ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠬᠡᠰᠢᠬᠦᠳ ᠤᠨ ᠪᠣᠯᠪᠠᠰᠣᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2018/6/20
   6 ᠰᠠᠷ᠎ᠠ ᠶᠢᠨ 14 ᠤ ᠡᠳᠦᠷ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠬᠡᠰᠢᠬᠦᠳ ᠤᠨ ᠪᠣᠯᠪᠠᠰᠣᠷᠠᠯ ᠤᠨ ᠠᠩᠬᠢ ᠡᠷᠬᠢᠯᠡᠵᠦ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠢ ᠠᠯᠬᠤᠮ ᠴᠢᠨᠠᠭᠰᠢᠲᠠ ᠬᠦᠲᠦᠯᠦᠨ ᠵᠢᠯᠣᠭᠤᠳᠴᠣ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠬᠦᠨᠵᠡᠬᠡᠢ ᠰᠣᠷᠣᠯᠴᠠᠭᠤᠯᠵᠣ᠂ ᠰᠢᠨ᠎ᠡ ᠪᠠᠷ ᠵᠠᠰᠠᠪᠣᠷᠢ ᠣᠷᠣᠭᠤᠯᠣᠭᠰᠠᠨ ︽ᠳᠣᠮᠳᠠᠳᠣ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠬᠡᠨ ᠤ ᠬᠤᠷᠠᠯ ᠤᠨ ᠳᠦᠷᠢᠮ︾ ᠤᠨ ᠭᠤᠣᠯ ᠴᠢᠬᠤᠯᠠ ᠠᠭᠤᠯᠭ᠎ᠠ ᠶᠢ ᠪᠦᠬᠦ ᠲᠠᠯ᠎ᠠ  ᠪᠠᠷ ᠣᠩᠰᠢᠨ ᠳᠠᠶᠢᠯᠪᠣᠷᠢᠯᠠᠬᠤ ᠪᠠ ᠬᠦᠨᠵᠡᠬᠡᠢ ᠣᠶᠢᠯᠠᠭᠠᠭᠤᠯᠵᠣ᠂ ᠦᠷᠬᠡᠨ ᠣᠯᠠᠨ ᠣᠯᠣᠰ ᠲᠦᠷᠦ ᠶᠢᠨ ᠵᠦᠪᠯᠡᠯᠬᠡᠨ  ᠤ ᠬᠡᠰᠢᠬᠦᠳ ᠤᠨ ᠲᠦᠷᠦ ᠶᠢᠨ ᠶᠠᠪᠣᠳᠠᠯ ᠳᠤ ᠣᠷᠣᠯᠴᠠᠨ ᠲᠦᠷᠦ ᠶᠢᠨ ᠶᠠᠪᠣᠳᠠᠯ ᠢ ᠵᠦᠪᠳᠡᠬᠦ ᠪᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠲᠦᠪᠰᠢᠨ ᠢ ᠨᠢ ᠳᠡᠬᠡᠭᠰᠢᠯᠡᠬᠦᠯᠪᠡ᠃
   
    ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠲᠠᠯᠠ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠵᠣᠷᠢᠭᠰᠦ᠋ᠷᠦ᠋ᠩ᠂ ᠵᠢᠪᠬᠤᠯᠠᠩ᠂ ᠬᠤᠸᠠ ᠶᠢᠩ᠂ ᠠᠷᠢᠭᠤᠨ᠂ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠣᠯᠣᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠬᠡᠰᠢᠬᠦᠨ᠂ ᠠᠷᠪᠠᠨ ᠭᠤᠷᠪᠠᠳᠣᠭᠠᠷ ᠬᠤᠭᠤᠴᠠᠭᠠᠨ ᠤ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠵᠢᠴᠢ ᠣᠯᠣᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠳ ᠪᠣᠯᠪᠠᠰᠣᠷᠠᠯ ᠳᠤ ᠣᠷᠣᠯᠴᠠᠪᠠ᠃     ᠬᠤᠲᠠᠯᠠ ᠠᠴᠠ ᠱᠠᠭᠠᠷᠳᠠᠭᠰᠠᠨ ᠨᠢ᠂ ᠣᠯᠣᠰ ᠲᠦᠷᠦ ᠶᠢᠨ ᠵᠣᠬᠰᠣᠴᠠ ᠪᠠᠨ ᠳᠡᠭᠡᠭᠰᠢᠯᠡᠬᠦᠯᠵᠦ᠂ ᠭᠤᠣᠯᠯᠠᠭᠴᠢ ᠪᠠᠨ ᠡᠷᠡᠰ ᠬᠦᠷᠢᠶᠡᠯᠡᠬᠦ ᠬᠡᠷᠡᠭᠲᠡᠢ︔ ᠭᠤᠣᠯ ᠡᠬᠦᠷᠭᠡ ᠶᠢᠨ ᠲᠣᠭᠤᠷᠢᠨ  ᠡᠬᠦᠷᠭᠡ ᠬᠠᠷᠢᠭᠤᠴᠠᠯᠭ᠎ᠠ  ᠪᠠᠨ ᠢᠳᠡᠪᠬᠢᠲᠡᠢ ᠬᠦᠢᠴᠡᠳᠬᠡᠬᠦ ᠬᠡᠷᠡᠭᠲᠡᠢ︔ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠡᠵᠡᠮᠳᠡᠵᠦ᠂ ︽ᠬᠡᠰᠢᠬᠦᠳ ᠤᠨ ᠳᠠᠰᠬᠠᠯ︾ ᠢᠶᠠᠨ ᠰᠠᠶᠢᠳᠣᠷ ᠪᠡᠶᠡᠯᠡᠬᠦᠯᠬᠦ ᠬᠡᠷᠡᠭᠲᠡᠢ︔ ᠬᠡᠵᠢᠶᠡᠳᠡ ᠪᠡᠶ᠎ᠡ ᠪᠠᠨ ᠴᠢᠩᠭ᠎ᠠ ᠱᠠᠭᠠᠷᠳᠠᠵᠣ᠂ ᠬᠡᠰᠢᠬᠦᠨ ᠪᠣᠯᠣᠭᠰᠠᠨ ᠤ ᠢᠷᠠᠭᠤ ᠠᠯᠳᠠᠷ ᠢ ᠨᠠᠨᠳᠢᠩᠨᠠᠨ ᠬᠠᠶᠢᠷᠠᠯᠠᠬᠤ ᠬᠡᠷᠡᠭᠲᠡᠢ᠃     ᠬᠤᠲᠠᠯᠠ ᠠᠴᠠ ᠴᠢᠬᠤᠯᠠᠴᠢᠯᠠᠭᠰᠠᠨ ᠨᠢ᠂ ᠴᠠᠭ ᠦᠶ᠎ᠡ ᠶᠢᠨ ᠰᠢᠯᠭᠠᠯᠲᠠ ᠪᠠ ᠪᠠᠶᠢᠳᠠᠯ ᠤᠨ ᠡᠭᠦᠷᠭᠡ ᠳᠤ ᠬᠠᠨᠳᠣᠭᠤᠯᠣᠨ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠴᠦᠮ ᠰᠣᠷᠣᠯᠴᠠᠵᠣ ᠰᠡᠳᠬᠢᠬᠦ ᠳᠡᠭᠡᠨ ᠴᠢᠳᠠᠮᠠᠭᠠᠢ ᠂ ᠲᠡᠬᠦᠯᠳᠡᠷᠵᠢᠬᠦᠯᠦᠨ ᠳᠡᠭᠡᠭᠰᠢᠯᠡᠬᠦᠯᠬᠦ ᠳᠡᠭᠡᠨ ᠴᠢᠳᠠᠮᠠᠭᠠᠢ ᠪᠠᠶᠢᠵᠣ᠂ ᠰᠣᠷᠣᠯᠴᠠᠯᠭ᠎ᠠ ᠪᠠᠷ ᠳᠠᠮᠵᠢᠭᠤᠯᠣᠨ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠣᠷᠢ ᠪᠣᠯᠣᠨ ᠰᠠᠨᠠᠯ ᠵᠦᠪᠯᠡᠯᠬᠡ ᠳᠣᠷᠠᠳᠬᠤ ᠲᠦᠪᠰᠢᠨ ᠢᠶᠠᠨ ᠲᠠᠰᠣᠷᠠᠯᠲᠠ ᠦᠭᠡᠢ ᠳᠡᠭᠡᠭᠰᠢᠯᠡᠬᠦᠯᠵᠦ᠂ ᠳᠣᠰ ᠬᠤᠭᠤᠴᠠᠭᠠᠨ ᠤ ᠣᠯᠣᠰ ᠲᠦᠷᠦ ᠶᠢᠨ ᠵᠦᠪᠯᠡᠯᠬᠡᠨ ᠤ ︽ ᠬᠡᠰᠢᠬᠦᠳ ᠤᠨ ᠳᠠᠰᠬᠠᠯ︾ ᠢᠶᠠᠨ ᠰᠠᠶᠢᠳᠣᠷ ᠬᠢᠵᠦ᠂ ᠰᠢᠨ᠎ᠡ ᠴᠠᠭ ᠦᠶ᠎ᠡ ᠶᠢᠨ ᠣᠯᠣᠰ ᠲᠦᠷᠦ ᠶᠢᠨ ᠵᠦᠪᠯᠡᠯᠬᠡᠨ ᠤ ᠠᠵᠢᠯ ᠤᠨ ᠲᠡᠬᠦᠰ ᠠᠮᠵᠢᠯᠳᠠᠳᠣ ᠬᠠᠷᠢᠭᠤᠯᠲᠠ ᠪᠠᠨ ᠲᠣᠰᠢᠶᠠᠬᠤ ᠬᠡᠷᠡᠭᠲᠡᠢ᠃     ᠲᠣᠰ ᠣᠳᠠᠭᠠᠨ ᠤ ᠪᠣᠯᠪᠠᠰᠣᠷᠠᠯ ᠨᠢ ᠨᠢᠬᠡ ᠡᠳᠦᠷ ᠤᠨ ᠬᠤᠭᠤᠴᠠᠭ᠎ᠠ ᠲᠠᠢ ᠶᠠᠪᠣᠭᠳᠠᠪᠠ᠂ ᠬᠤᠲᠠ ᠶᠢᠨ ᠨᠠᠮ  ᠤᠨ ᠬᠤᠷᠢᠶᠠᠨ ᠤ ᠨᠠᠮ ᠤᠨ ᠰᠣᠷᠭᠠᠭᠤᠯᠢ ᠶᠢᠨ ᠼᠦᠢ ᠰᠢᠣᠸᠠᠢ ᠼᠠᠢ ᠫᠷᠣᠹᠢᠰᠰᠣᠷ ︽ ᠠᠷᠠᠳ ᠤᠨ ᠣᠯᠣᠰ ᠲᠦᠷᠦ  ᠶᠢᠨ ᠵᠦᠪᠯᠡᠯᠬᠡᠨ ᠤ ᠰᠢᠨ᠎ᠡ ᠴᠠᠭ ᠦᠶ᠎ᠡ᠂ ᠰᠢᠨ᠎ᠡ ᠪᠠᠶᠢᠷᠢᠯᠠᠭᠤᠯᠣᠯᠲᠠ᠂ ᠰᠢᠨ᠎ᠡ ᠳᠦᠷᠢᠮ᠂ ᠰᠢᠨ᠎ᠡ ᠦᠢᠯᠡᠰ ᠢᠶᠠᠨ ᠬᠦᠨᠵᠡᠬᠡᠢ ᠣᠶᠢᠯᠠᠭᠠᠶ᠎ᠠ︾ ᠬᠡᠬᠦ ᠲᠣᠰᠬᠠᠢ ᠰᠡᠳᠦᠪᠲᠦ ᠳᠠᠶᠢᠯᠣᠮᠵᠢ ᠬᠢᠵᠦ᠂ ᠬᠦᠯᠦᠨ ᠪᠣᠶᠢᠷ ᠬᠤᠲᠠ ᠶᠢᠨ ᠣᠯᠣᠰ ᠲᠦᠷᠦ ᠶᠢᠨ ᠵᠦᠪᠯᠡᠯᠬᠡᠨ ᠤ ᠨᠠᠷᠢᠨ ᠪᠢᠴᠢᠭ ᠤᠨ ᠳᠡᠳ᠋ ᠳᠠᠷᠤᠭ᠎ᠠ ᠰᠣ᠋ ᠠᠨ ᠫᠢᠩ ᠠᠴᠠ ᠬᠡᠰᠢᠬᠦᠳ ᠤᠨ ᠬᠤᠷᠠᠯ ᠳᠤ ᠣᠷᠣᠯᠴᠠᠬᠤ᠂ ᠬᠤᠷᠠᠯ ᠳᠡᠭᠡᠷ᠎ᠡ ᠶᠠᠷᠢᠶ᠎ᠠ ᠲᠠᠯᠪᠢᠬᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠣᠬᠠᠢ ᠮᠡᠳᠡᠭᠡ ᠵᠠᠩᠬᠢ ᠵᠡᠷᠭᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠯᠦᠭᠡ ᠬᠠᠮᠢᠶ᠎ᠠ ᠪᠦᠬᠦᠢ ᠮᠡᠳᠡᠯᠬᠡ ᠶᠢ ᠲᠣᠭᠤᠷᠢᠭᠤᠯᠣᠨ ᠰᠢᠰᠲ᠋ᠧᠮ ᠲᠠᠢ ᠪᠠᠷ ᠲᠠᠶᠢᠯᠪᠣᠷᠢᠯᠠᠨ ᠵᠢᠭᠠᠵᠣ᠂ ᠬᠤᠲᠠ ᠶᠢᠨ ᠣᠯᠣᠰ ᠲᠦᠷᠦ ᠶᠢᠨ ᠵᠦᠪᠯᠡᠯᠬᠡᠨ ᠤ ᠰᠠᠨᠠᠯ ᠳᠣᠷᠠᠳᠣᠯᠭ᠎ᠠ ᠶᠢᠨ ᠵᠦᠪᠯᠡᠯ ᠤᠨ ᠡᠷᠬᠢᠯᠡᠭᠴᠢ ᠮᠧᠩ ᠰᠢᠶᠠᠨ ᠸᠧᠢ ᠠᠴᠠ ᠣᠯᠣᠰ ᠲᠦᠷᠦ ᠶᠢᠨ ᠵᠦᠪᠯᠡᠯᠬᠡᠨ ᠤ ᠰᠠᠨᠠᠯ ᠳᠣᠷᠠᠳᠣᠯᠭ᠎ᠠ ᠳᠤ ᠬᠠᠨᠳᠣᠭᠤᠯᠣᠨ ᠵᠣᠬᠢᠶᠠᠨ ᠪᠢᠴᠢᠬᠦ ᠮᠡᠳᠡᠯᠬᠡ ᠶᠢᠨ ᠲᠣᠬᠠᠢ ᠲᠠᠶᠢᠯᠪᠣᠷᠢᠯᠠᠨ ᠵᠢᠭᠠᠪᠠ᠃     ᠪᠣᠯᠪᠠᠰᠣᠷᠠᠭᠤᠯᠣᠯ ᠤᠨ ᠠᠭᠤᠯᠭ᠎ᠠ ᠶᠢᠨ ᠦᠬᠡ ᠨᠢ ᠲᠣᠪᠴᠢ ᠠᠪᠰᠠᠷᠬᠠᠨ ᠣᠳᠬ᠎ᠠ ᠨᠢ ᠲᠡᠬᠦᠯᠳᠡᠷ᠂ ᠬᠢᠯᠪᠠᠷ ᠣᠶᠢᠯᠠᠭᠠᠮᠵᠢᠲᠠᠢ᠂ ᠮᠠᠰᠢ ᠴᠢᠩᠭ᠎ᠠ ᠰᠢᠰᠲ᠋ᠧᠮᠳᠦ ᠴᠢᠨᠠᠷ ᠪᠠ ᠣᠨᠣᠯᠴᠢ ᠰᠢᠨᠵᠢ ᠲᠠᠢ ᠪᠠᠶᠢᠵᠣ᠂ ᠮᠠᠨ ᠤ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠠᠵᠢᠯ ᠤᠨ ᠪᠣᠳᠠᠳᠠᠢ ᠳᠤ ᠨᠡᠶᠢᠴᠡᠵᠦ᠂ ᠦᠷᠭᠡᠨ ᠣᠯᠠᠨ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠠᠷᠭ᠎ᠠ ᠳᠡᠮ ᠢᠶᠠᠨ ᠪᠣᠯᠪᠠᠰᠣᠷᠠᠩᠭᠤᠢ ᠡᠵᠡᠮᠰᠢᠬᠦ ᠦᠨᠳᠦᠰᠦᠨ ᠬᠡᠯᠪᠡᠷᠢ ᠪᠠ ᠱᠠᠭᠠᠷᠳᠠᠯᠭ᠎ᠠ᠂ ᠠᠵᠢᠯ ᠢᠶᠠᠨ ᠦᠷᠨᠢᠬᠦᠯᠬᠦ ᠦᠨᠳᠦᠰᠦᠨ ᠠᠷᠭ᠎ᠠ ᠪᠠ ᠵᠢᠮ᠎ᠠ ᠶᠣᠰᠣ ᠶᠢ ᠡᠵᠡᠮᠰᠢᠵᠦ᠂ ᠲᠣᠬᠠᠶᠢᠯᠠᠭᠰᠠᠨ ᠠᠵᠢᠯ ᠳᠠᠭᠠᠨ ᠭᠠᠪᠰᠢᠭᠠᠶᠢᠯᠠᠵᠣ᠂ ᠦᠢᠯᠡᠳᠦᠯ ᠢᠶᠠᠨ ᠪᠠᠳᠠᠷᠠᠭᠤᠯᠬᠤ ᠶᠢ ᠣᠯᠠᠮ ᠨᠢᠬᠡ ᠠᠯᠬᠤᠮ ᠠᠬᠢᠭᠤᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号