ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ  ᠤᠨ ᠱᠦᠵᠢ ᠴᠠᠩ ᠴᠢᠩ ᠪᠠᠷ᠎ᠠ ᠪᠣᠯᠣᠭᠴᠢ ᠲᠠᠢ ᠪᠠᠨ ᠮᠠᠨ ᠤ ᠬᠤᠰᠢᠭᠤᠨ ᠳᠤ  ᠢᠷᠠᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018/5/30
    5 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠴᠠᠩ ᠴᠢᠩ ᠪᠠᠷ᠎ᠠ ᠪᠣᠯᠣᠭᠴᠢ ᠲᠠᠢ ᠪᠠᠨ ᠮᠠᠨ ᠤ ᠬᠤᠰᠢᠭᠤᠨ ᠤ ᠪᠠᠶᠠᠨᠳᠠᠯ᠎ᠠ ᠰᠢᠶᠠᠩ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠣᠣ ᠪᠦᠸᠧ ᠮᠢᠨ ᠵᠢᠴᠢ ᠪᠠᠶᠠᠨᠳᠠᠯ᠎ᠠ ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠠᠮᠳᠣ ᠳᠠᠭᠠᠨ ᠪᠠᠶᠢᠴᠠᠭᠠᠨ ᠰᠣᠳᠣᠯᠣᠯᠲᠠ ᠬᠢᠪᠡ᠃      ᠪᠠᠶᠠᠨᠳᠠᠯ᠎ᠠ ᠰᠢᠶᠠᠩ ᠳᠤ᠂ ᠴᠠᠩ ᠴᠢᠩ ᠨᠠᠷ ᠶᠡᠷᠥᠩᠬᠡᠶᠢᠯᠡᠨ ᠵᠠᠰᠠᠬᠤ ᠲᠦᠪ ᠤᠨ ᠶᠡᠭᠡ ᠲᠢᠩᠬᠢᠮ᠂ ︽ ᠠᠮᠣᠷ ︾ ᠬᠠᠷᠠᠭᠠᠨ ᠳᠠᠪᠳᠠᠮᠵᠢ ᠶᠢᠨ ᠪᠣᠳᠠᠳᠣ ᠴᠠᠭ ᠢᠶᠠᠷ ᠬᠢᠨᠠᠨ ᠡᠵᠡᠮᠳᠡᠬᠦ ᠲᠠᠪᠴᠠᠩ᠂ ᠲᠣᠮᠢᠯᠠᠭᠰᠠᠨ ᠰᠠᠯᠪᠣᠷᠢ ᠶᠢᠨ ᠮᠡᠳᠡᠭᠡ ᠵᠠᠩᠬᠢ ᠴᠣᠭᠯᠠᠭᠤᠯᠬᠤ ᠲᠠᠰᠤᠭ ᠵᠢᠴᠢ ᠬᠠᠣᠯᠢ ᠴᠠᠭᠠᠵᠠ ᠶᠢᠨ ᠭᠠᠵᠠᠷ ᠵᠡᠷᠭᠡ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠤᠬᠠᠢ ᠭᠠᠵᠠᠷ ᠲᠤᠨᠢ ᠪᠠᠶᠢᠴᠠᠭᠠᠨ ᠦᠵᠡᠬᠦ ᠪᠠ ᠳᠠᠩᠰᠠ ᠡᠪᠬᠡᠮᠡᠯ ᠢ ᠣᠷᠪᠠᠭᠤᠯᠣᠨ ᠦᠵᠡᠬᠦ  ᠪᠠᠷ ᠳᠠᠮᠵᠢᠭᠤᠯᠣᠨ ᠡᠯ᠎ᠡ ᠵᠦᠢᠯ ᠤᠨ ᠶᠡᠷᠥᠩᠬᠡᠶᠢᠯᠡᠨ ᠵᠠᠰᠠᠬᠤ ᠠᠵᠢᠯ ᠢ ᠨᠢ ᠨᠠᠷᠢᠯᠢᠭ ᠣᠶᠢᠯᠠᠭᠠᠪᠠ᠃ ᠵᠣᠣ ᠪᠦᠸᠧ ᠮᠢᠨ ᠠᠴᠠ ︽ ᠠᠮᠣᠷ︾ ᠬᠠᠷᠠᠭᠠᠨ ᠳᠠᠪᠳᠠᠮᠵᠢᠳᠣ ᠬᠢᠨᠠᠨ ᠡᠵᠡᠮᠳᠡᠬᠦ ᠢᠨᠵᠧᠨᠧᠷᠢᠩ ᠪᠠ ︽ ᠣᠯᠠᠭᠠᠨ ᠬᠠᠨᠴᠣᠢ ᠶᠢᠨ ᠳᠡᠮᠳᠡᠭ᠂ ᠲᠠᠪᠤ ᠶᠢ ᠨᠢᠬᠡ ᠴᠣᠭᠴᠠᠵᠢᠭᠤᠯᠬᠤ ᠬᠤᠯᠪᠣᠭᠠᠯᠠᠨ ᠡᠶᠡᠳᠡᠬᠦᠯᠬᠦ︾ ᠵᠦᠷᠢᠴᠡᠯ ᠮᠠᠷᠭᠤᠭᠠᠨ ᠢ ᠡᠶᠡᠳᠡᠬᠦᠯᠬᠦ ᠠᠵᠢᠯ ᠤᠨ ᠲᠣᠭᠲᠠᠴᠠ ᠶᠢᠨ ᠪᠠᠶᠠᠨᠳᠠᠯ᠎ᠠ ᠰᠢᠶᠠᠩ ᠳᠠᠬᠢ ᠠᠵᠢᠯᠯᠠᠭᠠᠨ ᠤ ᠪᠠᠶᠢᠳᠠᠯ ᠵᠢᠴᠢ ᠪᠦᠬᠦ ᠬᠤᠰᠢᠭᠤᠨ ᠤ ᠶᠡᠷᠥᠩᠬᠡᠶᠢᠯᠡᠨ ᠵᠠᠰᠠᠬᠤ ᠵᠠᠬᠢᠳᠠᠯ ᠰᠣᠷᠪᠣᠯᠵᠢᠯᠠᠯ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠠᠢ ᠲᠤᠪᠴᠢ ᠮᠡᠳᠡᠭᠦᠯᠦᠯᠳᠠ ᠬᠢᠪᠡ᠃     ᠲᠤᠪᠴᠢ ᠮᠡᠳᠡᠬᠦᠯᠦᠯᠲᠡ ᠶᠢ ᠰᠣᠨᠣᠰᠣᠭᠰᠠᠨ ᠤ ᠳᠠᠷᠠᠭ᠎ᠠ᠂ ᠴᠠᠩ ᠴᠢᠩ ᠠᠴᠠ ︽ ᠠᠮᠣᠷ︾ ᠬᠠᠷᠠᠭᠠᠨ ᠳᠠᠪᠳᠠᠮᠵᠢᠳᠣ ᠬᠢᠨᠠᠨ ᠡᠵᠡᠮᠳᠡᠬᠦ ᠠᠷᠠᠳ ᠤᠨ ᠰᠡᠳᠬᠢᠯ ᠤᠨ ᠢᠨᠵᠧᠨᠧᠷᠢᠩ ᠢ ᠬᠦᠢᠴᠡᠳ ᠨᠣᠲᠠᠯᠠᠵᠣ᠂ ᠮᠠᠨ ᠤ ᠬᠤᠰᠢᠭᠤᠨ ᠤ ᠰᠢᠨ᠎ᠡ ᠡᠭᠦᠳᠦᠭᠰᠡᠨ ︽ ᠠᠮᠣᠷ︾ ᠴᠠᠭᠳᠠᠭᠠᠨ ᠤ ᠶᠠᠪᠣᠳᠠᠯ ᠤᠨ ᠠᠵᠢᠯ + ᠨᠢᠭᠡ ᠴᠠᠭᠳᠠᠭ᠎ᠠ ᠨᠢᠬᠡ ᠭᠠᠴᠠᠭ᠎ᠠ  ᠲᠠᠭᠠᠭᠠᠨ ᠬᠠᠮᠢᠶᠠᠷᠬᠤ ᠠᠵᠢᠯ ᠢ ᠦᠨᠳᠦᠷ ᠦᠨᠡᠯᠡᠵᠦ᠂ ︽ ᠠᠮᠣᠷ︾ ᠰᠢᠷᠢᠰ ᠢᠨᠵᠧᠨᠧᠷᠢᠩ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠦᠨᠳᠦᠰᠦᠨ ᠱᠠᠲᠣᠨ ᠤ ᠰᠠᠭᠤᠷᠢ ᠶᠢ ᠲᠠᠰᠣᠷᠠᠯᠲᠠ ᠦᠭᠡᠢ ᠪᠠᠳᠣᠳᠬᠠᠵᠣ ᠂ ᠠᠮᠣᠷ ᠬᠠᠮᠠᠭᠠᠯᠠᠯᠲᠠ ᠶᠢᠨ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠡᠰᠢᠯᠡᠬᠦᠯᠬᠦ ᠬᠡᠷᠡᠭᠲᠡᠢ︔ ᠶᠡᠷᠥᠩᠬᠡᠶᠢᠯᠡᠨ ᠵᠠᠰᠠᠬᠤ ᠲᠦᠪ ᠢ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠬᠤ ᠪᠠ ᠳᠡᠬᠦᠯᠳᠡᠷᠵᠢᠬᠦᠯᠵᠦ᠂ ᠰᠦᠯᠵᠢᠶᠡᠵᠢᠯᠲᠡ  ᠶᠢᠨ ᠦᠢᠯᠡᠴᠢᠯᠡᠬᠡᠨ ᠤ ᠬᠠᠮᠢᠶᠠᠷᠣᠯᠲᠠ ᠶᠢ ᠴᠢᠩᠭᠠᠳᠬᠠᠵᠣ᠂ ᠦᠨᠳᠦᠰᠦᠨ ᠱᠠᠲᠣᠨ ᠤ ᠨᠡᠶᠢᠬᠡᠮ ᠤᠨ ᠵᠦᠷᠢᠴᠡᠯ ᠢ ᠨᠠᠮᠳᠠᠭᠤᠯᠬᠤ ᠠᠵᠢᠯ ᠤᠨ ᠲᠣᠭᠲᠠᠴᠠ ᠶᠢ ᠦᠷᠬᠦᠯᠵᠢᠯᠡᠨ ᠬᠡᠷᠡᠭᠯᠡᠵᠦ᠂ ᠣᠯᠠᠨ ᠲᠠᠯ᠎ᠠ ᠠᠴᠠ ᠣᠷᠣᠯᠴᠠᠨ ᠬᠠᠮᠳᠣᠷᠠᠨ ᠬᠦᠳᠡᠯᠦᠯᠴᠡᠬᠦ ᠬᠠᠮᠰᠠᠯ ᠬᠦᠴᠦᠨ ᠢ ᠪᠦᠷᠢᠯᠳᠦᠬᠦᠯᠵᠦ᠂ ᠡᠳᠦᠷ ᠳᠣᠳᠣᠮ ᠤᠨ ᠵᠦᠷᠢᠴᠡᠯ ᠮᠠᠷᠭᠤᠭᠠᠨ ᠢ ᠵᠢᠬᠰᠠᠭᠠᠨ ᠪᠠᠶᠢᠴᠠᠭᠠᠵᠣ ᠨᠠᠮᠳᠠᠭᠤᠯᠬᠤ ᠡᠷᠴᠢᠮ ᠢᠶᠠᠨ ᠴᠢᠩᠭᠠᠷᠠᠭᠤᠯᠵᠣ᠂ ᠨᠡᠶᠢᠬᠡᠮ ᠤᠨ ᠵᠦᠷᠢᠴᠡᠯ ᠢ ᠪᠦᠲᠦᠮᠵᠢᠲᠡᠢ ᠰᠠᠷᠭᠡᠶᠢᠯᠡᠨ ᠨᠠᠮᠳᠠᠭᠤᠯᠬᠤ ᠬᠡᠷᠡᠭᠲᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号