ᠬᠡᠦᠬᠡᠳ ᠪᠠᠭᠠᠴᠤᠳ ᠤᠨ ᠨᠤᠮ ᠤᠩᠰᠢᠬᠤ ᠤᠷᠮ᠎ᠠ ᠶᠢ ᠬᠦᠭ᠍ᠵᠢᠭᠡᠶ᠎ᠡ
ᠨᠡᠶᠢᠲᠡᠯᠡᠭᠰᠡᠨ ᠴᠠᠭ᠄
2018/6/12
   ᠳᠡᠯᠡᠬᠡᠢ ᠶ᠋ᠢᠨ ᠨᠤᠮ ᠤᠩᠰᠢᠬᠤ ᠡᠳᠦᠷ ᠲᠤ ᠳᠤᠬᠢᠶᠠᠯᠳᠤᠭᠤᠯᠤᠨ 2018 ᠤᠨ ᠤ 4 ᠰᠠᠷ᠎ᠠ ᠶ᠋ᠢᠨ 22 ‍ᠤᠨ ᠡᠳᠦᠷ 2018 ᠤᠨ ᠤ《ᠴᠤᠮᠤᠷᠯᠢᠭ》ᠰᠡᠳᠭᠦᠯ  ᠤᠨ ᠪᠠᠬᠠᠳᠤᠯᠲᠤ ᠤᠩᠰᠢᠯᠭ᠎ᠠ ᠶ᠋ᠢᠨ ᠤᠯᠠᠷᠢᠯ ‍  ᠤᠨ ᠠᠵᠢᠯᠯᠠᠭ᠎ᠠ ᠨᠡᠬᠡᠭᠡᠯᠲᠡ ᠪᠠᠨ ᠬᠢᠬᠦ  ᠶᠢᠨ ᠬᠠᠮᠳᠤ ᠤᠯᠠᠭᠠᠨᠬᠤᠲᠠ ᠮᠤᠩᠭᠤᠯ ᠦᠨᠳᠦᠰᠦᠲᠡᠨ  ᠤ ᠪᠠᠭ᠎ᠠ ᠰᠤᠷᠭᠠᠭᠤᠯᠢ ᠶ᠋ᠢᠨ《ᠨᠤᠮ ᠤᠩᠰᠢᠬᠤ ᠳᠠᠳᠬᠠᠯ ᠢ ᠪᠤᠢ ᠪᠤᠯᠭᠠᠵᠤ᠂ ᠨᠤᠮ ᠲᠠᠢ ᠬᠠᠮᠲᠤ ᠦᠰᠦᠨ ᠪᠤᠶᠢᠵᠢᠶ᠎ᠠ 》ᠠᠯᠲᠠᠨ ᠤᠨᠠᠭ᠎ᠠ ᠬᠢᠴᠢᠶᠡᠯᠯᠡᠭᠡ ᠶ᠋ᠢᠨ 100 ᠡᠳᠦᠷ ᠤᠨ ᠨᠤᠮ ᠤᠨ ᠬᠡᠰᠢᠭ᠍ᠲᠤ ᠠᠶᠠᠯᠠᠯ ᠤᠨᠨᠡᠬᠡᠭᠡᠯᠲᠡ ᠤᠯᠠᠭᠠᠨᠬᠤᠲᠠ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳ᠋ᠤ ᠵᠤᠬᠢᠶᠠᠨ ᠪᠠᠶᠢᠭᠤᠯᠤᠭᠳᠠᠵᠤ᠂ ᠤᠷᠤᠨ ᠲᠠᠶᠠᠭᠠᠷ ᠤᠨ ᠬᠡᠤᠬᠡᠳ ᠪᠠᠭᠠᠴᠤᠳ ᠤᠨ ᠨᠤᠮ ᠤᠩᠰᠢᠬᠤ ᠤᠷᠮ᠎ᠠ ᠶᠢ ᠬᠦᠭ᠍ᠵᠢᠬᠡᠬᠦ ᠪᠡᠷ ᠵᠤᠷᠢᠭᠰᠠᠨ ᠪᠠᠶᠢᠨ᠎ᠠ᠃    ᠲᠤᠰ ᠠᠵᠢᠯᠯᠠᠭ᠎ᠠ ᠪᠡᠷ ᠲᠠᠮᠵᠢᠨ ᠦᠪᠦᠷ ᠮᠤᠩᠭᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ‍ ᠤᠨ ᠰᠡᠳᠭᠦᠯ ᠤᠨ ᠬᠤᠷᠢᠶᠠᠨ ᠡᠴᠡ ᠤᠯᠠᠭᠠᠨᠬᠤᠲᠠ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳ᠋ᠤ ᠨᠤᠮ ᠪᠡᠯᠡᠭᠯᠡᠵᠦ ᠨᠤᠮ ᠤᠨ ᠴᠠᠭᠠᠨ ᠪᠤᠶᠠᠨ ᠬᠡᠤᠬᠡᠳ ᠪᠠᠭᠠᠴᠤᠳ ᠢ ᠢᠪᠡᠭᠡᠬᠦ ᠪᠤᠯᠲᠤᠭᠠᠢ ᠬᠡᠮᠡᠨ ᠵᠦᠩᠨᠡᠯ  ᠢᠶᠠᠨᠳᠡᠪᠰᠢᠭᠦᠯᠦᠯ᠎ᠡ᠃    ᠲᠤᠰ ᠠᠵᠢᠯᠯᠠᠭ᠎ᠠ ᠶᠢ ᠦᠪᠦᠷ ᠮᠤᠩᠭᠤᠯ   ᠤᠨ  ᠦᠨᠳᠦᠰᠦᠲᠡᠨ ᠤ ᠵᠠᠯᠠᠭᠤᠴᠤᠳ ᠪᠠᠭᠠᠴᠤᠳ  ᠤᠨᠰᠡᠳᠭᠦᠯ ᠤᠨ ᠬᠤᠷᠢᠶᠠᠨ ᠡᠴᠡ ᠰᠠᠨᠠᠭᠠᠴᠢᠯᠠᠵᠤ ᠦᠪᠦᠷ ᠮᠤᠩᠭᠤᠯ ᠤᠨ ᠬᠢᠩᠭᠠᠨ ᠠᠶᠢᠮᠠᠭ ᠤᠨ ᠤᠯᠠᠭᠠᠨᠬᠤᠲᠠ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠡᠴᠡ ᠳᠠᠭᠠᠭᠠᠴᠢᠯᠠᠨ ᠡᠷᠬᠢᠯᠡᠪᠡ᠃ ( ᠨᠡᠶᠢᠳᠡᠯᠡᠯ ᠵᠢᠷᠤᠭ ᠢ ᠦᠵᠡᠰᠬᠦᠯᠡᠩ ᠬᠠᠩᠭᠠᠪᠠ᠎ )
 
ᠢᠷᠡᠯᠲᠡ᠄ ᠰᠢᠨᠬᠤᠸᠠ ᠮᠤᠩᠭ᠋ᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号