ᠬᠤᠰᠢᠭᠤᠨ ᠤ ᠠᠵᠣ ᠠᠬᠤᠢ ᠮᠡᠳᠡᠭᠡ ᠵᠠᠩᠬᠢᠵᠢᠯᠲᠠ ᠶᠢᠨ ᠲᠣᠪᠴᠢᠶ᠎ᠠ ᠪᠠᠶᠠᠨᠳᠠᠯ᠎ᠠ ᠰᠢᠶᠠᠩ ᠳᠤ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠦᠷᠨᠢᠬᠦᠯᠪᠡ
ᠨᠡᠶᠢᠲᠡᠯᠡᠭᠰᠡᠨ ᠴᠠᠭ᠄
2018/5/30
   5 ᠰᠠᠷ᠎ᠠ ᠶᠢᠨ 25 ᠤ ᠡᠳᠦᠷ᠂ ᠬᠤᠰᠢᠭᠤᠨ ᠤ ᠠᠵᠣ ᠠᠬᠤᠢ ᠮᠡᠳᠡᠭᠡ ᠵᠠᠩᠬᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠹᠠᠨ ᠰᠢᠨ ᠫᠢᠩ᠂ ᠳᠡᠳ᠋ ᠳᠠᠷᠤᠭ᠎ᠠ ᠰᠦᠨ ᠵᠢᠶᠠᠨ ᠵᠢᠶᠦ᠋ᠨ ᠨᠠᠷ ᠪᠠᠶᠠᠨᠳᠠᠯ᠎ᠠ ᠰᠢᠶᠠᠩ ᠤᠨ ᠪᠣᠯᠠᠷ ᠭᠠᠴᠠᠭᠠᠨ  ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠦᠷᠨᠢᠬᠦᠯᠪᠡ᠃ ᠪᠣᠯᠠᠷ ᠭᠠᠴᠠᠭᠠᠨ  ᠳᠤ᠂ ᠹᠠᠨ ᠰᠢᠨ ᠫᠢᠩ ᠨᠠᠷ ᠭᠠᠴᠠᠭᠠᠨ ᠤ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠶᠡᠷᠥᠩᠬᠡᠢ ᠪᠡᠶᠢᠳᠠᠯ ᠪᠠ ᠬᠠᠪᠰᠣᠷᠣᠨ ᠲᠡᠳᠬᠦᠬᠦ ᠺᠠᠳ᠋ᠷ ᠤᠨ ᠠᠵᠢᠯ ᠢᠶᠠᠨ ᠦᠷᠨᠢᠬᠦᠯᠦᠭᠰᠡᠨ ᠪᠠᠶᠢᠳᠠᠯ᠂ ᠶᠠᠳᠠᠭᠤ ᠬᠦᠴᠢᠷᠳᠡᠯᠳᠡᠢ ᠡᠷᠦᠬᠡ ᠶᠢᠨ ᠬᠠᠨᠣᠮᠵᠢ ᠶᠢᠨ ᠬᠡᠮᠵᠢᠶ᠎ᠡ ᠵᠢᠴᠢ ᠶᠠᠳᠠᠭᠤ ᠬᠦᠴᠢᠷᠳᠡᠯᠳᠡᠢ ᠡᠷᠦᠬᠡ ᠶᠢᠨ ᠣᠳᠣᠬᠠᠨ ᠤ ᠪᠠᠶᠢᠳᠠᠯ ᠪᠠ ᠶᠠᠳᠠᠭᠤ ᠠᠴᠠ ᠠᠩᠬᠢᠵᠢᠷᠠᠭᠤᠯᠬᠤ ᠠᠷᠭ᠎ᠠ ᠠᠪᠴᠠᠯ ᠠᠪᠴᠣ ᠪᠠᠶᠢᠭ᠎ᠠ ᠪᠠᠶᠢᠳᠠᠯ ᠢ ᠨᠢᠮᠪᠠᠢ ᠣᠶᠢᠯᠠᠭᠠᠪᠠ᠃ ᠹᠠᠨ ᠰᠢᠨ ᠫᠢᠩ ᠠᠴᠠ᠂ ︽ ᠨᠢᠬᠡᠳᠦᠭᠡᠷ ᠱᠦᠵᠢ︾ ᠪᠠ ᠭᠠᠴᠠᠭᠠᠨ ᠳᠤ ᠰᠠᠭᠤᠭ᠎ᠠ ᠠᠵᠢᠯ ᠤᠨ ᠳᠣᠭᠤᠶᠢᠯᠠᠩ ᠠᠴᠠ ᠬᠠᠪᠰᠣᠷᠣᠨ ᠳᠡᠳᠬᠦᠬᠦ ᠦᠢᠯᠡᠳᠦᠯ ᠢᠶᠠᠨ ᠬᠦᠢᠴᠡᠳ ᠪᠠᠳᠠᠷᠠᠭᠤᠯᠵᠣ᠂ ᠶᠠᠳᠠᠭᠤ ᠬᠦᠴᠢᠷᠳᠡᠯᠳᠡᠢ ᠡᠷᠦᠬᠡ ᠲᠠᠢ ᠨᠢᠬᠳᠠ ᠬᠤᠯᠪᠣᠭ᠎ᠠ ᠠᠪᠴᠣ᠂ ᠬᠦᠭᠵᠢᠯᠲᠡ ᠶᠢᠨ ᠰᠡᠳᠬᠢᠴᠡ ᠪᠠᠨ ᠰᠢᠯᠣᠭᠤᠳᠬᠠᠵᠣ᠂ ᠪᠣᠳᠠᠳᠠᠢ ᠠᠷᠭ᠎ᠠ ᠠᠪᠴᠠᠯ ᠢᠶᠠᠨ ᠡᠷᠴᠢᠮᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠨᠠᠷᠢᠯᠢᠭ ᠪᠣᠳᠠᠳᠠᠢ ᠪᠦᠲᠦᠮᠵᠢᠲᠡᠢ ᠦᠷᠨᠢᠬᠦᠯᠬᠦ ᠬᠡᠷᠡᠭᠲᠡᠢ ᠬᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号