ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠸ᠋ᠨᠩᠬᠢ ᠦᠨᠳᠦᠰᠦᠲᠡᠨ  ᠤ ᠦᠪᠡᠷᠲᠡᠭᠡᠨ ᠵᠠᠰᠠᠬᠤ ᠬᠤᠰᠢᠭᠤᠨ ᠤ ᠪᠠᠶᠢᠭᠠᠯᠢ  ᠶᠢᠨ  ᠡᠬᠢ  ᠪᠠᠶᠠᠯᠢᠭ  ᠡᠳ᠋  ᠬᠦᠷᠦᠩᠭᠡ  ᠶᠢᠨ ᠦᠷᠢ  ᠰᠢᠷᠢ ︵ᠣᠯᠣᠰ ᠤᠨ ᠳᠡᠰ ᠤᠨ︶  ᠶᠢᠨ  ᠬᠦᠰᠦᠨᠦᠭᠲᠦ  ᠶᠢ  ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ  ᠤᠨ ᠠᠵᠢᠯ  ᠤᠨ ᠭᠡᠷᠡᠭᠵᠢᠬᠦᠯᠦᠯᠲᠡ ᠶᠢᠨ ᠲᠦᠰᠦᠯ  ᠢ  ᠳᠠᠷᠣᠮᠠᠯᠯᠠᠨ  ᠲᠠᠷᠬᠠᠭᠠᠬᠤ  ᠲᠣᠬᠠᠢ  ᠮᠡᠳᠡᠭᠳᠡᠯ
ᠨᠡᠶᠢᠲᠡᠯᠡᠭᠰᠡᠨ ᠴᠠᠭ᠄
2018-05-03
                   ᠡᠸ᠋ᠨᠩᠬᠢ ᠵᠠᠰᠠᠭ ᠠᠯᠪᠠᠨ ᠦᠰᠦᠭᠲᠦ ﹇2018﹈ 19 ᠳ᠋ᠦ᠋ᠭᠡᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ᠄    ᠡᠳᠦᠭᠡ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ︵ ᠣᠯᠣᠰ ᠤᠨ ᠳᠡᠰ ᠤᠨ︶ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠤᠨ ᠬᠡᠷᠡᠭᠵᠢᠬᠦᠯᠦᠯᠲᠡ ᠶᠢᠨ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ ᠂ ᠨᠢᠮᠪᠠᠢ ᠨᠠᠶᠢᠳᠠᠪᠣᠷᠢᠵᠢᠭᠤᠯᠳᠣᠭᠠᠢ᠃           ᠡᠸ᠋ᠨᠩᠬᠢ    ᠦᠨᠳᠦᠰᠦᠲᠡᠨ   ᠤ   ᠦᠪᠡᠷᠲᠡᠭᠡᠨ   ᠵᠠᠰᠠᠬᠤ    ᠬᠤᠰᠢᠭᠤᠨ   ᠤ         ᠪᠠᠶᠢᠭᠠᠯᠢ   ᠶᠢᠨ  ᠡᠬᠢ   ᠪᠠᠶᠠᠯᠢᠭ   ᠡᠳ᠋    ᠬᠦᠷᠦᠩᠭᠡ   ᠶᠢᠨ  ᠦᠷᠢ  ᠰᠢᠷᠢ       ︵ᠣᠯᠣᠰ ᠤᠨ ᠳᠡᠰ ᠤᠨ︶ ᠶᠢᠨ ᠬᠦᠰᠦᠨᠦᠭᠲᠦ   ᠶᠢ  ᠨᠠᠶᠢᠷᠠᠭᠤᠯᠣᠨ  ᠵᠣᠬᠢᠶᠠᠬᠤ       ᠲᠣᠷᠰᠢᠯᠲᠠ   ᠶᠢᠨ  ᠴᠡᠭ   ᠤᠨ  ᠠᠵᠢᠯ   ᠤᠨ  ᠬᠡᠷᠡᠭᠵᠢᠬᠦᠯᠦᠯᠲᠡ   ᠶᠢᠨ ᠲᠦᠰᠦᠯ               ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠠᠵᠢᠯ ᠤᠨ ᠣᠷᠣᠭᠰᠢᠲᠠᠢ ᠦᠷᠨᠢᠭᠳᠡᠬᠦ ᠶᠢ ᠲᠦᠯᠬᠢᠨ ᠠᠬᠢᠭᠤᠯᠵᠣ᠂ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ︽ᠰᠠᠭᠤᠷᠢ ᠲᠤᠭ᠎ᠠ︾ ᠵᠢᠴᠢ ᠳᠡᠬᠦᠨ ᠤ ᠬᠤᠪᠢᠷᠠᠯᠲᠠ ᠶᠢᠨ ᠪᠠᠶᠢᠳᠠᠯ ᠢ ᠣᠶᠢᠯᠠᠭᠠᠬᠤ  ᠶᠢᠨ ᠲᠦᠯᠦᠭᠡ᠂  ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠣᠨ᠂ ᠲᠣᠰ ᠬᠡᠷᠡᠭᠵᠢᠬᠦᠯᠦᠯᠲᠡ ᠶᠢᠨ ᠲᠦᠰᠦᠯ  ᠢ ᠲᠣᠭᠲᠠᠭᠠᠪᠠ᠃     ᠨᠢᠬᠡ᠂ ᠵᠢᠯᠣᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ  ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠠᠮᠢ ᠠᠬᠤᠢ  ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠲᠦᠷᠬᠡᠳᠬᠡᠨ ᠠᠬᠢᠭᠤᠯᠬᠤ ᠲᠣᠬᠠᠢ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠣᠯᠲᠠ ᠶᠣᠰᠣᠭᠠᠷ᠂ ︽ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠲᠦᠰᠦᠯ︾ ︵ᠲᠦᠷᠦ ᠠᠯᠪᠠᠨ ᠲᠠᠷᠬᠠᠭᠠᠭᠰᠠᠨ ﹇2015﹈ 82 ᠳ᠋ᠣᠭᠠᠷ ᠲᠣᠭᠠᠳᠣ︶ ᠤᠨ ᠱᠠᠭᠠᠷᠳᠠᠯᠭ᠎ᠠ ᠶᠢ ᠦᠨᠳᠦᠰᠦᠯᠡᠨ᠂ ᠣᠯᠣᠰ ᠤᠨ ᠲᠣᠭᠲᠠᠭᠠᠭᠰᠠᠨ ︽ᠰᠢᠶᠠᠨ ᠤ ᠱᠠᠲᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠲᠦᠰᠦᠯ︾ ︵ᠳᠣᠣᠷ᠎ᠠ ︽ᠰᠢᠶᠠᠨ ᠤ ᠱᠠᠲᠣᠨ ᠤ ᠲᠣᠷᠰᠢᠯᠲᠠ ᠶᠢᠨ ᠴᠡᠭ ᠤᠨ ᠲᠦᠰᠦᠯ︾ ᠬᠡᠵᠦ ᠲᠣᠪᠴᠢᠯᠠᠨ᠎ᠠ︶ ᠪᠣᠯᠣᠨ ︽ᠰᠢᠶᠠᠨ ᠤ ᠱᠠᠲᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠳᠦᠷᠢᠮ ︵ᠲᠣᠷᠰᠢᠨ ᠬᠡᠷᠡᠭᠵᠢᠬᠦᠯᠬᠦ︶︾ ︵ᠳᠣᠣᠷ᠎ᠠ ︽ᠰᠢᠶᠠᠨ ᠤ ᠱᠠᠲᠣᠨ ᠤ ᠨᠠᠶᠢᠷᠠᠭᠤᠯᠣᠨ ᠵᠣᠬᠢᠶᠠᠬᠤ ᠳᠦᠷᠢᠮ ︵ᠲᠣᠷᠰᠢᠨ ᠬᠡᠷᠡᠭᠵᠢᠬᠦᠯᠬᠦ︶︾ ᠬᠡᠵᠦ ᠲᠣᠪᠴᠢᠯᠠᠨ᠎ᠠ︶ ᠶᠣᠰᠣᠭᠠᠷ᠂ ᠦᠭᠡᠷᠡᠴᠢᠯᠡᠯᠲᠡ ᠬᠢᠵᠦ ᠦᠢᠯᠡᠳᠦᠯᠭᠡᠵᠢᠬᠦᠯᠬᠦ  ᠶᠢᠨ ᠳᠠᠭᠠᠣ ᠲᠣᠷᠰᠢᠯᠭ᠎ᠠ ᠪᠠᠨ ᠳ᠋ᠦᠩᠨᠡᠬᠦ ᠶᠢ ᠪᠠᠷᠢᠮᠳᠠᠯᠠᠵᠣ᠂ ᠪᠠᠶᠢᠭᠠᠯᠢ ᠶᠢᠨ ᠡᠬᠢ ᠪᠠᠶᠠᠯᠢᠭ ᠢ ᠪᠦᠷᠢᠳᠬᠡᠨ ᠪᠠᠶᠢᠴᠠᠭᠠᠬᠤ ᠳᠦᠷᠢᠮ ᠢ ᠠᠭᠠᠵᠢᠮ ᠢᠶᠠᠷ ᠲᠡᠬᠦᠯᠳᠡᠷᠵᠢᠬᠦᠯᠵᠦ᠂ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠰᠠᠭᠤᠷᠢ ᠲᠤᠭ᠎ᠠ ᠵᠢᠴᠢ ᠬᠤᠪᠢᠷᠠᠯᠲᠠ ᠶᠢᠨ ᠪᠠᠶᠢᠳᠠᠯ ᠢ ᠲᠣᠳᠣᠷᠬᠠᠢ ᠣᠶᠢᠯᠠᠭᠠᠵᠣ᠂ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠩᠰᠠᠨ ᠡᠷᠦᠬᠡ᠂ ᠣᠢ ᠮᠣᠳᠣᠨ ᠤ ᠡᠬᠢ ᠪᠠᠶᠠᠯᠢᠭ ᠤᠨ ᠳᠠᠩᠰᠠᠨ ᠡᠷᠦᠬᠡ ᠂ ᠣᠰᠣᠨ ᠤ ᠡᠬᠢ ᠪᠠᠶᠠᠯᠢᠭ ᠡᠳ᠋ ᠬᠦᠷᠦᠩᠭᠡ ᠶᠢᠨ ᠳᠠᠩᠰᠠᠨ ᠡᠷᠦᠬᠡ᠂ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠳᠠᠩᠰᠠᠨ ᠡᠷᠦᠬᠡ ᠶᠢ ᠨᠠᠶᠢᠷᠠᠭᠤᠯᠣᠨ ᠵᠣᠬᠢᠶᠠᠵᠣ᠂ ᠪᠦᠬᠦ ᠬᠤᠰᠢᠭᠤ ᠶᠢ ᠬᠠᠮᠣᠷᠣᠭᠰᠠᠨ ᠪᠠᠶᠢᠭᠠᠯᠢ ᠶᠢᠨ ᠡᠬᠢ ᠪᠠᠶᠠᠯᠢᠭ  ᠢ ᠬᠢᠨᠠᠨ ᠪᠠᠶᠢᠴᠠᠭᠠᠬᠤ ᠲᠣᠭᠲᠠᠯᠴᠠᠭ᠎ᠠ ᠶᠢᠨ ᠪᠠᠶᠢᠭᠤᠯᠣᠯᠲᠠ ᠶᠢ ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠡᠯ᠎ᠡ ᠵᠦᠢᠯ ᠤᠨ ᠠᠵᠢᠯ ᠤᠨ ᠡᠬᠦᠷᠭᠡ ᠶᠢ ᠲᠡᠬᠦᠰ ᠠᠮᠵᠢᠯᠲᠠ ᠲᠠᠢ ᠪᠡᠶᠡᠯᠡᠬᠦᠯᠦᠨ᠎ᠡ᠃    ᠬᠤᠶᠠᠷ᠂ ᠭᠤᠣᠯ ᠠᠭᠤᠯᠭ᠎ᠠ ᠪᠠ ᠬᠦᠷᠢᠶ᠎ᠡ ᠬᠡᠪᠴᠢᠶ᠎ᠡ    ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢᠲᠣ ᠪᠠᠶᠢᠭᠠᠯᠢ ᠶᠢᠨ ᠡᠬᠢ ᠪᠠᠶᠠᠯᠢᠭ ᠲᠤ ᠣᠷᠢᠳᠠᠪᠡᠷ ᠲᠣᠭᠠᠴᠠᠭ᠎ᠠ ᠬᠢᠬᠦ ᠵᠠᠷᠴᠢᠮ ᠶᠣᠰᠣᠭᠠᠷ᠂ ᠲᠣᠰ ᠣᠳᠠᠭᠠᠨ ᠤ ᠲᠣᠭᠠᠴᠠᠭ᠎ᠠ ᠬᠢᠬᠦ ᠠᠭᠤᠯᠭ᠎ᠠ ᠳᠤ ᠭᠤᠣᠯᠳᠠᠭᠤ ᠭᠠᠵᠠᠷ ᠰᠢᠷᠣᠢ ᠶᠢᠨ ᠡᠬᠢ ᠪᠠᠶᠠᠯᠢᠭ᠂ ᠣᠢ ᠮᠣᠳᠣᠨ ᠤ ᠡᠬᠢ ᠪᠠᠶᠠᠯᠢᠭ᠂ ᠣᠰᠣᠨ ᠤ ᠡᠬᠢ ᠪᠠᠶᠠᠯᠢᠭ᠂ ᠨᠣᠲᠤᠭ ᠪᠡᠯᠴᠢᠭᠡᠷ ᠤᠨ ᠡᠬᠢ ᠪᠠᠶᠠᠯᠢᠭ ᠪᠠᠭᠳᠠᠨ᠎ᠠ᠃ ︽ ᠲᠣᠷᠰᠢᠯᠲᠠ ᠶᠢᠨ ᠴᠡᠭ ᠤᠨ ᠲᠦᠰᠦᠯ︾ ᠢ ᠦᠨᠳᠦᠰᠦᠯᠡᠨ᠂ ᠰᠠᠭᠤᠷᠢ ᠲᠤᠭ᠎ᠠ ᠪᠠᠷᠢᠮᠳᠠ  ᠶᠢ ᠴᠣᠭᠯᠠᠭᠤᠯᠵᠣ᠂ 2016 ᠣᠨ᠂ 2017 ᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠵᠣ᠂ ᠲᠣᠳᠠᠭᠳᠠᠵᠣ ᠪᠠᠶᠢᠭ᠎ᠠ ᠲᠤᠭ᠎ᠠ ᠪᠠᠷᠢᠮᠳᠠ ᠶᠢ ᠨᠦᠬᠦᠪᠦᠷᠢᠯᠡᠬᠦ ᠠᠷᠭ᠎ᠠ ᠶᠢ ᠰᠦᠪᠡᠭᠴᠢᠯᠡᠵᠦ᠂ 100% ᠪᠠᠷ ᠲᠠᠭᠯᠠᠨ ᠮᠡᠳᠡᠬᠦᠯᠬᠦ ᠶᠢ ᠪᠡᠶᠡᠯᠡᠬᠦᠯᠬᠦ ᠳᠤ ᠬᠡᠷᠡᠭᠰᠡᠬᠦ ᠨᠦᠬᠦᠴᠡᠯ ᠢ ᠲᠣᠳᠣᠷᠬᠠᠢ ᠮᠡᠳᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠵᠢᠴᠢ ᠬᠤᠪᠢᠷᠠᠯᠲᠠ ᠶᠢ ᠪᠦᠷᠢᠳᠬᠡᠬᠦ ᠡᠬᠡ ᠳᠠᠩᠰᠠ ᠪᠠᠶᠢᠭᠤᠯᠵᠣ᠂ ᠬᠠᠮᠢᠶ᠎ᠠ ᠪᠦᠬᠦᠢ ᠬᠦᠢᠴᠡᠳᠬᠡᠬᠦ ᠲᠤᠭ᠎ᠠ ᠶᠢ ᠲᠠᠭᠯᠠᠨ ᠮᠡᠳᠡᠬᠦᠯᠦᠨ᠎ᠡ᠃    ᠲᠤᠭ᠎ᠠ ᠪᠠᠷᠢᠮᠳᠠ ᠶᠢ ᠲᠠᠭᠯᠠᠨ ᠮᠡᠳᠡᠬᠦᠯᠬᠦ ᠬᠡᠪᠴᠢᠶ᠎ᠡ᠄ ᠡᠸ᠋ᠨᠩᠬᠢ ᠬᠤᠰᠢᠭᠤᠨ ᠤ ᠡᠯ᠎ᠡ ᠡᠬᠢ ᠪᠠᠶᠠᠯᠢᠭ ᠤᠨ ᠬᠠᠮᠢᠶᠠᠷᠣᠯᠲᠠ ᠶᠢᠨ ᠰᠠᠯᠠᠭ᠎ᠠ ᠮᠦᠴᠢᠷ ᠤᠳ ᠤᠨ ᠬᠠᠮᠢᠶᠠᠷᠬᠤ ᠬᠡᠪᠴᠢᠶᠡᠨ ᠳᠣᠳᠣᠷᠠᠬᠢ ᠵᠠᠰᠠᠭ ᠵᠠᠬᠢᠷᠭᠠᠨ ᠤ ᠣᠷᠣᠨ ᠪᠦᠰᠡ︔    ᠭᠠᠵᠠᠷ ᠰᠢᠷᠣᠢ ᠶᠢᠨ ᠡᠬᠡ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠳᠤ ᠭᠤᠣᠯᠳᠠᠭᠤ ᠲᠠᠷᠢᠶᠠᠨ ᠭᠠᠵᠠᠷ᠂ ᠣᠶᠢᠳᠣ ᠭᠠᠵᠠᠷ᠂ ᠡᠪᠡᠰᠦ ᠪᠡᠯᠴᠢᠭᠡᠷ ᠵᠡᠷᠭᠡ ᠭᠠᠵᠠᠷ ᠰᠢᠷᠣᠢ ᠶᠢ ᠬᠡᠷᠡᠭᠯᠡᠵᠦ ᠪᠠᠶᠢᠬᠤ ᠪᠠᠶᠢᠳᠠᠯ᠂ ᠲᠠᠷᠢᠶᠠᠨ ᠭᠠᠵᠠᠷ ᠤᠨ ᠴᠢᠨᠠᠷ ᠤᠨ ᠳᠡᠰ ᠲᠠᠷᠬᠠᠯᠲᠠ ᠵᠢᠴᠢ ᠬᠤᠪᠢᠷᠠᠯᠲᠠ ᠶᠢᠨ ᠪᠠᠶᠢᠳᠠᠯ ᠢ ᠪᠠᠭᠲᠠᠭᠠᠨ᠎ᠠ︔    ᠣᠢ ᠮᠣᠳᠣᠨ ᠤ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠳᠤ ᠪᠠᠶᠢᠭᠠᠯᠢ ᠶᠢᠨ ᠣᠢ᠂ ᠲᠠᠷᠢᠮᠠᠯ ᠣᠢ᠂ ᠪᠣᠰᠣᠳ ᠣᠢ ᠮᠣᠳᠣᠨ ᠤ ᠬᠠᠳᠠᠭᠠᠯᠠᠭᠳᠠᠴᠠ ᠪᠠ ᠨᠢᠬᠡᠴᠢ ᠲᠠᠯᠠᠪᠠᠢ ᠳᠠᠬᠢ ᠬᠠᠳᠠᠭᠠᠯᠠᠭᠳᠠᠴᠠ  ᠶᠢᠨ ᠬᠡᠮᠵᠢᠶ᠎ᠡ ᠶᠢ ᠪᠠᠭᠳᠠᠭᠠᠨ᠎ᠠ︔    ᠣᠰᠣᠨ ᠤ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠳᠤ ᠭᠠᠵᠠᠷ ᠤᠨ ᠭᠠᠳᠠᠷᠭᠤ  ᠶᠢᠨ ᠣᠰᠣ᠂ ᠬᠦᠷᠦᠰᠦᠨ ᠳᠣᠣᠷᠠᠬᠢ ᠣᠰᠣᠨ ᠤ ᠡᠬᠢ ᠪᠠᠶᠠᠯᠢᠭ ᠤᠨ ᠪᠠᠶᠢᠳᠠᠯ᠂ ᠣᠰᠣᠨ ᠤ ᠡᠬᠢ ᠪᠠᠶᠠᠯᠢᠭ ᠤᠨ ᠬᠠᠳᠠᠭᠠᠯᠠᠭᠳᠠᠴᠠ ᠵᠢᠴᠢ ᠬᠤᠪᠢᠷᠠᠯᠲᠠ ᠶᠢᠨ ᠪᠠᠶᠢᠳᠠᠯ ᠢ ᠪᠠᠭᠳᠠᠭᠠᠨ᠎ᠠ︔    ᠨᠣᠲᠤᠭ ᠪᠡᠯᠴᠢᠭᠡᠷ ᠤᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠳᠤ ᠪᠠᠶᠢᠭᠠᠯᠢᠯᠢᠭ ᠪᠡᠯᠴᠢᠭᠡᠷ᠂ ᠲᠠᠷᠢᠮᠠᠯ ᠪᠡᠯᠴᠢᠭᠡᠷ ᠤᠨ ᠡᠬᠢ ᠪᠠᠶᠠᠯᠢᠭ ᠤᠨ ᠬᠤᠭᠤᠴᠠᠭᠠᠨ ᠰᠡᠬᠦᠯ ᠬᠤᠭᠤᠴᠠᠭᠠᠨ ᠡᠬᠢᠨ  ᠤ ᠬᠠᠳᠠᠭᠠᠯᠠᠭᠳᠠᠴᠠ ᠵᠢᠴᠢ ᠬᠤᠪᠢᠷᠠᠯᠲᠠ ᠶᠢᠨ ᠪᠠᠶᠢᠳᠠᠯ ᠢ ᠪᠠᠭᠳᠠᠭᠠᠨ᠎ᠠ᠃    ᠭᠤᠷᠪᠠ᠂ ᠴᠠᠭ ᠤᠨ ᠲᠣᠬᠢᠷᠠᠭᠤᠯᠣᠯᠲᠠ    ᠲᠣᠷᠰᠢᠯᠲᠠ ᠶᠢᠨ ᠴᠡᠭ ᠤᠨ ᠠᠵᠢᠯ ᠢ 2018 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ 2019 ᠣᠨ ᠤ 12 ᠰᠠᠷ᠎ᠠ ᠶᠢᠨ 31 ᠤ ᠡᠳᠦᠷ ᠳᠠᠭᠤᠰᠬᠠᠨ᠎ᠠ᠂ ᠳᠦᠷᠪᠡᠨ ᠱᠠᠲᠣ ᠪᠠᠷ ᠬᠤᠪᠢᠶᠠᠨ᠎ᠠ᠃    ᠨᠢᠬᠡᠳᠦᠭᠡᠷ ᠱᠠᠳᠣ ︵ 2018 ᠣᠨ ᠤ 1— 2 ᠰᠠᠷ᠎ᠠ︶᠂ ᠲᠣᠷᠰᠢᠯᠲᠠ ᠶᠢᠨ ᠴᠡᠭ ᠤᠨ ᠠᠵᠢᠯ ᠢ ᠡᠬᠢᠯᠡᠬᠦᠯᠬᠦ ᠬᠤᠷᠠᠯ ᠬᠢᠵᠦ᠂ ᠲᠣᠷᠰᠢᠯᠲᠠ ᠶᠢᠨ ᠴᠡᠭ ᠤᠨ ᠠᠵᠢᠯ ᠢ ᠪᠠᠶᠢᠷᠢᠯᠠᠭᠤᠯᠣᠨ᠎ᠠ᠃ 2018 ᠣᠨ ᠤ 1 ᠰᠠᠷ᠎ᠠ ᠳᠤ ᠪᠦᠬᠦ ᠣᠯᠣᠰ ᠤᠨ ᠲᠣᠷᠰᠢᠯᠲᠠ ᠶᠢᠨ ᠴᠡᠭ ᠤᠨ ᠠᠵᠢᠯ ᠢ ᠡᠬᠢᠯᠡᠬᠦᠯᠬᠦ ᠬᠤᠷᠠᠯ ᠳᠤ ᠣᠷᠣᠯᠴᠠᠨ᠎ᠠ᠂ 2018 ᠣᠨ ᠤ 2 ᠰᠠᠷ᠎ᠠ ᠳᠤ ᠡᠸ᠋ᠨᠩᠬᠢ ᠬᠤᠰᠢᠭᠤᠨ ᠤ ᠲᠣᠷᠰᠢᠯᠲᠠ ᠶᠢᠨ ᠴᠡᠭ ᠤᠨ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠵᠣ᠂ ᠳᠣᠣᠷ᠎ᠠ ᠲᠠᠯ᠎ᠠ ᠳᠤᠨᠢ ᠣᠳᠣᠷᠢᠳᠬᠤ ᠳᠣᠭᠤᠶᠢᠯᠠᠩ ᠤᠨ ᠠᠯᠪᠠᠨ ᠭᠡᠷ ᠲᠣᠬᠢᠷᠠᠭᠤᠯᠵᠣ᠂ ᠡᠸ᠋ᠨᠩᠬᠢ ᠬᠤᠰᠢᠭᠤᠨ ᠤ ᠲᠣᠷᠰᠢᠯᠲᠠ ᠶᠢᠨ ᠴᠡᠭ ᠤᠨ ᠠᠵᠢᠯ ᠤᠨ ᠲᠦᠰᠦᠯ ᠢ ᠲᠣᠭᠲᠠᠭᠠᠨ ᠣᠯᠣᠰ ᠤᠨ ᠲᠤᠭ᠎ᠠ ᠪᠦᠷᠢᠳᠬᠡᠯ ᠤᠨ ᠲᠣᠪᠴᠢᠶᠠᠨ ᠳᠤ ᠮᠡᠳᠡᠬᠦᠯᠦᠨ᠎ᠡ᠃    ᠬᠤᠶᠠᠳᠣᠭᠠᠷ ᠱᠠᠳᠣ ︵ 2018 ᠣᠨ ᠤ 3 — 5 ᠰᠠᠷ᠎ᠠ︶᠂ ᠳᠣᠳᠠᠭᠤ ᠲᠤᠭ᠎ᠠ ᠪᠠᠷᠢᠮᠳᠠ ᠶᠢ ᠨᠢᠮᠪᠠᠢ ᠢᠯᠭᠠᠷᠠᠭᠤᠯᠣᠭᠰᠠᠨ ᠰᠠᠭᠤᠷᠢᠨ ᠳᠡᠭᠡᠷ᠎ᠡ᠂ ᠲᠤᠭ᠎ᠠ ᠪᠠᠷᠢᠮᠲᠠ ᠶᠢ ᠨᠦᠬᠦᠪᠦᠷᠢᠯᠡᠬᠦ ᠴᠢᠬᠤᠯᠠ ᠪᠦᠬᠦᠢ ᠨᠠᠷᠢᠯᠢᠭ ᠪᠠᠶᠢᠴᠠᠭᠠᠯᠲᠠ ᠶᠢᠨ ᠲᠦᠰᠦᠯ ᠵᠢᠴᠢ ᠱᠠᠭᠠᠷᠳᠠᠬᠤ ᠨᠦᠬᠦᠴᠡᠯ ᠢ ᠪᠦᠷᠢᠯᠳᠦᠬᠦᠯᠵᠦ᠂ ᠲᠦᠷᠦ ᠶᠢᠨ ᠶᠠᠪᠣᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠲᠣᠷᠰᠢᠯᠲᠠ ᠶᠢᠨ ᠴᠡᠭ ᠤᠨ ᠠᠵᠢᠯ ᠤᠨ ᠬᠡᠷᠡᠭᠵᠢᠬᠦᠯᠦᠯᠲᠡ ᠶᠢᠨ ᠲᠦᠯᠦᠪᠯᠡᠭᠡ ᠶᠢ ᠲᠣᠭᠲᠠᠭᠠᠨ᠎ᠠ᠃    ᠭᠤᠷᠪᠠᠳᠣᠭᠠᠷ ᠱᠠᠲᠣ ︵ 2018 ᠣᠨ ᠤ 6 ᠰᠠᠷ᠎ᠠ — 2019 ᠣᠨ ᠤ 6 ᠰᠠᠷ᠎ᠠ︶᠂ ᠲᠤᠭ᠎ᠠ ᠪᠠᠷᠢᠮᠲᠠ ᠶᠢ ᠨᠦᠬᠦᠪᠦᠷᠢᠯᠡᠬᠦ ᠲᠣᠬᠠᠢ ᠪᠠᠶᠢᠴᠠᠭᠠᠯᠲᠠ ᠦᠷᠨᠢᠬᠦᠯᠵᠦ᠂ ᠲᠣᠷᠰᠢᠯᠲᠠ ᠶᠢᠨ ᠴᠡᠭ ᠤᠨ ᠠᠵᠢᠯ ᠢ ᠬᠡᠷᠡᠭᠵᠢᠬᠦᠯᠬᠦ ᠶᠠᠪᠣᠴᠠ ᠳᠤ ᠠᠰᠠᠭᠤᠳᠠᠯ ᠢ ᠣᠯᠵᠣ ᠮᠡᠳᠡᠬᠦ ᠶᠢᠨ ᠬᠠᠮᠳᠣ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠨ᠎ᠡ᠃    ᠳᠦᠷᠪᠡᠳᠦᠭᠡᠷ ᠱᠠᠳᠣ ︵ 2019 ᠣᠨ ᠤ 7 — 12 ᠰᠠᠷ᠎ᠠ︶᠂ ᠭᠠᠵᠠᠷ ᠰᠢᠷᠣᠢ᠂ ᠣᠰᠣ᠂ ᠣᠢ ᠮᠣᠳᠣᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠪᠣᠳᠠᠳᠣ ᠪᠣᠳᠠᠰ ᠤᠨ ᠬᠡᠮᠵᠢᠶ᠎ᠡ ᠶᠢᠨ ᠬᠦᠰᠦᠨᠦᠭᠲᠦ  ᠶᠢᠨ ᠡᠬᠡ ᠳᠠᠩᠰᠠ ᠶᠢ ᠵᠣᠬᠢᠶᠠᠵᠣ᠂ ᠲᠣᠷᠰᠢᠯᠲᠠ ᠶᠢᠨ ᠴᠡᠭ ᠤᠨ ᠠᠵᠢᠯ ᠢᠶᠠᠨ ᠳ᠋ᠦᠩᠨᠡᠨ᠎ᠡ᠃    ᠲᠣᠷᠰᠢᠯᠲᠠ ᠶᠢᠨ ᠴᠡᠭ ᠤᠨ ᠠᠵᠢᠯ ᠳᠠᠭᠤᠰᠣᠭᠰᠠᠨ ᠤ ᠳᠠᠷᠠᠭ᠎ᠠ᠂ ᠣᠯᠣᠰ ᠤᠨ ᠨᠢᠬᠡᠳᠦᠯᠳᠡᠢ ᠲᠣᠬᠢᠷᠠᠭᠤᠯᠣᠯᠲᠠ  ᠶᠢ ᠦᠨᠳᠦᠰᠦᠯᠡᠨ᠂ ᠣᠯᠠᠮ ᠨᠢᠬᠡ ᠠᠯᠬᠤᠮ ᠪᠠᠶᠢᠴᠠᠭᠠᠨ ᠰᠣᠳᠣᠯᠣᠭᠰᠠᠨ ᠰᠠᠭᠤᠷᠢᠨ ᠳᠡᠭᠡᠷ᠎ᠡ ᠪᠠᠨ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠨ᠎ᠠ᠃    ᠳᠦᠷᠪᠡ᠂ ᠰᠠᠯᠠᠭ᠎ᠠ ᠮᠦᠴᠢᠷ ᠤᠳ ᠤᠨ ᠬᠠᠷᠢᠭᠤᠴᠠᠯᠭ᠎ᠠ ᠪᠠᠷ ᠠᠵᠢᠯ ᠬᠤᠪᠢᠶᠠᠷᠢᠯᠠᠬᠤ    ᠡᠯ᠎ᠡ ᠰᠠᠯᠠᠭ᠎ᠠ ᠮᠦᠴᠢᠷ ᠤᠳ ᠤᠨ ᠡᠬᠦᠷᠭᠡᠯᠡᠵᠦ ᠪᠠᠶᠢᠭ᠎ᠠ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠳᠦᠰᠦᠯᠡᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢ ᠶᠢ ᠳᠣᠣᠷᠠᠬᠢ ᠮᠡᠳᠦ ᠲᠣᠬᠢᠷᠠᠭᠤᠯᠪᠠ᠄    ᠡᠸ᠋ᠨᠩᠬᠢ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠄    1. ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠢ ᠪᠦᠬᠦᠶᠢᠯᠡ ᠴᠣᠭᠴᠠ ᠪᠠᠷ ᠨᠢ ᠵᠣᠬᠢᠴᠠᠭᠤᠯᠣᠨ ᠠᠬᠢᠭᠤᠯᠬᠤ ᠶᠢ ᠬᠠᠷᠢᠭᠤᠴᠠᠨ᠎ᠠ᠃    ᠲᠣᠷᠰᠢᠯᠲᠠ ᠶᠢᠨ ᠴᠡᠭ ᠤᠨ ᠶᠡᠷᠥᠩᠬᠡᠢ ᠴᠣᠭᠴᠠ ᠶᠢᠨ ᠬᠡᠷᠡᠭᠵᠢᠬᠦᠯᠦᠯᠲᠡ ᠶᠢᠨ ᠲᠦᠰᠦᠯ ᠢ ᠲᠣᠭᠲᠠᠭᠠᠵᠣ᠂ ᠪᠠᠶᠢᠳᠠᠯ ᠢ ᠦᠨᠳᠦᠰᠦᠯᠡᠨ ᠡᠯ᠎ᠡ ᠲᠦᠷᠦᠯ ᠤᠨ ᠬᠤᠷᠠᠯ ᠢ ᠬᠤᠷᠠᠯᠳᠣᠭᠤᠯᠵᠣ᠂ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠡᠯ᠎ᠡ ᠵᠦᠢᠯ ᠤᠨ ᠡᠳᠦᠷ ᠳᠣᠳᠣᠮ ᠤᠨ ᠠᠵᠢᠯ ᠢ ᠰᠢᠢᠳᠪᠦᠷᠢᠯᠡᠨ᠎ᠡ᠃    2. ᠣᠯᠣᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠦᠪᠡᠷᠳᠡᠬᠡᠨ ᠵᠠᠰᠠᠬᠤ ᠣᠷᠣᠨ ᠤ ᠲᠤᠭ᠎ᠠ ᠪᠦᠷᠢᠳᠬᠡᠯ  ᠤᠨ ᠲᠣᠪᠴᠢᠶ᠎ᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠪᠣᠰᠣᠳ ᠲᠣᠷᠰᠢᠯᠲᠠ ᠶᠢᠨ ᠴᠡᠭ ᠤᠳ ᠲᠠᠢ ᠬᠠᠷᠢᠯᠴᠠᠨ ᠠᠵᠢᠯ ᠢᠶᠠᠨ ᠵᠣᠯᠭᠤᠯᠳᠣᠭᠤᠯᠵᠣ᠂ ᠣᠯᠣᠰ ᠤᠨ ᠬᠠᠮᠢᠶ᠎ᠠ ᠪᠦᠬᠦᠢ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠵᠣ᠂ ᠲᠣᠷᠰᠢᠯᠲᠠ ᠶᠢᠨ ᠴᠡᠭ ᠤᠨ ᠠᠵᠢᠯ ᠳᠣᠮᠳᠠ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠴᠠᠭ ᠲᠣᠬᠠᠢ ᠳᠤᠨᠢ ᠲᠣᠰᠬᠠᠬᠤ ᠶᠢ ᠬᠠᠷᠢᠭᠤᠴᠠᠨ᠎ᠠ᠃    3. ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠨ ᠮᠡᠳᠡᠬᠦᠯᠦᠨ ᠬᠦᠷᠬᠡᠭᠰᠡᠨ ᠠᠩᠬᠠᠨ ᠤ ᠬᠦᠰᠦᠨᠦᠭᠲᠦ ᠶᠢ ᠬᠤᠷᠢᠶᠠᠩᠭᠤᠶᠢᠯᠠᠬᠤ᠂ ᠬᠢᠨᠠᠨ ᠬᠠᠷᠭᠤᠭᠤᠯᠬᠤ᠂ ᠦᠨᠡᠯᠡᠬᠦ ᠶᠢᠨ ᠬᠠᠮᠳᠣ ᠵᠢᠩᠬᠢᠨᠢ ᠪᠠᠷ ᠮᠡᠳᠡᠬᠦᠯᠦᠨ ᠬᠦᠷᠬᠡᠬᠦ ᠬᠦᠰᠦᠨᠦᠭᠲᠦ ᠪᠣᠯᠭᠠᠨ᠎ᠠ᠃    4. ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠭᠰᠠᠨ ᠡᠯ᠎ᠡ ᠵᠦᠢᠯ ᠤᠨ ᠠᠵᠢᠯ ᠤᠨ ᠠᠮᠵᠢᠯᠲᠠ ᠲᠠᠢ ᠲᠣᠷᠰᠢᠯᠠᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠲᠣᠷᠰᠢᠯᠲᠠ ᠶᠢᠨ ᠴᠡᠭ ᠤᠨ ᠠᠵᠢᠯ ᠳᠣᠮᠳᠠ ᠢᠯᠡᠷᠡᠭᠰᠡᠨ ᠠᠰᠠᠭᠤᠳᠠᠯ ᠪᠠ ᠬᠦᠴᠢᠷᠳᠡᠯ ᠢ ᠳᠣᠰᠬᠠᠵᠣ᠂ ︽ᠨᠠᠶᠢᠷᠠᠭᠤᠯᠣᠨ ᠵᠣᠬᠢᠶᠠᠬᠤ ᠵᠦᠭᠯᠡᠬᠦᠷ︾ ᠤᠨ ᠪᠦᠬᠦᠶᠢᠯᠡ ᠴᠣᠭᠴᠠ ᠶᠢᠨ ᠪᠦᠲᠦᠴᠡ ᠪᠠ ᠬᠦᠢᠴᠡᠳᠬᠡᠯ ᠲᠤᠭ᠎ᠠ ᠶᠢᠨ ᠲᠣᠬᠢᠷᠠᠭᠤᠯᠣᠯᠳᠠ ᠳᠤ ᠰᠠᠨᠠᠯ ᠰᠠᠨᠠᠭᠤᠯᠭ᠎ᠠ ᠳᠣᠷᠠᠳᠣᠨ᠎ᠠ᠃    ᠡᠸ᠋ᠨᠩᠬᠢ ᠬᠤᠰᠢᠭᠤᠨ ᠤ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ᠄    1. 2016 ᠣᠨ᠂ 2017 ᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠵᠢᠴᠢ ᠬᠤᠪᠢᠷᠠᠯᠲᠠ ᠶᠢᠨ ᠬᠦᠰᠦᠨᠦᠭᠲᠦ ︵ᠨᠣᠭᠤ ᠭᠠᠵᠠᠷ ᠢ ᠪᠠᠭᠳᠠᠭᠠᠬᠤ ᠦᠭᠡᠢ︶᠂ ᠲᠠᠷᠢᠶᠠᠨ ᠭᠠᠵᠠᠷ ᠤᠨ ᠴᠢᠨᠠᠷ ᠤᠨ ᠳᠡᠰ ᠵᠢᠴᠢ ᠬᠤᠪᠢᠷᠠᠯᠲᠠ ᠶᠢᠨ ᠬᠦᠰᠦᠨᠦᠭᠲᠦ ᠶᠢ ᠬᠠᠷᠢᠭᠤᠴᠠᠨ ᠨᠠᠶᠢᠷᠠᠭᠤᠯᠣᠨ ᠵᠣᠬᠢᠶᠠᠨ᠎ᠠ᠃    2. ︽ ᠲᠣᠷᠰᠢᠯᠲᠠ ᠶᠢᠨ ᠴᠡᠭ ᠤᠨ ᠲᠦᠰᠦᠯ︾ ᠵᠢᠴᠢ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠢᠮᠪᠠᠢ ᠰᠣᠳᠣᠯᠵᠣ᠂ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠲᠦᠯᠦᠪᠯᠡᠭᠡ ᠪᠠᠨ ᠴᠠᠭ ᠲᠣᠬᠠᠢ  ᠳᠤᠨᠢ ᠲᠣᠭᠲᠠᠭᠠᠨ᠎ᠠ᠃    3. 2018 ᠣᠨ ᠳᠤ ᠦᠷᠨᠢᠬᠦᠯᠦᠭᠰᠡᠨ ᠭᠤᠷᠪᠠᠳᠣᠭᠠᠷ ᠣᠳᠠᠭᠠᠨ ᠤ ᠣᠯᠣᠰ ᠤᠨ ᠭᠠᠵᠠᠷ ᠤᠨ ᠰᠢᠷᠣᠢ ᠶᠢᠨ ᠲᠣᠬᠠᠢ ᠪᠠᠶᠢᠴᠠᠭᠠᠯᠲᠠ ᠶᠢ ᠦᠨᠳᠦᠰᠦᠯᠡᠨ᠂ ᠡᠯ᠎ᠡ ᠵᠦᠢᠯ ᠤᠨ ᠰᠠᠭᠤᠷᠢ ᠲᠤᠭ᠎ᠠ ᠪᠠᠷᠢᠮᠳᠠ ᠶᠢ ᠪᠦᠷᠢᠨᠰᠢᠬᠦᠯᠦᠨ᠎ᠡ᠃    4. ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠴᠠᠭ ᠲᠣᠬᠠᠢ ᠳᠤᠨᠢ ᠳᠣᠰᠬᠠᠵᠣ᠂ ᠡᠯ᠎ᠡ ᠵᠦᠢᠯ ᠤᠨ ᠠᠵᠢᠯ ᠢ ᠦᠷᠨᠢᠬᠦᠯᠦᠭᠰᠡᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠨ᠎ᠡ᠃ ᠦᠨᠳᠦᠰᠦᠨ ᠱᠠᠲᠣᠨ ᠤ ᠲᠤᠭ᠎ᠠ ᠪᠠᠷᠢᠮᠳᠠ ᠶᠢ ᠬᠢᠨᠠᠨ ᠬᠠᠷᠭᠤᠭᠤᠯᠵᠣ ᠦᠨᠡᠯᠡᠨ ᠵᠢᠱᠢᠬᠦ ᠶᠢ ᠨᠢᠮᠪᠠᠢ ᠰᠠᠶᠢᠳᠣᠷ ᠬᠢᠵᠦ᠂ ᠲᠣᠰ ᠰᠠᠯᠠᠭ᠎ᠠ ᠮᠦᠴᠢᠷ ᠤᠨ ᠢᠶᠠᠨ ᠲᠣᠷᠰᠢᠯᠲᠠ ᠶᠢᠨ ᠴᠡᠭ ᠤᠨ ᠠᠵᠢᠯ ᠤᠨ ᠳ᠋ᠥᠩᠨᠡᠯᠲᠡ ᠪᠠᠨ ᠱᠭᠠᠷᠳᠠᠯᠭ᠎ᠠ ᠶᠣᠰᠣᠭᠠᠷ ᠮᠡᠳᠡᠬᠦᠯᠦᠨ ᠬᠦᠷᠭᠡᠨ᠎ᠡ᠃    ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠄   1. 2016 ᠣᠨ᠂ 2017 ᠣᠨ ᠤ ᠲᠠᠷᠢᠶᠠᠨ ᠭᠠᠵᠠᠷ ᠤᠨ ᠴᠢᠨᠠᠷ ᠤᠨ ᠳᠡᠰ ᠵᠢᠴᠢ ᠬᠤᠪᠢᠷᠠᠯᠲᠠ ᠶᠢᠨ ᠬᠦᠰᠦᠨᠦᠭᠲᠦ᠂ ᠡᠪᠡᠰᠦ ᠪᠡᠯᠴᠢᠭᠡᠷ ᠤᠨ ᠴᠢᠨᠠᠷ ᠤᠨ ᠳᠡᠰ ᠵᠢᠴᠢ ᠬᠤᠪᠢᠷᠠᠯᠲᠠ ᠶᠢᠨ ᠬᠦᠰᠦᠨᠦᠭᠲᠦ ᠶᠢ ᠬᠠᠷᠢᠭᠤᠴᠠᠨ ᠨᠠᠶᠢᠷᠠᠭᠤᠯᠣᠨ ᠵᠣᠬᠢᠶᠠᠨ᠎ᠠ᠃    2. ︽ ᠲᠣᠷᠰᠢᠯᠲᠠ ᠶᠢᠨ ᠴᠡᠭ ᠤᠨ ᠲᠦᠰᠦᠯ︾ ᠵᠢᠴᠢ ᠣᠯᠣᠰ ᠤᠨ ᠠᠮᠢ ᠠᠬᠤᠢ ᠶᠢᠨ ᠪᠠᠶᠢᠭᠤᠯᠣᠯᠲᠠ ᠶᠢ ᠲᠦᠯᠬᠢᠨ ᠠᠬᠢᠭᠤᠯᠬᠤ ᠲᠣᠬᠠᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠢᠮᠪᠠᠢ ᠰᠣᠳᠣᠯᠵᠣ᠂ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠲᠦᠯᠦᠪᠯᠡᠭᠡ ᠶᠢ ᠴᠠᠭ ᠲᠣᠬᠠᠢ ᠳᠤᠨᠢ ᠲᠣᠭᠲᠠᠭᠠᠨ᠎ᠠ᠃    3. ᠠᠵᠢᠯ ᠤᠨ ᠬᠡᠷᠡᠭᠴᠡᠭᠡ ᠪᠠᠨ ᠦᠨᠳᠦᠰᠦᠯᠡᠨ ᠡᠪᠡᠰᠦ ᠪᠡᠯᠴᠢᠭᠡᠷ ᠤᠨ ᠴᠢᠨᠠᠷ ᠤᠨ ᠳᠡᠰ ᠤᠨ ᠪᠠᠶᠢᠴᠠᠭᠠᠯᠲᠠ  ᠶᠢ ᠦᠷᠨᠢᠬᠦᠯᠵᠦ᠂ ᠡᠯ᠎ᠡ ᠵᠦᠢᠯ ᠤᠨ ᠰᠠᠭᠤᠷᠢ ᠲᠤᠭ᠎ᠠ ᠪᠠᠷᠢᠮᠳᠠ ᠶᠢ ᠪᠦᠷᠢᠨᠰᠢᠬᠦᠯᠦᠨ᠎ᠡ᠃    4. ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠴᠠᠭ ᠲᠣᠬᠠᠢ ᠳᠤᠨᠢ ᠳᠣᠰᠬᠠᠵᠣ᠂ ᠡᠯ᠎ᠡ ᠵᠦᠢᠯ ᠤᠨ ᠠᠵᠢᠯ ᠢ ᠦᠷᠨᠢᠬᠦᠯᠦᠭᠰᠡᠨ ᠪᠠᠶᠢᠳᠠᠯ ᠢᠶᠠᠨ ᠦᠨᠳᠦᠰᠦᠯᠡᠨ᠂ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠬᠢ ᠪᠠᠨ ᠮᠡᠳᠡᠬᠦᠯᠦᠨ ᠬᠦᠷᠭᠡᠨ᠎ᠡ᠃ ᠦᠨᠳᠦᠰᠦᠨ ᠱᠠᠲᠣᠨ ᠤ ᠲᠤᠭ᠎ᠠ ᠪᠠᠷᠢᠮᠳᠠ ᠶᠢ ᠬᠢᠨᠠᠨ ᠬᠠᠷᠭᠤᠭᠤᠯᠵᠣ ᠦᠨᠡᠯᠡᠨ ᠵᠢᠱᠢᠬᠦ ᠶᠢ ᠨᠢᠮᠪᠠᠢ ᠰᠠᠶᠢᠳᠣᠷ ᠬᠢᠵᠦ᠂ ᠲᠣᠰ ᠰᠠᠯᠠᠭ᠎ᠠ ᠮᠦᠴᠢᠷ ᠤᠨ ᠢᠶᠠᠨ ᠲᠣᠷᠰᠢᠯᠲᠠ ᠶᠢᠨ ᠴᠡᠭ ᠤᠨ ᠠᠵᠢᠯ ᠤᠨ ᠳ᠋ᠥᠩᠨᠡᠯᠲᠡ ᠪᠠᠨ ᠱᠠᠭᠠᠷᠳᠠᠯᠭ᠎ᠠ ᠶᠣᠰᠣᠭᠠᠷ ᠮᠡᠳᠡᠬᠦᠯᠦᠨ ᠬᠦᠷᠭᠡᠨ᠎ᠡ᠃     ᠡᠸ᠋ᠨᠩᠬᠢ ᠬᠤᠰᠢᠭᠤᠨ ᠤ ᠣᠢ ᠰᠢᠭᠤᠢ ᠶᠢᠨ ᠲᠣᠪᠴᠢᠶ᠎ᠠ᠄    1. 2016 ᠣᠨ᠂ 2017 ᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠵᠢᠴᠢ ᠬᠤᠪᠢᠷᠠᠯᠲᠠ ᠶᠢᠨ ᠬᠦᠰᠦᠨᠦᠭᠲᠦ ︵ ᠨᠣᠭᠤ ᠭᠠᠵᠠᠷ ᠤᠨ ᠬᠡᠰᠡᠭ︶᠂ ᠣᠢ ᠮᠣᠳᠣᠨ ᠤ ᠡᠬᠢ ᠪᠠᠶᠠᠯᠢᠭ ᠤᠨ ᠬᠤᠭᠤᠴᠠᠭ᠎ᠠ ᠰᠡᠬᠦᠯ ︵ ᠬᠤᠭᠤᠴᠠᠭ᠎ᠠ ᠶᠢᠨ ᠡᠬᠢᠨ︶ ᠤᠨ ᠬᠠᠳᠠᠭᠠᠯᠠᠭᠳᠠᠴᠠ ᠵᠢᠴᠢ ᠬᠤᠪᠢᠷᠠᠯᠲᠠ ᠶᠢᠨ ᠪᠠᠶᠢᠳᠠᠯ᠂ ᠣᠢ ᠮᠣᠳᠣᠨ ᠤ ᠡᠬᠢ ᠪᠠᠶᠠᠯᠢᠭ ᠤᠨ ᠣᠨ ᠤ ᠬᠦᠰᠦᠨᠦᠭᠲᠦ ᠶᠢᠨ ᠬᠤᠪᠢᠷᠠᠯᠲᠠ ᠶᠢᠨ ᠬᠦᠰᠦᠨᠦᠭᠲᠦ᠂ ᠣᠢ ᠰᠢᠭᠤᠢ  ᠶᠢᠨ ᠡᠬᠢ ᠪᠠᠶᠠᠯᠢᠭ ᠤᠨ ᠬᠤᠭᠤᠴᠠᠭ᠎ᠠ ᠰᠡᠬᠦᠯ ︵ ᠬᠤᠭᠤᠴᠠᠭ᠎ᠠ ᠶᠢᠨ ᠡᠬᠢᠨ︶ ᠤᠨ ᠴᠢᠨᠠᠷ ᠵᠢᠴᠢ ᠬᠤᠪᠢᠷᠠᠯᠲᠠ ᠶᠢᠨ ᠬᠦᠰᠦᠨᠦᠭᠲᠦ ᠶᠢ ᠬᠠᠷᠢᠭᠤᠴᠠᠨ ᠨᠠᠶᠢᠷᠠᠭᠤᠯᠣᠨ ᠵᠣᠬᠢᠶᠠᠨ᠎ᠠ᠃    2. ︽ ᠲᠣᠷᠰᠢᠯᠲᠠ ᠶᠢᠨ ᠴᠡᠭ ᠤᠨ ᠲᠦᠰᠦᠯ︾ ᠵᠢᠴᠢ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠬᠤ ᠲᠣᠬᠠᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠢᠮᠪᠠᠢ ᠰᠣᠳᠣᠯᠵᠣ᠂ ᠲᠣᠰ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠲᠦᠯᠦᠪᠯᠡᠭᠡ  ᠪᠠᠨ ᠴᠠᠭ ᠲᠣᠬᠠᠢ ᠳᠤᠨᠢ ᠲᠣᠭᠲᠠᠭᠠᠨ᠎ᠠ᠃    3. ᠠᠵᠢᠯ ᠤᠨ ᠬᠡᠷᠡᠭᠴᠡᠭᠡ ᠪᠠᠨ ᠦᠨᠳᠦᠰᠦᠯᠡᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠲᠢᠩᠬᠢᠮ  ᠠᠴᠠ ᠵᠢᠭᠠᠪᠣᠷᠢ ᠠᠪᠴᠣ᠂ ᠮᠠᠨ ᠤ ᠬᠤᠰᠢᠭᠤᠨ ᠤ ᠣᠢ ᠰᠢᠭᠤᠢ ᠶᠢᠨ ᠡᠬᠢ ᠪᠠᠶᠠᠯᠢᠭ ᠤᠨ ᠬᠤᠶᠠᠳᠣᠭᠠᠷ ᠲᠦᠷᠦᠯ  ᠤᠨ ᠪᠠᠶᠢᠴᠠᠭᠠᠯᠲᠠ ᠶᠢ ᠣᠷᠢᠳᠴᠢᠯᠠᠨ ᠲᠣᠬᠢᠷᠠᠭᠤᠯᠵᠣ᠂ ᠣᠢ ᠰᠢᠭᠤᠢ ᠶᠢᠨ ᠲᠦᠯᠦᠪᠵᠢᠬᠦᠯᠭᠡ ᠶᠢᠨ ᠬᠢᠨᠠᠨ ᠪᠠᠶᠢᠴᠠᠭᠠᠯᠲᠠ ᠶᠢᠨ ᠬᠦᠷᠢᠶᠡᠯᠡᠩ ᠢ ᠣᠷᠢᠵᠣ ᠮᠡᠷᠭᠡᠵᠢᠯ ᠤᠨ ᠵᠢᠯᠣᠭᠤᠳᠣᠯᠭ᠎ᠠ ᠬᠢᠯᠭᠡᠵᠦ᠂ ᠡᠯ᠎ᠡ ᠵᠦᠢᠯ ᠤᠨ ᠰᠠᠭᠤᠷᠢ ᠲᠤᠭ᠎ᠠ ᠪᠠᠷᠢᠮᠳᠠ ᠶᠢ ᠪᠦᠷᠢᠨᠰᠢᠬᠦᠯᠦᠨ᠎ᠡ᠃    4. ᠲᠣᠷᠰᠢᠯᠲᠠ ᠶᠢᠨ ᠴᠡᠭ ᠤᠨ ᠠᠵᠢᠯ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ  ᠤᠨ ᠰᠠᠨᠠᠯ ᠰᠠᠨᠠᠭᠤᠯᠭ᠎ᠠ ᠶᠢ ᠴᠠᠭ ᠲᠣᠬᠠᠢ ᠳᠤᠨᠢ ᠳᠣᠰᠬᠠᠵᠣ᠂ ᠡᠯ᠎ᠡ ᠵᠦᠢᠯ ᠤᠨ ᠠᠵᠢᠯ ᠢ ᠦᠷᠨᠢᠬᠦᠯᠦᠭᠰᠡᠨ ᠪᠠᠶᠢᠳᠠᠯ  ᠢᠶᠠᠨ ᠦᠨᠳᠦᠰᠦᠯᠡᠨ᠂ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠬᠢ ᠪᠠᠨ ᠮᠡᠳᠡᠬᠦᠯᠦᠨ ᠬᠦᠷᠭᠡᠨ᠎ᠡ᠃ ᠦᠨᠳᠦᠰᠦᠨ ᠱᠠᠲᠣᠨ ᠤ ᠲᠤᠭ᠎ᠠ ᠪᠠᠷᠢᠮᠳᠠ ᠶᠢ ᠬᠢᠨᠠᠨ ᠬᠠᠷᠭᠤᠭᠤᠯᠵᠣ ᠦᠨᠡᠯᠡᠨ ᠵᠢᠱᠢᠬᠦ ᠶᠢ ᠨᠢᠮᠪᠠᠢ ᠰᠠᠶᠢᠳᠣᠷ ᠬᠢᠵᠦ᠂ ᠲᠣᠰ ᠰᠠᠯᠠᠭ᠎ᠠ ᠮᠦᠴᠢᠷ ᠤᠨ ᠢᠶᠠᠨ ᠲᠣᠷᠰᠢᠯᠲᠠ ᠶᠢᠨ ᠴᠡᠭ ᠤᠨ ᠠᠵᠢᠯ ᠤᠨ ᠳ᠋ᠥᠩᠨᠡᠯᠲᠡ ᠪᠠᠨ ᠱᠠᠭᠠᠷᠳᠠᠯᠭ᠎ᠠ ᠶᠣᠰᠣᠭᠠᠷ ᠮᠡᠳᠡᠬᠦᠯᠦᠨ ᠬᠦᠷᠭᠡᠨ᠎ᠡ᠃     ᠡᠸ᠋ᠨᠩᠬᠢ ᠬᠤᠰᠢᠭᠤᠨ ᠤ ᠣᠰᠣᠨ ᠤ ᠶᠠᠪᠣᠳᠠᠯ ᠤᠨ ᠲᠣᠪᠴᠢᠶ᠎ᠠ᠄    1. 2016 ᠣᠨ᠂ 2017 ᠣᠨ ᠤ ᠣᠰᠣᠨ ᠤ ᠡᠬᠢ ᠪᠠᠶᠠᠯᠢᠭ ᠤᠨ ᠬᠠᠳᠠᠭᠠᠯᠠᠭᠳᠠᠴᠠ ᠵᠢᠴᠢ ᠬᠤᠪᠢᠷᠠᠯᠲᠠ  ᠶᠢᠨ ᠬᠦᠰᠦᠨᠦᠭᠲᠦ ᠶᠢ ᠬᠠᠷᠢᠭᠤᠴᠠᠨ ᠨᠠᠶᠢᠷᠠᠭᠤᠯᠣᠨ ᠵᠣᠬᠢᠶᠠᠨ᠎ᠠ᠃    2. ︽ ᠲᠣᠷᠰᠢᠯᠲᠠ ᠶᠢᠨ ᠴᠡᠭ ᠤᠨ ᠲᠦᠰᠦᠯ︾ ᠵᠢᠴᠢ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠬᠤ ᠲᠣᠬᠠᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠢᠮᠪᠠᠢ ᠰᠣᠳᠣᠯᠵᠣ᠂ ᠲᠣᠰ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠲᠦᠯᠦᠪᠯᠡᠭᠡ  ᠪᠠᠨ ᠴᠠᠭ ᠲᠣᠬᠠᠢ ᠳᠤᠨᠢ ᠲᠣᠭᠲᠠᠭᠠᠨ᠎ᠠ᠃    3. ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠰᠣᠨ ᠤ ᠡᠬᠢ ᠪᠠᠶᠠᠯᠢᠭ ᠤᠨ ᠲᠣᠬᠠᠢ ᠠᠯᠪᠠᠨ ᠮᠡᠳᠡᠭᠡ᠂ ᠣᠰᠣᠨ ᠠᠰᠢᠭᠯᠠᠯᠲᠠ ᠶᠢᠨ ᠨᠠᠶᠢᠳᠠᠮ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠭᠤᠣᠯ ᠮᠦᠷᠡᠨ᠂ ᠨᠠᠭᠤᠷ ᠴᠦᠬᠦᠷᠦᠮ᠂ ᠣᠰᠣᠨ ᠴᠦᠭᠦᠷᠦᠮ ᠵᠡᠷᠭᠡ ᠭᠠᠵᠠᠷ ᠤᠨ ᠭᠠᠳᠠᠷᠭᠤ ᠶᠢᠨ ᠣᠰᠣ ᠶᠢ ᠠᠪᠴᠣ ᠪᠣᠳᠠᠳᠠᠢ ᠭᠠᠵᠠᠷ ᠲᠤ ᠨᠢ ᠪᠠᠶᠢᠴᠠᠭᠠᠨ ᠬᠡᠮᠵᠢᠵᠦ᠂ ᠡᠯ᠎ᠡ ᠵᠦᠢᠯ ᠤᠨ ᠰᠠᠭᠤᠷᠢ ᠲᠤᠭ᠎ᠠ ᠪᠠᠷᠢᠮᠲᠠ ᠶᠢ ᠪᠦᠷᠢᠨᠰᠢᠬᠦᠯᠦᠨ᠎ᠡ᠃    4. ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠴᠠᠭ ᠲᠣᠬᠠᠢ ᠳᠤᠨᠢ ᠳᠣᠰᠬᠠᠵᠣ᠂ ᠡᠯ᠎ᠡ ᠵᠦᠢᠯ ᠤᠨ ᠠᠵᠢᠯ ᠢ ᠦᠷᠨᠢᠬᠦᠯᠦᠭᠰᠡᠨ ᠪᠠᠶᠢᠳᠠᠯ ᠢᠶᠠᠨ ᠦᠨᠳᠦᠰᠦᠯᠡᠨ᠂ ᠠᠵᠢᠯ ᠤᠨ ᠬᠠᠮᠢᠶ᠎ᠠ ᠪᠦᠬᠦᠢ ᠮᠡᠳᠡᠭᠡ ᠵᠠᠩᠬᠢ ᠪᠠᠨ ᠮᠡᠳᠡᠬᠦᠯᠦᠨ ᠬᠦᠷᠭᠡᠨ᠎ᠡ᠃ ᠦᠨᠳᠦᠰᠦᠨ ᠱᠠᠲᠣᠨ ᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠣᠨ ᠦᠨᠡᠯᠡᠨ ᠵᠢᠱᠢᠬᠦ ᠶᠢ ᠨᠢᠮᠪᠠᠢ ᠰᠠᠶᠢᠳᠣᠷ ᠬᠢᠵᠦ ᠂ ᠲᠣᠰ ᠰᠠᠯᠠᠭ᠎ᠠ ᠮᠦᠴᠢᠷ ᠤᠨ ᠢᠶᠠᠨ ᠲᠣᠷᠰᠢᠯᠲᠠ ᠶᠢᠨ ᠴᠡᠭ ᠤᠨ ᠠᠵᠢᠯ ᠤᠨ ᠳ᠋ᠥᠩᠨᠡᠯᠲᠡ ᠪᠠᠨ ᠱᠠᠭᠠᠷᠳᠠᠯᠭ᠎ᠠ ᠶᠣᠰᠣᠭᠠᠷ ᠮᠡᠳᠡᠬᠦᠯᠦᠨ ᠬᠦᠷᠭᠡᠨ᠎ᠡ᠃    ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠄    1. 2016 ᠣᠨ᠂ 2017 ᠣᠨ ᠤ ᠣᠰᠣᠨ ᠤ ᠣᠷᠴᠢᠨ ᠲᠣᠭᠤᠷᠢᠨ ᠤ ᠴᠢᠨᠠᠷ ᠵᠢᠴᠢ ᠬᠤᠪᠢᠷᠠᠯᠲᠠ ᠶᠢᠨ ᠬᠦᠰᠦᠨᠦᠭᠲᠦ ︵ᠣᠳᠣᠬᠠᠨ ᠳᠤ ᠣᠯᠣᠰ ᠤᠨ ᠳᠡᠰ ᠤᠨ ᠲᠣᠷᠰᠢᠯᠲᠠ ᠶᠢᠨ ᠴᠡᠭ ᠤᠳ ᠲᠣᠰ ᠬᠦᠰᠦᠨᠦᠭᠲᠦ ᠶᠢ ᠲᠠᠭᠯᠠᠬᠤ ᠬᠡᠷᠡᠭ ᠦᠭᠡᠢ︶ ᠶᠢ ᠬᠠᠷᠢᠭᠤᠴᠠᠨ ᠨᠠᠶᠢᠷᠠᠭᠤᠯᠣᠨ ᠵᠣᠬᠢᠶᠠᠨ᠎ᠠ᠃    2. ︽ ᠲᠣᠷᠰᠢᠯᠲᠠ ᠶᠢᠨ ᠴᠡᠭ ᠤᠨ ᠲᠦᠰᠦᠯ︾ ᠵᠢᠴᠢ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠬᠤ ᠲᠣᠬᠠᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠢᠮᠪᠠᠢ ᠰᠣᠳᠣᠯᠵᠣ᠂ ᠲᠣᠰ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠲᠦᠯᠦᠪᠯᠡᠭᠡ ᠪᠠᠨ ᠴᠠᠭ ᠲᠣᠬᠠᠢ  ᠳᠤᠨᠢ ᠲᠣᠭᠲᠠᠭᠠᠨ᠎ᠠ᠃    3. ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠠᠭᠤᠷ ᠴᠦᠬᠦᠷᠦᠮ᠂ ᠣᠰᠣᠨ ᠴᠦᠬᠦᠷᠦᠮ ᠤᠨ ᠣᠰᠣᠨ ᠤ ᠴᠢᠨᠠᠷ ᠢ ᠬᠢᠨᠠᠨ ᠪᠠᠶᠢᠴᠠᠭᠠᠬᠤ ᠴᠡᠭ ᠨᠡᠮᠡᠨ ᠲᠣᠬᠢᠷᠠᠭᠤᠯᠵᠣ᠂ ᠭᠠᠵᠠᠷ ᠤᠨ ᠭᠠᠳᠠᠷᠭᠤ ᠶᠢᠨ ᠣᠰᠣ᠂ ᠭᠠᠵᠠᠷ ᠳᠣᠣᠷᠠᠬᠢ ᠣᠰᠣᠨ ᠤ ᠣᠰᠣ ᠣᠮᠳᠠ ᠳᠤ ᠬᠡᠷᠡᠭᠯᠡᠬᠦ ᠣᠰᠣᠨ ᠤ ᠡᠬᠢ᠂ ᠣᠰᠣᠨ ᠴᠦᠬᠦᠷᠦᠮ ᠵᠡᠷᠭᠡ ᠳᠤ ᠬᠢᠨᠠᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠦᠨᠳᠦᠰᠦᠨ ᠲᠤᠭ᠎ᠠ ᠪᠠᠷᠢᠮᠲᠠ ᠶᠢ ᠪᠦᠷᠢᠨᠰᠢᠬᠦᠯᠦᠨ᠎ᠡ᠃    4. ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠵᠢᠴᠢ ᠡᠯ᠎ᠡ ᠵᠦᠢᠯ ᠤᠨ ᠰᠠᠨᠠᠭ᠎ᠠ ᠰᠠᠨᠠᠭᠤᠯᠭ᠎ᠠ ᠶᠢ ᠴᠠᠭ ᠲᠣᠬᠠᠢ ᠳᠤᠨᠢ ᠳᠣᠰᠬᠠᠵᠣ᠂ ᠡᠯ᠎ᠡ ᠵᠦᠢᠯ ᠤᠨ ᠠᠵᠢᠯ ᠢ ᠦᠷᠨᠢᠬᠦᠯᠦᠭᠰᠡᠨ ᠪᠠᠶᠢᠳᠠᠯ ᠢᠶᠠᠨ ᠦᠨᠳᠦᠰᠦᠯᠡᠨ᠂ ᠬᠠᠮᠢᠶ᠎ᠠ ᠪᠦᠬᠦᠢ ᠠᠵᠢᠯ ᠤᠨ ᠮᠡᠳᠡᠭᠡ ᠵᠠᠩᠬᠢ ᠪᠠᠨ ᠮᠡᠳᠡᠬᠦᠯᠦᠨ ᠬᠦᠷᠭᠡᠨ᠎ᠡ᠃ ᠦᠨᠳᠦᠰᠦᠨ ᠱᠠᠲᠣᠨ ᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠣ ᠦᠨᠡᠯᠡᠨ ᠵᠢᠱᠢᠬᠦ ᠠᠵᠢᠯ ᠢ ᠨᠢᠮᠪᠠᠢ ᠰᠠᠶᠢᠳᠣᠷ ᠬᠢᠵᠦ᠂ ᠲᠣᠰ ᠰᠠᠯᠠᠭ᠎ᠠ ᠮᠦᠴᠢᠷ ᠤᠨ ᠢᠶᠠᠨ ᠳᠣᠷᠰᠢᠯᠲᠠ ᠶᠢᠨ ᠴᠡᠭ ᠤᠨ ᠠᠵᠢᠯ ᠤᠨ ᠳ᠋ᠥᠩᠨᠡᠯᠲᠡ ᠪᠠᠨ ᠱᠠᠭᠠᠷᠳᠠᠯᠭ᠎ᠠ ᠶᠣᠰᠣᠭᠠᠷ ᠮᠡᠳᠡᠬᠦᠯᠦᠨ ᠬᠦᠷᠭᠡᠨ᠎ᠡ᠃     ᠳᠠᠪᠤ᠂ ᠡᠯ᠎ᠡ ᠵᠦᠢᠯ ᠤᠨ ᠪᠠᠳᠣᠯᠠᠭ᠎ᠠ ᠶᠢᠨ ᠠᠷᠭ᠎ᠠ ᠬᠡᠮᠵᠢᠶ᠎ᠡ    ︵ ᠨᠢᠬᠡ︶ ᠣᠳᠣᠷᠢᠳᠬᠤ ᠳᠣᠭᠤᠶᠢᠯᠠᠩ ᠪᠠᠶᠢᠭᠤᠯᠬᠤ     ᠲᠦᠷᠦ ᠶᠢᠨ ᠶᠠᠪᠣᠳᠠᠯ ᠤᠨ ᠬᠤᠷᠢᠶᠠᠨ ᠤ ︽ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠤᠨ ᠲᠦᠰᠦᠯ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠠᠷ ᠲᠦᠷᠦᠯᠡᠬᠦᠯᠦᠭᠰᠡᠨ᠂ ᠬᠦᠭᠵᠢᠬᠦᠯᠦᠯᠲᠡ ᠬᠢᠬᠡᠳ ᠦᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ ᠪᠠᠷ ᠪᠦᠷᠢᠯᠳᠦᠬᠦᠨ ᠨᠢᠬᠡᠴᠡ ᠪᠣᠯᠭᠠᠭᠰᠠᠨ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠣᠨ᠎ᠠ᠃ ᠣᠳᠣᠷᠢᠳᠬᠤ ᠳᠣᠭᠤᠶᠢᠯᠠᠩ ᠨᠢ ᠲᠤᠭ᠎ᠠ ᠪᠦᠷᠢᠳᠬᠡᠯ ᠤᠨ ᠲᠣᠪᠴᠢᠶ᠎ᠠ  ᠳᠤ ᠠᠯᠪᠠᠨ ᠭᠡᠷ ᠲᠣᠬᠢᠷᠠᠭᠤᠯᠵᠣ᠂ ᠠᠯᠪᠠᠨ ᠭᠡᠷ ᠨᠢ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠢ ᠵᠣᠬᠢᠴᠠᠭᠤᠯᠣᠨ ᠨᠡᠪᠳᠡᠷᠡᠯᠴᠡᠬᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠬᠢᠨᠠᠨ ᠬᠠᠷᠭᠤᠭᠤᠯᠬᠤ ᠵᠢᠴᠢ ᠳ᠋ᠥᠩᠨᠡᠯᠲᠡ ᠬᠢᠵᠦ ᠳᠡᠭᠰᠢ ᠮᠡᠳᠡᠬᠦᠯᠬᠦ ᠠᠵᠢᠯ ᠢ ᠬᠠᠷᠢᠭᠤᠴᠠᠨ᠎ᠠ᠃     ︵ ᠬᠤᠶᠠᠷ︶ ᠰᠠᠯᠠᠭ᠎ᠠ ᠮᠦᠴᠢᠷ ᠤᠳ ᠤᠨ ᠬᠤᠯᠪᠣᠭᠠᠳᠣ ᠬᠤᠷᠠᠯ ᠤᠨ ᠳᠦᠷᠢᠮ ᠢ ᠪᠠᠶᠢᠭᠤᠯᠬᠤ     ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ᠂ ᠲᠣᠷᠰᠢᠯᠲᠠ ᠶᠢᠨ ᠴᠡᠭ ᠤᠨ ᠠᠵᠢᠯ ᠤᠨ ᠠᠬᠢᠴᠠ  ᠶᠢᠨ ᠪᠠᠶᠢᠳᠠᠯ ᠢ ᠦᠨᠳᠦᠰᠦᠯᠡᠨ᠂ ᠡᠯ᠎ᠡ ᠰᠠᠯᠠᠭ᠎ᠠ ᠮᠦᠴᠢᠷ ᠤᠳ ᠤᠨ ᠬᠤᠪᠢᠳᠠᠨ ᠬᠠᠮᠢᠶᠠᠷᠬᠤ ᠣᠳᠣᠷᠢᠳᠣᠯᠭ᠎ᠠ ᠵᠢᠴᠢ ᠠᠯᠪᠠᠨ ᠭᠡᠷ ᠤᠨ ᠪᠦᠷᠢᠯᠳᠦᠬᠦᠨ ᠢ ᠵᠣᠬᠢᠶᠠᠨ ᠪᠠᠶᠢᠭᠤᠯᠣᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠢ ᠬᠠᠷᠢᠭᠤᠴᠠᠨ ᠬᠢᠬᠦ ᠰᠠᠯᠠᠭ᠎ᠠ ᠮᠦᠴᠢᠷ ᠤᠳ ᠤᠨ ᠬᠤᠯᠪᠣᠭᠠᠳᠣ ᠬᠤᠷᠠᠯ ᠢ ᠲᠣᠭᠲᠠᠮᠠᠯ ᠪᠣᠰᠣ ᠬᠤᠭᠤᠴᠠᠭ᠎ᠠ ᠲᠠᠢ ᠬᠤᠷᠠᠯᠳᠣᠭᠤᠯᠵᠣ᠂ ᠳᠡᠭᠡᠳᠦ ᠱᠠᠳᠣᠨ ᠤ ᠠᠵᠢᠯ ᠤᠨ ᠲᠣᠬᠢᠷᠠᠭᠤᠯᠣᠯᠲᠠ ᠶᠢ ᠲᠣᠣᠱᠯᠠᠭᠤᠯᠣᠨ ᠬᠡᠷᠡᠭᠵᠢᠬᠦᠯᠵᠦ᠂ ᠲᠣᠷᠰᠢᠯᠲᠠ ᠶᠢᠨ ᠴᠡᠭ  ᠤᠨ ᠠᠵᠢᠯ ᠢ ᠦᠷᠨᠢᠬᠦᠯᠬᠦ ᠶᠠᠪᠣᠴᠠ ᠳᠤ ᠢᠯᠡᠷᠡᠭᠰᠡᠨ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠬᠦ ᠵᠡᠷᠭᠡ ᠶᠢ ᠰᠣᠳᠣᠯᠣᠨ ᠶᠠᠷᠢᠯᠴᠠᠨ᠎ᠠ᠃     ︵ ᠭᠤᠷᠪᠠ︶ ᠨᠡᠪᠳᠡᠷᠡᠯᠴᠡᠨ ᠬᠠᠷᠢᠯᠴᠠᠬᠤ ᠪᠠ ᠮᠡᠳᠡᠭᠡ ᠵᠠᠩᠬᠢ ᠶᠢ ᠮᠡᠳᠡᠭᠡᠯᠡᠬᠦ ᠳᠦᠷᠢᠮ ᠢ ᠪᠠᠶᠢᠭᠤᠯᠬᠤ     ᠪᠣᠰᠣᠳ ᠲᠣᠷᠰᠢᠯᠲᠠ ᠶᠢᠨ ᠴᠡᠭ ᠤᠳ ᠲᠠᠢ ᠬᠠᠷᠢᠯᠴᠠᠵᠣ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠣ᠂ ᠪᠣᠰᠣᠳ ᠲᠣᠷᠰᠢᠯᠲᠠ ᠶᠢᠨ ᠴᠡᠭ ᠤᠳ ᠤᠨ ᠠᠵᠢᠯ ᠤᠨ ᠠᠬᠢᠴᠠ ᠶᠢᠨ ᠪᠠᠶᠢᠳᠠᠯ ᠪᠠ ᠠᠵᠢᠯ ᠤᠨ ᠪᠣᠳᠠᠳᠠᠢ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠣᠶᠢᠯᠠᠭᠠᠵᠣ᠂ ᠰᠠᠶᠢᠨ ᠲᠣᠷᠰᠢᠯᠭ᠎ᠠ ᠬᠢᠳᠡᠯ ᠢ ᠨᠢ ᠰᠣᠷᠣᠯᠴᠠᠵᠣ᠂ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ ᠵᠣᠬᠢᠶᠠᠬᠤ ᠠᠵᠢᠯ ᠢ ᠰᠠᠶᠢᠳᠣᠷ ᠬᠢᠬᠦ ᠳᠤ ᠨᠡᠩ ᠣᠯᠠᠨ ᠲᠣᠷᠰᠢᠯᠭ᠎ᠠ ᠬᠤᠷᠠᠮᠳᠣᠭᠤᠯᠵᠣ ᠦᠭᠭᠦᠨ᠎ᠡ᠃ ᠮᠡᠳᠡᠭᠡ ᠵᠠᠩᠬᠢ ᠶᠢ ᠮᠡᠳᠡᠭᠡᠯᠡᠬᠦ ᠳᠦᠷᠢᠮ ᠢ ᠪᠠᠶᠢᠭᠤᠯᠵᠣ᠂ ᠲᠣᠷᠰᠢᠯᠲᠠ ᠶᠢᠨ ᠴᠡᠭ ᠤᠨ ᠠᠵᠢᠯ ᠤᠨ ᠲᠣᠪᠴᠢ ᠮᠡᠳᠡᠭᠡ  ᠪᠠᠷ ᠠᠴᠢᠶᠠᠯᠠᠪᠣᠷᠢ ᠪᠣᠯᠭᠠᠵᠣ᠂ ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠣᠷᠣᠰᠢᠵᠣ ᠪᠠᠶᠢᠭ᠎ᠠ ᠠᠰᠠᠭᠤᠳᠠᠯ ᠢ ᠴᠠᠭ ᠲᠣᠬᠠᠢ ᠳᠤᠨᠢ ᠳᠣᠰᠬᠠᠵᠣ᠂ ᠡᠯ᠎ᠡ ᠰᠠᠯᠠᠭ᠎ᠠ ᠮᠦᠴᠢᠷ ᠤᠳ ᠤᠨ ᠠᠵᠢᠯ ᠤᠨ ᠠᠬᠢᠴᠠ ᠵᠢᠴᠢ ᠮᠡᠳᠡᠭᠡ ᠵᠠᠩᠬᠢ ᠪᠠᠨ ᠮᠡᠳᠡᠬᠦᠯᠦᠨ ᠬᠦᠷᠭᠡᠵᠦ ᠪᠠᠶᠢᠭ᠎ᠠ ᠪᠠᠶᠢᠳᠠᠯ ᠢ ᠮᠡᠳᠡᠭᠡᠯᠡᠨ᠎ᠡ᠃     ︵ ᠳᠦᠷᠪᠡ︶ ᠴᠠᠭ ᠤᠨ ᠬᠦᠰᠦᠨᠦᠭᠲᠦ ᠶᠢ ᠬᠡᠳᠡᠷᠬᠦ ᠵᠢᠬᠰᠠᠭᠠᠵᠣ᠂ ᠲᠤᠭ᠎ᠠ ᠪᠠᠷᠢᠮᠲᠠ ᠶᠢ ᠪᠠᠶᠢᠴᠠᠭᠠᠨ ᠬᠦᠰᠦᠨᠦᠭᠲᠦ ᠲᠠᠭᠯᠠᠨ ᠮᠡᠳᠡᠬᠦᠯᠬᠦ ᠶᠢ ᠴᠠᠭ ᠲᠣᠬᠠᠢ ᠳᠤᠨᠢ ᠪᠡᠶᠡᠯᠡᠬᠦᠯᠬᠦ     ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠡᠯ᠎ᠡ ᠰᠠᠯᠠᠭ᠎ᠠ ᠮᠦᠴᠢᠷ ᠤᠳ ᠲᠤᠭ᠎ᠠ ᠪᠦᠷᠢᠳᠬᠡᠯ ᠬᠢᠬᠦ ᠪᠠᠷᠢᠮᠵᠢᠶ᠎ᠠ ᠶᠣᠰᠣᠭᠠᠷ ᠣᠳᠣ ᠪᠠᠷ ᠢᠶᠠᠨ ᠪᠠᠶᠢᠭ᠎ᠠ ᠵᠠᠰᠠᠭ ᠵᠠᠬᠢᠷᠭᠠᠨ ᠤ ᠳᠡᠮᠳᠡᠭᠯᠡᠯ ᠢ ᠴᠠᠭ ᠲᠣᠬᠠᠢ ᠳᠤᠨᠢ ᠡᠮᠬᠢᠳᠬᠡᠵᠦ᠂ ᠬᠡᠷᠪᠡ ᠣᠳᠣᠬᠢ ᠮᠠᠲ᠋ᠧᠷᠢᠶᠠᠯ ᠨᠢ ᠬᠡᠷᠡᠭᠴᠡᠭᠡ ᠶᠢ ᠬᠠᠩᠭᠠᠵᠣ ᠴᠢᠳᠠᠬᠤ ᠦᠭᠡᠢ ᠪᠣᠯ᠂ ᠲᠦᠷᠭᠡᠭᠡᠨ ᠨᠦᠬᠦᠪᠦᠷᠢᠯᠡᠬᠦ ᠴᠢᠨᠠᠷᠲᠠᠢ ᠪᠠᠶᠢᠴᠠᠭᠠᠯᠲᠠ ᠬᠢᠬᠦ ᠬᠡᠷᠡᠭᠲᠡᠢ᠃ ᠲᠣᠰ ᠰᠠᠯᠠᠭ᠎ᠠ ᠮᠦᠴᠢᠷ ᠤᠨ ᠢᠶᠠᠨ ᠡᠯ᠎ᠡ ᠵᠦᠢᠯ ᠤᠨ ᠠᠵᠢᠯ ᠤᠨ ᠠᠭᠤᠯᠭ᠎ᠠ ᠶᠢ ᠣᠯᠠᠮ ᠨᠠᠷᠢᠯᠢᠭ ᠪᠣᠯᠭᠠᠵᠣ᠂ ᠬᠡᠷᠡᠭᠵᠢᠬᠦᠯᠦᠯᠲᠡ ᠶᠢᠨ ᠲᠦᠰᠦᠯ ᠶᠣᠰᠣᠭᠠᠷ ᠬᠢᠭᠰᠡᠨ ᠠᠵᠢᠯ  ᠤᠨ ᠠᠬᠢᠴᠠ ᠶᠢᠨ ᠱᠠᠭᠠᠷᠳᠠᠯᠭ᠎ᠠ ᠪᠠᠷ᠂ ᠴᠠᠭ ᠤᠨ ᠬᠦᠰᠦᠨᠦᠭᠲᠦ ᠪᠠᠨ ᠬᠡᠳᠡᠷᠬᠦ ᠵᠢᠬᠰᠠᠭᠠᠵᠣ᠂ ᠲᠤᠭ᠎ᠠ ᠪᠠᠷᠢᠮᠲᠠ ᠶᠢ ᠬᠦᠰᠦᠨᠦᠭᠲᠦ ᠲᠠᠭᠯᠠᠨ ᠮᠡᠳᠡᠬᠦᠯᠬᠦ ᠠᠵᠢᠯ ᠢ ᠴᠠᠭ ᠲᠠᠭᠠᠨ ᠪᠡᠶᠡᠯᠡᠬᠦᠯᠬᠦ ᠶᠢ ᠯᠠᠪᠳᠠᠢ ᠪᠠᠳᠣᠯᠠᠬᠤ ᠬᠡᠷᠡᠭᠲᠡᠢ᠃ ᠬᠡᠷᠪᠡ ᠲᠤᠭ᠎ᠠ ᠪᠠᠷᠢᠮᠲᠠ ᠪᠠᠨ ᠮᠡᠳᠡᠬᠦᠯᠦᠨ ᠬᠦᠷᠭᠡᠵᠦ ᠴᠢᠳᠠᠬᠤ ᠦᠬᠡᠢ ᠪᠣᠯ ᠣᠷᠢᠳᠠᠪᠡᠷ ᠪᠢᠴᠢᠭᠯᠡᠯ ᠤᠨ ᠬᠡᠯᠪᠡᠷᠢ ᠪᠠᠷ  ᠳᠣᠳᠣᠷᠬᠠᠶᠢᠯᠠᠬᠤ ᠬᠡᠷᠡᠭᠲᠡᠢ᠃      ︵ ᠲᠠᠪᠤ︶ ᠲᠤᠭ᠎ᠠ ᠪᠠᠷᠢᠮᠳᠠ ᠶᠢᠨ ᠴᠢᠨᠠᠷ ᠢ ᠯᠠᠪᠳᠠᠢ ᠪᠠᠳᠣᠯᠠᠬᠤ      ᠣᠯᠣᠰ ᠤᠨ ᠭᠠᠵᠠᠷ ᠰᠢᠷᠣᠢ᠂ ᠣᠰᠣᠨ ᠤ ᠶᠠᠪᠣᠳᠠᠯ᠂ ᠲᠠᠷᠢᠶᠠᠯᠠᠩ ᠮᠠᠯ ᠠᠵᠣ ᠠᠬᠤᠢ᠂ ᠣᠢ ᠰᠢᠭᠤᠢ ᠵᠡᠷᠭᠡ  ᠶᠢ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠳ ᠪᠦᠷᠢᠳᠬᠡᠨ ᠪᠠᠶᠢᠴᠠᠭᠠᠬᠤ ᠰᠠᠭᠤᠷᠢ ᠪᠠᠨ ᠪᠠᠳᠣᠳᠬᠠᠵᠣ᠂ ᠪᠠᠶᠢᠴᠠᠭᠠᠬᠤ ᠠᠷᠭ᠎ᠠ ᠪᠠᠨ ᠦᠭᠡᠷᠡᠴᠢᠯᠡᠨ ᠰᠠᠶᠢᠵᠢᠷᠠᠭᠤᠯᠵᠣ᠂ ᠪᠠᠶᠢᠴᠠᠭᠠᠬᠤ ᠪᠦᠬᠦ ᠶᠠᠪᠣᠴᠠ ᠶᠢᠨ ᠴᠢᠨᠠᠷ ᠴᠢᠨᠰᠠᠭ᠎ᠠ ᠶᠢ ᠡᠵᠡᠮᠳᠡᠬᠦ ᠶᠢ ᠴᠢᠩᠭᠠᠳᠬᠠᠵᠣ᠂ ᠬᠦᠰᠦᠨᠦᠭᠲᠦ ᠵᠣᠬᠢᠶᠠᠬᠤ ᠳᠤ ᠬᠡᠷᠡᠭᠰᠡᠬᠦ ᠰᠠᠭᠤᠷᠢ ᠲᠤᠭ᠎ᠠ ᠪᠠᠷᠢᠮᠳᠠ ᠶᠢᠨ ᠦᠨᠡᠨ ᠪᠣᠳᠠᠳᠠᠢ ᠨᠠᠶᠢᠳᠠᠪᠣᠷᠢᠳᠠᠢ ᠪᠠᠶᠢᠬᠤ ᠶᠢ ᠯᠠᠪᠳᠠᠶᠢᠶ᠎ᠠ ᠪᠠᠳᠣᠯᠠᠵᠣ᠂ ᠬᠦᠰᠦᠨᠦᠭᠲᠦ ᠲᠣᠳᠣᠷᠠᠬᠢ ᠲᠤᠭ᠎ᠠ ᠪᠠᠷᠢᠮᠲᠠ ᠶᠢ ᠮᠦᠷᠳᠡᠨ ᠣᠶᠢᠯᠭᠠᠬᠤ᠂ ᠬᠢᠨᠠᠨ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠬᠦᠯᠬᠦ ᠬᠡᠷᠡᠭᠲᠡᠢ᠃ ᠰᠠᠯᠠᠭ᠎ᠠ ᠮᠦᠴᠢᠷ ᠤᠳ ᠤᠨ ᠳᠡᠭᠡᠭᠰᠢ ᠮᠡᠳᠡᠬᠦᠯᠦᠭᠰᠡᠨ ᠡᠯ᠎ᠡ ᠵᠦᠢᠯ ᠤᠨ ᠲᠤᠭ᠎ᠠ ᠪᠠᠷᠢᠮᠳᠠ ᠨᠢ ᠡᠷᠬᠡᠪᠰᠢ ᠣᠳᠣᠷᠢᠳᠣᠯᠭ᠎ᠠ ᠶᠢᠨ ᠭᠠᠷ ᠤᠨ ᠦᠰᠦᠭ ᠪᠠᠶᠢᠬᠤ ᠪᠦᠭᠡᠳ ᠲᠠᠮᠠᠭ᠎ᠠ ᠪᠠᠶᠢᠬᠤ ᠬᠡᠷᠡᠭᠲᠡᠢ᠃ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠨ ᠮᠡᠳᠡᠬᠦᠯᠦᠨ ᠬᠦᠷᠭᠡᠭᠰᠡᠨ ᠲᠤᠭ᠎ᠠ ᠪᠠᠷᠢᠮᠳᠠ ᠳᠤ ᠶᠠᠰᠣ ᠴᠢᠨᠠᠷ ᠤᠨ ᠬᠢᠨᠠᠨ ᠬᠠᠷᠭᠤᠭᠤᠯᠣᠯᠲᠠ᠂ ᠦᠨᠡᠯᠡᠨ ᠵᠢᠱᠢᠯᠲᠠ ᠪᠠ ᠪᠠᠶᠢᠴᠠᠭᠠᠯᠲᠠ ᠬᠢᠵᠦ᠂ ᠲᠤᠭ᠎ᠠ ᠪᠠᠷᠢᠮᠳᠠ ᠶᠢᠨ ᠦᠨᠡᠨ ᠪᠣᠳᠠᠳᠠᠢ ᠵᠦᠪ ᠣᠨᠣᠪᠴᠢᠲᠠᠢ ᠪᠠᠶᠢᠬᠤ ᠶᠢ ᠯᠠᠪᠳᠠᠶᠢᠶ᠎ᠠ ᠪᠠᠳᠣᠯᠠᠬᠤ ᠬᠡᠷᠡᠭᠲᠡᠢ᠃      ︵ ᠵᠢᠷᠭᠤᠭ᠎ᠠ︶ ᠲᠣᠷᠰᠢᠯᠲᠠ ᠶᠢᠨ ᠴᠡᠭ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠳ᠋ᠥᠩᠨᠡᠯᠲᠡ ᠶᠢ ᠰᠠᠶᠢᠳᠣᠷ ᠬᠢᠬᠦ      ᠡᠯ᠎ᠡ ᠰᠠᠯᠠᠭ᠎ᠠ ᠮᠦᠴᠢᠷ ᠤᠳ ᠲᠣᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠶᠠᠪᠣᠴᠠ ᠳᠤ ᠭᠠᠷᠣᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠣᠬᠠᠢ ᠳᠤᠨᠢ ᠳᠡᠭᠡᠭᠰᠢ ᠮᠡᠳᠡᠬᠦᠯᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠ ᠰᠠᠨᠠᠭᠤᠯᠭ᠎ᠠ ᠶᠢ ᠴᠠᠭ ᠲᠣᠬᠠᠢ ᠲᠤᠨᠢ ᠳᠣᠷᠠᠳᠣᠨ ᠭᠠᠷᠭᠠᠵᠣ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠢᠴᠢ ᠳᠡᠭᠡᠳᠦ ᠱᠠᠲᠣᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠣᠭᠲᠠᠮᠠᠯ ᠬᠤᠭᠤᠴᠠᠭ᠎ᠠ ᠲᠠᠢ  ᠪᠠᠷ ᠬᠤᠷᠢᠶᠠᠩᠭᠤᠶᠢᠯᠠᠵᠣ ᠦᠪᠡᠷᠳᠡᠬᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠢᠴᠢ ᠣᠯᠣᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠬᠦᠯᠬᠦ ᠬᠡᠷᠡᠭᠲᠡᠢ᠃ ᠡᠯ᠎ᠡ ᠰᠠᠯᠠᠭ᠎ᠠ ᠮᠦᠴᠢᠷ ᠤᠳ ᠲᠣᠷᠰᠢᠯᠲᠠ ᠶᠢᠨ ᠴᠡᠭ ᠤᠨ ᠲᠤᠭ᠎ᠠ ᠪᠠᠷᠢᠮᠳᠠ᠂ ᠳᠠᠭᠯᠠᠨ ᠪᠢᠴᠢᠬᠦ ᠳᠣᠳᠣᠷᠬᠠᠶᠢᠯᠠᠯᠲᠠ ᠲᠠᠢ ᠪᠠᠨ ᠳᠡᠭᠡᠭᠰᠢ ᠮᠡᠳᠡᠬᠦᠯᠦᠭᠰᠡᠨ ᠤ ᠳᠠᠷᠠᠭ᠎ᠠ ᠲᠣᠷᠰᠢᠯᠲᠠ ᠶᠢᠨ ᠴᠡᠭ ᠤᠨ ᠠᠵᠢᠯ ᠢᠶᠠᠨ ᠪᠦᠬᠦ ᠲᠠᠯ᠎ᠠ ᠪᠠᠷ ᠳ᠋ᠦᠩᠨᠡᠵᠦ᠂ ᠣᠯᠣᠰ ᠤᠨ ᠪᠠᠶᠢᠭᠠᠯᠢ ᠶᠢᠨ ᠡᠬᠢ ᠪᠠᠶᠠᠯᠢᠭ  ᠢ ᠪᠦᠷᠢᠳᠬᠡᠵᠦ ᠬᠢᠨᠠᠨ ᠪᠠᠶᠢᠴᠠᠭᠠᠬᠤ ᠳᠦᠷᠢᠮ ᠢ ᠦᠬᠡᠷᠡᠴᠢᠯᠡᠨ ᠰᠠᠶᠢᠵᠢᠷᠠᠭᠤᠯᠵᠣ ᠳᠡᠭᠦᠯᠳᠡᠷᠵᠢᠬᠦᠯᠬᠦ᠂ ᠲᠦᠰᠦᠯ  ᠳᠡᠭᠡᠨ ᠵᠠᠰᠠᠪᠣᠷᠢ ᠣᠷᠣᠭᠤᠯᠬᠤ ᠳᠤ ᠡᠰᠢ ᠪᠠᠷᠢᠮᠳᠠ ᠬᠠᠩᠭᠠᠬᠤ ᠳᠤ ᠳᠦᠬᠦᠮ ᠪᠣᠯᠭᠠᠬᠤ ᠬᠡᠷᠡᠭᠲᠡᠢ᠃  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号