ᠦᠪᠠᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠲᠤᠭᠤᠶᠢᠯᠠᠩ ᠮᠠᠨ ᠤ ᠬᠤᠰᠢᠭᠤᠨ ᠳᠤ ᠢᠷᠠᠵᠦ ᠦᠨᠳᠦᠰᠦᠳᠡᠨ ᠤ ᠬᠤᠪᠴᠠᠰᠤ ᠵᠠᠰᠠᠯ ᠤᠨ ᠦᠢᠯᠡᠰ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2018/5/30
   5 ᠰᠠᠷ᠎ᠠ ᠶᠢᠨ 16 ᠤ ᠡᠳᠦᠷ᠂ ᠦᠪᠠᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ  ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠠᠳ᠋ ᠲᠠᠷᠢᠬᠦᠯᠡᠭᠴᠢ ᠴᠡᠴᠡᠭ ᠨᠠᠷ ᠮᠠᠨ ᠤ ᠬᠤᠰᠢᠭᠤᠨ ᠤ ᠬᠤᠪᠴᠠᠰᠤ ᠵᠠᠰᠠᠯ ᠤᠨ ᠬᠦᠭᠵᠢᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠦ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠠᠳ᠋ ᠲᠡᠷᠢᠭᠦᠯᠡᠭᠴᠢ ᠯᠢ ᠸᠧᠢ ᠳ᠋ᠦᠩ᠂ ᠬᠤᠳᠠ ᠶᠢᠨ ᠡᠮᠡᠭᠳᠡᠶᠢᠴᠤᠤᠨ ᠤᠨ ᠬᠤᠯᠪᠤᠭ᠎ᠠ  ᠶᠢᠨ ᠲᠡᠷᠢᠭᠦᠯᠡᠭᠴᠢ ᠯᠢᠦ ᠢᠤᠢ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ  ᠲᠠᠳ᠋ ᠲᠠᠷᠤᠭ᠎ᠠ ᠯᠢᠶᠠᠩ ᠶᠦᠩ ᠰᠠᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠠᠳ᠋ ᠲᠡᠷᠢᠭᠦᠯᠡᠭᠴᠢ ᠬᠤᠸᠠ ᠶᠢᠩ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠠ ᠶᠢᠨ ᠬᠠᠷᠢᠭᠤᠴᠠᠯᠭᠠᠳᠠᠨ ᠨᠠᠷ ᠬᠠᠮᠳᠤᠪᠠᠷ ᠪᠠᠶᠢᠴᠠᠭᠠᠨ ᠰᠤᠳᠤᠯᠤᠯᠳᠠ ᠬᠢᠪᠡ᠃     ᠴᠡᠴᠡᠭ ᠨᠠᠷ ᠬᠤᠰᠢᠭᠤᠨ ᠤ ᠦᠨᠳᠦᠰᠦᠳᠡᠨ ᠤ ᠰᠤᠶᠤᠯ ᠦᠢᠯᠡᠰ ᠤᠨ ᠦᠢᠯᠡᠰ ᠪᠤᠰᠬᠠᠯᠳᠠ ᠶᠢᠨ ᠬᠦᠷᠢᠶᠠᠯᠠᠩ  ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠪᠠ ᠬᠦᠭᠵᠢᠯᠳᠠ ᠶᠢᠨ ᠪᠠᠶᠢᠳᠠᠯ ᠢ ᠨᠠᠷᠢᠨ ᠤᠶᠢᠯᠠᠭᠠᠵᠦ᠂ ᠤᠷᠠᠨ᠂ ᠠ ᠲᠤᠶᠠᠭ᠎ᠠ᠂ ᠰᠠᠷᠠᠨᠴᠠᠴᠡᠭ᠂ ᠲᠤᠳᠢ᠂ ᠰᠢᠨ ᠶᠢᠨ ᠯᠢᠶᠠᠩ ᠵᠠᠷᠭᠡ ᠭᠡᠳᠦᠨ ᠦᠨᠳᠦᠰᠦᠳᠡᠨ ᠤ ᠭᠠᠷ ᠤᠷᠠᠯᠢᠭᠴᠢᠳ ᠤᠨ ᠲᠡᠯᠭᠡᠬᠦᠷ ᠢᠶᠠᠷ ᠲᠤᠭᠤᠷᠢᠵᠦ᠂ ᠦᠨᠳᠦᠰᠦᠳᠡᠨ ᠤ ᠬᠤᠪᠴᠠᠰᠤ ᠵᠠᠰᠠᠯ ᠬᠢᠬᠦ ᠮᠠᠲ᠋ᠧᠷᠢᠶᠠᠯ᠂ ᠬᠤᠪᠴᠠᠰᠤ ᠵᠠᠰᠠᠯ ᠤᠶᠤᠵᠦ ᠪᠠᠶᠢᠬᠤ ᠭᠡᠮᠵᠢᠶ᠎ᠠ ᠪᠠ ᠪᠤᠷᠤᠯᠠᠭᠤᠯᠭ᠎ᠠ ᠶᠢᠨ ᠲᠤᠬᠠᠢ ᠨᠠᠷᠢᠨ ᠤᠶᠢᠯᠠᠭᠠᠭᠰᠠᠨ ᠪᠠᠶᠢᠨ᠎ᠠ᠃     ᠯᠢᠶᠠᠩ ᠶᠦᠩ ᠰᠠᠨ ᠠᠴᠠ ᠮᠠᠨ ᠤ ᠬᠤᠰᠢᠭᠤᠨ ᠤ ᠦᠨᠳᠦᠰᠦᠳᠡᠨ ᠤ ᠬᠤᠪᠴᠠᠰᠤ ᠵᠠᠰᠠᠯ ᠤᠨ ᠤᠳᠤᠬᠢ ᠪᠠᠶᠢᠳᠠᠯ᠂ ᠦᠨᠳᠦᠰᠦᠳᠡᠨ ᠤ ᠬᠤᠪᠴᠠᠰᠤ ᠵᠠᠰᠠᠯ ᠤᠨ ᠠᠵᠦ ᠦᠢᠯᠡᠰ ᠢ ᠬᠦᠨᠵᠡᠭᠡᠶᠢᠷᠡᠨ ᠬᠦᠭᠵᠢᠭᠦᠯᠵᠦ ᠪᠠᠶᠢᠬᠤ ᠰᠠᠭᠤᠷᠢ ᠪᠠ ᠠᠬᠤᠢ ᠪᠠᠶᠢᠳᠠᠯ ᠵᠢᠴᠢ ᠦᠨᠳᠦᠰᠦᠳᠡᠨ ᠤ ᠬᠤᠪᠴᠠᠰᠤ ᠵᠠᠰᠠᠯ ᠤᠨ ᠬᠤᠶᠢᠰᠢᠳᠠ ᠶᠢᠨ ᠬᠦᠭᠵᠢᠭᠦᠯᠦᠯᠳᠠ  ᠶᠢᠨ ᠴᠢᠭᠯᠡᠯ ᠤᠨ ᠲᠤᠬᠠᠢ ᠲᠠᠨᠢᠯᠴᠠᠭᠤᠯᠭ᠎ᠠ ᠬᠢᠪᠡ᠃     ᠪᠠᠶᠢᠴᠠᠭᠠᠨ ᠰᠤᠳᠤᠯᠬᠤ ᠲᠤᠭᠤᠶᠢᠯᠠᠩ ᠨᠢ ᠮᠠᠨ ᠤᠨ ᠬᠤᠰᠢᠭᠤᠨ ᠤ ᠡᠯᠪᠡ ᠪᠠᠶᠠᠯᠢᠭ ᠠᠭᠤᠯᠭ᠎ᠠ ᠪᠠ ᠦᠨᠳᠦᠰᠦᠳᠡᠨ ᠤ ᠰᠤᠶᠤᠯ ᠤᠨ ᠡᠯᠧᠮᠧᠨ᠋ᠲ ᠳᠤ ᠬᠦᠨ ᠵᠤᠵᠠᠭᠠᠨ ᠤᠷᠮ᠎ᠠ ᠪᠠᠬ᠎ᠠ ᠲᠠᠢ ᠪᠠᠶᠢᠬᠤ ᠪᠠᠨ ᠢᠯᠠᠳᠭᠡᠵᠦ᠂ ᠡᠸ᠋ᠨᠩᠬᠢ ᠬᠤᠰᠢᠭᠤᠨ ᠤ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠢᠨ ᠤ ᠰᠤᠶᠤᠯ ᠤᠷᠠᠯᠢᠭᠴᠢᠨ ᠪᠠ ᠡᠮᠡᠭᠳᠠᠶᠢᠴᠤᠤᠨ ᠤᠨ ᠦᠨᠳᠦᠰᠦᠳᠠᠨ ᠤᠨ ᠰᠤᠶᠤᠯ ᠤᠨ ᠵᠤᠷᠢᠭ ᠰᠠᠨᠠᠭ᠎ᠠ ᠪᠠᠨ ᠬᠠᠳᠠᠭᠠᠯᠠᠵᠦ᠂ ᠦᠨᠳᠦᠰᠦᠳᠡᠨ ᠤ ᠰᠤᠶᠤᠯ ᠤᠨ ᠠᠭᠤᠯᠬᠤᠨ ᠢ ᠤᠯᠠᠮᠵᠢᠯᠠᠨ ᠵᠠᠯᠭᠠᠮᠵᠢᠯᠠᠬᠤ ᠵᠤᠷᠢᠭ ᠰᠠᠨᠠᠭ᠎ᠠ ᠶᠢ ᠮᠠᠭᠳᠠᠨ ᠰᠠᠶᠢᠰᠢᠶᠠᠵᠦ᠂ ᠡᠮᠡᠭᠳᠠᠶᠢᠴᠤᠤᠨ ᠤᠨ ᠬᠤᠯᠪᠤᠭ᠎ᠠ ᠠᠴᠠ ᠡᠮᠡᠭᠳᠠᠶᠢᠴᠤᠤᠨ ᠤᠨ ᠦᠢᠯᠡᠰ ᠪᠤᠰᠬᠠᠬᠤ ᠳᠤ  ᠲᠡᠮᠵᠢᠯᠭᠡ᠂ ᠵᠢᠯᠤᠭᠤᠳᠤᠯᠭ᠎ᠠ ᠂ ᠦᠢᠯᠡᠴᠢᠯᠡᠭᠡᠨ ᠬᠠᠩᠭᠠᠵᠦ ᠪᠠᠶᠢᠭ᠎ᠠ ᠪᠠ ᠡᠮᠡᠭᠳᠠᠶᠢᠴᠤᠤᠨ ᠤᠨ ᠵᠤᠬᠢᠶᠠᠨ ᠪᠠᠶᠢᠭᠤᠯᠤᠯᠳᠠ ᠠᠴᠠ ᠲᠤᠮᠳᠠᠳᠤ ᠤᠯᠤᠰ  ᠤᠨ ᠡᠮᠡᠭᠳᠠᠶᠢᠴᠤᠤᠨ ᠤᠨ ᠬᠦᠭᠵᠢᠭᠦᠯᠦᠯᠳᠠ ᠶᠢᠨ ᠰᠠᠭᠤᠷᠢ ᠮᠦᠩᠬᠦᠨ ᠤ ᠨᠠᠶᠢᠭᠡᠮᠯᠢᠭ ᠤᠨ ᠡᠭᠡᠴᠤᠤᠯ ᠤᠨ ᠦᠢᠯᠡᠰ ᠪᠤᠰᠬᠠᠯᠳᠠ ᠶᠢᠨ ᠡᠷᠬᠢᠯᠳᠠᠳᠤ ᠪᠠᠯᠨ ᠮᠦᠩᠬᠦ ᠶᠢᠨ ᠲᠦᠷᠦᠯ ᠵᠦᠢᠯ ᠢᠶᠠᠷ ᠡᠮᠡᠭᠳᠠᠶᠢᠴᠤᠤᠨ ᠤᠨ ᠦᠨᠳᠦᠰᠦᠳᠡᠨ ᠤ ᠭᠠᠷ ᠤᠷᠠᠯᠠᠯ ᠢ ᠬᠦᠭᠵᠢᠭᠦᠯᠬᠦ᠂ ᠬᠤᠪᠴᠠᠰᠤ ᠵᠠᠰᠠᠯ ᠤᠶᠤᠬᠤ ᠠᠵᠢᠯ ᠢ ᠲᠡᠮᠵᠢᠵᠦ ᠪᠠᠶᠢᠭ᠎ᠠ ᠪᠠᠶᠢᠳᠠᠯ ᠢ ᠬᠦᠢᠴᠠᠳ ᠨᠤᠳᠠᠯᠠᠵᠦ ᠪᠠᠶᠢᠬᠤ ᠪᠠᠨ ᠢᠯᠡᠳᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号