ᠬᠦᠯᠦᠨ ᠪᠣᠶᠢᠷ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠦᠨ ᠴᠢᠩ ᠵᠢᠶᠧ ᠨᠠᠷ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/6/20
    6 ᠰᠠᠷ᠎ᠠ ᠶᠢᠨ 12 ᠠᠴᠠ 13 ᠤ ᠡᠳᠦᠷ ᠲᠤ᠂ ᠬᠦᠯᠦᠨ ᠪᠣᠶᠢᠷ ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠦᠨ ᠴᠢᠩ ᠵᠢᠶᠧ ᠨᠠᠷ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠵᠦ᠂ ︽ᠬᠦᠯᠦᠨ ᠪᠣᠶᠢᠷ ᠬᠤᠲᠠ ᠶᠢᠨ ᠢᠮᠢᠨ ᠭᠤᠣᠯ ᠤᠨ ᠰᠠᠪᠠ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠡᠮᠦᠨᠡᠬᠢ ᠬᠤᠭᠤᠴᠠᠭᠠᠨ ᠤ ᠬᠠᠣᠯᠢ ᠳᠦᠷᠢᠮ ᠲᠣᠭᠲᠠᠭᠠᠬᠤ ᠠᠵᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠪᠠᠶᠢᠴᠠᠭᠠᠨ ᠰᠣᠳᠣᠯᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠭᠤᠸᠠᠩ ᠫᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠽᠣᠣ ᠬᠠᠢ ᠴᠢᠩ ᠨᠠᠷ ᠬᠠᠮᠳᠣᠪᠡᠷ ᠪᠠᠶᠢᠴᠠᠭᠠᠨ ᠰᠣᠳᠣᠯᠪᠠ᠃
     
    ᠰᠦᠨ ᠴᠢᠩ ᠵᠢᠶᠧ ᠨᠠᠷ ᠢᠮᠢᠨ ᠪᠠᠯᠭᠠᠰᠣ ᠶᠢᠨ ᠣᠰᠣᠨ ᠤ ᠡᠬᠢ ᠭᠠᠵᠠᠷ᠂ ᠬᠤᠸᠠ ᠨᠧᠩ ᠢᠮᠢᠨ ᠤ ᠨᠡᠬᠦᠷᠡᠰᠦ ᠴᠠᠬᠢᠯᠭᠠᠨ ᠤ ᠺᠣᠮᠫᠠᠨᠢ ᠶᠢᠨ ᠪᠣᠬᠢᠷᠳᠣᠯ ᠢ ᠭᠠᠳᠠᠭᠰᠢᠯᠠᠭᠤᠯᠬᠤ ᠭᠠᠵᠠᠷ ᠵᠢᠴᠢ ᠪᠠᠶᠠᠨᠳᠣᠬᠤᠢ ᠪᠠᠯᠭᠠᠰᠣ  ᠳᠠᠬᠢ ᠢᠮᠢᠨ ᠭᠤᠣᠯ ᠤᠨ ᠦᠶᠡᠷ ᠢ ᠰᠡᠷᠭᠡᠶᠢᠯᠡᠬᠦ ᠪᠠ ᠠᠮᠢ ᠠᠬᠤᠢ ᠶᠢ ᠴᠡᠭᠴᠡᠯᠡᠨ ᠵᠠᠰᠠᠬᠤ ᠢᠨᠵᠧᠨᠧᠷᠢᠩ ᠤᠨ ᠲᠣᠬᠠᠢ ᠶᠢᠨ ᠲᠠᠯᠠᠪᠣᠷ ᠲᠤ ᠬᠦᠷᠴᠦ ᠪᠠᠶᠢᠴᠠᠭᠠᠨ ᠰᠣᠳᠣᠯᠪᠠ᠃
   
    ᠵᠠᠯᠭᠠᠭᠠᠳ ᠰᠠᠭᠤᠳᠠᠯ ᠤᠨ ᠬᠤᠷᠠᠯ ᠬᠢᠵᠦ᠂ ᠽᠣᠣ ᠬᠠᠢ ᠴᠢᠩ ᠢᠮᠢᠨ ᠭᠤᠣᠯ ᠤᠨ ᠰᠠᠪᠠ ᠭᠠᠵᠠᠷ ᠤᠨ ᠬᠠᠮᠢᠶ᠎ᠠ ᠪᠦᠬᠦᠢ ᠪᠠᠶᠢᠳᠠᠯ ᠤᠨ ᠲᠣᠬᠠᠢ ᠮᠡᠳᠡᠬᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠠᠴᠠ ᠢᠮᠢᠨ ᠭᠤᠣᠯ ᠳᠠᠭᠠᠣ  ᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠦᠲᠦᠮᠵᠢ ᠪᠠ ᠲᠣᠯᠭᠠᠷᠠᠭᠰᠠᠨ ᠠᠰᠠᠭᠤᠳᠠᠯ ᠤᠨ ᠲᠣᠬᠠᠢ ᠶᠠᠷᠢᠯᠴᠠᠭ᠎ᠠ ᠦᠷᠨᠢᠬᠦᠯᠪᠡ᠃    ᠰᠦᠨ ᠴᠢᠩ ᠵᠢᠶᠧ ᠠᠴᠠ᠂ ᠢᠮᠢᠨ ᠭᠤᠣᠯ ᠪᠣᠯ ᠪᠢᠳᠡᠨ ᠤ ︽ᠡᠬᠡ ᠭᠤᠣᠯ︾᠂ ︽ᠢᠮᠢᠨ ᠭᠤᠣᠯ ᠤᠨ ᠰᠠᠪᠠ ᠭᠠᠵᠠᠷ ᠢ ᠬᠠᠮᠠᠭᠠᠯᠠᠬᠤ ᠳᠦᠷᠢᠮ︾ ᠲᠣᠭᠲᠠᠭᠠᠬᠤ ᠨᠢ ᠲᠣᠶᠢᠯ ᠤᠨ ᠶᠡᠭᠡ ᠠᠴᠢ ᠬᠤᠯᠪᠣᠭᠳᠠᠯ ᠲᠠᠢ ᠶᠠᠪᠣᠳᠠᠯ ᠮᠦᠨ᠂ ᠢᠮᠢᠨ ᠭᠤᠣᠯ ᠢ ᠬᠠᠮᠠᠭᠠᠯᠠᠬᠤ ᠶᠢᠨ ᠴᠢᠬᠤᠯᠠ ᠴᠢᠨᠠᠷ ᠢ ᠬᠦᠢᠴᠡᠳ ᠲᠠᠨᠢᠵᠣ ᠪᠦᠷᠢᠮᠦᠰᠦᠨ ᠣᠬᠠᠵᠣ᠂ ᠡᠯ᠎ᠡ ᠪᠠᠶᠢᠭᠤᠯᠣᠯᠭ᠎ᠠ ᠨᠢᠬᠡᠴᠡ ᠶᠢᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠨ᠂ ᠬᠠᠣᠯᠢᠵᠢᠯ ᠤᠨ ᠰᠡᠳᠬᠢᠬᠦᠢ ᠶᠢ ᠪᠣᠢ ᠪᠣᠯᠭᠠᠵᠣ᠂ ᠡᠯ᠎ᠡ ᠵᠦᠢᠯ ᠤᠨ ᠬᠠᠮᠠᠭᠠᠯᠠᠯᠲᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ ᠭᠡᠪᠡ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号