠠᠭᠠᠳᠯᠠᠨ ᠲᠣᠭᠲᠠᠭᠠᠬᠤ ᠰᠠᠯᠠᠭ᠎ᠠ ᠮᠦᠴᠢᠷ ︵ᠨᠢᠬᠡᠴᠡ︶ ᠠᠴᠠ ᠳᠣᠷᠠᠳᠵᠣ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠠᠴᠠ ᠬᠢᠨᠠᠨ ᠬᠠᠷᠭᠤᠭᠤᠯᠣᠭᠰᠠᠨ ᠤ ᠳᠠᠷᠠᠭ᠎ᠠ ᠢᠳᠡᠬᠡᠮᠵᠢ ᠶᠢᠨ ︽ᠣᠯᠠᠭᠠᠨ ᠳᠠᠩᠰᠠ︾ ᠶᠢᠨ ᠳᠡᠮᠳᠡᠭᠯᠡᠯ ᠠᠴᠠ ᠭᠠᠷᠭᠠᠬᠤ ᠶᠢᠨ ᠬᠠᠮᠳᠣ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ ᠢᠳᠡᠬᠡᠮᠵᠢ ᠶᠢᠨ ᠮᠡᠳᠡᠭᠡ ᠵᠠᠩᠬᠢ  ᠶᠢ ᠢᠯᠡ ᠪᠣᠯᠭᠠᠬᠤ︾ ᠲᠣᠰᠬᠠᠢ ᠪᠣᠯᠣᠩ ᠳᠤ ᠢᠯᠡ ᠪᠠᠷ ᠨᠡᠶᠢᠲᠡᠯᠡᠬᠦ ᠪᠣᠯᠣᠨ᠎ᠠ᠃     3. ᠬᠤᠯᠪᠣᠭᠳᠠᠯ ᠪᠦᠬᠦᠢ ᠰᠠᠯᠠᠭ᠎ᠠ ᠮᠦᠴᠢᠷ ︵ᠨᠢᠬᠡᠴᠡ︶ ᠨᠢ ᠢᠳᠡᠬᠡᠮᠵᠢ ᠶᠢᠨ ︽ᠬᠠᠷ᠎ᠠ ᠳᠠᠩᠰᠠ︾᠂ ᠢᠳᠡᠬᠡᠮᠵᠢ ᠶᠢᠨ ︽ᠣᠯᠠᠭᠠᠨ ᠳᠠᠩᠰᠠ︾ ᠶᠢᠨ ᠳᠡᠮᠳᠡᠭᠯᠡᠯ ᠢ ᠦᠬᠡᠶᠢᠰᠬᠡᠭᠰᠡᠨ ᠮᠡᠳᠡᠭᠡ ᠵᠠᠩᠬᠢ ᠶᠢ ᠬᠡᠷᠡᠭᠰᠡᠬᠦ ᠳᠤ ᠬᠦᠷᠪᠡᠯ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠯᠤᠭ᠎ᠠ ᠬᠠᠷᠢᠯᠴᠠᠵᠣ ᠨᠡᠪᠳᠡᠷᠡᠯᠴᠡᠬᠦ ᠬᠡᠷᠡᠭᠲᠡᠢ᠃     ︵ ᠠᠷᠪᠠᠨ ᠶᠢᠰᠦ︶ ᠭᠠᠷᠴᠠᠭ ᠤᠨ ᠨᠠᠷᠢᠨ ᠳᠠᠩᠰᠠ ᠶᠢ ᠰᠢᠨᠡᠳᠬᠡᠬᠦ     1. ᠣᠯᠣᠰ᠂ ᠦᠪᠡᠷᠲᠡᠭᠡᠨ ᠵᠠᠰᠠᠬᠤ ᠣᠷᠣᠨ ᠤ ᠬᠠᠮᠳᠣᠷᠠᠨ ᠣᠷᠮᠠᠰᠢᠭᠤᠯᠣᠨ ᠬᠦᠬᠢᠬᠦᠯᠬᠦ ᠵᠠᠯᠬᠠᠭᠠᠨ ᠴᠡᠭᠡᠷᠯᠡᠬᠦᠯᠬᠦ ᠰᠠᠨᠠᠭᠤᠯᠣᠮᠵᠢ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠠᠯᠭᠠᠪᠡᠷ ᠭᠠᠷᠬᠤ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ︵ᠨᠢᠬᠡᠴᠡ︶ ᠤᠳ ᠬᠠᠮᠳᠣᠷᠠᠨ ᠣᠷᠮᠠᠰᠢᠭᠤᠯᠣᠨ ᠬᠦᠬᠢᠬᠦᠯᠬᠦ ᠵᠠᠯᠬᠠᠭᠠᠨ ᠴᠡᠭᠡᠷᠯᠡᠬᠦᠯᠬᠦ ᠡᠳᠡᠬᠡᠳ ᠤᠨ ᠨᠠᠷᠢᠨ ᠳᠠᠩᠰᠠ ᠪᠠ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠪᠠᠨ ᠴᠠᠭ ᠲᠣᠬᠠᠢ ᠳᠤᠨᠢ ᠰᠢᠨᠡᠳᠬᠡᠵᠦ᠂ ᠬᠦᠳᠡᠯᠦᠩᠬᠦᠢ ᠬᠠᠮᠢᠶᠠᠷᠣᠯᠲᠠ ᠬᠢᠬᠦ ᠶᠢᠨ ᠬᠠᠮᠳᠣ᠂ ᠰᠢᠨᠡᠳᠬᠡᠭᠰᠡᠨ ᠤ ᠳᠠᠷᠠᠭᠠᠬᠢ ᠭᠠᠷᠴᠠᠭ ᠤᠨ ᠨᠠᠷᠢᠨ ᠳᠠᠩᠰᠠ ᠪᠠᠨ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠳᠤ ᠬᠦᠷᠬᠡᠬᠦ ᠬᠡᠷᠡᠭᠲᠡᠢ᠃     2. ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠡᠯ᠎ᠡ ᠰᠠᠯᠠᠭ᠎ᠠ ᠮᠦᠴᠢᠷ ︵ᠨᠢᠬᠡᠴᠡ︶ ᠤᠳ ᠤᠨ ᠭᠠᠷᠴᠠᠭ ᠤᠨ ᠨᠠᠷᠢᠨ ᠳᠠᠩᠰᠠ ᠶᠢ ᠰᠢᠨᠡᠳᠬᠡᠭᠰᠡᠨ ᠪᠠᠶᠢᠳᠠᠯ ᠢ ᠦᠨᠳᠦᠰᠦᠯᠡᠨ᠂ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ︾ ᠲᠣᠰᠬᠠᠢ ᠪᠣᠯᠣᠩ ᠳᠡᠭᠡᠷ᠎ᠡ ᠢᠯᠡ ᠪᠠᠷ ᠨᠡᠶᠢᠳᠡᠯᠡᠬᠦ ᠪᠣᠯᠣᠨ᠎ᠠ᠃ ᠡᠬᠦᠨ ᠤ ᠵᠡᠷᠭᠡᠪᠡᠷ ︽ ᠢᠳᠡᠬᠡᠮᠵᠢᠲᠦ ᠬᠦᠯᠦᠨ ᠪᠣᠶᠢᠷ︾ ᠪᠠ ︽ᠢᠳᠡᠬᠡᠮᠵᠢᠲᠦ ᠦᠪᠦᠷ ᠮᠣᠩᠭᠤᠯ︾ ᠰᠦᠯᠵᠢᠶᠡᠨ ᠦᠷᠳᠡᠭᠡ ᠳᠤ ᠬᠦᠷᠬᠡᠨ᠎ᠡ᠃     3. ᠬᠤᠯᠪᠣᠭᠳᠠᠯ ᠪᠦᠬᠦᠢ ᠰᠠᠯᠠᠭ᠎ᠠ ᠮᠦᠴᠢᠷ ︵ ᠨᠢᠬᠡᠴᠡ︶ ᠤᠳ ᠰᠢᠨᠡᠳᠬᠡᠭᠰᠡᠨ ᠤ ᠳᠠᠷᠠᠭᠠᠬᠢ ᠭᠠᠷᠴᠠᠭ ᠤᠨ ᠨᠠᠷᠢᠨ ᠳᠠᠩᠰᠠ ᠶᠢ ᠬᠡᠷᠡᠭᠰᠡᠬᠦ ᠴᠢᠬᠤᠯᠠ ᠲᠠᠢ ᠪᠣᠯ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠲᠠᠢ ᠬᠠᠷᠢᠯᠴᠠᠵᠣ ᠪᠣᠯᠣᠨ᠎ᠠ᠃      ᠶᠢᠰᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ     ︵ᠬᠤᠷᠢ︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠤᠳ ᠲᠣᠰ ᠰᠠᠯᠠᠭ᠎ᠠ ᠮᠦᠴᠢᠷ ︵ᠨᠢᠬᠡᠴᠡ︶ ᠤᠨ ᠢᠶᠠᠨ ᠢᠳᠡᠬᠡᠮᠵᠢ ᠶᠢᠨ ᠭᠤᠣᠯ ᠴᠣᠭᠴᠠ ᠶᠢᠨ ᠮᠡᠳᠡᠭᠡ ᠵᠠᠩᠬᠢ ᠶᠢ ᠲᠡᠮᠳᠡᠭᠯᠡᠬᠦ᠂ ᠬᠠᠮᠠᠭᠠᠯᠠᠬᠤ᠂ ᠮᠡᠳᠡᠬᠦᠯᠦᠨ ᠬᠦᠷᠭᠡᠬᠦ᠂ ᠣᠨᠳᠣᠣ ᠰᠠᠨᠠᠯ ᠢ ᠰᠢᠳᠪᠦᠷᠢᠯᠡᠬᠦ ᠵᠢᠴᠢ ᠮᠡᠳᠡᠭᠡ ᠵᠠᠩᠬᠢ ᠶᠢᠨ ᠠᠮᠣᠷ ᠲᠦᠪᠰᠢᠨ ᠵᠡᠷᠭᠡ ᠠᠵᠢᠯ ᠢ ᠬᠠᠣᠯᠢ ᠶᠣᠰᠣᠭᠠᠷ ᠰᠠᠶᠢᠳᠣᠷ ᠬᠢᠵᠦ᠂ ᠢᠳᠡᠬᠡᠮᠵᠢ ᠶᠢᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠯᠡᠬᠦ᠂ ᠨᠡᠶᠢᠲᠡᠯᠡᠬᠦ᠂ ᠬᠡᠷᠡᠭᠯᠡᠬᠦ ᠵᠡᠷᠭᠡ ᠲᠠᠯ᠎ᠠ ᠪᠠᠷ ᠬᠠᠮᠢᠶ᠎ᠠ ᠪᠦᠬᠦᠢ ᠬᠠᠮᠢᠶᠠᠷᠣᠯᠲᠠ ᠶᠢᠨ ᠳᠦᠷᠢᠮ ᠲᠣᠭᠲᠠᠭᠠᠵᠣ᠂ ᠢᠳᠡᠬᠡᠮᠵᠢ ᠶᠢᠨ ᠮᠡᠳᠡᠭᠡ ᠵᠠᠩᠬᠢ ᠶᠢ ᠨᠡᠶᠢᠳᠬᠡᠬᠦ ᠶᠢ ᠴᠢᠩᠭᠠᠳᠬᠠᠵᠣ᠂ ᠢᠳᠡᠬᠡᠮᠵᠢ ᠶᠢᠨ ᠮᠡᠳᠡᠭᠡ ᠵᠠᠩᠬᠢ ᠶᠢ ᠴᠣᠭᠯᠠᠭᠤᠯᠬᠤ ᠪᠠ ᠮᠡᠳᠡᠬᠦᠯᠦᠨ ᠬᠦᠷᠭᠡᠬᠦ ᠳᠡᠰ ᠳᠠᠷᠠᠭᠠᠯᠠᠯ ᠢ ᠲᠣᠭᠲᠠᠭᠠᠵᠣ᠂ ᠮᠡᠳᠡᠭᠡ ᠵᠠᠩᠬᠢ ᠶᠢ ᠵᠦᠪ ᠣᠨᠣᠪᠴᠢᠲᠠᠢ᠂ ᠴᠠᠭ ᠲᠣᠬᠠᠢ ᠳᠤᠨᠢ ᠬᠠᠩᠭᠠᠬᠤ ᠪᠠ ᠴᠠᠭ ᠲᠣᠬᠠᠢ ᠳᠤᠨᠢ ᠰᠢᠨᠡᠳᠬᠡᠬᠦ ᠶᠢ ᠯᠠᠪᠲᠠᠢ ᠪᠠᠳᠣᠯᠠᠬᠤ  ᠶᠢᠨ ᠬᠠᠮᠳᠣ ᠬᠠᠩᠭᠠᠭᠰᠠᠨ ᠮᠡᠳᠡᠭᠡ ᠵᠠᠩᠬᠢ ᠶᠢᠨ ᠦᠨᠡᠨ ᠪᠣᠳᠠᠳᠣ ᠴᠢᠨᠠᠷ ᠲᠤ ᠬᠠᠷᠢᠭᠤᠴᠠᠬᠤ ᠬᠡᠷᠡᠭᠲᠡᠢ᠃     ︵ ᠬᠤᠷᠢᠨ ᠨᠢᠬᠡ︶ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠨᠢ ᠬᠤᠯᠪᠣᠭᠳᠠᠯ ᠪᠦᠬᠦᠢ ᠲᠣᠭᠲᠠᠭᠠᠯ ᠢ ᠵᠦᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠬᠡ ᠨᠢ ᠪᠠᠶᠢᠵᠣ᠂ ᠣᠯᠣᠰ ᠲᠤ ᠬᠤᠬᠢᠷᠠᠯ ᠣᠴᠠᠷᠠᠭᠤᠯᠵᠣ᠂ ᠢᠳᠡᠬᠡᠮᠵᠢ ᠶᠢᠨ ᠭᠤᠣᠯ ᠴᠣᠭᠴᠠ ᠶᠢᠨ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠣᠭᠰᠠᠨ ᠵᠡᠷᠭᠡ ᠬᠦᠨᠳᠦ ᠨᠣᠴᠢᠲᠠᠢ ᠦᠷ᠎ᠡ ᠳ᠋ᠥᠩ ᠢ ᠪᠣᠢ ᠪᠣᠯᠭᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠺᠠᠳ᠋ᠷ ᠤᠨ ᠬᠠᠮᠢᠶᠠᠷᠣᠯᠲᠠ ᠶᠢᠨ ᠡᠷᠬᠡ ᠶᠢᠨ ᠬᠢᠵᠠᠭᠠᠷ ᠢᠶᠠᠷ ᠡᠰᠢ ᠪᠠᠷᠢᠮᠳᠠ ᠪᠣᠯᠭᠠᠵᠣ᠂ ᠬᠠᠮᠢᠶ᠎ᠠ ᠪᠦᠬᠦᠢ ᠬᠠᠷᠢᠭᠤᠴᠠᠯᠭᠠᠳᠠᠨ ᠪᠠ ᠰᠢᠭᠤᠳ ᠬᠠᠷᠢᠭᠤᠴᠠᠯᠭᠠᠳᠠᠨ ᠠᠴᠠ ᠬᠠᠣᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠄     1. ᠢᠳᠡᠬᠡᠮᠵᠢ ᠶᠢᠨ ᠳᠡᠮᠳᠡᠭᠯᠡᠯ ᠢ ᠲᠣᠭᠲᠠᠭᠠᠯ ᠶᠣᠰᠣᠭᠠᠷ ᠢᠶᠠᠷ ᠬᠠᠩᠭᠠᠬᠤ ᠦᠭᠡᠢ ᠪᠣᠶᠣ ᠪᠣᠷᠣᠭᠤ ᠬᠠᠩᠭᠠᠭᠰᠠᠨ ᠪᠣᠯ︔     2. ᠢᠳᠡᠬᠡᠮᠵᠢ ᠶᠢᠨ ᠭᠤᠣᠯ ᠴᠣᠭᠴᠠ ᠶᠢᠨ ᠢᠳᠡᠬᠡᠯ ᠠᠯᠳᠠᠭᠰᠠᠨ ᠦᠢᠯᠡ ᠠᠵᠢᠯᠯᠠᠭ᠎ᠠ ᠶᠢ ᠪᠣᠷᠣᠭᠤ ᠮᠠᠭᠠᠳᠯᠠᠨ ᠲᠣᠭᠲᠠᠭᠠᠭᠰᠠᠨ ᠪᠣᠯ︔     3. ᠢᠳᠡᠬᠡᠮᠵᠢ ᠶᠢᠨ ᠳᠡᠮᠳᠡᠭᠯᠡᠯ ᠢ ᠲᠣᠭᠲᠠᠭᠠᠯ ᠶᠣᠰᠣᠭᠠᠷ ᠨᠡᠶᠢᠲᠡᠯᠡᠬᠦ ᠦᠭᠡᠢ ᠪᠣᠯ︔     4. ᠢᠳᠡᠬᠡᠮᠵᠢ ᠶᠢᠨ ᠭᠤᠣᠯ ᠴᠣᠭᠴᠠ ᠶᠢᠨ ᠢᠳᠡᠬᠡᠮᠵᠢ ᠶᠢᠨ ᠳᠡᠮᠳᠡᠭᠯᠡᠯ ᠢ ᠪᠠᠶᠢᠴᠠᠭᠠᠨ ᠯᠠᠪᠯᠠᠭᠰᠠᠨ ᠦᠭᠡᠢ ᠪᠣᠯ︔    5. ᠢᠳᠡᠬᠡᠯ ᠢᠶᠠᠨ ᠬᠦᠨᠳᠦ ᠨᠣᠴᠢᠲᠠᠢ ᠠᠯᠳᠠᠭᠰᠠᠨ ᠦᠢᠯᠡ ᠠᠵᠢᠯᠯᠠᠭ᠎ᠠ ᠲᠠᠢ ᠢᠳᠡᠬᠡᠮᠵᠢ ᠶᠢᠨ ᠭᠤᠣᠯ ᠴᠣᠭᠴᠠ ᠳᠤ ᠲᠣᠰ ᠳᠦᠷᠢᠮ ᠶᠣᠰᠣᠭᠠᠷ ᠵᠠᠯᠬᠠᠭᠠᠨ ᠴᠡᠭᠡᠷᠯᠡᠬᠦᠯᠬᠦ ᠶᠢ ᠬᠡᠷᠡᠭᠵᠢᠬᠦᠯᠦᠭᠰᠡᠨ ᠦᠭᠡᠢ ᠪᠣᠯ᠃      ᠠᠷᠪᠠ᠂ ᠠᠵᠢᠯ ᠤᠨ ᠱᠠᠭᠠᠷᠳᠠᠯᠭ᠎ᠠ      ︵ ᠬᠤᠷᠢᠨ ᠬᠤᠶᠠᠷ︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠤᠳ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠬᠠᠷᠢᠭᠤᠴᠠᠯᠭ᠎ᠠ ᠠᠵᠢᠯ ᠤᠨ ᠬᠤᠪᠢᠶᠠᠷᠢ ᠪᠠᠨ ᠲᠣᠳᠣᠷᠬᠠᠶᠢᠯᠠᠵᠣ᠂ ᠢᠳᠡᠬᠡᠮᠵᠢ ᠶᠢᠨ ︽ᠣᠯᠠᠭᠠᠨ ᠬᠠᠷ᠎ᠠ ᠳᠠᠩᠰᠠ︾ ᠶᠢ ᠨᠡᠶᠢᠲᠡᠯᠡᠬᠦ ᠠᠵᠢᠯ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠭᠠᠷᠴᠠᠭ ᠤᠨ ᠨᠠᠷᠢᠨ ᠳᠠᠩᠰᠠ ᠪᠠᠶᠢᠭᠤᠯᠵᠣ᠂ ᠲᠣᠰ ᠰᠠᠯᠠᠭ᠎ᠠ ᠮᠦᠴᠢᠷ ᠤᠨ ᠢᠶᠠᠨ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢ ᠨᠡᠶᠢᠲᠡᠯᠡᠬᠦ ᠳᠦᠷᠢᠮ᠂ ᠠᠷᠭ᠎ᠠ ᠬᠡᠮᠵᠢᠶ᠎ᠡ ᠵᠡᠷᠭᠡ ᠪᠠᠨ ᠲᠦᠷᠬᠡᠬᠡᠨ ᠰᠣᠳᠣᠯᠣᠨ ᠲᠣᠭᠲᠠᠭᠠᠬᠤ ᠬᠡᠷᠡᠭᠲᠡᠢ᠃      ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠢᠬᠡᠴᠡ ᠤᠳ ᠪᠣᠳᠠᠳᠠᠢ ᠨᠡᠶᠢᠲᠡᠯᠡᠬᠦ ᠳᠦᠷᠢᠮ᠂ ᠠᠷᠭ᠎ᠠ ᠵᠡᠷᠬᠡ ᠶᠢ ᠲᠣᠭᠲᠠᠭᠠᠬᠤ ᠬᠡᠷᠡᠭᠲᠡᠢ᠃      ︵ ᠬᠤᠷᠢᠨ ᠭᠤᠷᠪᠠ︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ ᠤᠳ ᠠᠵᠢᠯ ᠲᠦᠷᠦᠯ ᠤᠨ ᠳᠣᠳᠣᠭᠠᠳᠣᠬᠢ᠂ ᠰᠢᠰᠲ᠋ᠧᠮ ᠤᠨ ᠳᠣᠳᠣᠭᠠᠳᠣᠬᠢ ᠢᠳᠡᠬᠡᠮᠵᠢ ᠶᠢᠨ ᠮᠡᠳᠡᠭᠡ ᠵᠠᠩᠬᠢ ᠶᠢ ᠲᠦᠷᠬᠡᠳᠬᠡᠨ ᠨᠡᠶᠢᠳᠬᠡᠵᠦ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠳᠤ ᠱᠠᠭᠠᠷᠳᠠᠯᠭ᠎ᠠ ᠶᠣᠰᠣᠭᠠᠷ ᠴᠠᠭ ᠲᠣᠬᠠᠢ ᠳᠤᠨᠢ ᠮᠡᠳᠡᠬᠦᠯᠦᠨ ᠬᠦᠷᠭᠡᠬᠦ ᠬᠡᠷᠡᠭᠲᠡᠢ᠂ ᠢᠳᠡᠬᠡᠮᠵᠢ ᠶᠢᠨ ᠣᠷᠮᠠᠰᠢᠭᠤᠯᠣᠨ ᠬᠦᠬᠢᠬᠦᠯᠬᠦ ᠵᠠᠯᠬᠠᠭᠠᠨ ᠴᠡᠭᠡᠷᠯᠡᠬᠦᠯᠬᠦ ᠬᠠᠮᠳᠣᠷᠠᠨ ᠬᠦᠳᠡᠯᠦᠯᠴᠡᠬᠦ ᠠᠵᠢᠯ ᠤᠨ ᠰᠠᠨᠠᠭᠠᠴᠢᠯᠠᠨ ᠰᠡᠳᠦᠬᠦ᠂ ᠳᠠᠭᠠᠬᠤ᠂ ᠬᠠᠷᠢᠭᠤ ᠳᠣᠰᠬᠠᠬᠤ ᠲᠣᠭᠲᠠᠴᠠ ᠶᠢ ᠪᠠᠶᠢᠭᠤᠯᠵᠣ᠂ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠲᠣᠰ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ᠂ ᠵᠠᠬ᠎ᠠ ᠳᠡᠯᠭᠡᠭᠦᠷ ᠤᠨ ᠬᠢᠨᠨᠠᠨ ᠬᠠᠮᠢᠶᠠᠷᠣᠯᠲᠠ᠂ ᠣᠯᠠᠨ ᠨᠡᠶᠢᠲᠡ ᠶᠢᠨ ᠦᠢᠯᠡᠴᠢᠯᠡᠬᠡᠨ ᠵᠡᠷᠭᠡ ᠮᠡᠳᠡᠭᠡ ᠵᠠᠩᠬᠢ ᠶᠢᠨ ᠰᠢᠰᠲ᠋ᠧᠮ ᠪᠠ ᠪᠣᠳᠠᠳᠣ ᠠᠵᠢᠯ ᠤᠨ ᠶᠠᠪᠣᠴᠠ ᠳᠤ ᠣᠷᠣᠭᠤᠯᠵᠣ᠂ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠲᠦᠷᠦᠬᠦᠯᠡᠨ ᠪᠠᠶᠢᠴᠠᠭᠠᠨ ᠡᠷᠢᠵᠦ᠂ ᠢᠳᠡᠬᠡᠮᠵᠢᠲᠡᠢ ᠶᠢ ᠬᠠᠮᠳᠣᠷᠠᠨ ᠣᠷᠮᠠᠰᠢᠭᠤᠯᠣᠨ ᠬᠦᠬᠢᠬᠦᠯᠬᠦ ᠪᠠ ᠢᠳᠡᠬᠡᠮᠵᠢ ᠦᠭᠡᠢ ᠶᠢ ᠬᠠᠮᠳᠣᠷᠠᠨ ᠵᠠᠯᠬᠠᠭᠠᠨ ᠴᠡᠭᠡᠷᠯᠡᠬᠦᠯᠬᠦ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠣᠬᠠᠢ ᠳᠤᠨᠢ ᠬᠤᠷᠢᠶᠠᠩᠭᠤᠶᠢᠯᠠᠨ ᠡᠮᠬᠢᠯᠡᠵᠦ᠂ ᠬᠦᠬᠢᠬᠦᠯᠦᠭᠰᠡᠨ ᠴᠡᠭᠡᠷᠯᠡᠬᠦᠯᠦᠭᠰᠡᠨ ᠪᠠᠶᠢᠳᠠᠯ ᠢ ᠪᠦᠷᠢᠳᠬᠡᠬᠦ ᠶᠢᠨ ᠬᠠᠮᠳᠣ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶᠡᠨ ᠦᠷᠳᠡᠭᠡ ᠶᠢᠨ ︽ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠣᠯᠭᠠᠬᠤ︾ ᠲᠣᠰᠬᠠᠢ ᠪᠣᠯᠣᠩ ᠳᠤ ᠬᠠᠷᠢᠭᠤ ᠳᠣᠰᠬᠠᠬᠤ ᠬᠡᠷᠡᠭᠲᠡᠢ᠃      ︵ ᠬᠤᠷᠢᠨ ᠳᠦᠷᠪᠡ︶ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠮᠡᠳᠡᠬᠦᠯᠦᠨ ᠬᠦᠷᠬᠡᠬᠦ ᠱᠠᠭᠠᠷᠳᠠᠯᠭ᠎ᠠ     1. ᠬᠠᠷᠢᠯᠴᠠᠭᠴᠢ ᠶᠢᠨ ᠳᠦᠷᠢᠮ ᠪᠠᠶᠢᠭᠤᠯᠵᠣ᠂ ᠰᠠᠯᠠᠭ᠎ᠠ ᠮᠦᠴᠢᠷ ᠤᠨ ᠬᠤᠭᠤᠷᠣᠨᠳᠣᠬᠢ ᠵᠣᠬᠢᠴᠠᠯᠳᠣᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠯᠭ᠎ᠠ ᠨᠢᠬᠡᠴᠡ  ᠤᠳ ᠲᠣᠰᠬᠠᠢ ᠬᠠᠷᠢᠭᠤᠴᠠᠯᠭᠠᠳᠠᠨ ᠲᠣᠬᠢᠷᠠᠭᠤᠯᠵᠣ᠂ ᠲᠣᠰ ᠰᠠᠯᠠᠭ᠎ᠠ ᠮᠦᠴᠢᠷ ᠲᠤ ᠪᠣᠢ ᠪᠣᠯᠣᠭᠰᠠᠨ ᠢᠳᠡᠬᠡᠮᠵᠢ ᠶᠢᠨ ︽ᠣᠯᠠᠭᠠᠨ ᠳᠠᠩᠰᠠ︾ ᠪᠠ ᠢᠳᠡᠬᠡᠮᠵᠢ ᠶᠢᠨ ︽ᠬᠠᠷ᠎ᠠ ᠳᠠᠩᠰᠠ︾ ᠶᠢᠨ ᠮᠡᠳᠡᠭᠡ ᠵᠠᠩᠬᠢ ᠶᠢᠨ ᠲᠤᠭ᠎ᠠ ᠪᠠᠷᠢᠮᠳᠠ  ᠪᠠᠨ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ ᠳᠤ ᠮᠡᠳᠡᠬᠦᠯᠦᠨ ᠬᠦᠷᠭᠡᠬᠦ ᠶᠢ ᠬᠠᠷᠢᠭᠤᠴᠠᠭᠤᠯᠣᠨ᠎ᠠ᠃     2. ᠮᠡᠳᠡᠭᠡ ᠵᠠᠩᠬᠢ ᠶᠢᠨ ᠲᠤᠭ᠎ᠠ ᠪᠠᠷᠢᠮᠳᠠ ᠶᠢ ᠮᠡᠳᠡᠬᠦᠯᠦᠨ ᠬᠦᠷᠬᠡᠬᠦ ᠳᠤ ᠴᠠᠭᠠᠰᠣᠨ ᠪᠠᠷ ᠪᠠ ᠡᠯᠧᠺᠲᠷᠣᠨ  ᠪᠠᠷ ᠢ ᠬᠠᠮᠳᠣᠪᠡᠷ ᠬᠦᠷᠭᠡᠵᠦ ᠪᠣᠯᠣᠨ᠎ᠠ᠃     3. ᠢᠳᠡᠬᠡᠮᠵᠢ ᠶᠢᠨ ︽ᠣᠯᠠᠭᠠᠨ ᠳᠠᠩᠰᠠ︾ ᠪᠠ ᠢᠳᠡᠬᠡᠮᠵᠢ ᠶᠢᠨ ︽ ᠬᠠᠷ᠎ᠠ ᠳᠠᠩᠰᠠ︾ ᠳᠤ ᠢᠳᠡᠬᠡᠮᠵᠢ  ᠶᠢᠨ ᠭᠤᠣᠯ ᠴᠣᠭᠴᠠ ᠶᠢᠨ ᠨᠡᠷᠡᠶᠢᠳᠦᠯ᠂ ᠨᠡᠶᠢᠬᠡᠮ ᠤᠨ ᠨᠢᠬᠡᠳᠦᠯᠳᠡᠢ ᠢᠳᠡᠬᠡᠮᠵᠢ ᠶᠢᠨ ᠣᠷᠣᠯᠠᠬᠤ ᠳᠡᠮᠳᠡᠭ ᠪᠣᠶᠣ ᠪᠡᠶ᠎ᠡ ᠶᠢᠨ ᠦᠨᠡᠮᠯᠡᠯ ᠤᠨ ᠨᠣᠮᠧᠷ᠂ ᠨᠡᠷ᠎ᠡ ᠳᠤ ᠵᠢᠬᠰᠠᠭᠠᠨ ᠣᠷᠣᠭᠤᠯᠬᠤ ᠰᠢᠯᠳᠠᠭᠠᠨ᠂ ᠡᠰᠢ ᠪᠠᠷᠢᠮᠳᠠ᠂ ᠴᠠᠭ ᠬᠤᠭᠤᠴᠠᠭ᠎ᠠ ᠪᠠ ᠬᠦᠴᠦᠨ ᠲᠠᠢ ᠬᠤᠭᠤᠴᠠᠭ᠎ᠠ ᠬᠢᠵᠠᠭᠠᠷ ︵ ᠬᠦᠴᠦᠨ ᠲᠠᠢ ᠬᠤᠭᠤᠴᠠᠭ᠎ᠠ ᠲᠣᠭᠲᠠᠭᠠᠬᠤ ᠦᠭᠡᠢ ᠪᠣᠯ ᠵᠡᠬᠦᠯᠳᠡ ᠬᠠᠳᠠᠬᠤ ᠬᠡᠷᠡᠭᠲᠡᠢ︶ ᠵᠡᠷᠭᠡ ᠦᠨᠳᠦᠰᠦᠨ ᠮᠡᠳᠡᠭᠡ ᠵᠠᠩᠬᠢ ᠶᠢ ᠲᠣᠳᠣᠷᠬᠠᠶᠢᠯᠠᠬᠤ ᠬᠡᠷᠡᠭᠲᠡᠢ᠃      ︵ᠬᠤᠷᠢᠨ ᠲᠠᠪᠤ︶ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠬᠤᠰᠢᠭᠤᠨ  ᠤ ᠢᠳᠡᠬᠡᠮᠵᠢ ᠶᠢᠨ ᠮᠡᠳᠡᠭᠡ ᠵᠠᠩᠬᠢ ᠶᠢᠨ ᠲᠤᠭ᠎ᠠ ᠪᠠᠷᠢᠮᠳᠠ ᠶᠢᠨ ᠬᠦᠮᠦᠷᠬᠡ ︵ᠳ᠋ᠠᠶᠢᠲ᠋ᠠ ᠬᠦᠮᠦᠷᠭᠡ︶ ᠶᠢ ᠲᠦᠷᠬᠡᠳᠬᠡᠨ ᠪᠠᠶᠢᠭᠤᠯᠣᠨ ᠲᠡᠭᠦᠯᠳᠡᠷᠵᠢᠬᠦᠯᠵᠦ᠂ ᠡᠮᠬᠢ ᠴᠡᠭᠴᠡ ᠲᠠᠢ ᠪᠠᠷ ᠪᠠᠶᠢᠴᠠᠭᠠᠨ ᠡᠷᠢᠬᠦ ᠪᠠ ᠦᠢᠯᠡᠴᠢᠯᠡᠬᠡᠨ ᠢ ᠬᠠᠮᠳᠣᠪᠡᠷ ᠡᠳ᠋ᠯᠡᠬᠦ ᠪᠣᠯᠭᠠᠵᠣ᠂ ᠢᠳᠡᠬᠡᠮᠵᠢ ᠶᠢᠨ ᠮᠡᠳᠡᠭᠡ ᠵᠠᠩᠬᠢ ᠶᠢᠨ ᠵᠦᠪ ᠣᠨᠣᠪᠴᠢᠲᠠᠢ᠂ ᠬᠦᠴᠦᠨ ᠲᠠᠢ ᠪᠠ ᠴᠠᠭ ᠲᠣᠬᠠᠢ ᠳᠤᠨᠢ ᠰᠢᠨᠡᠳᠬᠡᠬᠦ ᠶᠢ ᠯᠠᠪᠲᠠᠢ ᠪᠠᠳᠣᠯᠠᠬᠤ ᠬᠡᠷᠡᠭᠲᠡᠢ᠃      ︵ᠬᠤᠷᠢᠨ ᠵᠢᠷᠭᠤᠭ᠎ᠠ︶ ᠬᠢᠨᠠᠨ ᠰᠢᠯᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠬᠡᠯᠡᠬᠦ ᠶᠢ ᠴᠢᠩᠭᠠᠳᠬᠠᠨ᠎ᠠ᠃ ᠢᠳᠡᠬᠡᠮᠵᠢ ᠶᠢᠨ ︽ ᠣᠯᠠᠭᠠᠨ ᠬᠠᠷ᠎ᠠ ᠳᠠᠩᠰᠠ︾ ᠶᠢᠨ ᠮᠡᠳᠡᠭᠡ ᠵᠠᠩᠬᠢ ᠶᠢ ᠮᠡᠳᠡᠬᠦᠯᠦᠨ ᠬᠦᠷᠬᠡᠬᠦ ᠂ ᠨᠡᠶᠢᠲᠡᠯᠡᠬᠦ᠂ ᠬᠡᠷᠡᠭᠯᠡᠬᠦ ᠵᠡᠷᠭᠡ ᠪᠠᠶᠢᠳᠠᠯ ᠢ ᠪᠦᠬᠦ ᠬᠤᠰᠢᠭᠤᠨ ᠤ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠣᠯᠲᠠ ᠶᠢᠨ ᠣᠨ ᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠣ᠂ ᠱᠠᠭᠠᠷᠳᠠᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠮᠡᠳᠡᠬᠡᠯᠡᠬᠦ ᠶᠢ ᠣᠯᠠᠮ ᠢᠶᠠᠷ ᠴᠢᠩᠭᠠᠷᠠᠭᠤᠯᠵᠣ᠂ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ᠂ ᠬᠤᠰᠢᠭᠤᠨ ᠤ ᠣᠶᠣᠨ ᠤ ᠪᠣᠯᠪᠠᠰᠣᠨ ᠤ ᠠᠯᠪᠠᠨ ᠭᠡᠷ ᠵᠡᠷᠭᠡ ᠠᠴᠠ ᠬᠤᠯᠪᠣᠭᠳᠠᠯ ᠪᠦᠬᠦᠢ ᠪᠠᠶᠢᠳᠠᠯ ᠢ ᠪᠦᠷᠢᠳᠬᠡᠨ ᠮᠡᠳᠡᠬᠡᠯᠡᠬᠦ ᠶᠢᠨ ᠬᠠᠮᠳᠣ ᠬᠤᠰᠢᠭᠤᠨ ᠤ ᠵᠠᠰᠠᠭ ᠤᠨ ᠣᠷᠳᠣᠨ ᠳᠤ ᠮᠡᠳᠡᠬᠡᠯᠡᠬᠦ ᠶᠢ ᠬᠠᠷᠢᠭᠤᠴᠠᠨ᠎ᠠ᠃      ︵ ᠬᠤᠷᠢᠨ ᠳᠣᠯᠤᠭ᠎ᠠ︶ ᠲᠣᠰ ᠳᠦᠷᠢᠮ ᠢ ᠬᠤᠰᠢᠭᠤᠨ ᠤ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠣᠷᠢᠯᠠᠵᠣ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号