ᠬᠤᠲᠠ ᠶᠢᠨ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠯᠢ ᠼᠠᠢ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/6/15
    6 ᠰᠠᠷ᠎ᠠ ᠶᠢᠨ 5 ᠤ ᠡᠳᠦᠷ᠂ ᠬᠤᠲᠠ ᠶᠢᠨ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠯᠢ ᠼᠠᠢ ᠨᠠᠷ ᠮᠠᠨ ᠤ ᠬᠤᠰᠢᠭᠤᠨ ᠤ ᠢᠮᠢᠨ ᠰᠣᠮᠣ ᠶᠢᠨ ᠲᠦᠪ ᠰᠣᠷᠭᠠᠭᠤᠯᠢ ᠳᠤ ᠬᠦᠷᠴᠦ᠂ ︽ ᠦᠨᠳᠦᠰᠦᠲᠡᠨ ᠤ ᠰᠣᠷᠭᠠᠨ ᠬᠦᠮᠦᠵᠢᠯ ᠤᠨ ᠬᠦᠭᠵᠢᠯᠲᠡ︾ ᠶᠢᠨ ᠲᠣᠬᠠᠢ ᠪᠠᠶᠢᠴᠠᠭᠠᠨ ᠰᠣᠳᠣᠯᠣᠯᠲᠠ ᠬᠢᠬᠦ ᠶᠢᠨ ᠬᠠᠮᠳᠣ ᠬᠠᠨᠳᠢᠪᠯᠠᠬᠤ ᠬᠦᠳᠡᠯᠬᠡᠬᠡᠨ ᠦᠷᠨᠢᠬᠦᠯᠪᠡ᠃ ᠬᠤᠰᠢᠭᠤᠨ ᠤ ᠣᠳᠣᠷᠢᠳᠣᠯᠭ᠎ᠠ ᠯᠢ ᡁᠢ ᠳ᠋ᠦᠩ᠂ ᠵᠢᠪᠬᠤᠯᠠᠩ᠂ ᠬᠤᠸᠠ ᠶᠢᠩ ᠨᠠᠷ ᠬᠠᠮᠳᠣᠪᠡᠷ ᠪᠠᠶᠢᠴᠠᠭᠠᠨ ᠰᠣᠳᠣᠯᠣᠯᠲᠠ ᠬᠢᠪᠡ᠃     ᠢᠮᠢᠨ ᠰᠣᠮᠣ ᠶᠢᠨ ᠲᠦᠪ ᠰᠣᠷᠭᠠᠭᠤᠯᠢ ᠪᠣᠯ ᠮᠠᠨ ᠤ ᠬᠤᠲᠠ ᠶᠢᠨ ᠠᠯᠪᠠᠨ ᠵᠢᠷᠣᠮ ᠤᠨ ᠰᠣᠷᠭᠠᠨ ᠬᠦᠮᠦᠵᠢᠯ  ᠤᠨ ᠵᠢᠱᠢᠶ᠎ᠡ ᠦᠵᠡᠬᠦᠯᠬᠦ ᠰᠣᠷᠭᠠᠭᠤᠯᠢ ᠮᠦᠨ᠂ ᠯᠢ ᠼᠠᠢ ᠨᠠᠷ ᠰᠣᠷᠭᠠᠭᠤᠯᠢ ᠶᠢᠨ ᠴᠡᠴᠡᠷᠯᠢᠭ᠂ ᠰᠣᠷᠣᠭᠴᠢ ᠶᠢᠨ ᠬᠦᠳᠡᠯᠬᠡᠬᠡᠨ ᠤ ᠲᠠᠰᠤᠭ ᠵᠢᠴᠢ ᠰᠣᠷᠣᠭᠴᠢ ᠶᠢᠨ ᠪᠠᠶᠢᠷᠢ ᠵᠡᠷᠭᠡ ᠭᠠᠵᠠᠷ ᠲᠠᠯᠠᠪᠣᠷ ᠲᠤ ᠬᠦᠷᠴᠦ᠂ ᠰᠣᠷᠭᠠᠭᠤᠯᠢ ᠶᠢᠨ ᠪᠠᠭᠰᠢ ᠶᠢᠨ ᠡᠩᠨᠡᠭᠡ᠂ ᠰᠣᠷᠣᠭᠴᠢ ᠶᠢᠨ ᠢᠷᠡᠯᠲᠡ᠂ ᠪᠠᠶᠢᠷᠢ ᠳᠤ ᠰᠠᠭᠤᠭ᠎ᠠ ᠰᠣᠷᠣᠭᠴᠢᠳ ᠤᠨ ᠠᠮᠢᠳᠣᠷᠠᠯ ᠤᠨ ᠣᠷᠴᠢᠨ ᠵᠢᠴᠢ ᠰᠣᠷᠣᠯᠭ᠎ᠠ ᠶᠢᠨ ᠪᠠᠶᠢᠳᠠᠯ ᠵᠡᠷᠭᠡ ᠶᠢ ᠨᠢᠮᠪᠠᠢ ᠣᠶᠢᠯᠠᠭᠠᠵᠣ᠂ ᠰᠣᠷᠣᠭᠴᠢᠳ ᠢ ᠦᠨᠳᠦᠰᠦᠲᠡᠨ ᠤ ᠪᠠᠨ ᠰᠣᠶᠣᠯ ᠢ ᠰᠠᠶᠢᠳᠣᠷ ᠰᠣᠷᠣᠯᠴᠠᠵᠣ᠂ ᠦᠨᠳᠦᠰᠦᠲᠡᠨ ᠤ ᠦᠪ ᠰᠣᠶᠣᠯ ᠢ ᠮᠡᠳᠡᠷᠡᠵᠦ᠂ ᠦᠨᠳᠦᠰᠦᠲᠡᠨ ᠤ ᠰᠣᠶᠣᠯ  ᠤᠨ ᠣᠯᠠᠮᠵᠢᠯᠠᠭᠴᠢ ᠪᠣᠯᠬᠤ ᠬᠡᠷᠡᠭᠲᠡᠢ ᠬᠡᠵᠦ ᠵᠣᠷᠢᠭᠵᠢᠭᠤᠯᠪᠠ᠃     ᠳᠠᠷᠠᠭ᠎ᠠ ᠳᠤᠨᠢ ᠰᠣᠳᠣᠯᠣᠨ ᠶᠠᠷᠢᠯᠴᠠᠬᠤ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠠᠴᠠ ᠮᠠᠨ ᠤ ᠬᠤᠰᠢᠭᠤᠨ ᠤ ᠦᠨᠳᠦᠰᠦᠲᠡᠨ ᠤ ᠰᠣᠷᠭᠠᠨ ᠬᠦᠮᠦᠵᠢᠯ ᠤᠨ ᠣᠳᠣᠬᠢ ᠪᠠᠶᠢᠳᠠᠯ᠂ ᠬᠦᠴᠢᠷᠳᠡᠯᠳᠡᠢ ᠵᠦᠢᠯ ᠵᠢᠴᠢ ᠦᠨᠳᠦᠰᠦᠲᠡᠨ ᠤ ᠰᠣᠷᠭᠠᠨ ᠬᠦᠮᠦᠵᠢᠯ ᠤᠨ ᠢᠷᠡᠬᠡᠳᠦᠢ ᠶᠢᠨ ᠬᠦᠭᠵᠢᠯᠲᠡ ᠶᠢᠨ ᠲᠣᠬᠠᠢ ᠶᠠᠷᠢᠯᠴᠠᠨ ᠰᠣᠳᠣᠯᠪᠠ᠃ ᠬᠤᠷᠠᠯ ᠤᠨ ᠳᠠᠷᠠᠭ᠎ᠠ᠂ ᠯᠢ ᠼᠠᠢ ᠨᠠᠷ ᠪᠠᠰᠠ ︽ ᠣᠨᠢᠨ ᠳᠡᠬᠡᠷ᠎ᠡ ᠨᠢ ᠶᠠᠳᠠᠭᠤ ᠶᠢ ᠲᠡᠳᠬᠦᠵᠦ᠂ ᠬᠠᠶᠢᠷ᠎ᠠ ᠪᠠᠷ ᠰᠣᠷᠣᠯᠭ᠎ᠠ ᠶᠢ ᠳᠡᠳᠬᠦᠬᠦ︾ ᠭᠤᠣᠯ ᠰᠡᠳᠦᠪᠲᠦ ︽2018 ᠣᠨ ᠤ ᠰᠣᠷᠭᠠᠨ ᠬᠦᠮᠦᠵᠢᠯ ᠢᠶᠠᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ︾ ᠬᠠᠶᠢᠷ᠎ᠠ ᠬᠠᠨᠳᠢᠪᠯᠠᠬᠤ ᠬᠦᠳᠡᠯᠬᠡᠬᠡᠨ ᠦᠷᠨᠢᠬᠦᠯᠵᠦ᠂ ᠢᠮᠢᠨ ᠰᠣᠮᠣ ᠶᠢᠨ ᠲᠦᠪ ᠰᠣᠷᠭᠠᠭᠤᠯᠢ ᠳᠤ ᠨᠢᠬᠡᠨ ᠵᠢᠭᠠᠨ ᠰᠣᠷᠭᠠᠯᠳᠠ ᠶᠢᠨ ᠴᠣᠭᠴᠠ ᠮᠠᠰᠢᠨ᠂ ᠮᠢᠩᠭᠠᠨ ᠳᠡᠪᠳᠡᠷ ᠮᠣᠩᠭᠤᠯ ᠨᠣᠮ ᠪᠠ 80 ᠰᠠᠭᠰᠣᠨ ᠪᠦᠮᠪᠦᠭᠡ᠂ ᠬᠦᠯ ᠪᠦᠮᠪᠦᠭᠡ ᠵᠡᠷᠭᠡ ᠶᠢ ᠪᠡᠯᠡᠭᠯᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号