ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2017 ᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢ ᠬᠢᠨᠠᠨ ᠰᠢᠯᠭᠠᠭᠰᠠᠨ ᠦᠷ᠎ᠡ ᠳ᠋ᠥᠩ ᠤᠨ ᠲᠣᠬᠠᠢ ᠮᠡᠳᠡᠭᠡᠯᠡᠯ
ᠨᠡᠶᠢᠲᠡᠯᠡᠭᠰᠡᠨ ᠴᠠᠭ᠄
2018-05-04
                  ᠡᠸ᠋ᠨᠩᠬᠢ ᠵᠠᠰᠠᠭ ᠠᠯᠪᠠᠨ ᠦᠰᠦᠭᠲᠦ ﹇2018﹈ 31 ᠳ᠋ᠣᠭᠡᠷ ᠲᠤᠭᠠᠳᠤ                                                                                                                                 ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄    ︽ᠡᠸ᠋ᠨᠩᠬᠢ ᠬᠤᠰᠢᠭᠤᠨ ᠤ 2017 ᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠦᠲᠦᠭᠡᠨ ᠪᠠᠶᠢᠭᠤᠯᠬᠤ ᠠᠵᠢᠯ ᠤᠨ ᠲᠦᠯᠦᠪᠯᠡᠭᠡ︾ ᠵᠢᠴᠢ ︽ 2017 ᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ  ᠤ ᠪᠦᠲᠦᠭᠡᠨ ᠪᠠᠶᠢᠭᠤᠯᠣᠯᠲᠠ ᠶᠢ ᠰᠢᠯᠭᠠᠨ ᠦᠨᠡᠯᠡᠬᠦ ᠠᠵᠢᠯ ᠢ ᠦᠷᠨᠢᠬᠦᠯᠬᠦ ᠲᠣᠬᠠᠢ ᠮᠡᠳᠡᠭᠳᠡᠯ︾ ᠤᠨ ᠱᠠᠭᠠᠷᠳᠠᠯᠭ᠎ᠠ  ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠶᠣᠰᠣᠭᠠᠷ ᠵᠠᠰᠠᠭ ᠶᠠᠪᠣᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠬᠤᠰᠢᠭᠤᠨ ᠤ ᠣᠷᠣᠨ ᠲᠣᠭᠠᠨ ᠤ ᠠᠯᠪᠠᠨ ᠭᠡᠷ᠂ ᠵᠠᠬᠢᠳᠠᠯ ᠰᠣᠷᠪᠣᠯᠵᠢᠯᠠᠯ᠂ ᠮᠡᠳᠡᠭᠡ ᠵᠠᠩᠬᠢ ᠶᠢᠨ ᠲᠦᠪ᠂ ᠬᠦᠭᠵᠢᠬᠦᠯᠦᠯᠲᠡ ᠦᠭᠡᠷᠡᠴᠢᠯᠡᠯᠲᠡ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠬᠠᠣᠯᠢ ᠴᠠᠭᠠᠵᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠠᠢᠮᠠᠨ ᠰᠠᠯᠠᠭ᠎ᠠ ᠮᠦᠴᠢᠷ ᠲᠠᠢ ᠬᠠᠮᠳᠣᠷᠠᠨ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠠᠵᠢᠯ ᠤᠨ ᠪᠠᠶᠢᠳᠠᠯ ᠳᠤ ᠰᠢᠯᠭᠠᠨ ᠦᠨᠡᠯᠡᠯᠲᠡ ᠬᠢᠪᠡ᠂ ᠰᠢᠯᠭᠠᠨ ᠦᠨᠡᠯᠡᠭᠰᠡᠨ ᠦᠷ᠎ᠡ ᠳ᠋ᠦᠩ ᠢᠶᠠᠨ ᠦᠨᠳᠦᠰᠦᠯᠡᠨ᠂ ᠡᠩ ᠤᠨ ᠦᠶ᠎ᠡ ᠶᠢᠨ ᠤᠶᠢᠯᠠᠭᠠᠨ ᠡᠵᠡᠮᠰᠢᠭᠰᠡᠨ ᠪᠠᠶᠢᠳᠠᠯ ᠲᠠᠢ ᠪᠠᠨ ᠣᠶᠠᠯᠳᠣᠭᠤᠯᠵᠣ ᠳᠣᠣᠷᠠᠬᠢ ᠮᠡᠲᠦ ᠮᠡᠳᠡᠭᠡᠯᠡᠪᠡ᠄   1. ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ    ︵ᠨᠢᠬᠡ︶ ᠬᠠᠣᠯᠢ ᠳᠦᠷᠢᠮ ᠤᠨ ᠪᠠᠶᠢᠭᠤᠯᠣᠮᠵᠢ ᠶᠢᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠴᠢᠩᠭᠠᠳᠬᠠᠪᠠ ᠃ ᠨᠠᠮ ᠵᠠᠰᠠᠭ ᠤᠨ ᠨᠢᠬᠡᠳᠦᠭᠡᠷ ᠬᠠᠷᠢᠭᠤᠴᠠᠯᠭᠠᠳᠠᠨ ᠤ ᠡᠬᠦᠷᠭᠡ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ᠪᠦᠬᠦ ᠬᠤᠰᠢᠭᠤᠨ ᠤ ᠬᠠᠣᠯᠢ ᠶᠣᠰᠣᠭᠠᠷ ᠵᠠᠰᠠᠭ ᠶᠠᠪᠣᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠪᠠ᠃ ᠡᠯ᠎ᠡ ᠰᠠᠯᠠᠭ᠎ᠠ ᠮᠦᠴᠢᠷ ᠤᠨ ᠬᠠᠣᠯᠢ ᠶᠣᠰᠣᠭᠠᠷ ᠵᠠᠰᠠᠭ ᠶᠠᠪᠣᠭᠤᠯᠬᠤ ᠵᠣᠬᠢᠶᠠᠨ ᠪᠠᠶᠢᠭᠤᠯᠣᠯᠲᠠ  ᠶᠢᠨ ᠪᠠᠶᠢᠭᠤᠯᠣᠮᠵᠢ ᠶᠢ ᠪᠠᠶᠢᠭᠤᠯᠣᠨ ᠪᠦᠷᠢᠨᠰᠢᠬᠦᠯᠵᠦ᠂ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠠ ᠬᠠᠣᠯᠢ ᠳᠦᠷᠢᠮ ᠤᠨ ᠬᠠᠷᠢᠯᠴᠠᠭᠴᠢ ᠶᠢ ᠨᠠᠶᠢᠳᠠᠪᠣᠷᠢᠵᠢᠭᠤᠯᠪᠠ᠃ ᠬᠦᠢᠴᠡᠳᠬᠡᠯ ᠲᠤᠭ᠎ᠠ ᠶᠢᠨ ᠲᠣᠭᠲᠠᠯᠴᠠᠭ᠎ᠠ᠂ ᠬᠡᠷᠡᠭᠵᠢᠬᠦᠯᠬᠦ ᠲᠦᠰᠦᠯ᠂ ᠠᠵᠢᠯ ᠤᠨ ᠲᠦᠯᠦᠪᠯᠡᠭᠡ ᠲᠣᠭᠲᠠᠭᠠᠵᠣ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠣ᠂ ᠠᠵᠢᠯ ᠤᠨ ᠡᠬᠦᠷᠭᠡ ᠶᠢ ᠬᠤᠪᠢᠶᠠᠷᠢᠯᠠᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠪᠠ᠃ ᠣᠳᠣᠷᠢᠳᠬᠤ ᠺᠠᠳ᠋ᠷᠴᠣᠳ  ᠤᠨ ᠬᠠᠣᠯᠢ ᠰᠣᠷᠬᠤ ᠳᠦᠷᠢᠮ ᠪᠠ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ ᠶᠢ ᠲᠦᠪᠯᠡᠷᠡᠭᠦᠯᠦᠨ ᠪᠣᠯᠪᠠᠰᠣᠷᠠᠭᠤᠯᠬᠤ ᠳᠦᠷᠢᠮ ᠢ ᠳᠡᠬᠦᠯᠳᠡᠷᠵᠢᠬᠦᠯᠪᠡ᠃ ︽ᠮᠢᠩᠭᠠᠨ ᠬᠠᠣᠯᠢ ᠬᠡᠷᠡᠭᠵᠢᠬᠦᠯᠬᠦ ᠪᠠᠶᠢᠭᠤᠯᠭ᠎ᠠ ᠨᠢᠬᠡᠴᠡ ᠶᠢᠨ ᠮᠡᠳᠡᠯᠬᠡ ᠶᠢᠨ ᠣᠷᠣᠯᠳᠣᠭᠠᠨ︾ ᠤ ᠠᠵᠢᠯᠯᠠᠭ᠎ᠠ ᠶᠢ ᠢᠳᠡᠪᠬᠢᠲᠡᠢ ᠦᠷᠨᠢᠬᠦᠯᠪᠡ᠃ ᠡᠯ᠎ᠡ ᠰᠠᠯᠠᠭ᠎ᠠ ᠮᠦᠴᠢᠷ ᠤᠳ ᠤᠨ ᠬᠠᠣᠯᠢ ᠳᠦᠷᠢᠮ ᠤᠨ ᠪᠠᠶᠢᠭᠤᠯᠣᠮᠵᠢ ᠶᠢᠨ ᠪᠠᠶᠢᠭᠤᠯᠣᠯᠲᠠ ᠶᠢ ᠪᠦᠲᠦᠮᠵᠢᠲᠠᠢ ᠴᠢᠩᠭᠠᠳᠬᠠᠪᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠡᠬᠦᠷᠭᠡ ᠶᠢ ᠬᠦᠨᠳᠦ ᠡᠬᠦᠷᠭᠡᠯᠡᠵᠦ ᠪᠠᠶᠢᠭ᠎ᠠ 8 ᠰᠠᠯᠠᠭ᠎ᠠ ᠮᠦᠴᠢᠷ ᠲᠣᠰᠬᠠᠢ ᠬᠠᠣᠯᠢ ᠳᠦᠷᠢᠮ  ᠤᠨ ᠲᠠᠰᠤᠭ ᠪᠠᠶᠢᠭᠤᠯᠵᠣ᠂ ᠲᠣᠰᠬᠠᠢ ᠲᠣᠰᠢᠶᠠᠯ ᠲᠠᠢ ᠬᠠᠣᠯᠢ ᠳᠦᠷᠢᠮ ᠤᠨ ᠠᠵᠢᠯᠳᠠᠨ ᠢ ᠲᠣᠬᠢᠷᠠᠭᠤᠯᠣᠨ᠂ ᠪᠣᠰᠣᠳ ᠰᠠᠯᠠᠭ᠎ᠠ ᠮᠦᠴᠢᠷ ᠤᠨ ᠬᠠᠣᠯᠢ ᠳᠦᠷᠢᠮ ᠤᠨ ᠪᠠᠶᠢᠭᠤᠯᠣᠮᠵᠢ ᠤᠳ ᠠᠳᠠᠭ ᠪᠠᠭ᠎ᠠ ᠳᠠᠭᠠᠨ ᠨᠢᠬᠡ ᠲᠣᠰᠬᠠᠢ ︵ᠬᠠᠪᠰᠣᠷᠭᠠᠭᠰᠠᠨ︶ ᠲᠣᠰᠢᠶᠠᠯ ᠲᠠᠢ ᠠᠵᠢᠯᠳᠠᠨ ᠢ ᠲᠣᠬᠢᠷᠠᠭᠤᠯᠪᠠ᠃    ︵ᠬᠤᠶᠠᠷ︶ ᠬᠠᠣᠯᠢ ᠶᠣᠰᠣᠭᠠᠷ ᠵᠠᠰᠠᠭ ᠶᠠᠪᠣᠭᠤᠯᠬᠤ ᠳᠦᠷᠢᠮ ᠤᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠴᠢᠩᠭᠠᠳᠬᠠᠪᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠮᠢᠶ᠎ᠠ ᠪᠦᠬᠦᠢ ᠵᠢᠷᠭᠤᠭᠠᠨ ᠵᠦᠢᠯ ᠤᠨ ᠳᠦᠷᠢᠮ ᠢ ᠳᠠᠷᠣᠮᠠᠯᠯᠠᠨ ᠲᠠᠷᠬᠠᠭᠠᠪᠠ᠃ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ︽ᠭᠤᠷᠪᠠ  ᠶᠢ ᠨᠢᠬᠡᠳᠦᠯᠳᠡᠢ ᠪᠠᠶᠢᠯᠭᠠᠬᠤ︾ ᠳᠦᠷᠢᠮ ᠢ ᠴᠢᠩᠭ᠎ᠠ ᠨᠠᠶᠢᠳᠠᠪᠣᠷᠢᠵᠢᠭᠤᠯᠪᠠ᠃ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠨ ᠴᠡᠭᠴᠡᠯᠡᠪᠡ᠃ ᠡᠮᠬᠢᠳᠬᠡᠨ ᠴᠡᠭᠴᠡᠯᠡᠬᠦ ᠪᠠᠷ ᠳᠠᠮᠵᠢᠭᠠᠳ᠂ ᠦᠷᠬᠦᠯᠵᠢᠯᠡᠨ ᠬᠦᠴᠦᠨ ᠲᠠᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ 14 ᠬᠤᠪᠢ᠂ ᠬᠦᠴᠦᠨ ᠦᠭᠡᠢ ᠪᠣᠯᠭᠠᠭᠰᠠᠨ ᠨᠢ 9 ᠬᠤᠪᠢ᠂ ᠵᠠᠰᠠᠪᠣᠷᠢ ᠣᠷᠣᠭᠤᠯᠣᠨ ᠳᠠᠬᠢᠨ ᠨᠡᠶᠢᠳᠡᠯᠡᠬᠦ ᠪᠠᠷ ᠪᠠᠶᠢᠭ᠎ᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ 6 ᠬᠤᠪᠢ ᠪᠣᠢ ᠬᠡᠵᠦ ᠡᠮᠬᠢᠳᠬᠡᠭᠰᠡᠨ ᠦᠷ᠎ᠡ ᠳ᠋ᠦᠩ ᠢ ᠨᠡᠶᠢᠲᠡᠯᠡᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠬᠠᠮᠢᠶ᠎ᠠ ᠪᠦᠬᠦᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠰᠬᠠᠶᠢᠯᠠᠨ ᠡᠮᠬᠢᠳᠬᠡᠵᠦ᠂ ᠨᠢᠬᠡ ᠬᠤᠪᠢ ᠪᠢᠴᠢᠭ ᠮᠠᠲᠷᠢᠶᠠᠯ ᠢ ᠬᠦᠴᠦᠨ ᠦᠭᠡᠢ ᠪᠣᠯᠭᠠᠪᠠ᠃ 2017 ᠣᠨ ᠳᠤ᠂ ᠪᠦᠬᠦ ᠬᠤᠰᠢᠭᠤᠨ ᠤ ᠡᠯ᠎ᠡ ᠲᠦᠷᠦᠯ ᠤᠨ ᠬᠡᠷ᠎ᠡ ᠬᠡᠯᠡᠯᠴᠡᠭᠡᠷ ᠢ 55 ᠬᠤᠪᠢ ᠬᠢᠨᠠᠨ ᠪᠠᠶᠢᠴᠠᠭᠠᠵᠣ᠂ 180 ᠵᠣᠷᠪᠣᠰ ᠬᠢᠨᠠᠨ ᠪᠠᠶᠢᠴᠠᠭᠠᠬᠤ ᠰᠠᠨᠠᠯ ᠳᠣᠷᠠᠳᠪᠠ᠃ ︽ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠵᠠᠰᠠᠭ ᠨᠢᠬᠡ ᠴᠣᠭᠴᠠᠵᠢᠭᠰᠠᠨ ᠬᠠᠣᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠬᠡᠷᠡᠭᠵᠢᠬᠦᠯᠬᠦ ᠰᠠᠨᠠᠯ︾ ᠲᠣᠭᠲᠠᠭᠠᠵᠣ᠂ ᠬᠠᠣᠯᠢ ᠴᠠᠭᠠᠵᠠ ᠶᠢᠨ ᠵᠦᠪᠯᠡᠭᠴᠢ ᠶᠢᠨ ᠴᠢᠳᠠᠪᠣᠷᠢᠲᠠᠨ ᠤ ᠬᠦᠮᠦᠷᠭᠡ ᠶᠢ ᠰᠢᠨᠡᠴᠢᠯᠡᠪᠡ᠃ ᠪᠦᠬᠦ ᠬᠤᠰᠢᠭᠤᠨ ᠤ 10 ᠰᠣᠮᠣ ᠰᠢᠶᠠᠩ ᠪᠠᠯᠭᠠᠰᠣ᠂ 28 ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠤᠨ 7 ᠰᠣᠮᠣ ᠰᠢᠶᠠᠩ ᠪᠠᠯᠭᠠᠰᠣ᠂ 17 ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠨᠢ ᠬᠠᠣᠯᠢ ᠴᠠᠭᠠᠵᠠ ᠶᠢᠨ ᠵᠦᠪᠯᠡᠭᠴᠢ ᠶᠢᠨ ᠬᠡᠷ᠎ᠡ ᠳᠣᠭᠲᠠᠪᠠ᠃ ᠨᠡᠶᠢᠲᠡ 28 ᠬᠠᠣᠯᠢ ᠴᠠᠭᠠᠵᠠ ᠶᠢᠨ ᠵᠦᠪᠯᠡᠭᠴᠢ ᠶᠢ ᠣᠷᠢᠵᠣ᠂ ᠬᠠᠣᠯᠢ ᠴᠠᠭᠠᠵᠠ ᠶᠢᠨ ᠵᠦᠪᠯᠡᠭᠴᠢ ᠶᠢᠨ ᠦᠢᠯᠡᠴᠢᠯᠡᠬᠡᠨ ᠤ ᠵᠠᠷᠣᠳᠠᠯ   ᠢ ᠨᠡᠶᠢᠲᠡ 36.5 ᠲᠦᠮᠡᠨ ᠲᠦᠭᠦᠷᠢᠭ ᠰᠠᠯᠭᠠᠨ ᠦᠭᠪᠡ᠃    ︵ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠲᠦᠪᠰᠢᠨ ᠢ ᠠᠯᠬᠤᠮ ᠴᠢᠨᠠᠭᠰᠢᠲᠠ ᠳᠡᠭᠡᠭᠰᠢᠯᠡᠭᠦᠯᠪᠡ ᠃ ᠪᠦᠬᠦ ᠬᠤᠰᠢᠭᠤᠨ ᠤ 29 ᠬᠠᠣᠯᠢ ᠬᠡᠷᠡᠭᠵᠢᠬᠦᠯᠬᠦ ᠰᠠᠨᠠᠭ᠎ᠠ ᠮᠦᠴᠢᠷ ᠤᠨ ᠬᠠᠣᠯᠢ ᠬᠡᠷᠡᠭᠵᠢᠬᠦᠯᠦᠭᠰᠡᠨ ᠪᠠᠶᠢᠳᠠᠯ ᠢ ᠪᠦᠷᠢᠳᠬᠡᠨ ᠵᠠᠳᠠᠯᠣᠯᠲᠠ ᠬᠢᠵᠦ᠂ ᠮᠡᠳᠡᠬᠦᠯᠦᠯᠲᠡ ᠪᠣᠯᠭᠠᠪᠠ᠃ 2017 ᠣᠨ ᠳᠤ ᠨᠡᠶᠢᠲᠡ 160 ᠬᠡᠷᠡᠭ ᠲᠤ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯᠲᠡ ᠬᠢᠵᠦ ᠳᠠᠩᠰᠠᠯᠠᠨ ᠳᠡᠮᠳᠡᠭᠯᠡᠪᠡ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ ᠲᠦᠰᠦᠯ᠂ ᠬᠠᠣᠯᠢ ᠬᠡᠷᠡᠭᠵᠢᠬᠦᠯᠦᠭᠴᠢ ᠶᠢ ᠡᠩ ᠤᠨ ᠦᠶ᠎ᠡ ᠳᠤ ᠬᠢᠨᠠᠨ ᠰᠢᠯᠭᠠᠬᠤ ᠳᠦᠷᠢᠮ ᠢ ᠳᠠᠷᠣᠮᠠᠯᠯᠠᠨ ᠲᠠᠷᠬᠠᠭᠠᠪᠠ᠃ ᠡᠯ᠎ᠡ ᠰᠠᠯᠠᠭ᠎ᠠ ᠮᠦᠴᠢᠷ ᠤᠳ ᠲᠦᠰᠦᠯ ᠤᠨ ᠱᠠᠭᠠᠷᠳᠠᠯᠭ᠎ᠠ ᠶᠣᠰᠣᠭᠠᠷ ᠦᠪᠡᠰᠦᠪᠡᠨ ᠪᠠᠶᠢᠴᠠᠭᠠᠵᠣ ᠦᠪᠡᠰᠦᠪᠡᠨ ᠵᠠᠯᠠᠷᠠᠭᠤᠯᠵᠣ᠂ ᠠᠵᠢᠯ ᠤᠨ ᠲᠣᠭᠲᠠᠴᠠ ᠪᠠᠨ ᠲᠡᠬᠦᠯᠳᠡᠷᠵᠢᠬᠦᠯᠵᠦ᠂ ᠬᠠᠣᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠬᠠᠢ ᠬᠢᠨᠠᠨ ᠰᠢᠯᠭᠠᠬᠤ ᠶᠢ ᠴᠢᠩᠭᠠᠳᠬᠠᠪᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠲᠡ ᠶᠢ ᠬᠢᠨᠠᠨ ᠪᠠᠶᠢᠴᠠᠭᠠᠬᠤ ᠠᠵᠢᠯ ᠢ ᠦᠷᠨᠢᠬᠦᠯᠪᠡ᠃ ᠨᠡᠶᠢᠲᠡ 17 ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠰᠢᠳᠬᠡᠯᠲᠡ ᠬᠢᠭᠰᠡᠨ 35 ᠬᠤᠪᠢ ᠬᠡᠷᠡᠭ ᠤᠨ ᠡᠪᠬᠡᠮᠡᠯ ᠢ ᠰᠣᠭᠤᠴᠠᠨ ᠪᠠᠶᠢᠴᠠᠭᠠᠵᠣ᠂ ᠣᠯᠵᠣ ᠮᠡᠳᠡᠭᠰᠡᠨ ᠠᠰᠠᠭᠤᠳᠠᠯ ᠳᠤ ᠴᠡᠭᠴᠡᠯᠡᠨ ᠦᠭᠡᠷᠡᠴᠢᠯᠡᠬᠦᠯᠬᠦ ᠰᠠᠨᠠᠯ ᠳᠣᠷᠠᠳᠴᠣ᠂ ᠪᠠᠶᠢᠴᠠᠭᠠᠭᠰᠠᠨ ᠪᠠᠶᠢᠳᠠᠯ ᠢᠶᠠᠨ ᠮᠡᠳᠡᠭᠡᠯᠡᠪᠡ᠃ ᠬᠤᠲᠠ ᠶᠢᠨ ᠬᠠᠮᠢᠶᠠᠷᠣᠯᠲᠠ ᠶᠢᠨ ᠬᠡᠪᠴᠢᠶᠡᠨ ᠤ ᠶᠡᠷᠥᠩᠬᠡᠶᠢᠯᠡᠭᠰᠡᠨ ᠬᠠᠣᠯᠢ ᠬᠡᠷᠡᠭᠵᠢᠬᠦᠯᠦᠯᠲᠡ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠪᠠ᠃ ︽ ᠬᠤᠲᠠ ᠶᠢᠨ ᠬᠠᠮᠢᠶᠠᠷᠣᠯᠲᠠ ᠶᠢᠨ ᠵᠠᠰᠠᠭ ᠵᠠᠬᠢᠷᠭᠠᠨ ᠤ ᠶᠡᠷᠥᠩᠬᠡᠢ ᠬᠠᠣᠯᠢ ᠬᠡᠷᠡᠭᠵᠢᠬᠦᠯᠬᠦ ᠶᠡᠭᠡ ᠠᠩᠬᠢ ᠶᠢᠨ ᠲᠠᠪᠤ ᠶᠢ ᠲᠣᠭᠲᠠᠭᠠᠬᠤ ᠲᠦᠰᠦᠯ︾ ᠢ ᠲᠣᠭᠲᠠᠭᠠᠪᠠ᠃    ︵ᠳᠦᠷᠪᠡ︶ ᠬᠠᠣᠯᠢ ᠶᠣᠰᠣᠭᠠᠷ ᠵᠠᠰᠠᠭ ᠶᠠᠪᠣᠭᠤᠯᠬᠤ ᠴᠢᠳᠠᠪᠬᠢ ᠶᠢ ᠠᠯᠬᠤᠮ ᠴᠢᠨᠠᠭᠰᠢᠲᠠ ᠳᠡᠭᠡᠭᠰᠢᠯᠡᠬᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠪᠡ᠃ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠴᠢᠯᠡᠯᠲᠡ ᠶᠢᠨ ᠬᠡᠷᠡᠭ ᠤᠨ ᠨᠠᠷᠢᠨ ᠳᠠᠩᠰᠠ ᠶᠢ 83 ᠵᠦᠢᠯ ᠨᠠᠶᠢᠷᠠᠭᠤᠯᠣᠨ ᠵᠣᠬᠢᠶᠠᠵᠣ᠂ ᠵᠠᠭᠤᠴᠢ ᠦᠢᠯᠡᠴᠢᠯᠡᠬᠡᠨ ᠤ ᠵᠠᠷᠣᠳᠠᠯ ᠬᠤᠷᠢᠶᠠᠯᠲᠠ ᠶᠢᠨ ᠨᠠᠷᠢᠨ ᠳᠠᠩᠰᠠ ᠶᠢ 38 ᠵᠦᠢᠯ ᠢ ᠨᠡᠶᠢᠲᠡᠯᠡᠪᠡ ᠃ ᠲᠦᠪ ᠠᠴᠠ ᠵᠢᠭᠠᠨ ᠲᠣᠭᠲᠠᠭᠠᠭᠰᠠᠨ ᠭᠠᠵᠠᠷ ᠣᠷᠣᠨ ᠤ ᠬᠡᠷᠡᠭᠵᠢᠬᠦᠯᠬᠦ ᠭᠤᠷᠪᠠᠳᠣᠭᠠᠷ ᠪᠦᠯᠦᠭ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭ ᠤᠨ 11 ᠵᠦᠢᠯ ᠢ ᠬᠦᠴᠦᠨ ᠦᠭᠡᠢ ᠪᠣᠯᠭᠠᠪᠠ᠃ ᠪᠡᠯᠡ ᠣᠷᠣᠭᠤᠯᠣᠯᠲᠠ  ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠭᠡ  ᠶᠢ ᠴᠢᠩᠭᠠᠳᠬᠠᠪᠠ᠃ ᠡᠯᠧᠺᠲᠷᠣᠨ ᠵᠠᠰᠠᠭ ᠤᠨ ᠶᠠᠪᠣᠳᠠᠯ ᠤᠨ ᠦᠷᠬᠡᠨ ᠪᠦᠰᠡᠲᠦ ᠰᠦᠯᠵᠢᠶ᠎ᠡ ᠪᠠ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠ ᠶᠢᠨ ᠠᠵᠢᠯᠯᠠᠭᠠᠨ ᠤ ᠲᠠᠪᠴᠠᠩ ᠳᠤ ᠲᠦᠰᠢᠭᠯᠡᠨ᠂ ᠪᠡᠯᠡ ᠣᠷᠣᠭᠤᠯᠣᠯᠲᠠ  ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ ᠪᠠᠶᠢᠭᠤᠯᠵᠣ᠂ ᠲᠠᠪᠴᠠᠩ ᠢ ᠨᠢᠬᠡᠨᠳᠡ ᠠᠰᠢᠭᠯᠠᠯᠲᠠ ᠳᠤ ᠣᠷᠣᠭᠤᠯᠣᠨ ᠠᠵᠢᠯᠯᠠᠭᠤᠯᠵᠣ ᠪᠠᠶᠢᠨ᠎ᠠ᠃ ᠪᠦᠬᠦ ᠬᠤᠰᠢᠭᠤᠨ ᠤ ᠨᠢᠭᠤᠴᠠ  ᠳᠤ ᠦᠯᠦ ᠬᠤᠯᠪᠣᠭᠳᠠᠬᠤ ᠲᠦᠷᠦᠯ ᠵᠦᠢᠯ ᠪᠦᠬᠦᠨ ᠢ ᠡᠸ᠋ᠨᠩᠬᠢ ᠬᠤᠰᠢᠭᠤᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠨᠠᠨ ᠵᠦᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠨ ᠬᠦᠢᠴᠡᠳᠬᠡᠵᠦ ᠪᠣᠢ᠃ ᠬᠤᠰᠢᠭᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠲᠦᠷᠦᠭᠦᠯᠡᠨ ᠬᠠᠷᠢᠭᠤᠴᠠᠵᠣ᠂ ᠵᠠᠰᠠᠭ ᠤᠨ ᠶᠠᠪᠣᠳᠠᠯ ᠤᠨ ᠦᠷᠬᠡᠨ ᠪᠦᠰᠡᠲᠦ ᠰᠦᠯᠵᠢᠶ᠎ᠡ ᠳᠤ ᠲᠦᠰᠢᠭᠯᠡᠨ ᠪᠡᠯᠡ ᠣᠷᠣᠭᠤᠯᠣᠯᠲᠠ  ᠶᠢᠨ ᠲᠦᠷᠦᠯ ᠵᠦᠢᠯ ᠤᠨ ᠬᠠᠣᠯᠢ ᠶᠢᠨ ᠡᠷᠬᠡᠳᠡᠨ ᠲᠠᠢ ᠪᠠᠶᠢᠭᠤᠯᠣᠯᠭ᠎ᠠ ᠨᠢᠬᠡᠴᠡ ᠠᠴᠠ ᠰᠦᠯᠵᠢᠶᠡᠨ ᠳᠤ ᠭᠤᠶᠣᠴᠢᠯᠠᠨ ᠮᠡᠳᠡᠬᠦᠯᠵᠦ᠂ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠣᠷᠠᠨ ᠬᠢᠨᠠᠨ ᠵᠦᠪᠰᠢᠶᠡᠷᠡᠯᠲᠡ ᠬᠢᠵᠦ ᠂ ᠵᠢᠷᠣᠮᠵᠢᠯ ᠶᠣᠰᠣᠭᠠᠷ ᠬᠢᠨᠠᠨ ᠵᠦᠪᠰᠢᠶᠡᠷᠡᠬᠦ᠂ ᠢᠯᠡ ᠲᠣᠳᠣ ᠠᠵᠢᠯᠯᠠᠬᠤ ᠶᠢ ᠪᠡᠶᠡᠯᠡᠭᠦᠯᠪᠡ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠪᠠ᠃ 2017 ᠣᠨ ᠤ 10 ᠰᠠᠷ᠎ᠠ ᠶᠢᠨ 19  ᠤ ᠡᠳᠦᠷ ᠠᠴᠠ ᠡᠬᠢᠯᠡᠨ ᠮᠠᠨ ᠤ ᠬᠤᠰᠢᠭᠤ ︽ᠣᠯᠠᠨ ᠦᠨᠡᠮᠯᠡᠯ ᠢ ᠨᠡᠶᠢᠯᠡᠬᠦᠯᠦᠨ ᠨᠢᠬᠡ ᠪᠣᠯᠭᠠᠬᠤ᠂ ᠨᠢᠬᠡ ᠪᠠᠳᠣᠯᠠᠪᠣᠷᠢ ᠶᠢᠨ ᠪᠢᠴᠢᠭ ᠲᠤ ᠨᠢᠬᠡ ᠲᠦᠯᠦᠭᠡᠯᠡᠬᠦ ᠳᠡᠮᠳᠡᠭ ᠲᠠᠢ︾ ᠪᠠᠶᠢᠬᠤ ᠶᠢ ᠳᠠᠩᠰᠠᠯᠠᠬᠤ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠵᠦ᠂ ᠬᠤᠳᠠᠯᠳᠣᠭᠠᠨ ᠤ ᠶᠠᠪᠣᠳᠠᠯ ᠵᠡᠷᠭᠡ 7 ᠰᠠᠯᠠᠭ᠎ᠠ ᠮᠦᠴᠢᠷ ᠤᠨ ᠭᠠᠳᠠᠭᠠᠳᠣ ᠠᠷᠠᠯᠵᠢᠶ᠎ᠠ ᠬᠢᠬᠦ ᠡᠵᠡᠩᠨᠡᠭᠴᠢ ᠶᠢ ᠳᠠᠩᠰᠠᠯᠠᠬᠤ ᠵᠡᠷᠭᠡ 16 ᠵᠦᠢᠯ ᠤᠨ ᠠᠵᠣ ᠠᠬᠤᠶᠢᠯᠠᠯ ᠳᠤ ᠬᠤᠯᠪᠣᠭᠳᠠᠭᠰᠠᠨ ᠬᠡᠷᠡᠴᠢ ᠦᠨᠡᠮᠯᠡᠯ ᠢ ᠨᠡᠶᠢᠳᠬᠡᠵᠦ᠂ ︽ᠬᠤᠷᠢᠨ ᠨᠢᠬᠡᠨ ᠬᠡᠷᠡᠴᠢ ᠦᠨᠡᠮᠯᠡᠯ ᠢ ᠨᠡᠶᠢᠯᠡᠬᠦᠯᠦᠨ ᠨᠢᠬᠡ ᠪᠣᠯᠭᠠᠬᠤ︾ ᠶᠢ ᠪᠡᠶᠡᠯᠡᠬᠦᠯᠪᠡ᠃ ︽ᠰᠠᠯᠠᠭ᠎ᠠ ᠮᠦᠴᠢᠷ ᠤᠳ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠢᠶᠠᠷ ᠳᠠᠮᠵᠢᠭᠤᠯᠣᠨ 2 ᠣᠳᠠᠭ᠎ᠠ ᠬᠢᠨᠠᠨ ᠬᠠᠮᠢᠶᠠᠷᠬᠤ ᠠᠵᠢᠯ ᠦᠷᠨᠢᠬᠦᠯᠵᠦ᠂ ᠠᠵᠣ ᠠᠬᠤᠶᠢᠯᠠᠯ ᠳᠤ ᠬᠤᠯᠪᠣᠭᠳᠠᠬᠤ ᠡᠯ᠎ᠡ ᠲᠦᠷᠦᠯ ᠤᠨ ᠮᠡᠳᠡᠭᠡ ᠵᠠᠩᠬᠢ ᠶᠢ ᠨᠢᠬᠡᠳᠦᠯᠳᠡᠢ ᠬᠤᠷᠢᠶᠠᠩᠭᠤᠶᠢᠯᠠᠨ ᠡᠮᠬᠢᠯᠡᠬᠦ ᠪᠠ ᠨᠡᠶᠢᠲᠡᠯᠡᠬᠦ ᠶᠢ ᠪᠡᠶᠡᠯᠡᠬᠦᠯᠪᠡ᠃    ᠣᠯᠠᠨ ᠨᠡᠶᠢᠲᠡ ᠶᠢᠨ ᠦᠢᠯᠡᠴᠢᠯᠡᠬᠡᠨ ᠢ ᠰᠢᠯᠢᠳᠡᠭᠵᠢᠬᠦᠯᠪᠡ᠃ ᠦᠯᠦ ᠬᠦᠳᠡᠯᠬᠦ ᠬᠦᠷᠦᠩᠭᠡ ᠶᠢ ᠠᠷᠠᠯᠵᠢᠶᠠᠯᠠᠬᠤ  ᠶᠢ ᠳᠠᠩᠰᠠᠯᠠᠬᠤ ᠳᠡᠰ ᠳᠠᠷᠠᠭᠠᠯᠠᠯ ᠢ ᠰᠢᠯᠢᠳᠡᠭᠵᠢᠬᠦᠯᠵᠦ᠂ ᠬᠡᠷᠡᠭ ᠶᠠᠪᠣᠳᠠᠯ ᠢ ᠬᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠪᠠ᠃ ᠰᠢᠯᠵᠢᠬᠦᠯᠦᠨ ᠳᠠᠩᠰᠠᠯᠠᠭᠤᠯᠬᠤ ᠴᠠᠭ ᠬᠤᠭᠤᠴᠠᠭ᠎ᠠ ᠶᠢ ︽ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠲᠦᠷ ᠬᠡᠷᠡᠭᠵᠢᠬᠦᠯᠬᠦ ᠳᠦᠷᠢᠮ︾ ᠤᠨ ᠲᠣᠭᠲᠠᠭᠠᠯ ᠳᠤ 30 ᠠᠵᠢᠯᠯᠠᠬᠤ ᠡᠳᠦᠷ ᠪᠠᠶᠢᠭᠰᠠᠨ ᠢ ᠪᠣᠭᠤᠨᠢᠰᠬᠠᠭᠠᠳ 10 ᠠᠵᠢᠯᠯᠠᠬᠤ ᠡᠳᠦᠷ ᠪᠣᠯᠭᠠᠵᠣ᠂ ᠡᠬᠦᠨ ᠤ ᠳᠣᠳᠣᠷᠠᠬᠢ᠂ ᠳᠠᠩᠰᠠᠯᠠᠯ ᠠᠴᠠ  ᠭᠠᠷᠭᠠᠬᠤ ᠠᠵᠢᠯ  ᠢ ᠲᠡᠷᠡ ᠳᠣᠣᠷ᠎ᠠ ᠨᠢ ᠬᠦᠢᠴᠡᠳᠬᠡᠨ ᠳᠠᠭᠤᠰᠬᠠᠵᠣ᠂ ᠬᠤᠪᠢ ᠬᠦᠮᠦᠨ ᠤ ᠳᠠᠨᠵᠢᠯᠠᠬᠤ ᠳᠠᠩᠰᠠᠯᠠᠯᠲᠠ ᠶᠢ ᠬᠦᠢᠴᠡᠳᠬᠡᠬᠦ ᠳᠤ ᠭᠠᠷᠳᠠᠮ ᠨᠢ ᠪᠦᠷᠢᠨ ᠬᠦᠢᠴᠡᠳ ᠪᠠᠶᠢᠪᠠᠯ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠲᠤ ᠬᠦᠢᠴᠡᠳᠬᠡᠵᠦ ᠳᠠᠭᠤᠰᠬᠠᠨ᠎ᠠ᠃ ︽ᠠᠮᠠᠯᠳᠣᠨ ᠬᠦᠢᠴᠡᠳᠬᠡᠬᠦ ᠴᠠᠭ ᠬᠤᠭᠤᠴᠠᠭ᠎ᠠ︾ ᠶᠢ ︽ᠬᠠᠣᠯᠢ ᠪᠠᠷ ᠲᠣᠭᠲᠠᠭᠠᠭᠰᠠᠨ ᠴᠠᠭ ᠬᠤᠭᠤᠴᠠᠭ᠎ᠠ︾ ᠠᠴᠠ 60% ᠠᠴᠠ ᠳᠡᠭᠡᠭᠰᠢ ᠳᠤ ᠬᠦᠷᠳᠡᠯ᠎ᠡ ᠪᠣᠭᠤᠨᠢ ᠪᠣᠯᠭᠠᠬᠤ ᠪᠠᠷ ᠴᠢᠷᠮᠠᠶᠢᠪᠠ᠃    ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠪᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠲᠣᠭᠲᠠᠭᠠᠯ ᠪᠠ ᠠᠵᠢᠯ ᠤᠨ ᠡᠬᠦᠷᠭᠡ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ︽ ᠨᠠᠮ ᠵᠠᠰᠠᠭ ᠠᠴᠠ ᠬᠠᠮᠳᠣᠪᠡᠷ ᠬᠠᠷᠢᠭᠤᠴᠠᠬᠤ︾ ᠪᠠ ︽ ᠨᠢᠬᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠭᠡᠯᠡᠬᠦ︾ ᠬᠠᠷᠢᠭᠤᠴᠠᠯᠭ᠎ᠠ ᠶᠢᠨ ᠲᠣᠭᠲᠠᠯᠴᠠᠭ᠎ᠠ ᠵᠢᠴᠢ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠣ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠣ ᠬᠠᠮᠢᠶᠠᠷᠬᠤ ᠳᠦᠷᠢᠮ ᠢ ᠦᠬᠡᠷᠡᠴᠢᠯᠡᠨ ᠣᠷᠴᠢᠨ ᠲᠣᠭᠤᠷᠢᠨ ᠤ ᠮᠡᠳᠡᠭᠡ ᠵᠠᠩᠬᠢ ᠶᠢ ᠢᠯᠡ ᠪᠣᠯᠭᠠᠬᠤ ᠳᠦᠷᠢᠮ᠂ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ ᠳᠦᠷᠢᠮ ᠪᠠ ᠪᠣᠬᠢᠷᠳᠣᠯ ᠡᠳ᠋ ᠢ ᠭᠠᠳᠠᠭᠰᠢᠯᠠᠭᠤᠯᠬᠤ ᠶᠡᠷᠥᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠲᠡᠬᠦᠯᠳᠡᠷᠵᠢᠬᠦᠯᠬᠦ ᠶᠢᠨ ᠬᠠᠮᠳᠣ ᠴᠢᠩᠭ᠎ᠠ ᠬᠡᠷᠡᠭᠵᠢᠬᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠣᠭᠰᠠᠨ ᠢ ᠲᠦᠯᠦᠪᠦᠷᠢᠯᠡᠬᠦᠯᠬᠦ ᠳᠦᠷᠢᠮ ᠢ ᠲᠡᠬᠦᠯᠳᠡᠷᠵᠢᠬᠦᠯᠪᠡ᠃    ︵ᠲᠠᠪᠤ︶ ᠣᠯᠠᠨ ᠲᠠᠯ᠎ᠠ ᠶᠢᠨ ᠵᠦᠷᠢᠴᠡᠯ ᠢ ᠨᠠᠮᠳᠠᠭᠤᠯᠬᠤ ᠲᠣᠭᠲᠠᠴᠠ ᠶᠢ ᠣᠯᠠᠮ ᠢᠶᠠᠷ ᠲᠡᠬᠦᠯᠳᠡᠷᠵᠢᠬᠦᠯᠪᠡ᠃ ᠵᠠᠰᠠᠭ ᠵᠠᠬᠢᠷᠭᠠᠨ ᠤ ᠳᠠᠬᠢᠨ ᠵᠦᠪᠯᠡᠯᠲᠡ ᠬᠢᠬᠦ ᠠᠵᠢᠯᠳᠠᠨ ᠤ ᠡᠬᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠬᠤᠰᠢᠭᠤᠨ ᠤ 10 ᠰᠣᠮᠣ ᠰᠢᠶᠠᠩ ᠪᠠᠯᠭᠠᠰᠣ ᠳᠤ ᠵᠠᠰᠠᠭ ᠵᠠᠬᠢᠷᠭᠠᠨ ᠤ ᠳᠠᠬᠢᠨ ᠵᠦᠪᠯᠡᠯᠲᠡ ᠬᠢᠬᠦ  ᠬᠠᠪᠰᠣᠷᠭᠠᠭᠰᠠᠨ ᠲᠣᠰᠢᠶᠠᠯ ᠲᠠᠢ 20 ᠬᠠᠷᠢᠯᠴᠠᠭᠴᠢ ᠶᠢ ᠲᠣᠬᠢᠷᠠᠭᠤᠯᠪᠠ᠃ 2017 ᠣᠨ ᠳᠤ ᠮᠠᠨ ᠤ ᠬᠤᠰᠢᠭᠤ ᠵᠠᠰᠠᠭ ᠵᠠᠬᠢᠷᠭᠠᠨ ᠤ ᠳᠠᠬᠢᠨ ᠵᠦᠪᠯᠡᠬᠦ 8 ᠬᠡᠷᠡᠭ ᠢ ᠳᠠᠬᠢᠨ ᠵᠦᠪᠯᠡᠵᠦ᠂ 6 ᠬᠡᠷᠡᠭ ᠤᠨ ᠣᠣᠯ ᠤᠨ ᠲᠠᠰᠣᠯᠣᠯᠲᠠ ᠶᠢ ᠪᠠᠷᠢᠮᠳᠠᠯᠠᠵᠣ᠂ 1 ᠬᠡᠷᠡᠭ ᠢ ᠬᠦᠴᠦᠨ ᠦᠭᠡᠢ ᠪᠣᠯᠭᠠᠵᠣ᠂ 1 ᠬᠡᠷᠡᠭ ᠢ ᠶᠠᠭ ᠰᠠᠶ᠋ᠢᠬᠠᠨ ᠰᠢᠬᠦᠨ ᠰᠢᠢᠳᠪᠦᠷᠢᠯᠡᠵᠦ ᠪᠣᠢ᠃ ᠵᠠᠷᠭᠤ ᠶᠢ ᠬᠦᠯᠢᠶᠡᠨ ᠠᠪᠬᠤ ᠪᠠᠶᠢᠭᠤᠯᠭ᠎ᠠ ᠶᠢᠨ ᠬᠠᠣᠯᠢ ᠶᠢᠨ ᠡᠷᠬᠡᠳᠡᠨ ᠤ ᠰᠢᠬᠦᠯᠳᠡ ᠳᠤ ᠣᠷᠣᠯᠴᠠᠵᠣ ᠵᠠᠷᠭᠤ ᠬᠦᠯᠢᠶᠡᠨ ᠠᠪᠬᠤ ᠳᠦᠷᠢᠮ ᠢ ᠪᠠᠶᠢᠭᠤᠯᠵᠣ᠂ ᠵᠠᠷᠭᠤ ᠢᠯᠠᠭᠳᠠᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠬᠦᠯᠪᠡ᠃ 2017 ᠣᠨ ᠳᠤ᠂ ᠬᠤᠰᠢᠭᠤᠨ ᠤ ᠵᠠᠰᠠᠭ ᠤᠨ ᠣᠷᠳᠣᠨ ᠰᠢᠬᠦᠯᠳᠡ  ᠳᠤ ᠣᠷᠣᠯᠴᠠᠵᠣ 2 ᠬᠡᠷᠡᠭ ᠤᠨ ᠵᠠᠷᠭᠤ ᠶᠢ ᠬᠦᠯᠢᠶᠡᠨ ᠠᠪᠣᠪᠠ᠃     ᠬᠤᠶᠠᠷ᠂ ᠣᠷᠣᠰᠢᠵᠣ ᠪᠠᠶᠢᠭ᠎ᠠ ᠠᠰᠠᠭᠤᠳᠠᠯ     ︵ᠨᠢᠬᠡ︶ ᠬᠠᠣᠯᠢ ᠳᠦᠷᠢᠮ ᠤᠨ ᠪᠠᠶᠢᠭᠤᠯᠣᠮᠵᠢ ᠲᠡᠬᠦᠯᠳᠡᠷᠵᠢᠬᠡᠳᠦᠢ᠃ ᠬᠠᠣᠯᠢ ᠳᠦᠷᠢᠮ ᠤᠨ ᠪᠠᠶᠢᠭᠤᠯᠣᠮᠵᠢ  ᠶᠢᠨ ᠠᠵᠢᠯᠳᠠᠨ ᠤ ᠬᠠᠣᠯᠢ ᠶᠢᠨ ᠪᠠᠶᠢᠭᠤᠯᠣᠮᠵᠢ ᠳᠤ ᠣᠷᠣᠬᠤ ᠬᠢᠷᠢ ᠬᠡᠮ ᠤᠨ ᠨᠢᠬᠡᠳᠦᠯᠳᠡᠢ ᠪᠠᠷᠢᠮᠵᠢᠶ᠎ᠠ ᠶᠢ ᠲᠣᠭᠲᠠᠭᠠᠳᠣᠢ᠂ ᠠᠯᠪᠠᠨ ᠭᠡᠷ ᠤᠨ ᠣᠷᠣᠨ ᠲᠤᠭ᠎ᠠ ᠲᠠᠢ ᠬᠤᠯᠢᠯᠳᠣᠵᠣ᠂ ᠳᠡᠳᠡᠨ ᠤ ᠡᠬᠦᠷᠭᠡᠯᠡᠵᠦ ᠪᠠᠶᠢᠬᠤ ᠡᠬᠦᠷᠭᠡ ᠬᠠᠷᠢᠭᠤᠴᠠᠯᠭ᠎ᠠ ᠲᠠᠢ ᠨᠢ ᠵᠣᠬᠢᠴᠠᠬᠤ ᠦᠭᠡᠢ ᠪᠠᠶᠢᠬᠤ᠃ ᠵᠠᠷᠢᠮ ᠭᠠᠵᠠᠷ ᠣᠷᠣᠨ ᠪᠠ ᠰᠠᠯᠠᠭ᠎ᠠ ᠮᠦᠴᠢᠷ ᠬᠠᠣᠯᠢ ᠳᠦᠷᠢᠮ ᠤᠨ ᠠᠵᠢᠯ ᠤᠨ ᠲᠣᠰᠬᠠᠢ ᠠᠵᠢᠯᠳᠠᠨ ᠲᠣᠬᠢᠷᠠᠭᠤᠯᠣᠭᠠᠳᠣᠢ ᠪᠠᠶᠢᠭᠰᠠᠭᠠᠷ᠃    ︵ᠬᠤᠶᠠᠷ︶ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠲᠣᠭᠲᠠᠭᠠᠯ ᠢ ᠪᠣᠳᠠᠳᠠᠢ ᠳᠤ ᠨᠠᠶᠢᠳᠠᠪᠣᠷᠢᠵᠢᠭᠤᠯᠣᠭᠠᠳᠣᠢ ᠪᠠᠶᠢᠬᠤ᠃ ᠵᠠᠷᠢᠮ ᠭᠠᠵᠠᠷ ᠣᠷᠣᠨ ᠪᠠ ᠰᠠᠯᠠᠭ᠎ᠠ ᠮᠦᠴᠢᠷ  ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠨᠠᠮ ᠤᠨ ᠳᠣᠳᠣᠭᠠᠳᠣ ᠶᠢᠨ ︽ᠭᠤᠷᠪᠠᠨ ᠴᠢᠬᠤᠯᠠ ᠨᠢᠬᠡ ᠶᠡᠭᠡ︾ ᠬᠡᠷᠡᠭ ᠤᠨ ᠬᠦᠷᠢᠶ᠎ᠡ ᠬᠡᠪᠴᠢᠶ᠎ᠡ ᠲᠠᠢ ᠬᠤᠳᠬᠤᠯᠳᠣᠭᠤᠯᠵᠣ᠂ ᠰᠢᠢᠳᠪᠦᠷᠢᠲᠦ ᠪᠣᠳᠣᠯᠭ᠎ᠠ  ᠶᠢᠨ ᠬᠡᠷᠡᠭ ᠶᠠᠪᠣᠳᠠᠯ ᠨᠢ ᠳᠣᠳᠣᠷᠬᠠᠢ ᠦᠭᠡᠢ ᠵᠡᠷᠭᠡ ᠠᠰᠠᠭᠤᠳᠠᠯ ᠣᠷᠣᠰᠢᠵᠣ ᠪᠠᠶᠢᠨ᠎ᠠ᠃    ︵ᠭᠤᠷᠪᠠ︶ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢ ᠨᠠᠶᠢᠳᠠᠪᠣᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠬᠦᠢᠴᠡᠳ ᠦᠬᠡᠢ ᠪᠠᠶᠢᠬᠤ᠃ ᠵᠠᠷᠢᠮ ᠭᠠᠵᠠᠷ ᠣᠷᠣᠨ ᠪᠠ ᠰᠠᠯᠠᠭ᠎ᠠ ᠮᠦᠴᠢᠷ ᠤᠨ ᠬᠠᠣᠯᠢ ᠶᠣᠰᠣᠭᠠᠷ ᠵᠠᠰᠠᠭ ᠶᠠᠪᠣᠭᠤᠯᠬᠤ ᠦᠵᠡᠯ ᠣᠬᠠᠮᠰᠠᠷ ᠳᠣᠳᠠᠮᠠᠭ᠃ ᠣᠳᠣᠷᠢᠳᠬᠤ ᠺᠠᠳ᠋ᠷᠴᠣᠳ ᠤᠨ ᠬᠠᠣᠯᠢ ᠶᠣᠰᠣᠭᠠᠷ ᠬᠡᠷᠡᠭ ᠡᠷᠬᠢᠯᠡᠬᠦ ᠴᠢᠳᠠᠪᠣᠷᠢ ᠨᠢ ᠬᠠᠣᠯᠢ ᠶᠣᠰᠣᠭᠠᠷ ᠵᠠᠰᠠᠭ ᠶᠠᠪᠣᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠵᠣ᠂ ᠬᠠᠣᠯᠢ ᠴᠠᠭᠠᠵᠠ ᠶᠢ ᠬᠡᠷᠡᠭᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭ ᠡᠷᠬᠢᠯᠡᠬᠦ ᠴᠢᠳᠠᠪᠣᠷᠢ ᠮᠡᠬᠦᠰ ᠵᠡᠷᠭᠡ᠃    ᠭᠤᠷᠪᠠ᠂ ᠬᠤᠶᠢᠰᠢᠲᠠ ᠶᠢᠨ ᠠᠵᠢᠯ ᠤᠨ ᠱᠠᠭᠠᠷᠳᠠᠯᠭ᠎ᠠ    ︵ᠨᠢᠬᠡ︶ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢᠨ ᠵᠣᠬᠢᠶᠠᠨ ᠪᠠᠶᠢᠭᠤᠯᠣᠯᠲᠠ ᠶᠢᠨ ᠪᠠᠳᠣᠯᠠᠭ᠎ᠠ ᠶᠢ ᠣᠯᠠᠮ ᠨᠢᠬᠡ ᠠᠯᠬᠤᠮ ᠴᠢᠩᠳᠠᠯᠠᠬᠤ ᠬᠡᠷᠡᠭᠲᠡᠢ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠶᠢ ᠴᠢᠩᠭᠠᠳᠬᠠᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠠᠰᠠᠭ ᠤᠨ ᠣᠷᠳᠣᠨ ᠤ ᠬᠠᠣᠯᠢ ᠳᠦᠷᠢᠮ  ᠤᠨ ᠠᠵᠢᠯ ᠢ ᠵᠢᠯᠣᠭᠤᠳᠣᠭᠤᠯᠬᠤ ᠢᠳᠡᠪᠬᠢᠵᠢᠯ᠂ ᠣᠬᠠᠮᠰᠠᠷᠳᠣ ᠴᠢᠨᠠᠷ ᠢ ᠳᠡᠭᠡᠭᠰᠢᠯᠡᠬᠦᠯᠬᠦ ᠬᠡᠷᠡᠭᠲᠡᠢ᠃ ᠨᠠᠮ ᠵᠠᠰᠠᠭ  ᠤᠨ ᠭᠤᠣᠯ ᠬᠠᠷᠢᠭᠤᠴᠠᠯᠭᠠᠳᠠᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢ ᠠᠬᠢᠭᠤᠯᠬᠤ ᠨᠢᠬᠡᠳᠦᠭᠡᠷ ᠬᠠᠷᠢᠭᠤᠴᠠᠯᠭᠠᠳᠠᠨ ᠤ ᠡᠬᠦᠷᠭᠡ ᠬᠠᠷᠢᠭᠤᠴᠠᠯᠭ᠎ᠠ ᠶᠢ ᠨᠢ ᠴᠢᠩᠭ᠎ᠠ ᠨᠠᠶᠢᠳᠠᠪᠣᠷᠢᠵᠢᠭᠤᠯᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠴᠢᠳᠠᠪᠬᠢ ᠶᠢᠨ ᠬᠠᠷᠠᠯᠲᠠ ᠶᠢ ᠬᠢᠨᠠᠨ ᠰᠢᠯᠭᠠᠬᠤ ᠶᠢ ᠪᠠᠷᠢᠮᠲᠠᠯᠠᠨ᠎ᠠ᠃ ᠬᠠᠣᠯᠢ ᠪᠠᠷ ᠵᠠᠰᠠᠬᠤ ᠬᠡᠪ ᠪᠣᠯᠪᠠᠰᠣᠷᠠᠯ ᠪᠠ ᠬᠠᠣᠯᠢ ᠪᠠᠷ ᠵᠠᠰᠠᠬᠤ ᠴᠢᠳᠠᠪᠣᠷᠢ  ᠶᠢ ᠴᠢᠬᠤᠯᠠᠴᠢᠯᠠᠬᠤ ᠬᠦᠮᠦᠨ ᠬᠡᠷᠡᠭᠯᠡᠬᠦ ᠣᠳᠣᠷᠢᠳᠣᠮᠵᠢ ᠶᠢ ᠪᠣᠢ ᠪᠣᠯᠭᠠᠵᠣ᠂ ᠣᠳᠣᠷᠢᠳᠬᠤ ᠺᠠᠳ᠋ᠷᠴᠣᠳ ᠢ ᠲᠣᠰᠢᠶᠠᠯ ᠬᠠᠷᠢᠭᠤᠴᠠᠬᠤ ᠠᠴᠠ ᠨᠢ ᠡᠮᠦᠨ᠎ᠡ ᠬᠠᠣᠯᠢ ᠴᠠᠭᠠᠵᠠ ᠶᠢᠨ ᠮᠡᠳᠡᠯᠬᠡ ᠶᠢᠨ ᠲᠣᠬᠠᠢ ᠬᠢᠨᠠᠨ ᠪᠠᠶᠢᠴᠠᠭᠠᠯᠲᠠ ᠬᠢᠬᠦ ᠪᠠ ᠬᠠᠣᠯᠢ ᠶᠣᠰᠣᠭᠠᠷ ᠵᠠᠰᠠᠭ ᠶᠠᠪᠣᠭᠤᠯᠬᠤ ᠴᠢᠳᠠᠪᠣᠷᠢ ᠶᠢ ᠨᠢ ᠰᠢᠯᠭᠠᠨ ᠪᠠᠶᠢᠴᠠᠭᠠᠬᠤ ᠶᠢ ᠴᠢᠩᠭᠠᠳᠬᠠᠵᠣ᠂ ᠬᠢᠨᠠᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠷ ᠨᠢ ᠣᠳᠣᠷᠢᠳᠬᠤ ᠺᠠᠳ᠋ᠷᠴᠣᠳ ᠲᠤ ᠲᠣᠰᠢᠶᠠᠯ ᠬᠠᠷᠢᠭᠤᠴᠠᠭᠤᠯᠬᠤ ᠴᠢᠬᠤᠯᠠ ᠯᠠᠪᠯᠠᠯᠲᠠ ᠪᠣᠯᠭᠠᠨ᠎ᠠ᠃    ︵ᠬᠤᠶᠠᠷ︶ ᠬᠠᠣᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠠᠯᠬᠤᠮ ᠴᠢᠨᠠᠭᠰᠢᠲᠠ ᠲᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ ᠢ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶ᠎ᠠ ᠪᠦᠬᠦᠢ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠪᠠ ᠬᠠᠣᠯᠢ ᠴᠠᠭᠠᠵᠠ ᠶᠢᠨ ᠮᠡᠷᠭᠡᠵᠢᠯᠳᠡᠨ ᠤ ᠬᠦᠮᠦᠷᠬᠡ ᠶᠢᠨ ᠵᠠᠰᠠᠭ ᠵᠠᠬᠢᠷᠭᠠᠨ ᠤ ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠣᠯᠢ ᠪᠠ ᠵᠠᠷᠭᠤ ᠳᠤ ᠬᠤᠯᠪᠣᠭᠳᠠᠬᠤ ᠴᠢᠬᠤᠯᠠ ᠶᠡᠭᠡ ᠬᠡᠷᠡᠭ᠂ ᠵᠠᠰᠠᠭ ᠵᠠᠬᠢᠷᠭᠠᠨ ᠤ ᠴᠢᠬᠤᠯᠠ ᠶᠡᠭᠡ ᠮᠠᠷᠭᠤᠭᠠᠨ ᠢ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠬᠦᠢᠴᠡᠳ ᠪᠠᠳᠠᠷᠠᠭᠤᠯᠵᠣ᠂ ᠰᠢᠢᠳᠪᠦᠷᠢᠲᠦ ᠪᠣᠳᠣᠯᠭ᠎ᠠ ᠲᠣᠭᠲᠠᠭᠠᠯᠲᠠ ᠶᠢᠨ ᠰᠢᠨᠵᠢᠯᠡᠬᠦ ᠣᠬᠠᠭᠠᠨᠴᠢ᠂ ᠠᠷᠠᠳᠴᠢᠯᠠᠭᠰᠠᠨ᠂ ᠵᠦᠢ ᠶᠣᠰᠣᠨ ᠤ ᠪᠠᠶᠢᠬᠤ ᠶᠢ ᠪᠠᠳᠣᠯᠠᠬᠤ ᠬᠡᠷᠡᠭᠲᠡᠢ᠃    ︵ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠲᠡ ᠶᠢ ᠦᠭᠡᠷᠡᠴᠢᠯᠡᠬᠦ ᠠᠵᠢᠯ ᠢ ᠣᠯᠠᠮ ᠢᠶᠠᠷ ᠴᠢᠩᠭᠠᠳᠬᠠᠨ᠎ᠠ᠃ ᠵᠠᠰᠠᠭ ᠵᠠᠬᠢᠷᠭᠠᠨ ᠤ ᠶᠡᠷᠥᠩᠬᠡᠢ ᠬᠠᠣᠯᠢ ᠬᠡᠷᠡᠭᠵᠢᠬᠦᠯᠬᠦ ᠪᠠᠶᠢᠭᠤᠯᠣᠯ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠬᠠᠣᠯᠢ ᠬᠡᠷᠡᠭᠵᠢᠬᠦᠯᠬᠦ ᠭᠤᠣᠯᠳᠠᠯᠭ᠎ᠠ ᠶᠢ ᠦᠨᠳᠦᠰᠦᠨ ᠱᠠᠲᠣᠨ ᠤ ᠨᠢᠬᠡᠳᠦᠭᠡᠷ ᠹᠷᠣᠨᠲ ᠲᠤ ᠬᠦᠷᠬᠡᠬᠦ ᠶᠢ ᠠᠬᠢᠭᠤᠯᠵᠣ᠂ ᠨᠦᠬᠦᠴᠡᠯ ᠪᠣᠯᠣᠮᠵᠢ ᠲᠠᠢ ᠬᠦᠷᠢᠶᠡᠨ ᠤ ᠰᠠᠯᠠᠭ᠎ᠠ ᠮᠦᠴᠢᠷ ᠠᠯᠣᠰᠯᠠᠨ ᠶᠡᠷᠥᠩᠬᠡᠶᠢᠯᠡᠨ ᠬᠠᠣᠯᠢ ᠬᠡᠷᠡᠭᠵᠢᠬᠦᠯᠬᠦ ᠪᠠ ᠰᠢᠳᠬᠡᠬᠦ ᠡᠷᠬᠡ ᠶᠢ ᠲᠦᠪᠯᠡᠷᠡᠬᠦᠯᠦᠨ ᠬᠡᠷᠡᠭᠵᠢᠬᠦᠯᠬᠦ ᠶᠢ ᠳᠡᠮᠵᠢᠨ᠎ᠡ᠃ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠦᠳᠡᠯᠦᠩᠬᠦᠢ ᠬᠠᠮᠢᠶᠠᠷᠬᠤ ᠶᠢ ᠦᠷᠬᠦᠯᠵᠢᠯᠡᠨ ᠲᠡᠬᠦᠯᠳᠡᠷᠵᠢᠬᠦᠯᠵᠦ᠂ ᠬᠠᠣᠯᠢ ᠬᠡᠷᠡᠭᠵᠢᠬᠦᠯᠬᠦ ᠶᠢ ᠢᠯᠡ ᠨᠡᠶᠢᠲᠡᠯᠡᠬᠦ ᠳᠦᠷᠢᠮ᠂ ᠬᠠᠣᠯᠢ  ᠬᠡᠷᠡᠭᠵᠢᠬᠦᠯᠬᠦ ᠪᠦᠬᠦ ᠶᠠᠪᠣᠴᠠ ᠶᠢ ᠳᠡᠮᠳᠡᠭᠯᠡᠬᠦ ᠳᠦᠷᠢᠮ ᠪᠠ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠲᠡ ᠶᠢᠨ ᠴᠢᠬᠤᠯᠠ ᠶᠡᠭᠡ ᠲᠣᠭᠲᠠᠭᠠᠯ ᠢ ᠬᠠᠣᠯᠢ ᠳᠦᠷᠢᠮ  ᠢᠶᠠᠷ ᠣᠴᠢᠵᠣ ᠬᠢᠨᠠᠨ ᠬᠠᠷᠭᠤᠭᠤᠯᠬᠤ ᠳᠦᠷᠢᠮ ᠤᠨ ᠪᠠᠶᠢᠭᠤᠯᠣᠯᠲᠠ ᠶᠢ ᠬᠦᠴᠦᠯᠡᠨ ᠴᠢᠩᠭᠠᠳᠬᠠᠨ᠎ᠠ᠃ ︽ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠲᠡ ᠶᠢᠨ ᠲᠦᠮᠡᠨ ᠨᠡᠷᠡᠰ ᠠᠯᠪᠠᠨ ᠵᠢᠷᠣᠮ ᠤᠨ ᠬᠢᠨᠠᠯᠲᠠ ᠲᠠᠯᠪᠢᠭᠴᠢ︾ ᠶᠢᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠪᠠᠶᠢᠭᠤᠯᠣᠯ ᠲᠣᠭᠲᠠᠴᠠ ᠶᠢ ᠪᠠᠶᠢᠭᠤᠯᠣᠨ ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠵᠢᠴᠢ ᠲᠡᠬᠦᠨ ᠤ ᠬᠠᠣᠯᠢ ᠬᠡᠷᠡᠭᠵᠢᠬᠦᠯᠦᠭᠴᠢ ᠳᠤ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠨ᠎ᠠ᠃ ︽ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢᠨ ᠵᠢᠱᠢᠶ᠎ᠡ ᠦᠵᠡᠬᠦᠯᠬᠦ ᠬᠤᠰᠢᠭᠤ ᠬᠤᠲᠠ ᠲᠣᠭᠤᠷᠢᠭ︾ ᠢ ᠡᠬᠦᠳᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠡᠬᠦᠳᠦᠨ ᠪᠠᠶᠢᠭᠤᠯᠬᠤ ᠪᠠᠷ ᠪᠠᠶᠢᠭᠤᠯᠣᠯᠲᠠ ᠶᠢ ᠠᠬᠢᠭᠤᠯᠬᠤ᠂ ᠦᠯᠢᠭᠡᠷ ᠵᠢᠱᠢᠶ᠎ᠡ ᠪᠠᠷ ᠳᠠᠶᠢᠴᠢᠯᠠᠨ ᠳᠠᠭᠠᠭᠤᠯᠬᠤ ᠶᠢ ᠪᠠᠷᠢᠮᠲᠠᠯᠠᠵᠣ᠂ ᠬᠠᠮᠳᠣᠪᠡᠷ ᠣᠷᠣᠭᠰᠢᠯᠠᠨ᠂ ᠬᠠᠣᠯᠢ ᠪᠠᠷ ᠵᠠᠰᠠᠬᠤ ᠣᠯᠣᠰ᠂ ᠬᠠᠣᠯᠢ ᠪᠠᠷ ᠵᠠᠰᠠᠬᠤ ᠵᠠᠰᠠᠭ ᠤᠨ ᠣᠷᠳᠣᠨ᠂ ᠬᠠᠣᠯᠢ ᠪᠠᠷ ᠵᠠᠰᠠᠬᠤ ᠨᠡᠶᠢᠬᠡᠮ ᠢ ᠨᠢᠬᠡ  ᠴᠣᠭᠴᠠᠵᠢᠭᠤᠯᠣᠨ ᠪᠦᠲᠦᠭᠡᠨ ᠪᠠᠶᠢᠭᠤᠯᠬᠤ ᠶᠢ ᠪᠡᠶᠡᠯᠡᠬᠦᠯᠦᠨ᠎ᠡ᠃    ︵ᠳᠦᠷᠪᠡ︶ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠣᠯᠲᠠ ᠶᠢ ᠠᠯᠬᠤᠮ ᠴᠢᠨᠠᠭᠰᠢᠲᠠ ᠴᠢᠩᠭᠠᠳᠬᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠ ᠡᠪᠬᠡᠮᠡᠯ ᠳᠤ ᠣᠷᠣᠭᠤᠯᠬᠤ ᠶᠢ ᠬᠢᠨᠠᠬᠤ ᠠᠷᠭ᠎ᠠ︾ ᠶᠢ ᠬᠢᠨᠠᠮᠠᠭᠠᠢ ᠬᠡᠷᠡᠭᠵᠢᠬᠦᠯᠵᠦ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠳᠡᠰ ᠳᠠᠷᠠᠭ᠎ᠠ ᠪᠠ ᠠᠭᠤᠯᠭ᠎ᠠ ᠳᠤ ᠬᠠᠣᠯᠢ ᠶᠣᠰᠣᠨ ᠤ ᠬᠢᠨᠠᠨ ᠪᠠᠶᠢᠴᠠᠭᠠᠯᠲᠠ ᠬᠢᠬᠦ ᠶᠢ ᠦᠨᠡᠨᠬᠦ ᠴᠢᠩᠭᠠᠳᠬᠠᠵᠣ᠂ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯᠲᠡ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠣᠷᠢᠯᠠᠯᠲᠠ ᠵᠡᠷᠭᠡ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠣᠳᠠᠯ ᠢ ᠬᠠᠣᠯᠢ ᠶᠢ ᠵᠦᠷᠢᠴᠡᠨ ᠪᠠᠶᠢᠭᠤᠯᠬᠤ ᠶᠢ ᠡᠷᠡᠰ ᠴᠠᠭᠠᠵᠢᠯᠠᠵᠣ᠂ ᠡᠷᠬᠡᠲᠦ ᠠᠷᠠᠳ᠂ ᠬᠠᠣᠯᠢ ᠶᠢᠨ ᠡᠷᠬᠡᠳᠡᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠶᠢᠨ ᠡᠬᠦᠷᠭᠡ ᠶᠢ ᠬᠠᠣᠯᠢ ᠶᠢ ᠵᠦᠷᠢᠴᠡᠨ ᠨᠡᠮᠡᠬᠦ ᠶᠢ ᠴᠢᠩᠭ᠎ᠠ ᠴᠠᠭᠠᠵᠢᠯᠠᠵᠣ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠬᠢᠬᠡᠳ ᠣᠯᠣᠰ ᠤᠨ ᠬᠠᠣᠯᠢ ᠴᠠᠭᠠᠵᠠ᠂ ᠬᠠᠣᠯᠢ ᠲᠣᠭᠲᠠᠭᠠᠯ᠂ ᠳᠦᠷᠢᠮ ᠲᠣᠭᠲᠠᠭᠠᠯ ᠤᠨ ᠬᠠᠷᠢᠯᠴᠠᠨ ᠨᠢᠭᠡᠳᠦᠯᠳᠡᠢ ᠪᠠᠶᠢᠬᠤ ᠶᠢ ᠪᠠᠳᠣᠯᠠᠵᠣ᠂ ᠭᠠᠵᠠᠷ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠲᠡ ᠳᠤ ᠬᠠᠣᠯᠢ ᠪᠠᠷ ᠵᠠᠰᠠᠬᠤ ᠲᠣᠯᠭᠠᠭᠤᠷᠢᠯᠠᠯ ᠪᠠ ᠪᠠᠳᠣᠯᠠᠭ᠎ᠠ ᠬᠠᠩᠭᠠᠬᠤ ᠬᠡᠷᠡᠭᠲᠡᠢ᠃    ︵ᠲᠠᠪᠤ︶ ᠨᠡᠶᠢᠬᠡᠮ ᠤᠨ ᠵᠦᠷᠢᠴᠡᠯ ᠮᠠᠷᠭᠤᠭᠠᠨ ᠢ ᠨᠠᠮᠳᠠᠭᠤᠯᠬᠤ ᠴᠢᠳᠠᠪᠣᠷᠢ ᠶᠢ ᠠᠯᠬᠤᠮ ᠴᠢᠨᠠᠭᠰᠢᠲᠠ ᠳᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠢ ᠬᠦᠴᠦᠯᠡᠨ ᠴᠢᠩᠭᠠᠳᠬᠠᠬᠤ ᠪᠠ ᠰᠠᠶᠢᠵᠢᠷᠠᠭᠤᠯᠣᠨ᠂ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠣ᠂ ᠡᠬᠢ ᠪᠠᠶᠠᠯᠢᠭ ᠢ ᠨᠡᠶᠢᠳᠬᠡᠨ ᠰᠢᠯᠢᠳᠡᠭᠵᠢᠬᠦᠯᠵᠦ᠂ ᠡᠪᠰᠡᠬᠦᠯᠦᠨ ᠡᠶᠡᠳᠡᠬᠦᠯᠬᠦ ᠠᠷᠭ᠎ᠠ ᠬᠡᠯᠪᠡᠷᠢ ᠶᠢ ᠴᠢᠬᠤᠯᠠᠴᠢᠯᠠᠨ ᠬᠡᠷᠡᠭᠯᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠯᠲᠡ ᠶᠢᠨ ᠬᠡᠷᠡᠭ ᠢ ᠬᠠᠣᠯᠢ ᠶᠣᠰᠣᠭᠠᠷ ᠲᠦᠪ ᠭᠤᠣᠯᠴᠢ ᠪᠠᠷ ᠰᠢᠬᠦᠨ ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠲᠦᠪᠰᠢᠨ ᠪᠠ ᠨᠡᠶᠢᠲᠡ ᠶᠢᠨ ᠢᠳᠡᠬᠡᠮᠵᠢ ᠶᠢᠨ ᠬᠦᠴᠦᠨ ᠢ ᠳᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠨᠢᠮᠪᠠᠢ ᠦᠷᠨᠢᠬᠦᠯᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠢᠨᠠᠨ ᠵᠢᠯᠣᠭᠤᠳᠬᠤ ᠶᠢ ᠴᠢᠩᠭᠠᠳᠬᠠᠵᠣ᠂ ᠵᠠᠰᠠᠭ ᠵᠠᠬᠢᠷᠭᠠᠨ ᠤ ᠬᠠᠷᠢᠭᠤᠴᠠᠯᠭᠠᠳᠠᠨ ᠤ ᠰᠢᠬᠦᠯᠳᠡ ᠳᠤ ᠣᠷᠣᠯᠴᠠᠵᠣ ᠵᠠᠷᠭᠤ ᠬᠦᠯᠢᠶᠡᠭᠰᠡᠨ ᠪᠠᠶᠢᠳᠠᠯ ᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢᠨ ᠬᠠᠷᠠᠯᠳᠠᠳᠣ ᠬᠢᠨᠠᠨ ᠰᠢᠯᠭᠠᠬᠤ ᠲᠣᠭᠲᠠᠯᠴᠠᠭ᠎ᠠ ᠳᠤ ᠣᠷᠣᠭᠤᠯᠣᠨ᠎ᠠ᠃    ︵ ᠵᠢᠷᠭᠤᠭ᠎ᠠ︶ ᠬᠠᠣᠯᠢ ᠪᠠᠷ ᠵᠠᠰᠠᠬᠤ ᠡᠩᠨᠡᠭᠡ ᠶᠢᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠴᠢᠩᠭᠠᠳᠬᠠᠨ᠎ᠠ ᠃ ᠬᠠᠣᠯᠢ ᠪᠠᠷ ᠵᠠᠰᠠᠬᠤ ᠡᠩᠨᠡᠭᠡ ᠶᠢᠨ ᠬᠠᠣᠯᠢ ᠪᠠᠷ ᠵᠠᠰᠠᠬᠤ ᠪᠦᠬᠦᠶᠢᠯᠡ ᠴᠣᠭᠴᠠ ᠶᠢᠨ ᠬᠡᠪ ᠪᠣᠯᠪᠠᠰᠣᠷᠠᠯ ᠪᠠ ᠲᠣᠬᠠᠶᠢᠯᠠᠭᠰᠠᠨ ᠠᠵᠢᠯ ᠤᠨ ᠴᠢᠳᠠᠪᠣᠷᠢ ᠶᠢ ᠬᠦᠴᠦᠯᠡᠨ ᠳᠡᠭᠡᠭᠰᠢᠯᠡᠬᠦᠯᠵᠦ᠂ ︽ᠵᠠᠭᠤᠨ ᠣᠳᠣᠷᠢᠳᠬᠤ ᠺᠠᠳ᠋ᠷ ᠬᠢᠴᠢᠶᠡᠯ ᠤᠨ ᠲᠠᠩᠬᠢᠮ ᠳᠤ ᠣᠷᠣᠬᠤ︾ ᠬᠦᠮᠦᠵᠢᠯ ᠤᠨ ᠪᠣᠯᠪᠠᠰᠣᠷᠠᠯ ᠢ ᠦᠷᠬᠦᠯᠵᠢᠯᠡᠨ ᠬᠦᠨᠵᠡᠭᠡᠶᠢᠷᠡᠬᠦᠯᠵᠦ᠂ ᠬᠠᠣᠯᠢ ᠪᠠᠷ ᠵᠠᠰᠠᠬᠤ ᠬᠦᠮᠦᠵᠢᠯ ᠤᠨ ᠪᠣᠯᠪᠠᠰᠣᠷᠠᠯ ᠢ ᠲᠦᠷᠢᠮᠵᠢᠬᠦᠯᠦᠨ ᠣᠷᠳᠣ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠲᠣᠭᠲᠠᠴᠠ ᠶᠢ ᠪᠠᠶᠢᠭᠤᠯᠵᠣ᠂ ︽ᠮᠢᠩᠭᠠᠨ ᠬᠠᠣᠯᠢ ᠬᠡᠷᠡᠭᠵᠢᠬᠦᠯᠬᠦ ᠨᠢᠬᠡᠴᠡ ᠶᠢᠨ ᠬᠠᠣᠯᠢ ᠴᠠᠭᠠᠵᠠ ᠶᠢᠨ ᠮᠡᠳᠡᠯᠭᠡ ᠶᠢᠨ ᠣᠷᠣᠯᠳᠣᠭᠠᠨ︾ ᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠭᠴᠢ ᠶᠢᠨ ᠬᠠᠣᠯᠢ ᠪᠠᠷ ᠵᠠᠰᠠᠬᠤ ᠰᠡᠳᠬᠢᠴᠡ ᠪᠠ ᠬᠠᠣᠯᠢ ᠪᠠᠷ ᠵᠠᠰᠠᠬᠤ ᠠᠷᠭ᠎ᠠ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠣᠷᠢ ᠶᠢ ᠲᠠᠰᠣᠷᠠᠯᠲᠠ ᠦᠭᠡᠢ ᠳᠡᠭᠡᠭᠰᠢᠯᠡᠬᠦᠯᠦᠨ᠎ᠡ᠃     ᠳᠠᠭᠠᠯᠳᠣᠭᠤᠯᠣᠯ᠄ ᠡᠸ᠋ᠨᠩᠬᠢ ᠬᠤᠰᠢᠭᠤᠨ ᠤ 2017 ᠣᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠲᠠ ᠶᠢᠨ ᠲᠣᠬᠠᠢ ᠬᠢᠨᠠᠨ ᠰᠢᠯᠭᠠᠭᠰᠠᠨ ᠦᠷ᠎ᠡ ᠳ᠋ᠥᠩ     ᠨᠢᠬᠡ᠂ ᠰᠣᠮᠣ ᠰᠢᠶᠠᠩ ᠪᠠᠯᠭᠠᠰᠣ     ᠰᠢᠯᠢᠳᠡᠭ ᠭᠠᠵᠠᠷ ᠣᠷᠣᠨ᠄ ᠢᠮᠢᠨ ᠪᠠᠯᠭᠠᠰᠣ᠂ ᠰᠢᠨᠡᠬᠡᠨ ᠵᠡᠬᠦᠨ ᠰᠣᠮᠣ᠂ ᠬᠤᠩᠭᠤᠯᠵᠢ ᠪᠠᠯᠭᠠᠰᠣ᠂ ᠢᠮᠢᠨ ᠰᠣᠮᠣ᠃     ᠰᠠᠶᠢᠨ ᠰᠢᠭ᠋ ᠭᠠᠵᠠᠷ ᠣᠷᠣᠨ᠄ ᠳ᠋ᠠᠶᠠᠨ ᠪᠠᠯᠭᠠᠰᠣ᠂ ᠪᠠᠶᠠᠨᠳᠣᠬᠤᠢ ᠪᠠᠯᠭᠠᠰᠣ᠂ ᠪᠠᠶᠠᠨᠴᠠᠭᠠᠨ ᠰᠣᠮᠣ᠂ ᠰᠢᠨᠡᠬᠡᠨ ᠪᠠᠷᠠᠭᠤᠨ ᠰᠣᠮᠣ᠃     ᠬᠢᠷᠢ ᠳᠡᠩᠴᠡᠭᠰᠡᠨ ᠭᠠᠵᠠᠷ ᠣᠷᠣᠨ᠄ ᠪᠠᠶᠠᠨᠳᠠᠯ᠎ᠠ ᠰᠢᠶᠠᠩ᠂ ᠬᠤᠢ ᠰᠣᠮᠣ᠃     ᠬᠤᠶᠠᠷ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ︵ ᠬᠠᠣᠯᠢ ᠬᠡᠷᠡᠭᠵᠢᠬᠦᠯᠦᠭᠰᠡᠨ ᠡᠪᠬᠡᠮᠡᠯ ᠲᠠᠢ︶     ᠰᠢᠯᠢᠳᠡᠭ ᠰᠠᠯᠠᠭ᠎ᠠ ᠮᠦᠴᠢᠷ᠄ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠬᠠᠮᠠᠭᠠᠯᠠᠯᠲᠠ ᠶᠢᠨ ᠣᠷᠣᠨ᠂ ᠠᠶᠣᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠃     ᠰᠠᠶᠢᠨ ᠰᠢᠭ᠋ ᠰᠠᠯᠠᠭ᠎ᠠ ᠮᠦᠴᠢᠷ︔ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ᠂ ᠠᠵᠢᠯᠳᠠᠨ ᠤ ᠶᠠᠪᠣᠳᠠᠯ ᠪᠠ ᠨᠡᠶᠢᠬᠡᠮ ᠤᠨ ᠪᠠᠳᠣᠯᠠᠪᠣᠷᠢ ᠶᠢᠨ ᠲᠣᠪᠴᠢᠶ᠎ᠠ᠃    ᠬᠢᠷᠢ ᠳᠡᠩᠴᠡᠭᠰᠡᠨ ᠰᠠᠯᠠᠭ᠎ᠠ ᠮᠦᠴᠢᠷ᠄ ᠰᠣᠶᠣᠯ ᠲᠠᠮᠢᠷ ᠷᠠᠳᠢᠤ᠋ ᠲᠧᠯᠸᠢᠰ ᠤᠨ ᠲᠣᠪᠴᠢᠶ᠎ᠠ᠂ ᠣᠯᠣᠰ ᠤᠨ ᠭᠠᠶᠢᠯᠢ ᠶᠢᠨ ᠲᠣᠪᠴᠢᠶ᠎ᠠ᠂ ᠵᠣᠭᠠᠴᠠᠯ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠃    ᠭᠤᠷᠪᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ︵ ᠬᠠᠣᠯᠢ ᠬᠡᠷᠡᠭᠵᠢᠬᠦᠯᠦᠭᠰᠡᠨ ᠡᠪᠬᠡᠮᠡᠯ ᠲᠠᠢ︶     ᠰᠢᠯᠢᠳᠡᠭ ᠰᠠᠯᠠᠭ᠎ᠠ ᠮᠦᠴᠢᠷ᠄ ᠠᠵᠣ ᠠᠬᠤᠢ ᠪᠠ ᠮᠡᠳᠡᠭᠡ ᠵᠠᠩᠬᠢᠵᠢᠯᠲᠠ ᠶᠢᠨ ᠲᠣᠪᠴᠢᠶ᠎ᠠ᠂ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ᠂ ᠬᠠᠣᠯᠢ ᠴᠠᠭᠠᠵᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠃     ᠰᠠᠶᠢᠨ ᠰᠢᠭ᠋ ᠰᠠᠯᠠᠭ᠎ᠠ ᠮᠦᠴᠢᠷ᠄ ᠡᠳ᠋ ᠤᠨ ᠵᠠᠰᠠᠭ ᠤᠨ ᠲᠣᠪᠴᠢᠶ᠎ᠠ᠂ ᠳᠠᠩᠰᠠ ᠡᠪᠬᠡᠮᠡᠯ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠃     ᠬᠢᠷᠢ ᠳᠡᠩᠴᠡᠭᠰᠡᠨ ᠰᠠᠯᠠᠭ᠎ᠠ ᠮᠦᠴᠢᠷ᠄ ᠦᠨᠳᠦᠰᠦᠲᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠃                                  2018 ᠣᠨ ᠤ 3 ᠰᠠᠷ᠎ᠠ ᠶᠢᠨ 28 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号