ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ | ᠭᠠᠷᠠᠭ ᠲᠤ ᠨᠡᠬᠡᠬᠡᠯᠳᠡ ᠬᠢᠬᠦ ᠴᠠᠭ ᠨᠢ ᠶᠤᠰᠤᠨ ᠳᠤ ᠪᠠᠨ 40 | ᠴᠠᠭ ᠡᠴᠡ ᠴᠦᠬᠡᠨ ᠪᠠᠶᠢᠵᠤ ᠪᠤᠯᠬᠤ ᠦᠭᠡᠢ᠂ ᠵᠢᠯ ᠪᠦᠷᠢ | ᠰᠤᠷᠤᠭᠴᠢ ᠨᠢᠬᠡᠪᠦᠷᠢ ᠶᠢᠨ ᠪᠠᠷᠢᠮᠵᠢᠶ᠎ᠠ ᠪᠡᠷ ᠨᠢᠬᠡ ᠨᠤᠮ | ᠨᠡᠮᠡᠵᠤ ᠰᠢᠨᠡᠴᠢᠯᠡᠬᠦ ᠬᠡᠷᠡᠭᠲᠡᠢ ᠬᠡᠵᠤ ᠰᠤᠷᠭᠠᠨ | ᠬᠦᠮᠦᠵᠢᠯ ᠤᠨ ᠶᠠᠮᠤᠨ ᠤᠶᠢᠷ᠎ᠠ ᠳᠤ ᠮᠡᠳᠡᠭᠳᠡᠯ ᠲᠠᠷᠬᠠᠭᠠᠵᠤ᠂ | ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ | ᠬᠠᠮᠢᠶᠠᠷᠤᠯᠳᠠ ᠳᠤ ᠲᠦᠷᠢᠮ ᠲᠤᠭᠳᠠᠭᠠᠯ ᠲᠤᠬᠳᠠᠭᠠᠪᠠ᠃ | ᠮᠡᠳᠡᠭᠳᠡᠯ ᠳᠤ᠂ ᠨᠤᠮ ᠤᠨ ᠰᠠᠩ ᠵᠢᠬᠡᠯᠡᠨ ᠤᠩᠰᠢᠭᠤᠯᠬᠤ ᠪᠡᠷ | ᠭᠤᠤᠯᠯᠠᠨ᠂ ᠠᠶᠤᠯᠬᠦᠢ ᠶᠢᠨ ᠤᠷᠢᠳᠠᠯ ᠲᠤᠤᠷ᠎ᠠ ᠨᠤᠮ ᠤᠨ | ᠰᠠᠩ ᠤᠨ ᠬᠤᠩᠬᠢᠯ᠂ ᠬᠢᠴᠢᠶᠡᠯ ᠤᠨ ᠬᠡᠷ ᠵᠡᠷᠬᠡ ᠤᠷᠤᠨ ᠵᠠᠢ ᠶᠢ | ᠠᠰᠢᠭᠯᠠᠨ ᠵᠢᠬᠡᠯᠡᠨ ᠤᠩᠰᠢᠭᠤᠯᠬᠤ ᠵᠡᠷᠬᠡ ᠰᠢᠨ᠎ᠡ ᠠᠷᠭ᠎ᠠ ᠶᠢ | ᠬᠡᠷᠡᠭᠯᠡᠨ᠎ᠡ᠃ ᠰᠤᠷᠭᠠᠯᠳᠠ ᠶᠢᠨ ᠬᠤᠭᠤᠴᠠᠭᠠᠨ ᠳᠤ ᠨᠤᠮ ᠤᠨ | ᠰᠠᠩ ᠭᠠᠷᠠᠭ ᠲᠤ ᠨᠡᠬᠡᠬᠡᠯᠳᠡ ᠬᠢᠬᠦ ᠴᠠᠭ ᠨᠢ 40 ᠴᠠᠭ ᠡᠴᠡ | ᠴᠦᠬᠡᠨ ᠪᠠᠶᠢᠵᠤ ᠪᠤᠯᠬᠤ ᠦᠭᠡᠢ᠃ ᠬᠢᠴᠢᠶᠡᠯ ᠦᠭᠡᠢ ᠴᠠᠭ᠂ | ᠬᠠᠤᠯᠢ ᠪᠡᠷ ᠲᠤᠭᠳᠠᠭᠰᠠᠨ ᠠᠮᠠᠷᠠᠯᠳᠠ ᠪᠤᠯᠤᠨ ᠡᠪᠤᠯ ᠵᠤᠨ ᠤ | ᠠᠮᠠᠷᠠᠯᠳᠠ ᠶᠢᠨ ᠬᠤᠭᠤᠴᠠᠭᠠᠨ ᠳᠤ ᠪᠦᠲᠦᠮᠵᠢᠲᠡᠢ ᠨᠡᠬᠡᠬᠡᠯᠳᠡ | ᠬᠢᠨ᠎ᠡ᠃ ᠨᠤᠮ ᠤᠨ ᠰᠠᠩ 《ᠲᠤᠮᠳᠠᠳᠤ ᠪᠠᠭ᠎ᠠ ᠰᠤᠷᠭᠠᠭᠤᠯᠢ ᠶᠢᠨ | ᠨᠤᠮ ᠤᠨ ᠰᠠᠩ ᠤᠨ ᠬᠠᠳᠠᠭᠠᠯᠠᠬᠤ ᠨᠤᠮ ᠤᠨ ᠲᠦᠷᠦᠯ ᠤᠨ | ᠬᠠᠷᠢᠴᠠᠯ ᠤᠨ ᠬᠦᠰᠦᠨᠤᠭ᠍ᠳᠤ》 ᠪᠤᠯᠤᠨ ᠰᠤᠷᠭᠠᠨ ᠬᠦᠮᠦᠵᠢᠯ ᠤᠨ | ᠶᠠᠮᠤᠨ ᠡᠴᠡ ᠵᠢᠯᠤᠭᠤᠳᠤᠨ ᠨᠠᠶᠢᠷᠠᠭᠤᠯᠤᠭᠰᠠᠨ《ᠤᠯᠤᠰ | ᠲᠠᠶᠠᠭᠠᠷ ᠤᠨ ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ | ᠰᠠᠩ ᠤᠨ ᠲᠠᠨᠢᠯᠴᠠᠭᠤᠯᠤᠭᠰᠠᠨ ᠨᠤᠮ ᠤᠨ ᠨᠡᠷ᠎ᠡ》ᠪᠡᠷ | ᠬᠠᠳᠠᠭᠠᠯᠠᠬᠤ ᠨᠤᠮ ᠤᠨ ᠭᠤᠤᠯ ᠦᠨᠳᠤᠰᠦᠯᠡᠯ ᠪᠤᠯᠭᠠᠵᠤ᠂ | ᠴᠠᠭᠠᠰᠤᠨ ᠬᠡᠪᠯᠡᠯ ᠤᠨ ᠨᠤᠮ ᠰᠡᠳᠬᠦᠯ ᠢ ᠵᠦᠢ ᠵᠤᠬᠢᠰᠲᠠᠢ | ᠲᠤᠬᠢᠷᠠᠭᠤᠯᠤᠨ᠎ᠠ᠃ ᠲᠤᠮᠳᠠᠳᠤ ᠪᠠᠭ᠎ᠠ ᠰᠤᠷᠭᠠᠭᠤᠯᠢ ᠶᠢᠨ | ᠨᠤᠮ ᠤᠨ ᠰᠠᠩ ᠳᠤ ᠬᠠᠳᠠᠭᠠᠯᠠᠬᠤ ᠨᠤᠮ ᠤᠨ ᠬᠡᠮᠵᠢᠶᠠᠨ ᠤ | ᠱᠠᠭᠠᠷᠳᠠᠯᠭ᠎ᠠ ᠨᠢ ᠪᠠᠭ᠎ᠠ ᠰᠤᠷᠭᠠᠭᠤᠯᠢ ᠪᠡᠷ | ᠵᠢᠱᠢᠶᠡᠯᠡᠪᠡᠯ᠂ ᠬᠠᠳᠠᠭᠠᠯᠠᠬᠤ ᠨᠤᠮ ᠤᠨ ᠬᠡᠮᠵᠢᠶ᠎ᠡ ᠨᠢ | ᠰᠤᠷᠤᠭᠴᠢ ᠪᠦᠷᠢ ᠳᠤ 25 ᠲᠡᠪᠳᠡᠷ᠂ ᠰᠡᠳᠬᠦᠯ 60 ᠲᠦᠷᠦᠯ᠂ | ᠯᠠᠪᠯᠠᠯᠳᠠ ᠶᠢᠨ ᠨᠤᠮ ᠪᠤᠯᠤᠨ ᠰᠤᠷᠭᠠᠯᠳᠠ ᠳᠤ ᠯᠠᠪᠯᠠᠬᠤ ᠨᠤᠮ | ᠨᠡᠶᠢᠳᠡ 120 ᠲᠦᠷᠦᠯ ᠪᠠᠶᠢᠬᠤ ᠬᠡᠷᠡᠭᠲᠡᠢ᠃ (ᠵᠢᠷᠤᠭ ᠢ | ᠨᠧᠲ ᠡᠴᠡ ) | |