ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠠᠬᠢᠭᠤᠯᠬᠤ ᠠᠷᠪᠠᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/20
    6 ᠰᠠᠷ᠎ᠠ ᠶᠢᠨ13 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠠᠬᠢᠭᠤᠯᠬᠤ  ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠦ᠂ ᠪᠦᠬᠦ ᠬᠤᠳᠠ ᠶᠢᠨ ︽ᠭᠤᠷᠪᠠᠨ ᠶᠡᠭᠡ ᠪᠤᠭᠤᠮᠳᠠ ᠰᠢᠪᠳᠤᠯᠤᠯᠳᠠ ᠶᠢᠨ ᠲᠠᠶᠢᠯᠠᠯᠳᠤᠭᠠᠨ︾ ᠤ ᠬᠤᠶᠠᠳᠤᠭᠠᠷ ᠤᠳᠠᠭᠠᠨ ᠤ ᠬᠠᠷᠠᠭᠠᠨ ᠲᠠᠪᠳᠠᠮᠵᠢ ᠶᠢᠨ ᠲᠤᠬᠢᠷᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠣᠱᠯᠠᠭᠤᠯᠤᠨ ᠨᠠᠶᠢᠳᠠᠪᠦᠷᠢᠵᠢᠭᠤᠯᠬᠤ  ᠶᠢᠨ ᠬᠠᠮᠳᠤ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠠᠬᠢᠨ ᠪᠠᠶᠢᠷᠢᠯᠠᠭᠤᠯᠤᠨ ᠲᠤᠬᠢᠷᠠᠭᠤᠯᠪᠠ᠃ ᠬᠤᠷᠠᠯ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠤ ᠵᠠᠰᠠᠭ ᠤᠨ ᠤᠷᠳᠤᠨ ᠤ ᠲᠠᠷᠤᠭ᠎ᠠ ᠨᠨ ᠰᠢᠶᠤᠤ ᠭᠤᠸᠠᠩ ᠬᠤᠷᠠᠯ ᠡᠷᠬᠢᠯᠡᠵᠦ᠂ ᠬᠤᠰᠢᠭᠤᠨ ᠤ ᠨᠠᠮ  ᠤᠨ ᠬᠤᠷᠢᠶᠠᠨ ᠤ ᠲᠠᠳ᠋ ᠱᠦᠵᠢ ᠯᠢ ᡁᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ᠂ ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠲᠤᠮᠢᠯᠠᠨ ᠰᠠᠭᠤᠯᠭᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠦᠩᠭᠡᠢ ᠠᠵᠢᠯ ᠤᠨ ᠲᠤᠭᠤᠶᠢᠯᠠᠩ ᠤᠨ ᠲᠠᠷᠤᠭ᠎ᠠ ᠸᠠᠩ ᠬᠤᠸ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠤᠷᠳᠤᠨ  ᠤ ᠲᠠᠳ᠋ ᠲᠠᠷᠤᠭ᠎ᠠ᠂  ᠶᠠᠷᠦᠩᠭᠡᠢ ᠠᠵᠢᠯ ᠤᠨ ᠲᠤᠭᠤᠶᠢᠯᠠᠩ ᠤᠨ ᠲᠠᠳ᠋ ᠲᠠᠷᠤᠭ᠎ᠠ ᠹᠦ᠋ ᠰᠢᠶᠤᠤ ᠹᠧᠩ᠂ ᠶᠡᠷᠦᠩᠭᠡᠢ ᠠᠵᠢᠯ ᠤᠨ ᠲᠤᠭᠤᠶᠢᠯᠠᠩ ᠤᠨ ᠭᠡᠰᠢᠭᠦᠨ ᠶᠠᠩ ᠰᠢᠶᠠᠩ ᠬᠦᠸᠧ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠪᠤᠷᠵᠢᠨ᠂ ᠳ᠋ᠦᠩ ᠱᠧᠩ᠂ ᠬᠦᠸᠧ ᠢᠤᠢ ᠯᠢᠩ ᠵᠢᠴᠢ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠠ ᠤᠳᠤᠬᠠᠨ ᠤ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ  ᠶᠢᠨ ᠬᠠᠮᠢᠶ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠪᠠᠶᠢᠬᠤ ᠪᠠᠶᠢᠳᠠᠯ ᠪᠠ ᠶᠠᠳᠠᠭᠤ ᠶᠢ ᠲᠡᠳᠬᠦᠬᠦ ᠪᠡᠯᠨ ᠮᠦᠩᠬᠦ ᠶᠢ ᠭᠡᠷᠡᠭᠯᠡᠭᠰᠡᠨ ᠠᠮᠵᠢᠯᠳᠠ ᠪᠦᠳᠦᠮᠵᠢ ᠶᠢᠨ ᠲᠤᠬᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠪᠠᠶᠢᠬᠤ ᠪᠠᠶᠢᠳᠠᠯ ᠢ ᠤᠶᠢᠯᠠᠭᠠᠵᠦ᠂ ᠬᠤᠷᠠᠯ ᠳᠤ ᠤᠷᠤᠯᠴᠠᠭᠰᠠᠨ ᠰᠤᠮᠤ ᠰᠢᠶᠠᠩ ᠪᠠᠯᠭᠠᠰᠤ ᠪᠠ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠬᠠᠷᠢᠭᠤᠴᠠᠯᠭᠠᠳᠠᠣᠨ ᠠᠴᠠ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠲᠤᠬᠠᠢ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠢᠯᠡᠷᠡᠭᠦᠯᠦᠭᠰᠡᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠪᠠᠶᠡᠯᠡᠭᠦᠯᠵᠦ ᠪᠠᠶᠢᠬᠤ ᠪᠠᠶᠢᠳᠠᠯ ᠤᠨ ᠲᠤᠬᠠᠢ ᠮᠡᠳᠡᠭᠦᠯᠦᠯᠳᠠ ᠬᠢᠪᠡ᠃
