ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠬᠠᠷᠠᠮᠦ᠋ᠷᠡᠨ ᠤ ᠶᠢᠨ ᠢᠦᠢ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠯᠲᠠ ᠶᠢᠨ ᠲᠦᠪ ᠯᠦᠭᠡ ᠰᠢᠯᠭᠠᠨ ᠪᠠᠶᠢᠴᠠᠭᠠᠬᠤ ᠰᠠᠯᠠᠭ᠎ᠠ ᠶᠢᠨ ᠲᠦᠷᠦᠯ ᠵᠦᠢᠯ ᠢ ᠬᠠᠮᠳᠣᠪᠡᠷ ᠪᠠᠶᠢᠭᠤᠯᠬᠤ ᠲᠣᠬᠠᠢ ᠵᠦᠪᠳᠡᠯᠴᠡᠭᠡᠷ ᠲᠣᠭᠲᠠᠬᠤ ᠶᠣᠰᠣᠯᠠᠯ ᠶᠠᠪᠣᠭᠤᠯᠪᠠ
ᠨᠡᠶᠢᠲᠡᠯᠡᠭᠰᠡᠨ ᠴᠠᠭ᠄
2018/3/26
    2 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠬᠠᠷᠠᠮᠦ᠋ᠷᠡᠨ ᠤ ᠶᠢᠨ ᠢᠦᠢ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠯᠲᠠ ᠶᠢᠨ ᠲᠦᠪ ᠯᠦᠭᠡ ᠰᠢᠯᠭᠠᠨ ᠪᠠᠶᠢᠴᠠᠭᠠᠬᠤ ᠰᠠᠯᠠᠭ᠎ᠠ ᠶᠢᠨ ᠲᠦᠷᠦᠯ ᠵᠦᠢᠯ ᠢ ᠬᠠᠮᠳᠣᠪᠡᠷ ᠪᠠᠶᠢᠭᠤᠯᠬᠤ ᠲᠣᠬᠠᠢ ᠵᠦᠪᠳᠡᠯᠴᠡᠭᠡᠷ ᠲᠣᠭᠲᠠᠬᠤ ᠶᠣᠰᠣᠯᠠᠯ ᠶᠠᠪᠣᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠣᠷᠵᠢᠨ ᠵᠦᠪᠳᠡᠯᠴᠡᠭᠡᠷ ᠲᠣᠭᠲᠠᠬᠤ ᠶᠣᠰᠣᠯᠠᠯ ᠳᠤ ᠣᠷᠣᠯᠴᠠᠪᠠ᠃     ᠬᠠᠷᠠᠮᠦ᠋ᠷᠡᠨ ᠤ ᠶᠢᠨ ᠢᠦᠢ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠯᠲᠠ ᠶᠢᠨ ᠲᠦᠪ ᠨᠢ ᠭᠤᠷᠪᠠᠳᠡᠬᠢ ᠲᠠᠯ᠎ᠠ ᠶᠢᠨ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠬᠤ ᠦᠢᠯᠡᠴᠢᠯᠡᠬᠡᠨ ᠤ ᠪᠠᠶᠢᠭᠤᠯᠣᠮᠵᠢ ᠪᠣᠯᠣᠭᠰᠠᠨ ᠤ ᠬᠤᠪᠢ  ᠳᠤ᠂ ᠣᠯᠠᠨ ᠣᠯᠣᠰ ᠤᠨ ᠬᠢ ᠲᠠᠢ ᠬᠠᠷᠢᠴᠠᠭᠤᠯᠬᠤ ᠪᠠ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠪᠠᠷ ᠳᠠᠮᠵᠢᠭᠤᠯᠣᠨ᠂ ᠡᠮᠴᠢᠯᠡᠬᠡᠨ ᠬᠢᠬᠡᠳ ᠡᠷᠳᠡᠮ ᠰᠢᠨᠵᠢᠯᠡᠬᠡᠨ ᠬᠢᠬᠦ ᠳᠤ 2400 ᠭᠠᠷᠣᠢ ᠵᠦᠢᠯ ᠤᠨ ᠡᠪᠡᠳᠴᠢᠨ ᠤ ᠵᠦᠢ ᠶᠢ ᠰᠢᠯᠭᠠᠨ ᠪᠠᠶᠢᠴᠠᠭᠠᠬᠤ ᠲᠦᠷᠦᠯ ᠵᠦᠢᠯ ᠬᠠᠩᠭᠠᠵᠣ᠂ ᠣᠳᠣᠬᠠᠨ ᠤ ᠮᠠᠨ ᠤ ᠣᠯᠣᠰ ᠤᠨ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠯᠲᠠ ᠵᠢᠴᠢ ᠡᠪᠡᠳᠴᠢᠨ ᠤ ᠵᠦᠢ ᠶᠢᠨ ᠲᠦᠷᠦᠯ ᠵᠦᠢᠯ ᠢ ᠬᠠᠩᠭᠠᠬᠤ ᠲᠠᠯ᠎ᠠ ᠪᠠᠷ ᠨᠡᠯᠢᠶᠡᠳ ᠪᠦᠷᠢᠨ ᠴᠢᠳᠠᠮᠵᠢ ᠲᠠᠢ ᠡᠮᠴᠢᠯᠡᠬᠡᠨ ᠤ ᠪᠠᠶᠢᠭᠤᠯᠣᠮᠵᠢ ᠪᠣᠯᠣᠨ᠎ᠠ᠃     ᠪᠣᠷᠵᠢᠨ ᠵᠢᠭᠠᠵᠣ ᠭᠠᠷᠭᠠᠭᠰᠠᠨ ᠨᠢ᠂ ᠲᠣᠰ ᠣᠳᠠᠭᠠᠨ ᠤ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ  ᠶᠢᠨ ᠶᠢᠨ ᠢᠦᠢ ᠠᠨᠠᠭᠠᠬᠤ ᠣᠬᠠᠭᠠᠨ ᠤ ᠰᠢᠯᠭᠠᠨ ᠪᠠᠯᠴᠠᠭᠠᠬᠤ ᠲᠦᠪ ᠯᠦᠭᠡ ᠰᠢᠯᠭᠠᠨ ᠪᠠᠶᠢᠴᠠᠭᠠᠬᠤ ᠰᠠᠯᠠᠭ᠎ᠠ ᠲᠠᠢ ᠬᠤᠷᠰᠢᠯᠴᠠᠨ ᠬᠠᠮᠳᠣᠪᠡᠷ ᠰᠢᠯᠭᠠᠬᠤ ᠪᠠᠶᠢᠴᠠᠭᠠᠬᠤ ᠰᠠᠯᠠᠭ᠎ᠠ ᠪᠠᠶᠢᠭᠤᠯᠬᠤ ᠨᠢ ᠬᠤᠶᠠᠷ ᠡᠳᠡᠬᠡᠳ ᠤᠨ ᠬᠠᠮᠵᠢᠯᠴᠠᠭ᠎ᠠ  ᠨᠢ ᠨᠢᠬᠡᠨᠳᠡ ᠮᠦᠨ ᠴᠢᠨᠠᠷ ᠪᠦᠬᠦᠢ ᠱᠠᠳᠣᠨ ᠳᠠᠭᠠᠨ ᠣᠷᠣᠭᠰᠠᠨ ᠢ ᠬᠠᠷᠠᠭᠤᠯᠵᠣ᠂ ᠮᠠᠨ ᠤ ᠬᠤᠰᠢᠭᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠣᠯ ᠤᠨ ᠦᠭᠡᠷᠡᠴᠢᠡᠯᠯᠲᠡ ᠶᠢᠨ ᠠᠵᠢᠯ ᠢ ᠬᠦᠨᠵᠡᠭᠡᠶᠢᠷᠡᠬᠦᠯᠬᠦ ᠨᠢᠬᠡᠨ ᠣᠳᠠᠭᠠᠨ ᠤ ᠴᠢᠬᠤᠯᠠ ᠶᠡᠭᠡ ᠰᠦᠪᠡᠭᠴᠢᠯᠡᠯᠲᠡ ᠮᠦᠨ᠂ ᠪᠠᠰᠠᠴᠣ ᠮᠠᠨ ᠤ ᠬᠤᠰᠢᠭᠤᠨ ᠤ ᠠᠯᠪᠠᠨ ᠠᠴᠠ ᠪᠠᠶᠢᠭᠤᠯᠣᠭᠰᠠᠨ ᠡᠮᠨᠡᠯᠬᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠨᠢᠬᠡᠨ ᠴᠢᠬᠤᠯᠠ ᠠᠷᠭ᠎ᠠ ᠬᠡᠮᠵᠢᠶ᠎ᠡ ᠮᠦᠨ᠂ ᠡᠨᠡᠬᠦ ᠠᠷᠭ᠎ᠠ ᠬᠢᠳᠡᠯ ᠨᠢ ᠪᠦᠬᠦ ᠬᠤᠰᠢᠭᠤᠨ ᠤ ᠵᠢᠴᠢ ᠡᠷᠬᠢᠨ ᠲᠣᠭᠤᠷᠢᠨ ᠤ ᠦᠨᠳᠦᠰᠦᠨ ᠱᠠᠳᠣᠨ ᠤ ᠭᠠᠵᠠᠷ ᠣᠷᠣᠨ ᠤ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠰ ᠤᠨ ᠣᠯᠠᠮ ᠨᠢᠬᠡ ᠠᠯᠬᠤᠮ ᠬᠦᠭᠵᠢᠬᠦ ᠶᠢ ᠬᠦᠴᠦᠲᠡᠢ ᠲᠦᠯᠬᠢᠨ ᠠᠬᠢᠭᠤᠯᠵᠣ᠂ ᠪᠦᠬᠦ ᠬᠤᠰᠢᠭᠤᠨ ᠤ ᠠᠨᠠᠭᠠᠬᠤ ᠣᠬᠠᠭᠠᠨ ᠤ ᠰᠢᠯᠭᠠᠨ ᠪᠠᠶᠢᠴᠠᠭᠠᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠪᠠ ᠬᠠᠮᠳᠣᠪᠡᠷ ᠡᠳ᠋ᠯᠡᠬᠦ ᠳᠤ ᠮᠡᠷᠭᠡᠵᠢᠯ ᠤᠨ ᠰᠠᠭᠤᠷᠢ  ᠲᠠᠯᠪᠢᠨ ᠦᠭᠴᠦ᠂ ᠨᠡᠩ ᠣᠯᠠᠨ ᠡᠪᠡᠳᠴᠢᠳᠡᠨ ᠳᠤ ᠣᠳᠣ ᠦᠶ᠎ᠡ ᠶᠢᠨ ᠠᠨᠠᠭᠠᠬᠤ ᠣᠬᠠᠭᠠᠨ ᠤ ᠰᠢᠨᠵᠢᠯᠡᠭᠡ ᠮᠡᠷᠭᠡᠵᠢᠯ ᠤᠨ ᠠᠰᠢᠭ ᠬᠦᠷᠳᠡᠬᠡᠬᠦ ᠪᠣᠯᠣᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号