ᠮᠠᠨ ᠤ ᠬᠤᠰᠢᠭᠤ 2018 ᠤᠨ ᠤ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠠᠯ ᠤᠨ ᠲᠦᠷᠦᠬᠦᠦ ᠤᠯᠠᠷᠢᠯ ᠤᠨ ᠲᠤᠬᠢᠷᠠᠭᠤᠯᠤᠯᠳᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2018/3/26
    2 ᠰᠠᠷ᠎ᠠ ᠶᠢᠨ 28 ᠤ ᠡᠳᠦᠷ᠂ ᠮᠠᠨ ᠤ ᠬᠤᠰᠢᠭᠤ 2018 ᠤᠨ ᠤ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠠᠯ ᠤᠨ ᠲᠦᠷᠦᠬᠦᠦ ᠤᠯᠠᠷᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ᠂ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠠᠯ  ᠤᠨ ᠲᠠᠳ᠋ ᠡᠷᠬᠢᠯᠡᠭᠴᠢ ᠳ᠋ᠦ᠋ ᠰᠢᠶᠤᠤ ᠭᠤᠸᠠᠩ ᠬᠤᠷᠠᠯ ᠡᠷᠬᠢᠯᠡᠪᠡ᠃     ᠬᠤᠷᠠᠯ ᠲᠡᠭᠡᠷ᠎ᠠ ︽ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ ᠵᠦᠪᠯᠠᠯ ᠤᠨ ᠠᠯᠪᠠᠨ ᠭᠡᠷ ᠤᠨ ᠤᠶᠢᠷ᠎ᠠ ᠳᠤ ᠡᠭᠦᠰᠦᠭᠰᠡᠨ ᠬᠤᠶᠠᠷ ᠬᠦᠨᠳᠤ ᠶᠡᠭᠡ ᠭᠡᠷᠡᠭ ᠤᠨ ᠲᠣᠬᠠᠢ ᠮᠡᠳᠡᠭᠡᠯᠡᠯ︾ ᠪᠠ ︽ ᠪᠦᠬᠦ ᠣᠯᠣᠰ ᠤᠨ ︿ ᠬᠤᠶᠠᠷ ᠬᠤᠷᠠᠯ﹀ ᠤᠨ ᠬᠤᠭᠤᠴᠠᠭᠠᠨ ᠤ ᠠᠶᠣᠯᠬᠦᠢ ᠦᠢᠯᠡᠳᠪᠦᠷᠢᠯᠡᠯ ᠤᠨ ᠠᠵᠢᠯ ᠢ ᠰᠠᠶᠢᠳᠣᠷ ᠬᠢᠬᠦ ᠲᠣᠬᠠᠢ ᠮᠡᠳᠡᠭᠳᠡᠯ︾ ᠢ ᠣᠯᠠᠮᠵᠢᠯᠠᠨ ᠲᠠᠷᠬᠠᠭᠠᠵᠣ᠂2017 ᠣᠨ ᠤ ᠪᠦᠬᠦ ᠬᠤᠰᠢᠭᠤᠨ ᠤ ᠠᠶᠣᠯᠬᠦᠢ ᠦᠢᠯᠡᠳᠪᠦᠷᠢᠯᠡᠯ ᠤᠨ ᠠᠵᠢᠯ ᠢᠶᠠᠨ ᠳ᠋ᠦᠩᠨᠡᠨ ᠡᠷᠬᠢᠴᠡᠭᠦᠯᠵᠦ᠂ ᠪᠦᠬᠦ ᠣᠯᠣᠰ ᠤᠨ ︿ ᠬᠤᠶᠠᠷ ᠬᠤᠷᠠᠯ﹀ ᠤᠨ ᠬᠤᠭᠤᠴᠠᠭᠠᠨ ᠳᠠᠬᠢ ᠪᠦᠬᠦ ᠬᠤᠰᠢᠭᠤᠨ ᠤ ᠠᠶᠣᠯᠬᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠶᠢ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠠᠳᠡᠯ ᠠᠴᠠ ᠬᠦᠨᠵᠡᠬᠡᠢ ᠰᠣᠷᠭᠠᠮᠵᠢ ᠠᠪᠴᠣ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠣᠯᠬᠦᠢ ᠦᠢᠯᠡᠳᠪᠦᠷᠢᠯᠡᠯ ᠤᠨ ᠠᠶᠣᠯ ᠲᠦᠭᠰᠢᠬᠦᠷᠢ ᠶᠢ ᠬᠠᠮᠢᠶᠠᠷᠣᠨ ᠡᠵᠡᠮᠳᠡᠬᠦ ᠶᠢ ᠳᠣᠪᠣᠶᠢᠮ᠎ᠠ ᠰᠠᠶᠢᠳᠣᠷ ᠠᠳᠬᠤᠵᠣ᠂ ᠠᠶᠣᠯᠬᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ︽ ᠬᠤᠶᠠᠷ ᠬᠤᠷᠠᠯ︾ ᠤᠨ ᠬᠤᠭᠤᠴᠠᠭᠠᠨ  ᠳᠠᠬᠢ ᠦᠪᠡᠷᠳᠡᠬᠡᠨ ᠵᠠᠰᠠᠬᠤ ᠬᠤᠰᠢᠭᠤᠨ ᠤ ᠠᠶᠣᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢ ᠪᠠᠳᠣᠯᠠᠬᠤ ᠬᠡᠷᠡᠭᠲᠡᠢ ᠬᠡᠵᠦ ᠱᠠᠭᠠᠷᠳᠠᠪᠠ᠃     ᠳ᠋ᠦ᠋ ᠰᠢᠶᠣᠣ ᠭᠤᠸᠠᠩ ᠱᠠᠭᠠᠷᠳᠠᠭᠰᠠᠨ ᠨᠢ᠂ ᠡᠯ᠎ᠡ ᠰᠣᠮᠣ ᠰᠢᠶᠠᠩ ᠪᠠᠯᠭᠠᠰᠣ᠂ ᠡᠯ᠎ᠡ ᠰᠠᠯᠠᠭ᠎ᠠ ᠮᠦᠴᠢᠷ ᠤᠳ ᠪᠦᠬᠦ ᠣᠯᠣᠰ ᠤᠨ ︽ ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠣᠯᠬᠦᠢ ᠦᠢᠯᠡᠳᠪᠦᠷᠢᠯᠡᠯ ᠤᠨ ᠠᠵᠢᠯ ᠤᠨ ᠰᠡᠷᠬᠡᠭ ᠴᠢᠨᠠᠷ᠂ ᠴᠢᠬᠤᠯᠠ ᠴᠢᠨᠠᠷ ᠪᠠ ᠲᠣᠯᠭᠠᠮ᠎ᠠ ᠴᠢᠨᠠᠷ ᠢ ᠬᠦᠢᠴᠡᠳ ᠲᠠᠨᠢᠵᠣ᠂ ᠠᠵᠢᠯ ᠤᠨ ᠰᠣᠷᠳᠠᠯ ᠢᠶᠠᠨ ᠠᠯᠬᠤᠮ ᠨᠢᠬᠡ ᠣᠯᠠᠮ ᠰᠠᠶᠢᠵᠢᠷᠠᠭᠤᠯᠵᠣ᠂ ᠵᠣᠷᠢᠭᠤᠳᠠ ᠬᠤᠶᠢᠷᠠᠭᠤᠰᠢᠬᠤ ᠶᠢ ᠡᠷᠡᠰ ᠲᠡᠪᠴᠢᠵᠦ᠂ ᠣᠷᠢᠳᠴᠢᠯᠠᠨ ᠰᠡᠷᠭᠡᠶᠢᠯᠡᠬᠦ ᠪᠠ ᠦᠨᠳᠦᠰᠦ ᠠᠴᠠ ᠨᠢ ᠵᠠᠰᠠᠬᠤ ᠲᠠᠯ᠎ᠠ ᠪᠠᠷ ᠬᠦᠴᠦ ᠲᠠᠯᠪᠢᠵᠣ᠂ ᠬᠡᠮ ᠰᠣᠭᠤᠭ ᠢ ᠪᠠᠶᠢᠴᠠᠭᠠᠨ ᠵᠠᠰᠠᠬᠤ ᠶᠢ ᠲᠣᠪᠣᠶᠢᠯᠭᠠᠵᠣ᠂ ᠡᠯ᠎ᠡ ᠲᠦᠷᠦᠯ ᠤᠨ ᠠᠶᠣᠯ ᠲᠦᠭᠰᠢᠬᠦᠷᠢ ᠶᠢᠨ ᠡᠬᠢ ᠦᠨᠳᠦᠰᠦ ᠶᠢ ᠦᠨᠡᠨᠬᠦ ᠠᠷᠢᠯᠭᠠᠵᠣ᠂ ᠠᠶᠣᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠳᠡᠯ ᠡᠬᠦᠰᠬᠦ ᠶᠢ ᠪᠦᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号