   ᠯᠢ ᡁᠢ ᠳ᠋ᠦᠩ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠦᠷ ᠬᠢᠵᠦ᠂ ᠠᠷᠭ᠎ᠠ ᠠᠪᠴᠠᠯ ᠢᠶᠠᠨ ᠰᠠᠶᠢᠳᠦᠷ ᠲᠤᠬᠢᠷᠠᠭᠤᠯᠵᠦ᠂ ᠨᠢᠭᠡ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠰᠠᠭᠤᠳᠠᠯ ᠢᠶᠠᠷ ᠲᠠᠮᠵᠢᠨ ᠲᠤᠳᠠᠬᠳᠠᠯ ᠲᠠᠢ ᠲᠠᠯ᠎ᠠ ᠪᠠᠨ ᠨᠦᠬᠦᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠠ ᠪᠦᠳᠦᠮᠵᠢ ᠤᠯᠬᠤ ᠭᠡᠷᠡᠭᠳᠡᠢ︔ ᠬᠤᠶᠠᠷ ᠲᠤ ᠠᠵᠢᠯ  ᠤᠨ ᠭᠤᠤᠯᠳᠠᠯᠭ᠎ᠠ ᠪᠠᠨ ︽ᠨᠢᠭᠡᠳᠦᠭᠡᠷ ᠹᠷᠦᠨᠲ︾ ᠲᠤ ᠲᠦᠪᠯᠡᠷᠡᠭᠦᠯᠵᠦ᠂ ᠤᠳᠤᠬᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯᠳᠠᠯᠭ᠎ᠠ ᠨᠢ ᠭᠠᠴᠠᠭ᠎ᠠ᠂ ᠶᠠᠳᠠᠭᠤ ᠬᠦᠴᠢᠷᠳᠠᠯᠳᠠᠢ ᠡᠷᠦᠭᠡ ᠪᠤᠯᠬᠤᠷ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ ᠪᠠ ᠬᠠᠪᠰᠤᠷᠤᠨ ᠲᠡᠳᠬᠦᠬᠦ ᠺᠠᠳ᠋ᠷᠴᠤᠤᠨ ᠯᠠᠪᠳᠠᠭᠤᠨ ᠲᠤᠭᠳᠠᠭᠤᠨ ᠢᠶᠠᠷ ᠠᠵᠢᠯ ᠢᠶᠠᠨ ᠦᠷᠨᠢᠭᠦᠯᠵᠦ᠂ ︽ᠨᠢᠭᠡᠳᠦᠭᠡᠷ ᠹᠷᠦᠨᠲ︾ ᠲᠤ ᠬᠦᠨᠵᠡᠭᠡᠶᠢᠷᠡᠵᠦ ᠡᠷᠦᠭᠡ ᠲᠠᠷᠠᠭᠠᠯᠠᠨ ᠴᠢᠩᠭ᠎ᠠ ᠬᠢᠨᠠᠨ ᠬᠠᠷᠭᠤᠭᠤᠯᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠪᠠᠶᠢᠳᠠᠯ ᠢ ᠨᠢᠮᠪᠠᠢ ᠤᠶᠢᠯᠠᠭᠠᠬᠤ ᠭᠡᠷᠡᠭᠳᠡᠢ︔ ᠭᠤᠷᠪᠠ ᠳᠤ ᠪᠠᠶ᠎ᠠ ᠰᠠᠳᠬᠢᠯ ᠪᠠᠨ ᠲᠤᠭᠳᠠᠪᠦᠷᠢᠵᠢᠭᠤᠯᠵᠦ᠂ ᠬᠠᠷᠢᠭᠤᠴᠠᠯᠭᠠᠳᠤ ᠤᠪᠤᠷ ᠢᠶᠠᠷ ᠶᠠᠳᠠᠭᠤ ᠬᠦᠴᠢᠷᠳᠠᠯᠳᠠᠢ ᠬᠦᠮᠦᠨ ᠠᠮᠨ ᠶᠢ ᠢᠮᠠᠭᠳᠠ ᠰᠠᠳᠬᠢᠯ ᠳᠡᠭᠡᠨ ᠪᠤᠳᠤᠵᠦ᠂ ᠬᠠᠪᠰᠤᠷᠤᠨ ᠲᠡᠳᠬᠦᠬᠦ ᠠᠵᠢᠯ ᠢ ᠦᠨᠡᠨᠬᠦ ᠪᠤᠳᠠᠳᠠᠢ ᠬᠢᠬᠦ ᠭᠡᠷᠡᠭᠳᠡᠢ ᠭᠡᠪᠡ᠃
