ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠵᠢᠯᠣᠭᠤᠳᠬᠤ ᠭᠠᠵᠠᠷ ᠲᠠᠪᠣᠳᠣᠭᠠᠷ ᠣᠳᠠᠭᠠᠨ ᠤ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/4/27
     4 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠦᠢ ᠯᠢᠨ ᠠᠴᠠ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠵᠢᠯᠣᠭᠤᠳᠬᠤ ᠭᠠᠵᠠᠷ ᠲᠠᠪᠣᠳᠣᠭᠠᠷ ᠣᠳᠠᠭᠠᠨ ᠤ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤᠨ ᠤ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠵᠢᠯᠣᠭᠤᠳᠬᠤ ᠭᠠᠵᠠᠷ ᠤᠨ ᠪᠠᠶᠢᠩᠭᠤ ᠶᠢᠨ ᠠᠵᠢᠯ ᠢ ᠵᠢᠯᠣᠭᠤᠳᠣᠭᠴᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᡁᠢ ᠳ᠋ᠦᠩ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠡᠬᠦᠷᠭᠡ ᠡᠬᠦᠷᠭᠡᠯᠡᠵᠦ ᠪᠦᠬᠦᠢ 8 ᠰᠣᠮᠣ ᠰᠢᠶᠠᠩ ᠪᠠᠯᠭᠠᠰᠣ ᠶᠢᠨ ᠨᠠᠮ ᠤᠨ ᠬᠤᠷᠢᠶᠠᠨ ᠤ ᠱᠦᠵᠢ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠵᠢᠴᠢ ᠵᠢᠯᠣᠭᠤᠳᠬᠤ ᠭᠠᠵᠠᠷ ᠤᠨ ᠬᠡᠰᠢᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠲᠦ᠋ ᠯᠢ ᠪᠢᠨ ᠠᠴᠠ ᠦᠪᠡᠷᠳᠡᠬᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠲᠡ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠱᠠᠭᠠᠷᠳᠠᠯᠭ᠎ᠠ ᠶᠢ ᠣᠯᠠᠮᠵᠢᠯᠠᠬᠤ ᠶᠢᠨ ᠬᠠᠮᠳᠣ ᠬᠢᠨᠠᠨ ᠰᠢᠯᠭᠠᠵᠣ ᠦᠨᠡᠯᠡᠬᠦ ᠪᠠᠷᠢᠮᠵᠢᠶ᠎ᠠ ᠲᠣᠭᠲᠠᠭᠠᠪᠠ᠃ ᠣᠳᠣᠬᠠᠨ ᠤ ᠪᠠᠶᠢᠳᠠᠯ ᠵᠢᠴᠢ ᠭᠤᠣᠯᠳᠠᠯᠭ᠎ᠠ ᠲᠠᠢ ᠠᠵᠢᠯ ᠲᠠᠢ ᠣᠶᠠᠯᠳᠣᠭᠤᠯᠵᠣ᠂ ᠯᠢ ᡁᠢ ᠳ᠋ᠥᠩ ᠠᠴᠠ ᠱᠠᠭᠠᠷᠳᠠᠭᠰᠠᠨ ᠨᠢ᠂ ᠠᠰᠠᠭᠤᠳᠠᠯ ᠢᠶᠠᠷ ᠣᠳᠣᠷᠢᠳᠣᠮᠵᠢ ᠪᠣᠯᠭᠠᠵᠣ᠂ ᠴᠡᠭᠴᠡᠯᠡᠨ ᠦᠭᠡᠷᠡᠴᠢᠯᠡᠬᠦ ᠬᠦᠴᠦᠯᠡᠴᠡ ᠪᠠᠨ ᠠᠯᠬᠤᠮ ᠴᠢᠨᠠᠭᠰᠢᠲᠠ ᠴᠢᠩᠭᠠᠷᠠᠭᠤᠯᠵᠣ᠂ ᠠᠬᠢᠴᠠ ᠪᠠᠨ ᠲᠦᠷᠭᠡᠳᠬᠡᠨ ᠦᠬᠡᠷᠡᠴᠢᠯᠡᠬᠦ ᠬᠡᠷᠡᠭᠲᠡᠢ︔ ᠠᠰᠠᠭᠤᠳᠠᠯ ᠢ ᠪᠠᠷᠢᠵᠣ᠂ ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠪᠠ ᠣᠳᠠᠰᠣ ᠪᠠᠷ ᠬᠢᠨᠠᠨ ᠪᠠᠶᠢᠴᠠᠭᠠᠬᠤ ᠬᠡᠯᠪᠡᠷᠢ ᠪᠠᠷ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠪᠣᠳᠠᠳᠣ ᠠᠮᠵᠢᠯᠲᠠ ᠶᠢ ᠬᠢᠨᠠᠨ ᠪᠠᠶᠢᠴᠠᠭᠠᠬᠤ ᠬᠡᠷᠡᠭᠲᠡᠢ︔ ᠳᠣᠳᠣᠭᠠᠳᠣ ᠶᠢᠨ ᠠᠵᠢᠯ ᠤᠨ ᠳᠠᠩᠰᠠ ᠡᠪᠬᠡᠮᠡᠯ ᠢ ᠠᠯᠬᠤᠮ ᠴᠢᠨᠠᠭᠰᠢᠲᠠ ᠪᠦᠷᠢᠨᠰᠢᠬᠦᠯᠵᠦ᠂ ᠣᠯᠣᠭᠰᠠᠨ ᠦᠷ᠎ᠡ ᠪᠦᠲᠦᠭᠡᠯ ᠢᠶᠠᠨ ᠪᠠᠳᠣᠳᠬᠠᠬᠤ ᠬᠡᠷᠡᠭᠲᠡᠢ︔ ᠰᠠᠭᠤᠷᠢ ᠲᠦᠭᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠬᠡᠨ ᠢ ᠲᠡᠬᠦᠯᠳᠡᠷᠵᠢᠬᠦᠯᠬᠦ ᠶᠢᠨ ᠳᠠᠭᠠᠣ ᠰᠠᠶᠢᠳᠣᠷ ᠠᠰᠢᠭᠯᠠᠬᠤ ᠬᠡᠷᠡᠭᠲᠡᠢ᠃ ᠡᠯ᠎ᠡ ᠰᠣᠮᠣ ᠰᠢᠶᠠᠩ ᠪᠠᠯᠭᠠᠰᠣ ᠤᠳ ︽ ᠨᠢᠬᠡᠳᠦᠭᠡᠷ ᠱᠦᠵᠢ︾᠂ ᠭᠠᠴᠠᠭᠠᠨ ᠳᠤ ᠰᠠᠭᠤᠭ᠎ᠠ ᠺᠠᠳ᠋ᠷ᠂ ᠬᠠᠪᠰᠣᠷᠣᠨ ᠲᠡᠳᠬᠦᠬᠦ ᠺᠠᠳ᠋ᠷ ᠢ ᠰᠠᠶᠢᠳᠣᠷ ᠲᠣᠬᠢᠷᠠᠭᠤᠯᠵᠣ᠂ ᠠᠵᠢᠯ ᠤᠨ ᠬᠦᠴᠦᠯᠡᠬᠦ ᠴᠡᠭ ᠢ ᠣᠨᠣᠪᠴᠢᠲᠠᠢ ᠡᠷᠢᠵᠦ ᠣᠯᠬᠤ ᠬᠡᠷᠡᠭᠲᠡᠢ︔ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤᠷᠠᠭᠰᠠᠨ ᠰᠢᠯᠳᠠᠭᠠᠨ ᠳᠤ ᠴᠢᠭᠯᠡᠬᠦᠯᠦᠨ ᠣᠨᠣᠪᠴᠢᠲᠠᠢ ᠠᠷᠭ᠎ᠠ ᠬᠡᠮᠵᠢᠶ᠎ᠡ ᠠᠪᠴᠣ ᠂ ︽ ᠢᠳᠡᠵᠦ ᠡᠮᠦᠰᠬᠦ ᠳᠡᠭᠡᠨ ᠵᠦᠪ ᠪᠣᠯᠬᠤ᠂ ᠭᠤᠷᠪᠠ ᠶᠢ ᠪᠠᠳᠣᠯᠠᠬᠤ︾ ᠬᠠᠷᠠᠯᠲᠠ ᠶᠢ ᠪᠠᠳᠣ ᠴᠡᠭᠡᠵᠢᠯᠡᠵᠦ᠂ ︽ ᠬᠡᠨ ᠢ ᠲᠡᠳᠬᠦᠨ ᠳᠡᠮᠵᠢᠬᠦ᠂ ᠬᠡᠨ ᠲᠡᠳᠬᠦᠨ ᠳᠡᠮᠵᠢᠬᠦ᠂ ᠬᠡᠷᠬᠢᠨ ᠲᠡᠳᠬᠦᠨ ᠳᠡᠮᠵᠢᠬᠦ᠂ ᠬᠡᠷᠬᠢᠨ ᠣᠬᠤᠷᠢᠨ ᠭᠠᠷᠬᠤ︾ ᠪᠠ ︽ ᠵᠢᠩᠬᠢᠨᠢ ᠶᠠᠳᠠᠭᠤ ᠭᠦᠴᠢᠷᠳᠡᠯᠳᠡᠢ ᠶᠢ ᠲᠡᠳᠬᠦᠬᠦ᠂ ᠶᠠᠳᠠᠭᠤ ᠬᠦᠴᠢᠷᠳᠡᠯᠳᠡᠢ ᠶᠢ ᠦᠨᠡᠨᠬᠦ ᠲᠡᠳᠬᠦᠬᠦ᠂ ᠶᠠᠳᠠᠭᠤ ᠠᠴᠠ ᠦᠨᠡᠨᠬᠦ ᠠᠩᠬᠢᠵᠢᠷᠠᠭᠤᠯᠬᠤ︾ ᠭᠤᠣᠯ ᠣᠳᠬ᠎ᠠ ᠰᠠᠨᠠᠭ᠎ᠠ ᠶᠢ ᠣᠶᠢᠯᠠᠭᠠᠵᠣ᠂ 2017 ᠣᠨ ᠤ ᠦᠷ᠎ᠡ ᠪᠦᠲᠦᠭᠡᠯ ᠢᠶᠠᠨ ᠪᠠᠳᠣᠳᠬᠠᠨ᠂ 2018 ᠣᠨ ᠤ ᠠᠵᠢᠯ ᠢᠶᠠᠨ ᠰᠠᠶᠢᠳᠣᠷ ᠦᠷᠨᠢᠬᠦᠯᠬᠦ ᠬᠡᠷᠡᠭᠲᠡᠢ᠃     ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠣᠬᠠᠢ ᠵᠣᠣ ᠢᠦᠢ ᠯᠢᠨ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠬᠦᠷᠬᠡᠯᠡᠵᠦ᠂ ᠭᠤᠣᠯ ᠴᠣᠭᠴᠠ ᠶᠢᠨ ᠦᠢᠯᠡᠳᠦᠯ ᠢᠶᠠᠨ ᠰᠠᠶᠢᠳᠣᠷ ᠪᠠᠳᠠᠷᠠᠭᠤᠯᠵᠣ᠂ ᠰᠠᠯᠠᠭ᠎ᠠ ᠮᠦᠴᠢᠷ ᠤᠳ ᠤᠨ ᠬᠤᠭᠤᠷᠣᠨᠳᠣᠬᠢ ᠠᠵᠢᠯ ᠢᠶᠠᠨ ᠰᠠᠨᠠᠭᠠᠴᠢᠯᠠᠭ᠎ᠠ ᠲᠠᠢ ᠪᠠᠷ ᠵᠣᠯᠭᠠᠭᠤᠯᠬᠤ ᠬᠡᠷᠡᠭᠲᠡᠢ᠃ ᠨᠢᠬᠡ ᠳᠤ᠂ ᠬᠠᠷᠢᠭᠤᠴᠠᠯᠭ᠎ᠠ ᠪᠠᠨ ᠣᠯᠠᠮ ᠨᠠᠶᠢᠳᠠᠪᠣᠷᠢᠵᠢᠭᠤᠯᠵᠣ᠂ ᠳᠠᠷᠣᠯᠲᠠ ᠶᠢ ᠣᠯᠠᠮᠵᠢᠯᠠᠨ ᠳᠠᠮᠵᠢᠭᠤᠯᠵᠣ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠶᠢ ᠬᠢᠨᠠᠨ ᠰᠢᠯᠭᠠᠵᠣ ᠦᠨᠡᠯᠡᠬᠦ ᠪᠠᠷᠢᠮᠵᠢᠶ᠎ᠠ ᠶᠢ ᠨᠢᠮᠪᠠᠢ ᠰᠣᠳᠣᠯᠵᠣ᠂ ᠡᠯ᠎ᠡ ᠭᠠᠵᠠᠷ ᠪᠣᠳᠠᠳᠠᠢ ᠪᠠᠶᠢᠳᠠᠯ ᠢᠶᠠᠨ ᠦᠨᠳᠦᠰᠦᠯᠡᠨ ᠬᠦᠢᠴᠡᠳᠬᠡᠯ ᠲᠤᠭ᠎ᠠ  ᠶᠢᠨ ᠰᠢᠰᠲ᠋ᠧᠮ ᠲᠠᠢ ᠬᠠᠷᠢᠴᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠣᠯᠠᠮ ᠨᠢᠬᠡ ᠠᠯᠬᠤᠮ ᠰᠢᠯᠣᠭᠤᠳᠬᠠᠬᠤ ᠬᠡᠷᠡᠭᠲᠡᠢ︔ ᠬᠤᠶᠠᠷ ᠲᠤ ᠠᠰᠠᠭᠤᠳᠠᠯ ᠤᠨ ᠲᠣᠭᠤᠷᠢᠨ ᠳᠤ ᠴᠡᠭᠴᠡᠯᠡᠨ ᠦᠭᠡᠷᠡᠴᠢᠯᠡᠬᠦ ᠶᠢ ᠠᠳᠬᠤᠵᠣ᠂ ᠲᠣᠭᠲᠠᠭᠠᠯ ᠳᠡᠰ ᠳᠠᠷᠠᠭᠠᠯᠠᠯ ᠶᠣᠰᠣᠭᠠᠷ ᠨᠠᠶᠢᠳᠠᠪᠣᠷᠢᠵᠢᠭᠤᠯᠣᠯᠲᠠ ᠶᠢ ᠴᠢᠩᠳᠠᠯᠠᠬᠤ ᠬᠡᠷᠡᠭᠲᠡᠢ︔ ᠭᠤᠷᠪᠠ ᠳᠤ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠴᠠᠭ ᠬᠤᠭᠤᠴᠠᠭ᠎ᠠ ᠶᠢᠨ ᠵᠠᠩᠬᠢᠯᠠᠭ᠎ᠠ ᠶᠢ ᠰᠠᠶᠢᠳᠣᠷ ᠡᠵᠡᠮᠰᠢᠵᠦ᠂ ᠺᠠᠳ᠋ᠷ ᠢᠶᠠᠨ ᠰᠠᠶᠢᠳᠣᠷ ᠲᠣᠬᠢᠷᠠᠭᠤᠯᠵᠣ᠂ ᠠᠵᠢᠯ ᠤᠨ ᠨᠠᠶᠢᠳᠠᠪᠣᠷᠢᠵᠢᠭᠤᠯᠣᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ︔ ᠳᠦᠷᠪᠡ ᠳᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠣᠷ ᠦᠷᠨᠢᠬᠦᠯᠵᠦ᠂ ᠠᠵᠢᠯ ᠤᠨ ᠰᠣᠷᠳᠠᠯ ᠢᠶᠠᠨ ᠬᠠᠯᠠᠨ ᠰᠠᠶᠢᠵᠢᠷᠠᠭᠤᠯᠵᠣ᠂ ᠪᠣᠴᠠᠯᠳᠠ ᠦᠭᠡᠢ ᠣᠷᠣᠭᠰᠢᠯᠠᠬᠤ ᠵᠣᠷᠢᠭ ᠰᠠᠨᠠᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ᠂ ᠵᠠᠬᠢᠳᠠᠯ ᠰᠣᠷᠪᠣᠯᠵᠢᠯᠠᠯ ᠲᠣᠭᠲᠠᠭᠤᠨ ᠢ ᠬᠠᠮᠠᠭᠠᠯᠠᠬᠤ᠂ ᠠᠶᠣᠯᠬᠦᠢ ᠦᠢᠯᠡᠳᠪᠦᠷᠢᠯᠡᠯ᠂ ᠦᠷᠢ ᠦᠭᠴᠡᠭᠡ ᠶᠢ ᠨᠠᠮᠳᠠᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠳᠣᠷ ᠬᠢᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号