ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠭᠡᠢ ᠲᠤᠭᠤᠶᠢᠯᠠᠩ ᠤᠨ ᠲᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠸᠠᠩ ᠬᠤᠸ᠋ᠨ ᠨᠠᠷ ᠪᠠᠶᠠᠨᠳᠠᠯ᠎ᠠ ᠰᠢᠶᠠᠩ ᠳᠤ ᠬᠦᠷᠴᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018/6/13
     
    6 ᠰᠠᠷ᠎ᠠ ᠶᠢᠨ 1   ᠤ ᠡᠳᠦᠷ᠂ ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠦᠩᠭᠡᠢ ᠲᠤᠭᠤᠶᠢᠯᠠᠩ ᠤᠨ ᠲᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠸᠠᠩ ᠬᠤᠸ᠋ᠨ ᠨᠠᠷ ᠪᠠᠶᠠᠨᠳᠠᠯ᠎ᠠ ᠰᠢᠶᠠᠩ ᠳᠤ ᠬᠦᠷᠴᠤ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠤᠯᠭ᠎ᠠ ᠬᠢᠪᠡ᠃ ᠠᠵᠢᠯ ᠤᠨ ᠶᠠᠷᠦᠩᠭᠡᠢ ᠲᠤᠭᠤᠶᠢᠯᠠᠩ ᠤᠨ ᠭᠡᠰᠢᠭᠦᠨ ᠶᠠᠩ ᠰᠢᠶᠠᠩ ᠬᠦᠸᠧ᠂ ᠵᠠᠩ ᠴᠢᠶᠠᠩ᠂ ᠳ᠋ᠦ᠋ ᠶᠠᠨ ᠮᠸᠢ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠲᠢᠶᠠᠨ ᠬᠤᠸ᠋ᠨ ᠨᠠᠷ ᠬᠠᠮᠳᠤᠪᠠᠷ ᠪᠠᠶᠢᠴᠠᠭᠠᠨ ᠰᠤᠳᠤᠯᠤᠯᠳᠠ ᠬᠢᠪᠡ᠃ ᠸᠠᠩ ᠬᠤᠸ᠋ᠨ ᠨᠠᠷ ᠶᠠᠳᠠᠭᠤ ᠬᠦᠴᠢᠷᠳᠠᠯᠳᠠᠢ 5 ᠡᠷᠦᠭᠡ ᠳᠤ ᠬᠦᠨᠵᠡᠭᠡᠶᠢᠷᠡᠵᠦ᠂ ᠲᠠᠳᠠᠨ ᠤ ᠶᠠᠳᠠᠭᠤᠷᠠᠭᠰᠠᠨ ᠰᠢᠯᠳᠠᠭᠠᠨ᠂ ᠬᠠᠪᠰᠤᠷᠤᠨ ᠲᠡᠳᠬᠦᠬᠦ ᠠᠷᠭ᠎ᠠ ᠭᠡᠮᠵᠢᠶ᠎ᠠ᠂ ᠠᠮᠢᠳᠤᠷᠠᠯ ᠤᠨ ᠪᠠᠶᠢᠳᠠᠯ ᠵᠢᠴᠢ ᠬᠦᠮᠦᠨ ᠲᠤᠮᠳᠠᠴᠢ ᠶᠢᠨ ᠤᠷᠤᠯᠭ᠎ᠠ ᠵᠠᠷᠭᠡ ᠶᠢ ᠨᠠᠷᠢᠯᠢᠭ ᠤᠶᠢᠯᠠᠭᠠᠵᠦ᠂ ᠲᠠᠳᠠᠨᠤᠰ ᠢ ᠠᠮᠢᠳᠤᠷᠠᠯ ᠳᠤ ᠵᠦᠪ ᠢᠶᠠᠷ ᠬᠠᠨᠳᠤᠵᠦ᠂ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠲᠠᠮᠵᠢᠯᠭᠡ   