ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠯᠣᠰ ᠲᠦᠷᠦ ᠤᠨ ᠵᠦᠪᠯᠡᠯᠬᠡᠨ ᠤ ᠲᠡᠷᠢᠬᠦᠯᠡᠭᠴᠢ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ ᠢᠮᠢᠨ ᠪᠠᠯᠭᠠᠰᠣᠨ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/5/3
   4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ ᠨᠠᠷ ᠢᠮᠢᠨ ᠪᠠᠯᠭᠠᠰᠣᠨ ᠳᠤ ᠬᠦᠷᠴᠦ᠂ ᠭᠠᠴᠠᠭ᠎ᠠ᠂ ᠨᠡᠶᠢᠬᠡᠮ ᠲᠣᠭᠤᠷᠢᠭ ᠤᠨ ᠬᠤᠭᠤᠴᠠᠭ᠎ᠠ ᠰᠣᠯᠢᠬᠤ ᠠᠵᠢᠯ ᠵᠢᠴᠢ ᠭᠠᠴᠠᠭᠠᠨ  ᠤ ᠬᠠᠮᠳᠣ ᠶᠢᠨ ᠠᠵᠣ ᠠᠬᠤᠢ ᠤᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠵᠦ᠂ ᠪᠠᠯᠭᠠᠰᠣ ᠶᠢᠨ ᠨᠠᠮ ᠵᠠᠰᠠᠭ  ᠤᠨ ᠣᠳᠣᠷᠢᠳᠬᠤ ᠪᠠᠭ ᠤᠨ ᠪᠦᠷᠢᠯᠳᠦᠬᠦᠨ ᠵᠢᠴᠢ ᠶᠦᠩ ᠹᠧᠩ ᠭᠠᠴᠠᠭᠠᠨ ᠤ ︽ᠨᠢᠬᠡᠳᠦᠭᠡᠷ ᠱᠦᠵᠢ︾ ᠬᠤᠷᠠᠯ  ᠳᠤ ᠣᠷᠣᠯᠴᠠᠵᠣ᠂ ᠪᠠᠯᠭᠠᠰᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣ ᠶᠢᠨ ᠳᠠᠷᠤᠭ᠎ᠠ ᠯᠢᠤ ᠯᠢᠶᠧ ᠬᠤᠷᠠᠯ ᠡᠷᠬᠢᠯᠡᠪᠡ᠃     ᠬᠤᠷᠠᠯ ᠳᠤ᠂ ᠬᠤᠲᠠᠯᠠ ᠢᠮᠢᠨ ᠪᠠᠯᠭᠠᠰᠣ ᠶᠢᠨ ᠭᠠᠴᠠᠭ᠎ᠠ ᠨᠡᠶᠢᠬᠡᠮ ᠲᠣᠭᠤᠷᠢᠭ ᠤᠨ ᠬᠤᠭᠤᠴᠠᠭ᠎ᠠ ᠰᠣᠯᠢᠬᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ᠂ ᠠᠵᠢᠯ ᠤᠨ ᠳᠣᠮᠳᠠ ᠣᠷᠣᠰᠢᠵᠣ ᠪᠠᠶᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠦᠯᠦᠪᠯᠡᠭᠡ ᠶᠢᠨ ᠲᠣᠬᠠᠢ ᠮᠡᠳᠡᠬᠦᠯᠦᠯᠲᠡ ᠶᠢ ᠰᠣᠨᠣᠰᠴᠣ᠂ ᠶᠥᠩ ᠹᠧᠩ ᠭᠠᠴᠠᠭᠠᠨ ᠤ ᠬᠠᠮᠳᠣ ᠶᠢᠨ ᠠᠵᠣ ᠠᠬᠤᠢ ᠶᠢᠨ ᠣᠳᠣᠬᠢ ᠪᠠᠶᠢᠳᠠᠯ ᠵᠢᠴᠢ ᠬᠤᠶᠢᠰᠢᠲᠠ ᠶᠢᠨ ᠬᠦᠭᠵᠢᠬᠦᠯᠦᠯᠲᠡ ᠶᠢᠨ ᠲᠦᠯᠦᠪᠵᠢᠬᠦᠯᠭᠡ ᠤᠨ ᠲᠣᠬᠠᠢ ᠨᠢᠮᠪᠠᠢ ᠣᠶᠢᠯᠠᠭᠠᠭᠰᠠᠨ ᠪᠠᠶᠢᠨ᠎ᠠ᠃   ᠬᠤᠲᠠᠯᠠ ᠠᠴᠠ᠂ ᠨᠢᠬᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠣᠯᠣᠰ ᠲᠦᠷᠦ ᠶᠢᠨ ᠵᠣᠬᠰᠣᠴᠠ ᠪᠠᠨ ᠳᠡᠭᠡᠭᠰᠢᠯᠡᠬᠦᠯᠵᠦ᠂ ᠣᠳᠣᠷᠢᠳᠬᠤ ᠳᠣᠭᠤᠶᠢᠯᠠᠩ ᠪᠠ ᠠᠵᠢᠯ ᠡᠷᠬᠢᠯᠡᠬᠦ ᠪᠠᠶᠢᠭᠤᠯᠣᠮᠵᠢ ᠢ ᠪᠠᠶᠢᠭᠤᠯᠵᠣ᠂ ᠲᠣᠷᠰᠢᠯᠭ᠎ᠠ  ᠲᠠᠢ᠂ ᠴᠢᠳᠠᠪᠣᠷᠢ ᠲᠠᠢ ᠭᠤᠣᠯᠯᠠᠭᠴᠢ ᠬᠦᠴᠦᠨ ᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠲᠣᠮᠢᠯᠠᠨ ᠂ ᠰᠣᠩᠭᠤᠭᠤᠯᠢ ᠶᠢᠨ ᠠᠷᠭ᠎ᠠ ᠶᠢ ᠲᠣᠭᠲᠠᠭᠠᠵᠣ᠂ ᠪᠠᠶᠢᠳᠠᠯ ᠢ  ᠣᠶᠢᠯᠠᠭᠠᠬᠤ ᠵᠢᠬᠰᠠᠭᠠᠨ ᠪᠠᠶᠢᠴᠠᠭᠠᠬᠤ ᠠᠵᠢᠯ ᠢ ᠦᠷᠬᠦᠯᠵᠢᠯᠡᠨ ᠰᠠᠶᠢᠳᠣᠷ ᠬᠢᠵᠦ᠂ ᠣᠷᠢᠳᠴᠢᠯᠠᠨ ᠲᠦᠰᠦᠯ ᠲᠣᠭᠲᠠᠭᠠᠵᠣ᠂ ᠵᠦᠷᠢᠴᠡᠯ ᠮᠠᠷᠭᠤᠭᠠᠨ ᠢ ᠨᠠᠮᠳᠠᠭᠤᠯᠬᠤ ᠠᠵᠢᠯ ᠢ ᠰᠠᠶᠢᠳᠣᠷ ᠬᠢᠵᠦ᠂ ᠬᠠᠣᠯᠢ ᠴᠠᠭᠠᠵᠠ ᠶᠢᠨ ᠲᠣᠭᠲᠠᠭᠠᠯ ᠢᠶᠠᠷ ᠰᠣᠩᠭᠤᠭᠤᠯᠢ ᠶᠢᠨ ᠶᠠᠪᠣᠴᠠ ᠶᠢ ᠳᠦᠷᠢᠮᠵᠢᠭᠦᠯᠵᠦ᠂ ᠵᠢᠱᠢᠭᠳᠡᠭᠴᠢ ᠶᠢᠨ ᠬᠢᠷᠢ ᠬᠡᠮ ᠢ ᠬᠢᠨᠠᠬᠤ ᠪᠣᠭᠤᠮᠳᠠ ᠶᠢ ᠪᠦᠬᠦ ᠲᠠᠯ᠎ᠠ ᠪᠠᠷ ᠴᠢᠩᠳᠠᠯᠠᠬᠤ ᠬᠡᠷᠡᠭᠲᠡᠢ︔ ᠬᠤᠶᠠᠷ ᠲᠤ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠬᠠᠷᠢᠭᠤᠴᠠᠯᠭ᠎ᠠ ᠪᠠᠨ ᠦᠨᠡᠨᠬᠦ ᠪᠣᠳᠠᠳᠠᠢ ᠡᠬᠦᠷᠭᠡᠯᠡᠵᠦ᠂ ︽ᠨᠠᠮ ᠤᠨ ᠬᠡᠰᠢᠬᠦᠨ ᠣᠯᠠᠨ ᠲᠦᠮᠡᠨ ᠤ ᠰᠣᠷᠣᠯᠴᠠᠯᠭ᠎ᠠ ᠶᠢᠨ ᠦᠷᠦᠬᠡ︾ ᠵᠡᠷᠭᠡ ᠵᠠᠭᠤᠴᠢᠯᠠᠭᠤᠷ ᠢ ᠠᠰᠢᠭᠯᠠᠨ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠳᠣᠷ ᠬᠢᠬᠦ ᠬᠡᠷᠡᠭᠲᠡᠢ︔ ᠭᠤᠷᠪᠠ  ᠳᠤ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠣ᠂ ᠠᠵᠢᠯ ᠤᠨ ᠠᠷᠭ᠎ᠠ ᠠᠪᠴᠠᠯ ᠢ ᠴᠢᠬᠤᠯᠠᠴᠢᠯᠠᠵᠣ᠂ ᠬᠤᠭᠤᠴᠠᠭ᠎ᠠ ᠰᠣᠯᠢᠬᠤ ᠠᠵᠢᠯ ᠢ ᠯᠠᠪᠳᠠᠭᠤᠨ ᠢᠶᠠᠷ ᠦᠷᠨᠢᠬᠦᠯᠬᠦ ᠶᠢᠨ ᠬᠠᠮᠳᠣ ᠪᠣᠰᠣᠳ ᠲᠦᠷᠦᠯ ᠤᠨ ᠭᠤᠣᠯᠳᠠᠯᠭ᠎ᠠ  ᠲᠠᠢ ᠠᠵᠢᠯ ᠢ ᠰᠠᠶᠢᠳᠣᠷ ᠠᠳᠬᠤᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号