ᠡᠸ᠋ᠨᠩᠬᠢ ᠬᠤᠰᠢᠭᠤᠨ ᠤ 2018 ᠣᠨ ᠤ ᠬᠦᠳᠡᠭᠡ ᠳᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ ᠠᠵᠢᠯ ᠤᠨ ᠬᠡᠷᠡᠭᠵᠢᠬᠦᠯᠬᠦ  ᠲᠦᠰᠦᠯ  ᠢ ᠳᠠᠷᠣᠮᠠᠯᠯᠠᠨ ᠲᠠᠷᠬᠠᠭᠠᠬᠤ ᠲᠣᠬᠠᠢ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2018/5/3
                 ᠡᠸ᠋ᠨᠩᠬᠢ ᠵᠠᠰᠠᠭ ᠠᠯᠪᠠᠨ ᠦᠰᠦᠭᠲᠦ ﹇2018﹈ 23 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄    ᠡᠳᠦᠭᠡ ︽ ᠡᠸ᠋ᠨᠩᠬᠢ ᠬᠤᠰᠢᠭᠤᠨ ᠤ 2018 ᠣᠨ ᠤ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ ᠠᠵᠢᠯ ᠤᠨ ᠬᠡᠷᠡᠭᠵᠢᠬᠦᠯᠬᠦ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠬᠦᠯᠳᠦᠭᠡᠢ᠃          ᠡᠸ᠋ᠨᠩᠬᠢ   ᠬᠤᠰᠢᠭᠤᠨ   ᠤ   2018  ᠣᠨ   ᠤ  ᠬᠦᠳᠡᠭᠡ  ᠲᠣᠰᠬᠤᠨ   ᠳᠤ      ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ  ᠲᠦᠯᠦᠪᠯᠡᠨ         ᠨᠡᠶᠢᠳᠬᠡᠨ       ᠬᠡᠷᠡᠭᠯᠡᠬᠦ       ᠬᠡᠷᠡᠭᠵᠢᠬᠦᠯᠦᠯᠲᠡ       ᠶᠢᠨ      ᠲᠦᠰᠦᠯ         ︽ᠶᠠᠳᠠᠭᠤ ᠬᠦᠴᠢᠷᠳᠡᠯᠳᠡᠢ ᠰᠢᠶᠠᠨ ᠢ ᠳᠡᠮᠵᠢᠬᠦ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ ᠲᠣᠷᠰᠢᠯᠲᠠ ᠦᠷᠨᠢᠬᠦᠯᠬᠦ ᠲᠣᠬᠠᠢ ᠲᠦᠷᠦ ᠶᠢᠨ ᠶᠠᠪᠣᠳᠠᠯ ᠤᠨ ᠠᠯᠪᠠᠨ ᠲᠢᠩᠬᠢᠮ ᠤᠨ ᠰᠠᠨᠠᠯ︾ ︵ ᠲᠦᠷᠦ ᠠᠯᠪᠠᠨ ᠲᠠᠷᠬᠠᠭᠠᠭᠰᠠᠨ ﹇2016﹈ 22 ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ ᠶᠠᠳᠠᠭᠤ ᠬᠦᠴᠢᠷᠳᠡᠯᠳᠡᠢ ᠰᠢᠶᠠᠨ ᠤ ᠬᠦᠳᠡᠭᠡ ᠲᠣᠰᠬᠤᠨ  ᠳᠤ ᠬᠤᠯᠪᠣᠭᠳᠠᠬᠤ ᠪᠡᠯᠡ ᠮᠦᠩᠬᠦ ᠶᠢ ᠨᠡᠶᠢᠳᠬᠡᠬᠦ ᠲᠣᠷᠰᠢᠯᠲᠠ ᠶᠢᠨ ᠴᠡᠭ ᠤᠨ ᠠᠵᠢᠯ ᠢ ᠰᠠᠶᠢᠳᠣᠷ ᠬᠢᠬᠦ ᠲᠣᠬᠠᠢ ᠡᠳ᠋ ᠤᠨ ᠵᠠᠰᠠᠭ ᠤᠨ ᠶᠠᠮᠣᠨ᠂ ᠲᠦᠷᠦ ᠶᠢᠨ ᠶᠠᠪᠣᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠮᠡᠳᠡᠭᠳᠡᠯ︾ ︵ ᠡᠳ᠋ ᠬᠦᠳᠡᠭᠡ ᠲᠣᠰᠬᠤᠨ ﹇2017﹈ 4 ᠳ᠋ᠣᠭᠡᠷ ᠲᠣᠭᠠᠳᠣ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠬᠦᠳᠡᠭᠡ ᠲᠣᠰᠬᠤᠨ ᠳᠤ ᠬᠤᠯᠪᠣᠭᠳᠠᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠮᠦᠩᠬᠦ ᠶᠢᠨ ᠬᠠᠮᠢᠶᠠᠷᠣᠯᠲᠠ ᠶᠢ ᠠᠯᠬᠤᠮ ᠴᠢᠨᠠᠭᠰᠢᠲᠠ ᠴᠢᠩᠭᠠᠳᠬᠠᠵᠣ᠂ ᠬᠦᠳᠡᠭᠡ ᠲᠣᠰᠬᠤᠨ ᠳᠤ ᠬᠤᠯᠪᠣᠭᠳᠠᠭᠰᠠᠨ ᠪᠡᠯᠡ ᠮᠦᠩᠬᠦ ᠶᠢ ᠨᠡᠶᠢᠳᠬᠡᠨ ᠬᠡᠷᠡᠭᠯᠡᠬᠦ ᠦᠢᠯᠡ ᠠᠵᠢᠯᠯᠠᠭ᠎ᠠ ᠶᠢ ᠦᠨᠡᠨᠬᠦ ᠵᠢᠷᠣᠮᠵᠢᠭᠤᠯᠵᠣ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠬᠡᠨ ᠤ ᠦᠷ᠎ᠡ ᠠᠰᠢᠭ ᠢ ᠳᠡᠭᠡᠰᠢᠯᠡᠬᠦᠯᠵᠦ᠂ ᠮᠠᠨ  ᠤ ᠬᠤᠰᠢᠭᠤᠨ ᠤ ᠶᠠᠳᠠᠭᠤ ᠶᠢ ᠳᠡᠳᠬᠦᠬᠦ ᠪᠠᠬᠢᠯᠡᠯᠲᠡ ᠰᠢᠪᠳᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ  ᠶᠢᠨ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠦ᠂ ᠪᠦᠬᠦ ᠬᠤᠰᠢᠭᠤᠨ ᠤ ᠡᠬᠢ ᠪᠠᠶᠠᠯᠢᠭ ᠢ ᠲᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠤ ᠢᠯᠠᠯᠲᠠ  ᠶᠢ ᠲᠡᠮᠡᠴᠡᠨ ᠣᠯᠬᠤ ᠶᠢ ᠪᠠᠳᠣᠯᠠᠬᠤ ᠶᠢᠨ ᠲᠦᠯᠦᠭᠡ᠂ ᠬᠤᠰᠢᠭᠤᠨ ᠤ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠬᠡᠷᠡᠭᠵᠢᠬᠦᠯᠬᠦ ᠲᠦᠰᠦᠯ ᠢ ᠲᠣᠭᠲᠠᠭᠠᠪᠠ᠃     ᠨᠢᠬᠡ᠂ ᠶᠡᠷᠥᠩᠬᠡᠢ ᠱᠠᠭᠠᠷᠳᠠᠯᠭ᠎ᠠ    ︵ᠨᠢᠬᠡ︶ ᠵᠢᠯᠣᠭᠤᠳᠬᠤ ᠦᠵᠡᠯ ᠰᠠᠨᠠᠭ᠎ᠠ᠃ ᠲᠦᠪ᠂ ᠲᠦᠷᠦ ᠶᠢᠨ ᠶᠠᠪᠣᠳᠠᠯ ᠤᠨ ᠬᠤᠷᠢᠶ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠳᠠᠯᠠᠵᠣ᠂ ︽ᠲᠦᠪ ᠠᠴᠠ ᠨᠢᠬᠡᠳᠦᠯᠳᠡᠢ ᠲᠦᠯᠦᠪᠵᠢᠬᠦᠯᠬᠦ᠂ ᠦᠪᠡᠷᠳᠡᠬᠡᠨ ᠵᠠᠰᠠᠬᠤ ᠣᠷᠣᠨ  ᠠᠴᠠ ᠶᠡᠷᠥᠩᠬᠡᠶᠢᠯᠡᠨ ᠬᠠᠷᠢᠭᠤᠴᠠᠬᠤ᠂ ᠠᠶᠢᠮᠠᠭ ᠬᠤᠲᠠ ᠬᠤᠰᠢᠭᠤ ᠰᠢᠶᠠᠨ ᠨᠠᠶᠢᠳᠠᠪᠣᠷᠢᠵᠢᠭᠤᠯᠬᠤ ᠶᠢ ᠠᠳᠬᠤᠬᠤ︾ ᠠᠵᠢᠯ ᠤᠨ ᠲᠣᠭᠲᠠᠴᠠ ᠶᠣᠰᠣᠭᠠᠷ᠂ ᠪᠦᠬᠦ ᠬᠤᠰᠢᠭᠤᠨ ᠤ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠬᠠᠮᠢᠶᠠᠷᠬᠤ ᠪᠠ ᠬᠡᠷᠡᠭᠯᠡᠬᠦ ᠲᠣᠭᠲᠠᠴᠠ ᠶᠢ ᠨᠡᠶᠢᠳᠬᠡᠵᠦ᠂ ᠳᠡᠭᠡᠳᠦ ᠱᠠᠲᠣᠨ ᠠᠴᠠ ᠮᠠᠨ  ᠤ ᠬᠤᠰᠢᠭᠤᠨ ᠳᠤ ᠪᠠᠭᠤᠯᠭᠠᠭᠰᠠᠨ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠨᠡᠶᠢᠳᠬᠡᠨ ᠬᠡᠷᠡᠭᠯᠡᠬᠦ ᠡᠵᠡᠨ ᠮᠡᠳᠡᠬᠦ ᠡᠷᠬᠡ ᠪᠠᠨ ᠬᠦᠢᠴᠡᠳ ᠰᠠᠶᠢᠨ ᠠᠰᠢᠭᠯᠠᠵᠣ᠂ ᠡᠬᠢ ᠪᠠᠶᠠᠯᠢᠭ ᠢᠶᠠᠨ ᠲᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠤ ᠢᠯᠠᠯᠲᠠ ᠶᠢ ᠲᠡᠮᠡᠴᠡᠨ ᠣᠯᠣᠨ᠎ᠠ᠃    ︵ ᠬᠤᠶᠠᠷ︶ ᠬᠡᠷᠡᠭᠵᠢᠬᠦᠯᠬᠦ ᠬᠠᠷᠠᠯᠲᠠ᠃ ᠪᠦᠬᠦ ᠬᠤᠰᠢᠭᠤᠨ ᠤ ᠬᠦᠳᠡᠭᠡ ᠳᠣᠰᠬᠤᠨ ᠳᠤ ᠬᠤᠯᠪᠣᠭᠳᠠᠬᠤ ᠡᠳ᠋  ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠭᠯᠡᠨ ᠨᠡᠶᠢᠳᠬᠡᠬᠦ ᠪᠠᠷ ᠳᠠᠮᠵᠢᠭᠤᠯᠣᠨ᠂ ︽ᠣᠯᠠᠨ ᠠᠷᠭ᠎ᠠ ᠵᠠᠮ ᠢᠶᠠᠷ ᠪᠡᠯᠡ ᠴᠣᠭᠯᠠᠭᠤᠯᠵᠣ᠂ ᠨᠢᠬᠡᠳᠦᠯᠳᠡᠢ ᠬᠡᠷᠡᠭᠯᠡᠬᠦ︾ ᠶᠠᠳᠠᠭᠤ ᠶᠢ ᠲᠡᠳᠬᠦᠬᠦ ᠪᠡᠯᠡ ᠣᠷᠣᠭᠤᠯᠣᠯᠲᠠ ᠬᠢᠬᠦ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠲᠣᠳᠣᠭᠠᠳᠣ ᠶᠢᠨ ᠬᠦᠳᠡᠯᠭᠡᠭᠴᠢ ᠬᠦᠴᠦᠨ ᠢᠶᠠᠨ ᠣᠷᠮᠠᠰᠢᠭᠤᠯᠣᠨ᠂ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠶᠠᠳᠠᠭᠤ ᠬᠦᠴᠢᠷᠳᠡᠯᠳᠡᠢ ᠬᠡᠰᠡᠨ ᠮᠠᠯᠠᠭᠠᠢ ᠶᠢ ᠠᠪᠴᠣ ᠬᠠᠶᠠᠬᠤ ᠪᠠᠷ ᠬᠠᠷᠠᠯᠲᠠ ᠪᠣᠯᠭᠠᠵᠣ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠶᠢ ᠣᠯᠬᠤ ᠪᠠᠷ ᠣᠳᠣᠷᠢᠳᠣᠮᠵᠢ ᠪᠣᠯᠭᠠᠨ᠂ ᠶᠠᠳᠠᠭᠤ ᠶᠢ ᠲᠡᠳᠬᠦᠬᠦ ᠲᠦᠯᠦᠪᠵᠢᠬᠦᠯᠭᠡ ᠪᠠᠷ ᠵᠢᠯᠣᠭᠤᠳᠣᠭᠤᠯᠵᠣ᠂ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠲᠦᠷᠦᠯ ᠵᠦᠢᠯ ᠢᠶᠠᠷ ᠲᠠᠪᠴᠠᠩ ᠪᠣᠯᠭᠠᠨ᠂ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠵᠦ᠂ ᠮᠦᠩᠬᠦᠨ ᠬᠦᠢᠯᠬᠡᠬᠡᠨ ᠤ ᠪᠡᠯᠡ ᠬᠦᠷᠦᠩᠭᠡ ᠪᠠ ᠨᠡᠶᠢᠬᠡᠮ ᠤᠨ ᠪᠡᠯᠡ ᠮᠦᠩᠬᠦ ᠶᠢ ᠳᠠᠶᠢᠴᠢᠯᠠᠨ ᠶᠠᠳᠠᠭᠤ ᠶᠢ ᠲᠡᠳᠬᠦᠬᠦ ᠨᠡᠬᠡᠬᠡᠯᠳᠡ ᠳᠤ ᠣᠷᠣᠭᠤᠯᠵᠣ᠂ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠬᠡᠷᠡᠭᠯᠡᠬᠦ ᠣᠨᠣᠪᠴᠢ  ᠶᠢᠨ ᠬᠡᠮᠵᠢᠶ᠎ᠡ ᠪᠠ ᠦᠷ᠎ᠡ ᠠᠰᠢᠭ ᠢ ᠳᠡᠭᠡᠭᠰᠢᠯᠡᠬᠦᠯᠵᠦ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠡᠬᠦᠷᠭᠡ ᠶᠢ ᠲᠣᠭᠲᠠᠭᠰᠠᠨ ᠴᠠᠭ ᠲᠠᠭᠠᠨ ᠪᠡᠶᠡᠯᠡᠬᠦᠯᠬᠦ ᠶᠢ ᠪᠠᠳᠣᠯᠠᠨ᠎ᠠ᠃     ︵ ᠭᠤᠷᠪᠠ︶ ᠦᠨᠳᠦᠰᠦᠨ ᠵᠠᠷᠴᠢᠮ     — ᠡᠳ᠋ ᠤᠨ ᠬᠦᠴᠦᠨ ᠢᠶᠠᠨ ᠲᠦᠪᠯᠡᠷᠡᠬᠦᠯᠦᠨ ᠲᠣᠮᠣ ᠬᠡᠷᠡᠭ ᠶᠠᠪᠣᠳᠠᠯ ᠬᠢᠬᠦ ᠵᠠᠷᠴᠢᠮ ᠢ ᠪᠠᠷᠢᠮᠲᠠᠯᠠᠨ᠎ᠠ᠃ ᠠᠵᠢᠯ ᠲᠦᠷᠦᠯ ᠤᠨ ᠵᠠᠭᠠᠭ ᠢᠯᠭᠠᠭ᠎ᠠ᠂ ᠰᠠᠯᠠᠭ᠎ᠠ ᠮᠦᠴᠢᠷ ᠤᠳ ᠢ ᠢᠯᠭᠠᠨ ᠰᠠᠯᠭᠠᠬᠤ ᠵᠣᠷᠰᠢᠯ ᠢ ᠡᠪᠳᠡᠵᠦ᠂ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠡᠯ᠎ᠡ ᠲᠦᠷᠦᠯ ᠤᠨ ᠪᠡᠯᠡ ᠮᠦᠩᠬᠦ ᠶᠢ ᠨᠡᠶᠢᠳᠬᠡᠨ ᠰᠢᠯᠢᠳᠡᠭᠵᠢᠬᠦᠯᠵᠦ᠂ ᠪᠡᠯᠡ ᠮᠦᠩᠬᠦ ᠶᠢ ᠲᠦᠪᠯᠡᠷᠡᠬᠦᠯᠦᠨ ᠬᠡᠷᠡᠭᠯᠡᠬᠦ ᠬᠡᠪᠴᠢᠶᠡᠲᠦ ᠦᠢᠯᠡᠳᠦᠯ ᠢ ᠪᠠᠳᠠᠷᠠᠭᠤᠯᠣᠨ᠎ᠠ᠃    — ᠲᠦᠯᠦᠪᠵᠢᠬᠦᠯᠭᠡ ᠪᠠᠷ ᠬᠦᠲᠦᠯᠦᠨ ᠵᠢᠯᠣᠭᠤᠳᠵᠣ᠂ ᠲᠦᠷᠦᠯ ᠵᠦᠢᠯ ᠳᠤ ᠲᠠᠪᠴᠠᠩ ᠪᠠᠶᠢᠭᠤᠯᠵᠣ ᠦᠭᠬᠦ ᠵᠠᠷᠴᠢᠮ ᠢ ᠪᠠᠷᠢᠮᠳᠠᠯᠠᠨ᠎ᠠ᠃ ᠬᠤᠰᠢᠭᠤᠨ ᠤ ᠬᠦᠳᠡᠭᠡ ᠳᠣᠰᠬᠤᠨ ᠳᠤ ᠬᠤᠯᠪᠣᠭᠳᠠᠬᠤ ᠪᠡᠯᠡ ᠮᠦᠩᠬᠦ ᠶᠢ ᠨᠡᠶᠢᠳᠬᠡᠨ ᠬᠡᠷᠡᠭᠯᠡᠬᠦ ᠶᠢ ᠬᠠᠮᠢᠶᠠᠷᠬᠤ ᠣᠳᠣᠷᠢᠳᠬᠤ ᠳᠣᠭᠤᠶᠢᠯᠠᠩ ᠠᠴᠠ ᠲᠦᠯᠦᠪᠵᠢᠬᠦᠯᠭᠡ ᠪᠠ ᠣᠨ ᠤ ᠬᠡᠷᠡᠭᠵᠢᠬᠦᠯᠬᠦ ᠲᠦᠰᠦᠯ  ᠢ ᠨᠢᠭᠡᠳᠦᠯᠳᠡᠢ ᠲᠣᠭᠲᠠᠭᠠᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠯᠦᠪᠵᠢᠬᠦᠯᠭᠡ ᠪᠠ ᠠᠵᠢᠯ ᠲᠦᠷᠦᠯ ᠤᠨ  ᠢᠶᠠᠨ ᠱᠠᠭᠠᠷᠳᠠᠯᠭ᠎ᠠ ᠶᠣᠰᠣᠭᠠᠷ ᠲᠦᠷᠦᠯ ᠵᠦᠢᠯ ᠢ ᠭᠤᠶᠣᠴᠢᠯᠠᠵᠣ᠂ ᠡᠯ᠎ᠡ ᠲᠦᠷᠦᠯ   ᠤᠨ ᠪᠡᠯᠡ ᠮᠦᠩᠬᠦ ᠨᠢ ᠣᠷᠣᠨ ᠪᠠᠶᠢᠷᠢᠨ ᠳᠠᠭᠠᠨ ᠬᠦᠷᠦᠭᠰᠡᠨ ᠤ ᠳᠠᠷᠠᠭ᠎ᠠ᠂ ᠨᠢᠭᠡᠳᠦᠯᠳᠡᠢ ᠲᠣᠬᠢᠷᠠᠭᠤᠯᠵᠣ᠂ ᠨᠡᠶᠢᠳᠬᠡᠨ ᠬᠡᠷᠡᠭᠯᠡᠨ᠎ᠡ᠃     — ᠠᠷᠭ᠎ᠠ ᠵᠠᠮ ᠢ ᠬᠤᠪᠢᠷᠠᠭᠤᠯᠬᠤ ᠦᠭᠡᠢ ᠪᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠵᠠᠷᠴᠢᠮ ᠢ ᠪᠠᠷᠢᠮᠲᠠᠯᠠᠨ᠎ᠠ᠃ ᠡᠯ᠎ᠡ ᠲᠦᠷᠦᠯ ᠤᠨ ᠲᠦᠷᠦᠯ ᠵᠦᠢᠯ ᠤᠨ ᠬᠡᠷᠡᠭᠯᠡᠬᠦ ᠬᠡᠪᠴᠢᠶ᠎ᠡ ᠪᠠ ᠪᠡᠯᠡ ᠣᠷᠣᠭᠤᠯᠬᠤ ᠴᠢᠭᠯᠡᠯ ᠢ ᠬᠤᠪᠢᠷᠠᠭᠤᠯᠬᠤ ᠦᠭᠡᠢ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠣᠨ ᠤ ᠪᠦᠳᠦᠬᠡᠨ ᠪᠠᠶᠢᠭᠤᠯᠬᠤ ᠡᠬᠦᠷᠭᠡ ᠶᠢ ᠳᠣᠳᠣᠷᠬᠠᠶᠢᠯᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠤᠳ ᠠᠵᠢᠯ ᠲᠦᠷᠦᠯ ᠤᠨ ᠢᠶᠠᠨ ᠲᠦᠷᠦᠯ ᠵᠦᠢᠯ ᠤᠨ ᠪᠡᠯᠡ ᠮᠦᠩᠬᠦ ᠶᠢ ᠬᠠᠮᠢᠶᠠᠷᠬᠤ ᠠᠷᠭ᠎ᠠ ᠪᠠ ᠪᠡᠯᠡ ᠮᠦᠩᠬᠦ ᠶᠢ  ᠬᠠᠮᠢᠶᠠᠷᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ ᠢ ᠴᠢᠩᠭ᠎ᠠ ᠬᠡᠷᠡᠭᠵᠢᠬᠦᠯᠬᠦ ᠬᠡᠷᠡᠭᠲᠡᠢ᠃     — ᠡᠬᠢ ᠪᠠᠶᠠᠯᠢᠭ ᠢ ᠨᠡᠶᠢᠳᠬᠡᠵᠦ᠂ ᠬᠠᠮᠳᠣᠷᠠᠯ ᠤᠨ ᠬᠦᠴᠦᠨ ᠢ ᠪᠦᠷᠢᠯᠳᠦᠬᠦᠯᠬᠦ ᠵᠠᠷᠴᠢᠮ ᠢ ᠪᠠᠷᠢᠮᠲᠠᠯᠠᠨ᠎ᠠ᠃ ᠦᠪᠡᠷᠳᠡᠬᠡᠨ ᠵᠠᠰᠠᠬᠤ ᠣᠷᠣᠨ ᠠᠴᠠ ᠲᠦᠷᠦᠯ ᠵᠦᠢᠯ ᠢ ᠳᠡᠮᠵᠢᠬᠦ᠂ ᠬᠤᠰᠢᠭᠤ ᠱᠠᠲᠣᠨ ᠤ ᠡᠳ᠋ ᠤᠨ ᠬᠦᠴᠦ᠂ ᠠᠷᠠᠳ ᠣᠯᠠᠨ ᠤ ᠬᠦᠳᠡᠯᠮᠦᠷᠢ ᠬᠦᠴᠦ ᠬᠠᠩᠭᠠᠬᠤ ᠵᠡᠷᠭᠡ ᠤᠳ ᠢ ᠨᠢᠬᠳᠠ ᠣᠶᠠᠯᠳᠣᠭᠤᠯᠵᠣ᠂ ᠨᠡᠶᠢᠬᠡᠮ ᠤᠨ ᠡᠯ᠎ᠡ ᠡᠳᠡᠭᠡᠳ ᠤᠨ ᠬᠢᠨ ᠢ ᠳᠠᠶᠢᠴᠢᠯᠠᠨ ᠦᠷᠭᠡᠨ ᠢᠶᠠᠷ ᠣᠷᠣᠯᠴᠠᠭᠤᠯᠵᠣ᠂ ᠰᠣᠮᠣ ᠰᠢᠶᠠᠩ ᠪᠠᠯᠭᠠᠰᠣ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠣ᠂ ᠣᠯᠠᠨ ᠡᠰᠢᠵᠢᠭᠰᠡᠨ ᠪᠡᠯᠡ ᠣᠷᠣᠭᠤᠯᠬᠤ ᠲᠣᠭᠲᠠᠴᠠ ᠶᠢ ᠪᠠᠶᠢᠭᠤᠯᠵᠣ᠂ ᠪᠦᠬᠦ ᠬᠤᠰᠢᠭᠤᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ  ᠤᠨ ᠯᠠᠪᠳᠠᠭᠤᠨ ᠢᠶᠠᠷ ᠬᠦᠭᠵᠢᠬᠦ ᠶᠢ ᠠᠬᠢᠭᠤᠯᠣᠨ᠎ᠠ᠃      ᠬᠤᠶᠠᠷ᠂ ᠬᠦᠳᠡᠭᠡ ᠲᠣᠰᠬᠤᠨ ᠳᠤ ᠬᠤᠯᠪᠣᠭᠳᠠᠬᠤ ᠪᠡᠯᠡ ᠮᠦᠩᠬᠦ ᠶᠢᠨ ᠲᠦᠷᠦᠯ ᠵᠦᠢᠯ ᠤᠨ ᠲᠣᠶᠢᠮᠣ ᠪᠠᠶᠢᠳᠠᠯ      ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠪᠠᠷ ᠭᠤᠣᠯᠯᠠᠭᠤᠯᠵᠣ᠂ ᠪᠡᠯᠡ ᠮᠦᠩᠬᠦ ᠶᠢ ᠨᠡᠶᠢᠳᠬᠡᠬᠦ ᠠᠷᠭ᠎ᠠ ᠬᠡᠯᠪᠡᠷᠢ ᠪᠠᠷ ᠳᠠᠮᠵᠢᠭᠤᠯᠣᠨ ᠣᠨᠣᠪᠴᠢᠲᠠᠢ ᠪᠠᠷ ᠠᠷᠭ᠎ᠠ ᠪᠣᠳᠣᠯᠭ᠎ᠠ ᠶᠢ ᠬᠡᠷᠡᠭᠯᠡᠵᠦ᠂ ᠶᠠᠳᠠᠭᠤ ᠬᠦᠴᠢᠷᠳᠡᠯᠳᠡᠢ ᠡᠷᠦᠬᠡ  ᠳᠤ ᠠᠵᠣ ᠦᠢᠯᠡᠰ ᠢᠶᠠᠨ ᠬᠦᠭᠵᠢᠬᠦᠯᠬᠦ ᠲᠠᠪᠴᠠᠩ ᠪᠠᠶᠢᠭᠤᠯᠣᠨ ᠦᠭᠴᠦ᠂ ᠶᠠᠳᠠᠭᠤ ᠬᠦᠴᠢᠷᠳᠡᠯᠳᠡᠢ ᠬᠦᠮᠦᠨ ᠠᠮᠠ  ᠶᠢ ᠪᠡᠯᠡ ᠮᠦᠩᠬᠦ ᠨᠡᠶᠢᠳᠬᠡᠵᠦ ᠲᠣᠰᠠᠯᠠᠨ ᠳᠡᠮᠵᠢᠬᠦ ᠬᠡᠪᠴᠢᠶᠡᠨ ᠳᠤ ᠣᠷᠣᠭᠤᠯᠵᠣ᠂ ᠶᠠᠳᠠᠭᠤ ᠬᠦᠴᠢᠷᠳᠡᠯᠳᠡᠢ ᠭᠠᠵᠠᠷ ᠣᠷᠣᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠣᠨ ᠪᠠᠶᠠᠵᠢᠭᠤᠯᠬᠤ ᠬᠠᠷᠠᠯᠲᠠ ᠳᠤ ᠬᠦᠷᠦᠬᠦᠯᠦᠨ᠎ᠡ᠃     ︵ ᠨᠢᠬᠡ︶ ᠪᠡᠯᠡ ᠮᠦᠩᠬᠦ ᠶᠢ ᠨᠡᠶᠢᠳᠬᠡᠬᠦ ᠬᠡᠪᠴᠢᠶ᠎ᠡ    2018 ᠣᠨ ᠳᠤ᠂ ᠮᠠᠨ ᠤ ᠬᠤᠰᠢᠭᠤᠨ ᠤ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠡᠶᠢᠳᠬᠡᠨ ᠬᠡᠷᠡᠭᠯᠡᠬᠦ ᠬᠦᠷᠢᠶ᠎ᠡ ᠬᠡᠪᠴᠢᠶ᠎ᠡ ᠳᠤ ᠦᠪᠡᠷᠳᠡᠬᠡᠨ ᠵᠠᠰᠠᠬᠤ ᠣᠷᠣᠨ᠂ ᠬᠤᠲᠠ᠂ ᠬᠤᠰᠢᠭᠤᠨ ᠤ ᠱᠠᠲᠣᠨ ᠤ ᠡᠳ᠋ ᠤᠨ ᠵᠠᠰᠠᠭ ᠠᠴᠠ ᠮᠠᠯ ᠠᠵᠣ ᠠᠬᠤᠢ ᠶᠢᠨ ᠦᠢᠯᠡᠳᠪᠦᠷᠢᠯᠡᠯ ᠢ ᠬᠦᠭᠵᠢᠬᠦᠯᠬᠦ ᠪᠠ ᠮᠠᠯᠵᠢᠬᠤ ᠣᠷᠣᠨ ᠤ ᠰᠠᠭᠤᠷᠢ ᠲᠦᠭᠦᠭᠡᠷᠦᠮᠵᠢ ᠶᠢᠨ ᠪᠦᠲᠦᠬᠡᠨ ᠪᠠᠶᠢᠭᠤᠯᠣᠯᠲᠠ ᠵᠡᠷᠭᠡ ᠳᠤ ᠨᠡᠶᠢᠲᠡ 3011.6 ᠲᠦᠮᠡᠨ ᠲᠦᠭᠦᠷᠢᠭ ᠪᠡᠯᠡ ᠮᠦᠩᠬᠦ ᠲᠣᠬᠢᠷᠠᠭᠤᠯᠣᠨ ᠬᠡᠷᠡᠭᠯᠡᠨ᠎ᠡ᠃ ᠡᠬᠦᠨ ᠳᠤ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠢ ᠶᠡᠷᠥᠩᠬᠡᠶᠢᠯᠡᠨ ᠨᠡᠬᠡᠬᠡᠨ ᠠᠰᠢᠭᠯᠠᠬᠤ ᠪᠡᠯᠡ ᠮᠦᠩᠬᠦ 197 ᠲᠦᠮᠡᠨ ᠲᠦᠭᠦᠷᠢᠭ ︵ ᠡᠬᠦᠨ ᠳᠤ᠄ ᠦᠪᠡᠷᠳᠡᠬᠡᠨ ᠵᠠᠰᠠᠬᠤ ᠣᠷᠣᠨ ᠤ ᠱᠠᠳᠣᠨ ᠤ ᠪᠡᠯᠡ ᠮᠦᠩᠬᠦ 175 ᠲᠦᠮᠡᠨ ᠲᠦᠭᠦᠷᠢᠭ᠂ ᠬᠤᠲᠠ  ᠶᠢᠨ ᠱᠠᠳᠣᠨ ᠤ ᠲᠠᠷᠢᠶᠠᠯᠠᠩ ᠢ ᠶᠡᠷᠥᠩᠬᠡᠶᠢᠯᠡᠨ ᠨᠡᠬᠡᠬᠡᠨ ᠠᠰᠢᠭᠯᠠᠬᠤ ᠪᠡᠯᠡ ᠮᠦᠩᠬᠦ 22 ᠲᠦᠮᠡᠨ ᠲᠦᠭᠦᠷᠢᠭ︶᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠤᠲᠠ ᠶᠢᠨ ᠱᠠᠳᠣᠨ ᠤ ᠶᠠᠳᠠᠭᠤ ᠶᠢ ᠲᠡᠳᠬᠦᠬᠦ ᠪᠡᠯᠡ ᠮᠦᠩᠬᠦ 788 ᠲᠦᠮᠡᠨ ᠲᠦᠭᠦᠷᠢᠭ᠂ ᠬᠤᠰᠢᠭᠤᠨ ᠤ ᠣᠰᠣᠨ ᠤ ᠶᠠᠪᠣᠳᠠᠯ ᠤᠨ ᠲᠣᠪᠴᠢᠶ᠎ᠠ ᠶᠢᠨ ᠲᠣᠰ ᠱᠠᠳᠣᠨ ᠤ ᠬᠦᠳᠡᠭᠡ ᠳᠣᠰᠬᠤᠨ ᠤ ᠣᠰᠣ ᠣᠮᠳᠠ ᠶᠢᠨ ᠠᠮᠣᠷ ᠲᠦᠪᠰᠢᠨ ᠢ ᠪᠠᠳᠣᠳᠬᠠᠵᠣ ᠳᠡᠰ ᠳᠡᠪᠰᠢᠬᠦᠯᠬᠦ ᠢᠨᠵᠧᠨᠧᠷᠢᠩ  ᠤᠨ ᠪᠡᠯᠡ ᠮᠦᠩᠬᠦ 190 ᠲᠦᠮᠡᠨ ᠲᠦᠭᠦᠷᠢᠭ ᠲᠦᠬᠦᠷᠵᠢᠬᠦᠯᠵᠦ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠣᠰ ᠱᠠᠳᠣᠨ ᠤ ᠶᠠᠳᠠᠭᠤ ᠶᠢ ᠲᠡᠳᠬᠦᠵᠦ ᠬᠦᠭᠵᠢᠬᠦᠯᠬᠦ ᠲᠦᠷᠦᠯ ᠵᠦᠢᠯ ᠤᠨ ᠪᠡᠯᠡ ᠮᠦᠩᠬᠦ ᠶᠢ 65.2 ᠲᠦᠮᠡᠨ ᠲᠦᠭᠦᠷᠢᠭ ᠲᠦᠬᠦᠷᠵᠢᠬᠦᠯᠵᠦ᠂ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠲᠣᠰ ᠱᠠᠳᠣᠨ ᠤ ᠣᠷᠣᠨ ᠰᠠᠭᠤᠴᠠ ᠦᠭᠡᠢ ᠡᠷᠦᠬᠡ ᠳᠤ ᠰᠢᠨ᠎ᠡ ᠪᠠᠷ ᠣᠷᠣᠨ ᠰᠠᠭᠤᠴᠠ ᠪᠠᠶᠢᠭᠤᠯᠵᠣ ᠦᠭᠬᠦ ᠵᠢᠴᠢ ᠠᠶᠣᠯᠲᠠᠢ ᠭᠡᠷ ᠪᠠᠶᠢᠰᠢᠩ ᠢ ᠨᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠳᠤ 1771.4 ᠲᠦᠮᠡᠨ ᠲᠦᠭᠦᠷᠢᠭ ᠪᠡᠯᠡ ᠮᠦᠩᠬᠦ ᠲᠦᠭᠦᠷᠵᠢᠬᠦᠯᠦᠨ᠎ᠡ᠃      ︵ ᠬᠤᠶᠠᠷ︶ ᠪᠡᠯᠡ ᠮᠦᠩᠬᠦ ᠶᠢ ᠨᠡᠶᠢᠳᠬᠡᠬᠦ ᠡᠬᠦᠷᠭᠡ     1. ᠰᠠᠭᠤᠷᠢ ᠲᠦᠭᠦᠭᠡᠷᠦᠮᠵᠢ ᠪᠠ ᠪᠡᠯᠡᠳᠬᠡᠮᠵᠢ ᠶᠢᠨ ᠠᠰᠠᠭᠤᠳᠠᠯ ᠢ ᠰᠢᠢᠳᠪᠦᠷᠢᠯᠡᠨ᠎ᠡ᠃     ᠲᠠᠷᠢᠶᠠᠯᠠᠩ ᠢ ᠶᠡᠷᠥᠩᠬᠡᠶᠢᠯᠡᠨ ᠨᠡᠬᠡᠬᠡᠨ ᠠᠰᠢᠭᠯᠠᠬᠤ ᠨᠦᠬᠦᠪᠦᠷᠢ ᠶᠢᠨ ᠪᠡᠯᠡ ᠮᠦᠩᠬᠦ᠃ ᠪᠠᠷᠢᠮᠵᠢᠶᠠᠵᠢᠭᠰᠠᠨ ᠫᠧᠩ ᠰᠠᠷᠠᠪᠴᠢ ᠪᠠᠷᠢᠭᠤᠯᠬᠤ ᠳᠤ 197 ᠲᠦᠮᠡᠨ ᠲᠦᠭᠦᠷᠢᠭ ᠪᠡᠯᠡ ᠣᠷᠣᠭᠤᠯᠣᠨ᠎ᠠ᠂ ᠡᠬᠦᠨ ᠳᠤ ᠦᠪᠡᠷᠳᠡᠬᠡᠨ ᠵᠠᠰᠠᠬᠤ ᠣᠷᠣᠨ ᠤ ᠱᠠᠳᠣᠨ ᠤ 175 ᠲᠦᠮᠡᠨ ᠲᠦᠭᠦᠷᠢᠭ᠂ ᠬᠤᠲᠠ ᠶᠢᠨ ᠱᠠᠳᠣᠨ ᠤ 22 ᠲᠦᠮᠡᠨ ᠲᠦᠭᠦᠷᠢᠭ ᠪᠣᠯᠣᠨ᠎ᠠ᠂ ᠫᠧᠩ ᠰᠠᠷᠠᠪᠴᠢ ᠨᠢᠬᠡᠪᠦᠷᠢ ᠶᠢᠨ ᠦᠨ᠎ᠡ ᠨᠢ 7.5 ᠲᠦᠮᠡᠨ ᠲᠦᠭᠦᠷᠢᠭ᠂ 28 ᠶᠠᠳᠠᠭᠤ ᠬᠦᠴᠢᠷᠳᠡᠯᠳᠡᠢ ᠮᠠᠯᠴᠢᠨ ᠡᠷᠦᠬᠡ ᠶᠢ ᠲᠡᠳᠬᠦᠨ ᠳᠡᠮᠵᠢᠬᠦ ᠪᠠᠷ ᠲᠦᠯᠦᠪᠯᠡᠵᠦ ᠪᠠᠶᠢᠨ᠎ᠠ᠃     ᠬᠦᠳᠡᠭᠡ ᠲᠣᠰᠬᠤᠨ ᠤ ᠣᠰᠣ ᠣᠮᠳᠠ ᠶᠢᠨ ᠠᠮᠣᠷ ᠲᠦᠪᠰᠢᠨ ᠢ ᠪᠠᠳᠣᠳᠬᠠᠬᠤ ᠳᠡᠰ ᠳᠡᠪᠰᠢᠬᠦᠯᠬᠦ ᠢᠨᠵᠧᠨᠧᠷᠢᠩ᠃ ᠬᠤᠰᠢᠭᠤ ᠲᠣᠰ ᠱᠠᠳᠣᠨ ᠠᠴᠠ 190 ᠲᠦᠮᠡᠨ ᠲᠦᠭᠦᠷᠢᠭ ᠪᠡᠯᠡ ᠮᠦᠩᠬᠦ ᠣᠷᠣᠭᠤᠯᠵᠣ᠂ 234 ᠣᠰᠣ ᠬᠠᠩᠭᠠᠬᠤ ᠦᠨᠳᠦᠰᠦᠨ ᠬᠤᠳᠳᠤᠭ ᠴᠣᠬᠢᠨ᠎ᠠ᠂ 7 ᠰᠣᠮᠣ ᠰᠢᠶᠠᠩ ᠪᠠᠯᠭᠠᠰᠣ 27 ᠭᠠᠴᠠᠭ᠎ᠠ ᠲᠣᠰᠬᠤᠨ ᠤ ᠣᠰᠣ ᠣᠮᠳᠠ ᠶᠢᠨ ᠲᠠᠯ᠎ᠠ ᠪᠠᠷ ᠬᠦᠴᠢᠷᠳᠡᠯᠳᠡᠢ ᠶᠠᠳᠠᠭᠤ ᠡᠷᠦᠬᠡ ᠶᠢ ᠲᠡᠳᠬᠦᠨ ᠳᠡᠮᠵᠢᠨ᠎ᠡ᠃     ᠣᠷᠣᠨ ᠰᠠᠭᠤᠴᠠ ᠦᠭᠡᠢ ᠡᠷᠦᠬᠡ ᠳᠤ ᠣᠷᠣᠨ ᠰᠠᠭᠤᠴᠠ ᠪᠠᠶᠢᠭᠤᠯᠵᠣ ᠦᠭᠬᠦ ᠵᠢᠴᠢ ᠨᠣᠷᠠᠬᠤ ᠠᠶᠣᠯᠲᠠᠢ ᠣᠷᠣᠨ ᠰᠠᠭᠤᠴᠠ ᠶᠢ ᠦᠬᠡᠷᠡᠴᠢᠯᠡᠨ ᠰᠢᠨᠡᠳᠬᠡᠬᠦ ᠢᠨᠵᠧᠨᠧᠷᠢᠩ᠃ ᠬᠤᠰᠢᠭᠤ ᠲᠣᠰ ᠱᠠᠳᠣᠨ ᠠᠴᠠ 1771.4 ᠲᠦᠮᠡᠨ ᠲᠦᠭᠦᠷᠢᠭ ᠪᠡᠯᠡ ᠣᠷᠣᠭᠤᠯᠵᠣ᠂ ᠣᠷᠣᠨ ᠰᠠᠭᠤᠴᠠ ᠦᠭᠡᠢ 114 ᠡᠷᠦᠬᠡ᠂ C ᠳᠡᠰ ᠤᠨ ᠨᠣᠷᠠᠬᠤ ᠠᠶᠣᠯᠲᠠᠢ ᠣᠷᠣᠨ ᠰᠠᠭᠤᠴᠠ ᠲᠠᠢ 100 ᠡᠷᠦᠬᠡ᠂ D ᠳᠡᠰ ᠤᠨ ᠨᠣᠷᠠᠬᠤ ᠠᠶᠣᠯᠲᠠᠢ ᠣᠷᠣᠨ ᠲᠠᠢ 14 ᠡᠷᠦᠬᠡ  ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃     2. ᠣᠨᠢᠨ ᠳᠡᠭᠡᠷ᠎ᠡ ᠨᠢ ᠶᠠᠳᠠᠭᠤ ᠶᠢ ᠲᠡᠳᠬᠦᠵᠦ᠂ ᠠᠵᠣ ᠦᠢᠯᠡᠰ ᠢ ᠨᠢ ᠬᠦᠭᠵᠢᠬᠦᠯᠬᠦ ᠠᠰᠠᠭᠤᠳᠠᠯ ᠢ ᠰᠢᠢᠳᠪᠦᠷᠢᠯᠡᠨ᠎ᠡ᠃     ︽ ᠬᠤᠷᠰᠢᠶᠠᠵᠢᠯ/ᠮᠠᠯ ᠣᠨᠤᠭ᠎ᠠ ᠠᠷᠠᠴᠢᠯᠠᠨ ᠲᠡᠵᠢᠬᠡᠬᠦ ᠲᠣᠰᠬᠠᠢ ᠡᠷᠦᠬᠡ + ᠶᠠᠳᠠᠭᠤ ᠬᠦᠴᠢᠷᠳᠡᠯᠳᠡᠢ ᠡᠷᠦᠬᠡ︾ ᠶᠢᠨ ᠬᠦᠭᠵᠢᠬᠦᠯᠬᠦ ᠠᠷᠭ᠎ᠠ ᠬᠡᠯᠪᠡᠷᠢ ᠶᠢ ᠠᠰᠢᠭᠯᠠᠨ᠂ ᠶᠠᠳᠠᠭᠤ ᠬᠦᠴᠢᠷᠳᠡᠯᠳᠡᠢ ᠡᠷᠦᠬᠡ ᠨᠢ ᠬᠤᠪᠢ ᠣᠷᠣᠭᠰᠠᠨ ᠬᠠᠷᠢᠴᠠᠯ ᠢᠶᠠᠷ ᠢᠶᠠᠨ ᠠᠰᠢᠭ ᠣᠷᠣᠯᠭ᠎ᠠ ᠬᠤᠪᠢᠶᠠᠷᠢᠯᠠᠨ᠎ᠠ᠃ ᠢᠳᠡᠬᠡᠨ ᠤ ᠮᠦᠬᠦ᠂ ᠬᠦᠬᠡ ᠵᠢᠮᠢᠰᠬᠡᠨ᠎ᠡ᠂ ᠭᠡᠷ ᠤᠨ ᠵᠢᠬᠦᠷᠳᠡᠨ ᠤ ᠲᠦᠷᠦᠯ᠂ ᠮᠣᠩᠭᠤᠯ ᠬᠢᠳᠠᠳ ᠡᠮ ᠤᠨ ᠮᠠᠲ᠋ᠧᠷᠢᠶᠠᠯ᠂ ᠭᠠᠷ ᠣᠷᠠᠯᠠᠯ᠂ ᠰᠡᠯᠡᠬᠦᠴᠡᠯ ᠤᠨ ᠵᠣᠭᠠᠴᠠᠯ ᠤᠨ ᠦᠢᠯᠡᠰ ᠡᠷᠬᠢᠯᠡᠬᠦ᠂ ᠣᠢ ᠮᠣᠳᠣ ᠴᠢᠬᠢ ᠮᠣᠳᠣ ᠪᠣᠶᠢᠵᠢᠭᠤᠯᠬᠤ ᠵᠡᠷᠭᠡ ᠣᠨᠴᠠᠯᠢᠭᠲᠣ ᠠᠵᠣ ᠦᠢᠯᠡᠰ  ᠢ ᠬᠦᠭᠵᠢᠬᠦᠯᠦᠨ᠎ᠡ᠃     ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ︽ ᠱᠠᠩᠨᠠᠯ ᠤᠨ ᠮᠦᠩᠬᠦ ᠪᠠᠷ ᠨᠦᠬᠦᠪᠦᠷᠢ ᠶᠢᠨ ᠪᠡᠯᠡ ᠮᠦᠩᠬᠦ ᠶᠢ ᠣᠷᠣᠯᠠᠭᠤᠯᠬᠤ︾ ᠱᠠᠩᠨᠠᠯ ᠤᠨ ᠪᠡᠯᠡ ᠮᠦᠩᠬᠦ᠃ ᠬᠤᠲᠠ ᠶᠢᠨ ᠱᠠᠳᠣᠨ ᠤ ᠶᠠᠳᠠᠭᠤ ᠶᠢ ᠲᠡᠳᠬᠦᠬᠦ ᠪᠡᠯᠡ ᠮᠦᠩᠬᠦ ᠶᠢ 498 ᠲᠦᠮᠡᠨ ᠲᠦᠭᠦᠷᠢᠭ ᠣᠷᠣᠭᠤᠯᠵᠣ᠂ 44 ᠭᠠᠴᠠᠭ᠎ᠠ ᠶᠢᠨ ᠬᠠᠮᠳᠣ  ᠶᠢᠨ ᠠᠵᠣ ᠠᠬᠤᠢ ᠶᠢ ᠳᠡᠮᠵᠢᠬᠦ ᠪᠠᠷ ᠲᠦᠯᠦᠪᠯᠡᠵᠦ ᠪᠠᠶᠢᠨ᠎ᠠ᠃     ᠠᠵᠣ ᠦᠢᠯᠡᠰ ᠢ ᠬᠦᠭᠵᠢᠬᠦᠯᠬᠦ ᠵᠢᠴᠢ ᠭᠠᠴᠠᠭ᠎ᠠ ᠶᠢᠨ ᠬᠠᠮᠳᠣ ᠶᠢᠨ ᠠᠵᠣ ᠠᠬᠤᠢ ᠶᠢ ᠪᠣᠵᠠᠭᠠᠶᠢᠷᠠᠭᠤᠯᠬᠤ ᠲᠦᠷᠦᠯ ᠵᠦᠢᠯ ᠤᠨ ᠪᠡᠯᠡ ᠮᠦᠩᠬᠦ᠃ ᠬᠤᠲᠠ ᠶᠢᠨ ᠱᠠᠳᠣᠨ ᠤ ᠶᠠᠳᠠᠭᠤ ᠶᠢ ᠲᠡᠳᠬᠦᠬᠦ ᠪᠡᠯᠡ ᠮᠦᠩᠬᠦ ᠶᠢ 290 ᠲᠦᠮᠡᠨ ᠲᠦᠭᠦᠷᠢᠭ ᠣᠷᠣᠭᠤᠯᠵᠣ᠂ 44 ᠭᠠᠴᠠᠭ᠎ᠠ ᠶᠢᠨ ᠬᠠᠮᠳᠣ ᠶᠢᠨ ᠠᠵᠣ ᠠᠬᠤᠢ ᠶᠢ ᠳᠡᠮᠵᠢᠬᠦ ᠪᠠᠷ ᠲᠦᠯᠦᠪᠯᠡᠵᠦ ᠪᠠᠶᠢᠨ᠎ᠠ᠃     ᠬᠤᠰᠢᠭᠤᠨ ᠤ ᠲᠣᠰ ᠱᠠᠳᠣᠨ ᠤ ᠶᠠᠳᠠᠭᠤ ᠶᠢ ᠲᠡᠳᠬᠦᠵᠦ ᠬᠦᠭᠵᠢᠬᠦᠯᠬᠦ ᠪᠡᠯᠡ ᠮᠦᠩᠬᠦ ᠶᠢ ᠲᠦᠭᠦᠷᠵᠢᠬᠦᠯᠬᠦ᠃ 65.2 ᠲᠦᠮᠡᠨ ᠲᠦᠭᠦᠷᠢᠭ ᠪᠡᠯᠡ ᠣᠷᠣᠭᠤᠯᠵᠣ᠂ 44 ᠭᠠᠴᠠᠭ᠎ᠠ ᠶᠢᠨ ᠠᠵᠣ ᠦᠢᠯᠡᠰ ᠢ ᠡᠷᠦᠬᠡ ᠳᠤ ᠬᠦᠷᠳᠡᠯ᠎ᠡ ᠳᠡᠮᠵᠢᠬᠦ ᠪᠠᠷ ᠲᠦᠯᠦᠪᠯᠡᠵᠦ ᠪᠠᠶᠢᠨ᠎ᠠ᠃     ︵ ᠭᠤᠷᠪᠠ︶ 2018 ᠣᠨ ᠤ ᠲᠦᠷᠦᠯ ᠵᠦᠢᠯ ᠤᠨ ᠠᠬᠢᠴᠠ ᠶᠢᠨ ᠲᠣᠬᠠᠢ ᠲᠣᠬᠢᠷᠠᠭᠤᠯᠣᠯᠲᠠ     2018 ᠣᠨ ᠤ 1— 4 ᠰᠠᠷ᠎ᠠ ᠳᠤ ᠲᠦᠷᠦᠯ ᠵᠦᠢᠯ ᠢ ᠪᠦᠲᠦᠭᠡᠨ ᠪᠠᠶᠢᠭᠤᠯᠬᠤ ᠭᠠᠵᠠᠷ᠂ ᠪᠦᠲᠦᠭᠡᠨ ᠪᠠᠶᠢᠭᠤᠯᠬᠤ ᠠᠭᠤᠯᠭ᠎ᠠ ᠶᠢ ᠲᠦᠯᠦᠪᠵᠢᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠶᠠᠳᠠᠭᠤ ᠬᠦᠴᠢᠷᠳᠡᠯᠳᠡᠢ ᠡᠷᠦᠬᠡ ᠶᠢᠨ ᠲᠤᠭ᠎ᠠ ᠶᠢ ᠪᠦᠷᠢᠳᠬᠡᠵᠦ ᠡᠬᠢ ᠪᠠᠶᠠᠯᠢᠭ ᠢ ᠨᠡᠶᠢᠳᠬᠡᠬᠦ ᠲᠦᠰᠦᠯ ᠲᠣᠭᠲᠠᠭᠠᠵᠣ᠂ ᠨᠡᠶᠢᠳᠬᠡᠭᠰᠡᠨ ᠪᠡᠯᠡ ᠮᠦᠩᠬᠦ ᠶᠢ ᠬᠠᠮᠢᠶᠠᠷᠬᠤ  ᠠᠷᠭ᠎ᠠ ᠲᠣᠭᠲᠠᠭᠠᠵᠣ᠂ ᠲᠦᠷᠦᠯ ᠵᠦᠢᠯ ᠢ ᠪᠦᠲᠦᠭᠡᠨ ᠪᠠᠶᠢᠭᠤᠯᠬᠤ ᠠᠴᠠ ᠡᠮᠦᠨᠡᠬᠢ ᠪᠡᠯᠡᠳᠬᠡᠯ ᠠᠵᠢᠯ ᠢ ᠬᠢᠨ᠎ᠡ᠃    2018 ᠣᠨ ᠤ 3 — 9 ᠰᠠᠷ᠎ᠠ ᠳᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠣᠬᠠᠢ ᠮᠠᠯ ᠠᠵᠣ ᠠᠬᠤᠢ ᠶᠢᠨ ᠠᠵᠣ ᠦᠢᠯᠡᠰ ᠤᠨ ᠰᠠᠭᠤᠷᠢ ᠲᠦᠭᠦᠭᠡᠷᠦᠮᠵᠢ ᠶᠢ ᠪᠦᠲᠦᠭᠡᠨ ᠪᠠᠶᠢᠭᠤᠯᠬᠤ᠂ ᠮᠠᠯ ᠣᠨᠤᠭ᠎ᠠ ᠬᠤᠳᠠᠯᠳᠣᠨ ᠠᠪᠴᠣ ᠦᠭᠬᠦ᠂ ᠶᠠᠳᠠᠭᠤ ᠬᠦᠴᠢᠷᠳᠡᠯᠳᠡᠢ ᠡᠷᠬᠡ ᠶᠢ ᠬᠤᠪᠢ ᠣᠷᠣᠬᠤ ᠳᠤ ᠣᠷᠣᠯᠴᠠᠭᠤᠯᠬᠤ ᠠᠵᠢᠯ ᠢ ᠪᠡᠶᠡᠯᠡᠬᠦᠯᠦᠨ᠎ᠡ᠃     2018 ᠣᠨ ᠤ 9 ᠰᠠᠷ᠎ᠠ ᠳᠤ ᠲᠦᠷᠦᠯ ᠵᠦᠢᠯ ᠢ ᠵᠢᠷᠤᠭ ᠲᠦᠯᠦᠪᠯᠡᠭᠡ ᠬᠢᠬᠦ ᠪᠠᠷᠢᠮᠵᠢᠶᠠᠨ ᠳᠤ ᠬᠦᠷᠬᠡᠵᠦ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠣ᠂ ᠶᠠᠳᠠᠭᠤ ᠬᠦᠴᠢᠷᠳᠡᠯᠳᠡᠢ ᠡᠷᠦᠬᠡ ᠳᠤ ᠠᠰᠢᠭ ᠣᠷᠣᠯᠭ᠎ᠠ ᠬᠦᠷᠳᠡᠭᠡᠨ᠎ᠡ᠃     ︵ ᠳᠦᠷᠪᠡ︶ ᠵᠢᠱᠢᠭᠰᠡᠨ ᠬᠤᠭᠤᠴᠠᠭᠠᠨ ᠳᠤ ᠠᠰᠢᠭ ᠣᠷᠣᠯᠭ᠎ᠠ ᠣᠯᠭᠤᠨ᠎ᠠ     ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠣ ᠦᠢᠯᠡᠰ ᠲᠤ ᠪᠡᠯᠡ ᠣᠷᠣᠭᠤᠯᠣᠯᠲᠠ ᠬᠢᠬᠡᠳ 2018 ᠣᠨ  ᠤ ᠰᠡᠬᠦᠯᠴᠢ ᠪᠣᠯᠬᠤ ᠳᠤ᠂ ᠡᠷᠦᠬᠡ ᠪᠦᠷᠢ ᠶᠢᠨ ᠵᠢᠯ ᠤᠨ ᠳᠣᠮᠳᠠᠴᠢ ᠶᠢᠨ ᠣᠷᠣᠯᠭ᠎ᠠ ᠶᠢ 3500 ᠲᠦᠭᠦᠷᠢᠭ ᠨᠡᠮᠡᠭᠳᠡᠬᠦᠯᠵᠦ᠂ ᠬᠦᠮᠦᠨ ᠪᠦᠷᠢ ᠶᠢᠨ ᠵᠢᠯ ᠤᠨ ᠳᠣᠮᠳᠠᠴᠢ ᠣᠷᠣᠯᠭ᠎ᠠ ᠶᠢ 1580 ᠲᠦᠭᠦᠷᠢᠭ ᠨᠡᠮᠡᠭᠳᠡᠬᠦᠯᠦᠨ᠎ᠡ᠂ ᠡᠬᠦᠨ ᠤ ᠬᠠᠮᠳᠣ ᠶᠠᠳᠠᠭᠤ ᠬᠦᠴᠢᠷᠳᠡᠯᠳᠡᠢ ᠡᠷᠦᠬᠡ ᠨᠢ ᠬᠤᠷᠰᠢᠶᠠᠵᠢᠯ ᠪᠠ ᠳᠠᠭᠠᠭᠤᠯᠣᠭᠴᠢ ᠠᠵᠣ ᠠᠬᠤᠶᠢᠯᠠᠯ ᠳᠤ ᠠᠵᠢᠯ ᠬᠢᠵᠦ ᠴᠠᠯᠢᠩ ᠤᠨ ᠴᠢᠨᠠᠷᠲᠠᠢ ᠣᠷᠣᠯᠭ᠎ᠠ ᠪᠠᠨ ᠨᠡᠮᠡᠭᠳᠡᠬᠦᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠣᠷᠣᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠨᠢ ᠪᠦᠲᠦᠮᠵᠢᠲᠠᠢ ᠦᠷᠬᠡᠳᠬᠡᠨ᠎ᠡ᠃     ᠭᠤᠷᠪᠠ᠂ ᠵᠣᠬᠢᠶᠠᠨ ᠪᠠᠶᠢᠭᠤᠯᠣᠯᠲᠠ ᠶᠢᠨ ᠪᠠᠳᠣᠯᠠᠭ᠎ᠠ     ︵ ᠨᠢᠬᠡ︶ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠬᠦᠳᠡᠭᠡ ᠳᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ ᠨᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠡᠳ᠋ ᠤᠨ ᠬᠦᠴᠦ ᠪᠠᠨ ᠲᠦᠪᠯᠡᠷᠡᠬᠦᠯᠦᠨ ᠶᠠᠳᠠᠭᠤ ᠶᠢ ᠲᠡᠳᠬᠦᠬᠦ ᠪᠠᠬᠢᠯᠡᠯᠲᠡ ᠰᠢᠪᠳᠣᠯᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠃ ᠪᠦᠬᠦ ᠬᠤᠰᠢᠭᠤᠨ ᠤ ᠡᠯ᠎ᠡ ᠰᠣᠮᠣ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠨᠠᠮ ᠵᠠᠰᠠᠭ ᠤᠨ ᠨᠢᠬᠡᠳᠦᠭᠡᠷ ᠣᠳᠣᠷᠢᠳᠣᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠪᠡᠯᠡ ᠮᠦᠩᠬᠦ ᠪᠠ ᠲᠦᠷᠦᠯ ᠵᠦᠢᠯ ᠤᠨ ᠲᠣᠬᠢᠷᠠᠭᠤᠯᠣᠯᠲᠠ ᠶᠢ ᠵᠣᠬᠢᠴᠠᠭᠤᠯᠵᠣ᠂ ᠠᠵᠢᠯ ᠤᠨ ᠬᠠᠷᠢᠭᠤᠴᠠᠯᠭ᠎ᠠ ᠪᠠᠨ ᠳᠣᠳᠣᠷᠬᠠᠶᠢᠯᠠᠨ᠂ ᠪᠡᠯᠡ ᠮᠦᠩᠬᠦ ᠶᠢ ᠨᠢᠬᠡᠳᠬᠡᠨ ᠬᠡᠷᠡᠭᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠳᠠᠢ ᠳᠤ ᠨᠠᠶᠢᠳᠠᠪᠣᠷᠢᠵᠢᠭᠤᠯᠬᠤ ᠶᠢ ᠪᠠᠳᠣᠯᠠᠬᠤ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠣ ᠵᠣᠬᠢᠴᠠᠯᠳᠣᠬᠤ ᠪᠠᠨ ᠴᠢᠩᠭᠠᠳᠬᠠᠵᠣ᠂ ᠨᠢᠬᠡᠳᠦᠯᠳᠡᠢ ᠲᠦᠯᠦᠪᠯᠡᠨ ᠨᠡᠶᠢᠳᠬᠡᠬᠦ ᠠᠵᠢᠯ ᠢ ᠬᠠᠮᠳᠣ ᠪᠠᠷ ᠲᠦᠯᠬᠢᠨ ᠠᠬᠢᠭᠤᠯᠬᠤ ᠬᠡᠷᠡᠭᠲᠡᠢ᠃    ︵ ᠬᠤᠶᠠᠷ︶ ᠢᠯᠡ ᠪᠠᠷ ᠨᠡᠶᠢᠲᠡᠯᠡᠬᠦ ᠶᠢ ᠪᠠᠷᠢᠮᠲᠠᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠦᠳᠡᠭᠡ ᠲᠣᠰᠬᠤᠨ ᠳᠤ ᠬᠤᠯᠪᠣᠭᠳᠠᠬᠤ ᠪᠡᠯᠡ ᠮᠦᠩᠬᠦ ᠶᠢᠨ ᠲᠣᠬᠠᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠬᠠᠮᠢᠶᠠᠷᠣᠯᠲᠠ ᠶᠢᠨ ᠲᠦᠷᠢᠮ᠂ ᠪᠡᠯᠡ ᠮᠦᠩᠬᠦ ᠶᠢᠨ ᠬᠤᠪᠢᠶᠠᠷᠢᠯᠠᠯᠲᠠ᠂ ᠠᠵᠢᠯ ᠤᠨ ᠠᠬᠢᠴᠠ ᠵᠡᠷᠭᠡ ᠮᠡᠳᠡᠭᠡ ᠵᠠᠩᠬᠢ  ᠪᠠᠨ ᠴᠠᠭ ᠲᠣᠬᠠᠢ ᠳᠤᠨᠢ ᠳᠠᠷᠣᠢ ᠳᠤᠨᠢ ᠨᠡᠶᠢᠬᠡᠮ ᠳᠤ ᠨᠡᠶᠢᠲᠡᠯᠡᠬᠦ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ  ᠤ ᠡᠬᠦᠳᠡ ᠡᠷᠦᠬᠡ ᠶᠢᠨ ᠰᠦᠯᠵᠢᠶᠡᠨ ᠦᠷᠳᠡᠭᠡ ᠪᠠ ᠵᠠᠭᠤᠴᠢᠯᠠᠭᠤᠷ ᠲᠤ ᠬᠦᠳᠡᠭᠡ ᠲᠣᠰᠬᠤᠨ ᠳᠤ ᠬᠤᠯᠪᠣᠭᠳᠠᠬᠤ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠬᠦ᠂ ᠬᠡᠷᠡᠭᠴᠡᠭᠡ ᠪᠠ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠵᠡᠷᠭᠡ ᠪᠠᠶᠢᠳᠠᠯ ᠢ ᠢᠯᠡ ᠪᠠᠷ ᠨᠡᠶᠢᠲᠡᠯᠡᠬᠦ ᠶᠢᠨ ᠬᠠᠮᠳᠣ᠂ ᠶᠠᠳᠠᠭᠤ ᠶᠢ ᠲᠡᠳᠬᠦᠬᠦ ᠲᠦᠷᠦᠯ ᠵᠦᠢᠯ ᠢ ᠨᠡᠶᠢᠲᠡᠯᠡᠬᠦ ᠳᠦᠷᠢᠮ ᠢ ᠬᠡᠷᠡᠭᠵᠢᠬᠦᠯᠵᠦ᠂ ᠠᠷᠠᠳ ᠣᠯᠠᠨ ᠪᠠ ᠨᠡᠶᠢᠬᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠠᠪᠬᠤ ᠬᠡᠷᠡᠭᠲᠡᠢ᠃    ︵ ᠭᠤᠷᠪᠠ︶ ᠪᠡᠯᠡ ᠮᠦᠩᠬᠦ ᠶᠢᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠨ᠎ᠠ᠃ ᠨᠢᠬᠡᠳᠦᠯᠳᠡᠢ ᠲᠦᠯᠦᠪᠯᠡᠨ ᠨᠡᠶᠢᠳᠬᠡᠬᠦ ᠬᠡᠪᠴᠢᠶᠡᠨ ᠳᠤ ᠣᠷᠣᠭᠤᠯᠣᠭᠰᠠᠨ ᠬᠦᠳᠡᠭᠡ ᠲᠣᠰᠬᠤᠨ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ ᠮᠦᠩᠬᠦ ᠶᠢ ᠬᠢᠨᠠᠨ ᠬᠠᠮᠢᠶᠠᠷᠬᠤ ᠭᠤᠣᠯᠳᠠᠯᠭ᠎ᠠ ᠪᠠᠨ ᠪᠣᠯᠭᠠᠬᠤ ᠬᠡᠷᠡᠭᠲᠡᠢ᠃ ᠶᠠᠳᠠᠭᠤ ᠬᠦᠴᠢᠷᠳᠡᠯᠳᠡᠢ ᠭᠠᠴᠠᠭ᠎ᠠ ᠶᠢᠨ ᠨᠢᠬᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠭᠠᠴᠠᠭ᠎ᠠ ᠶᠢᠨ ︽ᠭᠤᠷᠪᠠᠨ ᠵᠦᠪᠯᠡᠯ︾ ᠬᠦᠳᠡᠭᠡ ᠲᠣᠰᠬᠤᠨ ᠳᠤ ᠬᠤᠯᠪᠣᠭᠳᠠᠬᠤ ᠪᠡᠯᠡ ᠮᠦᠩᠬᠦ ᠪᠠ ᠲᠦᠷᠦᠯ ᠵᠦᠢᠯ ᠤᠨ ᠬᠠᠮᠢᠶᠠᠷᠣᠯᠲᠠ ᠶᠢ ᠬᠢᠨᠠᠨ ᠬᠠᠮᠢᠶᠠᠷᠬᠤ ᠳᠤ ᠰᠢᠭᠤᠳ ᠣᠷᠣᠯᠴᠠᠬᠤ ᠬᠡᠷᠡᠭᠲᠡᠢ᠃ ᠬᠤᠰᠢᠭᠤᠨ ᠤ ᠬᠢᠨᠠᠨ ᠪᠣᠳᠣᠬᠤ᠂ ᠡᠳ᠋ ᠤᠨ ᠵᠠᠰᠠᠭ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠢᠨᠠᠨ ᠪᠣᠳᠣᠯᠲᠠ ᠪᠠ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠬᠦᠯᠬᠦ  ᠶᠢᠨ ᠬᠠᠮᠳᠣ ᠬᠢᠨᠠᠨ ᠬᠠᠮᠢᠶᠠᠷᠬᠤ ᠡᠬᠦᠷᠭᠡ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠣᠭᠰᠠᠨ ᠪᠠᠶᠢᠳᠠᠯ ᠢ ᠮᠦᠷᠳᠡᠨ ᠳᠠᠭᠠᠵᠣ ᠦᠷ᠎ᠡ ᠪᠦᠲᠦᠮᠵᠢ ᠶᠢ ᠨᠢ ᠪᠠᠶᠢᠴᠠᠭᠠᠬᠤ ᠬᠡᠷᠡᠭᠲᠡᠢ᠃ ᠭᠤᠷᠪᠠᠳᠠᠭᠴᠢ ᠡᠳᠡᠭᠡᠳ ᠢᠶᠠᠷ ᠲᠣᠰᠠᠭᠠᠷ ᠬᠢᠨᠠᠯᠲᠠ ᠲᠠᠯᠪᠢᠭᠤᠯᠬᠤ ᠶᠢ ᠰᠦᠪᠡᠭᠴᠢᠯᠡᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠢᠨᠠᠯᠲᠠ ᠲᠠᠯᠪᠢᠯᠲᠠ ᠳᠤ ᠢᠳᠡᠪᠬᠢᠲᠡᠢ ᠣᠷᠣᠯᠴᠠᠬᠤ ᠶᠢ ᠬᠦᠲᠦᠯᠦᠨ ᠵᠢᠯᠣᠭᠤᠳᠴᠣ᠂ ᠪᠡᠯᠡ ᠮᠦᠩᠬᠦ ᠶᠢ ᠬᠢᠨᠠᠨ ᠬᠠᠮᠢᠶᠠᠷᠬᠤ ᠣᠯᠠᠨ ᠡᠰᠢᠵᠢᠭᠰᠡᠨ ᠲᠣᠭᠲᠠᠴᠠ ᠶᠢ ᠪᠠᠶᠢᠭᠤᠯᠣᠨ᠎ᠠ᠃     ︵ ᠳᠦᠷᠪᠡ︶ ᠠᠵᠢᠯ ᠤᠨ ᠠᠮᠵᠢᠯᠲᠠ ᠶᠢ ᠦᠨᠡᠯᠡᠬᠦ ᠠᠵᠢᠯᠯᠠᠭ᠎ᠠ ᠦᠷᠨᠢᠬᠦᠯᠦᠨ᠎ᠡ᠃ ᠬᠤᠰᠢᠭᠤᠨ ᠤ ᠶᠠᠳᠠᠭᠤ  ᠶᠢ ᠲᠡᠳᠬᠦᠬᠦ᠂ ᠡᠳ᠋ ᠤᠨ ᠵᠠᠰᠠᠭ᠂ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ  ᠤᠨ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠨᠡᠶᠢᠳᠬᠡᠨ ᠬᠡᠷᠡᠭᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠠᠵᠢᠯ  ᠢ ᠴᠢᠩᠭᠠᠳᠬᠠᠵᠣ᠂ ᠲᠡᠬᠦᠨ ᠢ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠣ᠂ ᠬᠢᠨᠠᠨ ᠰᠢᠯᠭᠠᠵᠣ ᠦᠨᠡᠯᠡᠭᠰᠡᠨ ᠦᠷ᠎ᠡ ᠳ᠋ᠥᠩ ᠢᠶᠠᠨ ᠬᠤᠰᠢᠭᠤᠨ ᠤ ᠶᠠᠳᠠᠭᠤ ᠶᠢ ᠲᠡᠳᠬᠦᠬᠦ ᠨᠡᠬᠡᠬᠡᠯᠲᠡ ᠶᠢᠨ ᠣᠳᠣᠷᠢᠳᠬᠤ ᠳᠣᠭᠤᠶᠢᠯᠠᠩ ᠤᠨ ᠨᠡᠷ᠎ᠡ ᠪᠠᠷ ᠮᠡᠳᠡᠭᠡᠯᠡᠬᠦ ᠬᠡᠷᠡᠭᠲᠡᠢ᠃ ᠪᠡᠯᠡ ᠮᠦᠩᠬᠦ ᠶᠢ ᠨᠡᠶᠢᠳᠬᠡᠬᠦ ᠰᠠᠯᠠᠭ᠎ᠠ ᠮᠦᠴᠢᠷ ᠳᠠᠬᠢ ᠬᠢᠨᠠᠨ ᠰᠢᠯᠭᠠᠬᠤ᠂ ᠦᠨᠡᠯᠡᠯᠲᠡ ᠬᠢᠬᠦ ᠠᠵᠢᠯ ᠢ ᠴᠢᠩᠭᠠᠳᠬᠠᠵᠣ᠂ ᠡᠰᠡ ᠦᠢᠯᠡᠳᠬᠦᠢ᠂ ᠳᠣᠷ᠎ᠠ ᠪᠠᠷ ᠦᠢᠯᠡᠳᠬᠦᠢ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠲᠦᠪ ᠴᠢᠩᠭ᠎ᠠ ᠨᠡᠬᠡᠮᠵᠢᠯᠡᠬᠦ ᠬᠡᠷᠡᠭᠲᠡᠢ᠃                              2018 ᠣᠨ ᠤ 3 ᠰᠠᠷ᠎ᠠ ᠶᠢᠨ 19 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号