ᠣᠯᠣᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/6/20
   6 ᠰᠠᠷ᠎ᠠ ᠶᠢᠨ 14 ᠤ ᠡᠳᠦᠷ᠂ ᠣᠯᠣᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠦᠷᠦ ᠶᠢᠨ ᠪᠣᠳᠣᠯᠭ᠎ᠠ ᠬᠢᠨᠠᠨ ᠰᠣᠳᠣᠯᠬᠤ ᠠᠯᠪᠠᠨ ᠭᠡᠷ ᠤᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠳ᠋ᠦᠩ ᠡᠾᠦ᠋ᠢ ᠨᠠᠷ ᠮᠠᠨ  ᠤ ᠬᠤᠰᠢᠭᠤᠨ ᠳᠤ ᠢᠷᠡᠵᠦ᠂ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠬᠡ︾ ᠶᠢᠨ ᠦᠨᠳᠦᠰᠦᠲᠡᠨ ᠤ ᠭᠠᠵᠠᠷ ᠣᠷᠣᠨ ᠪᠠ ᠬᠦᠮᠦᠨ ᠠᠮᠠ ᠪᠠᠷ ᠨᠡᠯᠢᠶᠡᠳ ᠴᠦᠬᠡᠨ ᠦᠨᠳᠦᠰᠦᠲᠡᠨ ᠤ ᠬᠦᠭᠵᠢᠯᠲᠡ ᠶᠢᠨ ᠲᠦᠯᠦᠪᠵᠢᠬᠦᠯᠬᠡ ᠶᠢᠨ ᠨᠠᠶᠢᠳᠠᠪᠣᠷᠢᠵᠢᠭᠤᠯᠣᠯᠲᠠ ᠶᠢ ᠠᠬᠢᠭᠤᠯᠬᠤ ᠠᠵᠢᠯ ᠤᠨ ᠳᠣᠮᠳᠠ ᠬᠤᠭᠤᠴᠠᠭ᠎ᠠ ᠶᠢ ᠪᠠᠶᠢᠴᠠᠭᠠᠨ ᠦᠨᠡᠯᠡᠵᠦ᠂ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠣ ᠠᠬᠤᠢ ᠶᠢᠨ ᠬᠦᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠯᠢ ᠿᠢ ᠱᠣ᠋᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠭᠦᠸᠧ ᠰᠢᠶᠣᠣ ᠯᠢᠨ᠂ ᠬᠤᠰᠢᠭᠤᠨ ᠤ ᠦᠨᠳᠦᠰᠦᠲᠡᠨ ᠱᠠᠰᠢᠨ ᠰᠣᠷᠳᠠᠬᠤᠨ ᠤ ᠲᠣᠪᠴᠢᠶ᠎ᠠ ᠶᠢᠨ ᠳᠠᠷᠤᠭ᠎ᠠ ᠳᠠᠯᠠᠢ ᠨᠠᠷ ᠬᠠᠮᠳᠣᠪᠡᠷ ᠪᠠᠶᠢᠴᠠᠭᠠᠨ ᠰᠣᠳᠣᠯᠪᠠ᠃  
   ᠪᠠᠶᠢᠴᠠᠭᠠᠨ ᠰᠣᠳᠣᠯᠬᠤ ᠳᠣᠭᠤᠶᠢᠯᠠᠩ ᠶᠢᠨ ᠬᠡᠰᠢᠬᠦᠳ ᠬᠤᠰᠢᠭᠤᠨ ᠤ ᠠᠯᠳᠠᠷᠭᠠᠨ᠎ᠠ ᠪᠣᠷᠢᠶᠠᠳ ᠢᠳᠡᠬᠡᠨ ᠣᠮᠳᠠᠭᠠᠨ ᠤ ᠦᠢᠯᠡᠳᠪᠦᠷᠢ᠂ ᠰᠢᠨᠡᠬᠡᠨ ᠪᠠᠷᠠᠭᠤᠨ ᠰᠣᠮᠣ ᠶᠢᠨ ᠨᠣᠲᠤᠭ ᠬᠡᠣᠬᠡᠳ ᠤᠨ ᠴᠡᠴᠡᠷᠯᠢᠭ ᠵᠢᠴᠢ ᠢᠮᠢᠨ ᠰᠣᠮᠣ ᠶᠢᠨ ᠪᠢᠯᠡᠬᠦᠲᠦ ᠭᠠᠴᠠᠭ᠎ᠠ ᠪᠠ ᠵᠢᠳᠡᠩ ᠭᠠᠴᠠᠭ᠎ᠠ ᠵᠡᠷᠭᠡ ᠭᠠᠵᠠᠷ ᠲᠠᠯᠠᠪᠣᠷ ᠲᠤ ᠬᠦᠷᠴᠦ ᠲᠣᠭᠤᠷᠢᠨ ᠪᠠᠶᠢᠴᠠᠭᠠᠬᠤ ᠪᠠ ᠰᠠᠭᠤᠳᠠᠯ ᠤᠨ ᠬᠤᠷᠠᠯ ᠬᠢᠬᠦ ᠬᠡᠯᠪᠡᠷᠢ ᠪᠠᠷ᠂ ᠬᠤᠰᠢᠭᠤᠨ ᠤ ᠣᠷᠴᠢᠮ ᠤᠨ ᠵᠢᠯ ᠤᠨ ᠴᠦᠬᠡᠨ ᠲᠣᠭᠠᠳᠣ ᠦᠨᠳᠦᠰᠦᠲᠡᠨ ᠤ ᠬᠦᠭᠵᠢᠯᠲᠡ ᠶᠢᠨ ᠪᠡᠯᠡ ᠮᠦᠩᠬᠦ ᠶᠢᠨ ᠲᠦᠷᠦᠯ ᠵᠦᠢᠯ ᠢ ᠨᠠᠶᠢᠳᠠᠪᠣᠷᠢᠵᠢᠭᠤᠯᠵᠣ ᠪᠠᠶᠢᠭ᠎ᠠ ᠪᠠᠶᠢᠳᠠᠯ ᠵᠢᠴᠢ ᠭᠤᠣᠯᠳᠠᠯᠭ᠎ᠠ ᠲᠠᠢ ᠲᠣᠷᠰᠢᠯᠭ᠎ᠠ ᠪᠠ ᠠᠷᠭ᠎ᠠ ᠪᠠᠷᠢᠯ ᠢ ᠨᠢᠮᠪᠠᠢ ᠣᠶᠢᠯᠠᠭᠠᠪᠠ᠃    ᠪᠠᠶᠢᠴᠠᠭᠠᠨ ᠰᠣᠳᠣᠯᠬᠤ ᠳᠣᠭᠤᠶᠢᠯᠠᠩ ᠠᠴᠠ ᠮᠠᠨ ᠤ ᠬᠤᠰᠢᠭᠤᠨ ᠤ ᠴᠦᠬᠡᠨ ᠲᠣᠭᠠᠳᠣ ᠦᠨᠳᠦᠰᠦᠲᠡᠨ ᠤ ᠬᠦᠭᠵᠢᠯᠲᠡ ᠶᠢᠨ ᠲᠦᠷᠦᠯ ᠵᠦᠢᠯ ᠤᠨ ᠲᠣᠬᠠᠢ ᠠᠵᠢᠯ ᠢ ᠪᠦᠷᠢᠮᠦᠰᠦᠨ ᠨᠣᠲᠠᠯᠠᠵᠣ᠂ ᠳᠣᠣᠷᠠᠬᠢ ᠬᠡᠳᠦᠨ ᠵᠦᠢᠯ ᠢ ᠳᠣᠷᠠᠳᠪᠠ᠄ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠭᠡ︾ ᠶᠢᠨ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠢ ᠰᠢᠨᠵᠢᠯᠡᠭᠡ ᠣᠬᠠᠭᠠᠨᠴᠢ ᠪᠠᠷ ᠵᠦᠢ ᠵᠣᠬᠢᠰᠲᠠᠢ ᠬᠡᠷᠡᠭᠵᠢᠬᠦᠯᠵᠦ᠂ ᠲᠦᠷᠦᠯ ᠵᠦᠢᠯ ᠤᠨ ᠴᠢᠨᠰᠠᠭ᠎ᠠ  ᠶᠢ ᠳᠡᠭᠡᠭᠰᠢᠯᠡᠬᠦᠯᠬᠦ ᠬᠡᠷᠡᠭᠲᠡᠢ︔ ᠲᠦᠷᠦᠯ ᠵᠦᠢᠯ ᠤᠨ ᠬᠠᠮᠢᠶᠠᠷᠣᠯᠲᠠ ᠶᠢ ᠴᠢᠩᠭᠠᠳᠬᠠᠵᠣ᠂ ᠪᠡᠯᠡ ᠮᠦᠩᠬᠦ ᠶᠢ ᠰᠠᠶᠢᠳᠣᠷ ᠨᠡᠶᠢᠳᠬᠡᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠳᠤ ᠬᠦᠴᠦᠨ ᠢᠶᠠᠨ ᠲᠦᠪᠯᠡᠷᠡᠬᠦᠯᠵᠦ᠂ ᠲᠦᠷᠦᠯ ᠵᠦᠢᠯ ᠤᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ︔ ᠦᠨᠳᠦᠰᠦᠲᠡᠨ ᠤ ᠣᠨᠴᠠᠯᠢᠭᠲᠣ ᠠᠵᠣ ᠦᠢᠯᠡᠰ ᠢ ᠶᠡᠬᠡᠪᠡᠷ ᠬᠦᠭᠵᠢᠬᠦᠯᠵᠦ᠂ ᠴᠦᠬᠡᠨ ᠲᠣᠭᠠᠳᠣ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠣᠷᠣᠯᠲᠠ ᠶᠢᠨ ᠨᠡᠮᠡᠭᠳᠡᠯ ᠢ ᠠᠬᠢᠭᠤᠯᠵᠣ᠂ ᠦᠨᠳᠦᠰᠦᠲᠡᠨ ᠤ ᠭᠠᠵᠠᠷ ᠣᠷᠣᠨ ᠤ ᠠᠵᠣ ᠠᠬᠤᠢ ᠨᠡᠶᠢᠬᠡᠮ ᠤᠨ ᠦᠨᠳᠦᠷ ᠬᠤᠷᠳᠣᠴᠠ ᠪᠠᠷ ᠲᠣᠭᠲᠠᠭᠤᠨ ᠬᠦᠭᠵᠢᠬᠦ ᠶᠢ ᠪᠡᠶᠡᠯᠡᠬᠦᠯᠬᠦ ᠬᠡᠷᠡᠭᠲᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号