ᠡᠸ᠋ᠨᠩᠬᠢ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠶᠢ ᠪᠡᠯᠭᠡᠯᠡᠬᠦ ᠦᠨᠳᠦᠰᠦᠲᠡᠨ ᠤ ᠣᠨᠴᠠᠯᠢᠭᠲᠣ ᠪᠦᠲᠦᠭᠡᠭᠳᠡᠬᠦᠨ ᠤ ᠦᠵᠡᠬᠦᠯᠦᠯᠭᠡ ᠨᠡᠶᠢᠰᠯᠡᠯ ᠬᠤᠲᠠ ᠳᠤ ᠶᠠᠪᠣᠭᠳᠠᠪᠠ
ᠨᠡᠶᠢᠲᠡᠯᠡᠭᠰᠡᠨ ᠴᠠᠭ᠄
2018/6/15
   6 ᠰᠠᠷ᠎ᠠ ᠶᠢᠨ 5 ᠤ ᠡᠳᠦᠷ᠂ ᠡᠸ᠋ᠨᠩᠬᠢ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠶᠢ ᠪᠡᠯᠬᠡᠯᠡᠬᠦ ᠦᠨᠳᠦᠰᠦᠲᠡᠨ ᠤ ᠣᠨᠴᠠᠯᠢᠭᠲᠣ ᠪᠦᠲᠦᠭᠡᠭᠳᠡᠬᠦᠨ ᠤ ᠦᠵᠡᠬᠦᠯᠦᠯᠬᠡ ᠪᠡᠬᠡᠵᠢᠩ ᠬᠤᠲᠠ ᠶᠢᠨ ᠦᠪᠦᠷ ᠮᠣᠩᠭᠤᠯ ᠲᠣᠮᠣ ᠠᠰᠠᠷ ᠲᠤ ᠬᠦᠰᠢᠬᠡ ᠨᠡᠬᠡᠬᠡᠪᠡ᠂ 12 ᠠᠵᠣ ᠠᠬᠤᠶᠢᠯᠠᠯ ᠤᠨ ᠵᠠᠭᠤ ᠭᠠᠷᠣᠢ ᠲᠦᠷᠦᠯ ᠤᠨ ᠦᠨᠳᠦᠰᠦᠲᠡᠨ ᠤ ᠣᠨᠴᠠᠯᠢᠭ ᠲᠠᠢ ᠪᠦᠲᠦᠭᠡᠭᠳᠡᠬᠦᠨ ᠨᠡᠶᠢᠰᠯᠡᠯ ᠬᠤᠲᠠ  ᠳᠤ ᠣᠯᠠᠨ ᠲᠦᠮᠡᠨ ᠲᠠᠢ ᠨᠢᠭᠤᠷᠳᠠᠵᠣ᠂ ᠡᠯ᠎ᠡ ᠦᠨᠳᠦᠰᠦᠲᠡᠨ ᠤ ᠠᠷᠠᠳ ᠲᠦᠮᠡᠨ ᠪᠠ ᠵᠢᠭᠤᠯᠴᠢᠯᠠᠭᠴᠢᠳ ᠲᠤ ᠠᠵᠢᠯᠴᠢ ᠬᠦᠳᠡᠯᠮᠦᠷᠢᠴᠢ ᠰᠡᠴᠡᠨ ᠰᠡᠷᠭᠦᠯᠡᠩ ᠡᠸ᠋ᠨᠩᠬᠢᠴᠣᠳ ᠤᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠬᠦᠷᠢᠶᠡᠯᠡᠯ ᠳᠣᠣᠷᠠᠬᠢ ᠡᠬᠦᠳᠦᠨ ᠪᠦᠲᠦᠭᠡᠯᠳᠡ ᠶᠢ ᠬᠠᠷᠠᠭᠤᠯᠣᠭᠰᠠᠨ ᠪᠠᠶᠢᠨ᠎ᠠ᠃
    ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠪᠣᠯ ᠡᠸ᠋ᠨᠩᠬᠢ ᠦᠨᠳᠦᠰᠦᠲᠡᠨ ᠢᠶᠠᠷ ᠭᠤᠣᠯᠯᠠᠵᠣ ᠂ ᠮᠣᠩᠭᠤᠯ᠂ ᠬᠢᠳᠠᠳ᠂ ᠳᠠᠭᠤᠷ ᠵᠡᠷᠭᠡ ᠣᠯᠠᠨ ᠦᠨᠳᠦᠰᠦᠲᠡᠨ ᠪᠦᠯᠬᠦᠮᠳᠡᠨ ᠬᠦᠭᠵᠢᠵᠦ ᠪᠠᠶᠢᠭ᠎ᠠ ᠲᠣᠮᠣ ᠬᠡᠷ ᠪᠦᠯᠢ ᠮᠦᠨ᠂ ᠡᠯᠪᠡᠭ ᠪᠠᠶᠠᠯᠢᠭ ᠢᠷᠠᠭᠤ ᠰᠠᠶᠢᠬᠠᠨ ᠦᠨᠳᠦᠰᠦᠳᠡᠨ ᠤ ᠰᠣᠶᠣᠯ ᠲᠠᠢ ᠪᠠᠶᠢᠳᠠᠭ᠃ ᠲᠣᠰ ᠣᠳᠠᠭᠠᠨ ᠤ ᠦᠵᠡᠬᠦᠯᠦᠯᠬᠡ ᠳᠤ 4 ᠭᠠᠷ ᠣᠷᠠᠯᠠᠯ ᠤᠨ ᠪᠦᠲᠦᠭᠡᠭᠳᠡᠬᠦᠨ ᠤ ᠠᠵᠣ ᠠᠬᠤᠶᠢᠯᠠᠯ ᠪᠠᠶᠢᠵᠣ᠂ ᠨᠠᠷᠠᠨ ᠬᠤᠸᠠᠷ᠂ ᠨᠠᠷᠠᠨ ᠬᠡᠣᠬᠡᠨ ᠵᠠᠰᠠᠯ ᠴᠢᠮᠡᠭᠯᠡᠯ᠂ ᠠᠷᠠᠰᠣᠨ ᠰᠠᠶᠢᠯᠣᠮᠡᠯ ᠵᠢᠷᠤᠭ᠂ ᠵᠢᠩ ᠲᠠᠢ ᠯᠠᠨ ᠤ ᠵᠢᠷᠤᠭ ᠵᠡᠷᠭᠡ ᠨᠠᠷᠢᠯᠢᠭ ᠰᠠᠶᠢᠬᠠᠨ ᠪᠦᠲᠦᠭᠡᠭᠳᠡᠬᠦᠨ ᠨᠢ ᠵᠢᠭᠤᠯᠴᠢᠯᠠᠭᠴᠢᠳ ᠤᠨ ᠬᠠᠷᠠᠭ᠎ᠠ ᠶᠢ ᠲᠠᠲᠠᠨ ᠲᠠᠭᠠᠰᠢᠶᠠᠯ ᠢ ᠣᠯᠵᠣ᠂ ᠨᠠᠷᠢᠯᠢᠭ ᠰᠠᠶᠢᠬᠠᠨ ᠭᠠᠷ ᠣᠷᠠᠯᠠᠯ ᠦᠩᠭᠡ ᠢᠯᠭᠠᠷᠠᠮ᠎ᠠ ᠰᠢᠨᠵᠢ ᠳᠦᠷᠰᠦ ᠨᠢ ᠲᠠᠯ᠎ᠠ ᠨᠣᠲᠤᠭ ᠤᠨ ᠠᠷᠠᠳ ᠲᠦᠮᠡᠨ ᠤ ᠠᠮᠢᠳᠣᠷᠠᠯ ᠳᠤ ᠢᠯᠡᠭᠡᠭᠰᠡᠨ ᠬᠠᠶᠢᠷ᠎ᠠ ᠪᠠ ᠵᠣᠯ ᠵᠢᠷᠭᠠᠯᠳᠣ ᠠᠮᠢᠳᠣᠷᠠᠯ ᠠᠴᠠ ᠢᠷᠡᠯᠲᠡ ᠲᠠᠢ ᠪᠢᠯᠡ᠃ ᠦᠵᠡᠬᠦᠯᠦᠯᠬᠡ ᠳᠤ ᠣᠷᠣᠯᠴᠠᠭᠰᠠᠨ ᠪᠣᠰᠣᠳ 8 ᠠᠵᠣ ᠠᠬᠤᠶᠢᠯᠠᠯ ᠨᠢ ᠴᠦᠮ ᠢᠳᠡᠬᠡᠨ ᠣᠮᠳᠠᠭᠠᠨ ᠤ ᠠᠵᠣ ᠠᠬᠤᠶᠢᠯᠠᠯ ᠪᠠᠶᠢᠵᠣ᠂ ᠭᠤᠣᠯᠳᠠᠭᠤ ︽ ᠪᠠᠶᠢᠭᠠᠯᠢᠯᠢᠭ︾᠂ ︽ᠣᠷᠭᠠᠨᠢᠭ︾᠂ ︽ ᠪᠣᠬᠢᠷᠳᠣᠯ ᠦᠬᠡᠢ︾ ᠨᠡᠷᠡᠲᠦ ᠲᠡᠮᠳᠡᠭᠲᠦ ᠪᠦᠲᠦᠭᠡᠭᠳᠡᠬᠦᠨ ᠢ ᠦᠢᠯᠡᠳᠴᠦ᠂ ᠪᠠᠰᠠ ᠡᠯ᠎ᠡ ᠵᠦᠢᠯ ᠤᠨ ᠦᠬᠡᠷ ᠬᠤᠨᠢᠨ ᠮᠢᠬᠠᠨ ᠤ ᠦᠢᠯᠡᠳᠬᠦᠨ᠂ ᠰᠢᠩᠬᠡᠨ ᠰᠦ ᠂ ᠰᠦᠨ ᠤ ᠦᠢᠯᠡᠳᠬᠦᠨ᠂ ᠦᠨᠳᠦᠰᠦᠲᠡᠨ ᠤ ᠣᠨᠴᠠᠯᠢᠭᠲᠣ ᠪᠣᠣᠪᠤ ᠪᠣᠭᠤᠷᠰᠤᠭ᠂ ᠭᠤᠯᠢᠷ᠂ ᠮᠦᠬᠦ ᠶᠢᠨ ᠵᠦᠢᠯ ᠵᠡᠷᠭᠡ ᠪᠠᠶᠢᠳᠠᠭ᠃
   
   
    ᠲᠣᠰ ᠣᠳᠠᠭᠠᠨ ᠤ ᠦᠨᠳᠦᠰᠦᠲᠡᠨ ᠤ ᠣᠨᠴᠠᠯᠢᠭᠲᠣ ᠪᠦᠲᠦᠭᠡᠭᠳᠡᠬᠦᠨ ᠤ ᠦᠵᠡᠬᠦᠯᠦᠯᠭᠡ ᠶᠢᠨ ᠬᠤᠭᠤᠴᠠᠭ᠎ᠠ  ᠶᠢ ᠳᠦᠷᠪᠡᠨ ᠡᠳᠦᠷ ᠢᠶᠠᠷ ᠲᠣᠭᠲᠠᠭᠠᠵᠣ᠂ ᠪᠡᠬᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠳᠤ ᠡᠷᠬᠢᠯᠡᠭᠰᠡᠨ ᠦᠪᠡᠷᠲᠡᠭᠡᠨ ᠵᠠᠰᠠᠬᠤ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠶᠢᠨ ᠠᠮᠵᠢᠯᠲᠠ ᠪᠦᠲᠦᠮᠵᠢ  ᠶᠢᠨ ᠦᠵᠡᠰᠬᠦᠯᠡᠩ ᠲᠠᠢ ᠴᠣᠭᠭᠠᠷ ᠶᠠᠪᠣᠭᠳᠠᠵᠣ᠂ ᠪᠦᠬᠦ ᠲᠠᠯ᠎ᠠ ᠪᠠᠷ᠂ ᠣᠯᠠᠨ ᠬᠠᠷᠠᠭᠠᠰᠣ ᠠᠴᠠ ᠡᠸ᠋ᠨᠩᠬᠢ ᠬᠤᠰᠢᠭᠤᠨ ᠤ ᠦᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠤᠨ ᠲᠠᠪᠠᠭᠤᠯᠢᠭ ᠲᠠᠯ᠎ᠠ᠂ ᠣᠳᠣᠬᠢᠴᠢᠯᠠᠭᠰᠠᠨ ᠠᠵᠣ ᠦᠢᠯᠡᠰ ᠤᠨ ᠬᠦᠭᠵᠢᠯᠲᠡ ᠶᠢᠨ ᠦᠷ᠎ᠡ ᠪᠦᠲᠦᠮᠵᠢ ᠵᠢᠴᠢ ᠣᠯᠠᠨ ᠡᠰᠢᠵᠢᠭᠰᠡᠨ ᠦᠨᠳᠦᠰᠦᠲᠡᠨ ᠤ ᠰᠣᠶᠣᠯ ᠪᠠ ᠦᠨᠳᠦᠰᠦᠳᠡᠨ ᠤ ᠵᠠᠩ ᠦᠢᠯᠡ ᠢ ᠬᠠᠷᠠᠭᠤᠯᠵᠣ᠂ ᠣᠷᠣᠨ ᠨᠣᠲᠤᠭ ᠤᠨ ᠦᠨᠳᠦᠰᠦᠲᠡᠨ ᠤ ᠣᠨᠴᠠᠯᠢᠭᠲᠣ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠦᠷᠬᠡᠳᠬᠡᠨ᠂ ᠠᠯᠳᠠᠷᠰᠢᠯ ᠤᠨ ᠬᠡᠮᠵᠢᠶ᠎ᠡ ᠶᠢ ᠨᠡᠮᠡᠭᠳᠡᠬᠦᠯᠵᠦ᠂ ᠡᠸ᠋ᠨᠩᠬᠢ ᠬᠤᠰᠢᠭᠤᠨ ᠤ ᠬᠦᠭᠵᠢᠯᠲᠡ ᠶᠢᠨ ᠦᠷ᠎ᠡ ᠪᠦᠲᠦᠮᠵᠢ᠂ ᠦᠨᠳᠦᠰᠦᠲᠡᠨ ᠤ ᠵᠠᠩ ᠦᠢᠯᠡ ᠵᠢᠴᠢ ᠠᠵᠣ ᠠᠬᠤᠢ ᠠᠷᠠᠯᠵᠢᠶᠠᠨ ᠤ ᠬᠠᠮᠳᠣᠷᠠᠯᠴᠠᠭᠠᠨ ᠤ ᠭᠤᠣᠯ ᠴᠣᠩᠬᠤᠪᠴᠢ ᠪᠣᠯᠣᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号