ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠵᠢᠯᠤᠭᠤᠳᠬᠤ ᠭᠠᠵᠠᠷ ᠲᠤᠯᠤᠳᠤᠭᠠᠷ ᠤᠳᠠᠭᠠᠨ ᠤ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/27
    4 ᠰᠠᠷ᠎ᠠ ᠶᠢᠨ 22 ᠤ ᠡᠳᠦᠷ᠂ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠵᠢᠯᠤᠭᠤᠳᠬᠤ ᠭᠠᠵᠠᠷ ᠲᠤᠯᠤᠳᠤᠭᠠᠷ ᠤᠳᠠᠭᠠᠨ ᠤ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠦ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠤᠨ ᠲᠤᠮᠤ ᠳ᠋ᠠᠶᠢᠲᠨ ᠵᠢᠯᠤᠭᠤᠳᠬᠤ ᠲᠠᠪᠴᠠᠩ ᠤᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠲᠣᠰᠬᠠᠶᠢᠯᠠᠨ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠵᠢᠯᠤᠭᠤᠳᠬᠤ ᠭᠠᠵᠠᠷ ᠤᠨ ᠪᠠᠶᠢᠩᠭᠤ ᠶᠢᠨ ᠠᠵᠢᠯ ᠤᠨ ᠵᠢᠯᠤᠭᠤᠳᠤᠭᠴᠢ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠯᠢ ᡁᠢ ᠳ᠋ᠦᠩ ᠬᠤᠷᠠᠯ ᠡᠷᠬᠢᠯᠡᠵᠦ᠂ ᠬᠤᠰᠢᠭᠤᠨ ᠤ ᠶᠠᠳᠠᠭᠤ ᠶᠢ ᠲᠠᠳᠬᠦᠬᠦ ᠠᠯᠪᠠᠨ ᠭᠡᠷ ᠤᠨ ᠡᠷᠬᠢᠯᠡᠭᠴᠢ ᠲᠦ᠋ ᠯᠢ ᠪᠢᠨ᠂ ᠲᠤᠮᠤ ᠳ᠋ᠠᠶᠢᠲᠨ ᠵᠢᠯᠤᠭᠤᠳᠬᠤ ᠲᠠᠪᠴᠠᠩ ᠤᠨ ᠠᠵᠢᠯ ᠢ ᠠᠬᠢᠭᠤᠯᠬᠤ ᠲᠤᠭᠤᠶᠢᠯᠠᠩ ᠤᠨ ᠭᠡᠰᠢᠭᠦᠤᠨ ᠬᠤᠷᠠᠯ ᠳᠤ ᠤᠷᠤᠯᠴᠠᠪᠠ᠃     ᠯᠢ ᡁᠢ ᠳ᠋ᠦᠩ ᠠᠴᠠ ᠲᠤᠮᠤ ᠳ᠋ᠠᠶᠢᠲᠨ ᠶᠢᠨ ᠵᠢᠯᠤᠭᠤᠳᠬᠤ ᠲᠠᠪᠴᠠᠩ ᠪᠤᠯ ᠮᠠᠨ ᠤ ᠬᠤᠰᠢᠭᠤᠨ ᠤ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠤᠶᠤᠨᠴᠢ ᠪᠠᠷ ᠬᠢᠬᠦ ᠰᠠᠨᠠᠭᠠᠴᠢᠯᠠᠭᠠᠳᠤ ᠲᠤᠷᠰᠢᠯᠳᠠ ᠪᠠ ᠵᠤᠷᠢᠮᠠᠭ ᠰᠦᠪᠡᠭᠴᠢᠯᠡᠯᠳᠠ ᠮᠦᠨ᠂ ᠲᠠᠪᠴᠠᠩ ᠤᠨ ᠠᠵᠢᠯᠯᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠪᠴᠠᠩ ᠤᠨ ᠭᠡᠷᠡᠭᠯᠡᠭᠡᠨ ᠤ ᠦᠢᠯᠡᠴᠢᠯᠡᠭᠡ ᠶᠢᠨ ᠭᠡᠪᠴᠢᠶ᠎ᠠ ᠶᠢ ᠲᠠᠰᠤᠷᠠᠯᠳᠠ ᠦᠭᠡᠢ ᠦᠷᠭᠡᠳᠭᠡᠵᠦ᠂ ᠳ᠋ᠠᠶᠢᠲᠨ ᠲᠠᠪᠴᠠᠩ ᠢ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠤᠨ ᠡᠮᠦᠨ᠎ᠠ ᠹᠷᠦᠨᠲ ᠤᠨ ᠵᠢᠬᠰᠠᠭᠠᠯ ᠤᠨ ᠭᠠᠵᠠᠷ ᠪᠤᠯᠭᠠᠬᠤ ᠪᠠᠷ ᠴᠢᠷᠮᠠᠶᠢᠵᠦ᠂ ᠳ᠋ᠠᠶᠢᠲᠨ ᠲᠠᠪᠴᠠᠩ ᠢ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠡᠯ᠎ᠠ ᠵᠦᠢᠯ ᠤᠨ ᠠᠵᠢᠯ ᠳᠤ ᠦᠨᠳᠦᠷ ᠦᠷ᠎ᠠ ᠠᠰᠢᠭ ᠲᠠᠢ ᠪᠠᠷ ᠦᠢᠯᠡᠴᠢᠯᠡᠭᠦᠯᠬᠦ ᠭᠡᠷᠡᠭᠳᠡᠢ᠃ ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠠᠨ ᠪᠦᠬᠦᠳᠡᠭᠡᠷ ᠢᠶᠠᠨ ᠮᠦᠨ ᠬᠤᠭᠤᠴᠠᠭᠠᠨ ᠤ ᠳ᠋ᠠᠶᠢᠲᠨ ᠲᠠᠪᠴᠠᠩ ᠢ ᠪᠠᠶᠢᠭᠤᠯᠬᠤ ᠶᠠᠪᠣᠴᠠ ᠳᠤ ᠤᠷᠤᠰᠢᠵᠦ ᠪᠠᠶᠢᠭ᠎ᠠ ᠬᠦᠴᠢᠷ ᠠᠰᠠᠭᠤᠳᠠᠯ ᠪᠠ ᠲᠠᠷᠠᠭ᠎ᠠ ᠠᠯᠬᠤᠮ ᠳᠤ ᠰᠢᠢᠳᠪᠦᠷᠢᠯᠡᠬᠦ ᠲᠦᠰᠦᠯ ᠤᠨ ᠲᠤᠬᠠᠢ ᠶᠠᠷᠢᠯᠴᠠᠭ᠎ᠠ ᠦᠷᠨᠢᠭᠦᠯᠪᠡ᠃     ᠯᠢ ᡁᠢ ᠳ᠋ᠦᠩ ᠠᠴᠠ ᠲᠠᠷᠠᠭᠠᠴᠢ ᠶᠢᠨ ᠠᠵᠢᠯ ᠳᠤ ᠬᠠᠨᠳᠤᠭᠤᠯᠤᠨ᠂ ᠵᠢᠯᠤᠭᠤᠳᠬᠤ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠨᠠᠩ ᠴᠢᠩᠭᠠᠳᠬᠠᠵᠣ᠂ ᠲᠠᠪᠴᠠᠩ ᠤᠨ ᠴᠢᠳᠠᠪᠬᠢ ᠶᠢ ᠴᠢᠩᠭᠠᠷᠠᠭᠤᠯᠤᠨ᠂ ᠡᠯ᠎ᠠ ᠬᠡᠰᠡᠭ ᠪᠤᠯᠤᠩ  ᠤᠨ ᠠᠭᠤᠯᠭ᠎ᠠ ᠶᠢᠨ ᠴᠠᠭ ᠬᠤᠭᠤᠴᠠᠭᠠᠳᠤ ᠴᠢᠨᠠᠷ ᠢ ᠪᠠᠳᠤᠯᠬᠠᠤ ᠭᠡᠷᠡᠭᠳᠡᠢ᠄ ᠨᠢᠭᠡ ᠳᠤ ᠡᠩᠨᠡᠭᠡ ᠶᠢᠨ ᠬᠠᠮᠢᠶᠠᠷᠤᠯᠳᠠ  ᠶᠢ ᠴᠢᠩᠭᠠᠳᠬᠠᠵᠦ᠂ ᠵᠢᠯᠤᠭᠤᠳᠬᠤ ᠲᠠᠪᠴᠠᠩ ᠤᠨ ᠠᠵᠢᠯᠯᠠᠬᠤ ᠲᠤᠭᠤᠶᠢᠯᠠᠩ ᠤᠨ ᠬᠦᠴᠦᠨ ᠢ ᠰᠠᠶᠢᠳᠤᠷ ᠲᠤᠬᠢᠷᠠᠭᠤᠯᠵᠦ᠂ ᠵᠢᠯᠤᠭᠤᠳᠬᠤ ᠲᠠᠪᠴᠠᠩ ᠢ ᠰᠠᠶᠢᠳᠦᠷ ᠬᠠᠮᠢᠶᠠᠷᠤᠨ ᠬᠠᠮᠠᠭᠠᠯᠠᠵᠦ᠂ ᠴᠢᠨᠠᠷ ᠴᠢᠨᠰᠠᠭ᠎ᠠ ᠪᠦᠬᠦᠢ ᠦᠨᠳᠦᠷ ᠦᠷ᠎ᠠ ᠠᠰᠢᠭ ᠲᠠᠢ ᠲᠤᠮᠤ ᠳ᠋ᠠᠶᠢᠲᠨ ᠵᠢᠯᠤᠭᠤᠳᠬᠤ ᠲᠠᠪᠴᠠᠩ ᠢ ᠪᠠᠶᠢᠭᠤᠯᠬᠤ ᠭᠡᠷᠡᠭᠳᠡᠢ︔ ᠬᠤᠶᠠᠷ ᠲᠤ ᠲᠠᠪᠴᠠᠩ ᠢᠶᠠᠷ ᠲᠠᠮᠵᠢᠨ ᠬᠠᠪᠰᠤᠷᠤᠨ ᠲᠠᠳᠬᠦᠬᠦ ᠡᠳᠦᠷ ᠤᠨ ᠲᠡᠮᠳᠡᠭᠯᠡᠯ ᠬᠢᠬᠦ᠂ ᠠᠵᠢᠯ ᠤᠨ ᠬᠦᠳᠡᠯᠦᠰᠢ ᠪᠠᠶᠢᠳᠠᠯ ᠵᠠᠷᠭᠡ ᠬᠡᠰᠡᠭ ᠪᠤᠯᠤᠩ ᠤᠨ ᠠᠭᠤᠯᠭ᠎ᠠ ᠶᠢ ᠬᠠᠮᠢᠶᠠᠷᠣᠨ ᠬᠢᠨᠠᠨ ᠬᠠᠷᠭᠤᠭᠤᠯᠬᠤ ᠬᠦᠴᠦᠯᠠᠴᠠ ᠪᠠᠨ ᠨᠡᠮᠡᠭᠳᠡᠭᠦᠯᠵᠦ᠂ ᠤᠨᠢᠨ ᠲᠡᠭᠡᠷ᠎ᠠ ᠨᠢ ᠬᠠᠪᠰᠤᠷᠤᠨ ᠲᠡᠳᠬᠦᠬᠦ ᠠᠵᠢᠯ ᠤᠨ ᠡᠮᠬᠢ ᠵᠢᠷᠤᠮ ᠲᠠᠢ ᠦᠷᠨᠢᠭᠳᠡᠬᠦ ᠶᠢ ᠠᠬᠢᠭᠤᠯᠬᠤ ᠭᠡᠷᠡᠭᠳᠡᠢ  ︔ ᠭᠤᠷᠪᠠ ᠳᠤ ᠮᠠᠷᠭᠡᠵᠢᠯ ᠤᠨ ᠰᠢᠨ᠎ᠠ ᠶᠢ ᠡᠬᠦᠳᠬᠦ ᠬᠤᠷᠳᠣᠴᠠ ᠪᠠᠨ ᠲᠦᠷᠭᠡᠳᠬᠡᠵᠦ᠂ ᠡᠳ᠋ ᠤᠨ ᠵᠠᠰᠠᠭ᠂ ᠠᠷᠠᠳ  ᠤᠨ ᠶᠠᠪᠤᠳᠠᠯ᠂ ᠡᠮ ᠡᠮᠨᠡᠯᠭᠡ᠂ ᠰᠤᠷᠭᠠᠨ ᠬᠦᠮᠦᠵᠢᠯ ᠵᠠᠷᠭᠡ ᠰᠢᠰᠲ᠋ᠧᠮ ᠤᠨ ᠠᠵᠢᠯ ᠢ ᠵᠤᠯᠭᠠᠭᠤᠯᠤᠨ᠂ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ ᠶᠢ ᠪᠠᠶᠠᠯᠡᠭᠦᠯᠬᠦ ᠭᠡᠷᠡᠭᠳᠡᠢ︔ ᠲᠦᠷᠪᠡ ᠳᠤ 5 ᠰᠠᠷ᠎ᠡ ᠶᠢᠨ ᠲᠤᠮᠳᠠᠴᠢ ᠪᠠᠷ ᠮᠡᠳᠡᠭᠡ ᠵᠠᠩᠬᠢ ᠶᠢ ᠲᠦᠪᠯᠡᠷᠡᠭᠦᠯᠦᠨ ᠺᠤᠮᠫᠢᠦ᠋ᠲ᠋ᠧᠷ ᠲᠤ ᠪᠢᠴᠢᠨ ᠤᠷᠤᠭᠤᠯᠬᠤ ᠪᠠᠷ ᠲᠦᠯᠦᠪᠯᠡᠵᠦ ᠪᠤᠢ᠂ ᠰᠤᠮᠤ ᠰᠢᠶᠠᠩ ᠪᠠᠯᠭᠠᠰᠤ ᠪᠠᠷ ᠨᠢᠭᠡᠴᠢ ᠪᠤᠯᠭᠠᠵᠦ ᠡᠷᠦᠭᠡ ᠲᠠᠷᠠᠭᠠᠯᠠᠨ ᠦᠨᠳᠦᠰᠦᠨ ᠪᠠᠶᠢᠳᠠᠯ ᠢ ᠨᠢ ᠬᠢᠨᠠᠨ ᠬᠠᠷᠭᠤᠭᠤᠯᠵᠦ ᠳᠠᠩᠰᠠᠯᠠᠨ ᠤᠷᠤᠭᠤᠯᠬᠤ ᠶᠢᠨ ᠬᠠᠮᠳᠤ ᠤᠷᠤᠯᠭ᠎ᠠ ᠶᠢᠨ ᠪᠦᠷᠢᠳᠭᠡᠯ᠂ ᠲᠤᠬᠠᠶᠢᠯᠠᠭᠰᠠᠨ ᠠᠵᠢᠯ ᠤᠨ ᠲᠠᠩᠰᠠ ᠡᠪᠭᠡᠮᠡᠯ ᠵᠠᠷᠭᠡ ᠠᠭᠤᠯᠭ᠎ᠠ ᠶᠢ ᠨᠢᠭᠡᠳᠦᠯᠳᠠᠢ ᠲᠦᠯᠦᠪᠵᠢᠭᠦᠯᠦᠨ ᠬᠢᠨᠠᠨ ᠬᠠᠷᠭᠤᠭᠤᠯᠵᠦ ᠳᠠᠩᠰᠠᠯᠠᠨ ᠤᠷᠤᠭᠤᠯᠬᠤ ᠭᠡᠷᠡᠭᠳᠡᠢ︔ ᠲᠠᠪᠤ  ᠳᠤ ᠲᠤᠮᠤ ᠳ᠋ᠠᠶᠢᠲᠨ ᠲᠠᠪᠴᠠᠩ ᠤᠨ ᠠᠵᠢᠯ ᠤᠨ ᠲᠦᠷᠢᠮ ᠢ ᠲᠤᠭᠳᠠᠭᠠᠵᠦ᠂ ᠡᠯ᠎ᠠ ᠬᠡᠰᠡᠭ ᠪᠤᠯᠤᠩ ᠤᠨ ᠬᠠᠷᠢᠭᠤᠴᠠᠭᠴᠢ ᠶᠢ ᠲᠤᠳᠤᠷᠬᠠᠶᠢᠯᠠᠵᠦ᠂ ᠵᠢᠯᠤᠭᠤᠳᠬᠤ ᠲᠠᠪᠴᠠᠩ ᠤᠨ ᠬᠠᠮᠠᠭᠠᠯᠠᠯᠳᠠ ᠪᠠ ᠠᠭᠤᠯᠭ᠎ᠠ ᠶᠢᠨ ᠰᠢᠨᠡᠴᠢᠯᠡᠯᠳᠠ ᠬᠢᠬᠦ ᠶᠢ ᠴᠢᠩᠭᠠᠳᠬᠠᠬᠤ ᠭᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号