ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠯᠢ ᡁᠢ ᠳ᠋ᠦᠩ ᠨᠠᠷ ᠬᠤᠢ ᠰᠤᠮᠤ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018/6/13
     5 ᠰᠠᠷ᠎ᠠ ᠶᠢᠨ 31   ᠤ ᠡᠳᠦᠷ ᠠᠴᠠ 6 ᠰᠠᠷ᠎ᠠ ᠶᠢᠨ 1 ᠤ ᠡᠳᠦᠷ ᠪᠤᠯᠳᠠᠯ᠎ᠠ᠂ ᠬᠤᠰᠢᠭᠤᠨ ᠤ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠵᠢᠯᠤᠭᠤᠳᠬᠤ ᠭᠠᠵᠠᠷ ᠤᠨ ᠪᠠᠶᠢᠩᠭᠤ ᠶᠢᠨ ᠵᠢᠯᠤᠭᠤᠳᠤᠭᠴᠢ ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠯᠢ ᡁᠢ ᠳ᠋ᠦᠩ᠂ ᠵᠢᠯᠤᠭᠤᠳᠤᠬᠤ ᠭᠠᠵᠠᠷ ᠤᠨ ᠲᠠᠳ᠋ ᠵᠢᠯᠤᠭᠤᠳᠤᠭᠴᠢ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠳ᠋ᠦᠩ ᠱᠧᠩ ᠨᠠᠷ ᠬᠤᠢ ᠰᠤᠮᠤ ᠳᠤ ᠬᠦᠷᠴᠤ᠂ ︽ᠨᠢᠭᠡᠳᠦᠭᠡᠷ ᠱᠦᠵᠢ︾ ᠪᠠ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠪᠠ᠃ ᠬᠤᠢ ᠰᠤᠮᠤ ᠶᠢᠨ ᠨᠠᠮ ᠤᠨ ᠬᠤᠷᠢᠶᠠᠨ ᠤ ᠱᠦᠵᠢ ᠵᠠᠶᠠᠭ᠎ᠠ ᠨᠠᠷ ᠬᠠᠮᠳᠤᠪᠠᠷ ᠱᠠᠭᠠᠷᠳᠠᠨ ᠪᠠᠶᠢᠴᠠᠭᠠᠪᠠ᠃      ᠯᠢ ᡁᠢ ᠳ᠋ᠦᠩ ᠨᠠᠷ ᠤᠷᠢᠳ ᠬᠤᠵᠢᠳ ᠷᠠᠰᠢᠶᠠᠨᠨᠠᠭᠤᠷ᠂ ᠴᠠᠭᠠᠨᠨᠠᠭᠤᠷ᠂ ᠤᠯᠠᠭᠠᠨᠲ᠋ᠤᠭ ᠵᠢᠴᠢ ᠭᠠᠯᠠᠭᠤᠳᠤ ᠵᠠᠷᠭᠡ 11 ᠭᠠᠴᠠᠭ᠎ᠠ ᠳᠤ ᠬᠦᠷᠴᠤ᠂ ᠡᠯ᠎ᠠ ᠭᠠᠴᠠᠭ᠎ᠠ ᠶᠢᠨ ᠠᠵᠢᠯ ᠤᠨ ᠬᠦᠳᠡᠯᠦᠩᠬᠦᠢ ᠬᠠᠮᠢᠶᠠᠷᠤᠯᠳᠠ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠭᠦᠯᠵᠦ ᠪᠠᠶᠢᠬᠤ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠬᠠᠮᠳᠤ  ᠶᠢᠨ ᠠᠵᠦ ᠠᠬᠤᠢ ᠶᠢᠨ ᠬᠦᠭᠵᠢᠯᠳᠠ ᠵᠢᠴᠢ ᠬᠦᠳᠡᠯᠭᠡᠭᠡᠨ ᠤ ᠭᠡᠷ ᠢ ᠵᠢᠷᠤᠮᠵᠢᠭᠤᠯᠤᠨ ᠪᠠᠶᠢᠭᠤᠯᠤᠭᠰᠠᠨ ᠵᠠᠷᠭᠡ ᠠᠵᠢᠯ  ᠤᠨ ᠠᠬᠢᠴᠠ ᠶᠢᠨ ᠪᠠᠶᠢᠳᠠᠯ ᠢ ᠨᠠᠷᠢᠨ ᠤᠶᠢᠯᠠᠭᠠᠵᠦ᠂ ᠪᠤᠶᠢᠳᠠ ᠪᠦᠭᠯᠡᠬᠦᠦ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠢ ᠠᠮᠤ ᠭᠤᠯᠢᠷ ᠲᠤᠰᠤ ᠵᠠᠷᠭᠡ ᠢᠳᠡᠭᠡᠨ ᠢᠶᠠᠷ ᠪᠤᠯᠭᠤᠭᠠᠨ ᠲᠤᠬᠤᠨᠢᠭᠤᠯᠪᠠ᠃
   
    ᠯᠢ ᡁᠢ ᠳ᠋ᠦᠩ ᠴᠢᠬᠤᠯᠠᠴᠢᠯᠠᠭᠰᠠᠨ ᠨᠢ᠂ ︽ᠨᠢᠭᠡᠳᠦᠭᠡᠷ ᠱᠦᠵᠢ︾ ᠪᠠ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠲᠡᠭᠡᠭᠰᠢᠯᠡᠭᠦᠯᠵᠦ᠂ ᠬᠠᠷᠢᠭᠤᠴᠠᠯᠭᠠᠳᠤ ᠤᠬᠠᠮᠰᠠᠷ ᠪᠠᠨ ᠴᠢᠩᠭᠠᠳᠬᠠᠵᠦ᠂ ᠲᠤᠰ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠦᠷ ᠲᠦᠯᠬᠢᠨ ᠠᠬᠢᠭᠤᠯᠵᠦ᠂ ᠰᠠᠶᠢᠳᠦᠷ ᠨᠠᠶᠢᠳᠠᠪᠦᠷᠢᠵᠢᠭᠤᠯᠬᠤ ᠭᠡᠷᠡᠭᠳᠡᠢ᠃ ᠨᠢᠭᠡ ᠳᠤ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠤᠨ ᠱᠠᠭᠠᠷᠳᠠᠯᠭ᠎ᠠ ᠪᠠᠷ ᠭᠠᠴᠠᠭ᠎ᠠ ᠳᠤ ᠰᠠᠭᠤᠵᠦ᠂ ᠭᠠᠴᠠᠭ᠎ᠠ ᠶᠢᠨ ᠬᠦᠳᠡᠯᠭᠡᠭᠡᠨ ᠤ ᠭᠡᠷ ᠡᠨᠡᠬᠦ ᠵᠢᠬᠰᠠᠭᠠᠯ ᠤᠨ ᠭᠠᠵᠠᠷ ᠰᠠᠶᠢᠳᠦᠷ ᠪᠦᠳᠦᠭᠡᠨ ᠪᠠᠶᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠦᠯᠦᠪᠯᠡᠭᠡ᠂ ᠰᠤᠷᠤᠯᠴᠠᠯᠭ᠎ᠠ ᠶᠢᠨ ᠲᠦᠯᠦᠪᠯᠡᠭᠡ ᠲᠤᠭᠳᠠᠭᠠᠵᠦ᠂ ᠠᠵᠢᠯ ᠳᠤ ᠭᠠᠷᠬᠤ ᠲᠠᠮᠳᠡᠭᠯᠡᠯ᠂ ᠬᠤᠷᠠᠯ ᠤᠨ ᠲᠡᠮᠳᠡᠭᠯᠡᠯ᠂ ᠰᠤᠷᠤᠯᠴᠠᠯᠭ᠎ᠠ ᠶᠢᠨ ᠲᠠᠮᠳᠡᠭᠯᠡᠯ ᠲᠠᠢ ᠪᠠᠶᠢᠬᠤ ᠶᠢ ᠪᠠᠶᠠᠯᠡᠭᠦᠯᠬᠦ ᠭᠡᠷᠡᠭᠳᠡᠢ  ︔ ᠬᠤᠶᠠᠷ ᠲᠤ ᠭᠠᠴᠠᠭ᠎ᠠ ᠳᠤ ᠰᠠᠭᠤᠵᠦ ᠦᠨᠡᠨᠬᠦ ᠪᠤᠳᠠᠳᠠᠢ ᠠᠵᠢᠯᠯᠠᠵᠦ᠂ ᠬᠠᠪᠰᠤᠷᠤᠨ ᠲᠡᠳᠬᠦᠬᠦ ᠠᠵᠢᠯ ᠢ ᠦᠷᠬᠦᠯᠵᠢᠯᠡᠨ ᠨᠠᠷᠢᠯᠢᠭ ᠤᠨᠤᠪᠴᠢᠳᠠᠢ ᠬᠦᠨᠵᠡᠭᠡᠢ ᠬᠢᠵᠦ᠂ ᠤᠳᠤᠬᠠᠨ ᠤ  ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠡᠷᠦᠭᠡ ᠲᠠᠷᠭᠠᠯᠠᠨ ᠶᠠᠳᠠᠭᠤᠷᠠᠭᠰᠠᠨ ᠰᠢᠯᠳᠠᠭᠠᠨ  ᠢ ᠨᠢ ᠰᠤᠳᠤᠯᠤᠨ ᠵᠠᠳᠠᠯᠵᠦ᠂ ᠶᠠᠳᠠᠭᠤ ᠬᠦᠴᠢᠷᠳᠠᠯᠳᠠᠢ ᠡᠷᠦᠭᠡ ᠯᠦᠭᠡ ᠶᠠᠳᠠᠭᠤ ᠠᠴᠠ ᠠᠩᠬᠢᠵᠢᠷᠠᠭᠤᠯᠬᠤ ᠠᠷᠭ᠎ᠠ ᠠᠪᠴᠠᠯ ᠢ ᠶᠠᠷᠢᠯᠴᠠᠨ ᠰᠤᠳᠤᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠢᠳᠡᠪᠬᠢᠳᠠᠢ ᠵᠤᠬᠢᠴᠠᠭᠤᠯᠤᠨ᠂ ᠶᠠᠳᠠᠭᠤ  ᠠᠴᠠ ᠠᠩᠬᠢᠵᠢᠷᠠᠭᠤᠯᠬᠤ ᠡᠯ᠎ᠠ ᠵᠦᠢᠯ ᠠᠷᠭ᠎ᠠ ᠠᠪᠴᠠᠯ ᠢ ᠯᠠᠪᠳᠠᠭᠤᠨ ᠢᠶᠠᠷ ᠨᠠᠶᠢᠳᠠᠪᠦᠷᠢᠵᠢᠭᠤᠯᠤᠨ ᠭᠡᠷᠡᠭᠵᠢᠭᠦᠯᠵᠦ᠂ ᠶᠠᠳᠠᠭᠤ ᠬᠦᠴᠢᠷᠳᠠᠯᠳᠠᠢ ᠡᠷᠦᠭᠡ ᠶᠢ ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠨᠰᠠᠭ᠎ᠠ ᠪᠠ ᠦᠷ᠎ᠠ ᠠᠰᠢᠭ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠡᠢ︔ ᠭᠤᠷᠪᠠ ᠳᠤ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ  ᠠᠴᠠ ᠬᠠᠷᠢᠶᠠᠳᠤ  ᠭᠠᠴᠠᠭ᠎ᠠ ᠶᠢᠨ ᠢᠶᠠᠨ ︽ᠨᠢᠭᠡᠳᠦᠭᠡᠷ ᠱᠦᠵᠢ︾᠂ ᠭᠠᠴᠠᠭ᠎ᠠ ᠳᠤ ᠰᠠᠭᠤᠭ᠎ᠠ ᠺᠠᠳ᠋ᠷᠴᠤᠤᠨ ᠲᠠᠬᠢ ᠡᠳᠦᠷ ᠲᠤᠳᠤᠮ ᠤᠨ ᠬᠢᠨᠠᠨ ᠬᠠᠮᠢᠶᠠᠷᠬᠤ ᠬᠦᠴᠦᠯᠡᠴᠨ ᠪᠠᠨ ᠴᠢᠩᠭᠠᠷᠠᠭᠤᠯᠵᠦ᠂ ᠠᠵᠢᠯ ᠳᠤ ᠭᠠᠷᠬᠤ ᠪᠠ ᠴᠢᠯᠦᠭᠡ ᠭᠤᠶᠤᠬᠤ ᠴᠢᠯᠦᠭᠡ ᠭᠤᠶᠤᠯᠳᠠ ᠪᠠᠨ ᠲᠠᠶᠢᠯᠠᠬᠤ ᠲᠦᠷᠢᠮ ᠢ ᠴᠢᠩᠭ᠎ᠠ ᠭᠡᠷᠡᠭᠵᠢᠭᠦᠯᠬᠦ ᠭᠡᠷᠡᠭᠳᠡᠢ᠃ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠬᠢᠨᠠᠨ ᠬᠠᠮᠢᠶᠠᠷᠬᠤ᠂ ᠲᠤᠬᠢᠷᠠᠭᠤᠯᠬᠤ᠂ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠪᠠᠶ᠎ᠠ ᠪᠠᠷ ᠢᠶᠠᠨ ᠴᠢᠩᠭ᠎ᠠ ᠠᠳᠬᠤᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠪᠠᠳᠤᠯᠠᠬᠤ ᠭᠡᠷᠡᠭᠳᠡᠢ᠃    ᠱᠠᠭᠠᠷᠳᠠᠨ ᠪᠠᠶᠢᠴᠠᠭᠠᠵᠦ ᠪᠠᠶᠢᠬᠤ ᠳᠠᠭᠠᠨ᠂ ᠯᠢ ᡁᠢ ᠳ᠋ᠦᠩ ᠨᠠᠷ ᠪᠠᠰᠠ ᠶᠠᠳᠠᠭᠤ ᠬᠦᠴᠢᠷᠳᠠᠯᠳᠠᠢ 2 ᠡᠷᠦᠭᠡ ᠳᠤ ᠬᠦᠷᠴᠤ᠂ ᠲᠠᠳᠠᠨ ᠤ ᠶᠠᠳᠠᠭᠤᠷᠠᠭᠰᠠᠨ ᠰᠢᠯᠳᠠᠭᠠᠨ ᠪᠠ ᠠᠮᠢᠳᠤᠷᠠᠯ ᠤᠨ ᠪᠠᠶᠢᠳᠠᠯ ᠢ ᠨᠢ ᠨᠠᠷᠢᠯᠢᠭ ᠤᠶᠢᠯᠠᠭᠠᠵᠦ᠂ ᠶᠠᠳᠠᠭᠤ ᠬᠦᠴᠢᠷᠳᠠᠯᠳᠠᠢ ᠡᠷᠦᠭᠡ ᠶᠢ ᠠᠵᠦ ᠦᠢᠯᠡᠰ ᠢᠶᠠᠷ ᠲᠡᠳᠬᠦᠬᠦ ᠠᠷᠭ᠎ᠠ ᠭᠡᠮᠵᠢᠶ᠎ᠠ ᠪᠠᠷ ᠲᠠᠮᠵᠢᠭᠤᠯᠤᠨ ᠶᠠᠳᠠᠭᠤ  ᠠᠴᠠ ᠠᠩᠬᠢᠵᠢᠷᠠᠭᠤᠯᠬᠤ ᠶᠢ ᠴᠢᠨᠠᠷ ᠴᠢᠨᠰᠠᠭ᠎ᠠ ᠲᠠᠢ ᠪᠠᠶᠡᠯᠡᠭᠦᠯᠬᠦ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号