ᠬᠤᠰᠢᠭᠤᠨ ᠤ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠲᠤᠪᠴᠢᠶ᠎ᠠ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ  ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/22
   6 ᠰᠠᠷ᠎ᠠ ᠶᠢᠨ 15 ᠤ ᠡᠳᠦᠷ᠂ ᠬᠤᠰᠢᠭᠤᠨ ᠤ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠲᠤᠪᠴᠢᠶ᠎ᠠ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠵᠦ᠂ ᠲᠠᠷᠠᠭᠠᠴᠢ ᠶᠢᠨ ᠠᠯᠬᠤᠮ ᠳᠤ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠤᠨ ᠲᠤᠬᠠᠢ ᠰᠤᠳᠤᠯᠤᠨ ᠶᠠᠷᠢᠯᠴᠠᠵᠦ ᠲᠤᠬᠢᠷᠠᠭᠤᠯᠤᠯᠳᠠ ᠬᠢᠪᠡ᠃
   ᠬᠤᠷᠠᠯ ᠠᠴᠠ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠰᠢᠰᠲ᠋ᠧᠮ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ   ᠳᠠᠬᠢ ᠴᠢᠬᠤᠯᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠬᠤ ᠳᠠᠭᠠᠨ ᠵᠢᠭᠠᠵᠦ ᠭᠠᠷᠭᠠᠭᠰᠠᠨ ᠨᠢ᠂ ᠠᠵᠢᠯ ᠢᠶᠠᠨ ᠵᠦᠢ ᠵᠤᠬᠢᠰᠳᠠᠢ ᠬᠤᠪᠢᠶᠠᠷᠢᠯᠠᠵᠦ᠂ ᠶᠠᠳᠠᠭᠤ ᠬᠦᠷᠴᠢᠳᠠᠯ ᠲᠠᠢ ᠭᠠᠴᠠᠭ᠎ᠠ ᠳᠤ ᠴᠠᠭ ᠲᠤᠬᠠᠢ ᠳᠤᠨᠢ ᠬᠠᠪᠰᠤᠷᠤᠨ ᠲᠡᠳᠬᠦᠬᠦ ᠺᠠᠳ᠋ᠷ ᠲᠠᠢ ᠪᠠᠶᠢᠬᠤ ᠶᠢ ᠪᠠᠳᠤᠯᠠᠬᠤ ᠭᠡᠷᠡᠭᠳᠡᠢ︔ ᠺᠠᠳ᠋ᠷ ᠠᠵᠢᠯᠳᠠᠳ ᠤᠨ ᠬᠤᠭᠤᠷᠤᠨᠳᠤ ᠪᠠᠨ ᠴᠠᠭ ᠲᠤᠬᠠᠢ ᠳᠤᠨᠢ ᠬᠠᠷᠢᠯᠴᠠᠨ ᠨᠠᠪᠳᠠᠷᠠᠯᠴᠠᠵᠦ᠂ ᠰᠠᠨᠠᠯ ᠢᠶᠠᠨ ᠰᠤᠯᠢᠯᠴᠠᠵᠦ᠂ ᠶᠠᠳᠠᠭᠤ ᠶᠢ ᠲᠡᠳᠬᠦᠬᠦ ᠠᠵᠢᠯ ᠨᠢᠭᠡᠪᠦᠷᠢ ᠶᠢ ᠦᠨᠡᠨᠬᠦ ᠰᠠᠶᠢᠳᠦᠷ ᠬᠢᠬᠦ ᠭᠡᠷᠡᠭᠳᠡᠢ︔ ᠶᠠᠳᠠᠭᠤ ᠶᠢ ᠲᠡᠳᠬᠦᠬᠦ ᠠᠵᠢᠯ ᠢ ᠤᠨᠤᠪᠴᠢᠳᠠᠢ ᠪᠤᠳᠠᠳᠠᠢ ᠠᠳᠬᠤᠵᠦ᠂ ᠵᠢᠯ ᠤᠨ ᠡᠬᠢᠨ ᠳᠤ ᠲᠦᠯᠦᠪᠯᠡᠭᠡ ᠬᠢᠬᠦ᠂ ᠵᠢᠯ ᠤᠨ ᠲᠤᠮᠳᠠ ᠰᠢᠮᠳᠠᠭᠤᠯᠤᠨ ᠪᠠᠶᠢᠴᠠᠭᠠᠯᠳᠠ ᠬᠢᠬᠦ᠂ ᠵᠢᠯ ᠤᠨ ᠡᠴᠤᠰ ᠲᠤ ᠪᠠᠶᠢᠴᠠᠭᠠᠬᠤ   ᠶᠢ ᠪᠠᠶᠠᠯᠡᠭᠦᠯᠬᠦ ᠭᠡᠷᠡᠭᠳᠡᠢ︔ ᠬᠠᠪᠰᠤᠷᠤᠨ ᠲᠡᠳᠬᠦᠬᠦ ᠺᠠᠳ᠋ᠷᠴᠤᠤᠨ ᠦᠪᠠᠷ ᠢ ᠪᠠᠨ ᠴᠢᠩᠭ᠎ᠠ ᠱᠠᠭᠠᠷᠳᠠᠵᠦ᠂ ᠡᠯ᠎ᠠ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ︽ᠦᠩᠭᠡᠷᠡᠯᠳᠠ ᠲᠠᠳᠦᠢ ᠪᠠᠷ ᠦᠵᠡᠬᠦ︾᠂  ︽ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠬᠢᠵᠢᠷᠠᠭᠤᠯᠬᠤ︾ ᠶᠢ ᠡᠷᠡᠰ ᠲᠠᠪᠴᠢᠬᠦ ᠭᠡᠷᠡᠭᠳᠡᠢ᠃    ᠬᠤᠷᠠᠯ ᠠᠴᠠ ᠪᠠᠰᠠ ᠰᠢᠨ᠎ᠠ ᠪᠠᠷ ᠤᠨ ︽ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠲᠤᠳᠤᠷᠬᠠᠢ ᠺᠠᠷᠲ︾ ᠶᠢ ᠲᠠᠭᠯᠠᠨ ᠪᠢᠴᠢᠬᠦ ᠶᠢ ᠵᠢᠷᠦᠮᠵᠢᠯ ᠵᠢᠴᠢ ᠱᠠᠭᠠᠷᠳᠠᠯᠭ᠎ᠠ ᠶᠢᠨ ᠲᠤᠬᠠᠢ ᠲᠤᠰᠬᠠᠢ ᠪᠤᠯᠪᠠᠰᠤᠷᠠᠯ ᠬᠦᠷᠳᠡᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号