《ᠬᠤᠭᠤᠯᠠᠢ ᠪᠠᠨ ᠬᠠᠮᠠᠭᠠᠯᠠᠬᠤ》 -- ᠲᠠᠨ ᠤ ᠬᠤᠭᠤᠯᠠᠢ ᠡᠷᠡᠬᠦᠯ ᠤᠤ?
ᠨᠡᠶᠢᠲᠡᠯᠡᠭᠰᠡᠨ ᠴᠠᠭ᠄
2018/6/14
   4 ᠰᠠᠷ᠎ᠠ ᠶᠢᠨ 16 ᠤ ᠡᠳᠤᠷ ᠪᠤᠯ ᠲᠡᠯᠡᠬᠡᠢ ᠶᠢᠨ ᠬᠤᠭᠤᠯᠠᠢ ᠪᠠᠨ ᠬᠠᠮᠠᠭᠠᠯᠠᠬᠤ ᠡᠳᠤᠷ᠃ ᠠᠮᠢᠳᠤᠷᠠᠯ ᠤᠨ ᠠᠶᠢᠵᠠᠮ ᠤᠨ ᠲᠦᠷᠭᠡᠰᠬᠦ ᠪᠤᠯᠤᠨ ᠤᠷᠴᠢᠨ ᠲᠤᠭᠤᠷᠢᠨ ᠤ ᠪᠤᠬᠢᠷᠳᠤᠯ ᠤᠨ ᠬᠦᠨᠳᠤᠷᠡᠬᠦ ᠶᠢ ᠲᠠᠭᠠᠯᠳᠤᠨ ᠬᠦᠮᠦᠰ ᠤᠨ ᠬᠤᠭᠤᠯᠠᠢ ᠶᠢᠨ ᠡᠪᠡᠳᠴᠢᠨ ᠳᠤ ᠨᠡᠷᠪᠡᠭ᠍ᠳᠡᠬᠦ ᠠᠶᠤᠯ ᠵᠢᠯ ᠡᠴᠡ ᠵᠢᠯ ᠨᠡᠮᠡᠭᠳᠡᠵᠤ᠂ ᠬᠦᠮᠦᠰ ᠤᠨ ᠠᠮᠢᠳᠤᠷᠠᠯ ᠤᠨ ᠴᠢᠨᠠᠷ ᠪᠤᠯᠤᠨ ᠪᠡᠶ᠎᠎ᠡ ᠶᠢᠨ ᠡᠷᠡᠬᠦᠯ ᠮᠡᠨᠳᠤ ᠶᠢ ᠨᠦᠯᠦᠬᠡᠯᠡᠵᠤ ᠪᠠᠶᠢᠨ᠎ᠠ ᠬᠡᠵᠤ ᠮᠡᠷᠬᠡᠵᠢᠯᠲᠡᠨ ᠲᠤᠷᠠᠳᠪᠠ᠃    ᠬᠤᠭᠤᠯᠠᠢ ᠶᠢᠨ ᠡᠪᠡᠳᠴᠢᠨ ᠨᠢ ᠲᠤᠤᠷᠠᠬᠢ ᠭᠤᠷᠪᠠᠨ ᠲᠦᠷᠦᠯ ᠤᠨ ᠬᠦᠮᠦᠰ ᠲᠤ ᠠᠮᠠᠷᠬᠠᠨ ᠨᠡᠷᠪᠡᠭ᠍ᠳᠡᠳᠡᠭ᠃ ᠨᠢᠬᠡ ᠨᠢ ᠪᠠᠭᠰᠢ᠂ ᠤᠳᠠᠰᠤᠴᠢᠨ᠂ ᠨᠡᠪᠳᠡᠷᠡᠬᠦᠯᠦᠭᠴᠢ᠂ ᠪᠤᠷᠤᠯᠠᠭᠤᠯᠤᠭᠴᠢ᠂ ᠬᠤᠳᠠᠯᠳᠤᠭᠴᠢ᠂ ᠴᠤᠩᠬᠤᠨ ᠦᠢᠯᠡᠴᠢᠯᠡᠬᠡᠨ ᠤ ᠠᠵᠢᠯ ᠲᠠᠢ ᠬᠦᠮᠦᠰ᠃ ᠬᠤᠶᠠᠷ ᠨᠢ ᠤᠷᠳᠤ ᠬᠤᠭᠤᠴᠠᠭ᠎ᠠ ᠲᠠᠮᠠᠬᠢ ᠲᠠᠳᠠᠭᠴᠢ᠂ ᠠᠷᠢᠬᠢ ᠤᠤᠭᠤᠭᠴᠢᠳ᠃ ᠭᠤᠷᠪᠠ ᠳᠤ ᠤᠷᠳᠤ ᠬᠤᠭᠤᠴᠠᠭ᠎ᠠ ᠪᠡᠷ ᠤᠬᠢᠯᠠᠵᠤ ᠪᠠᠷᠬᠢᠷᠠᠬᠤ ᠨᠢᠯᠬ᠎ᠠ ᠬᠡᠦᠬᠡᠳ᠃ ᠡᠶᠢᠮᠦ ᠡᠴᠡ ᠤᠷᠳᠤ ᠬᠤᠭᠤᠴᠠᠭ᠎ᠠ ᠪᠡᠷ ᠲᠠᠭᠤ ᠬᠤᠭᠤᠯᠠᠢ ᠰᠦᠬᠡᠩᠬᠢᠳᠤᠵᠤ ᠪᠠᠶᠢᠬᠤ ᠶᠢ ᠤᠮᠳᠤᠭᠠᠶᠢᠯᠠᠵᠤ ᠪᠤᠯᠬᠤ ᠦᠭᠡᠢ᠂ ᠴᠠᠭ ᠲᠤᠬᠠᠢ ᠳᠤ ᠨᠢ ᠡᠮᠨᠡᠯᠬᠡ ᠳᠤ ᠬᠤᠭᠤᠯᠠᠢ ᠶᠢᠨ ᠪᠠᠶᠢᠴᠠᠭᠠᠯᠳᠠ ᠬᠢᠯᠭᠡᠵᠤ᠂ ᠬᠤᠭᠤᠯᠠᠢ ᠶᠢᠨ ᠡᠪᠡᠳᠴᠢᠨ ᠡᠴᠡ ᠰᠡᠷᠬᠡᠶᠢᠯᠡᠬᠦ ᠬᠡᠷᠡᠭᠲᠡᠢ ᠬᠡᠵᠤ ᠮᠡᠷᠭᠡᠵᠢᠯᠳᠡᠨ ᠰᠠᠨᠠᠭᠤᠯᠵᠤ ᠪᠠᠶᠢᠨ᠎ᠠ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号