   ᠸᠠᠩ ᠬᠤᠸ᠋ᠨ ᠠᠴᠠ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ  ᠳᠤ ᠤᠷᠤᠰᠢᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠷᠠᠯ ᠳᠤ ᠤᠷᠤᠯᠴᠠᠭᠰᠠᠳ ᠲᠤᠰ ᠠᠵᠢᠯ ᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠶᠠᠳᠠᠭᠤ ᠶᠢ ᠲᠡᠳᠬᠦᠬᠦ ᠡᠳᠡᠭᠡᠳ ᠢ ᠤᠨᠤᠪᠴᠢᠳᠠᠢ ᠢᠯᠭᠠᠨ ᠲᠤᠳᠤᠯᠠᠬᠤ ᠲᠠᠯ᠎ᠠ ᠪᠠᠷ ᠬᠦᠴᠦ ᠲᠠᠯᠪᠢᠵᠦ᠂ ᠤᠨᠢᠨ ᠲᠡᠭᠡᠷ᠎ᠠ ᠠᠷᠭ᠎ᠠ ᠪᠤᠳᠤᠯᠭ᠎ᠠ ᠭᠡᠷᠡᠭᠵᠢᠭᠦᠯᠬᠦ ᠲᠠᠯ᠎ᠠ ᠪᠠᠷ ᠰᠠᠶᠢᠳᠦᠷ ᠪᠤᠯᠭᠠᠨ ᠲᠤᠩᠭᠠᠬᠤ ᠭᠡᠷᠡᠭᠳᠡᠢ ᠭᠡᠪᠡ᠃ ᠲᠠᠷᠠᠭᠠᠴᠢ ᠶᠢᠨ ᠠᠯᠬᠤᠮ ᠳᠤ᠂ ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠲᠤᠮᠢᠯᠠᠨ ᠰᠠᠭᠤᠯᠭᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠦᠩᠭᠡᠢ ᠲᠤᠭᠤᠶᠢᠯᠠᠩ ︽ᠨᠢᠭᠡᠳᠦᠭᠡᠷ ᠱᠦᠵᠢ︾᠂ ᠭᠠᠴᠠᠭ᠎ᠠ ᠳᠤ ᠰᠠᠭᠤᠭ᠎ᠠ ᠺᠠᠳ᠋ᠷᠴᠤᠤᠨ ᠪᠠ ᠬᠠᠪᠰᠤᠷᠤᠨ ᠲᠡᠳᠬᠦᠬᠦ ᠺᠠᠳ᠋ᠷᠴᠤᠤᠨ ᠤᠨ ᠠᠵᠢᠯ ᠦᠷᠨᠢᠭᠦᠯᠦᠭᠰᠡᠨ ᠪᠠᠶᠢᠳᠠᠯ ᠢ ᠲᠠᠯᠳᠠᠭᠤᠷ ᠰᠤᠷᠪᠤᠯᠵᠢᠯᠠᠵᠦ᠂ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠰᠢᠢᠳᠪᠦᠷᠢᠯᠡᠬᠦ ᠪᠤᠯᠤᠨ᠎ᠠ᠃
   ᠲᠠᠷᠠᠭ᠎ᠠ ᠠᠯᠬᠤᠮ ᠤᠨ ᠠᠵᠢᠯ ᠳᠤ ᠴᠢᠭᠯᠡᠭᠦᠯᠦᠨ᠂ ᠨᠠ ᠰᠢᠶᠤᠤ ᠭᠤᠸᠠᠩ ᠠᠴᠠ ᠨᠢᠭᠡ ᠳᠤ ᠤᠯᠤᠰ ᠲᠦᠷᠦ  ᠶᠢᠨ ᠵᠤᠭᠰᠤᠴᠠ ᠪᠠᠨ ᠦᠨᠡᠨᠬᠦ ᠲᠡᠭᠡᠭᠰᠢᠯᠡᠭᠦᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ  ᠪᠠᠨ ᠬᠦᠢᠴᠡᠳᠭᠡᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠨᠠᠵᠠᠭᠠᠢ ᠨᠦᠯᠦᠭᠡ ᠦᠵᠡᠭᠦᠯᠵᠦ ᠪᠠᠶᠢᠭ᠎ᠠ ᠪᠠᠶᠢᠭᠤᠯᠤᠯᠭ᠎ᠠ ᠨᠢᠭᠡᠴᠠ ᠪᠠ ᠬᠤᠪᠢ ᠬᠦᠮᠦᠨ ᠠᠴᠠ ᠬᠠᠷᠢᠭᠤᠴᠠᠯᠭ᠎ᠠ ᠨᠡᠭᠡᠮᠵᠢᠯᠡᠵᠦ ᠬᠠᠷᠢᠭᠤᠴᠠᠯᠭ᠎ᠠ ᠲᠤᠯᠭᠠᠬᠤ ᠪᠤᠯᠤᠨ᠎ᠠ︔ ᠬᠤᠶᠠᠷ ᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠤᠪᠤᠶᠢᠮ᠎ᠠ ᠰᠠᠶᠢᠳᠦᠷ ᠠᠳᠬᠤᠵᠦ᠂ ᠠᠰᠠᠭᠤᠳᠠᠯ ᠳᠤ ᠴᠢᠭᠯᠡᠭᠦᠯᠦᠨ ᠱᠠᠭᠠᠷᠳᠠᠨ ᠪᠠᠶᠢᠴᠠᠭᠠᠯᠳᠠ ᠬᠢᠵᠦ᠂ ᠠᠵᠢᠯ ᠤᠨ ᠪᠠᠷᠢᠮᠵᠢᠶ᠎ᠠ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠵᠦ᠂ ᠠᠷᠭ᠎ᠠ ᠠᠪᠴᠠᠯ ᠢ ᠡᠷᠭᠡᠪᠰᠢ ᠪᠤᠳᠠᠳᠠᠢ ᠳᠤ ᠨᠠᠶᠢᠳᠠᠪᠦᠷᠢᠵᠢᠭᠤᠯᠵᠦ᠂ ᠦᠷ᠎ᠠ ᠠᠰᠢᠭ ᠤᠯᠬᠤ ᠭᠡᠷᠡᠭᠳᠡᠢ︔ ᠭᠤᠷᠪᠠ ᠳᠤ ᠺᠠᠳ᠋ᠷᠴᠤᠤᠨ ᠢ ᠴᠢᠩᠭ᠎ᠠ ᠪᠤᠳᠠᠳᠠᠢ ᠬᠠᠮᠢᠶᠠᠷᠴᠤ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠵᠤᠬᠢᠶᠠᠨ ᠪᠠᠶᠢᠭᠤᠯᠬᠤ ᠭᠡᠯᠳᠡᠰ ᠵᠠᠷᠭᠡ ᠰᠠᠯᠠᠭ᠎ᠠ ᠮᠦᠴᠢᠷ ᠤᠳ ᠱᠠᠭᠠᠷᠳᠠᠨ ᠪᠠᠶᠢᠴᠠᠭᠠᠬᠤ ᠬᠦᠴᠦᠯᠡᠴᠨ ᠪᠠᠨ ᠴᠢᠩᠭᠠᠷᠠᠭᠤᠯᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠰᠠᠳᠬᠢᠯ ᠬᠠᠨᠤᠮᠵᠢ ᠶᠢᠨ ᠪᠠᠶᠢᠳᠠᠯ ᠢᠶᠠᠷ ᠺᠠᠳ᠋ᠷᠴᠤᠤᠨ ᠤᠨ ᠠᠵᠢᠯ ᠢ ᠰᠢᠯᠭᠠᠨ ᠪᠠᠶᠢᠴᠠᠭᠠᠬᠤ ᠴᠢᠬᠤᠯᠨ ᠪᠠᠷᠢᠮᠵᠢᠶ᠎ᠠ ᠪᠤᠯᠭᠠᠬᠤ ᠭᠡᠷᠡᠭᠳᠡᠢ︔ ᠲᠦᠷᠪᠡ ᠳᠤ ᠬᠦᠳᠡᠯᠦᠩᠬᠦᠢ ᠬᠠᠮᠢᠶᠠᠷᠤᠯᠳᠠ ᠬᠢᠬᠦ ᠶᠢ ᠴᠢᠩᠭᠠᠳᠬᠠᠵᠦ᠂ ᠦᠨᠳᠦᠰᠦᠨ ᠠᠵᠢᠯ ᠢ ᠰᠠᠶᠢᠳᠦᠷ ᠬᠢᠵᠦ᠂ ᠲᠤᠭ᠎ᠠ ᠪᠠᠷᠢᠮᠳᠠ ᠲᠤᠳᠤᠷᠬᠠᠢ ᠪᠠᠶᠢᠬᠤ ᠶᠢ ᠪᠠᠶᠠᠯᠡᠭᠦᠯᠵᠦ᠂ ᠶᠠᠳᠠᠭᠤ ᠶᠢ ᠲᠡᠳᠬᠦᠬᠦ ᠠᠯᠪᠠᠨ ᠭᠡᠷ ᠪᠠ ᠡᠯ᠎ᠠ ᠰᠤᠮᠤ ᠰᠢᠶᠠᠩ ᠪᠠᠯᠭᠠᠰᠤ ᠨᠠᠶᠢᠳᠠᠪᠦᠷᠢᠵᠢᠭᠤᠯᠤᠯᠳᠠ ᠶᠢ ᠰᠠᠶᠢᠳᠦᠷ ᠠᠳᠬᠤᠬᠤ ᠭᠡᠷᠡᠭᠳᠡᠢ︔ ᠲᠠᠪᠤ ᠤᠨᠢᠨ ᠲᠡᠭᠡᠷ᠎ᠠ ᠨᠢ ᠠᠷᠭ᠎ᠠ ᠠᠪᠴᠠᠯ ᠭᠡᠷᠡᠭᠯᠡᠵᠦ᠂ ︽ᠨᠢᠭᠡᠳᠦᠭᠡᠷ ᠱᠦᠵᠢ︾ ᠠᠴᠠ ᠭᠠᠴᠠᠭᠠᠨ ᠤ ᠪᠠᠨ ᠶᠠᠳᠠᠭᠤ ᠬᠦᠴᠢᠷᠳᠠᠯᠳᠠᠢ ᠡᠷᠦᠭᠡ ᠶᠢᠨ ᠶᠠᠳᠠᠭᠤᠷᠠᠭᠰᠠᠨ ᠰᠢᠯᠳᠠᠭᠠᠨ᠂ ᠶᠠᠳᠠᠭᠤ ᠠᠴᠠ ᠠᠩᠬᠢᠵᠢᠷᠠᠭᠤᠯᠬᠤ ᠠᠷᠭ᠎ᠠ ᠠᠪᠴᠠᠯ ᠤᠨ ᠲᠠᠯ᠎ᠠ ᠪᠠᠷ ᠴᠢᠩᠭ᠎ᠠ ᠬᠢᠨᠠᠨ ᠬᠠᠷᠭᠤᠭᠤᠯᠵᠦ᠂ ᠬᠤᠷᠠᠯ  ᠲᠡᠭᠡᠷ᠎ᠠ ᠵᠠᠳᠠᠯᠤᠨ ᠰᠤᠳᠤᠯᠵᠦ᠂ ᠠᠷᠭ᠎ᠠ ᠠᠪᠴᠠᠯ ᠢ ᠲᠠᠪᠬᠤᠷᠳᠠᠭᠤᠯᠤᠨ ᠭᠡᠷᠡᠭᠵᠢᠭᠦᠯᠬᠦ ᠶᠢ ᠨᠢᠭᠡᠳᠦᠯᠳᠠᠢ ᠲᠦᠯᠦᠪᠯᠡᠨ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠴᠢᠨᠠᠷ ᠴᠢᠨᠰᠠᠭ᠎ᠠ ᠲᠠᠢ ᠪᠠᠶᠠᠯᠡᠭᠦᠯᠬᠦ ᠭᠡᠷᠡᠭᠳᠡᠢ︔ ᠵᠢᠷᠭᠤᠭ᠎ᠠ ᠭᠤᠤᠯᠳᠠᠯᠭ᠎ᠠ ᠲᠠᠢ᠂ ᠪᠡᠷᠭᠡᠳᠠᠢ ᠠᠰᠠᠭᠤᠳᠠᠯ ᠢ ᠰᠠᠶᠢᠳᠦᠷ ᠠᠳᠬᠤᠵᠦ᠂ ᠦᠵᠡᠯ ᠰᠠᠨᠠᠭ᠎ᠠ  ᠠᠴᠠ ᠨᠢ ᠬᠦᠳᠦᠯᠦᠨ ᠲᠠᠭᠠᠭᠤᠯᠬᠤ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠠᠨᠳᠤ ᠪᠠᠷ ᠶᠠᠳᠠᠭᠤ  ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠤᠨᠳᠤᠤ ᠭᠠᠵᠠᠷ ᠨᠡᠬᠦᠯᠭᠡᠨ ᠶᠠᠳᠠᠭᠤ ᠠᠴᠠ ᠠᠩᠬᠢᠵᠢᠷᠠᠭᠤᠯᠬᠤ᠂ ᠨᠠᠶᠢᠭᠡᠮ ᠤᠨ ᠪᠠᠳᠤᠯᠠᠭ᠎ᠠ ᠪᠠᠷ ᠦᠨᠳᠦᠰᠦᠨ ᠢ ᠪᠠᠳᠤᠯᠠᠬᠤ ᠵᠠᠷᠭᠡ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠠᠷᠭ᠎ᠠ ᠠᠪᠴᠠᠯ ᠢ ᠪᠤᠳᠠᠳᠠᠢ ᠳᠤ ᠨᠠᠶᠢᠳᠠᠪᠦᠷᠢᠵᠢᠭᠤᠯᠵᠦ᠂ ᠪᠤᠳᠠᠳᠤ ᠦᠷ᠎ᠠ ᠪᠦᠳᠦᠮᠵᠢ ᠤᠯᠬᠤ ᠭᠡᠷᠡᠭᠳᠡᠢ︔ ᠲᠤᠯᠤᠭ᠎ᠠ ᠰᠤᠷᠳᠠᠯ ᠤᠨ ᠪᠠᠶᠢᠭᠤᠯᠤᠯᠳᠠ ᠶᠢ ᠪᠤᠳᠠᠳᠠᠢ ᠠᠳᠬᠤᠵᠦ᠂ ᠺᠠᠳ᠋ᠷᠴᠤᠤᠨ ᠢ ᠪᠤᠯᠪᠠᠰᠤᠷᠠᠭᠤᠯᠬᠤ᠂ ᠬᠢᠨᠠᠯᠳᠠ ᠲᠠᠯᠪᠢᠬᠤ᠂ ᠬᠢᠨᠠᠨ ᠰᠢᠯᠭᠠᠬᠤ ᠬᠦᠴᠦᠯᠡᠴᠠ ᠪᠠᠨ ᠴᠢᠩᠭᠠᠳᠬᠠᠵᠦ᠂ ᠱᠠᠭᠠᠷᠳᠠᠨ ᠪᠠᠶᠢᠴᠠᠭᠠᠬᠤ ᠲᠡᠭᠡᠭᠰᠢ ᠮᠡᠳᠡᠭᠡᠯᠡᠬᠦ ᠠᠵᠢᠯ ᠢ ᠰᠠᠶᠢᠳᠦᠷ ᠬᠢᠬᠦ ᠭᠡᠷᠡᠭᠳᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号