ᠶᠢ ᠬᠦᠷᠳᠡᠬᠦ ᠶᠢᠨ ᠬᠠᠮᠳᠤ ︽ᠬᠦᠯᠢᠶᠡᠵᠦ ᠰᠠᠭᠤᠬᠤ᠂ ᠨᠠᠶᠢᠳᠠᠬᠤ᠂ ᠠᠪᠬᠤ︾ ᠪᠤᠳᠤᠯ ᠰᠠᠨᠠᠯ ᠢᠶᠠᠨ ᠲᠠᠶᠠᠭᠳᠠᠵᠦ᠂ ᠦᠪᠠᠷ ᠤᠨ ᠴᠢᠷᠮᠠᠶᠢᠯᠭ᠎ᠠ ᠪᠠᠷ ᠢᠶᠠᠨ ᠡᠷᠳᠠ ᠨᠢᠭᠡᠨ ᠡᠳᠦᠷ ᠶᠠᠳᠠᠭᠤ ᠠᠴᠠ ᠠᠩᠬᠢᠵᠢᠷᠠᠬᠤ ᠭᠡᠷᠡᠭᠳᠡᠢ  ᠭᠡᠵᠦ ᠵᠤᠷᠢᠭᠵᠢᠭᠤᠯᠪᠠ᠃ ᠵᠠᠯᠭᠠᠭᠠᠳ ᠬᠢᠭᠰᠡᠨ ᠰᠠᠭᠤᠳᠠᠯ ᠤᠨ ᠬᠤᠷᠠᠯ ᠲᠡᠭᠡᠷ᠎ᠠ᠂ ᠰᠢᠶᠠᠩ ᠤᠨ ᠨᠠᠮ ᠤᠨ ᠬᠤᠷᠢᠶᠠᠨ ᠤ ᠱᠦᠵᠢ ᠡᠦ ᡁᠢ ᠭᠠᠩ ᠪᠠᠶᠠᠨᠳᠠᠯ᠎ᠠ ᠰᠢᠶᠠᠩ ᠤᠨ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠵᠦ᠂ ᠭᠠᠴᠠᠭ᠎ᠠ ᠳᠤ ᠰᠠᠭᠤᠭ᠎ᠠ ︽ᠨᠢᠭᠡᠳᠦᠭᠡᠷ ᠱᠦᠵᠢ︾᠂ ᠬᠠᠪᠰᠤᠷᠤᠨ ᠲᠡᠳᠬᠦᠬᠦ ᠺᠠᠳ᠋ᠷ ᠪᠠ ᠶᠠᠳᠠᠭᠤ ᠬᠦᠴᠢᠷᠳᠠᠯᠳᠠᠢ ᠡᠷᠦᠭᠡ ᠶᠢᠨ ᠲᠦᠯᠦᠭᠡᠯᠡᠭᠴᠢ ᠤᠳᠤᠬᠠᠨ ᠤ ᠪᠠᠶᠠᠨᠳᠠᠯ᠎ᠠ ᠰᠢᠶᠠᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠦᠭᠰᠡᠨ ᠪᠠᠶᠢᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠲᠤᠷᠠᠳᠪᠠ᠃     ᠸᠠᠩ ᠬᠤᠸ᠋ᠨ ᠠᠴᠠ ᠪᠠᠶᠠᠨᠳᠠᠯ᠎ᠠ ᠰᠢᠶᠠᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠦᠢᠴᠠᠳ ᠨᠤᠳᠠᠯᠠᠵᠦ᠂ ᠶᠠᠳᠠᠭᠤ ᠶᠢ ᠲᠡᠳᠬᠦᠬᠦ ᠳᠤ ᠤᠷᠢᠳᠠᠪᠠᠷ ᠡᠷᠴᠢ ᠵᠤᠷᠢᠭ ᠪᠠ ᠤᠶᠤᠨ ᠰᠠᠨᠠᠭᠠᠨ ᠤ ᠲᠠᠯ᠎ᠠ ᠠᠴᠠ ᠲᠡᠳᠬᠦᠵᠦ᠂ ᠠᠵᠦ ᠦᠢᠯᠡᠰ ᠢ ᠢᠳᠡᠪᠬᠢᠳᠠᠢ ᠬᠦᠭᠵᠢᠭᠦᠯᠬᠦ ᠪᠠᠷ ᠲᠠᠮᠵᠢᠭᠤᠯᠤᠨ ᠶᠠᠳᠠᠭᠤ ᠬᠦᠴᠢᠷᠳᠠᠯᠳᠠᠢ ᠡᠷᠦᠭᠡ ᠶᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠶᠠᠳᠠᠭᠤ ᠠᠴᠠ ᠠᠩᠬᠢᠵᠢᠷᠠᠭᠤᠯᠬᠤ ᠶᠢᠨ ᠬᠠᠮᠳᠤ ᠶᠠᠳᠠᠭᠤ  ᠠᠴᠠ ᠠᠩᠬᠢᠵᠢᠷᠠᠵᠦ ᠪᠠᠶᠠᠨ ᠴᠢᠨᠡᠭᠡᠯᠢᠭᠵᠢᠭᠰᠡᠨ ᠲᠠᠭᠠᠭᠤᠯᠤᠭᠴᠢ ᠶᠢᠨ ᠵᠢᠱᠢᠶ᠎ᠠ ᠦᠵᠡᠭᠦᠯᠦᠨ ᠬᠦᠳᠦᠯᠦᠨ ᠲᠠᠭᠠᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠳᠡᠢ︔ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠡᠷᠭᠡᠪᠰᠢ ᠯᠠᠪᠳᠠᠭᠤᠨ  ᠢᠶᠠᠷ ᠠᠵᠢᠯ ᠢᠶᠠᠨ ᠦᠷᠨᠢᠭᠦᠯᠵᠦ᠂ ᠠᠷᠠᠳ ᠤᠯᠠᠨ ᠢᠶᠠᠷ ᠰᠠᠭᠤᠷᠢ ᠪᠤᠯᠭᠠᠵᠦ᠂ ᠲᠠᠳᠠᠨᠠᠷ ᠲᠠᠢ ᠢᠯᠡᠭᠦᠭᠡᠨ ᠬᠠᠷᠢᠯᠴᠠᠨ ᠨᠠᠪᠳᠠᠷᠠᠯᠴᠠᠬᠦ ᠭᠡᠷᠡᠭᠳᠡᠢ︔ ᠦᠷᠬᠦᠯᠵᠢᠯᠨᠨ ︽ᠤᠨᠢᠨ ᠲᠡᠭᠡᠷ᠎ᠠ ᠨᠢ︾ ᠰᠠᠶᠢᠳᠦᠷ  ᠲᠡᠳᠬᠦᠨ ᠲᠡᠮᠵᠢᠵᠦ᠂ ᠤᠨᠢᠨ ᠲᠡᠭᠡᠷ᠎ᠠ ᠨᠢ ᠢᠯᠭᠠᠨ ᠲᠤᠳᠤᠯᠠᠬᠤ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠭᠦᠯᠬᠦ ᠭᠡᠷᠡᠭᠳᠡᠢ︔ ᠦᠨᠳᠦᠰᠦᠨ ᠱᠠᠳᠤᠨ ᠤ ᠺᠠᠳ᠋ᠷᠴᠤᠤᠨ ᠤᠨ ᠦᠢᠯᠡᠳᠦᠯ ᠢ ᠬᠦᠢᠴᠠᠳ ᠪᠠᠳᠠᠷᠠᠭᠤᠯᠵᠦ᠂ ︽ᠨᠢᠭᠡᠳᠦᠭᠡᠷ ᠱᠦᠵᠢ  ︾᠂ ᠭᠠᠴᠠᠭ᠎ᠠ ᠳᠤ ᠰᠠᠭᠤᠭ᠎ᠠ ᠺᠠᠳ᠋ᠷ᠂ ᠬᠠᠪᠰᠤᠷᠤᠨ ᠲᠡᠳᠬᠦᠬᠦ ᠺᠠᠳ᠋ᠷᠴᠤᠤᠨ ᠠᠷᠠᠳ ᠤᠯᠠᠨ ᠲᠠᠢ ᠬᠠᠷᠢᠯᠴᠠᠬᠤ ᠠᠵᠢᠯ ᠢ ᠰᠠᠶᠢᠳᠦᠷ ᠬᠢᠬᠦ ᠭᠡᠷᠡᠭᠳᠡᠢ︔ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠬᠤ ᠶᠢ ᠴᠢᠩᠭᠠᠳᠬᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠴᠢᠨᠠᠷ ᠴᠢᠨᠰᠠᠭ᠎ᠠ ᠲᠠᠢ ᠬᠢᠵᠦ᠂ ᠦᠨᠡᠨᠬᠦ ᠶᠠᠳᠠᠭᠤ ᠶᠢ ᠲᠡᠳᠬᠦᠬᠦ᠂ ᠦᠨᠡᠨᠬᠦ ᠶᠠᠳᠠᠭᠤ  ᠠᠴᠠ ᠠᠩᠬᠢᠵᠢᠷᠠᠭᠭᠤᠯᠬᠤ ᠶᠢ ᠯᠠᠪᠳᠠᠢ ᠪᠠᠳᠤᠯᠠᠬᠤ ᠭᠡᠷᠡᠭᠳᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号