ᠪᠡᠭᠡᠵᠢᠩ ᠤᠨ ᠦᠨᠳᠦᠰᠦᠳᠡᠨ ᠤ ᠰᠤᠶᠤᠯ ᠤᠨ ᠤᠷᠳᠤᠨ ᠳᠤ ᠡᠸ᠋ᠨᠩᠬᠢ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠶᠢᠨ ᠠᠮᠵᠢᠯᠳᠠ ᠪᠦᠳᠦᠮᠵᠢ ᠶᠢᠨ ᠦᠵᠡᠰᠬᠦᠯᠡᠩ ᠭᠠᠷᠭᠠᠬᠤ ᠲᠦᠰᠦᠯ ᠲᠤᠭᠳᠠᠭᠠᠪᠠ
ᠨᠡᠶᠢᠲᠡᠯᠡᠭᠰᠡᠨ ᠴᠠᠭ᠄
2018/5/30
    5 ᠰᠠᠷ᠎ᠠ ᠶᠢᠨ 14   ᠤ ᠡᠳᠦᠷ᠂ ᠮᠠᠨ ᠤ ᠬᠤᠰᠢᠭᠤ ᠲᠤᠰᠬᠠᠢ ᠰᠠᠳᠤᠪᠳᠤ ᠬᠤᠷᠠᠯ ᠬᠤᠷᠠᠯᠳᠤᠭᠤᠯᠵᠦ᠂ ᠪᠡᠭᠡᠵᠢᠩ ᠤᠨ ᠰᠤᠶᠤᠯ ᠤᠨ ᠤᠷᠳᠤᠨ ᠳᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠶᠢᠨ ᠠᠮᠵᠢᠯᠳᠠ ᠪᠦᠳᠦᠮᠵᠢ ᠶᠢᠨ ᠦᠵᠡᠰᠬᠦᠯᠡᠩ ᠭᠠᠷᠭᠠᠬᠤ ᠠᠵᠢᠯ ᠤᠨ ᠮᠡᠳᠡᠭᠦᠯᠦᠯᠳᠠ ᠶᠢ ᠰᠤᠨᠤᠰᠴᠤ᠂ ᠠᠮᠵᠢᠯᠳᠠ ᠪᠦᠳᠦᠮᠵᠢ ᠶᠢᠨ ᠦᠵᠡᠰᠬᠦᠯᠡᠩ ᠤᠨ ᠶᠠᠷᠦᠩᠭᠡᠢ ᠴᠤᠭᠴᠠ ᠶᠢᠨ ᠲᠦᠰᠦᠯ ᠢ ᠰᠤᠳᠤᠯᠤᠨ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠵᠤᠤ ᠢᠤᠢ ᠯᠢᠨ᠂ ᠨᠨ ᠰᠢᠶᠤᠤ ᠭᠤᠸᠠᠩ᠂ ᠰᠠᠢ ᠶᠢᠨ᠂ ᠮᠦᠸᠧ ᠰᠢᠨ ᠵᠤ᠋᠂ ᠸᠠᠩ ᠭᠤᠸᠠᠩ ᠫᠢᠩ ᠂ ᠪᠤᠷᠵᠢᠬᠢᠨ᠂ ᠳ᠋ᠦᠩ ᠱᠧᠩ᠂ ᠬᠤᠸ᠋ᠨ ᠶᠢᠩ ᠨᠠᠷ ᠬᠤᠷᠠᠯ ᠳᠤ ᠤᠷᠤᠯᠴᠠᠵᠦ᠂ ᠬᠤᠰᠢᠭᠤᠨ ᠤ ᠨᠠᠮ ᠤᠨ ᠬᠤᠷᠢᠶᠠᠨ  ᠤ ᠤᠬᠠᠭᠤᠯᠬᠤ ᠭᠡᠯᠳᠡᠰ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠦ ᠠᠬᠤᠢ ᠮᠡᠳᠡᠭᠡ ᠵᠠᠩᠬᠢᠵᠢᠯᠳᠠ ᠶᠢᠨ ᠲᠤᠪᠴᠢᠶ᠎ᠠ᠂ ᠠᠷᠠᠯᠵᠢᠶᠠᠴᠢᠨ ᠤᠷᠢᠬᠤ ᠲᠤᠪᠴᠢᠶ᠎ᠠ᠂ ᠵᠤᠭᠠᠴᠠᠯ ᠤᠨ ᠲᠤᠪᠴᠢᠶ᠎ᠠ᠂ ᠰᠤᠶᠤᠯ ᠲᠠᠮᠢᠷ ᠰᠤᠨᠢᠨ ᠮᠡᠳᠡᠭᠡ ᠷᠡᠳᠢᠥ᠋ ᠲᠧᠯᠸᠢᠰ ᠤᠨ ᠲᠤᠪᠴᠢᠶ᠎ᠠ ᠵᠠᠷᠭᠡ ᠦᠵᠡᠰᠬᠦᠯᠡᠩ ᠭᠠᠷᠭᠠᠬᠤ ᠠᠵᠢᠯ ᠳᠤ ᠬᠤᠯᠪᠤᠭᠳᠠᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠵᠢᠴᠢ ᠬᠤᠰᠢᠭᠤ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ ᠠᠵᠢᠯ ᠤᠨ ᠠᠯᠪᠠᠨ ᠭᠡᠷ ᠤᠨ ᠠᠵᠢᠯᠳᠠᠳ ᠬᠤᠷᠠᠯ ᠳᠤ ᠤᠷᠤᠯᠴᠠᠪᠠ᠃     ᠮᠠᠨ ᠤ ᠬᠤᠰᠢᠭᠤ ᠪᠡᠭᠡᠵᠢᠩ ᠤᠨ ᠦᠨᠳᠦᠰᠦᠳᠡᠨ ᠤ ᠰᠤᠶᠤᠯ ᠤᠨ ᠤᠷᠳᠤᠨ ᠳᠤ ᠡᠷᠬᠢᠯᠡᠬᠦ ᠦᠵᠡᠰᠬᠦᠯᠡᠩ ᠢ ᠠᠮᠵᠢᠯᠳᠠ ᠪᠦᠳᠦᠮᠵᠢ ᠶᠢᠨ ᠦᠵᠡᠰᠬᠦᠯᠡᠩ ᠪᠠ ᠠᠷᠠᠳ ᠤᠨ ᠵᠠᠩ ᠦᠢᠯᠨ ᠶᠢᠨ  ᠰᠤᠶᠤᠯ ᠤᠨ ᠦᠵᠡᠰᠬᠦᠯᠡᠩ ᠭᠡᠵᠦ ᠬᠤᠶᠠᠷ ᠭᠡᠰᠡᠭ ᠬᠤᠪᠢᠶᠠᠨ᠎ᠠ᠃ ᠠᠮᠵᠢᠯᠳᠠ ᠪᠦᠳᠦᠮᠵᠢ ᠶᠢᠨ ᠦᠵᠡᠰᠬᠦᠯᠡᠩ ᠳᠤ ᠮᠠᠨ ᠤᠨ ᠬᠤᠰᠢᠭᠤᠨ ᠤ ᠠᠵᠦ ᠠᠬᠤᠢ ᠨᠠᠶᠢᠭᠡᠮ ᠤᠨ ᠬᠦᠭᠵᠢᠯᠳᠡ ᠶᠢᠨ ᠦᠩᠭᠡᠷᠡᠯᠳᠠ᠂ ᠤᠯᠠᠨ ᠡᠰᠢᠵᠢᠭᠰᠡᠨ ᠠᠵᠦ ᠦᠢᠯᠡᠰ ᠤᠨ ᠬᠦᠭᠵᠢᠯᠳᠡ ᠶᠢᠨ ᠤᠳᠤᠬᠢ ᠪᠠᠶᠢᠳᠠᠯ᠂ ᠬᠤᠳᠠ ᠪᠠᠭᠠᠯᠰᠤᠵᠢᠯᠳᠠ ᠶᠢᠨ ᠬᠦᠭᠵᠢᠯᠳᠠ ᠶᠢᠨ ᠠᠬᠢᠴᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠲᠠᠯ᠎ᠠ ᠪᠠᠷ ᠬᠢ ᠠᠭᠤᠯᠭ᠎ᠠ ᠶᠢ ᠭᠤᠤᠯᠳᠠᠯᠭ᠎ᠠ  ᠲᠠᠢ ᠦᠵᠡᠭᠦᠯᠦᠨ᠎ᠠ︔ ᠠᠷᠠᠳ ᠤᠨ ᠵᠠᠩ ᠦᠢᠯᠨ ᠶᠢᠨ ᠰᠤᠶᠤᠯ ᠤᠨ ᠭᠡᠰᠡᠭ ᠲᠤ ᠦᠨᠡᠨ ᠪᠤᠳᠠᠳᠤ ᠦᠵᠡᠮᠵᠢ ᠶᠢ ᠪᠠᠶ᠎ᠠ ᠪᠠᠷ ᠢᠶᠠᠨ ᠤᠶᠢᠯᠠᠭᠠᠵᠦ᠂ ᠤᠨᠴᠠᠯᠢᠭᠳᠤ ᠭᠠᠷ ᠤᠷᠠᠯᠠᠯ ᠤᠨ ᠪᠦᠳᠦᠭᠡᠭᠳᠡᠬᠦᠨ ᠤ ᠦᠵᠡᠭᠦᠯᠦᠯᠭᠡ᠂ ᠪᠠᠭ᠎ᠠ ᠭᠡᠯᠪᠡᠷᠢ ᠶᠢᠨ ᠤᠷᠠᠨ ᠰᠠᠶᠢᠬᠠᠨ ᠤ ᠲᠤᠭᠯᠠᠯᠳᠠ᠂ ᠭᠡᠯᠪᠠᠷᠢ ᠲᠦᠷᠰᠤ ᠲᠠᠢ ᠪᠠᠶᠠᠯᠢᠭ ᠰᠠᠶᠢᠬᠠᠨ ᠰᠤᠶᠤᠯ ᠢ ᠦᠵᠡᠭᠦᠯᠦᠨ᠎ᠠ᠃     ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠲᠠᠷᠤᠭ᠎ᠠ ᠨᠠ ᠰᠢᠶᠤᠤ ᠭᠤᠸᠠᠩ ᠠᠴᠠ ᠦᠵᠡᠰᠬᠦᠯᠡᠩ ᠳᠤ ᠡᠷᠭᠡᠪᠰᠢ ᠤᠯᠤᠰ ᠲᠦᠷᠦᠴᠢ ᠴᠢᠨᠠᠷ ᠢ ᠲᠤᠪᠤᠶᠢᠯᠭᠠᠵᠦ᠂ ᠲᠡᠭᠡᠳᠦ ᠱᠠᠳᠤᠨ ᠤ ᠦᠨᠳᠦᠰᠦᠳᠡᠨ ᠤ ᠵᠦᠪᠯᠡᠯ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠨᠠᠪᠳᠠᠷᠠᠯᠴᠠᠨ ᠵᠤᠯᠭᠠᠭᠤᠯᠬᠤ ᠪᠠᠨ ᠴᠢᠩᠭᠠᠳᠬᠠᠵᠦ᠂ ᠦᠨᠳᠦᠰᠦᠳᠡᠨ ᠤ ᠪᠦᠯᠬᠦᠮᠳᠠᠯ᠂ ᠴᠡᠴᠡᠭᠯᠡᠨ ᠬᠦᠭᠵᠢᠯᠳᠠ ᠶᠢ ᠤᠬᠠᠭᠤᠯᠬᠤ ᠪᠠᠶᠢᠳᠠᠯ ᠢ ᠪᠤᠢ ᠪᠤᠯᠭᠠᠵᠦ᠂ ᠪᠡᠭᠡᠵᠢᠩ  ᠤᠨ ᠦᠵᠡᠰᠬᠦᠯᠡᠩ ᠭᠠᠷᠭᠠᠬᠤ ᠳᠤ ᠤᠷᠤᠯᠴᠠᠬᠤ ᠪᠦᠳᠦᠭᠡᠭᠳᠡᠬᠦᠨ ᠤ ᠪᠤᠭᠤᠮᠳᠠ ᠶᠢ ᠴᠢᠩᠭ᠎ᠠ ᠠᠳᠬᠤᠵᠦ᠂ ᠬᠠᠮᠢᠶ᠎ᠠ ᠪᠦᠬᠦᠢ ᠬᠠᠤᠯᠢ ᠲᠤᠭᠳᠠᠭᠠᠯ ᠤᠨ ᠲᠤᠭᠳᠠᠭᠠᠯ ᠳᠤ ᠨᠠᠶᠢᠴᠠᠬᠦ ᠶᠢ ᠯᠠᠪᠳᠠᠶᠢᠶ᠎ᠠ ᠪᠠᠳᠤᠯᠠᠬᠤ ᠭᠡᠷᠡᠭᠳᠡᠢ ᠭᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠤᠤ ᠢᠤᠢ ᠯᠢᠨ ᠠᠴᠠ ᠦᠵᠡᠰᠬᠦᠯᠡᠩ ᠳᠤ  ᠶᠠᠷᠦᠩᠭᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠬᠢᠯᠢ ᠬᠢᠵᠠᠭᠠᠷ ᠤᠷᠤᠨ ᠤ ᠦᠨᠳᠦᠰᠦᠳᠡᠨ  ᠤ ᠭᠠᠵᠠᠷ ᠤᠷᠤᠨ ᠢ ᠬᠠᠯᠠᠮᠵᠢᠯᠠᠨ ᠬᠠᠷᠠᠭᠠᠯᠵᠠᠵᠦ ᠪᠠᠶᠢᠬᠤ ᠶᠢ ᠬᠦᠢᠴᠠᠳ ᠬᠠᠷᠠᠭᠤᠯᠵᠦ᠂ ᠮᠠᠨ ᠤᠨ ᠬᠤᠰᠢᠭᠤ ᠶᠠᠷᠦᠩᠭᠡᠢ ᠱᠦᠵᠢ ᠰᠢ ᠶᠢᠨ ᠫᠢᠩ ᠤᠨ ︽ᠭᠤᠷᠪᠠᠨ ᠯᠠᠪᠳᠠᠭᠤᠨ ᠪᠠᠳᠤᠳᠠᠢ︾  ᠬᠢᠬᠦ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠬᠦᠮᠳᠠᠨ ᠲᠠᠮᠠᠴᠠᠵᠦ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠦᠷ ᠬᠢᠬᠦ ᠢᠳᠡᠭᠡᠯ ᠵᠤᠷᠢᠭ ᠢ ᠬᠠᠷᠠᠭᠤᠯᠵᠦ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠦ᠂ ᠦᠵᠡᠰᠬᠦᠯᠡᠩ ᠳᠤ ᠭᠠᠷᠭᠠᠬᠤ ᠪᠦᠳᠦᠭᠡᠭᠳᠡᠬᠦᠨ ᠢ ᠬᠢᠨᠠᠨ ᠬᠠᠷᠭᠤᠭᠤᠯᠬᠤ᠂ ᠠᠵᠢᠯᠳᠠᠨ ᠢᠶᠠᠨ ᠬᠠᠮᠢᠶᠠᠷᠬᠤ ᠵᠠᠷᠭᠡ ᠬᠤᠶᠢᠰᠢᠳᠠ ᠶᠢᠨ ᠠᠵᠢᠯ ᠢ ᠰᠠᠶᠢᠳᠦᠷ ᠨᠠᠶᠢᠳᠠᠪᠦᠷᠢᠵᠢᠭᠤᠯᠬᠤ ᠭᠡᠷᠡᠭᠳᠡᠢ ᠭᠡᠵᠠᠢ᠃     ᠬᠤᠷᠠᠯ ᠠᠴᠠ ᠪᠠᠰᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢ ᠠᠵᠢᠯ ᠤᠨ ᠲᠦᠰᠦᠯ ᠢᠶᠠᠨ ᠡᠷᠳᠡᠭᠡᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠯ᠎ᠠ ᠵᠦᠢᠯ ᠤᠨ ᠠᠵᠢᠯ ᠢ ᠲᠦᠷᠭᠡᠳᠭᠡᠨ ᠠᠬᠢᠭᠤᠯᠵᠦ᠂ ᠪᠡᠭᠡᠵᠢᠩ ᠳᠤ ᠭᠠᠷᠭᠠᠬᠤ ᠦᠵᠡᠰᠬᠦᠯᠡᠩ ᠢ ᠲᠤᠭᠳᠠᠭᠰᠠᠨ ᠴᠠᠭ ᠭᠠᠷᠭᠠᠬᠤ ᠶᠢ ᠪᠠᠳᠤᠯᠠᠬᠤ ᠭᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号