ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠰᠢᠶᠣᠣ ᠭᠤᠸᠠᠩ ᠪᠠᠷ᠎ᠠ ᠪᠣᠯᠣᠭᠴᠢ ᠲᠠᠢ ᠪᠠᠨ ᠪᠠᠶᠠᠨᠳᠣᠬᠤᠢ ᠪᠠᠯᠭᠠᠰᠣ ᠶᠢᠨ ᠠᠶᠠᠨᠴᠢᠳ ᠤᠨ ᠵᠦᠭᠡᠭᠡᠪᠦᠷᠢ ᠶᠢᠨ ᠦᠷᠳᠡᠬᠡᠨ ᠳᠤ ᠬᠦᠷᠴᠦ ᠪᠣᠯᠭᠠᠣᠭᠠᠨ ᠲᠣᠬᠤᠨᠢᠭᠤᠯᠬᠤ ᠶᠢᠨ ᠬᠠᠮᠳᠣ ᠠᠵᠢᠯ ᠢ ᠨᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2018/3/26
 
   2 ᠰᠠᠷ᠎ᠠ ᠶᠢᠨ 13 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠰᠢᠶᠣᠣ ᠭᠤᠸᠠᠩ ᠪᠠᠷ᠎ᠠ ᠪᠣᠯᠣᠭᠴᠢ ᠲᠠᠢ ᠪᠠᠨ ᠪᠠᠶᠠᠨᠳᠣᠬᠤᠢ ᠪᠠᠯᠭᠠᠰᠣ ᠶᠢᠨ ᠠᠶᠠᠨᠴᠢᠳ ᠤᠨ ᠵᠦᠭᠡᠭᠡᠪᠦᠷᠢ ᠶᠢᠨ ᠦᠷᠳᠡᠬᠡᠨ  ᠳᠤ ᠬᠦᠷᠴᠦ ᠪᠣᠯᠭᠤᠭᠠᠨ ᠲᠣᠬᠤᠨᠢᠭᠤᠯᠬᠤ ᠶᠢᠨ ᠬᠠᠮᠳᠣ ᠠᠵᠢᠯ ᠢ ᠨᠢ ᠵᠢᠭᠠᠨ ᠵᠢᠯᠣᠭᠤᠳᠪᠠ᠃    ᠳ᠋ᠦ᠋ ᠰᠢᠶᠣᠣ ᠭᠤᠸᠠᠩ ᠪᠠᠶᠠᠷ ᠤᠨ ᠡᠳᠦᠷ ᠤᠨ ᠬᠤᠭᠤᠴᠠᠭᠠᠨ ᠳᠤ ᠮᠦᠨ ᠯᠡ ᠠᠵᠢᠯ ᠤᠨ ᠪᠠᠶᠢᠷᠢ ᠪᠠᠨ ᠰᠠᠬᠢᠵᠣ ᠪᠠᠶᠢᠭ᠎ᠠ ᠨᠢᠬᠡᠳᠦᠭᠡᠷ ᠹᠷᠣᠨᠲ ᠤᠨ ᠠᠵᠢᠯᠴᠢᠳ ᠲᠤ ᠬᠠᠯᠠᠭᠤᠨ ᠲᠣᠳᠣᠨᠣ ᠮᠡᠨᠳᠦᠴᠢᠯᠡᠯ ᠪᠠ ᠪᠠᠶᠠᠷ ᠤᠨ ᠡᠳᠦᠷ ᠤᠨ ᠵᠦᠩᠨᠡᠯ ᠳᠡᠪᠰᠢᠬᠦᠯᠵᠦ᠂ ᠠᠵᠢᠯᠴᠢᠳ ᠢ ᠨᠢᠬᠡᠨ ᠬᠠᠯᠠᠭᠤᠨ ᠳᠣᠯᠠᠭᠠᠨ᠂ ᠦᠯᠵᠡᠢ ᠪᠡᠯᠭᠡ ᠲᠠᠢ ᠴᠠᠭᠠᠨ ᠰᠠᠷ᠎ᠠ ᠶᠢᠨ ᠪᠠᠶᠠᠷ ᠢ ᠦᠩᠭᠡᠷᠡᠭᠦᠯᠦᠭᠡᠷᠡᠢ ᠬᠡᠵᠦ ᠢᠷᠦᠬᠡᠯ ᠵᠦᠩᠨᠡᠯ ᠳᠡᠪᠰᠢᠬᠦᠯᠪᠡ᠃    ᠳ᠋ᠥ᠋ ᠰᠢᠶᠣᠣ ᠭᠤᠸᠠᠩ ᠠᠴᠠ᠂ ᠪᠠᠶᠠᠷ ᠤᠨ ᠬᠤᠭᠤᠴᠠᠭᠠᠨ ᠳᠤ ᠵᠠᠮ ᠬᠠᠷᠢᠯᠴᠠᠭ᠎ᠠ ᠶᠢ ᠰᠠᠭᠠᠳ ᠦᠬᠡᠢ ᠨᠡᠪᠳᠡᠷᠬᠡᠢ ᠪᠠᠶᠢᠯᠭᠠᠵᠣ᠂ ᠡᠬᠡᠯᠵᠢ ᠶᠢᠨ ᠮᠠᠰᠢᠨ ᠤ ᠴᠠᠭ ᠲᠠᠭᠠᠨ ᠢᠷᠡᠵᠦ ᠪᠣᠴᠠᠬᠤ ᠶᠢ ᠪᠠᠳᠣᠯᠠᠵᠣ᠂ ᠠᠶᠠᠨᠴᠢᠳ ᠤᠨ ᠶᠠᠪᠣᠵᠣ ᠰᠠᠭᠤᠬᠤ ᠳᠤ ᠰᠠᠭᠠᠳ ᠪᠣᠯᠬᠤ ᠦᠭᠡᠢ ᠶᠢ ᠪᠠᠲᠣᠯᠠᠬᠤ ᠬᠡᠷᠡᠭᠲᠡᠢ᠃ ᠴᠠᠭᠠᠨ ᠰᠠᠷ᠎ᠠ ᠶᠢᠨ ᠵᠦᠭᠡᠭᠡᠪᠦᠷᠢ ᠶᠢᠨ ᠬᠤᠭᠤᠴᠠᠭᠠᠨ ᠤ ᠠᠮᠣᠷ ᠲᠦᠪᠰᠢᠨ ᠪᠠᠶᠢᠬᠤ ᠶᠢ ᠪᠠᠲᠣᠯᠠᠵᠣ᠂ ᠭᠤᠷᠪᠠᠨ ᠵᠦᠢᠯ ᠤᠨ ᠦᠢᠯᠡᠳᠬᠡᠬᠦᠨ ᠢ ᠪᠠᠶᠢᠴᠠᠭᠠᠬᠤ  ᠶᠢ ᠴᠢᠩᠭ᠎ᠠ ᠨᠠᠶᠢᠳᠠᠪᠣᠷᠢᠵᠢᠭᠤᠯᠵᠣ᠂ ᠠᠶᠠᠨᠴᠢᠳ ᠢ ᠠᠮᠣᠷ ᠲᠦᠪᠰᠢᠨ ᠢᠶᠠᠷ ᠵᠣᠷᠢᠭᠰᠠᠨ ᠭᠠᠵᠠᠷ ᠲᠤᠨᠢ ᠬᠦᠷᠬᠡᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号