ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠢ ᠭᠠᠷᠠᠭ ᠲᠤ ᠠᠳᠠᠭ ᠲᠤ ᠪᠠᠨ 40 ᠴᠠᠭ ᠨᠡᠬᠡᠬᠦ ᠬᠡᠷᠡᠭᠲᠡᠢ
ᠨᠡᠶᠢᠲᠡᠯᠡᠭᠰᠡᠨ ᠴᠠᠭ᠄
2018/6/12
  ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ ᠭᠠᠷᠠᠭ ᠲᠤ ᠨᠡᠬᠡᠬᠡᠯᠳᠡ ᠬᠢᠬᠦ ᠴᠠᠭ ᠨᠢ ᠶᠤᠰᠤᠨ ᠳᠤ ᠪᠠᠨ 40 ᠴᠠᠭ ᠡᠴᠡ ᠴᠦᠬᠡᠨ ᠪᠠᠶᠢᠵᠤ ᠪᠤᠯᠬᠤ ᠦᠭᠡᠢ᠂ ᠵᠢᠯ ᠪᠦᠷᠢ ᠰᠤᠷᠤᠭᠴᠢ ᠨᠢᠬᠡᠪᠦᠷᠢ ᠶᠢᠨ ᠪᠠᠷᠢᠮᠵᠢᠶ᠎ᠠ ᠪᠡᠷ ᠨᠢᠬᠡ ᠨᠤᠮ ᠨᠡᠮᠡᠵᠤ ᠰᠢᠨᠡᠴᠢᠯᠡᠬᠦ ᠬᠡᠷᠡᠭᠲᠡᠢ ᠬᠡᠵᠤ ᠰᠤᠷᠭᠠᠨ ᠬᠦᠮᠦᠵᠢᠯ ᠤᠨ ᠶᠠᠮᠤᠨ ᠤᠶᠢᠷ᠎ᠠ ᠳᠤ ᠮᠡᠳᠡᠭᠳᠡᠯ ᠲᠠᠷᠬᠠᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ ᠬᠠᠮᠢᠶᠠᠷᠤᠯᠳᠠ ᠳᠤ ᠲᠦᠷᠢᠮ ᠲᠤᠭᠳᠠᠭᠠᠯ ᠲᠤᠬᠳᠠᠭᠠᠪᠠ᠃   ᠮᠡᠳᠡᠭᠳᠡᠯ ᠳᠤ᠂ ᠨᠤᠮ ᠤᠨ ᠰᠠᠩ ᠵᠢᠬᠡᠯᠡᠨ ᠤᠩᠰᠢᠭᠤᠯᠬᠤ ᠪᠡᠷ ᠭᠤᠤᠯᠯᠠᠨ᠂ ᠠᠶᠤᠯᠬᠦᠢ ᠶᠢᠨ ᠤᠷᠢᠳᠠᠯ ᠲᠤᠤᠷ᠎ᠠ ᠨᠤᠮ ᠤᠨ ᠰᠠᠩ ᠤᠨ ᠬᠤᠩᠬᠢᠯ᠂ ᠬᠢᠴᠢᠶᠡᠯ ᠤᠨ ᠬᠡᠷ ᠵᠡᠷᠬᠡ ᠤᠷᠤᠨ ᠵᠠᠢ ᠶᠢ ᠠᠰᠢᠭᠯᠠᠨ ᠵᠢᠬᠡᠯᠡᠨ ᠤᠩᠰᠢᠭᠤᠯᠬᠤ ᠵᠡᠷᠬᠡ ᠰᠢᠨ᠎ᠡ ᠠᠷᠭ᠎ᠠ ᠶᠢ ᠬᠡᠷᠡᠭᠯᠡᠨ᠎ᠡ᠃ ᠰᠤᠷᠭᠠᠯᠳᠠ ᠶᠢᠨ ᠬᠤᠭᠤᠴᠠᠭᠠᠨ ᠳᠤ ᠨᠤᠮ ᠤᠨ ᠰᠠᠩ ᠭᠠᠷᠠᠭ ᠲᠤ ᠨᠡᠬᠡᠬᠡᠯᠳᠡ ᠬᠢᠬᠦ ᠴᠠᠭ ᠨᠢ 40 ᠴᠠᠭ ᠡᠴᠡ ᠴᠦᠬᠡᠨ ᠪᠠᠶᠢᠵᠤ ᠪᠤᠯᠬᠤ ᠦᠭᠡᠢ᠃ ᠬᠢᠴᠢᠶᠡᠯ ᠦᠭᠡᠢ ᠴᠠᠭ᠂ ᠬᠠᠤᠯᠢ ᠪᠡᠷ ᠲᠤᠭᠳᠠᠭᠰᠠᠨ ᠠᠮᠠᠷᠠᠯᠳᠠ ᠪᠤᠯᠤᠨ ᠡᠪᠤᠯ ᠵᠤᠨ ᠤ ᠠᠮᠠᠷᠠᠯᠳᠠ ᠶᠢᠨ ᠬᠤᠭᠤᠴᠠᠭᠠᠨ ᠳᠤ ᠪᠦᠲᠦᠮᠵᠢᠲᠡᠢ ᠨᠡᠬᠡᠬᠡᠯᠳᠡ ᠬᠢᠨ᠎ᠡ᠃ ᠨᠤᠮ ᠤᠨ ᠰᠠᠩ 《ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ ᠬᠠᠳᠠᠭᠠᠯᠠᠬᠤ ᠨᠤᠮ ᠤᠨ ᠲᠦᠷᠦᠯ ᠤᠨ ᠬᠠᠷᠢᠴᠠᠯ ᠤᠨ ᠬᠦᠰᠦᠨᠤᠭ᠍ᠳᠤ》 ᠪᠤᠯᠤᠨ ᠰᠤᠷᠭᠠᠨ ᠬᠦᠮᠦᠵᠢᠯ ᠤᠨ ᠶᠠᠮᠤᠨ ᠡᠴᠡ ᠵᠢᠯᠤᠭᠤᠳᠤᠨ ᠨᠠᠶᠢᠷᠠᠭᠤᠯᠤᠭᠰᠠᠨ《ᠤᠯᠤᠰ ᠲᠠᠶᠠᠭᠠᠷ ᠤᠨ ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠤᠨ ᠲᠠᠨᠢᠯᠴᠠᠭᠤᠯᠤᠭᠰᠠᠨ ᠨᠤᠮ ᠤᠨ ᠨᠡᠷ᠎ᠡ》ᠪᠡᠷ ᠬᠠᠳᠠᠭᠠᠯᠠᠬᠤ ᠨᠤᠮ ᠤᠨ ᠭᠤᠤᠯ ᠦᠨᠳᠤᠰᠦᠯᠡᠯ ᠪᠤᠯᠭᠠᠵᠤ᠂ ᠴᠠᠭᠠᠰᠤᠨ ᠬᠡᠪᠯᠡᠯ ᠤᠨ ᠨᠤᠮ ᠰᠡᠳᠬᠦᠯ ᠢ ᠵᠦᠢ ᠵᠤᠬᠢᠰᠲᠠᠢ ᠲᠤᠬᠢᠷᠠᠭᠤᠯᠤᠨ᠎ᠠ᠃ ᠲᠤᠮᠳᠠᠳᠤ ᠪᠠᠭ᠎ᠠ ᠰᠤᠷᠭᠠᠭᠤᠯᠢ ᠶᠢᠨ ᠨᠤᠮ ᠤᠨ ᠰᠠᠩ ᠳᠤ ᠬᠠᠳᠠᠭᠠᠯᠠᠬᠤ ᠨᠤᠮ ᠤᠨ ᠬᠡᠮᠵᠢᠶᠠᠨ ᠤ ᠱᠠᠭᠠᠷᠳᠠᠯᠭ᠎ᠠ ᠨᠢ ᠪᠠᠭ᠎ᠠ ᠰᠤᠷᠭᠠᠭᠤᠯᠢ ᠪᠡᠷ ᠵᠢᠱᠢᠶᠡᠯᠡᠪᠡᠯ᠂ ᠬᠠᠳᠠᠭᠠᠯᠠᠬᠤ ᠨᠤᠮ ᠤᠨ ᠬᠡᠮᠵᠢᠶ᠎ᠡ ᠨᠢ ᠰᠤᠷᠤᠭᠴᠢ ᠪᠦᠷᠢ ᠳᠤ 25 ᠲᠡᠪᠳᠡᠷ᠂ ᠰᠡᠳᠬᠦᠯ 60 ᠲᠦᠷᠦᠯ᠂ ᠯᠠᠪᠯᠠᠯᠳᠠ ᠶᠢᠨ ᠨᠤᠮ ᠪᠤᠯᠤᠨ ᠰᠤᠷᠭᠠᠯᠳᠠ ᠳᠤ ᠯᠠᠪᠯᠠᠬᠤ ᠨᠤᠮ ᠨᠡᠶᠢᠳᠡ 120 ᠲᠦᠷᠦᠯ ᠪᠠᠶᠢᠬᠤ ᠬᠡᠷᠡᠭᠲᠡᠢ᠃ (ᠵᠢᠷᠤᠭ ᠢ ᠨᠧᠲ ᠡᠴᠡ )
 
ᠢᠷᠡᠯᠲᠡ᠄ ᠪᠡᠭᠡᠵᠢᠩ ᠤᠨ ᠵᠠᠯᠠᠭᠤᠴᠤᠳ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号