ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠵᠢᠶᠦ᠋ᠨ ᠨᠠᠷ ᠮᠠᠨ ᠤ ᠬᠤᠰᠢᠭᠤᠨ ᠳᠤ ᠢᠷᠡᠵᠦ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠵᠠᠭᠤᠨ ᠡᠳᠦᠷ ᠤᠨ ᠪᠣᠭᠤᠮᠳᠠ ᠰᠢᠪᠳᠣᠯᠬᠤ ᠠᠵᠢᠯ ᠢ ᠵᠢᠭᠠᠨ ᠵᠢᠯᠣᠭᠤᠳᠣᠪᠠ
ᠨᠡᠶᠢᠲᠡᠯᠡᠭᠰᠡᠨ ᠴᠠᠭ᠄
2018/6/15
    6 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠵᠢᠶᠦ᠋ᠨ ᠨᠠᠷ ᠮᠠᠨ ᠤ ᠬᠤᠰᠢᠭᠤᠨ ᠳᠤ ᠢᠷᠡᠵᠦ᠂ ︽ ᠪᠣᠯᠪᠠᠰᠣᠨ ᠬᠦᠯᠦᠨ ᠪᠣᠶᠢᠷ ·  ᠴᠡᠪᠡᠷ ᠲᠡᠭᠰᠢ ᠡᠮᠬᠢ ᠵᠢᠷᠣᠮ ᠲᠠᠢ ᠰᠠᠭᠠᠳ ᠦᠬᠡᠢ ᠨᠡᠪᠳᠡᠷᠡᠬᠦ︾ ᠢᠨᠵᠧᠨᠧᠷᠢᠩ ᠤᠨ ᠵᠠᠭᠤᠨ ᠡᠳᠦᠷ ᠤᠨ ᠪᠣᠭᠤᠮᠳᠠ ᠰᠢᠪᠳᠣᠯᠣᠯᠲᠠ ᠶᠢᠨ ᠲᠣᠰᠬᠠᠢ ᠴᠡᠭᠴᠡᠯᠡᠨ ᠵᠠᠰᠠᠬᠤ ᠠᠵᠢᠯ ᠤᠨ ᠲᠣᠬᠠᠢ ᠶᠢᠨ ᠲᠠᠯᠠᠪᠣᠷ ᠲᠤ ᠬᠦᠷᠴᠦ ᠵᠢᠭᠠᠨ ᠵᠢᠯᠣᠭᠤᠳᠣᠯᠭ᠎ᠠ ᠬᠢᠪᠡ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠣᠪᠴᠢᠶᠠᠨ ᠤ ᠳᠠᠷᠤᠭ᠎ᠠ ᠶᠢᠨ ᠲᠢᠶᠧ ᠹᠧᠩ᠂ ᠳᠡᠳ᠋ ᠳᠠᠷᠤᠭ᠎ᠠ ᠯᠢ ᠵᠢᠶᠠ ᠰᠢᠶᠠᠩ ᠨᠠᠷ ᠬᠠᠮᠳᠣ ᠵᠢᠭᠠᠨ ᠵᠢᠯᠣᠭᠤᠳᠣᠯᠭ᠎ᠠ ᠳᠤ ᠣᠷᠣᠯᠴᠠᠪᠠ᠃
     ᠵᠠᠩ ᠴᠢ ᠵᠢᠶᠦ᠋ᠨ ᠨᠠᠷ ᠪᠠᠶᠠᠨᠳᠣᠬᠤᠢ ᠪᠠᠯᠭᠠᠰᠣ ᠶᠢᠨ ᠠᠷᠠᠳ ᠤᠨ ᠬᠤᠳᠠᠯᠳᠣᠭᠠᠨ ᠤ ᠳᠡᠯᠭᠡᠭᠦᠷ ᠪᠠ ᠭᠦᠸᠧ ᠳ᠋ᠠ ᠡᠮ ᠤᠨ ᠳᠡᠯᠭᠡᠭᠦᠷ ᠲᠤ ᠬᠦᠷᠴᠦ᠂ ᠵᠠᠭᠤᠨ ᠡᠳᠦᠷ ᠤᠨ ᠪᠣᠭᠤᠮᠳᠠ ᠰᠢᠪᠳᠣᠯᠣᠯᠲᠠ ᠶᠢᠨ ᠲᠣᠰᠬᠠᠢ ᠴᠡᠭᠴᠡᠯᠡᠨ ᠵᠠᠰᠠᠬᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠵᠣ᠂ ᠠᠵᠢᠯ ᠤᠨ ᠲᠣᠬᠠᠢ ᠮᠡᠳᠡᠬᠦᠯᠦᠯᠲᠡ  ᠢ ᠰᠣᠨᠣᠰᠬᠤ ᠶᠢᠨ ᠬᠠᠮᠳᠣ ᠵᠢᠭᠠᠨ ᠵᠢᠯᠣᠭᠤᠳᠬᠤ ᠰᠠᠨᠠᠯ ᠳᠣᠷᠠᠳᠣᠪᠠ᠃     ᠵᠠᠩ ᠴᠢ ᠵᠢᠶᠦ᠋ᠨ ᠠᠴᠠ ᠪᠠᠶᠠᠨᠳᠣᠬᠤᠢ ᠪᠠᠯᠭᠠᠰᠣ ᠪᠣᠯ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠠᠵᠢᠯ  ᠤᠨ ᠭᠤᠣᠯ ᠪᠠᠬᠢᠯᠡᠯᠲᠡ ᠶᠢᠨ ᠭᠠᠵᠠᠷ ᠲᠣᠯᠠ ᠵᠠᠭᠤᠨ ᠡᠳᠦᠷ ᠤᠨ ᠪᠣᠭᠤᠮᠳᠠ ᠰᠢᠪᠳᠣᠯᠬᠤ ᠠᠵᠢᠯ ᠤᠨ ᠡᠭᠦᠷᠭᠡ ᠶᠢ ᠰᠠᠶᠢᠳᠣᠷ ᠪᠡᠶᠡᠯᠡᠬᠦᠯᠵᠦ᠂ ᠣᠳᠣᠷᠢᠳᠣᠯᠭ᠎ᠠ ᠪᠠᠨ ᠴᠢᠩᠭᠠᠳᠬᠠᠵᠣ᠂ ᠡᠬᠦᠷᠭᠡ ᠶᠢ ᠬᠦᠮᠦᠨ ᠳᠤᠨᠢ ᠨᠠᠶᠢᠳᠠᠪᠣᠷᠢᠵᠢᠭᠤᠯᠵᠣ ᠂ ᠡᠯ᠎ᠡ ᠲᠠᠯ᠎ᠠ ᠶᠢᠨ ᠬᠢᠨ ᠤ ᠡᠬᠢ ᠪᠠᠶᠠᠯᠢᠭ ᠢ ᠨᠡᠶᠢᠳᠬᠡᠨ᠂ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠠᠵᠢᠯ  ᠤᠨ ᠬᠠᠮᠳᠣ ᠶᠢᠨ ᠬᠦᠴᠦᠨ ᠢ ᠪᠦᠷᠢᠯᠳᠦᠬᠦᠯᠬᠦ ᠬᠡᠷᠡᠭᠲᠡᠢ︔ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠣ᠂ ᠲᠣᠬᠠᠢ ᠶᠢᠨ ᠲᠠᠯᠠᠪᠣᠷ ᠤᠨ ᠬᠠᠮᠢᠶᠠᠷᠣᠯᠲᠠ ᠶᠢ ᠪᠠᠶᠢᠩᠭᠤᠴᠢᠯᠠᠵᠣ᠂ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠰᠢᠯᠢᠳᠡᠭ ᠰᠠᠶᠢᠨ ᠣᠷᠴᠢᠨ ᠢ ᠪᠣᠢ ᠪᠣᠯᠭᠠᠵᠣ᠂ ᠨᠡᠩ ᠦᠨᠳᠦᠷ ᠪᠠᠷᠢᠮᠵᠢᠶ᠎ᠠ ᠪᠠᠷ ᠦᠪᠡᠷ ᠢ  ᠪᠠᠨ ᠱᠠᠭᠠᠷᠳᠠᠨ᠂ ᠣᠯᠠᠨ ᠢ ᠳᠠᠶᠢᠴᠢᠯᠠᠵᠣ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠡᠯ᠎ᠡ ᠲᠦᠷᠦᠯ ᠤᠨ ᠠᠵᠢᠯ ᠢ ᠰᠠᠶᠢᠳᠣᠷ ᠪᠡᠶᠡᠯᠡᠬᠦᠯᠬᠦ ᠬᠡᠷᠡᠭᠲᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号