ᠮᠠᠨ ᠤ ᠬᠤᠰᠢᠭᠤ 2018 ᠣᠨ ᠤ ︽ᠠᠶᠣᠯᠭᠦᠢ ᠦᠢᠯᠡᠳᠪᠦᠷᠢᠯᠡᠯ ᠤᠨ ᠰᠠᠷ᠎ᠠ︾ ᠶᠢᠨ ᠯᠠᠪᠯᠠᠯᠭ᠎ᠠ  ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018/6/20
   2018 ᠣᠨ ᠤ 6 ᠰᠠᠷ᠎ᠠ ᠪᠣᠯ ᠪᠦᠬᠦ ᠣᠯᠣᠰ ᠤᠨ 17 ᠳ᠋ᠣᠭᠠᠷ ᠣᠳᠠᠭᠠᠨ ᠤ ︽ᠠᠶᠣᠯᠬᠦᠢ ᠦᠢᠯᠡᠳᠪᠦᠷᠢᠯᠡᠯ  ᠤᠨ ᠰᠠᠷ᠎ᠠ︾ ᠶᠢᠨ ᠠᠵᠢᠯᠯᠠᠭ᠎ᠠ ᠶᠢ ᠡᠷᠬᠢᠯᠡᠬᠦ ᠰᠠᠷ᠎ᠠ ᠮᠦᠨ᠂ ᠠᠶᠣᠯᠬᠦᠢ ᠦᠢᠯᠡᠳᠪᠦᠷᠢᠯᠡᠯ ᠤᠨ ᠬᠠᠣᠯᠢ ᠴᠠᠭᠠᠵᠠ ᠬᠠᠣᠯᠢ ᠳᠦᠷᠢᠮ ᠤᠨ ᠮᠡᠳᠡᠯᠬᠡ ᠶᠢ ᠨᠡᠩ ᠪᠣᠳᠠᠳᠠᠢ ᠲᠦᠬᠡᠮᠡᠯᠵᠢᠬᠦᠯᠵᠦ᠂ ᠪᠦᠬᠦ ᠬᠤᠰᠢᠭᠤᠨ ᠤ ᠠᠷᠠᠳ ᠣᠯᠠᠨ ᠤ ᠠᠮᠣᠷ ᠲᠦᠪᠰᠢᠨ ᠤ ᠣᠬᠠᠮᠰᠠᠷ ᠢ ᠳᠡᠭᠡᠭᠰᠢᠯᠡᠬᠦᠯᠬᠦ ᠶᠢᠨ ᠲᠦᠯᠦᠬᠡ᠂ 6 ᠰᠠᠷ᠎ᠠ ᠶᠢᠨ 15 ᠤ ᠦᠳᠡ ᠶᠢᠨ ᠡᠮᠦᠨ᠎ᠡ᠂ ᠮᠠᠨ ᠤ ᠬᠤᠰᠢᠭᠤ 2018 ᠣᠨ ᠤ ︽ ᠠᠶᠣᠯᠬᠦᠢ ᠦᠢᠯᠡᠳᠪᠦᠷᠢᠯᠡᠯ ᠤᠨ ᠰᠠᠷ᠎ᠠ︾ ᠶᠢᠨ ᠣᠬᠠᠭᠤᠯᠭ᠎ᠠ ᠯᠠᠪᠯᠠᠯᠭ᠎ᠠ  ᠶᠢᠨ ᠠᠵᠢᠯᠯᠠᠭ᠎ᠠ ᠦᠷᠨᠢᠬᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠨᠠ ᠰᠢᠶᠣᠣ ᠭᠤᠸᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠳᠡᠰ  ᠤᠨ ᠳᠠᠷᠤᠭ᠎ᠠ ᠰᠠᠢ ᠶᠢᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠭᠤᠸᠠᠩ ᠫᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠰᠢᠶᠣᠣ ᠭᠤᠸᠠᠩ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠬᠤᠸᠠ ᠶᠢᠩ ᠵᠢᠴᠢ ᠬᠤᠰᠢᠭᠤᠨ ᠤ ᠠᠶᠣᠯᠬᠦᠢ ᠦᠢᠯᠡᠳᠪᠦᠷᠢᠯᠡᠯ ᠤᠨ ᠵᠦᠪᠯᠡᠯ ᠤᠨ ᠪᠦᠷᠢᠯᠳᠦᠬᠦᠨ ᠨᠢᠬᠡᠴᠡ ᠶᠢᠨ ᠭᠤᠣᠯ ᠬᠠᠷᠢᠭᠤᠴᠠᠯᠭᠠᠳᠠᠳ ᠠᠵᠢᠯᠯᠠᠭ᠎ᠠ ᠳᠤ ᠣᠷᠣᠯᠴᠠᠪᠠ᠃    
    ᠲᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭ᠎ᠠ ᠨᠢ ︽ᠠᠮᠢ ᠨᠠᠰᠣ ᠪᠠᠨ ᠡᠷᠬᠢᠮᠯᠡᠵᠦ᠂ ᠠᠶᠣᠯᠬᠦᠢ ᠦᠢᠯᠡᠳᠪᠦᠷᠢᠯᠡᠯ ᠢ ᠬᠦᠭᠵᠢᠬᠦᠯᠬᠦ︾ ᠪᠠᠷ ᠬᠦᠳᠡᠯᠬᠡᠬᠡᠨ ᠤ ᠭᠤᠣᠯ ᠰᠡᠳᠦᠪ ᠪᠣᠯᠭᠠᠨ᠂ ᠬᠦᠨᠳᠡᠯᠡᠨ ᠪᠢᠴᠢᠭᠡᠰᠦ ᠡᠯᠬᠦᠬᠦ ᠂ LED ᠳᠡᠯᠭᠡᠴᠡ ᠪᠠᠷ ᠦᠵᠡᠬᠦᠯᠬᠦ᠂ ᠰᠣᠨᠢᠨ ᠬᠡᠪᠯᠡᠯ᠂ ᠣᠬᠠᠭᠤᠯᠭ᠎ᠠ ᠶᠢᠨ ᠵᠢᠷᠣᠭᠳᠣ ᠳᠡᠪᠳᠡᠷ ᠵᠢᠴᠢ ᠣᠬᠠᠭᠤᠯᠭ᠎ᠠ ᠶᠢᠨ ᠬᠠᠭᠤᠳᠠᠰᠣ ᠲᠠᠷᠬᠠᠭᠠᠬᠤ ᠵᠡᠷᠭᠡ ᠬᠡᠯᠪᠡᠷᠢ ᠪᠠᠷ ᠠᠶᠣᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠳᠦᠷᠢᠮ ᠢ ᠶᠡᠬᠡᠪᠡᠷ ᠣᠬᠠᠭᠤᠯᠪᠠ᠃     ᠲᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭ᠎ᠠ ᠨᠢ ᠪᠦᠬᠦ ᠬᠤᠰᠢᠭᠤᠨ ᠤ ᠠᠷᠠᠳ ᠣᠯᠠᠨ ᠳᠤ ︽ᠠᠶᠣᠯᠬᠦᠢ ᠶᠢᠨ ᠲᠣᠬᠠᠢ ᠬᠢᠴᠢᠶᠡᠯ︾ ᠬᠦᠮᠦᠵᠢᠯ ᠬᠢᠵᠦ᠂ ᠠᠮᠣᠷ ᠲᠦᠪᠰᠢᠨ ᠤ ᠮᠡᠳᠡᠯᠬᠡ ᠶᠢ ᠳᠦᠭᠡᠮᠡᠯᠵᠢᠬᠦᠯᠵᠦ᠂ ᠠᠮᠣᠷ ᠲᠦᠪᠰᠢᠨ ᠤ ᠣᠬᠠᠮᠰᠠᠷ ᠢ ᠦᠨᠡᠨᠬᠦ ᠳᠡᠭᠡᠭᠰᠢᠯᠡᠬᠦᠯᠦᠨ᠂ ᠠᠮᠣᠭᠤᠯᠠᠩ ᠡᠶ᠎ᠡ ᠵᠣᠬᠢᠴᠠᠯᠳᠣ ᠡᠸ᠋ᠨᠩᠬᠢ ᠶᠢ ᠴᠣᠭᠴᠠᠯᠠᠨ ᠪᠠᠶᠢᠭᠤᠯᠬᠤ ᠳᠤ ᠰᠠᠶᠢᠨ ᠰᠠᠶᠢᠬᠠᠨ ᠠᠮᠣᠷ ᠲᠦᠪᠰᠢᠨ ᠣᠷᠴᠢᠨ ᠢ ᠪᠣᠢ ᠪᠣᠯᠭᠠᠵᠣ᠂ ᠪᠦᠬᠦ ᠬᠤᠰᠢᠭᠤᠨ  ᠤ ᠠᠵᠣ ᠠᠬᠤᠢ ᠶᠢᠨ ᠬᠦᠭᠵᠢᠯᠲᠡ ᠳᠤ ᠨᠡᠮᠡᠷᠢ ᠦᠵᠡᠬᠦᠯᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号