ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠯᠣᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ ᠢᠮᠢᠨ ᠰᠣᠮᠣᠨ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/5/3
    4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ ᠢᠮᠢᠨ ᠰᠣᠮᠣᠨ ᠳᠤ ᠬᠦᠷᠴᠦ᠂ ᠭᠠᠴᠠᠭ᠎ᠠ ᠨᠡᠶᠢᠬᠡᠮ ᠲᠣᠭᠤᠷᠢᠭ ᠤᠨ ︽ ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠤᠨ ᠲᠣᠬᠠᠢ ᠪᠠᠶᠢᠴᠠᠭᠠᠨ ᠰᠣᠳᠣᠯᠣᠯᠲᠠ ᠬᠢᠵᠦ᠂ ᠰᠣᠮᠣ ᠤᠨ ᠨᠠᠮ ᠤᠨ ᠬᠤᠷᠢᠶᠠᠨ ᠤ ᠳᠡᠳ᠋ ᠱᠦᠵᠢ ᠮᠦ ᠳ᠋ᠠᠨ ᠵᠢᠴᠢ ᠰᠣᠮᠣ ᠶᠢᠨ ᠵᠠᠰᠠᠭ ᠤᠨ ᠣᠷᠳᠣᠨ ᠤ ᠳᠡᠳ᠋ ᠰᠣᠮᠣᠨ ᠳᠠᠷᠤᠭ᠎ᠠ ᠳᠠᠷᠣᠣ ᠬᠤᠷᠠᠯ ᠳᠤ ᠣᠷᠣᠯᠴᠠᠪᠠ᠃      ᠬᠤᠷᠠᠯ ᠳᠤ᠂ ᠬᠤᠲᠠᠯᠠ ᠢᠮᠢᠨ ᠰᠣᠮᠣ ᠶᠢᠨ ᠭᠠᠴᠠᠭ᠎ᠠ ᠨᠡᠶᠢᠬᠡᠮ ᠲᠣᠭᠤᠷᠢᠭ ᠤᠨ ︽ ᠬᠤᠶᠠᠷ ᠵᠦᠪᠯᠡᠯ︾  ᠤᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠤᠨ ᠲᠣᠬᠠᠢ ᠮᠡᠳᠡᠬᠦᠯᠦᠯᠲᠡ ᠶᠢ ᠰᠣᠨᠣᠰᠴᠣ᠂ ᠡᠯ᠎ᠡ ᠭᠠᠴᠠᠭ᠎ᠠ ᠨᠡᠶᠢᠬᠡᠮ ᠲᠣᠭᠤᠷᠢᠭ ᠤᠨ ︽ ᠬᠤᠶᠠᠷ ᠵᠦᠪᠯᠡᠯ︾ ᠤᠨ ᠣᠳᠣᠷᠢᠳᠬᠤ ᠪᠠᠭ ᠤᠨ ᠦᠨᠳᠦᠰᠦᠨ ᠪᠠᠶᠢᠳᠠᠯ ᠪᠠ ᠣᠷᠣᠰᠢᠵᠣ ᠪᠠᠶᠢᠭ᠎ᠠ ᠠᠰᠠᠭᠤᠳᠠᠯ ᠢ ᠨᠢᠮᠪᠠᠢ ᠣᠶᠢᠯᠠᠭᠠᠵᠣ᠂ ᠵᠢᠭᠠᠨ ᠵᠢᠯᠣᠭᠤᠳᠣᠯᠭ᠎ᠠ ᠲᠠᠢ ᠰᠠᠨᠠᠯ ᠳᠣᠷᠠᠳᠪᠠ᠃     ᠬᠤᠲᠠᠯᠠ ᠠᠴᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ  ᠤᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ ᠨᠠᠷᠢᠨ ᠨᠢᠬᠲᠠ ᠠᠵᠢᠯ ᠤᠨ ᠲᠦᠰᠦᠯ ᠲᠣᠭᠲᠠᠭᠠᠬᠤ ᠬᠡᠷᠡᠭᠲᠡᠢ︔ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ︔ ᠦᠵᠡᠯ ᠰᠠᠨᠠᠭᠠᠨ ᠤ ᠣᠬᠠᠭᠤᠯᠭ᠎ᠠ ᠶᠢ ᠰᠠᠶᠢᠳᠣᠷ ᠦᠷᠨᠢᠬᠦᠯᠵᠦ᠂ ᠨᠠᠮ ᠤᠨ ᠬᠡᠰᠢᠬᠦᠨ ᠣᠯᠠᠨ ᠲᠦᠮᠡᠨ ᠤ ᠠᠵᠢᠯ ᠪᠠ ᠵᠦᠷᠢᠴᠡᠯ ᠳᠠᠯᠳᠠ ᠬᠡᠮ ᠢ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ︔ ᠵᠣᠬᠢᠶᠠᠨ ᠪᠠᠶᠢᠭᠤᠯᠣᠯᠲᠠ ᠶᠢᠨ ᠰᠠᠬᠢᠯᠭ᠎ᠠ ᠶᠢ ᠴᠢᠩᠳᠠᠯᠠᠵᠣ᠂ ᠠᠷᠢᠭᠤᠨ ᠴᠢᠬᠡᠴᠢ ᠲᠦᠪ ᠭᠤᠣᠯᠴᠢ ᠬᠤᠭᠤᠴᠠᠭ᠎ᠠ ᠰᠣᠯᠢᠬᠤ ᠣᠷᠴᠢᠨ ᠢ ᠪᠣᠢ ᠪᠣᠯᠭᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号