ᠮᠠᠨ ᠤ ᠬᠤᠰᠢᠭᠤ ᠭᠠᠴᠠᠭ᠎ᠠ ᠨᠠᠶᠢᠭᠡᠮ ᠲᠤᠭᠤᠷᠢᠭ ᠤᠨ ︽ᠬᠤᠶᠠᠷ ᠵᠦᠪᠯᠠᠯ︾  ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠤᠷᠠᠯ ᠪᠠ ᠰᠤᠩᠭᠤᠭᠤᠯᠢ ᠶᠢᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/5/30
   5 ᠰᠠᠷ᠎ᠠ ᠶᠢᠨ 4   ᠤ ᠡᠳᠦᠷ᠂ ᠮᠠᠨ ᠤᠨ ᠬᠤᠰᠢᠭᠤ ᠭᠠᠴᠠᠭ᠎ᠠ᠂ ᠨᠠᠶᠢᠭᠡᠮ ᠲᠤᠭᠤᠷᠢᠭ ᠤᠨ ︽ᠬᠤᠶᠠᠷ ᠵᠦᠪᠯᠡᠯ ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠤᠷᠠᠯ ᠪᠠ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠤᠤ ᠢᠤᠢ ᠯᠢᠨ ᠬᠤᠷᠠᠯ ᠳᠤ ᠤᠷᠤᠯᠴᠠᠵᠦ ᠪᠦᠬᠦ ᠬᠤᠰᠢᠭᠤᠨ ᠤ ᠭᠠᠴᠠᠭ᠎ᠠ ᠨᠠᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠳᠤ ᠪᠠᠶᠢᠷᠢᠯᠠᠭᠤᠯᠤᠯᠳᠠ ᠲᠤᠬᠢᠷᠠᠭᠤᠯᠤᠯᠳᠠ ᠬᠢᠪᠡ᠃ ᠬᠤᠳᠠ ᠶᠢᠨ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠤᠶᠠᠳᠤᠭᠠᠷ ᠡᠭᠡᠯᠵᠢ ᠶᠢᠨ ᠲᠤᠭᠤᠷᠢᠨ  ᠪᠠᠶᠢᠴᠠᠭᠠᠵᠦ ᠬᠢᠨᠠᠨ ᠵᠢᠯᠤᠭᠤᠳᠬᠤ ᠲᠤᠭᠤᠶᠢᠯᠠᠩ ᠤᠨ ᠲᠠᠷᠤᠭ᠎ᠠ᠂ ᠬᠤᠳᠠ  ᠶᠢᠨ ᠨᠠᠮ ᠤᠨ ᠬᠤᠷᠢᠶᠠᠨ ᠤ ᠬᠦᠳᠡᠭᠡ ᠲᠤᠰᠬᠤᠨ ᠤ ᠠᠵᠢᠯ ᠤᠨ ᠭᠡᠯᠳᠡᠰ ᠤᠨ ᠲᠠᠳ᠋ ᠲᠠᠷᠤᠭ᠎ᠠ ᠶᠠᠩ ᠢᠤᠢ ᠵᠢᠴᠢ ᠬᠢᠨᠠᠨ ᠵᠢᠯᠤᠭᠤᠳᠬᠤ ᠲᠤᠭᠤᠶᠢᠯᠠᠩ ᠤᠨ ᠭᠡᠰᠢᠭᠦᠨ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ᠂ ᠤᠯᠤᠰ ᠲᠦᠷᠦ ᠶᠢᠨ ᠵᠦᠪᠯᠡᠯᠭᠡᠨ  ᠤ ᠲᠠᠷᠢᠭᠦᠯᠡᠭᠴᠢ ᠬᠤᠳᠠᠯᠨ ᠬᠤᠷᠠᠯ ᠡᠷᠬᠢᠯᠡᠪᠡ᠃ ᠪᠦᠬᠦ ᠬᠤᠰᠢᠭᠤᠨ ᠤ ᠭᠠᠴᠠᠭ᠎ᠠ᠂ ᠨᠠᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠵᠢᠭᠠᠨ ᠵᠢᠯᠤᠭᠤᠳᠬᠤ ᠲᠤᠭᠤᠶᠢᠯᠠᠩ ᠤᠨ ᠭᠡᠰᠢᠭᠦᠨ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠪᠠ ᠠᠯᠪᠠᠨ ᠭᠡᠷ ᠤᠨ ᠪᠦᠬᠦ ᠠᠵᠢᠯᠳᠠᠨ᠂ ᠡᠯ᠎ᠠ ᠰᠤᠮᠤ ᠰᠢᠶᠠᠩ ᠪᠠᠯᠭᠠᠰᠤ  ᠶᠢᠨ ᠨᠠᠮ ᠤᠨ ᠬᠤᠷᠢᠶᠠᠨ ᠤ ᠱᠦᠵᠢ᠂ ᠲᠠᠳ᠋ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠠᠷᠠᠳ ᠤᠨ ᠶᠠᠪᠤᠳᠠᠯ ᠢ ᠬᠤᠪᠢᠶ᠋ᠳᠠᠨ ᠬᠠᠮᠶᠠᠷᠴᠤ ᠪᠠᠶᠢᠭ᠎ᠠ ᠵᠠᠰᠠᠭ ᠤᠨ ᠤᠷᠳᠤᠨ ᠤ ᠲᠡᠳ᠋ ᠲᠤᠰᠢᠶᠠᠯᠳᠠᠨ᠂ ᠵᠤᠬᠢᠶᠠᠨ ᠪᠠᠶᠢᠭᠤᠯᠬᠤ ᠭᠡᠰᠢᠭᠦᠨ ᠨᠠᠶᠢᠳᠠ 130 ᠬᠦᠮᠦᠨ ᠬᠤᠷᠠᠯ ᠳᠤ ᠤᠷᠤᠯᠴᠠᠪᠠ᠃    ᠵᠤᠤ ᠢᠤᠢ ᠯᠢᠨ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠺᠠᠳ᠋ᠷᠴᠤᠤᠨ ᠪᠦᠬᠦ ᠪᠠᠶᠢᠳᠠᠯ ᠪᠠ ᠪᠠᠶᠢᠯᠳᠤᠬᠤ ᠪᠤᠳᠤᠯᠭ᠎ᠠ ᠶᠢᠨ ᠦᠨᠳᠤᠷᠴᠨ ᠠᠴᠠ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯ ᠤᠨ ᠴᠢᠬᠤᠯᠨ ᠴᠢᠨᠠᠷ ᠢ ᠬᠦᠨᠵᠡᠭᠡᠢ ᠲᠠᠨᠢᠵᠦ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠦ᠂ ᠡᠯ᠎ᠠ ᠵᠦᠢᠯ ᠤᠨ ᠠᠵᠢᠯ ᠲᠠᠢ ᠪᠠᠨ ᠤᠶᠠᠯᠳᠤᠭᠤᠯᠤᠨ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯ ᠢ ᠲᠦᠯᠬᠢᠨ ᠠᠬᠢᠭᠤᠯᠬᠤ ᠭᠡᠷᠡᠭᠳᠡᠢ᠃    ᠵᠤᠤ ᠢᠤᠢ ᠯᠢᠨ ᠱᠠᠭᠠᠷᠳᠠᠭᠰᠠᠨ ᠨᠢ᠂  ᠦᠵᠡᠯ ᠰᠠᠨᠠᠭᠠᠨ ᠤ ᠲᠠᠨᠢᠯᠳᠠ ᠪᠠ ᠤᠯᠤᠰ ᠲᠦᠷᠦ ᠶᠢᠨ ᠵᠤᠭᠰᠤᠴᠠ  ᠪᠠᠨ ᠲᠡᠭᠡᠭᠰᠢᠯᠡᠭᠦᠯᠵᠦ᠂ ᠬᠤᠭᠤᠴᠠᠭ᠎ᠠ ᠰᠤᠯᠢᠬᠤ ᠠᠵᠢᠯ ᠤᠨ ᠬᠠᠷᠢᠭᠤᠴᠠᠯᠭᠠᠳᠤ ᠰᠠᠳᠬᠢᠯᠭᠡ ᠪᠠ ᠡᠭᠦᠷᠭᠡᠳᠤ ᠰᠠᠳᠬᠢᠯᠭᠡ ᠪᠠᠨ ᠦᠨᠡᠨᠬᠦ ᠴᠢᠩᠭᠠᠳᠬᠬᠤ ᠭᠡᠷᠡᠭᠳᠡᠢ︔ ᠬᠤᠶᠠᠷ ᠲᠤ ᠭᠤᠤᠯᠳᠠᠯᠭ᠎ᠠ ᠲᠠᠢ ᠡᠭᠦᠷᠭᠡ ᠪᠠ ᠵᠠᠩᠬᠢᠯᠠᠭ᠎ᠠ  ᠶᠢᠨ ᠭᠤᠭᠴᠤᠭ᠎ᠠ ᠶᠢ ᠴᠢᠩᠭ᠎ᠠ ᠠᠳᠬᠤᠵᠦ᠂ ᠭᠠᠴᠠᠭ᠎ᠠ᠂ ᠨᠠᠶᠢᠭᠡᠮ‌‍ᠲ᠋ᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠯᠠᠪᠳᠠᠭᠤᠨ ᠪᠠᠳᠤᠳᠠᠢ ᠡᠮᠬᠢ ᠵᠢᠷᠤᠮ ᠲᠠᠢ ᠠᠬᠢᠭᠤᠯᠬᠤ ᠭᠡᠷᠡᠭᠳᠡᠢ︔ ᠭᠤᠷᠪᠠ ᠳᠤ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠦ᠂ ᠬᠤᠭᠤᠴᠠᠭ᠎ᠠ ᠰᠤᠯᠢᠬᠤ ᠠᠵᠢᠯ ᠤᠨ ᠲᠠᠬᠦᠰ ᠠᠮᠵᠢᠯᠳᠠ ᠲᠠᠢ ᠪᠠᠶᠠᠯᠡᠭᠳᠡᠬᠦ ᠶᠢ ᠪᠠᠳᠤᠯᠠᠬᠤ ᠭᠡᠷᠡᠭᠳᠡᠢ᠃    ᠶᠠᠩ ᠢᠤᠢ ᠴᠢᠩᠭᠠᠳᠬᠠᠭᠰᠠᠨ ᠨᠢ᠂ ᠶᠠᠭᠤᠨ ᠤ ᠡᠮᠦᠨ᠎ᠠ ᠤᠯᠤᠰ ᠲᠦᠷᠦ ᠶᠢᠨ ᠬᠠᠷᠢᠭᠤᠴᠠᠯᠭᠠᠳᠤ ᠰᠠᠳᠬᠢᠯᠭᠡ  ᠪᠠᠨ ᠦᠨᠡᠨᠬᠦ ᠴᠢᠩᠭᠠᠳᠬᠠᠬᠤ ᠭᠡᠷᠡᠭᠳᠡᠢ︔ ᠬᠤᠶᠠᠷ ᠲᠤ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠭᠡᠷᠡᠭᠳᠡᠢ︔ ᠭᠤᠷᠪᠠ ᠳᠤ ᠬᠠᠤᠯᠢ ᠲᠤᠭᠳᠠᠭᠠᠯ ᠶᠤᠰᠤᠭᠠᠷ ᠠᠵᠢᠯ ᠢᠶᠠᠨ ᠰᠠᠶᠢᠳᠦᠷ ᠦᠷᠨᠢᠭᠦᠯᠬᠦ ᠭᠡᠷᠡᠭᠳᠡᠢ︔ ᠲᠦᠷᠪᠡ ᠳᠤ ᠠᠷᠢᠭᠤᠨ ᠴᠢᠭᠡᠴᠢ ᠲᠦᠪ ᠭᠤᠤᠯᠴᠢ ᠬᠤᠭᠤᠴᠠᠭ᠎ᠠ ᠰᠤᠯᠢᠬᠤ ᠤᠷᠴᠢᠨ ᠢ ᠪᠤᠢ ᠪᠤᠯᠭᠠᠬᠤ ᠭᠡᠷᠡᠭᠳᠡᠢ᠃   ᠬᠤᠷᠠᠯ ᠲᠡᠭᠡᠷ᠎ᠠ᠂ ᠬᠤᠳᠠᠯᠨ ᠠᠴᠠ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠦᠰᠦᠯ ᠳᠤ ᠲᠤᠳᠤᠷᠬᠠᠶᠢᠯᠠᠯᠳᠠ ᠬᠢᠬᠦ ᠶᠢᠨ ᠬᠠᠮᠳᠤ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃   ᠭᠠᠴᠠᠭ᠎ᠠ᠂ ᠨᠠᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠤᠷᠠᠯ ᠲᠡᠭᠦᠰᠦᠭᠰᠡᠨ ᠤ ᠲᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠲᠠᠳ᠋ ᠲᠠᠷᠤᠭ᠎ᠠ ᠰᠠᠷᠠᠭᠤᠯ᠂ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠠᠯᠪᠠᠨ ᠭᠡᠷ ᠤᠨ ᠡᠷᠭᠢᠯᠡᠭᠴᠢ ᠬᠠᠰᠪᠠᠭᠠᠨ᠎ᠠ ᠬᠤᠭᠤᠴᠠᠭ᠎ᠠ ᠰᠤᠯᠢᠬᠤ ᠠᠵᠢᠯ ᠤᠨ ᠲᠤᠬᠠᠢ ᠲᠤᠰᠬᠠᠢ ᠰᠠᠳᠤᠪᠳᠤ ᠪᠤᠯᠪᠠᠰᠤᠷᠠᠯ ᠤᠨ ᠬᠢᠴᠢᠶᠠᠯ ᠤᠷᠤᠪᠠ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号