ᠬᠤᠰᠢᠭᠤᠨ ᠤ ᠴᠠᠬᠢᠯᠭᠠᠨ ᠦᠢᠯᠡᠰ ᠤᠨ ᠲᠣᠪᠴᠢᠶᠠᠨ ᠤ ᠠᠵᠢᠯᠳᠠᠨ ᠪᠠᠶᠠᠨᠴᠠᠭᠠᠨ ᠰᠣᠮᠣᠨ ᠤ ᠴᠠᠬᠢᠯᠭᠠᠨ ᠨᠡᠪᠳᠡᠷᠡᠭᠡᠳᠦᠢ ᠳᠠᠩᠰᠠ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠳᠤ ᠬᠦᠷᠴᠦ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/5/30
   5 ᠰᠠᠷ᠎ᠠ ᠶᠢᠨ 28 ᠤ ᠡᠳᠦᠷ᠂ ᠬᠤᠰᠢᠭᠤᠨ ᠤ ᠴᠠᠬᠢᠯᠭᠠᠨ ᠦᠢᠯᠡᠰ ᠤᠨ ᠲᠣᠪᠴᠢᠶᠠᠨ ᠤ 6 ᠠᠵᠢᠯᠳᠠᠨ ᠪᠠᠶᠠᠨᠴᠠᠭᠠᠨ ᠰᠣᠮᠣᠨ ᠳᠤ ᠬᠦᠷᠴᠦ ᠭᠠᠴᠠᠭᠠᠨ ᠳᠤ ᠰᠠᠭᠤᠭ᠎ᠠ ᠠᠵᠢᠯ ᠤᠨ ᠳᠣᠭᠤᠶᠢᠯᠠᠩ ᠤᠨ ᠬᠡᠰᠢᠬᠦᠨ ᠲᠠᠢ ᠬᠠᠮᠳᠣᠪᠡᠷ ᠴᠠᠬᠢᠯᠭᠠᠨ ᠨᠡᠪᠳᠡᠷᠡᠭᠡᠳᠦᠢ ᠳᠠᠩᠰᠠ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠳᠤ ᠬᠢᠨᠠᠨ ᠪᠠᠶᠢᠴᠠᠭᠠᠯᠲᠠ ᠬᠢᠪᠡ᠃    ᠶᠠᠳᠠᠭᠤ ᠬᠦᠴᠢᠷᠳᠡᠯᠳᠡᠢ ᠡᠷᠦᠬᠡ ᠶᠢᠨ ᠬᠡᠷ ᠪᠠᠶᠢᠰᠢᠩ ᠤᠨ ᠣᠶᠢᠷ᠎ᠠ ᠬᠠᠪᠢ ᠶᠢᠨ ᠴᠠᠬᠢᠯᠭᠠᠨ ᠣᠳᠠᠰᠣ ᠪᠠᠶᠢᠷᠢᠯᠠᠭᠤᠯᠣᠭᠰᠠᠨ ᠪᠠᠶᠢᠳᠠᠯ᠂ ᠴᠠᠬᠢᠯᠭᠠᠨ ᠨᠡᠪᠳᠡᠷᠡᠭᠰᠡᠨ ᠪᠠᠶᠢᠳᠠᠯ ᠵᠢᠴᠢ ᠴᠠᠬᠢᠯᠭᠠᠨ ᠣᠭᠰᠠᠷᠠᠭᠰᠠᠨ ᠪᠠᠶᠢᠳᠠᠯ ᠢ ᠬᠢᠨᠠᠨ ᠪᠠᠶᠢᠴᠠᠭᠠᠵᠣ ᠳᠡᠮᠳᠡᠭᠯᠡᠪᠡ᠃    ᠲᠣᠰ ᠣᠳᠠᠭ᠎ᠠ ᠨᠡᠶᠢᠲᠡ 29 ᠶᠠᠳᠠᠭᠤ ᠬᠦᠴᠢᠷᠳᠡᠯᠳᠡᠢ ᠡᠷᠦᠬᠡ ᠶᠢ ᠬᠢᠨᠠᠨ ᠪᠠᠶᠢᠴᠠᠭᠠᠬᠤ ᠶᠢᠨ ᠬᠠᠮᠳᠣ ᠳᠠᠩᠰᠠ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠦᠢᠯᠡᠳᠪᠦᠷᠢᠯᠡᠯ ᠠᠮᠢᠳᠣᠷᠠᠯ ᠳᠤ ᠬᠡᠷᠡᠭᠰᠡᠬᠦ ᠴᠠᠬᠢᠯᠭᠠᠨ ᠤ ᠬᠠᠩᠭᠠᠯᠭ᠎ᠠ ᠶᠢ ᠨᠡᠩ ᠰᠠᠶᠢᠨ ᠪᠠᠳᠣᠯᠠᠭᠰᠠᠨ ᠪᠠᠶᠢᠨ᠎ᠠ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号