ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠮᠢᠨ ᠵᠢᠶᠧ ᠢᠮᠢᠨ ᠰᠣᠮᠣᠨ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/5/3
   4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠮᠢᠨ ᠵᠢᠶᠧ ᠢᠮᠢᠨ ᠰᠣᠮᠣ ᠶᠢᠨ ᠢᠮᠢᠨ ᠭᠠᠴᠠᠭᠠᠨ ᠳᠤ ᠬᠦᠷᠴᠦ ᠣᠨᠣᠪᠴᠢᠲᠠᠢ  ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠪᠠᠶᠢᠴᠠᠭᠠᠨ ᠰᠣᠳᠣᠯᠣᠯᠲᠠ ᠬᠢᠵᠦ᠂ ᠭᠠᠴᠠᠭᠠᠨ ᠤ ︽ ᠨᠢᠬᠡᠳᠦᠭᠡᠷ ᠱᠦᠵᠢ︾ ᠵᠢᠴᠢ ᠲᠣᠰᠬᠤᠨ ᠳᠤ ᠰᠠᠭᠤᠭ᠎ᠠ ᠠᠵᠢᠯ ᠤᠨ ᠳᠣᠭᠤᠶᠢᠯᠠᠩ ᠬᠠᠮᠳᠣᠪᠡᠷ ᠪᠠᠶᠢᠴᠠᠭᠠᠨ ᠰᠣᠳᠣᠯᠪᠠ᠃    ᠮᠢᠨ ᠵᠢᠶᠧ ᠶᠠᠳᠠᠭᠤ ᠬᠦᠴᠢᠷᠳᠡᠯᠳᠡᠢ ᠡᠷᠦᠬᠡ ᠮᠧᠩ ᠶᠢᠩ ᠱᠧᠩ ᠪᠠ ᠬᠠᠰᠪᠠᠶᠠᠷ ᠤᠨ ᠬᠡᠷ ᠲᠤ ᠬᠦᠷᠴᠦ᠂ ᠲᠡᠳᠡᠨᠣᠰ ᠤᠨ ᠣᠳᠣᠬᠠᠨ ᠤ ᠠᠮᠢᠳᠣᠷᠠᠯ ᠤᠨ ᠪᠠᠶᠢᠳᠠᠯ᠂ ᠡᠷᠡᠬᠦᠯ ᠡᠩᠬᠡ ᠶᠢᠨ ᠪᠠᠶᠢᠳᠠᠯ ᠪᠠ ᠠᠮᠢᠳᠣᠷᠠᠯ ᠤᠨ ᠬᠦᠴᠢᠷ ᠪᠡᠷᠬᠡ ᠶᠢ ᠨᠢᠮᠪᠠᠢ ᠣᠶᠢᠯᠠᠭᠠᠬᠤ ᠶᠢᠨ ᠬᠠᠮᠳᠣ ᠮᠠᠨ ᠤ ᠬᠤᠰᠢᠭᠤᠨ ᠤ 2018 ᠣᠨ ᠤ 67 ᠲᠦᠷᠦᠯ ᠤᠨ ᠶᠠᠳᠠᠭᠤ  ᠠᠴᠠ ᠠᠩᠬᠢᠵᠢᠷᠠᠭᠤᠯᠬᠤ ᠠᠷᠭ᠎ᠠ ᠠᠪᠴᠠᠯ ᠢ ᠣᠬᠠᠭᠤᠯᠣᠨ ᠲᠠᠶᠢᠯᠪᠣᠷᠢᠯᠠᠵᠣ᠂ ᠶᠠᠳᠠᠭᠤ ᠬᠦᠴᠢᠷᠳᠡᠯᠳᠡᠢ ᠡᠷᠦᠬᠡ ᠶᠢᠨ ᠬᠦᠰᠡᠯ ᠡᠷᠡᠮᠡᠯᠵᠡᠯ ᠳᠤ ᠲᠣᠬᠢᠷᠠᠭᠰᠠᠨ ᠠᠷᠭ᠎ᠠ ᠠᠪᠴᠠᠯ ᠢ ᠰᠦᠪᠡᠭᠴᠢᠯᠡᠨ ᠦᠭᠴᠦ᠂ ᠲᠡᠳᠡᠨᠣᠰ ᠢ ᠡᠷᠴᠢ ᠵᠣᠷᠢᠭ  ᠢᠶᠠᠨ ᠬᠦᠪᠴᠢᠯᠡᠨ ᠡᠷᠳᠡᠬᠡᠨ ᠶᠠᠳᠠᠭᠤ ᠠᠴᠠ ᠠᠩᠬᠢᠵᠢᠷᠠᠬᠤ ᠶᠢ ᠵᠣᠷᠢᠭᠵᠢᠭᠤᠯᠣᠭᠰᠠᠨ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠲᠣᠰᠬᠤᠨ ᠳᠤ ᠰᠠᠭᠤᠭ᠎ᠠ ᠠᠵᠢᠯ ᠤᠨ ᠳᠣᠭᠤᠶᠢᠯᠠᠩ ᠠᠴᠠ ᠶᠠᠳᠠᠭᠤ ᠬᠦᠴᠢᠷᠳᠡᠯᠳᠡᠢ ᠡᠷᠦᠬᠡ ᠶᠢᠨ ᠠᠮᠢᠳᠣᠷᠠᠯ ᠤᠨ ᠬᠦᠴᠢᠷ ᠪᠡᠷᠬᠡᠰᠢᠶᠡᠯ ᠢ ᠰᠢᠢᠳᠪᠦᠷᠢᠯᠡᠬᠦ ᠳᠤ ᠬᠠᠪᠰᠣᠷᠣᠮᠵᠢ ᠦᠵᠡᠬᠦᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠨᠦᠬᠦᠴᠡᠯ ᠢ ᠦᠨᠳᠦᠰᠦᠯᠡᠨ ᠬᠠᠪᠰᠣᠷᠣᠨ ᠲᠡᠳᠬᠦᠬᠦ ᠲᠦᠰᠦᠯ ᠭᠠᠷᠭᠠᠵᠣ᠂ ᠡᠷᠳᠡᠬᠡᠨ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠣᠨ᠂ ᠳᠠᠬᠢᠨ ᠶᠠᠳᠠᠭᠤᠷᠠᠬᠤ ᠦᠭᠡᠢ ᠬᠡᠮᠵᠢᠶᠡᠨ  ᠳᠤ ᠬᠦᠷᠬᠡᠬᠦ ᠪᠠᠷ ᠴᠢᠷᠮᠠᠶᠢᠨ ᠠᠵᠢᠯᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号